ᠥᠷᠭᠥᠭᠡᠨ᠎ᠤ ᠢᠨᠵᠧᠨᠧᠷᠢᠩ᠎ᠤᠨ ᠴᠢᠨᠠᠷ᠎ᠤᠨ ᠰᠢᠯᠭ᠋ᠠᠨ ᠲᠣᠭᠲᠠᠭ᠋ᠠᠯᠲᠠ᠎ᠳᠤ ᠱᠠᠭ᠋ᠠᠷᠳᠠᠭᠳᠠᠬᠤ ᠬᠢᠷᠢ ᠬᠡᠮ
2024-10-08

     ᠵᠠᠬᠢᠳᠠᠯ ᠰᠤᠷᠪᠤᠯᠵᠢᠯᠠᠭᠴᠢ ᠵᠢᠨ ᠨᠡᠷ᠎ᠡ᠄ ᠯᠢ ᠣᠪᠣᠭᠲᠤ

     ᠵᠠᠬᠢᠳᠠᠯ ᠢᠷᠡᠭᠦᠯᠦᠭᠰᠡᠨ ᠴᠠᠭ᠄ 2024-09-28 01:41:27

     ᠵᠠᠬᠢᠳᠠᠯ᠎ᠤᠨ ᠭᠣᠣᠯ ᠰᠡᠳᠦᠪ᠄  ᠥᠷᠭᠥᠭᠡᠨ᠎ᠤ ᠢᠨᠵᠧᠨᠧᠷᠢᠩ᠎ᠤᠨ  ᠴᠢᠨᠠᠷ᠎ᠤᠨ ᠰᠢᠯᠭ᠋ᠠᠨ ᠲᠣᠭᠲᠠᠭ᠋ᠠᠯᠲᠠ᠎ᠳᠤ ᠱᠠᠭ᠋ᠠᠷᠳᠠᠭᠳᠠᠬᠤ ᠬᠢᠷᠢ ᠬᠡᠮ

     ᠵᠠᠬᠢᠳᠠᠯ᠎ᠤᠨ ᠠᠭᠤᠯᠭ᠎ᠠ᠄  ᠵᠥᠪᠬᠡᠨ 《  ᠢᠨᠵᠧᠨᠧᠷᠢᠩ᠎ᠤᠨ ᠵᠢᠷᠤᠵᠤ ᠲᠥᠯᠥᠪᠯᠡᠬᠦ ᠬᠢᠷᠢ ᠬᠡᠮ᠎ᠤᠨ ᠦᠨᠡᠮᠯᠡᠯ》᠎ᠤᠨ ᠬᠢᠷᠢ ᠬᠡᠮ᠎ᠤᠨ ᠲᠥᠷᠥᠯ ᠵᠢᠴᠢ ᠲᠠᠰ᠄ ᠪᠠᠷᠢᠯᠭ᠎ᠠ ᠵᠢᠨ ᠠᠵᠢᠯ ᠲᠥᠷᠥᠯ (ᠪᠠᠷᠢᠯᠭ᠎ᠠ ᠵᠢᠨ ᠢᠨᠵᠧᠨᠧᠷᠢᠩ)᠎ᠤᠨ ᠲᠤᠰᠬᠠᠶ ᠮᠡᠷᠭᠡᠵᠢᠯ᠎ᠤᠨ ᠬᠥᠬᠡᠭᠴᠢᠨ ᠲᠠᠰ;  ᠦᠵᠡᠮᠵᠢ ᠵᠢᠨ ᠴᠡᠴᠡᠷᠯᠢᠭ᠎ᠤᠨ ᠲᠤᠰᠭ᠋ᠠᠢ ᠲᠥᠷᠥᠯ ᠎ᠤᠨ ᠬᠥᠬᠡᠭᠴᠢᠨ ᠲᠠᠰ;  ᠬᠤᠲᠠ ᠵᠢᠨ ᠶᠠᠪᠤᠳᠠᠯ᠎ᠤᠨ ᠠᠵᠢᠯ ᠲᠥᠷᠥᠯ (ᠤᠰᠤ ᠬᠠᠩᠭ᠋ᠠᠬᠤ ᠢᠨᠵᠧᠨᠧᠷᠢᠩ᠂ ᠵᠠᠮ᠎ᠤᠨ ᠢᠨᠵᠧᠨᠧᠷᠢᠩ᠂ ᠤᠰᠤ ᠵᠠᠯᠠᠬᠤ ᠢᠨᠵᠧᠨᠧᠷᠢᠩ)᠎ᠤᠨ ᠲᠤᠰᠬᠠᠶ ᠮᠡᠷᠭᠡᠵᠢᠯ᠎ᠤᠨ ᠤᠯᠠᠭ᠋ᠠᠨ ᠲᠠᠰ; 《ᠪᠠᠷᠢᠯᠭ᠎ᠠ ᠵᠢᠨ ᠬᠠᠶ᠋ᠢᠨ ᠪᠠᠶ᠋ᠢᠴᠠᠭ᠋ᠠᠬᠤ ᠬᠢᠷᠢ ᠬᠡᠮ᠎ᠤᠨ ᠦᠨᠡᠮᠯᠡᠯ》᠎ᠤᠨ ᠬᠢᠷᠢ ᠬᠡᠮ᠎ᠤᠨ ᠲᠥᠷᠥᠯ ᠵᠢᠴᠢ ᠳᠡᠰ᠄ ᠪᠠᠷᠢᠯᠭ᠎ᠠ ᠵᠢᠨ ᠬᠠᠶ᠋ᠢᠨ ᠪᠠᠶ᠋ᠢᠴᠠᠭ᠋ᠠᠬᠤ ᠲᠤᠰᠬᠠᠶ ᠮᠡᠷᠭᠡᠵᠢᠯ᠎ᠤᠨ ᠲᠥᠷᠥᠯ (ᠬᠠᠳᠠᠨ ᠰᠢᠷᠣᠶ ᠵᠢᠨ ᠪᠠᠷᠢᠯᠭ᠎ᠠ (ᠬᠠᠶ᠋ᠢᠨ ᠪᠠᠶ᠋ᠢᠴᠠᠭ᠋ᠠᠬᠤ)᠎ᠤᠨ ᠬᠥᠬᠡᠭᠴᠢᠨ ᠳᠡᠰ ᠪᠠᠢ᠌ᠨ᠎ᠠ᠂  ᠡᠨᠡ᠎ᠠᠴᠠ ᠪᠤᠰᠤᠳ ᠬᠠᠮᠢᠶ᠎ᠠ ᠪᠥᠬᠦᠶ ᠬᠢᠷᠢ ᠬᠡᠮ  ᠪᠠᠶ᠋ᠢᠬᠤ ᠥᠬᠡᠶ᠂ ᠡᠨᠡ ᠬᠤᠶᠠᠷ ᠬᠢᠷᠢ ᠬᠡᠮ᠎ᠨᠢ ᠬᠡᠷ ᠳᠣᠲᠣᠷᠠᠬᠢ ᠪᠠᠷᠢᠯᠭ᠎ᠠ ᠵᠢᠨ ᠶᠠᠰᠤ ᠴᠢᠨᠠᠷ᠎ᠤᠨ ᠬᠢᠨᠠᠨ ᠲᠣᠭᠲᠠᠭ᠋ᠠᠯ ᠬᠢᠵᠦ ᠪᠣᠯᠬᠤ ᠡᠰᠡᠬᠦ? 

     ᠬᠠᠷᠢᠭᠤᠯᠤᠭᠰᠠᠨ ᠴᠠᠭ᠄ 2024-10-08 09:57:48

     ᠬᠠᠷᠢᠭᠤᠯᠲᠠ ᠵᠢᠨ ᠠᠭᠤᠯᠭ᠎ᠠ᠄  ᠰᠠᠢ᠌ᠨ ᠤᠤ᠂ ᠲᠠᠨ᠎ᠤ ᠲᠤᠰᠭ᠋ᠠᠭᠰᠠᠨ  ᠥᠷᠭᠥᠭᠡᠨ᠎ᠤ ᠢᠨᠵᠧᠨᠧᠷᠢᠩ᠎ᠤᠨ  ᠴᠢᠨᠠᠷ᠎ᠤᠨ ᠰᠢᠯᠭ᠋ᠠᠨ ᠲᠣᠭᠲᠠᠭ᠋ᠠᠯᠲᠠ ᠵᠢᠨ ᠠᠰᠠᠭᠤᠳᠠᠯ᠎ᠢ ᠨᠢᠭᠡᠨᠲᠡ ᠣᠯᠵᠤ ᠠᠪᠤᠭ᠋ᠠᠳ ᠣᠢ᠌ᠯᠭ᠋ᠠᠭᠰᠠᠨ᠂  ᠣᠳᠣ ᠳᠣᠣᠷᠠᠬᠢ ᠮᠡᠲᠦ ᠬᠠᠷᠢᠭᠤᠯᠲᠠ  ᠥᠭᠭᠦᠶ᠎ᠡ᠄ ᠲᠠᠨ᠎ᠤ ᠨᠢᠭᠡᠴᠢ ᠬᠡᠷᠪᠡ ᠨᠢᠭᠡᠨᠲᠡ  ᠪᠠᠷᠢᠯᠭ᠎ᠠ ᠵᠢᠨ ᠠᠵᠢᠯ ᠲᠥᠷᠥᠯ (ᠪᠠᠷᠢᠯᠭ᠎ᠠ ᠵᠢᠨ ᠢᠨᠵᠧᠨᠧᠷᠢᠩ)᠎ᠤᠨ ᠲᠤᠰᠬᠠᠶ ᠮᠡᠷᠭᠡᠵᠢᠯ᠎ᠤᠨ ᠬᠥᠬᠡᠭᠴᠢᠨ ᠲᠠᠰ;  ᠦᠵᠡᠮᠵᠢ ᠵᠢᠨ ᠴᠡᠴᠡᠷᠯᠢᠭ᠎ᠤᠨ ᠲᠤᠰᠭ᠋ᠠᠢ ᠲᠥᠷᠥᠯ ᠎ᠤᠨ ᠬᠥᠬᠡᠭᠴᠢᠨ ᠲᠠᠰ;  ᠬᠤᠲᠠ ᠵᠢᠨ ᠶᠠᠪᠤᠳᠠᠯ᠎ᠤᠨ ᠠᠵᠢᠯ ᠲᠥᠷᠥᠯ (ᠤᠰᠤ ᠬᠠᠩᠭ᠋ᠠᠬᠤ ᠢᠨᠵᠧᠨᠧᠷᠢᠩ᠂ ᠵᠠᠮ᠎ᠤᠨ ᠢᠨᠵᠧᠨᠧᠷᠢᠩ᠂ ᠤᠰᠤ ᠵᠠᠯᠠᠬᠤ ᠢᠨᠵᠧᠨᠧᠷᠢᠩ)᠎ᠤᠨ ᠲᠤᠰᠬᠠᠶ ᠮᠡᠷᠭᠡᠵᠢᠯ᠎ᠤᠨ ᠤᠯᠠᠭ᠋ᠠᠨ ᠲᠠᠰ;  ᠪᠠᠷᠢᠯᠭ᠎ᠠ ᠵᠢᠨ ᠬᠠᠶ᠋ᠢᠨ ᠪᠠᠶ᠋ᠢᠴᠠᠭ᠋ᠠᠬᠤ ᠲᠤᠰᠬᠠᠶ ᠮᠡᠷᠭᠡᠵᠢᠯ᠎ᠤᠨ ᠲᠥᠷᠥᠯ (ᠬᠠᠳᠠᠨ ᠰᠢᠷᠣᠶ ᠵᠢᠨ ᠪᠠᠷᠢᠯᠭ᠎ᠠ (ᠬᠠᠶ᠋ᠢᠨ ᠪᠠᠶ᠋ᠢᠴᠠᠭ᠋ᠠᠬᠤ)᠎ᠤᠨ ᠬᠥᠬᠡᠭᠴᠢᠨ ᠳᠡᠰ᠎ᠤᠨ  ᠬᠢᠷᠢ ᠬᠡᠮ᠎ᠢ ᠪᠦᠷᠢᠯᠳᠦᠭᠦᠯᠦᠭᠰᠡᠨ ᠪᠠᠶ᠋ᠢᠪᠠᠯ᠂ ᠳᠡᠭᠡᠷᠡᠬᠢ ᠬᠢᠷᠢ ᠬᠡᠮ᠎ᠤᠨ ᠡᠭᠦᠷᠭᠡᠯᠡᠵᠦ ᠪᠣᠯᠬᠤ ᠲᠤᠬᠠᠶ᠋ᠢᠯᠠᠭᠰᠠᠨ ᠠᠵᠢᠯ᠎ᠤᠨ ᠬᠡᠪᠴᠢᠶᠡᠨ᠎ᠳᠤ 《  ᠥᠷᠭᠥᠭᠡᠨ᠎ᠤ ᠢᠨᠵᠧᠨᠧᠷᠢᠩ᠎ᠤᠨ ᠶᠠᠰᠤ ᠴᠢᠨᠠᠷ᠎ᠤᠨ ᠬᠢᠨᠠᠨ ᠲᠣᠭᠲᠠᠭ᠋ᠠᠯᠲᠠ》 ᠵᠢ ᠪᠠᠭᠲᠠᠭ᠋ᠠᠬᠤ ᠥᠬᠡᠶ᠃  ᠮᠠᠨ᠎ᠤ ᠲᠢᠩᠬᠢᠮ ᠦᠢ᠍ᠯᠡᠴᠢᠯᠡᠭᠡᠨ᠎ᠤ ᠶᠠᠰᠤ ᠴᠢᠨᠠᠷ ᠵᠶ᠋ᠠᠨ ᠦᠷᠭᠦᠯᠵᠢᠯᠡᠨ ᠰᠠᠢ᠌ᠵᠢᠷᠠᠭᠤᠯᠤᠨ᠎ᠠ᠂ ᠲᠠᠨ᠎ᠤ ᠬᠠᠷᠢᠯᠴᠠᠨ ᠰᠣᠯᠢᠯᠴᠠᠭ᠎ᠠ ᠬᠢᠬᠦ ᠪᠤᠯᠤᠩ᠎ᠢ ᠠᠩᠬᠠᠷᠴᠤ ᠳᠡᠮᠵᠢᠭᠰᠡᠨ᠎ᠳᠤ ᠲᠠᠯᠠᠷᠬᠠᠵᠤ ᠪᠠᠶ᠋ᠢᠨ᠎ᠠ᠃

 

     ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠭᠠᠵᠠᠷ

    2024 ᠣᠨ ᠎ᠤ 10  ᠳ᠋ᠤᠭ᠋ᠠᠷ ᠰᠠᠷ᠎ᠠ ᠵᠢᠨ 8 ᠎ᠤ ᠡᠳᠦᠷ

 

ᠢᠷᠡᠯᠲᠡ᠄ ᠲᠢᠩᠬᠢᠮ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠭᠠᠵᠠᠷ