ᠲᠦᠷ ᠴᠠᠭ᠎ᠤᠨ ᠦᠨᠡᠮᠯᠡᠯ᠎ᠢ ᠦᠷᠭᠦᠯᠵᠢᠯᠡᠭᠦᠯᠬᠦ᠎ᠳᠤ ᠶᠠᠮᠠᠷ ᠪᠠᠷᠢᠮᠵᠢᠶ᠎ᠠ᠎ᠳᠤ ᠨᠡᠶ᠋ᠢᠴᠡᠭᠦᠯᠬᠦ ᠴᠢᠬᠤᠯᠠᠲᠠᠢ ᠪᠣᠢ?
2024-08-28

     ᠵᠠᠬᠢᠳᠠᠯ ᠰᠤᠷᠪᠤᠯᠵᠢᠯᠠᠭᠴᠢ ᠵᠢᠨ ᠨᠡᠷ᠎ᠡ᠄  ᠵᠠᠩ  ᠣᠪᠣᠭᠲᠤ

     ᠵᠠᠬᠢᠳᠠᠯ ᠢᠷᠡᠭᠦᠯᠦᠭᠰᠡᠨ ᠴᠠᠭ᠄ 2024-08-26 02:39:22

ᠵᠠᠬᠢᠳᠠᠯ᠎ᠤᠨ ᠭᠣᠣᠯ ᠰᠡᠳᠦᠪ᠄  ᠲᠦᠷ ᠴᠠᠭ᠎ᠤᠨ ᠦᠨᠡᠮᠯᠡᠯ᠎ᠢ ᠦᠷᠭᠦᠯᠵᠢᠯᠡᠭᠦᠯᠬᠦ᠎ᠳᠤ ᠶᠠᠮᠠᠷ ᠪᠠᠷᠢᠮᠵᠢᠶ᠎ᠠ᠎ᠳᠤ ᠨᠡᠶ᠋ᠢᠴᠡᠭᠦᠯᠬᠦ ᠴᠢᠬᠤᠯᠠᠲᠠᠢ ᠪᠣᠢ?

     ᠵᠠᠬᠢᠳᠠᠯ᠎ᠤᠨ ᠠᠭᠤᠯᠭ᠎ᠠ᠄  ᠪᠦᠲᠦᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠠᠵᠤ ᠠᠬᠤᠶ᠋ᠢᠯᠠᠯ᠎ᠤᠨ ᠬᠢᠷᠢ ᠬᠡᠮ᠎ᠤᠨ ᠲᠦᠷ ᠴᠠᠭ᠎ᠤᠨ ᠦᠨᠡᠮᠯᠡᠯ (ᠬᠦᠴᠦᠨ᠎ᠲᠠᠢ ᠬᠤᠭᠤᠴᠠᠭ᠎ᠠ᠎ᠨᠢ 1 ᠵᠢᠯ)᠎ᠢ  ᠦᠷᠭᠦᠯᠵᠢᠯᠡᠭᠦᠯᠬᠦ ᠎ᠳᠤ ᠶᠠᠮᠠᠷ ᠪᠠᠷᠢᠮᠵᠢᠶ᠎ᠠ᠎ᠳᠤ ᠨᠡᠶ᠋ᠢᠴᠡᠭᠦᠯᠬᠦ ᠴᠢᠬᠤᠯᠠᠲᠠᠢ ᠪᠣᠢ?   

     ᠬᠠᠷᠢᠭᠤᠯᠤᠭᠰᠠᠨ ᠴᠠᠭ᠄2024-08-26 15:43:12

     ᠬᠠᠷᠢᠭᠤᠯᠲᠠ ᠵᠢᠨ ᠠᠭᠤᠯᠭ᠎ᠠ᠄  ᠰᠠᠢ᠌ᠨ ᠤᠤ᠂ ᠲᠠᠨ᠎ᠤ ᠲᠤᠰᠭ᠋ᠠᠭᠰᠠᠨ  ᠠᠰᠠᠭᠤᠳᠠᠯ᠎ᠢ ᠨᠢᠭᠡᠨᠲᠡ ᠣᠯᠵᠤ ᠠᠪᠤᠭ᠋ᠠᠳ ᠣᠢ᠌ᠯᠭ᠋ᠠᠭᠰᠠᠨ᠂  ᠣᠳᠣ ᠳᠣᠣᠷᠠᠬᠢ ᠮᠡᠲᠦ ᠬᠠᠷᠢᠭᠤᠯᠲᠠ  ᠥᠭᠭᠦᠶ᠎ᠡ᠄  ᠠᠵᠤ ᠠᠬᠤᠶ᠋ᠢᠯᠠᠯ᠎ᠤᠨ ᠡᠳ᠋ ᠬᠥᠷᠥᠩᠭᠡ᠂ ᠮᠡᠷᠭᠡᠵᠢᠯ᠎ᠤᠨ ᠬᠠᠷᠢᠭᠤᠴᠠᠯᠭ᠋ᠠᠲᠠᠨ᠎ᠨᠢ 《ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠢᠷᠢ ᠭᠡᠮ᠎ᠤᠨ ᠪᠠᠷᠢᠮᠵᠢᠶ᠎ᠠ》 (ᠪᠠᠶ᠋ᠢᠭᠤᠯᠤᠯᠲᠠ ᠬᠣᠲᠠ [2014] 159 ᠳ᠋ᠦᠭᠡᠷ ᠲᠣᠭ᠋ᠠᠲᠤ)᠎ᠳᠤ ᠲᠣᠭᠲᠠᠭ᠋ᠠᠭᠰᠠᠨ ᠵᠣᠬᠢᠴᠠᠩᠭᠤᠶ ᠲᠥᠷᠥᠯ ᠢᠯᠭ᠋ᠠᠯ᠎ᠤᠨ ᠬᠣᠶᠠᠳᠤᠭ᠋ᠠᠷ ᠲᠠᠰ᠎ᠤᠨ ᠬᠢᠷᠢ ᠭᠡᠮ᠎ᠤᠨ ᠪᠠᠷᠢᠮᠵᠢᠶ᠎ᠠ ᠵᠢᠨ ᠱᠠᠭ᠋ᠠᠷᠳᠠᠯᠭ᠎ᠠ ᠵᠢ ᠬᠠᠩᠭ᠋ᠠᠬᠤ ᠬᠡᠷᠡᠭᠲᠡᠶ᠂ ᠪᠤᠰᠤᠳ ᠭᠦᠢ᠍ᠴᠡᠳᠬᠡᠬᠦ ᠲᠣᠭ᠎ᠠ᠎ᠨᠢ ᠵᠣᠬᠢᠴᠠᠩᠭᠤᠶ ᠲᠥᠷᠥᠯ ᠢᠯᠭ᠋ᠠᠯ᠎ᠤᠨ ᠭᠤᠷᠪᠠᠳᠤᠭ᠋ᠠᠷ ᠲᠠᠰ᠎ᠤᠨ ᠬᠢᠷᠢ ᠭᠡᠮ᠎ᠤᠨ ᠪᠠᠷᠢᠮᠵᠢᠶ᠎ᠠ ᠵᠢᠨ ᠱᠠᠭ᠋ᠠᠷᠳᠠᠯᠭ᠎ᠠ ᠵᠢ ᠬᠠᠩᠭ᠋ᠠᠬᠤ ᠬᠡᠷᠡᠭᠲᠡᠶ᠃  ᠮᠠᠨ᠎ᠤ ᠲᠢᠩᠬᠢᠮ ᠦᠢ᠍ᠯᠡᠴᠢᠯᠡᠭᠡᠨ᠎ᠤ ᠶᠠᠰᠤ ᠴᠢᠨᠠᠷ ᠵᠶ᠋ᠠᠨ ᠦᠷᠭᠦᠯᠵᠢᠯᠡᠨ ᠰᠠᠢ᠌ᠵᠢᠷᠠᠭᠤᠯᠤᠨ᠎ᠠ᠂ ᠲᠠᠨ᠎ᠤ ᠬᠠᠷᠢᠯᠴᠠᠨ ᠰᠣᠯᠢᠯᠴᠠᠭ᠎ᠠ ᠬᠢᠬᠦ ᠪᠤᠯᠤᠩ᠎ᠢ ᠠᠩᠬᠠᠷᠴᠤ ᠳᠡᠮᠵᠢᠭᠰᠡᠨ᠎ᠳᠤ ᠲᠠᠯᠠᠷᠬᠠᠵᠤ ᠪᠠᠶ᠋ᠢᠨ᠎ᠠ᠃

     ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠭᠠᠵᠠᠷ

    2024 ᠣᠨ᠎ᠤ8 ᠳ᠋ᠤᠭ᠋ᠠᠷ ᠰᠠᠷ᠎ᠠ ᠵᠢᠨ26᠎ᠤ ᠡᠳᠦᠷ

 

ᠢᠷᠡᠯᠲᠡ᠄ ᠲᠢᠩᠬᠢᠮ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠭᠠᠵᠠᠷ