ᠠᠶᠤᠯ ᠦᠭᠡᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ
2024-07-24

     ᠵᠠᠬᠢᠳᠠᠯ ᠰᠤᠷᠪᠤᠯᠵᠢᠯᠠᠭᠴᠢ ᠵᠢᠨ ᠨᠡᠷ᠎ᠡ᠄ ᠵᠠᠩ ᠣᠪᠣᠭᠲᠤ

     ᠵᠠᠬᠢᠳᠠᠯ ᠢᠷᠡᠭᠦᠯᠦᠭᠰᠡᠨ ᠴᠠᠭ᠄ 2024-07-15 22:39:59

     ᠵᠠᠬᠢᠳᠠᠯ᠎ᠤᠨ ᠭᠣᠣᠯ ᠰᠡᠳᠦᠪ᠄ ᠠᠶᠤᠯ ᠦᠭᠡᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ

     ᠵᠠᠬᠢᠳᠠᠯ᠎ᠤᠨ ᠠᠭᠤᠯᠭ᠎ᠠ᠄  ᠪᠢ ᠬᠦᠳᠡᠯᠮᠦᠷᠢ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠤ ᠲᠤᠬᠠᠢ ᠯᠠᠪᠯᠠᠬᠤ ᠰᠠᠨᠠᠭ᠎ᠠ᠎ᠲᠠᠢ᠂ ᠤᠨᠴᠠ ᠲᠦᠷᠦᠯ᠎ᠤᠨ ᠠᠵᠢᠯᠴᠢᠨ᠎ᠢ ᠬᠡᠷᠬᠢᠨ ᠠᠵᠤ ᠠᠬᠤᠶ᠋ᠢᠯᠠᠯ᠎ᠳᠤ ᠣᠷᠣᠭᠤᠯᠬᠤ ᠪᠣᠢ? ᠪᠢ ᠭᠤᠶᠤᠴᠢᠯᠠᠯ ᠭᠠᠷᠭ᠋ᠠᠬᠤ ᠭᠠᠵᠠᠷ᠎ᠢ᠎ᠨᠢ ᠡᠷᠢᠵᠦ ᠤᠯᠤᠭᠰᠠᠨ ᠦᠭᠡᠢ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶᠡᠨ ᠳᠡᠭᠡᠷᠡᠬᠢ ᠤᠷᠤᠨ ᠰᠠᠭᠤᠴᠠ ᠪᠠ ᠪᠦᠳᠦᠭᠡᠨ ᠪᠠᠶ᠋ᠢᠭᠤᠯᠤᠯᠳᠠ ᠵᠢᠨ ᠲᠢᠩᠬᠢᠮ᠎ᠤᠨ ᠤᠳᠠᠰᠤ᠎ᠨᠢ ᠨᠢᠭᠡ᠎ᠨᠢ ᠴᠦ᠍ ᠨᠡᠪᠳᠡᠷᠡᠵᠦ ᠲᠡᠶ᠋ᠢᠯᠬᠦ ᠦᠭᠡᠢ᠂ ᠠᠰᠠᠭᠤᠨ ᠯᠠᠪᠯᠠᠬᠤ ᠭᠠᠵᠠᠷ ᠦᠭᠡᠢ ᠪᠠᠢ᠌ᠨ᠎ᠠ 

     ᠬᠠᠷᠢᠭᠤᠯᠤᠭᠰᠠᠨ ᠴᠠᠭ᠄ 2024-07-22 11:16:09

     ᠬᠠᠷᠢᠭᠤᠯᠲᠠ ᠵᠢᠨ ᠠᠭᠤᠯᠭ᠎ᠠ᠄ ᠰᠠᠢ᠌ᠨ ᠤᠤ᠂ ᠲᠠᠨ᠎ᠤ ᠲᠤᠰᠭ᠋ᠠᠭᠰᠠᠨ ᠠᠶᠤᠯ ᠦᠭᠡᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠤᠨ ᠮᠡᠳᠡᠭᠦᠯᠦᠯᠲᠡ ᠵᠢᠨ ᠲᠤᠬᠠᠢ ᠠᠰᠠᠭᠤᠳᠠᠯ᠎ᠢ ᠨᠢᠭᠡᠨᠲᠡ ᠣᠯᠵᠤ ᠠᠪᠤᠭ᠋ᠠᠳ ᠣᠢ᠌ᠯᠭ᠋ᠠᠭᠰᠠᠨ᠂  ᠣᠳᠣ ᠳᠣᠣᠷᠠᠬᠢ ᠮᠡᠲᠦ ᠬᠠᠷᠢᠭᠤᠯᠲᠠ ᠥᠭᠭᠦᠶ᠎ᠡ᠄ 1. ᠣᠨᠴᠠᠭ᠋ᠠᠢ ᠠᠵᠢᠯᠲᠠᠨ ᠲᠤᠬᠠᠶ ᠵᠢᠨ ᠭᠠᠵᠠᠷ᠎ᠤᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠱᠠᠭ᠋ᠠᠷᠳᠠᠯᠭ᠎ᠠ ᠶᠣᠰᠣᠭ᠋ᠠᠷ᠂ ᠰᠢᠰᠲ᠋ᠧᠮ ᠳᠣᠲᠣᠷ᠎ᠠ ᠭᠡᠷᠡᠴᠢ ᠦᠨᠡᠮᠯᠡᠯ ᠵᠶ᠋ᠠᠨ ᠳᠠᠮᠵᠢᠭᠤᠯᠪᠠᠯ ᠪᠣᠯᠴᠢᠬᠠᠨ᠎ᠠ᠂ ᠭᠡᠪᠡᠴᠦ ᠰᠢᠰᠲ᠋ᠧᠮ᠎ᠤᠨ ᠳᠣᠲᠣᠷ᠎ᠠ ᠣᠷᠣᠭᠤᠯᠬᠤ ᠴᠢᠬᠤᠯᠠ ᠦᠭᠡᠢ᠃ 2. ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠭᠠᠵᠠᠷ᠎ᠤᠨ ᠠᠰᠠᠭᠤᠨ ᠯᠠᠪᠯᠠᠬᠤ ᠤᠲᠠᠰᠤ᠄ 0471-6944058᠂0471-6944062᠂ ᠠᠰᠠᠭᠤᠨ ᠯᠠᠪᠯᠠᠬᠤ ᠬᠡᠮᠵᠢᠶ᠎ᠡ ᠨᠡᠯᠢᠶᠡᠳ ᠶᠡᠭᠡ ᠪᠣᠯᠬᠤᠷ ᠬᠦᠯᠢᠴᠡᠩᠭᠦᠢ᠎ᠪᠠᠷ ᠬᠦᠯᠢᠶᠡᠭᠡᠷᠡᠢ᠃ ᠮᠠᠨ᠎ᠤ ᠲᠢᠩᠬᠢᠮ ᠦᠢ᠍ᠯᠡᠴᠢᠯᠡᠭᠡᠨ᠎ᠤ ᠶᠠᠰᠤ ᠴᠢᠨᠠᠷ ᠵᠶ᠋ᠠᠨ ᠦᠷᠭᠦᠯᠵᠢᠯᠡᠨ ᠰᠠᠢ᠌ᠵᠢᠷᠠᠭᠤᠯᠤᠨ᠎ᠠ᠂ ᠲᠠᠨ᠎ᠤ ᠬᠠᠷᠢᠯᠴᠠᠨ ᠰᠣᠯᠢᠯᠴᠠᠭ᠎ᠠ ᠬᠢᠬᠦ ᠪᠤᠯᠤᠩ᠎ᠢ ᠠᠩᠬᠠᠷᠴᠤ ᠳᠡᠮᠵᠢᠭᠰᠡᠨ᠎ᠳᠤ ᠲᠠᠯᠠᠷᠬᠠᠵᠤ ᠪᠠᠶ᠋ᠢᠨ᠎ᠠ᠃

 

     ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠭᠠᠵᠠᠷ

    2024  ᠣᠨ᠎ᠤ 7  ᠳ᠋ᠤᠭ᠋ᠠᠷ ᠰᠠᠷ᠎ᠠ ᠵᠢᠨ 22᠎ᠤ ᠡᠳᠦᠷ

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ