ᠵᠠᠬᠢᠳᠠᠯ ᠰᠤᠷᠪᠤᠯᠵᠢᠯᠠᠭᠴᠢ ᠵᠢᠨ ᠨᠡᠷ᠎ᠡ ᠄ ᠲᠢᠶᠠᠨ ᠣᠪᠣᠭᠲᠤ
ᠵᠠᠬᠢᠳᠠᠯ ᠢᠷᠡᠭᠦᠯᠦᠭᠰᠡᠨ ᠴᠠᠭ ᠄ 2024 —12—10
ᠵᠠᠬᠢᠳᠠᠯ᠎ᠤᠨ ᠭᠣᠣᠯ ᠰᠡᠳᠦᠪ ᠄ ᠪᠠᠷᠢᠯᠭ᠎ᠠ ᠵᠢᠨ ᠠᠵᠢᠯ᠎ᠤᠨ ᠠᠵᠤ ᠠᠬᠤᠶ᠋ᠢᠯᠠᠯ᠎ᠤᠨ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ᠎ᠤ B ᠦᠨᠡᠮᠯᠡᠯ᠎ᠢ ᠦᠷᠭᠦᠯᠵᠢᠯᠡᠨ ᠳᠠᠬᠢᠨ ᠰᠤᠷᠭ᠋ᠠᠨ ᠬᠥᠮᠥᠵᠢᠬᠦ
ᠵᠠᠬᠢᠳᠠᠯ᠎ᠤᠨ ᠠᠭᠤᠯᠭ᠎ᠠ ᠄ ᠮᠢᠨᠤ 《ᠪᠠᠷᠢᠯᠭ᠎ᠠ ᠵᠢᠨ ᠠᠵᠢᠯ᠎ᠤᠨ ᠠᠵᠤ ᠠᠬᠤᠶ᠋ᠢᠯᠠᠯ᠎ᠤᠨ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ᠎ᠤ B ᠦᠨᠡᠮᠯᠡᠯ》 ᠠᠩᠬ᠎ᠠ ᠤᠳᠠᠭ᠎ᠠ ᠦᠨᠡᠮᠯᠡᠯ ᠠᠪᠤᠭᠰᠠᠨ ᠬᠤᠭᠤᠴᠠᠭ᠎ᠠ ᠪᠣᠯ 2022 ᠣᠨ᠎ᠤ 1 ᠳ᠋ᠦ᠍ᠭᠡᠷ ᠰᠠᠷ᠎ᠠ ᠵᠢᠨ 14᠎ᠤ ᠡᠳᠦᠷ ᠂ ᠬᠦᠴᠦᠨ᠎ᠲᠠᠢ ᠬᠤᠭᠤᠴᠠᠭ᠎ᠠ᠎ᠨᠢ 2025 ᠣᠨ᠎ᠤ 1 ᠳ᠋ᠦ᠍ᠭᠡᠷ ᠰᠠᠷ᠎ᠠ ᠵᠢᠨ 14᠎ᠤ ᠡᠳᠦᠷ ᠪᠣᠯᠲᠠᠯ᠎ᠠ᠂ ᠡᠮᠦᠨ᠎ᠡ ᠬᠤᠶᠠᠷ ᠰᠠᠷ᠎ᠠ᠎ᠳᠤ ᠦᠷᠭᠦᠯᠵᠢ ᠠᠯᠪᠠᠨ ᠠᠵᠢᠯ ᠵᠶ᠋ᠠᠷ ᠭᠠᠳᠠᠭᠰᠢ ᠭᠠᠷᠤᠭᠰᠠᠨ᠎ᠠᠴᠠ ᠪᠣᠯᠵᠤ ᠦᠷᠭᠦᠯᠵᠢᠯᠡᠨ ᠬᠦᠮᠦᠵᠢᠭᠦᠯᠬᠦ ᠰᠤᠷᠭ᠋ᠠᠨ ᠬᠦᠮᠦᠵᠢᠯ ᠵᠶ᠋ᠡᠨ ᠨᠡᠷ᠎ᠡ ᠮᠡᠳᠡᠭᠦᠯᠦᠭᠰᠡᠨ ᠦᠭᠡᠢ᠂ ᠡᠨᠡ ᠰᠠᠷ᠎ᠠ᠎ᠳᠤ ᠪᠤᠴᠠᠵᠤ ᠢᠷᠡᠭᠡᠳ ᠨᠡᠷ᠎ᠡ ᠮᠡᠳᠡᠭᠦᠯᠬᠦ᠎ᠪᠠᠷ ᠪᠡᠯᠡᠳᠭᠡᠵᠦ ᠪᠠᠢ᠌ᠬᠤ᠎ᠳᠤ ᠨᠢᠭᠡᠨᠲᠡ ᠴᠠᠭ᠎ᠤᠨ ᠬᠦᠴᠦᠨ᠎ᠤ ᠬᠡᠪᠴᠢᠶᠡᠨ᠎ᠠᠴᠠ᠎ᠨᠢ ᠬᠡᠲᠦᠷᠡᠵᠡᠶ᠂ ᠭᠡᠲᠡᠯ᠎ᠡ ᠮᠢᠨᠦ ᠦᠨᠡᠮᠯᠡᠯ 2025 ᠣᠨ᠎ᠤ 1 ᠳ᠋ᠦ᠍ᠭᠡᠷ ᠰᠠᠷ᠎ᠠ ᠵᠢᠨ 14᠎ᠤ ᠡᠳᠦᠷ ᠪᠣᠯᠪᠠᠯ ᠰᠠᠶᠢ ᠬᠤᠭᠤᠴᠠᠭ᠎ᠠ᠎ᠨᠢ ᠲᠤᠯᠬᠤ ᠪᠤᠯᠤᠨ᠎ᠠ᠂ ᠡᠶ᠋ᠢᠮᠦ ᠪᠠᠶ᠋ᠢᠳᠠᠯ᠎ᠳᠤ ᠪᠠᠰᠠ ᠨᠡᠷ᠎ᠡ ᠮᠡᠳᠡᠭᠦᠯᠵᠦ ᠪᠤᠯᠤᠨ᠎ᠠ ᠤᠤ? ᠲᠠᠨ᠎ᠤ ᠬᠠᠷᠢᠭᠤ ᠦᠭᠬᠦ ᠵᠢ ᠬᠦᠰᠡᠵᠦ ᠪᠤᠢ
ᠬᠠᠷᠢᠭᠤᠯᠤᠭᠰᠠᠨ ᠴᠠᠭ ᠄ 2024 — 12 — 13
ᠬᠠᠷᠢᠭᠤᠯᠲᠠ ᠵᠢᠨ ᠠᠭᠤᠯᠭ᠎ᠠ ᠄ ᠰᠠᠢ᠌ᠨ ᠤᠤ᠂ ᠲᠠᠨ᠎ᠤ ᠲᠤᠰᠬᠠᠭᠰᠠᠨ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯᠲᠠᠨ᠎ᠤ ᠠᠰᠠᠭᠤᠳᠠᠯ᠎ᠢ ᠨᠢᠭᠡᠨᠲᠡ ᠣᠯᠵᠤ ᠠᠪᠤᠭ᠋ᠠᠳ ᠣᠢ᠌ᠯᠭ᠋ᠠᠭᠰᠠᠨ᠂ ᠣᠳᠣ ᠳᠣᠣᠷᠠᠬᠢ ᠮᠡᠲᠦ ᠬᠠᠷᠢᠭᠤᠯᠲᠠ ᠥᠭᠭᠦᠶ᠎ᠡ ᠄ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯᠲᠠᠨ᠎ᠤ ᠦᠷᠭᠦᠯᠵᠢᠯᠡᠨ ᠬᠦᠮᠦᠵᠢᠭᠦᠯᠬᠦ ᠰᠤᠷᠭ᠋ᠠᠨ ᠬᠥᠮᠦᠵᠢᠯ ᠪᠣᠯ ᠠᠶ᠋ᠢᠮᠠᠭ ᠬᠤᠲᠠ ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠣᠬᠢᠶᠠᠨ ᠪᠠᠶ᠋ᠢᠭᠤᠯᠤᠨ ᠰᠢᠯᠭ᠋ᠠᠨ ᠬᠢᠨᠠᠨ᠎ᠠ᠂ ᠪᠣᠳᠠᠲᠠᠶ ᠨᠡᠷ᠎ᠡ ᠮᠡᠳᠡᠭᠦᠯᠬᠦ ᠴᠠᠭ ᠵᠢᠴᠢ ᠨᠡᠷ᠎ᠡ ᠮᠡᠳᠡᠭᠦᠯᠬᠦ ᠱᠠᠭ᠋ᠠᠷᠳᠠᠯᠭ᠎ᠠ ᠵᠢ ᠠᠵᠤ ᠠᠬᠤᠶ᠋ᠢᠯᠠᠯ᠎ᠤᠨ ᠪᠠᠶ᠋ᠢᠭ᠎ᠠ ᠭᠠᠵᠠᠷ᠎ᠤᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠠᠰᠠᠭᠤᠨ ᠯᠠᠪᠯᠠᠭ᠋ᠠᠷᠠᠶ᠃ᠮᠠᠨ᠎ᠤ ᠲᠢᠩᠬᠢᠮ ᠦᠢ᠍ᠯᠡᠴᠢᠯᠡᠭᠡᠨ᠎ᠤ ᠶᠠᠰᠤ ᠴᠢᠨᠠᠷ ᠵᠶ᠋ᠠᠨ ᠦᠷᠭᠦᠯᠵᠢᠯᠡᠨ ᠰᠠᠢ᠌ᠵᠢᠷᠠᠭᠤᠯᠤᠨ᠎ᠠ᠂ ᠲᠠᠨ᠎ᠤ ᠬᠠᠷᠢᠯᠴᠠᠨ ᠰᠣᠯᠢᠯᠴᠠᠭ᠎ᠠ ᠬᠢᠬᠦ ᠪᠤᠯᠤᠩ᠎ᠢ ᠠᠩᠬᠠᠷᠴᠤ ᠳᠡᠮᠵᠢᠭᠰᠡᠨ᠎ᠳᠤ ᠲᠠᠯᠠᠷᠬᠠᠵᠤ ᠪᠠᠶ᠋ᠢᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠭᠠᠵᠠᠷ
2024 ᠣᠨ᠎ᠤ11 ᠳ᠋ᠦ᠍ᠭᠡᠷ ᠰᠠᠷ᠎ᠠ ᠵᠢᠨ26᠎ᠤ ᠡᠳᠦᠷ