ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠨᠤᠷᠠᠬᠤ ᠠᠶᠤᠯᠲᠠᠢ ᠭᠡᠷ ᠪᠠᠢ᠌ᠰᠢᠩ᠎ᠢ ᠰᠢᠨᠡᠳᠬᠡᠨ ᠵᠠᠰᠠᠬᠤ ᠨᠥᠬᠥᠪᠦᠷᠢ ᠮᠥᠩᠭᠥ ᠵᠢᠨ ᠬᠠᠮᠢᠶᠠᠷᠤᠯᠲᠠ ᠵᠢᠨ ᠠᠷᠭ᠎ᠠ》 (ᠳᠣᠷᠣᠭᠰᠢ 《ᠠᠷᠭ᠎ᠠ》 ᠭᠡᠵᠦ ᠲᠣᠪᠴᠢᠯᠠᠨ᠎ᠠ) ᠵᠢ ᠲᠣᠭᠲᠠᠭ᠋ᠠᠪᠠ᠃ ᠡᠳᠦᠭᠡ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠲᠤᠬᠠᠢ ᠳᠣᠣᠷᠠᠬᠢ ᠮᠡᠲᠦ ᠲᠠᠢ᠌ᠯᠤᠮᠵᠢ ᠬᠢᠶ᠎ᠠ᠄
ᠨᠢᠭᠡ᠂ ᠨᠡᠢ᠌ᠲᠡᠯᠡᠭᠰᠡᠨ ᠠᠬᠤᠢ ᠪᠠᠢ᠌ᠳᠠᠯ
ᠮᠠᠯᠵᠢᠬᠤ ᠲᠠᠷᠢᠶᠠᠯᠠᠬᠤ ᠣᠷᠣᠨ᠎ᠤ ᠨᠤᠷᠠᠬᠤ ᠠᠶᠤᠯᠲᠠᠢ ᠭᠡᠷ ᠪᠠᠢ᠌ᠰᠢᠩ᠎ᠢ ᠰᠢᠨᠡᠳᠬᠡᠨ ᠵᠠᠰᠠᠬᠤ ᠠᠵᠢᠯ ᠪᠣᠯ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠢ᠌ᠭ᠎ᠠ ᠲᠦᠭ ᠲᠦᠮᠡᠨ ᠠᠢ᠌ᠯ ᠡᠷᠦᠬᠡ᠎ᠳᠤ ᠠᠰᠢᠭ ᠬᠦᠷᠲᠡᠭᠡᠬᠦ ᠨᠢᠭᠡ ᠵᠦᠢ᠍ᠯ᠎ᠤᠨ ᠴᠢᠬᠤᠯᠠ ᠶᠡᠬᠡ ᠠᠷᠠᠳ᠎ᠤᠨ ᠠᠮᠢᠳᠤᠷᠠᠯ᠎ᠤᠨ ᠢᠨᠵᠧᠨᠧᠷᠢᠩ ᠪᠤᠯᠤᠨ᠎ᠠ᠂ ᠬᠣᠲᠠ ᠬᠥᠳᠡᠭᠡ ᠵᠢᠨ ᠬᠥᠭᠵᠢᠯᠲᠡ ᠵᠢ ᠨᠢᠭᠡᠳᠦᠯᠲᠡᠢ ᠲᠥᠯᠥᠪᠯᠡᠬᠦ᠂ ᠮᠠᠯᠵᠢᠬᠤ ᠲᠠᠷᠢᠶᠠᠯᠠᠬᠤ ᠣᠷᠣᠨ᠎ᠤ ᠣᠷᠣᠯᠭ᠎ᠠ ᠪᠠᠭ᠋ᠠᠲᠠᠢ ᠬᠥᠮᠥᠰ᠎ᠤᠨ ᠠᠮᠢᠳᠤᠷᠠᠯ᠎ᠤᠨ ᠨᠥᠬᠥᠴᠡᠯ᠎ᠢ ᠰᠠᠢ᠌ᠵᠢᠷᠠᠭᠤᠯᠬᠤ᠂ ᠮᠠᠯᠵᠢᠬᠤ ᠲᠠᠷᠢᠶᠠᠯᠠᠬᠤ ᠣᠷᠣᠨ᠎ᠤ ᠣᠷᠣᠨ ᠰᠠᠭᠤᠴᠠ ᠵᠢᠨ ᠠᠮᠤᠷ ᠲᠦᠪᠰᠢᠨ᠎ᠤ ᠪᠠᠲᠤᠯᠠᠭ᠎ᠠ ᠵᠢᠨ ᠳᠦᠷᠢᠮ᠎ᠤᠨ ᠪᠠᠢ᠌ᠭᠤᠯᠤᠯᠲᠠ ᠵᠢ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠮᠠᠯᠵᠢᠬᠤ ᠲᠠᠷᠢᠶᠠᠯᠠᠬᠤ ᠣᠷᠣᠨ᠎ᠤ ᠨᠤᠷᠠᠬᠤ ᠠᠶᠤᠯᠲᠠᠢ ᠭᠡᠷ ᠪᠠᠢ᠌ᠰᠢᠩ᠎ᠢ ᠰᠢᠨᠡᠳᠬᠡᠨ ᠵᠠᠰᠠᠬᠤ ᠨᠥᠬᠥᠪᠦᠷᠢ ᠮᠥᠩᠭᠥ ᠵᠢᠨ ᠬᠠᠮᠢᠶᠠᠷᠤᠯᠲᠠ ᠵᠢ ᠵᠢᠷᠤᠮᠵᠢᠭᠤᠯᠤᠨ ᠴᠢᠩᠭ᠋ᠠᠳᠬᠠᠵᠤ᠂ ᠪᠡᠯᠡ ᠮᠥᠩᠭᠥ ᠵᠢᠨ ᠬᠡᠷᠡᠭᠯᠡᠭᠡᠨ᠎ᠤ ᠦᠷ᠎ᠡ ᠠᠰᠢᠭ᠎ᠢ ᠳᠡᠭᠡᠭᠰᠢᠯᠡᠭᠦᠯᠵᠦ᠂ ᠮᠠᠨ᠎ᠤ ᠣᠷᠣᠨ᠎ᠤ ᠲᠠᠷᠢᠶᠠᠯᠠᠬᠤ ᠮᠠᠯᠵᠢᠬᠤ ᠣᠷᠣᠨ᠎ᠤ ᠨᠤᠷᠠᠬᠤ ᠠᠶᠤᠯᠲᠠᠢ ᠭᠡᠷ ᠪᠠᠢ᠌ᠰᠢᠩ᠎ᠢ ᠰᠢᠨᠡᠳᠬᠡᠨ ᠵᠠᠰᠠᠬᠤ ᠡᠯ᠎ᠡ ᠵᠦᠢ᠍ᠯ᠎ᠤᠨ ᠠᠵᠢᠯ᠎ᠢ ᠪᠥᠬᠥ ᠲᠠᠯ᠎ᠠ᠎ᠪᠠᠷ ᠰᠠᠢ᠌ᠲᠤᠷ ᠬᠢᠵᠦ᠂ ᠮᠠᠨ᠎ᠤ ᠣᠷᠣᠨ᠎ᠤ ᠲᠠᠷᠢᠶᠠᠯᠠᠬᠤ ᠮᠠᠯᠵᠢᠬᠤ ᠣᠷᠣᠨ᠎ᠤ ᠣᠷᠣᠯᠭ᠎ᠠ ᠪᠠᠭ᠋ᠠᠲᠠᠢ ᠬᠠᠮᠲᠤᠯᠢᠭ ᠵᠡᠷᠭᠡ ᠭᠣᠣᠯᠳᠠᠯᠭ᠎ᠠ᠎ᠲᠠᠢ ᠡᠲᠡᠭᠡᠳ᠎ᠤᠨ ᠦᠨᠳᠦᠰᠦᠨ ᠣᠷᠣᠨ ᠰᠠᠭᠤᠴᠠ ᠵᠢᠨ ᠠᠮᠤᠷ ᠲᠦᠪᠰᠢᠨ᠎ᠢ ᠦᠨᠡᠨᠬᠦ ᠪᠠᠳᠤᠯᠠᠬᠤ ᠵᠢᠨ ᠲᠦᠯᠦᠭᠡ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠨᠢ ᠡᠳ᠋᠎ᠤᠨ ᠵᠠᠰᠠᠭ᠎ᠤᠨ ᠲᠢᠩᠬᠢᠮ᠎ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠬᠤ ᠮᠠᠯᠵᠢᠬᠤ ᠣᠷᠣᠨ᠎ᠤ ᠨᠤᠷᠠᠬᠤ ᠠᠶᠤᠯᠲᠠᠢ ᠭᠡᠷ ᠪᠠᠢ᠌ᠰᠢᠩ᠎ᠢ ᠰᠢᠨᠡᠳᠬᠡᠨ ᠵᠠᠰᠠᠬᠤ ᠠᠵᠢᠯ᠎ᠤᠨ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠬᠤ ᠮᠠᠯᠵᠢᠬᠤ ᠣᠷᠣᠨ᠎ᠤ ᠨᠤᠷᠠᠬᠤ ᠠᠶᠤᠯᠲᠠᠢ ᠭᠡᠷ ᠪᠠᠢ᠌ᠰᠢᠩ᠎ᠢ ᠰᠢᠨᠡᠳᠬᠡᠨ ᠵᠠᠰᠠᠬᠤ ᠨᠥᠬᠥᠪᠦᠷᠢ ᠮᠦᠩᠭᠦ ᠵᠢᠨ ᠬᠠᠮᠢᠶᠠᠷᠤᠯᠲᠠ ᠵᠢᠨ ᠠᠷᠭ᠎ᠠ ᠵᠢ ᠲᠤᠭᠳᠠᠭ᠋ᠠᠪᠠ᠃
ᠬᠣᠶᠠᠷ᠂ ᠬᠠᠮᠢᠶ᠎ᠠ ᠪᠦᠬᠦᠢ ᠲᠣᠳᠣᠷᠬᠠᠢ᠌ᠯᠠᠯᠲᠠ
《ᠠᠷᠭ᠎ᠠ》᠎ᠨᠢ ᠨᠡᠶ᠋ᠢᠲᠡ 27 ᠵᠦᠢ᠍ᠯ᠎ᠲᠠᠢ᠂ ᠲᠤᠰ ᠠᠷᠭ᠎ᠠ᠎ᠨᠢ 2025 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠪᠤᠯᠳᠠᠯ᠎ᠠ ᠬᠦᠴᠦᠨ᠎ᠲᠠᠢ᠃ ᠬᠤᠭᠤᠴᠠᠭ᠎ᠠ᠎ᠨᠢ ᠲᠦᠭᠦᠷᠡᠪᠡᠯ ᠬᠣᠯᠪᠣᠭᠳᠠᠯ ᠪᠦᠬᠦᠢ ᠲᠣᠭᠲᠠᠭ᠋ᠠᠯ ᠪᠠ ᠠᠵᠢᠯ᠎ᠤᠨ ᠬᠡᠷᠡᠭᠴᠡᠭᠡ ᠵᠢ ᠦᠨᠳᠦᠰᠦᠯᠡᠨ᠂ ᠨᠥᠬᠥᠪᠦᠷᠢ ᠥᠭᠬᠦ ᠲᠦᠷᠦ ᠵᠢᠨ ᠪᠣᠳᠣᠯᠭ᠎ᠠ ᠵᠢ ᠦᠷᠭᠦᠯᠵᠢᠯᠡᠭᠦᠯᠬᠦ ᠡᠰᠡᠬᠦ ᠵᠢᠴᠢ ᠦᠷᠭᠦᠯᠵᠢᠯᠡᠭᠦᠯᠬᠦ ᠬᠤᠭᠤᠴᠠᠭ᠎ᠠ ᠵᠢ ᠲᠣᠭᠲᠠᠭ᠋ᠠᠨ᠎ᠠ᠃
ᠬᠡᠷᠡᠭᠵᠢᠭᠦᠯᠦᠭᠰᠡᠨ ᠡᠳᠦᠷ᠎ᠠᠴᠠ ᠡᠬᠢᠯᠡᠨ᠂ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠨᠤᠷᠠᠬᠤ ᠠᠶᠤᠯᠲᠠᠢ ᠭᠡᠷ ᠪᠠᠢ᠌ᠰᠢᠩ᠎ᠢ ᠰᠢᠨᠡᠳᠬᠡᠨ ᠵᠠᠰᠠᠬᠤ ᠨᠥᠬᠥᠪᠦᠷᠢ ᠮᠥᠩᠭᠥ ᠵᠢᠨ ᠬᠠᠮᠢᠶᠠᠷᠤᠯᠲᠠ ᠵᠢᠨ ᠠᠷᠭ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠮᠡᠳᠡᠭᠳᠡᠯ》 (ᠥᠪᠥᠷ ᠡᠳ᠋ ᠪᠠᠢ᠌ᠭᠤᠯᠤᠯᠲᠠ [2024] 340 ᠳ᠋ᠤᠭᠡᠷ ᠲᠣᠭ᠋ᠠᠲᠤ)᠎ᠢ ᠬᠠᠮᠲᠤᠳᠤᠨᠢ ᠬᠦᠴᠦᠨ ᠦᠭᠡᠢ ᠪᠣᠯᠭ᠋ᠠᠨ᠎ᠠ᠃
ᠭᠤᠷᠪᠠ᠂ ᠮᠠᠯᠵᠢᠬᠤ ᠲᠠᠷᠢᠶᠠᠯᠠᠬᠤ ᠣᠷᠣᠨ᠎ᠤ ᠣᠷᠣᠯᠭ᠎ᠠ ᠪᠠᠭ᠋ᠠᠲᠠᠢ ᠬᠠᠮᠲᠤᠯᠢᠭ ᠵᠡᠷᠭᠡ ᠭᠣᠣᠯᠳᠠᠯᠭ᠎ᠠ᠎ᠲᠠᠢ ᠡᠲᠡᠭᠡᠳ ᠭᠡᠵᠦ ᠶᠠᠭᠤ ᠪᠣᠶ?
ᠮᠠᠯᠵᠢᠬᠤ ᠲᠠᠷᠢᠶᠠᠯᠠᠬᠤ ᠣᠷᠣᠨ᠎ᠤ ᠣᠷᠣᠯᠭ᠎ᠠ ᠪᠠᠭ᠋ᠠᠲᠠᠢ ᠬᠠᠮᠲᠤᠯᠢᠭ ᠵᠡᠷᠭᠡ ᠭᠣᠣᠯᠳᠠᠯᠭ᠎ᠠ᠎ᠲᠠᠢ ᠡᠲᠡᠭᠡᠳ᠎ᠲᠤ᠄ ᠮᠠᠯᠵᠢᠬᠤ ᠲᠠᠷᠢᠶᠠᠯᠠᠬᠤ ᠣᠷᠣᠨ᠎ᠤ ᠠᠮᠠᠷᠬᠠᠨ ᠳᠠᠬᠢᠨ ᠶᠠᠳᠠᠭᠤᠷᠠᠬᠤ ᠪᠠ ᠶᠠᠳᠠᠭᠤᠷᠠᠭᠰᠠᠨ ᠡᠷᠦᠬᠡ᠂ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠋ᠠᠲᠤ ᠡᠷᠦᠬᠡ᠂ ᠮᠠᠯᠵᠢᠬᠤ ᠲᠠᠷᠢᠶᠠᠯᠠᠬᠤ ᠣᠷᠣᠨ᠎ᠤ ᠲᠠᠷᠠᠬᠠᠢ ᠪᠤᠲᠠᠷᠬᠠᠢ ᠠᠰᠠᠷᠠᠨ ᠲᠡᠵᠢᠭᠡᠵᠦ ᠪᠠᠢ᠌ᠭ᠎ᠠ ᠣᠨᠴᠠ ᠬᠦᠴᠢᠷᠳᠡᠯᠲᠡᠢ ᠬᠥᠮᠥᠰ᠂ ᠡᠪᠡᠳᠴᠢᠨ᠎ᠤ ᠰᠢᠯᠲᠠᠭ᠋ᠠᠨ ᠭᠠᠮᠰᠢᠭ᠎ᠠᠴᠠ ᠪᠣᠯᠵᠤ ᠰᠠᠨᠠᠭ᠋ᠠᠨ᠎ᠳᠤ ᠦᠭᠡᠢ ᠡᠨᠳᠡᠯ ᠭᠠᠷᠤᠭᠰᠠᠨ ᠵᠡᠷᠭᠡ ᠵᠠᠢ᠌ᠯᠠᠰᠢ ᠦᠭᠡᠢ ᠵᠠᠷᠤᠯᠭ᠎ᠠ ᠨᠡᠯᠢᠶᠡᠳ ᠶᠡᠬᠡ ᠪᠤᠶᠤ ᠣᠷᠣᠯᠭ᠎ᠠ᠎ᠨᠢ ᠶᠡᠬᠡ ᠬᠡᠮᠵᠢᠶ᠎ᠡ᠎ᠪᠠᠷ ᠪᠠᠭ᠋ᠠᠰᠤᠭᠰᠠᠨ᠎ᠠᠴᠠ ᠪᠣᠯᠵᠤ ᠦᠨᠳᠦᠰᠦᠨ ᠠᠮᠢᠳᠤᠷᠠᠯᠳᠤᠨᠢ ᠬᠦᠨᠳᠦ ᠨᠣᠴᠢᠲᠠᠢ ᠬᠦᠴᠢᠷᠳᠡᠯ᠎ᠲᠠᠢ ᠪᠣᠯᠤᠭᠰᠠᠨ ᠭᠡᠷ ᠪᠦᠯᠢ᠂ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠵᠠᠬ᠎ᠠ ᠬᠢᠵᠠᠭ᠋ᠠᠷ᠎ᠤᠨ ᠭᠡᠷ ᠪᠦᠯᠢ᠂ ᠮᠠᠯᠵᠢᠬᠤ ᠲᠠᠷᠢᠶᠠᠯᠠᠬᠤ ᠣᠷᠣᠨ᠎ᠤ ᠣᠷᠣᠨ ᠰᠠᠭᠤᠴᠠ ᠵᠢᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠭᠥᠷᠳᠡᠵᠦ ᠥᠩᠭᠡᠷᠡᠭᠰᠡᠨ ᠦᠭᠡᠢ ᠮᠥᠷᠲᠡᠭᠡᠨ ᠲᠣᠰ ᠪᠡᠶ᠎ᠡ ᠵᠢᠨ ᠬᠦᠴᠦᠨ᠎ᠳᠡᠭᠡᠨ ᠲᠦᠰᠢᠭᠯᠡᠨ ᠣᠷᠣᠨ ᠰᠠᠭᠤᠴᠠ ᠵᠢᠨ ᠠᠮᠤᠷ ᠲᠦᠪᠰᠢᠨ᠎ᠤ ᠠᠰᠠᠭᠤᠳᠠᠯ᠎ᠢ ᠰᠢᠢ᠍ᠳᠪᠦᠷᠢᠯᠡᠬᠦ ᠵᠢᠨ ᠠᠷᠭ᠎ᠠ ᠦᠭᠡᠢ ᠪᠤᠰᠤᠳ ᠶᠠᠳᠠᠭᠤ᠎ᠠᠴᠠ ᠠᠩᠭᠢᠵᠢᠷᠠᠭᠰᠠᠨ ᠡᠷᠦᠬᠡ ᠪᠠᠭᠳᠠᠭ᠋ᠠᠨ᠎ᠠ᠃
ᠳᠥᠷᠪᠡ᠂ ᠨᠥᠬᠥᠪᠦᠷᠢ ᠮᠥᠩᠭᠥ ᠵᠢ ᠬᠡᠷᠡᠭᠯᠡᠬᠦ ᠴᠢᠭᠯᠡᠯ
ᠨᠥᠬᠥᠪᠦᠷᠢ ᠮᠥᠩᠭᠥ ᠵᠢ ᠮᠠᠯᠵᠢᠬᠤ ᠲᠠᠷᠢᠶᠠᠯᠠᠬᠤ ᠣᠷᠣᠨ᠎ᠤ ᠣᠷᠣᠯᠭ᠎ᠠ ᠪᠠᠭ᠋ᠠᠲᠠᠢ ᠬᠠᠮᠲᠤᠯᠢᠭ ᠵᠡᠷᠭᠡ ᠭᠣᠣᠯᠳᠠᠯᠭ᠎ᠠ᠎ᠲᠠᠢ ᠡᠲᠡᠭᠡᠳ᠎ᠤᠨ ᠮᠠᠯᠵᠢᠬᠤ ᠲᠠᠷᠢᠶᠠᠯᠠᠬᠤ ᠣᠷᠣᠨ᠎ᠤ ᠨᠤᠷᠠᠬᠤ ᠠᠶᠤᠯᠲᠠᠢ ᠭᠡᠷ ᠪᠠᠢ᠌ᠰᠢᠩ᠎ᠢ ᠰᠢᠨᠡᠳᠬᠡᠨ ᠵᠠᠰᠠᠬᠤ᠂ 7 ᠲᠡᠰ ᠵᠢᠴᠢ 7 ᠲᠡᠰ᠎ᠠᠴᠠ ᠳᠡᠭᠡᠭᠰᠢᠬᠢ ᠭᠠᠵᠠᠷ ᠬᠥᠳᠡᠯᠦᠯᠲᠡ ᠵᠢ ᠳᠠᠭ᠋ᠠᠭ᠋ᠠᠬᠤ ᠰᠡᠷᠭᠡᠢ᠌ᠯᠡᠯᠲᠡ ᠵᠢᠨ ᠭᠠᠵᠠᠷ ᠣᠷᠣᠨ᠎ᠤ ᠬᠥᠳᠡᠭᠡ ᠲᠣᠰᠬᠣᠨ᠎ᠤ ᠭᠡᠷ ᠪᠠᠢ᠌ᠰᠢᠩ᠎ᠤᠨ ᠭᠠᠵᠠᠷ ᠬᠥᠳᠡᠯᠦᠯᠲᠡ ᠵᠢ ᠳᠠᠭ᠋ᠠᠭ᠋ᠠᠬᠤ ᠵᠢᠴᠢ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠎ᠳᠤ ᠨᠡᠢ᠌ᠴᠡᠬᠦ ᠪᠤᠰᠤᠳ ᠮᠠᠯᠵᠢᠬᠤ ᠲᠠᠷᠢᠶᠠᠯᠠᠬᠤ ᠣᠷᠣᠨ᠎ᠤ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠣᠷᠣᠨ ᠰᠠᠭᠤᠴᠠ ᠵᠢᠨ ᠠᠮᠤᠷ ᠲᠦᠪᠰᠢᠨ᠎ᠤ ᠪᠠᠲᠤᠯᠠᠭ᠎ᠠ ᠵᠢᠨ ᠵᠠᠷᠤᠯᠭ᠎ᠠ᠎ᠳᠤ ᠬᠡᠷᠡᠭᠯᠡᠨ᠎ᠡ᠃
ᠨᠥᠬᠥᠪᠦᠷᠢ ᠮᠥᠩᠭᠥ ᠵᠢ ᠳᠣᠣᠷᠠᠬᠢ ᠵᠠᠷᠤᠯᠭ᠎ᠠ᠎ᠳᠤ ᠬᠡᠷᠡᠭᠯᠡᠵᠦ ᠪᠣᠯᠬᠤ ᠦᠭᠡᠢ ᠄
ᠲᠠᠩ ᠭᠠᠭᠴᠠ ᠣᠷᠣᠨ ᠰᠠᠭᠤᠴᠠ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ᠂ ᠣᠷᠣᠨ ᠰᠠᠭᠤᠴᠠ ᠵᠢᠨ ᠣᠷᠴᠢᠨ ᠨᠥᠬᠥᠴᠡᠯ᠎ᠢ ᠰᠠᠢ᠌ᠵᠢᠷᠠᠭᠤᠯᠬᠤ ᠲᠠᠯ᠎ᠠ ᠵᠢᠨ ᠵᠠᠷᠤᠯᠭ᠎ᠠ ᠵᠡᠷᠭᠡ ᠵᠢ ᠪᠠᠭᠲᠠᠭ᠋ᠠᠭᠰᠠᠨ ᠦᠨᠳᠦᠰᠦᠨ ᠣᠷᠣᠨ ᠰᠠᠭᠤᠴᠠ ᠵᠢᠨ ᠠᠮᠤᠷ ᠲᠦᠪᠰᠢᠨ᠎ᠢ ᠪᠠᠲᠤᠯᠠᠬᠤ᠎ᠪᠠᠷ ᠵᠣᠷᠢᠯᠭ᠎ᠠ ᠪᠣᠯᠭ᠋ᠠᠭᠰᠠᠨ ᠵᠠᠷᠤᠯᠭ᠎ᠠ ᠵᠢ ᠪᠠᠲᠤᠯᠠᠬᠤ ᠦᠭᠡᠢ; ᠣᠷᠣᠯᠭ᠎ᠠ ᠪᠠᠭ᠋ᠠᠲᠠᠢ ᠬᠠᠮᠲᠤᠯᠢᠭ ᠵᠡᠷᠭᠡ ᠭᠣᠣᠯᠳᠠᠯᠭ᠎ᠠ᠎ᠲᠠᠢ ᠡᠲᠡᠭᠡᠳ᠎ᠠᠴᠠ ᠪᠤᠰᠤᠳ ᠮᠠᠯᠵᠢᠬᠤ ᠲᠠᠷᠢᠶᠠᠯᠠᠬᠤ ᠡᠷᠦᠬᠡ ᠵᠢᠨ ᠣᠷᠣᠨ ᠰᠠᠭᠤᠴᠠ ᠵᠢᠨ ᠠᠮᠤᠷ ᠲᠦᠪᠰᠢᠨ᠎ᠤ ᠪᠠᠲᠤᠯᠠᠭ᠎ᠠ ᠵᠢᠨ ᠵᠠᠷᠤᠯᠭ᠎ᠠ; ᠭᠠᠮᠰᠢᠭ᠎ᠠᠴᠠ ᠪᠣᠯᠵᠤ ᠨᠤᠷᠠᠵᠤ ᠬᠣᠬᠢᠷᠠᠭᠰᠠᠨ ᠲᠠᠷᠢᠶᠠᠴᠢᠨ᠎ᠤ ᠭᠡᠷ ᠪᠠᠢ᠌ᠰᠢᠩ᠎ᠢ ᠰᠡᠷᠭᠦᠭᠡᠨ ᠳᠠᠬᠢᠨ ᠪᠦᠲᠦᠭᠡᠨ ᠪᠠᠶ᠋ᠢᠭᠤᠯᠬᠤ ᠨᠥᠬᠥᠪᠦᠷᠢ ᠵᠢᠨ ᠬᠡᠪᠴᠢᠶᠡᠨ᠎ᠳᠤ ᠨᠢᠭᠡᠨᠲᠡ ᠣᠷᠣᠭᠤᠯᠤᠭᠰᠠᠨ ᠵᠡᠷᠭᠡ ᠨᠢᠭᠡᠨᠲᠡ ᠪᠤᠰᠤᠳ ᠠᠷᠭ᠎ᠠ ᠵᠠᠮ ᠵᠶ᠋ᠠᠷ ᠪᠡᠯᠡ ᠮᠥᠩᠭᠥ᠎ᠪᠠᠷ ᠳᠡᠮᠵᠢᠭᠰᠡᠨ ᠣᠷᠣᠨ ᠰᠠᠭᠤᠴᠠ ᠵᠢᠨ ᠠᠮᠤᠷ ᠲᠦᠪᠰᠢᠨ᠎ᠤ ᠪᠠᠲᠤᠯᠠᠭ᠎ᠠ ᠵᠢᠨ ᠵᠠᠷᠤᠯᠭ᠎ᠠ; ᠮᠠᠯᠵᠢᠬᠤ ᠲᠠᠷᠢᠶᠠᠯᠠᠬᠤ ᠣᠷᠣᠨ᠎ᠤ ᠨᠤᠷᠠᠬᠤ ᠠᠶᠤᠯᠲᠠᠢ ᠭᠡᠷ ᠪᠠᠢ᠌ᠰᠢᠩ᠎ᠢ ᠰᠢᠨᠡᠳᠬᠡᠨ ᠵᠠᠰᠠᠬᠤ ᠬᠠᠮᠢᠶᠠᠷᠤᠯᠲᠠ ᠵᠢᠨ ᠠᠵᠢᠯ᠎ᠤᠨ ᠵᠠᠷᠤᠳᠠᠯ᠂ ᠠᠵᠢᠯᠲᠠᠨ ᠪᠠ ᠪᠠᠢ᠌ᠭᠤᠯᠭ᠎ᠠ ᠵᠢᠨ ᠡᠳᠦᠷ ᠲᠤᠲᠤᠮ᠎ᠤᠨ ᠠᠵᠢᠯᠯᠠᠭ᠋ᠠᠨ᠎ᠤ ᠲᠠᠯ᠎ᠠ ᠵᠢᠨ ᠵᠠᠷᠤᠯᠭ᠎ᠠ᠎ᠳᠤ ᠬᠡᠷᠡᠭᠯᠡᠵᠦ ᠪᠤᠯᠬᠤ ᠦᠭᠡᠢ; ᠲᠣᠭᠲᠠᠭ᠋ᠠᠯ᠎ᠳᠤ ᠦᠯᠦ ᠨᠡᠢ᠌ᠴᠡᠬᠦ ᠪᠤᠰᠤᠳ ᠵᠠᠷᠤᠯᠭ᠎ᠠ᠃
ᠲᠠᠪᠤ᠂ ᠨᠥᠬᠥᠪᠦᠷᠢ ᠮᠥᠩᠭᠥ ᠵᠢ ᠬᠡᠷᠬᠢᠨ ᠰᠢᠯᠵᠢᠭᠦᠯᠦᠨ ᠥᠭᠬᠦ ᠪᠤᠢ?
ᠮᠠᠯᠵᠢᠬᠤ ᠲᠠᠷᠢᠶᠠᠯᠠᠬᠤ ᠣᠷᠣᠨ᠎ᠤ ᠨᠤᠷᠠᠬᠤ ᠠᠶᠤᠯᠲᠠᠢ ᠭᠡᠷ ᠪᠠᠢ᠌ᠰᠢᠩ᠎ᠢ ᠰᠢᠨᠡᠳᠬᠡᠨ ᠵᠠᠰᠠᠬᠤ ᠨᠥᠬᠥᠪᠦᠷᠢ ᠮᠥᠩᠭᠥ ᠵᠢ ᠣᠯᠭᠣᠬᠤ᠎ᠳᠤ᠂ ᠤᠯᠤᠰ᠎ᠠᠴᠠ ᠲᠥᠪᠯᠡᠷᠡᠭᠦᠯᠦᠨ ᠣᠯᠭᠣᠬᠤ ᠳᠦᠷᠢᠮ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠮᠢᠶᠠᠷᠤᠯᠲᠠ ᠵᠢᠨ ᠬᠡᠪᠴᠢᠶᠡᠨ᠎ᠳᠤ ᠬᠠᠷᠢᠶᠠᠯᠠᠭᠳᠠᠪᠠᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠴᠠᠭ᠋ᠠᠵᠠ ᠳᠦᠷᠢᠮ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
ᠮᠠᠯᠵᠢᠬᠤ ᠲᠠᠷᠢᠶᠠᠯᠠᠬᠤ ᠡᠷᠦᠬᠡ᠎ᠳᠤ ᠰᠢᠯᠵᠢᠭᠦᠯᠦᠨ ᠥᠭᠬᠦ ᠪᠡᠯᠡ ᠮᠥᠩᠭᠥ ᠵᠢ ᠪᠣᠳᠠᠲᠠᠢ ᠪᠠᠢ᠌ᠳᠠᠯ ᠵᠶ᠋ᠠᠨ ᠦᠨᠳᠦᠰᠦᠯᠡᠨ ᠱᠠᠲᠤ ᠬᠤᠪᠢᠶᠠᠨ ᠬᠠᠷᠢᠴᠠᠯ ᠶᠣᠰᠣᠭ᠋ᠠᠷ ᠪᠤᠶᠤ ᠪᠠᠷᠢᠯᠭ᠎ᠠ ᠳᠠᠭᠤᠰᠴᠤ ᠰᠢᠯᠭ᠋ᠠᠨ ᠠᠪᠤᠭᠰᠠᠨ᠎ᠤ ᠳᠠᠷᠠᠭ᠎ᠠ ᠨᠢᠭᠡ ᠤᠳᠠᠭ᠎ᠠ ᠵᠢᠨ ᠴᠢᠨᠠᠷᠲᠠᠢ᠎ᠪᠠᠷ ᠮᠠᠯᠵᠢᠬᠤ ᠲᠠᠷᠢᠶᠠᠯᠠᠬᠤ ᠡᠷᠦᠬᠡ ᠵᠢᠨ 《ᠪᠦᠬᠦᠨ᠎ᠳᠤ ᠲᠣᠬᠢᠷᠠᠬᠤ ᠺᠠᠷᠲ》᠎ᠤᠨ ᠲᠠᠩᠰᠠᠨ ᠡᠷᠦᠬᠡ᠎ᠳᠤ ᠭᠦᠢ᠍ᠴᠡᠳ ᠲᠤᠭ᠎ᠠ᠎ᠪᠠᠷ ᠰᠢᠯᠵᠢᠭᠦᠯᠦᠨ ᠦᠭᠭᠦᠨ᠎ᠡ᠂ ᠪᠥᠬᠥ ᠪᠡᠯᠡ ᠮᠥᠩᠭᠥ ᠵᠢᠨ ᠰᠢᠯᠵᠢᠭᠦᠯᠦᠨ ᠥᠭᠬᠦ ᠴᠠᠭ᠎ᠢ ᠪᠠᠷᠢᠯᠭ᠎ᠠ ᠳᠠᠭᠤᠰᠴᠤ ᠰᠢᠯᠭ᠋ᠠᠨ ᠠᠪᠤᠭᠰᠠᠨ᠎ᠤ ᠳᠠᠷᠠᠭ᠋ᠠᠬᠢ 30 ᠡᠳᠦᠷ᠎ᠠᠴᠠ ᠬᠣᠢ᠌ᠰᠢᠯᠠᠭᠤᠯᠵᠤ ᠪᠣᠯᠬᠤ ᠦᠭᠡᠢ᠃
ᠲᠠᠢ᠌ᠯᠤᠮᠵᠢ ᠬᠢᠭᠴᠢ᠄ ᠪᠦᠦ ᠶᠦᠩ ᠰᠢᠶᠠᠩ᠂ ᠵᠧᠦ ᠰᠢᠶᠣᠣ ᠶᠤᠸᠠᠨ
ᠤᠲᠠᠰᠤ᠄ 0471 — 6945192᠂ 0471 — 4192013