ᠵᠠᠬᠢᠳᠠᠯ ᠰᠤᠷᠪᠤᠯᠵᠢᠯᠠᠭᠴᠢ ᠵᠢᠨ ᠨᠡᠷ᠎ᠡ᠄ ᠰᠦᠨ ᠣᠪᠣᠭᠲᠤ
ᠵᠠᠬᠢᠳᠠᠯ ᠢᠷᠡᠭᠦᠯᠦᠭᠰᠡᠨ ᠴᠠᠭ᠄ 2024-08-08 21:21:21
ᠵᠠᠬᠢᠳᠠᠯ᠎ᠤᠨ ᠭᠣᠣᠯ ᠰᠡᠳᠦᠪ᠄ ᠬᠣᠶᠠᠳᠤᠭ᠋ᠠᠷ ᠳᠡᠰ᠎ᠤᠨ 《ᠪᠠᠷᠢᠯᠭ᠎ᠠ ᠵᠢᠨ ᠠᠵᠤ ᠠᠬᠤᠢ᠌ᠯᠠᠯ᠎ᠤᠨ ᠬᠢᠷᠢ ᠭᠡᠮ》 ᠬᠤᠭᠤᠴᠠᠭ᠎ᠠ ᠲᠣᠯᠣᠭ᠋ᠠᠳ ᠦᠷᠭᠦᠯᠵᠢᠯᠡᠬᠦ ᠵᠢ ᠭᠦᠢ᠍ᠴᠡᠳᠬᠡᠬᠦ
ᠵᠠᠬᠢᠳᠠᠯ᠎ᠤᠨ ᠠᠭᠤᠯᠭ᠎ᠠ᠄ ᠰᠠᠶ᠋ᠢᠨ ᠤᠤ᠂ ᠺᠣᠮᠫᠠᠨᠢ ᠵᠢᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠬᠢᠷᠢ ᠬᠡᠮ᠎ᠤᠨ ᠦᠨᠡᠮᠯᠡᠯ 2025 ᠣᠨ᠎ᠤ 1 ᠳ᠋ᠦ᠍ᠭᠡᠷ ᠰᠠᠷ᠎ᠠ᠎ᠳᠤ ᠬᠤᠭᠤᠴᠠᠭ᠎ᠠ᠎ᠨᠢ ᠲᠤᠯᠤᠨ᠎ᠠ᠂ ᠦᠷᠭᠦᠯᠵᠢᠯᠡᠬᠦ ᠵᠢ ᠭᠦᠢ᠍ᠴᠡᠳᠬᠡᠬᠦ᠎ᠳᠤ ᠶᠠᠮᠠᠷ ᠶᠠᠮᠠᠷ ᠦᠨᠡᠮᠯᠡᠯ ᠱᠠᠭ᠋ᠠᠷᠳᠠᠵᠤ᠂ ᠦᠨᠡᠮᠯᠡᠯ᠎ᠤᠨ ᠲᠤᠭ᠎ᠠ ᠬᠡᠮᠵᠢᠶ᠎ᠡ᠎ᠨᠢ ᠬᠡᠳᠦᠶ ᠪᠠᠢ᠌ᠵᠤ᠂ ᠪᠣᠳᠠᠲᠠᠶ ᠮᠠᠲ᠋ᠧᠷᠢᠶᠠᠯ᠎ᠢ ᠬᠠᠮᠢᠭ᠎ᠠ᠎ᠠᠴᠠ ᠪᠠᠭᠤᠯᠭ᠋ᠠᠨ ᠠᠪᠴᠤ ᠲᠠᠭᠯᠠᠨ ᠪᠢᠴᠢᠬᠦ ᠪᠣᠢ᠃ ᠺᠤᠮᠫᠠᠨᠢ ᠵᠢᠨ ᠬᠢᠷᠢ ᠬᠡᠮ ᠵᠢᠴᠢ ᠵᠡᠷᠭᠡ ᠳᠡᠰ᠎ᠨᠢ᠄ ᠲᠡᠮᠦᠷᠯᠢᠭ ᠪᠦᠲᠦᠴᠡ ᠵᠢᠨ ᠢᠨᠵᠧᠨᠧᠷᠢᠩ᠎ᠤᠨ ᠲᠤᠰᠬᠠᠢ ᠠᠵᠢᠯ᠎ᠤᠨ ᠳᠠᠭ᠋ᠠᠭ᠋ᠠᠴᠢᠯᠠᠯᠲᠠ ᠵᠢᠨ ᠬᠣᠶᠠᠳᠤᠭ᠋ᠠᠷ ᠳᠡᠰ; ᠮᠠᠰᠢᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠢᠯ ᠤᠨ ᠶᠡᠷᠦᠩᠬᠡᠢ ᠳᠠᠭ᠋ᠠᠭ᠋ᠠᠴᠢᠯᠠᠯᠲᠠ ᠵᠢᠨ ᠬᠣᠶᠠᠳᠤᠭ᠋ᠠᠷ ᠳᠡᠰ; ᠴᠠᠬᠢᠯᠭ᠋ᠠᠨ ᠬᠦᠴᠦᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠢᠯ ᠤᠨ ᠶᠡᠷᠦᠩᠬᠡᠢ ᠳᠠᠭ᠋ᠠᠭ᠋ᠠᠴᠢᠯᠠᠯᠲᠠ ᠵᠢᠨ ᠬᠣᠶᠠᠳᠤᠭ᠋ᠠᠷ ᠳᠡᠰ; ᠪᠠᠷᠢᠯᠭ᠎ᠠ ᠵᠢᠨ ᠠᠵᠢᠯ᠎ᠤᠨ ᠬᠥᠳᠡᠯᠮᠦᠷᠢ ᠦᠢ᠍ᠯᠡᠴᠢᠯᠡᠭᠡᠨ᠎ᠤ ᠠᠵᠤ ᠠᠬᠤᠶ᠋ᠢᠯᠠᠯ᠎ᠤᠨ ᠬᠢᠷᠢ ᠬᠡᠮ᠎ᠢ ᠲᠠᠰ ᠬᠤᠪᠢᠶᠠᠬᠤ ᠥᠬᠡᠶ; ᠬᠤᠲᠠ ᠵᠢᠨ ᠶᠠᠪᠤᠳᠠᠯ᠎ᠤᠨ ᠨᠡᠶ᠋ᠢᠲᠡ ᠵᠢᠨ ᠬᠡᠷᠡᠭᠯᠡᠭᠡᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠢᠯ᠎ᠤᠨ ᠶᠡᠷᠦᠩᠬᠡᠢ ᠳᠠᠭ᠋ᠠᠭ᠋ᠠᠴᠢᠯᠠᠯᠲᠠ ᠵᠢᠨ ᠬᠣᠶᠠᠳᠤᠭ᠋ᠠᠷ ᠳᠡᠰ; ᠴᠢᠯᠠᠭᠤᠨ ᠲᠣᠰᠣᠨ᠎ᠤ ᠬᠢᠮᠢ ᠵᠢᠨ ᠠᠵᠤ ᠦᠢ᠍ᠯᠡᠳᠪᠦᠷᠢ ᠵᠢᠨ ᠢᠨᠵᠧᠨᠧᠷᠢᠩ᠎ᠤᠨ ᠪᠠᠷᠢᠯᠭ᠎ᠠ ᠵᠢᠨ ᠠᠵᠢᠯ᠎ᠤᠨ ᠶᠡᠷᠦᠩᠬᠡᠢ ᠳᠠᠭ᠋ᠠᠭ᠋ᠠᠴᠢᠯᠠᠯᠲᠠ ᠵᠢᠨ ᠬᠣᠶᠠᠳᠤᠭ᠋ᠠᠷ ᠳᠡᠰ; ᠠᠭᠤᠷᠬᠠᠶ ᠵᠢᠨ ᠢᠨᠵᠧᠨᠧᠷᠢᠩ᠎ᠤᠨ ᠪᠠᠷᠢᠯᠭ᠎ᠠ ᠵᠢᠨ ᠠᠵᠢᠯ᠎ᠤᠨ ᠶᠡᠷᠦᠩᠬᠡᠢ ᠳᠠᠭ᠋ᠠᠭ᠋ᠠᠴᠢᠯᠠᠯᠲᠠ ᠵᠢᠨ ᠬᠣᠶᠠᠳᠤᠭ᠋ᠠᠷ ᠳᠡᠰ; ᠬᠤᠳᠠ ᠪᠠ ᠵᠠᠮ᠎ᠤᠨ ᠭᠡᠷᠡᠯᠳᠦᠭᠦᠯᠭᠡ ᠵᠢᠨ ᠢᠨᠵᠧᠨᠧᠷᠢᠩ᠎ᠤᠨ ᠲᠤᠰᠬᠠᠢ ᠠᠵᠢᠯ᠎ᠤᠨ ᠲᠠᠭ᠋ᠠᠭ᠋ᠠᠴᠢᠯᠠᠯᠳᠠ ᠵᠢᠨ ᠬᠤᠶᠠᠳᠤᠭ᠋ᠠᠷ ᠲᠡᠰ; ᠤᠰᠤ ᠵᠢ ᠰᠡᠷᠭᠡᠢ᠌ᠯᠡᠵᠦ ᠢᠯᠵᠢᠷᠠᠯ᠎ᠠᠴᠠ ᠰᠡᠷᠭᠡᠢ᠌ᠯᠡᠵᠦ ᠳᠤᠯᠠᠭ᠋ᠠᠨ᠎ᠢ ᠬᠠᠳᠠᠭ᠋ᠠᠯᠠᠬᠤ ᠢᠨᠵᠧᠨᠧᠷᠢᠩ᠎ᠤᠨ ᠲᠤᠰᠬᠠᠢ ᠳᠠᠭ᠋ᠠᠭ᠋ᠠᠴᠢᠯᠠᠯᠲᠠ ᠠᠵᠢᠯ᠎ᠤᠨ ᠲᠠᠭ᠋ᠠᠭ᠋ᠠᠴᠢᠯᠠᠯᠳᠠ ᠵᠢᠨ ᠬᠤᠶᠠᠳᠤᠭ᠋ᠠᠷ ᠲᠡᠰ; ᠪᠠᠷᠢᠯᠭ᠎ᠠ ᠵᠢᠨ ᠢᠨᠵᠧᠨᠧᠷᠢᠩ᠎ᠤᠨ ᠪᠠᠷᠢᠯᠭ᠎ᠠ ᠵᠢᠨ ᠠᠵᠢᠯ᠎ᠤᠨ ᠶᠡᠷᠦᠩᠬᠡᠶ ᠳᠠᠭ᠍ᠠᠭ᠍ᠠᠴᠢᠯᠠᠯᠲᠠ ᠵᠢᠨ ᠬᠤᠶᠠᠳᠤᠭ᠍ᠠᠷ ᠳᠡᠰ᠃
ᠬᠠᠷᠢᠭᠤᠯᠤᠭᠰᠠᠨ ᠴᠠᠭ᠄2024-08-09 10:24:05
ᠬᠠᠷᠢᠭᠤᠯᠲᠠ ᠵᠢᠨ ᠠᠭᠤᠯᠭ᠎ᠠ᠄ ᠰᠠᠢ᠌ᠨ ᠤᠤ᠂ ᠲᠠᠨ᠎ᠤ ᠲᠤᠰᠭ᠋ᠠᠭᠰᠠᠨ ᠠᠰᠠᠭᠤᠳᠠᠯ᠎ᠢ ᠨᠢᠭᠡᠨᠲᠡ ᠣᠯᠵᠤ ᠠᠪᠤᠭ᠋ᠠᠳ ᠣᠢ᠌ᠯᠭ᠋ᠠᠭᠰᠠᠨ᠂ ᠣᠳᠣ ᠳᠣᠣᠷᠠᠬᠢ ᠮᠡᠲᠦ ᠬᠠᠷᠢᠭᠤᠯᠲᠠ ᠥᠭᠭᠦᠶ᠎ᠡ᠄ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠢᠷᠢ ᠬᠡᠮ᠎ᠤᠨ ᠬᠤᠭᠤᠴᠠᠭ᠎ᠠ ᠤᠷᠲᠤᠳᠬᠠᠬᠤ ᠵᠢ ᠭᠦᠢ᠍ᠴᠡᠳᠬᠡᠬᠦ᠎ᠳᠡᠭᠡᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠪᠥᠲᠥᠭᠡᠨ ᠪᠠᠶ᠋ᠢᠭᠤᠯᠤᠯᠲᠠ ᠵᠢᠨ ᠠᠵᠤ ᠠᠬᠤᠶ᠋ᠢᠯᠠᠯ᠎ᠤᠨ ᠢᠨᠵᠧᠨᠧᠷᠢᠩ᠎ᠤᠨ ᠬᠢᠷᠢ ᠬᠡᠮ᠎ᠢ ᠦᠷᠭᠦᠯᠵᠢᠯᠡᠭᠦᠯᠬᠦ ᠬᠤᠯᠪᠣᠭᠳᠠᠯ ᠪᠥᠬᠦᠶ ᠵᠦᠢ᠍ᠯᠡᠰ᠎ᠤᠨ ᠲᠤᠬᠠᠶ ᠮᠡᠳᠡᠭᠳᠡᠯ》᠎ᠤᠨ ᠱᠠᠭ᠋ᠠᠷᠳᠠᠯᠭ᠎ᠠ᠎ᠪᠠᠷ ᠯᠠᠪᠯᠠᠯᠲᠠ ᠪᠣᠯᠭ᠋ᠠᠨ ᠭᠦᠢ᠍ᠴᠡᠳᠬᠡᠬᠦ ᠬᠡᠷᠡᠭᠲᠡᠶ᠃ ᠮᠠᠨ᠎ᠤ ᠲᠢᠩᠬᠢᠮ ᠦᠢ᠍ᠯᠡᠴᠢᠯᠡᠭᠡᠨ᠎ᠤ ᠶᠠᠰᠤ ᠴᠢᠨᠠᠷ ᠵᠶ᠋ᠠᠨ ᠦᠷᠭᠦᠯᠵᠢᠯᠡᠨ ᠰᠠᠢ᠌ᠵᠢᠷᠠᠭᠤᠯᠤᠨ᠎ᠠ᠂ ᠲᠠᠨ᠎ᠤ ᠬᠠᠷᠢᠯᠴᠠᠨ ᠰᠣᠯᠢᠯᠴᠠᠭ᠎ᠠ ᠬᠢᠬᠦ ᠪᠤᠯᠤᠩ᠎ᠢ ᠠᠩᠬᠠᠷᠴᠤ ᠳᠡᠮᠵᠢᠭᠰᠡᠨ᠎ᠳᠤ ᠲᠠᠯᠠᠷᠬᠠᠵᠤ ᠪᠠᠶ᠋ᠢᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠭᠠᠵᠠᠷ
2024 ᠣᠨ᠎ᠤ 8 ᠳ᠋ᠤᠭ᠋ᠠᠷ ᠰᠠᠷ᠎ᠠ ᠵᠢᠨ 9᠎ᠤ ᠡᠳᠦᠷ