ᠵᠠᠬᠢᠳᠠᠯ ᠰᠤᠷᠪᠤᠯᠵᠢᠯᠠᠭᠴᠢ ᠵᠢᠨ ᠨᠡᠷ᠎ᠡ᠄ ᠳ᠋ᠢᠩ ᠣᠪᠣᠭᠲᠤ
ᠵᠠᠬᠢᠳᠠᠯ ᠢᠷᠡᠭᠦᠯᠦᠭᠰᠡᠨ ᠴᠠᠭ᠄ 2024-08-08 21:20:46
ᠵᠠᠬᠢᠳᠠᠯ᠎ᠤᠨ ᠭᠣᠣᠯ ᠰᠡᠳᠦᠪ᠄ ᠪᠠᠷᠢᠯᠭ᠎ᠠ ᠵᠢᠨ ᠠᠵᠢᠯ᠎ᠤᠨ ᠬᠢᠷᠢ ᠬᠡᠮ᠎ᠢ ᠬᠦᠬᠡ ᠬᠦᠬᠡᠭᠴᠢᠨ ᠲᠡᠰ᠎ᠤᠨ ᠪᠣᠯᠭ᠋ᠠᠨ ᠬᠤᠪᠢᠷᠠᠭᠤᠯᠬᠤ ᠬᠠᠮᠢᠶ᠎ᠠ ᠪᠦᠬᠦᠢ ᠲᠤᠭᠳᠠᠭ᠋ᠠᠯ ᠪᠠ ᠬᠡᠷᠡᠭᠵᠢᠬᠦᠯᠬᠦ ᠴᠠᠭ
ᠵᠠᠬᠢᠳᠠᠯ᠎ᠤᠨ ᠠᠭᠤᠯᠭ᠎ᠠ᠄ ᠮᠠᠨ᠎ᠤ ᠺᠣᠮᠫᠠᠨᠢ ᠵᠢᠨ ᠣᠲᠣ ᠪᠠᠷᠢᠯᠭ᠎ᠠ ᠵᠢᠨ ᠭᠤᠷᠪᠠᠳᠤᠭ᠋ᠠᠷ ᠳᠡᠰ᠎ᠤᠨ ᠬᠢᠷᠢ ᠬᠡᠮ 3 ᠪᠠᠢ᠌ᠨ᠎ᠠ᠂ ᠣᠲᠣ ᠨᠢᠭᠡᠨᠲᠡ ᠪᠤᠰᠤᠳ ᠺᠣᠮᠫᠠᠨᠢ ᠭᠤᠷᠪᠠᠳᠤᠭ᠋ᠠᠷ ᠳᠡᠰ᠎ᠤᠨ ᠬᠢᠷᠢ ᠬᠡᠮ ᠵᠶ᠋ᠠᠨ ᠬᠥᠬᠡᠭᠴᠢᠨ ᠲᠠᠰ᠎ᠤᠨ ᠬᠢᠷᠢ ᠬᠡᠮ ᠪᠣᠯᠭ᠋ᠠᠨ ᠰᠣᠯᠢᠵᠠᠢ᠂ ᠡᠭᠦᠨ᠎ᠤ ᠲᠤᠬᠠᠢ ᠠᠰᠠᠭᠤᠨ ᠯᠠᠪᠯᠠᠬᠤ ᠵᠢ ᠬᠦᠰᠡᠵᠦ ᠪᠠᠶ᠋ᠢᠨ᠎ᠠ᠂ ᠪᠠᠷᠢᠯᠭ᠎ᠠ ᠵᠢᠨ ᠠᠵᠢᠯ᠎ᠤᠨ ᠬᠢᠷᠢ ᠬᠡᠮ᠎ᠢ ᠨᠢᠭᠡᠳᠦᠭᠡᠷ᠂ ᠬᠤᠶᠠᠳᠤᠭ᠋ᠠᠷ᠂ ᠭᠤᠷᠪᠠᠳᠤᠭ᠋ᠠᠷ ᠳᠡᠰ᠎ᠤᠨ ᠬᠢᠷᠢ ᠬᠡᠮ᠎ᠠᠴᠠ ᠬᠥᠬᠡ᠂ ᠬᠥᠬᠡᠭᠴᠢᠨ ᠲᠠᠰ᠎ᠤᠨ ᠪᠣᠯᠭ᠋ᠠᠨ ᠬᠤᠪᠢᠷᠠᠭᠤᠯᠬᠤ ᠬᠠᠮᠢᠶ᠎ᠠ ᠪᠥᠬᠦᠶ ᠲᠣᠭᠲᠠᠭ᠋ᠠᠯ ᠪᠠ ᠭᠦᠢ᠍ᠴᠡᠳᠭᠡᠬᠦ ᠴᠠᠭ᠎ᠨᠢ ᠶᠠᠭᠤ ᠪᠣᠢ? ᠭᠤᠤᠯᠳᠠᠭᠤ ᠪᠠᠶ᠋ᠢᠭᠤᠯᠤᠭᠴᠢ ᠪᠠ ᠮᠡᠷᠭᠡᠵᠢᠯ᠎ᠤᠨ ᠬᠠᠷᠢᠭᠤᠴᠠᠯᠭ᠋ᠠᠲᠠᠨ ᠵᠡᠷᠭᠡ ᠠᠵᠢᠯᠲᠠᠨ᠎ᠤ ᠲᠤᠭ᠎ᠠ ᠬᠡᠮᠵᠢᠶ᠎ᠡ ᠵᠢᠨ ᠲᠤᠬᠠᠶ ᠨᠠᠷᠢᠨ ᠲᠣᠭᠲᠠᠭ᠋ᠠᠯ ᠶᠠᠭᠤ ᠪᠣᠢ?
ᠬᠠᠷᠢᠭᠤᠯᠤᠭᠰᠠᠨ ᠴᠠᠭ᠄ 2024-08-09 10:23:41
ᠬᠠᠷᠢᠭᠤᠯᠲᠠ ᠵᠢᠨ ᠠᠭᠤᠯᠭ᠎ᠠ᠄ ᠰᠠᠢ᠌ᠨ ᠤᠤ᠂ ᠲᠠᠨ᠎ᠤ ᠲᠤᠰᠭ᠋ᠠᠭᠰᠠᠨ ᠠᠰᠠᠭᠤᠳᠠᠯ᠎ᠢ ᠨᠢᠭᠡᠨᠲᠡ ᠣᠯᠵᠤ ᠠᠪᠤᠭ᠋ᠠᠳ ᠣᠢ᠌ᠯᠭ᠋ᠠᠭᠰᠠᠨ᠂ ᠣᠳᠣ ᠳᠣᠣᠷᠠᠬᠢ ᠮᠡᠲᠦ ᠬᠠᠷᠢᠭᠤᠯᠲᠠ ᠥᠭᠭᠦᠶ᠎ᠡ᠄ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠢᠷᠢ ᠬᠡᠮ᠎ᠤᠨ ᠦᠨᠡᠮᠯᠡᠯ᠎ᠢ ᠰᠣᠯᠢᠵᠤ ᠠᠪᠬᠤ᠎ᠨᠢ ᠮᠠᠨ᠎ᠤ ᠲᠢᠩᠬᠢᠮ᠎ᠤᠨ ᠨᠡᠶ᠋ᠢᠲᠡᠯᠡᠭᠰᠡᠨ 《ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠬᠢᠷᠢ ᠬᠡᠮ᠎ᠤᠨ ᠦᠨᠡᠮᠯᠡᠯ᠎ᠢ ᠰᠣᠯᠢᠵᠤ ᠠᠪᠬᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ ᠶᠠᠪᠤᠭᠳᠠᠵᠤ᠂ ᠬᠦᠴᠦᠨ᠎ᠲᠠᠢ ᠬᠤᠭᠤᠴᠠᠭ᠋ᠠᠨ᠎ᠳᠠᠬᠢ ᠪᠠᠷᠢᠯᠭ᠎ᠠ ᠵᠢᠨ ᠠᠵᠢᠯ᠎ᠢ ᠶᠡᠷᠦᠩᠬᠡᠶ᠋ᠢᠯᠡᠨ ᠳᠠᠭ᠋ᠠᠭ᠋ᠠᠴᠢᠯᠠᠬᠤ᠂ ᠲᠤᠰᠬᠠᠶ ᠠᠵᠢᠯ᠎ᠤᠨ ᠳᠠᠭ᠋ᠠᠭ᠋ᠠᠴᠢᠯᠠᠯᠲᠠ ᠵᠢᠨ ᠭᠤᠷᠪᠠᠳᠤᠭ᠋ᠠᠷ ᠳᠡᠰ᠎ᠤᠨ ᠬᠢᠷᠢ ᠬᠡᠮ᠎ᠳᠤ ᠠᠳᠠᠯᠢ ᠲᠤᠰᠬᠠᠶ ᠮᠡᠷᠭᠡᠵᠢᠯ᠎ᠤᠨ ᠬᠤᠶᠠᠳᠤᠭ᠋ᠠᠷ ᠳᠡᠰ᠎ᠤᠨ ᠬᠢᠷᠢ ᠬᠡᠮ᠎ᠤᠨ ᠦᠨᠡᠮᠯᠡᠯ᠎ᠢ ᠰᠣᠯᠢᠵᠤ ᠪᠣᠯᠣᠨ᠎ᠠ᠃ ᠣᠳᠣᠬᠠᠨ᠎ᠳᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ ᠰᠢᠨ᠎ᠡ ᠬᠢᠷᠢ ᠬᠡᠮ᠎ᠤᠨ ᠪᠠᠷᠢᠮᠵᠢᠶ᠎ᠠ ᠵᠢ ᠨᠡᠶ᠋ᠢᠲᠡᠯᠡᠭᠰᠡᠨ ᠥᠬᠡᠶ ᠪᠠᠶ᠋ᠢᠵᠤ᠂ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ ᠮᠥᠨ ᠬᠦ᠌ ᠨᠢᠭᠡᠳᠦᠭᠡᠷ᠂ ᠬᠤᠶᠠᠳᠤᠭ᠋ᠠᠷ ᠳᠡᠰ᠎ᠤᠨ ᠶᠣᠰᠣᠭ᠋ᠠᠷ ᠲᠠᠰ ᠬᠤᠪᠢᠶᠠᠵᠤ᠂ ᠬᠥᠬᠡ ᠬᠥᠬᠡᠭᠴᠢᠨ ᠲᠠᠰ᠎ᠢ ᠬᠡᠷᠡᠭᠵᠢᠭᠦᠯᠦᠭᠰᠡᠨ ᠥᠬᠡᠶ ᠪᠠᠶ᠋ᠢᠨ᠎ᠠ᠃ ᠮᠠᠨ᠎ᠤ ᠲᠢᠩᠬᠢᠮ ᠦᠢ᠍ᠯᠡᠴᠢᠯᠡᠭᠡᠨ᠎ᠤ ᠶᠠᠰᠤ ᠴᠢᠨᠠᠷ ᠵᠶ᠋ᠠᠨ ᠦᠷᠭᠦᠯᠵᠢᠯᠡᠨ ᠰᠠᠢ᠌ᠵᠢᠷᠠᠭᠤᠯᠤᠨ᠎ᠠ᠂ ᠲᠠᠨ᠎ᠤ ᠬᠠᠷᠢᠯᠴᠠᠨ ᠰᠣᠯᠢᠯᠴᠠᠭ᠎ᠠ ᠬᠢᠬᠦ ᠪᠤᠯᠤᠩ᠎ᠢ ᠠᠩᠬᠠᠷᠴᠤ ᠳᠡᠮᠵᠢᠭᠰᠡᠨ᠎ᠳᠤ ᠲᠠᠯᠠᠷᠬᠠᠵᠤ ᠪᠠᠶ᠋ᠢᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠭᠠᠵᠠᠷ
2024 ᠣᠨ᠎ᠤ 8 ᠳ᠋ᠤᠭ᠋ᠠᠷ ᠰᠠᠷ᠎ᠠ ᠵᠢᠨ 9᠎ᠤ ᠡᠳᠦᠷ