ᠬᠣᠯᠪᠣᠭ᠋ᠠᠨ᠎ᠤ ᠬᠣᠶᠠᠳᠤᠭ᠋ᠠᠷ ᠳᠡᠰ᠎ᠤᠨ ᠬᠢᠷᠢ ᠭᠡᠮ᠎ᠢ ᠨᠢᠭᠡ ᠵᠢᠯ᠎ᠠᠴᠠ ᠲᠠᠪᠤᠨ ᠵᠢᠯ ᠵᠶ᠋ᠠᠷ ᠦᠷᠭᠦᠯᠵᠢᠯᠡᠨ᠎ᠡ
2024-10-21

     ᠵᠠᠬᠢᠳᠠᠯ ᠰᠤᠷᠪᠤᠯᠵᠢᠯᠠᠭᠴᠢ ᠵᠢᠨ ᠨᠡᠷ᠎ᠡ᠄ ᠸᠠᠩ ᠣᠪᠣᠭᠲᠤ

     ᠵᠠᠬᠢᠳᠠᠯ ᠢᠷᠡᠭᠦᠯᠦᠭᠰᠡᠨ ᠴᠠᠭ᠄ 2024-09-25 19:47:02

     ᠵᠠᠬᠢᠳᠠᠯ᠎ᠤᠨ ᠭᠣᠣᠯ ᠰᠡᠳᠦᠪ᠄ ᠬᠣᠯᠪᠣᠭ᠋ᠠᠨ᠎ᠤ ᠬᠣᠶᠠᠳᠤᠭ᠋ᠠᠷ ᠳᠡᠰ᠎ᠤᠨ ᠬᠢᠷᠢ ᠭᠡᠮ᠎ᠢ ᠨᠢᠭᠡ ᠵᠢᠯ᠎ᠠᠴᠠ ᠲᠠᠪᠤᠨ ᠵᠢᠯ ᠵᠶ᠋ᠠᠷ ᠦᠷᠭᠦᠯᠵᠢᠯᠡᠨ᠎ᠡ

     ᠵᠠᠬᠢᠳᠠᠯ᠎ᠤᠨ ᠠᠭᠤᠯᠭ᠎ᠠ᠄ ᠮᠠᠨ᠎ᠤ ᠨᠢᠭᠡᠴᠢ ᠵᠢᠨ ᠬᠣᠯᠪᠣᠭ᠋ᠠᠨ᠎ᠤ ᠶᠡᠷᠦᠩᠬᠡᠢ ᠳᠠᠭ᠋ᠠᠭ᠋ᠠᠴᠢᠯᠠᠬᠤ ᠬᠤᠶᠠᠳᠤᠭ᠋ᠠᠷ ᠳᠡᠰ᠎ᠤᠨ ᠬᠢᠷᠢ ᠬᠡᠮ᠎ᠤᠨ ᠨᠢᠭᠡ ᠵᠢᠯ᠎ᠤᠨ ᠲᠦᠷ ᠴᠠᠭ᠎ᠤᠨ ᠦᠨᠡᠮᠯᠡᠯ ᠵᠶ᠋ᠡᠨ ᠲᠠᠪᠤᠨ ᠵᠢᠯ ᠵᠶ᠋ᠡᠷ ᠦᠷᠭᠦᠯᠵᠢᠯᠡᠬᠦ᠎ᠪᠠᠷ ᠪᠡᠯᠡᠳᠬᠡᠵᠦ ᠪᠠᠶ᠋ᠢᠨ᠎ᠠ᠂ ᠬᠣᠯᠪᠣᠭ᠋ᠠᠨ᠎ᠤ ᠪᠠᠢ᠌ᠭᠤᠯᠤᠭᠴᠢ ᠱᠠᠭ᠋ᠠᠷᠳᠠᠨ᠎ᠠ ᠦᠦ? 

     ᠬᠠᠷᠢᠭᠤᠯᠤᠭᠰᠠᠨ ᠴᠠᠭ᠄2024-09-30 10:48:08

     ᠬᠠᠷᠢᠭᠤᠯᠲᠠ ᠵᠢᠨ ᠠᠭᠤᠯᠭ᠎ᠠ᠄ ᠰᠠᠢ᠌ᠨ ᠤᠤ᠂ ᠲᠠᠨ᠎ᠤ ᠲᠤᠰᠭ᠋ᠠᠭᠰᠠᠨ ᠬᠤᠯᠪᠣᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠢᠯ᠎ᠤᠨ ᠶᠡᠷᠦᠩᠬᠡᠶ᠋ᠢᠯᠡᠨ ᠳᠠᠭ᠋ᠠᠭ᠋ᠠᠴᠢᠯᠠᠬᠤ ᠬᠤᠶᠠᠳᠤᠭ᠋ᠠᠷ ᠳᠡᠰ᠎ᠤᠨ ᠬᠢᠷᠢ ᠬᠡᠮ᠎ᠢ ᠬᠤᠶ᠋ᠢᠰᠢᠯᠠᠭᠤᠯᠬᠤ ᠤᠴᠢᠷ ᠶᠠᠪᠤᠳᠠᠯ᠎ᠢ 《ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠢᠷᠢ ᠬᠡᠮ᠎ᠤᠨ ᠪᠠᠷᠢᠮᠵᠢᠶ᠎ᠠ ᠵᠢᠨ ᠬᠡᠰᠡᠭ ᠭᠦᠢ᠍ᠴᠡᠳᠬᠡᠯ ᠲᠤᠭ᠎ᠠ ᠵᠢ ᠳᠥᠭᠦᠮᠴᠢᠯᠡᠬᠦ ᠲᠤᠬᠠᠶ ᠣᠷᠣᠨ ᠰᠠᠭᠤᠴᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠎ᠤ ᠮᠡᠳᠡᠭᠳᠡᠯ》 (ᠪᠠᠢ᠌ᠭᠤᠯᠤᠯᠲᠠ ᠵᠠᠬ᠎ᠠ [2016] 226 ᠳ᠋ᠤᠭ᠋ᠠᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠶᠣᠰᠣᠭ᠋ᠠᠷ᠂ 《ᠬᠤᠯᠪᠣᠭ᠋ᠠᠨ᠎ᠤ ᠢᠨᠵᠧᠨᠧᠷᠢᠩ᠎ᠤᠨ ᠠᠵᠢᠯ᠎ᠤᠨ ᠶᠡᠷᠦᠩᠬᠡᠶ ᠳᠠᠭ᠋ᠠᠭ᠋ᠠᠴᠢᠯᠠᠯᠲᠠ ᠵᠢᠨ ᠭᠤᠷᠪᠠᠳᠤᠭ᠋ᠠᠷ ᠳᠡᠰ᠎ᠤᠨ ᠬᠢᠷᠢ ᠬᠡᠮ᠎ᠤᠨ ᠪᠠᠷᠢᠮᠵᠢᠶ᠎ᠠ ᠵᠢᠨ ᠳᠣᠲᠣᠷᠠᠬᠢ ᠳᠠᠩᠰᠠᠯᠠᠭᠤᠯᠬᠤ ᠭᠦᠢ᠍ᠴᠡᠳᠬᠡᠯ ᠲᠤᠭ᠎ᠠ ᠵᠢᠨ ᠲᠤᠬᠠᠶ ᠬᠢᠨᠠᠨ ᠰᠢᠯᠭ᠋ᠠᠬᠤ》 ᠵᠢ ᠬᠦᠴᠦᠨ ᠥᠬᠡᠶ ᠪᠣᠯᠭ᠋ᠠᠨ᠎ᠠ᠃ ᠬᠣᠯᠪᠣᠭ᠋ᠠᠨ᠎ᠤ ᠢᠨᠵᠧᠨᠧᠷᠢᠩ᠎ᠤᠨ ᠶᠡᠷᠦᠩᠬᠡᠢ ᠳᠠᠭ᠋ᠠᠭ᠋ᠠᠴᠢᠯᠠᠬᠤ ᠬᠣᠶᠠᠳᠤᠭ᠋ᠠᠷ ᠳᠡᠰ᠎ᠤᠨ ᠬᠢᠷᠢ ᠴᠢᠳᠠᠮᠵᠢ ᠵᠢ ᠬᠣᠢ᠌ᠰᠢᠯᠠᠭᠤᠯᠬᠤ᠎ᠳᠤ ᠬᠣᠯᠪᠣᠭ᠋ᠠᠨ᠎ᠤ ᠢᠨᠵᠧᠨᠧᠷᠢᠩ᠎ᠤᠨ ᠲᠤᠰᠭ᠋ᠠᠢ ᠮᠡᠷᠭᠡᠵᠢᠯ᠎ᠤᠨ ᠳᠠᠩᠰᠠᠯᠠᠭᠤᠯᠤᠭᠰᠠᠨ ᠪᠠᠢ᠌ᠭᠤᠯᠤᠭᠴᠢ ᠲᠤᠰᠢᠶᠠᠬᠤ ᠴᠢᠬᠤᠯᠠ ᠦᠭᠡᠢ᠃ ᠮᠠᠨ᠎ᠤ ᠲᠢᠩᠬᠢᠮ ᠦᠢ᠍ᠯᠡᠴᠢᠯᠡᠭᠡᠨ᠎ᠤ ᠶᠠᠰᠤ ᠴᠢᠨᠠᠷ ᠵᠶ᠋ᠠᠨ ᠦᠷᠭᠦᠯᠵᠢᠯᠡᠨ ᠰᠠᠢ᠌ᠵᠢᠷᠠᠭᠤᠯᠤᠨ᠎ᠠ᠂ ᠲᠠᠨ᠎ᠤ ᠬᠠᠷᠢᠯᠴᠠᠨ ᠰᠣᠯᠢᠯᠴᠠᠭ᠎ᠠ ᠬᠢᠬᠦ ᠪᠤᠯᠤᠩ᠎ᠢ ᠠᠩᠬᠠᠷᠴᠤ ᠳᠡᠮᠵᠢᠭᠰᠡᠨ᠎ᠳᠤ ᠲᠠᠯᠠᠷᠬᠠᠵᠤ ᠪᠠᠶ᠋ᠢᠨ᠎ᠠ᠃

 

     ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠭᠠᠵᠠᠷ

    2024 ᠣᠨ᠎ᠤ 9 ᠳ᠋ᠦ᠍ᠭᠡᠷ ᠰᠠᠷ᠎ᠠ ᠵᠢᠨ30᠎ᠤ ᠡᠳᠦᠷ

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ