4 ᠳ᠋ᠦ᠍ᠭᠡᠷ ᠰᠠᠷ᠎ᠠ ᠵᠢᠨ 23᠎ᠤ ᠡᠳᠦᠷ᠂ ᠰᠤᠷᠪᠤᠯᠵᠢᠯᠠᠭᠴᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ᠎ᠤᠨ ᠡᠷᠬᠢᠯᠡᠭᠰᠡᠨ 《〈ᠵᠢᠷᠭᠤᠭ᠋ᠠᠨ ᠠᠵᠢᠯᠯᠠᠭ᠎ᠠ〉 ᠵᠢ ᠭᠦᠨᠵᠡᠭᠡᠶ ᠥᠷᠨᠢᠭᠦᠯᠵᠦ ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ》 ᠰᠢᠷᠢᠰ ᠭᠤᠤᠯ ᠰᠡᠳᠦᠪᠲᠦ ᠰᠣᠨᠢᠨ ᠮᠡᠳᠡᠭᠡ ᠨᠡᠶ᠋ᠢᠲᠡᠯᠡᠬᠦ ᠬᠤᠷᠠᠯ—《ᠤᠰᠤ ᠠᠷᠪᠢᠯᠠᠬᠤ ᠠᠵᠢᠯᠯᠠᠭ᠎ᠠ》 ᠵᠢᠨ ᠲᠤᠰᠬᠠᠶ ᠲᠠᠯᠠᠪᠤᠷ᠎ᠠᠴᠠ ᠣᠶ᠋ᠢᠯᠠᠭ᠋ᠠᠭᠰᠠᠨ ᠵᠶ᠋ᠠᠷ᠂ 2025 ᠣᠨ᠎ᠤ ᠨᠢᠭᠡᠳᠦᠭᠡᠷ ᠤᠯᠠᠷᠢᠯ᠎ᠳᠤ᠂ ᠥᠪᠥᠷ ᠮᠣᠩᠭᠤᠯ᠎ᠤᠨ 194.29 ᠲᠦᠮᠡᠨ ᠮᠥ᠍ ᠰᠢᠨ᠎ᠡ᠎ᠪᠠᠷ ᠪᠠᠢ᠌ᠭᠣᠯᠣᠭᠰᠠᠨ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠵᠢᠨ ᠢᠨᠵᠧᠨᠧᠷᠢᠩ᠎ᠢ ᠨᠢᠭᠡᠨᠲᠡ ᠡᠬᠢᠯᠡᠭᠦᠯᠵᠦ᠂ ᠠᠵᠢᠯ ᠡᠬᠢᠯᠡᠭᠦᠯᠦᠭᠰᠡᠨ ᠨᠣᠷᠮ᠎ᠠ ᠨᠢ 97% ᠪᠣᠯᠣᠨ᠎ᠠ᠂ 127 ᠲᠦᠮᠡᠨ ᠮᠥ᠍ ᠦᠭᠡᠷᠡᠴᠢᠯᠡᠨ ᠳᠡᠭᠡᠭᠰᠢᠯᠡᠭᠦᠯᠬᠦ ᠥᠨᠳᠥᠷ ᠪᠦᠲᠦᠮᠵᠢᠲᠡᠶ ᠤᠰᠤ ᠠᠷᠪᠢᠯᠠᠬᠤ ᠢᠨᠵᠧᠨᠧᠷᠢᠩ᠎ᠢ ᠨᠢᠭᠡᠨᠲᠡ ᠠᠵᠢᠯ ᠡᠬᠢᠯᠡᠭᠦᠯᠵᠦ᠂ ᠠᠵᠢᠯ ᠡᠬᠢᠯᠡᠭᠦᠯᠦᠭᠰᠡᠨ ᠨᠣᠷᠮ᠎ᠠ ᠨᠢ 85%᠎ᠳᠤ ᠬᠦᠷᠴᠦ᠂ ᠭᠤᠤᠯᠳᠠᠯᠭ᠎ᠠ᠎ᠲᠠᠢ ᠬᠡᠷᠡᠭᠵᠢᠭᠦᠯᠬᠦ ᠤᠰᠤ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ ᠵᠢᠨ 22 ᠲᠥᠷᠥᠯ ᠵᠦᠢ᠍ᠯ᠎ᠢ ᠨᠢᠭᠡᠨᠲᠡ 12 ᠠᠵᠢᠯ ᠡᠬᠢᠯᠡᠭᠦᠯᠵᠦ᠂ ᠭᠤᠣᠯᠳᠠᠯᠭ᠎ᠠ᠎ᠲᠠᠢ ᠬᠡᠷᠡᠭᠵᠢᠭᠦᠯᠬᠦ 27 ᠠᠭᠤᠷᠬᠠᠢ ᠵᠢᠨ ᠬᠤᠳᠳᠤᠭ᠎ᠤᠨ ᠤᠰᠤ ᠵᠢ ᠶᠡᠷᠦᠩᠬᠡᠶ᠋ᠢᠯᠡᠨ ᠠᠰᠢᠭᠯᠠᠬᠤ ᠲᠥᠷᠥᠯ ᠵᠦᠢ᠍ᠯ᠎ᠢ ᠨᠢᠭᠡᠨᠲᠡ 3 ᠠᠵᠢᠯ ᠡᠬᠢᠯᠡᠭᠦᠯᠵᠦ᠂ 20 ᠭᠠᠯ ᠴᠠᠬᠢᠯᠭ᠋ᠠᠨ᠎ᠤ ᠦᠢ᠍ᠯᠡᠳᠪᠦᠷᠢ ᠵᠢᠨ ᠤᠰᠤ ᠠᠷᠪᠢᠯᠠᠬᠤ ᠥᠭᠡᠷᠡᠴᠢᠯᠡᠯᠲᠡ ᠵᠢᠨ ᠲᠥᠷᠥᠯ ᠵᠦᠢ᠍ᠯ᠎ᠢ ᠨᠢᠭᠡᠨᠲᠡ 8 ᠠᠵᠢᠯ ᠡᠬᠢᠯᠡᠭᠦᠯᠪᠡ᠃ ᠥᠪᠥᠷ ᠮᠣᠩᠭᠣᠯ ᠨᠢ ᠤᠰᠤ ᠠᠷᠪᠢᠯᠠᠬᠤ᠎ᠪᠠᠷ ᠬᠥᠭᠵᠢᠯᠲᠡ ᠵᠢᠨ ᠣᠷᠣᠨ ᠵᠠᠢ ᠵᠢ ᠦᠷᠭᠡᠳᠬᠡᠵᠦ᠂ ᠤᠰᠤ ᠠᠷᠪᠢᠯᠠᠬᠤ ᠪᠣᠭᠣᠮᠲᠠ ᠰᠢᠪᠲᠤᠯᠠᠬᠤ ᠳᠠᠢ᠍ᠯᠠᠯᠳᠤᠭ᠋ᠠᠨᠢ ᠪᠦᠬᠦ ᠲᠠᠯ᠎ᠠ᠎ᠪᠠᠷ ᠡᠬᠢᠯᠡᠭᠦᠯᠪᠡ᠃
2025 ᠣᠨ᠎ᠳᠤ᠂ ᠥᠪᠥᠷ ᠮᠣᠩᠭᠤᠯ ᠤᠰᠤ ᠠᠷᠪᠢᠯᠠᠬᠤ ᠠᠵᠢᠯᠯᠠᠭ᠎ᠠ ᠵᠢ 《ᠵᠢᠷᠭᠤᠭ᠋ᠠᠨ ᠠᠵᠢᠯᠯᠠᠭ᠎ᠠ》 ᠵᠢᠨ ᠴᠢᠬᠤᠯᠠ ᠶᠡᠭᠡ ᠪᠠᠶ᠋ᠢᠷᠢᠯᠠᠭᠤᠯᠤᠯᠲᠠ᠎ᠳᠤ ᠣᠷᠣᠭᠤᠯᠵᠤ᠂ ᠤᠰᠤ ᠠᠷᠪᠢᠯᠠᠬᠤ ᠵᠢ ᠬᠥᠭᠵᠢᠯᠲᠡ ᠵᠢᠨ ᠪᠥᠬᠦ ᠲᠠᠯ᠎ᠠ᠎ᠳᠤ ᠬᠤᠯᠪᠣᠭᠳᠠᠬᠤ ᠴᠢᠬᠤᠯᠠ ᠠᠵᠢᠯ ᠪᠣᠯᠭ᠋ᠠᠵᠤ᠂ ᠤᠰᠤ ᠵᠠᠰᠠᠵᠦ ᠣᠰᠣ ᠬᠠᠮᠢᠶᠠᠷᠬᠤ ᠵᠢ ᠤᠷᠢᠳ ᠡᠮᠦᠨ᠎ᠡ ᠪᠠᠶ᠋ᠢᠭ᠎ᠠ ᠦᠭᠡᠢ ᠴᠢᠬᠤᠯᠠ ᠪᠠᠶ᠋ᠢᠷᠢᠨ᠎ᠳᠤ ᠲᠠᠯᠪᠢᠪᠠ᠃ 2 ᠳ᠋ᠤᠭ᠋ᠠᠷ ᠰᠠᠷ᠎ᠠ ᠵᠢᠨ 15᠎ᠤ ᠡᠳᠦᠷ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠦᠯ》᠎ᠢ ᠵᠢᠩᠬᠢᠨᠢ᠎ᠪᠠᠷ ᠳᠠᠷᠤᠮᠠᠯᠯᠠᠨ ᠲᠠᠷᠬᠠᠭ᠋ᠠᠵᠤ᠂ ᠤᠰᠤ ᠠᠷᠪᠢᠯᠠᠬᠤ ᠠᠵᠢᠯᠯᠠᠭ᠎ᠠ᠎ᠳᠤ 《ᠪᠡᠶ᠎ᠡ ᠵᠢ᠎ᠨᠢ ᠬᠡᠮᠵᠢᠵᠦ ᠬᠤᠪᠴᠠᠰᠤ ᠡᠰᠭᠡᠵᠦ 》᠂ 《ᠬᠠᠷᠠᠯᠲᠠ - ᠡᠭᠦᠷᠭᠡ - ᠪᠠᠲᠤᠯᠠᠭ᠎ᠠ 》 ᠭᠣᠷᠪᠠ ᠵᠢ ᠨᠢᠭᠡ ᠴᠣᠭᠴᠠᠵᠢᠭᠤᠯᠤᠨ ᠬᠡᠷᠡᠭᠵᠢᠭᠦᠯᠬᠦ ᠪᠣᠷᠣ ᠲᠥᠯᠥᠪ᠎ᠢ ᠪᠠᠶ᠋ᠢᠭᠤᠯᠵᠤ᠂ 9 ᠲᠠᠯ᠎ᠠ ᠵᠢᠨ 30 ᠵᠦᠢ᠍ᠯ᠎ᠤᠨ ᠪᠣᠳᠠᠲᠠᠶ ᠠᠷᠭ᠎ᠠ ᠬᠡᠮᠵᠢᠶ᠎ᠡ᠎ᠳᠤ ᠬᠤᠯᠪᠣᠭᠳᠠᠵᠠᠶ᠃
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠦᠯ》᠎ᠢ ᠦᠨᠳᠦᠰᠦᠯᠡᠨ᠂ 2025 ᠣᠨ᠎ᠳᠤ᠂ ᠥᠪᠥᠷ ᠮᠣᠩᠭᠤᠯ᠎ᠤᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ 196.3 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ᠎ᠤᠨ ᠳᠣᠲᠣᠷ᠎ᠠ ᠬᠢᠵᠠᠭ᠋ᠠᠷᠯᠠᠵᠤ᠂ ᠲᠦᠮᠡᠨ ᠲᠥᠭᠦᠷᠢᠭ᠎ᠤᠨ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ ᠵᠢ 2020 ᠣᠨ᠎ᠤ᠎ᠬᠢ᠎ᠠᠴᠠ 12%᠎ᠠᠴᠠ ᠳᠡᠭᠡᠭᠰᠢ ᠪᠠᠭᠤᠷᠠᠭᠤᠯᠪᠠ ᠂ ᠲᠠᠷᠢᠶᠠᠯᠠᠩ᠎ᠤᠨ ᠤᠰᠤ ᠠᠷᠪᠢᠯᠠᠬᠤ ᠴᠢᠳᠠᠪᠤᠷᠢ ᠵᠢ 2.7 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠵᠦ᠂ ᠲᠠᠷᠢᠶᠠᠨ ᠭᠠᠵᠠᠷ᠎ᠤᠨ ᠤᠰᠤᠯᠠᠯᠲᠠ ᠵᠢᠨ ᠤᠰᠤ ᠵᠢ ᠪᠦᠲᠦᠮᠵᠢᠲᠡᠶ ᠠᠰᠢᠭᠯᠠᠬᠤ ᠢᠯᠡᠳᠬᠡᠮᠵᠢ ᠵᠢ 0.59᠎ᠠᠴᠠ ᠳᠡᠭᠡᠭᠰᠢ᠎ᠳᠤ ᠬᠦᠷᠦᠭᠦᠯᠵᠦ᠂ ᠠᠵᠦ ᠦᠢ᠍ᠯᠡᠳᠪᠦᠷᠢ ᠵᠢᠨ ᠲᠦᠮᠡᠨ ᠲᠦᠭᠦᠷᠢᠭ᠎ᠤᠨ ᠨᠡᠮᠡᠭᠳᠡᠯ ᠦᠷᠲᠡᠭ᠎ᠤᠨ ᠣᠰᠣ ᠬᠡᠷᠡᠭᠯᠡᠬᠦ ᠬᠡᠮᠵᠢᠶ᠎ᠡ ᠵᠢ 2020 ᠣᠨ᠎ᠤ᠎ᠬᠢ᠎ᠠᠴᠠ 13%᠎ᠠᠴᠠ ᠳᠡᠭᠡᠭᠰᠢ ᠪᠠᠭᠣᠷᠠᠭᠣᠯᠪᠠ᠂ ᠬᠤᠲᠠ ᠵᠢᠨ ᠣᠯᠠᠨ ᠨᠡᠶ᠋ᠢᠲᠡ ᠵᠢᠨ ᠤᠰᠤ ᠬᠠᠩᠭ᠋ᠠᠬᠤ ᠬᠤᠭᠤᠯᠠᠶ ᠵᠢᠨ ᠲᠣᠤᠷ᠎ᠤᠨ ᠭᠣᠭᠣᠵᠢᠵᠦ ᠬᠤᠬᠢᠷᠠᠭᠰᠠᠨ ᠨᠣᠷᠮ᠎ᠠ ᠵᠢ 9% ᠵᠢᠨ ᠳᠣᠲᠣᠷ᠎ᠠ ᠬᠢᠵᠠᠭ᠋ᠠᠷᠯᠠᠬᠤ᠎ᠪᠠᠷ ᠴᠢᠷᠮᠠᠶ᠋ᠢᠪᠠ ᠂ ᠲᠠᠬᠢᠯᠲᠠ ᠣᠰᠣᠨ᠎ᠤ ᠠᠰᠢᠭᠯᠠᠯᠲᠠ ᠵᠢᠨ ᠨᠣᠷᠮ᠎ᠠ ᠵᠢ 48%᠎ᠠᠴᠠ ᠳᠡᠭᠡᠭᠰᠢ᠎ᠳᠤ ᠬᠦᠷᠦᠭᠦᠯᠵᠦ᠂ ᠡᠩ᠎ᠤᠨ ᠪᠤᠰᠤ ᠤᠰᠤᠨ ᠰᠤᠷᠪᠤᠯᠵᠢ ᠵᠢᠨ ᠠᠰᠢᠭᠯᠠᠯᠲᠠ ᠵᠢᠨ ᠬᠡᠮᠵᠢᠶ᠎ᠡ ᠵᠢ 7.68 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ᠎ᠠᠴᠠ ᠳᠡᠭᠡᠭᠰᠢ᠎ᠳᠤ ᠬᠦᠷᠦᠭᠦᠯᠦᠨ᠎ᠡ᠃
ᠥᠪᠥᠷ ᠮᠣᠩᠭᠣᠯ᠎ᠤᠨ ᠤᠰᠤ ᠠᠷᠪᠢᠯᠠᠬᠤ ᠠᠵᠢᠯᠯᠠᠭ᠎ᠠ᠎ᠨᠢ 《ᠬᠠᠮᠢᠶᠠᠷᠬᠤ᠂ ᠠᠷᠪᠢᠯᠠᠬᠤ᠂ ᠵᠠᠰᠠᠬᠤ᠂ ᠨᠡᠮᠡᠭᠳᠡᠭᠦᠯᠬᠦ᠂ ᠠᠮᠢᠳᠤᠯᠢᠭ ᠪᠣᠯᠭ᠋ᠠᠬᠤ》 5 ᠶᠡᠬᠡ ᠭᠣᠣᠯᠳᠠᠯᠭ᠎ᠠ᠎ᠲᠠᠢ ᠡᠭᠦᠷᠭᠡ᠎ᠳᠤ ᠠᠩᠬᠠᠷᠤᠯ ᠵᠶ᠋ᠠᠨ ᠲᠦᠪᠯᠡᠷᠡᠭᠦᠯᠪᠡ ᠃ 《 ᠬᠠᠮᠢᠶᠠᠷᠬᠤ 》᠎ᠳᠤ ᠂ ᠠᠵᠢᠯ ᠲᠥᠷᠥᠯ᠂ ᠠᠶ᠋ᠢᠮᠠᠭ ᠬᠤᠲᠠ ᠬᠤᠪᠢᠶᠠᠨ ᠤᠰᠤ ᠠᠷᠪᠢᠯᠠᠬᠤ ᠵᠢᠭ᠋ᠠᠯᠲᠠ ᠲᠤᠭ᠎ᠠ ᠬᠢᠭᠡᠳ ᠬᠠᠷᠠᠯᠲᠠ ᠵᠢ ᠲᠣᠭᠲᠠᠭ᠋ᠠᠬᠤ᠎ᠪᠠᠷ ᠳᠠᠮᠵᠢᠭᠤᠯᠤᠨ ᠂ ᠪᠠᠰᠠ ᠤᠰᠤ ᠠᠷᠪᠢᠯᠠᠬᠤ ᠬᠠᠷᠠᠯᠲᠠᠲᠤ ᠡᠭᠦᠷᠭᠡ ᠵᠢ ᠬᠤᠰᠢᠭᠤ ᠰᠢᠶᠠᠨ᠎ᠳᠤ ᠬᠦᠷᠲᠡᠯ᠎ᠡ ᠵᠠᠳᠠᠯᠵᠤ᠂ ᠤᠰᠤ ᠠᠪᠴᠤ ᠬᠡᠷᠡᠭᠯᠡᠬᠦ ᠵᠢ ᠬᠢᠨᠠᠨ ᠬᠡᠮᠵᠢᠬᠦ ᠲᠣᠭᠲᠠᠯᠴᠠᠭ᠎ᠠ ᠵᠢ ᠦᠷᠭᠦᠯᠵᠢᠯᠡᠨ ᠲᠡᠭᠦᠯᠳᠡᠷᠵᠢᠭᠦᠯᠵᠦ ᠂ ᠲᠥᠷᠥᠯ ᠵᠦᠢ᠍ᠯ᠎ᠤᠨ ᠬᠢᠨᠠᠨ ᠵᠥᠪᠰᠢᠶᠡᠷᠡᠬᠦ ᠵᠢ ᠴᠢᠩᠳᠠᠯᠠᠪᠠ ᠃ 《ᠠᠷᠪᠢᠯᠠᠬᠤ》᠎ᠳᠤ ᠂ ᠲᠠᠷᠢᠶᠠᠯᠠᠩ᠎ᠤᠨ ᠲᠠᠯ᠎ᠠ᠎ᠪᠠᠷ ᠤᠰᠤ ᠠᠷᠪᠢᠯᠠᠬᠤ ᠤᠰᠤᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠰᠠᠶ᠋ᠢᠲᠤᠷ ᠠᠳᠬᠤᠵᠤ᠂ ᠲᠠᠷᠢᠮᠠᠯ᠎ᠤᠨ ᠪᠦᠲᠦᠴᠡ ᠵᠢ ᠲᠣᠬᠢᠷᠠᠭᠤᠯᠤᠨ ᠰᠢᠯᠢᠳᠡᠭᠵᠢᠭᠦᠯᠵᠦ᠂ ᠭᠤᠤᠯ᠎ᠤᠨ ᠲᠤᠬᠤᠢ ᠵᠢᠨ ᠤᠰᠤᠯᠠᠯᠲᠠ ᠵᠢᠨ ᠣᠷᠣᠨ᠎ᠤ ᠨᠠᠮᠤᠷ᠎ᠤᠨ ᠤᠰᠤᠯᠠᠯᠲᠠ᠎ᠳᠤ ᠵᠠᠷᠣᠴᠠᠭᠣᠯᠬᠣ ᠤᠰᠤᠨ᠎ᠤ ᠬᠡᠮᠵᠢᠶ᠎ᠡ ᠵᠢ 10 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ᠎ᠤᠨ ᠳᠣᠲᠣᠷ᠎ᠠ ᠴᠢᠩᠭ᠎ᠠ ᠬᠢᠵᠠᠭ᠋ᠠᠷᠯᠠᠪᠠ᠂ ᠠᠵᠤ ᠦᠢ᠍ᠯᠡᠳᠪᠦᠷᠢ ᠳᠡᠭᠡᠷ᠎ᠡ ᠤᠰᠤ ᠶᠡᠭᠡ ᠬᠤᠷᠣᠭᠳᠠᠭᠤᠯᠬᠤ ᠠᠵᠢᠯ ᠲᠥᠷᠥᠯ᠎ᠤᠨ ᠤᠰᠤ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ ᠵᠢ ᠬᠡᠷᠡᠭᠵᠢᠭᠦᠯᠪᠡ᠂ ᠬᠤᠲᠠ ᠬᠥᠳᠡᠭᠡ ᠵᠢᠨ ᠣᠰᠣ ᠬᠠᠩᠭ᠋ᠠᠬᠤ ᠬᠠᠭᠣᠴᠢᠨ ᠬᠠᠭᠣᠴᠢᠷᠠᠭᠰᠠᠨ ᠬᠤᠭᠣᠯᠠᠢ ᠲᠣᠣᠷ᠎ᠢ ᠰᠢᠨᠡᠳᠬᠡᠨ ᠥᠭᠡᠷᠡᠴᠢᠯᠡᠵᠦ᠂ ᠤᠰᠤ ᠠᠷᠪᠢᠯᠠᠬᠤ ᠬᠡᠯᠪᠡᠷᠢ ᠵᠢᠨ ᠬᠤᠲᠠ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ 2025 ᠣᠨ᠎ᠳᠤ ᠲᠦᠭᠡᠭᠡᠯ ᠤᠰᠤᠨ᠎ᠤ ᠲᠦᠭᠡᠮᠡᠯᠵᠢᠭᠦᠯᠦᠯᠲᠡ ᠵᠢᠨ ᠨᠣᠷᠮ᠎ᠠ ᠵᠢ 85%᠎ᠳᠤ ᠬᠦᠷᠲᠡᠯ᠎ᠡ ᠳᠡᠭᠡᠭᠰᠢᠯᠡᠭᠦᠯᠦᠨ᠎ᠡ ᠂ ᠠᠮᠢ ᠠᠬᠤᠢ ᠵᠢᠨ ᠲᠠᠯ᠎ᠠ᠎ᠪᠠᠷ ᠤᠰᠤ᠎ᠪᠠᠷ ᠨᠣᠭᠣᠭ᠋ᠠᠷᠠᠭᠣᠯᠣᠯᠲᠠ ᠵᠢ ᠲᠣᠭᠲᠠᠭ᠋ᠠᠵᠤ ᠣᠰᠣ ᠠᠷᠪᠢᠯᠠᠬᠤ ᠣᠢ ᠰᠢᠭᠣᠢ ᠡᠪᠡᠰᠦ ᠪᠡᠯᠴᠢᠭᠡᠷ ᠂ ᠴᠡᠴᠡᠷᠯᠢᠭ᠎ᠤᠨ ᠨᠣᠭᠤᠭ᠋ᠠᠷᠠᠭᠤᠯᠤᠯᠲᠠ᠎ᠳᠤ ᠲᠠᠬᠢᠯᠲᠠ ᠣᠰᠣ ᠵᠢ ᠣᠷᠢᠳ ᠵᠶ᠋ᠠᠷ ᠬᠡᠷᠡᠭᠯᠡᠨ᠎ᠡ᠃ 《ᠵᠠᠰᠠᠬᠤ 》᠎ᠳᠤ ᠂ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠣᠷᠣᠨ᠎ᠢ ᠦᠷᠭᠦᠯᠵᠢᠯᠡᠨ ᠵᠠᠰᠠᠵᠤ᠂ ᠪᠠᠷᠠᠭᠤᠨ ᠯᠢᠶᠣᠤ ᠾᠧ ᠭᠤᠣᠯ᠎ᠤᠨ ᠰᠠᠪᠠ ᠭᠠᠵᠠᠷ ᠪᠠ ᠣᠷᠳᠣᠰ᠎ᠤᠨ ᠳᠡᠨᠵᠢ ᠭᠠᠵᠠᠷ ᠵᠡᠷᠭᠡ ᠭᠤᠣᠯᠳᠠᠯᠭ᠎ᠠ᠎ᠲᠠᠢ ᠣᠷᠣᠨ ᠪᠦᠰᠡ ᠵᠢᠨ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠬᠤ ᠵᠢ ᠶᠡᠷᠦᠩᠬᠡᠶ᠋ᠢᠯᠡᠨ ᠵᠠᠰᠠᠬᠤ ᠵᠢ ᠠᠬᠢᠭᠤᠯᠵᠤ᠂ 2025 ᠣᠨ᠎ᠤ ᠡᠴᠦᠰ᠎ᠲᠤ ᠳᠠᠭ᠋ᠠᠭ᠋ᠠᠴᠠ᠎ᠠᠴᠠ ᠬᠡᠲᠦᠷᠡᠲᠡᠯ᠎ᠡ ᠲᠠᠲᠠᠭᠰᠠᠨ ᠣᠰᠤᠨ᠎ᠤ ᠬᠡᠮᠵᠢᠶ᠎ᠡ ᠵᠢ 3.3 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ᠎ᠠᠴᠠ ᠳᠡᠭᠡᠭᠰᠢ ᠪᠠᠭ᠋ᠠᠰᠬᠠᠬᠤ᠎ᠪᠠᠷ ᠪᠡᠶᠡᠯᠡᠭᠦᠯᠦᠨ᠎ᠡ᠃ 《ᠨᠡᠮᠡᠭᠳᠡᠭᠦᠯᠬᠦ》᠎ᠳᠤ ᠂ ᠳᠠᠬᠢᠯᠲᠠ ᠤᠰᠤ᠂ ᠠᠭᠤᠷᠬᠠᠢ ᠵᠢᠨ ᠬᠤᠳᠳᠤᠭ᠎ᠤᠨ ᠤᠰᠤ ᠵᠡᠷᠭᠡ ᠬᠡᠪ᠎ᠤᠨ ᠪᠤᠰᠤ ᠤᠰᠤᠨ᠎ᠤ ᠡᠬᠢ ᠰᠤᠷᠪᠤᠯᠵᠢ ᠵᠢ ᠰᠠᠶ᠋ᠢᠲᠤᠷ ᠬᠡᠷᠡᠭᠯᠡᠵᠦ᠂ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢᠨ ᠳᠠᠬᠢᠯᠲᠠ ᠤᠰᠤᠨ᠎ᠤ ᠴᠢᠨᠠᠷ᠎ᠢ ᠳᠡᠭᠡᠭᠰᠢᠯᠡᠭᠦᠯᠦᠨ᠂ ᠳᠠᠬᠢᠯᠲᠠ ᠤᠰᠤ ᠵᠢ ᠠᠰᠢᠭᠯᠠᠬᠤ ᠵᠠᠮ ᠮᠦᠷ᠎ᠢ ᠥᠷᠭᠡᠳᠬᠡᠵᠦ᠂ 2025 ᠣᠨ᠎ᠤ ᠰᠡᠭᠦᠯᠴᠢ᠎ᠪᠠᠷ ᠬᠠᠲᠤᠨ ᠭᠤᠣᠯ᠎ᠤᠨ ᠰᠠᠪᠠ ᠭᠠᠵᠠᠷ᠎ᠤᠨ ᠳᠠᠬᠢᠯᠲᠠ ᠤᠰᠤᠨ᠎ᠤ ᠠᠰᠢᠭᠯᠠᠯᠲᠠ ᠵᠢᠨ ᠨᠣᠷᠮ᠎ᠠ ᠵᠢ 60%᠎ᠠᠴᠠ ᠳᠡᠭᠡᠭᠰᠢ᠎ᠳᠤ ᠬᠦᠷᠦᠭᠦᠯᠵᠦ᠂ ᠪᠥᠬᠦ ᠣᠷᠣᠨ᠎ᠤ ᠠᠭᠤᠷᠬᠠᠢ ᠵᠢᠨ ᠬᠤᠳᠳᠤᠭ᠎ᠤᠨ ᠤᠰᠤᠨ᠎ᠤ ᠶᠡᠷᠦᠩᠬᠡᠢ᠌ᠯᠡᠨ ᠠᠰᠢᠭᠯᠠᠬᠤ ᠨᠣᠷᠮ᠎ᠠ ᠵᠢ 60%᠎ᠠᠴᠠ ᠳᠡᠭᠡᠭᠰᠢ᠎ᠳᠤ ᠬᠦᠷᠦᠭᠦᠯᠬᠦ ᠵᠢ ᠪᠡᠶᠡᠯᠡᠭᠦᠯᠦᠨ᠎ᠡ᠃ 《ᠠᠮᠢᠳᠤᠯᠢᠭ ᠪᠣᠯᠭ᠋ᠠᠬᠤ 》᠎ᠳᠤ ᠂ ᠤᠰᠤ ᠬᠡᠷᠡᠭᠯᠡᠬᠦ ᠡᠷᠬᠡ ᠵᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠵᠢ ᠠᠬᠢᠭᠤᠯᠵᠤ᠂ ᠤᠰᠤ ᠠᠷᠪᠢᠯᠠᠬᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠴᠦ ᠰᠤᠳᠤᠯᠤᠨ ᠨᠡᠭᠡᠭᠡᠬᠦ ᠵᠡᠷᠭᠡ ᠵᠢ ᠴᠢᠩᠭ᠋ᠠᠳᠬᠠᠪᠠ ᠃
ᠤᠰᠤ ᠠᠷᠪᠢᠯᠠᠬᠤ ᠠᠵᠢᠯᠯᠠᠭ᠎ᠠ ᠨᠢ ᠦᠢ᠍ᠯᠡᠳᠦᠯᠭᠡᠵᠢᠭᠦᠯᠦᠮᠡᠭᠴᠡ ᠦᠷ᠎ᠡ ᠪᠦᠲᠦᠮᠵᠢ ᠣᠯᠪᠠ᠃ 2025 ᠣᠨ᠎ᠤ ᠨᠢᠭᠡᠳᠦᠭᠡᠷ ᠤᠯᠠᠷᠢᠯ᠎ᠳᠤ᠂ ᠥᠪᠥᠷ ᠮᠣᠩᠭᠤᠯ᠎ᠤᠨ 12 ᠠᠶ᠋ᠢᠮᠠᠭ ᠬᠤᠲᠠ ᠴᠦᠮ ᠤᠰᠤ ᠠᠷᠪᠢᠯᠠᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠦᠯ᠎ᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠣᠨ ᠮᠠᠯᠵᠢᠬᠤ ᠣᠷᠣᠨ ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ᠂ ᠡᠨᠧᠷᠭᠢ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠰᠠᠯᠠᠭ᠎ᠠ ᠮᠥᠴᠢᠷ ᠴᠦ᠍ ᠠᠵᠢᠯᠯᠠᠭ᠋ᠠᠨ᠎ᠤ ᠲᠤᠰᠬᠠᠶ ᠲᠥᠰᠦᠯ᠎ᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠠᠢ ᠂ ᠬᠤᠲᠠ ᠪᠠᠯᠭ᠋ᠠᠰᠤᠨ᠎ᠤ ᠤᠰᠤ ᠠᠷᠪᠢᠯᠠᠬᠤ ᠲᠤᠰᠬᠠᠶ ᠵᠦᠢ᠍ᠯ᠎ᠤᠨ ᠪᠡᠶ᠎ᠡ ᠵᠢᠨ ᠪᠠᠶ᠋ᠢᠴᠠᠭ᠋ᠠᠯᠲᠠ ᠵᠢ ᠥᠷᠨᠢᠭᠦᠯᠬᠦ ᠵᠢᠨ ᠬᠠᠮᠲᠤ᠂ ᠮᠠᠯᠵᠢᠬᠤ ᠲᠠᠷᠢᠶᠠᠯᠠᠬᠤ ᠣᠷᠣᠨ᠎ᠤ ᠲᠥᠪᠯᠡᠷᠡᠭᠦᠯᠦᠨ ᠤᠰᠤ ᠬᠠᠩᠭ᠋ᠠᠬᠤ ᠢᠨᠵᠧᠨᠧᠷᠢᠩ᠎ᠤᠨ ᠬᠡᠮᠵᠢᠯᠲᠡ ᠵᠢᠨ ᠪᠡᠯᠡᠳᠬᠡᠮᠵᠢ ᠵᠢᠨ ᠤᠭᠰᠠᠷᠠᠬᠤ ᠲᠥᠷᠥᠯ ᠵᠦᠢ᠍ᠯ ᠵᠢᠴᠢ ᠤᠭᠰᠠᠷᠠᠭᠰᠠᠨ ᠲᠤᠭ᠎ᠠ ᠬᠡᠮᠵᠢᠶ᠎ᠡ ᠵᠢ ᠪᠥᠬᠦ ᠲᠠᠯ᠎ᠠ᠎ᠪᠠᠷ ᠪᠠᠢ᠌ᠴᠠᠭ᠋ᠠᠨ᠎ᠠ᠂ 《ᠣᠮᠠᠷᠠᠲᠤ ᠵᠢᠨ ᠭᠣᠷᠪᠠᠨ ᠣᠷᠣᠨ》᠎ᠤ ᠢᠨᠵᠸᠨ᠋ᠸᠷᠢᠩ᠎ᠤᠨ ᠵᠢᠷᠭᠣᠳᠣᠭ᠋ᠠᠷ ᠬᠣᠭᠣᠴᠠᠭ᠋ᠠᠨ᠎ᠤ ᠲᠦᠯᠦᠪᠵᠢᠭᠦᠯᠭᠡ (2021-2023) ᠵᠢᠨ ᠣᠰᠣᠨ᠎ᠤ ᠡᠬᠢ ᠪᠠᠶᠠᠯᠢᠭ᠎ᠤᠨ ᠨᠣᠲᠠᠯᠠᠯᠲᠠ ᠵᠢ ᠴᠣᠬᠣᠯᠠᠪᠣᠷᠢᠯᠠᠵᠦ᠂ ᠡᠯ᠎ᠡ ᠭᠠᠵᠠᠷ᠎ᠤᠨ᠎ᠬᠢᠨ ᠣᠰᠣ᠎ᠪᠠᠷ ᠨᠣᠭᠣᠭ᠋ᠠᠷᠠᠭᠣᠯᠣᠯᠲᠠ ᠵᠢ ᠲᠣᠭᠲᠠᠭ᠋ᠠᠬᠤ ᠵᠢᠨ ᠲᠣᠭᠣᠷᠢᠨ᠎ᠳᠤ ᠭᠠᠩ ᠬᠠᠭᠰᠠᠷᠭ᠋ᠠᠨ᠎ᠲᠠᠢ ᠲᠡᠮᠡᠴᠡᠵᠦ ᠣᠢ᠌ᠵᠢᠭᠣᠯᠬᠣ ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠬᠦ ᠵᠢ ᠵᠢᠭ᠋ᠠᠨ ᠵᠢᠯᠣᠭᠣᠳᠪᠠ᠂ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠣᠷᠣᠨ᠎ᠢ ᠶᠡᠷᠦᠩᠬᠡᠢ᠌ᠯᠡᠨ ᠵᠠᠰᠠᠬᠣ ᠵᠢ ᠲᠦᠯᠬᠢᠨ ᠠᠬᠢᠭᠣᠯᠣᠨ᠎ᠠ᠂ ᠲᠦᠪ᠎ᠤᠨ ᠣᠰᠣᠨ ᠠᠰᠢᠭᠯᠠᠯᠲᠠ ᠵᠢᠨ ᠬᠦᠭᠵᠢᠯᠲᠡ ᠵᠢᠨ ᠪᠡᠯᠡ ᠮᠦᠩᠬᠦ ᠵᠢ 3751 ᠲᠦᠮᠡᠨ ᠲᠦᠭᠦᠷᠢᠭ ᠲᠣᠬᠢᠷᠠᠭᠣᠯᠵᠦ᠂ ᠪᠣᠭᠣᠲᠣ ᠬᠣᠲᠠ ᠵᠢᠨ ᠲᠠᠬᠢᠯᠲᠠ ᠣᠰᠣ ᠵᠢ ᠠᠰᠢᠭᠯᠠᠵᠤ ᠲᠣᠬᠢᠷᠠᠭᠣᠯᠬᠣ ᠢᠨᠵᠸᠨ᠋ᠸᠷᠢᠩ᠎ᠤᠨ ᠪᠦᠲᠦᠭᠡᠨ ᠪᠠᠢ᠌ᠭᠣᠯᠣᠯᠲᠠ ᠵᠢ ᠲᠦᠯᠬᠢᠨ ᠠᠬᠢᠭᠣᠯᠬᠣ᠂ 7633 ᠲᠦᠮᠡᠨ ᠲᠦᠭᠦᠷᠢᠭ᠎ᠢ ᠪᠦᠬᠦ ᠣᠷᠣᠨ᠎ᠤ ᠤᠰᠤ ᠲᠠᠲᠠᠬᠤ ᠵᠢ ᠬᠡᠮᠵᠢᠵᠦ ᠬᠢᠨᠠᠨ ᠬᠡᠮᠵᠢᠬᠦ ᠲᠣᠭᠲᠠᠯᠴᠠᠭ᠎ᠠ ᠵᠢᠨ ᠪᠦᠲᠦᠭᠡᠨ ᠪᠠᠢ᠌ᠭᠣᠯᠣᠯᠲᠠ᠎ᠳᠤ ᠬᠡᠷᠡᠭᠯᠡᠵᠦ᠂ 14.3 ᠳ᠋ᠦᠩᠰᠢᠭᠤᠷ ᠲᠦᠭᠦᠷᠢᠭ᠎ᠤᠨ ᠨᠡᠢ᠌ᠭᠡᠮ᠎ᠤᠨ ᠬᠦᠷᠦᠩᠭᠡ ᠵᠢ ᠣᠰᠤ ᠠᠷᠪᠢᠯᠠᠬᠤ ᠦᠭᠡᠷᠡᠴᠢᠯᠡᠯᠲᠡ᠎ᠳᠤ ᠲᠠᠲᠠᠨ ᠣᠷᠣᠭᠣᠯᠪᠠ᠂ ᠠᠢ᠌ᠮᠠᠭ ᠬᠣᠲᠠ ᠠᠯᠣᠰᠯᠠᠭᠰᠠᠨ ᠣᠰᠤᠨ᠎ᠤ ᠡᠷᠬᠡ ᠵᠢ ᠰᠢᠯᠵᠢᠭᠦᠯᠦᠨ ᠦᠭᠬᠦ ᠬᠤᠶᠠᠳᠣᠭ᠋ᠠᠷ ᠬᠣᠭᠣᠴᠠᠭ᠋ᠠᠨ᠎ᠤ ᠢᠨᠵᠸᠨ᠋ᠸᠷᠢᠩ᠎ᠤᠨ ᠲᠦᠷᠦᠬᠦᠦ ᠪᠦᠯᠦᠭ᠎ᠤᠨ ᠣᠰᠣ ᠠᠷᠪᠢᠯᠠᠬᠤ ᠬᠡᠮᠵᠢᠶ᠎ᠡ 5300 ᠲᠦᠮᠡᠨ ᠪᠣᠰᠣᠭ᠎ᠠ ᠳᠦᠷᠪᠡᠯᠵᠢᠨ ᠮᠸᠲᠷ᠎ᠲᠤ ᠬᠦᠷᠴᠦ ᠬᠢᠨᠠᠨ ᠰᠢᠯᠭ᠋ᠠᠵᠤ ᠮᠠᠭ᠋ᠠᠳᠯᠠᠨ ᠲᠣᠭᠲᠠᠭ᠋ᠠᠬᠤ ᠵᠢ ᠪᠡᠶᠡᠯᠡᠭᠦᠯᠪᠡ ᠃