ᠵᠠᠬᠢᠳᠠᠯ ᠰᠤᠷᠪᠤᠯᠵᠢᠯᠠᠭᠴᠢ ᠵᠢᠨ ᠨᠡᠷ᠎ᠡ᠄ ᠯᠢ ᠣᠪᠣᠭᠲᠤ
ᠵᠠᠬᠢᠳᠠᠯ ᠢᠷᠡᠭᠦᠯᠦᠭᠰᠡᠨ ᠴᠠᠭ᠄ 2024-07-18 02:34:26
ᠵᠠᠬᠢᠳᠠᠯ᠎ᠤᠨ ᠭᠣᠣᠯ ᠰᠡᠳᠦᠪ᠄ ᠥᠪᠥᠷ ᠪᠠᠢ᠌ᠭᠤᠯᠤᠯᠲᠠ ᠴᠢᠨᠠᠷ ( 2021)186 ᠳ᠋ᠤᠭ᠋ᠠᠷ ᠲᠣᠭ᠋ᠠᠲᠤ ᠵᠢ ᠯᠠᠪᠯᠠᠬᠤ
ᠵᠠᠬᠢᠳᠠᠯ᠎ᠤᠨ ᠠᠭᠤᠯᠭ᠎ᠠ᠄ ᠲᠣᠰᠣ ᠨᠡᠮᠡᠬᠦ ᠥᠷᠲᠡᠭᠡ ᠵᠢᠨ ᠪᠠᠷᠢᠯᠭ᠎ᠠ ᠵᠢᠨ ᠦᠨᠡᠮᠯᠡᠯ ᠣᠯᠭᠣᠭᠰᠠᠨ ᠲᠠᠯᠠᠪᠠᠢ 670 ᠲᠡᠭᠰᠢ ᠳᠥᠷᠪᠡᠯᠵᠢᠨ ᠮᠧᠲᠷ᠂ ᠡᠭᠦᠨ᠎ᠳᠤ ᠥᠷᠲᠡᠭᠡᠨ᠎ᠤ ᠭᠡᠷ 450 ᠲᠡᠭᠰᠢ ᠳᠥᠷᠪᠡᠯᠵᠢᠨ ᠮᠧᠲᠷ᠂ ᠪᠠᠷᠢᠯᠭ᠎ᠠ ᠵᠢᠨ ᠲᠣᠣᠷ᠎ᠤᠨ ᠵᠢᠶᠠᠰᠠ᠎ᠨᠢ 220 ᠲᠡᠭᠰᠢ ᠳᠥᠷᠪᠡᠯᠵᠢᠨ ᠮᠧᠲᠷ᠂ ᠥᠷᠲᠡᠭᠡᠨ᠎ᠤ ᠭᠡᠷ᠎ᠤᠨ ᠲᠠᠯᠠᠪᠠᠢ᠎ᠨᠢ 500 ᠲᠡᠭᠰᠢ ᠳᠥᠷᠪᠡᠯᠵᠢᠨ ᠮᠧᠲᠷ᠂ ᠪᠠᠷᠢᠯᠭ᠎ᠠ ᠵᠢᠨ ᠠᠵᠢᠯ᠎ᠤᠨ ᠵᠥᠪᠰᠢᠶᠡᠷᠡᠯ᠎ᠤᠨ ᠦᠨᠡᠮᠯᠡᠯ ᠭᠦᠢ᠍ᠴᠡᠳᠬᠡᠬᠦ ᠴᠢᠬᠤᠯᠠᠲᠠᠶ ᠤᠤ?
ᠬᠠᠷᠢᠭᠤᠯᠤᠭᠰᠠᠨ ᠴᠠᠭ᠄ 2024-07-23 11:54:27
ᠬᠠᠷᠢᠭᠤᠯᠲᠠ ᠵᠢᠨ ᠠᠭᠤᠯᠭ᠎ᠠ᠄ ᠰᠠᠢ᠌ᠨ ᠤᠤ᠂ ᠲᠠᠨ᠎ᠤ ᠲᠤᠰᠭ᠋ᠠᠭᠰᠠᠨ ᠥᠪᠥᠷ ᠪᠠᠢ᠌ᠭᠤᠯᠤᠯᠲᠠ ᠴᠢᠨᠠᠷ ( 2021)186 ᠳ᠋ᠤᠭ᠋ᠠᠷ ᠲᠣᠭ᠋ᠠᠲᠤ ᠵᠢᠨ ᠲᠤᠬᠠᠢ ᠠᠰᠠᠭᠤᠳᠠᠯ᠎ᠢ ᠨᠢᠭᠡᠨᠲᠡ ᠣᠯᠵᠤ ᠠᠪᠤᠭ᠋ᠠᠳ ᠣᠢ᠌ᠯᠭ᠋ᠠᠭᠰᠠᠨ᠂ ᠣᠳᠣ ᠳᠣᠣᠷᠠᠬᠢ ᠮᠡᠲᠦ ᠬᠠᠷᠢᠭᠤᠯᠲᠠ ᠥᠭᠭᠦᠶ᠎ᠡ᠄ ᠦᠰᠦᠭ ᠪᠢᠴᠢᠭ᠎ᠤᠨ ᠳᠦᠷᠰᠦᠯᠡᠯᠲᠡ ᠵᠢ ᠦᠨᠳᠦᠰᠦᠯᠡᠨ ᠪᠠᠷᠢᠯᠭ᠎ᠠ ᠵᠢᠨ ᠠᠵᠢᠯ᠎ᠤᠨ ᠵᠥᠪᠰᠢᠶᠡᠷᠡᠯ᠎ᠤᠨ ᠦᠨᠡᠮᠯᠡᠯ ᠠᠪᠬᠤ ᠴᠢᠬᠤᠯᠠᠲᠠᠢ ᠡᠰᠡᠬᠦ ᠵᠢ ᠮᠠᠭ᠋ᠠᠳᠯᠠᠨ ᠲᠣᠭᠲᠠᠭ᠋ᠠᠬᠤ ᠵᠢᠨ ᠠᠷᠭ᠎ᠠ ᠦᠭᠡᠢ ᠂ ᠪᠠᠷᠢᠯᠭ᠎ᠠ ᠵᠢᠨ ᠪᠣᠳᠠᠲᠤ ᠪᠠᠶ᠋ᠢᠳᠠᠯ᠎ᠢ ᠦᠨᠳᠦᠰᠦᠯᠡᠨ ᠰᠤᠳᠤᠯᠤᠨ ᠮᠠᠭ᠋ᠠᠳᠯᠠᠬᠤ ᠬᠡᠷᠡᠭᠲᠡᠢ᠂ ᠨᠢᠭᠡᠨᠲᠡ ᠯᠠᠪᠯᠠᠭᠰᠠᠨ ᠬᠥᠮᠥᠨ᠎ᠳᠤ ᠤᠲᠠᠰᠤ ᠠᠪᠤᠭ᠋ᠠᠳ ᠲᠥᠷᠥᠯ ᠵᠦᠢ᠍ᠯ᠎ᠤᠨ ᠪᠠᠶ᠋ᠢᠭ᠎ᠠ ᠭᠠᠵᠠᠷ᠎ᠤᠨ ᠪᠠᠷᠢᠯᠭ᠎ᠠ ᠵᠢᠨ ᠠᠵᠢᠯ᠎ᠤᠨ ᠵᠥᠪᠰᠢᠶᠡᠷᠡᠯ᠎ᠤᠨ ᠦᠨᠡᠮᠯᠡᠯ ᠣᠯᠭᠣᠬᠤ ᠪᠠᠶ᠋ᠢᠭᠤᠯᠭ᠎ᠠ᠎ᠠᠴᠠ ᠨᠠᠷᠢᠨ ᠯᠠᠪᠯᠠᠬᠤ ᠵᠥᠪᠯᠡᠯᠭᠡ ᠥᠭᠪᠡ᠃ ᠮᠠᠨ᠎ᠤ ᠲᠢᠩᠬᠢᠮ ᠦᠢ᠍ᠯᠡᠴᠢᠯᠡᠭᠡᠨ᠎ᠤ ᠶᠠᠰᠤ ᠴᠢᠨᠠᠷ ᠵᠶ᠋ᠠᠨ ᠦᠷᠭᠦᠯᠵᠢᠯᠡᠨ ᠰᠠᠢ᠌ᠵᠢᠷᠠᠭᠤᠯᠤᠨ᠎ᠠ᠂ ᠲᠠᠨ᠎ᠤ ᠬᠠᠷᠢᠯᠴᠠᠨ ᠰᠣᠯᠢᠯᠴᠠᠭ᠎ᠠ ᠬᠢᠬᠦ ᠪᠤᠯᠤᠩ᠎ᠢ ᠠᠩᠬᠠᠷᠴᠤ ᠳᠡᠮᠵᠢᠭᠰᠡᠨ᠎ᠳᠤ ᠲᠠᠯᠠᠷᠬᠠᠵᠤ ᠪᠠᠶ᠋ᠢᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠭᠠᠵᠠᠷ
2024 ᠣᠨ᠎ᠤ 7 ᠳ᠋ᠤᠭ᠋ᠠᠷ ᠰᠠᠷ᠎ᠠ ᠵᠢᠨ 23᠎ᠤ ᠡᠳᠦᠷ