ᠥᠨᠥᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠭᠤᠯᠵᠤ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯᠥᠰᠥᠨ ᠲᠠᠷᠢᠶᠠᠴᠢᠨ᠎ᠤ ᠴᠠᠯᠢᠩ᠎ᠢ ᠥᠭᠬᠦ ᠵᠢ ᠪᠠᠲᠤᠯᠠᠬᠤ ᠲᠦᠷᠢᠮ》᠎ᠤᠨ ᠬᠠᠤᠯᠢ ᠲᠣᠭᠲᠠᠭ᠋ᠠᠭᠰᠠᠨ ᠪᠠᠶ᠋ᠢᠳᠠᠯ᠂ ᠭᠤᠤᠯ ᠵᠤᠷᠪᠤᠰ ᠪᠠᠳᠠᠭ ᠪᠠ ᠲᠠᠷᠠᠭ᠋ᠠᠴᠢ ᠵᠢᠨ ᠠᠯᠬᠤᠮ᠎ᠤᠨ ᠲᠤᠭᠤᠰᠢᠯᠠᠭᠤᠯᠤᠨ ᠬᠡᠷᠡᠭᠵᠢᠭᠦᠯᠬᠦ ᠠᠵᠢᠯ᠎ᠤᠨ ᠲᠣᠬᠠᠢ ᠨᠡᠶ᠋ᠢᠲᠡᠯᠡᠪᠡ᠃

《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯᠥᠰᠥᠨ ᠲᠠᠷᠢᠶᠠᠴᠢᠨ᠎ᠤ ᠴᠠᠯᠢᠩ᠎ᠢ ᠥᠭᠬᠦ ᠵᠢ ᠪᠠᠲᠤᠯᠠᠬᠤ ᠲᠦᠷᠢᠮ》 ᠨᠢ ᠨᠡᠶ᠋ᠢᠲᠡ 6 ᠪᠦᠯᠦᠭ 54 ᠵᠤᠷᠪᠣᠰ ᠪᠠᠶ᠋ᠢᠵᠤ᠂ ᠥᠪᠡᠷᠲᠡᠭᠡᠨ ᠵᠠᠰᠠᠬᠤ ᠣᠷᠣᠨ᠎ᠤ 2025 ᠣᠨ᠎ᠤ ᠭᠤᠤᠯᠳᠠᠯᠭ᠎ᠠ᠎ᠲᠠᠢ ᠬᠠᠤᠯᠢ ᠲᠣᠭᠲᠠᠭ᠋ᠠᠬᠤ ᠲᠥᠷᠥᠯ ᠵᠦᠢ᠍ᠯ ᠪᠣᠯᠤᠨ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ ᠬᠤᠷᠠᠯ ᠵᠶ᠋ᠡᠷ ᠬᠤᠶᠠᠷ ᠤᠳᠠᠭ᠎ᠠ ᠬᠢᠨᠠᠨ ᠵᠥᠪᠯᠡᠬᠦ᠎ᠪᠠᠷ ᠳᠡᠮᠵᠢᠨ᠂ 5 ᠳ᠋ᠤᠭ᠋ᠠᠷ ᠰᠠᠷ᠎ᠠ ᠵᠢᠨ 29᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ ᠠᠷᠪᠠᠨ ᠳᠣᠯᠣᠳᠤᠭ᠋ᠠᠷ ᠬᠤᠷᠠᠯᠳᠤᠭ᠋ᠠᠨ ᠵᠶ᠋ᠡᠷ ᠳᠠᠮᠵᠢᠨ ᠪᠠᠲᠤᠯᠠᠵᠤ᠂ 2025 ᠣᠨ᠎ᠤ 7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠳᠦᠷᠢᠮ᠎ᠤᠨ ᠵᠥᠪᠯᠡᠯ᠎ᠤᠨ ᠳᠡᠳ᠋ ᠡᠷᠬᠢᠯᠡᠭᠴᠢ ᠭᠡᠰᠢᠭᠦᠨ ᠵᠧᠩ ᠵᠢᠨ ᠴᠦᠨ ᠪᠦᠬᠦ ᠤᠯᠤᠰ᠎ᠤᠨ ᠬᠦᠯᠦᠰᠦᠨ ᠲᠠᠷᠢᠶᠠᠴᠢᠨ᠎ᠤ ᠴᠠᠯᠢᠩ᠎ᠢ ᠥᠭᠬᠦ ᠵᠢ ᠪᠠᠲᠤᠯᠠᠬᠤ ᠠᠩᠬᠠᠳᠠᠭᠴᠢ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ ᠪᠣᠯᠤᠭᠰᠠᠨ᠎ᠤ ᠬᠤᠪᠢ᠎ᠳᠤ᠂ ᠨᠡᠯᠢᠶᠡᠳ ᠴᠢᠩᠭ᠎ᠠ ᠪᠦᠲᠦᠭᠡᠯᠴᠢ ᠴᠢᠨᠠᠷᠲᠠᠶ᠂ ᠰᠦᠪᠡᠭᠴᠢᠯᠡᠯᠲᠡ ᠵᠢᠨ ᠴᠢᠨᠠᠷᠲᠠᠶ ᠪᠠᠢ᠌ᠵᠦ ᠂ ᠬᠦᠯᠦᠰᠦᠨ ᠲᠠᠷᠢᠶᠠᠴᠢᠨ᠎ᠤ ᠴᠠᠯᠢᠩ᠎ᠢ ᠥᠷᠢᠲᠦᠵᠦ ᠤᠳᠠᠭ᠋ᠠᠰᠢᠷᠠᠭᠣᠯᠬᠤ ᠠᠰᠠᠭᠤᠳᠠᠯ᠎ᠢ ᠰᠢᠢ᠍ᠳᠪᠦᠷᠢᠯᠡᠬᠦ᠎ᠳᠤ ᠬᠦᠴᠦᠲᠡᠶ ᠬᠠᠤᠯᠢ ᠴᠠᠭ᠋ᠠᠵᠠ ᠵᠢᠨ ᠵᠡᠪᠰᠡᠭ ᠬᠠᠩᠭ᠋ᠠᠭᠰᠠᠨ ᠪᠠᠶ᠋ᠢᠨ᠎ᠠ᠃

ᠬᠦᠯᠦᠰᠦᠨ ᠲᠠᠷᠢᠶᠠᠴᠢᠨ᠎ᠤ ᠴᠠᠯᠢᠩ᠎ᠢ ᠥᠷᠢᠲᠦᠵᠦ ᠤᠳᠠᠭ᠋ᠠᠰᠢᠷᠠᠭᠣᠯᠬᠤ ᠠᠰᠠᠭᠤᠳᠠᠯ ᠨᠢ ᠣᠯᠠᠨ ᠲᠦᠮᠡᠨ᠎ᠤ ᠲᠤᠰ ᠪᠡᠶ᠎ᠡ ᠵᠢᠨ ᠠᠰᠢᠭ ᠲᠤᠰᠠ ᠲᠠᠢ ᠬᠤᠯᠪᠤᠭᠳᠠᠵᠤ ᠂ ᠨᠠᠮ᠎ᠤᠨ ᠲᠥᠪ ᠬᠤᠷᠢᠶ᠎ᠠ᠎ᠠᠴᠠ ᠳᠡᠭᠡᠳᠦ ᠬᠡᠮᠵᠢᠶ᠎ᠡ᠎ᠪᠠᠷ ᠠᠩᠬᠠᠷᠴᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠠᠴᠠ ᠤᠯᠠᠨᠲᠠ ᠴᠢᠬᠤᠯᠠᠴᠢᠯᠠᠨ ᠰᠢᠢ᠍ᠳᠪᠦᠷᠢᠯᠡᠬᠦ ᠠᠷᠠᠳ᠎ᠤᠨ ᠠᠮᠢᠳᠤᠷᠠᠯ᠎ᠤᠨ ᠶᠡᠭᠡ ᠶᠠᠪᠤᠳᠠᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠬᠠᠤᠯᠢ ᠲᠣᠭᠲᠠᠭ᠋ᠠᠬᠤ ᠣᠳᠣᠷᠢᠳᠣᠮᠵᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠣᠯᠵᠦ ᠂ ᠪᠠᠶ᠋ᠢᠴᠠᠭ᠋ᠠᠨ ᠰᠤᠳᠤᠯᠬᠤ᠂ ᠲᠤᠭᠤᠷᠪᠢᠨ ᠪᠢᠴᠢᠬᠦ᠂ ᠨᠤᠲᠠᠯᠠᠬᠤ᠂ ᠬᠢᠨᠠᠨ ᠵᠥᠪᠯᠡᠬᠦ᠂ ᠰᠠᠨᠠᠯ ᠬᠤᠷᠢᠶᠠᠬᠤ᠂ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠵᠡᠷᠭᠡ ᠡᠯ᠎ᠡ ᠵᠦᠢ᠍ᠯ᠎ᠤᠨ ᠠᠵᠢᠯ᠎ᠢ ᠪᠦᠬᠦ ᠬᠦᠴᠦᠨ ᠵᠶ᠋ᠠᠷ ᠵᠶ᠋ᠠᠨ ᠲᠦᠯᠬᠢᠨ ᠠᠬᠢᠭᠤᠯᠤᠨ᠎ᠠ᠃ ᠣᠳᠣᠬᠠᠨ᠎ᠤ ᠬᠦᠯᠦᠰᠦᠨ ᠲᠠᠷᠢᠶᠠᠴᠢᠨ᠎ᠤ ᠴᠠᠯᠢᠩ ᠥᠭᠬᠦ ᠵᠢ ᠪᠠᠲᠤᠯᠠᠬᠤ ᠵᠢᠨ ᠬᠦᠴᠢᠷᠳᠡᠯ᠂ ᠲᠦᠭᠵᠢᠷᠡᠯ᠂ ᠡᠪᠡᠷᠰᠢᠶᠡᠯ᠎ᠲᠠᠢ ᠭᠠᠵᠠᠷ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠠᠵᠢᠯ ᠲᠥᠷᠥᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠴᠠᠭ᠋ᠠᠬᠤ ᠰᠢᠭᠦᠬᠦ ᠪᠠᠶ᠋ᠢᠭᠤᠯᠭ᠎ᠠ᠂ ᠬᠢᠨᠠᠨ ᠪᠠᠶ᠋ᠢᠴᠠᠭ᠋ᠠᠬᠤ ᠵᠥᠪᠯᠡᠯ᠎ᠤᠨ ᠪᠠᠶ᠋ᠢᠭᠤᠯᠭ᠎ᠠ᠂ ᠰᠣᠨᠢᠨ ᠮᠡᠳᠡᠭᠡᠨ᠎ᠤ ᠵᠠᠭᠤᠴᠢᠯᠠᠭᠤᠷ᠎ᠤᠨ ᠬᠦᠴᠦᠨ᠎ᠢ ᠪᠦᠲᠦᠮᠵᠢᠲᠡᠶ᠎ᠪᠠᠷ ᠡᠮᠬᠢᠯᠡᠨ ᠨᠡᠶ᠋ᠢᠯᠡᠭᠦᠯᠵᠦ᠂ ᠴᠠᠯᠢᠩ ᠥᠷᠢᠲᠦᠬᠦ ᠠᠰᠠᠭᠤᠳᠠᠯ᠎ᠢ ᠬᠠᠤᠯᠢ ᠶᠣᠰᠣᠭ᠋ᠠᠷ ᠵᠠᠰᠠᠬᠤ ᠲᠦᠷᠢᠮ᠎ᠤᠨ ᠨᠡᠶ᠋ᠢᠯᠡᠯᠢ ᠲᠣᠭᠲᠠᠭ᠋ᠠᠪᠠ᠃

ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠳᠡᠳ᠋ ᠳᠠᠷᠤᠭ᠎ᠠ ᠰᠢᠤᠢ ᠷᠦᠢ ᠰᠢᠶᠠ 《 ᠲᠦᠷᠢᠮ》᠎ᠳᠤ 《ᠠᠵᠢᠯ ᠲᠥᠷᠥᠯ᠎ᠢ ᠬᠠᠮᠢᠶᠠᠷᠬᠤ᠎ᠳᠤ ᠡᠷᠬᠡᠪᠰᠢ ᠴᠠᠯᠢᠩ ᠥᠷᠢᠲᠦᠬᠦ ᠵᠢ ᠬᠠᠮᠢᠶᠠᠷᠴᠤ ᠂ ᠪᠠᠯᠠ ᠮᠥᠩᠭᠦ ᠵᠢ ᠬᠠᠮᠢᠶᠠᠷᠬᠤ᠎ᠳᠤ ᠡᠷᠬᠡᠪᠰᠢ ᠴᠠᠯᠢᠩ ᠥᠷᠢᠲᠦᠬᠦ ᠵᠢ ᠬᠠᠮᠢᠶᠠᠷᠴᠤ ᠂ ᠲᠥᠷᠥᠯ ᠵᠦᠢ᠍ᠯ᠎ᠢ ᠬᠠᠮᠢᠶᠠᠷᠬᠤ᠎ᠳᠤ ᠡᠷᠬᠡᠪᠰᠢ ᠴᠠᠯᠢᠩ ᠥᠷᠢᠲᠦᠬᠦ ᠵᠢ ᠬᠠᠮᠢᠶᠠᠷᠬᠤ ᠬᠡᠷᠡᠭᠲᠡᠢ 》 ᠭᠡᠵᠦ ᠴᠢᠬᠣᠯᠠᠴᠢᠯᠠᠭᠰᠠᠨᠨᠢ ᠳᠠᠷᠣᠢ 《ᠵᠠᠰᠠᠬᠤ ᠵᠢ ᠴᠢᠬᠤᠯᠠᠴᠢᠯᠠᠬᠤ᠂ ᠰᠡᠷᠭᠡᠶ᠋ᠢᠯᠡᠬᠦ ᠵᠢ ᠬᠥᠩᠭᠡᠪᠴᠢᠯᠡᠬᠦ》 ᠥᠷᠢ ᠰᠢᠷᠢ ᠵᠢ ᠵᠠᠰᠠᠬᠤ ᠵᠠᠭᠪᠤᠷ᠎ᠢ ᠬᠤᠪᠢᠷᠠᠭᠤᠯᠵᠤ᠂ ᠡᠩ᠎ᠤᠨ ᠴᠠᠭ᠎ᠲᠤ ᠬᠦᠴᠦ ᠣᠷᠣᠭᠤᠯᠬᠤ ᠶᠠᠪᠣᠳᠠᠯ ᠪᠣᠯᠣᠨ᠎ᠠ ᠃

ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠳᠡᠳ᠋ ᠳᠠᠷᠤᠭ᠎ᠠ ᠵᠠᠩ ᠾᠧ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯᠥᠰᠥᠨ ᠲᠠᠷᠢᠶᠠᠴᠢᠨ᠎ᠤ ᠴᠠᠯᠢᠩ᠎ᠢ ᠥᠭᠬᠦ ᠵᠢ ᠪᠠᠲᠤᠯᠠᠬᠤ ᠲᠦᠷᠢᠮ》᠎ᠢ ᠪᠥᠬᠦ ᠲᠠᠯ᠎ᠠ᠎ᠪᠠᠷ ᠲᠣᠭᠣᠰᠢᠯᠠᠭᠣᠯᠣᠨ ᠨᠠᠶ᠋ᠢᠳᠠᠪᠤᠷᠢᠵᠢᠭᠤᠯᠵᠤ᠂ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠬᠢᠭᠡᠳ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ᠎ᠤᠨ ᠠᠵᠢᠯ᠎ᠤᠨ ᠨᠡᠢ᠌ᠯᠡᠮᠡᠯ ᠬᠦᠴᠦᠨ᠎ᠢ ᠪᠦᠷᠢᠯᠳᠦᠭᠦᠯᠬᠦ ᠵᠢ ᠣᠯᠠᠮ ᠨᠢᠭᠡ ᠠᠯᠬᠤᠮ ᠴᠢᠩᠭ᠋ᠠᠳᠬᠠᠨ ᠂ ᠬᠦᠯᠦᠰᠦᠨ ᠮᠠᠯᠴᠢᠨ ᠲᠠᠷᠢᠶᠠᠴᠢᠨ᠎ᠤ ᠴᠠᠯᠢᠩ ᠥᠭᠬᠦ ᠵᠢ ᠪᠥᠬᠦ ᠬᠦᠴᠦᠨ ᠵᠶ᠋ᠠᠷ ᠵᠶ᠋ᠠᠨ ᠪᠠᠲᠣᠯᠠᠨ᠎ᠠ ᠃

ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠳᠡᠳ᠋ ᠳᠠᠷᠤᠭ᠎ᠠ ᠵᠠᠩ ᠷᠦᠢ ᠾᠧ ᠬᠠᠤᠯᠢ ᠴᠠᠭ᠋ᠠᠵᠠ ᠵᠢᠨ ᠲᠢᠩᠬᠢᠮ ᠡᠭᠦᠷᠭᠡ ᠴᠢᠳᠠᠪᠤᠷᠢ ᠵᠢᠨ ᠦᠢ᠍ᠯᠡᠳᠦᠯ ᠵᠶ᠋ᠠᠨ ᠪᠠᠳᠠᠷᠠᠭᠤᠯᠵᠤ᠂ ᠬᠠᠤᠯᠢ ᠴᠠᠭ᠋ᠠᠵᠠ ᠵᠢᠨ ᠲᠤᠰᠠᠯᠠᠮᠵᠢ ᠦᠵᠡᠭᠦᠯᠬᠦ ᠪᠠ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠵᠡᠷᠭᠡ ᠲᠠᠯ᠎ᠠ᠎ᠪᠠᠷ ᠠᠷᠭ᠎ᠠ ᠬᠡᠮᠵᠢᠶ᠎ᠡ ᠠᠪᠴᠤ᠂ ᠬᠥᠯᠥᠰᠥᠨ ᠠᠵᠢᠯᠴᠢᠨ᠎ᠤ ᠬᠠᠤᠯᠢ ᠶᠣᠰᠣᠨ᠎ᠤ ᠡᠷᠬᠡ ᠠᠰᠢᠭ᠎ᠢ ᠪᠥᠬᠦ ᠬᠦᠴᠦᠨ ᠵᠶ᠋ᠠᠷ ᠵᠶ᠋ᠠᠨ ᠬᠠᠮᠠᠭ᠋ᠠᠯᠠᠪᠠ᠃