ᠵᠠᠬᠢᠳᠠᠯ ᠰᠤᠷᠪᠤᠯᠵᠢᠯᠠᠭᠴᠢ ᠵᠢᠨ ᠨᠡᠷ᠎ᠡ ᠄ ᠵᠠᠩ ᠣᠪᠣᠭᠲᠤ
ᠵᠠᠬᠢᠳᠠᠯ ᠢᠷᠡᠭᠦᠯᠦᠭᠰᠡᠨ ᠴᠠᠭ᠄ 2025 — 02 —11
ᠵᠠᠬᠢᠳᠠᠯ ᠤᠨ ᠭᠤᠣᠯ ᠰᠡᠳᠦᠪ᠄ ᠬᠤᠶᠠᠳᠤᠭ᠋ᠠᠷ ᠳᠡᠰ᠎ᠤᠨ ᠪᠦᠲᠦᠭᠡᠨ ᠪᠠᠢ᠌ᠭᠤᠯᠤᠭᠴᠢ ᠵᠢᠨ ᠨᠡᠮᠡᠯᠲᠡ ᠵᠦᠢ᠍ᠯ ᠤᠨ ᠳᠠᠩᠰᠠᠯᠠᠭᠤᠯᠤᠯ
ᠵᠠᠬᠢᠳᠠᠯ᠎ᠤᠨ ᠠᠭᠤᠯᠭ᠎ᠠ᠄ ᠰᠠᠶ᠋ᠢᠨ ᠤᠤ᠂ ᠤᠳᠤᠷᠢᠳᠤᠯᠭ᠎ᠠ ᠡ ᠂ ᠮᠠᠨ᠎ᠤ ᠪᠠᠢ᠌ᠭᠤᠯᠭ᠎ᠠ ᠵᠢᠨ ᠠᠵᠢᠯᠲᠠᠨ ᠨᠢᠭᠡᠨᠲᠡ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠬᠤᠶᠠᠳᠤᠭ᠋ᠠᠷ ᠳᠡᠰ᠎ᠤᠨ ᠪᠦᠲᠦᠭᠡᠨ ᠪᠠᠶ᠋ᠢᠭᠤᠯᠤᠭᠴᠢ ᠵᠢᠨ ᠳᠠᠩᠰᠠᠯᠠᠭᠤᠯᠤᠭᠰᠠᠨ ᠦᠨᠡᠮᠯᠡᠯ᠎ᠲᠠᠢ ᠪᠣᠯᠪᠠ᠂ ᠣᠲᠣ ᠬᠤᠲᠠ ᠵᠢᠨ ᠶᠠᠪᠤᠳᠠᠯ᠎ᠤᠨ ᠨᠡᠶ᠋ᠢᠲᠡ ᠵᠢᠨ ᠬᠡᠷᠡᠭᠯᠡᠭᠡᠨ᠎ᠤ ᠢᠨᠵᠧᠨᠧᠷᠢᠩ᠎ᠤᠨ ᠵᠦᠢ᠍ᠯ ᠨᠡᠮᠡᠭᠳᠡᠭᠦᠯᠬᠦ᠎ᠪᠠᠷ ᠭᠤᠶᠤᠴᠢᠯᠠᠵᠤ ᠪᠣᠢ᠂ ᠵᠦᠢ᠍ᠯ ᠨᠡᠮᠡᠭᠳᠡᠭᠦᠯᠬᠦ ᠶᠠᠪᠤᠴᠠ᠎ᠳᠤ᠂ ᠠᠵᠢᠯᠲᠠᠨ ᠨᠢᠭᠡᠨᠲᠡ ᠮᠸᠩ ᠰᠦ᠍ᠪᠠᠨ ᠵᠶ᠋ᠠᠷ ᠳᠠᠮᠵᠢᠭᠤᠯᠤᠨ ᠮᠠᠨ᠎ᠤ ᠺᠣᠮᠫᠠᠨᠢ ᠳᠤ ᠡᠷᠬᠡ ᠣᠯᠭᠤᠭᠰᠠᠨ ᠪᠣᠯᠪᠠᠴᠤ ᠂ ᠪᠣᠳᠠᠲᠠᠶ ᠠᠵᠢᠯᠯᠠᠬᠤ ᠦᠶ᠎ᠡ᠎ᠳᠤ᠂ ᠰᠢᠰᠲᠸᠮ᠎ᠠᠴᠠ ᠲᠤᠬᠠᠢ ᠵᠢᠨ ᠠᠵᠢᠯᠲᠠᠨ ᠠᠵᠤ ᠠᠬᠤᠶ᠋ᠢᠯᠠᠯ᠎ᠳᠤ ᠡᠷᠬᠡ ᠣᠯᠭᠤᠭᠰᠠᠨ ᠥᠬᠡᠶ ᠭᠡᠵᠦ ᠰᠠᠨᠠᠭᠤᠯᠤᠭᠰᠠᠭ᠋ᠠᠷ ᠪᠠᠢ᠌ᠵᠤ᠂ ᠡᠨᠡ ᠬᠦ᠌ ᠪᠠᠶ᠋ᠢᠳᠠᠯ ᠨᠢᠭᠡᠨᠲᠡ ᠬᠠᠭ᠋ᠠᠰ ᠵᠢᠯ ᠰᠢᠬᠠᠮ ᠦᠷᠭᠦᠯᠵᠢᠯᠡᠪᠡ᠃ ᠡᠶ᠋ᠢᠮᠦ᠎ᠠᠴᠠ ᠤᠳᠤᠷᠢᠳᠤᠯᠭ᠎ᠠ ᠠᠴᠠ ᠠᠰᠠᠭᠤᠨ ᠯᠠᠪᠠᠯᠵᠤ ᠪᠠᠢ᠌ᠨ᠎ᠠ᠂ ᠲᠠᠨ᠎ᠤ ᠬᠠᠷᠢᠭᠤ ᠥᠭᠬᠦ ᠵᠢ ᠬᠦᠰᠡᠵᠦ ᠪᠠᠶ᠋ᠢᠨ᠎ᠠ᠂ ᠲᠠᠯᠠᠷᠬᠠᠯ᠎ᠠ᠃
ᠬᠠᠷᠢᠭᠤᠯᠤᠭᠰᠠᠨ ᠴᠠᠭ᠄ 2025 — 02 — 19
ᠬᠠᠷᠢᠭᠤ ᠵᠢᠨ ᠠᠭᠤᠯᠭ᠎ᠠ᠄ ᠰᠠᠢ᠌ᠨ ᠤᠤ᠂ ᠲᠠᠨ᠎ᠤ ᠲᠤᠰᠬᠠᠭᠰᠠᠨ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯᠲᠠᠨ᠎ᠤ ᠠᠰᠠᠭᠤᠳᠠᠯ᠎ᠢ ᠨᠢᠭᠡᠨᠲᠡ ᠣᠯᠵᠤ ᠠᠪᠤᠭ᠋ᠠᠳ ᠣᠢ᠌ᠯᠭ᠋ᠠᠭᠰᠠᠨ᠂ ᠣᠳᠣ ᠳᠣᠣᠷᠠᠬᠢ ᠮᠡᠲᠦ ᠬᠠᠷᠢᠭᠤᠯᠲᠠ ᠥᠭᠭᠦᠶ᠎ᠡ ᠄ ᠬᠤᠪᠢ ᠬᠥᠮᠦᠨ᠎ᠤ ᠡᠷᠬᠡ ᠣᠯᠭᠤᠬᠤ ᠬᠠᠮᠢᠶ᠎ᠠ ᠪᠥᠬᠦᠶ ᠠᠵᠢᠯᠯᠠᠭ᠋ᠠᠨ᠎ᠤ ᠴᠤᠪᠤᠷᠠᠯ᠎ᠢ ᠲᠠ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠣᠯᠠᠨ ᠨᠡᠢ᠌ᠲᠡ ᠵᠢᠨ ᠸᠢᠴᠠᠲ ᠲᠠᠪᠴᠠᠩ᠎ᠤᠨ 2021 ᠣᠨ᠎ᠤ 10 ᠳ᠋ᠤᠭ᠋ᠠᠷ ᠰᠠᠷ᠎ᠠ ᠵᠢᠨ 29᠎ᠤ ᠡᠳᠦᠷ ᠨᠡᠶ᠋ᠢᠲᠡᠯᠡᠭᠰᠡᠨ 《ᠲᠠ ᠡᠷᠬᠡ ᠣᠯᠭᠣᠭᠰᠠᠨ᠎ᠤ ᠳᠠᠷᠠᠭ᠎ᠠ ᠪᠢ ᠬᠡᠷᠡᠭᠯᠡᠬᠦ》 ᠡᠷᠬᠡ ᠣᠯᠭᠤᠬᠤ ᠵᠦᠭᠯᠡᠭᠦᠷ᠎ᠤᠨ ᠬᠠᠮᠢᠶ᠎ᠠ ᠪᠦᠬᠦᠢ ᠠᠭᠤᠯᠭ᠎ᠠ᠎ᠠᠴᠠ ᠪᠠᠶ᠋ᠢᠴᠠᠭ᠋ᠠᠨ ᠦᠵᠡᠵᠦ ᠪᠣᠯᠤᠨ᠎ᠠ᠃ ᠡᠷᠬᠡ ᠣᠯᠭᠣᠬᠤ ᠴᠢᠳᠠᠮᠵᠢ ᠨᠢ ᠮᠥᠩᠬᠡ ᠰᠤᠪᠠᠭ᠎ᠤᠨ ᠡᠯᠸᠺᠲᠷᠣᠨ ᠦᠨᠡᠮᠯᠡᠯ᠎ᠤᠨ ᠬᠠᠮᠢᠶ᠎ᠠ ᠪᠥᠬᠦᠶ ᠲᠤᠬᠠᠶ᠋ᠢᠯᠠᠭᠰᠠᠨ ᠠᠵᠢᠯ ᠯᠤᠭ᠎ᠠ ᠬᠣᠯᠪᠣᠭᠳᠠᠵᠤ᠂ ᠬᠡᠷᠪᠡ ᠡᠷᠬᠡ ᠣᠯᠭᠤᠭ᠋ᠠᠳ ᠪᠤᠷᠤᠭᠤ ᠮᠡᠳᠡᠭᠦᠯᠬᠦ ᠪᠤᠶᠤ ᠡᠷᠬᠡ ᠣᠯᠭᠤᠬᠤ ᠵᠢᠨ ᠠᠷᠭ᠎ᠠ ᠥᠬᠡᠶ ᠪᠣᠯ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ 0471 — 12345᠎ᠪᠠᠷ ᠠᠰᠠᠭᠤᠨ ᠯᠠᠪᠯᠠᠵᠤ ᠰᠢᠢ᠍ᠳᠪᠦᠷᠢᠯᠡᠭᠦᠯᠦᠭᠡᠷᠡᠢ᠃ ᠮᠠᠨ᠎ᠤ ᠲᠢᠩᠬᠢᠮ ᠦᠢ᠍ᠯᠡᠴᠢᠯᠡᠭᠡᠨ᠎ᠤ ᠶᠠᠰᠤ ᠴᠢᠨᠠᠷ ᠵᠶ᠋ᠠᠨ ᠦᠷᠭᠦᠯᠵᠢᠯᠡᠨ ᠰᠠᠢ᠌ᠵᠢᠷᠠᠭᠤᠯᠬᠤ ᠪᠣᠯᠣᠨ᠎ᠠ ᠂ ᠲᠠᠨ᠎ᠤ ᠬᠠᠷᠢᠯᠴᠠᠨ ᠰᠣᠯᠢᠯᠴᠠᠬᠤ ᠪᠤᠯᠤᠩ᠎ᠢ ᠠᠩᠬᠠᠷᠴᠤ ᠳᠡᠮᠵᠢᠭᠰᠡᠨ᠎ᠳᠤ ᠲᠠᠯᠠᠷᠬᠠᠯ᠎ᠠ ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠭᠠᠵᠠᠷ
2025 ᠣᠨ᠎ᠤ 2 ᠳ᠋ᠤᠭ᠋ᠠᠷ ᠰᠠᠷ᠎ᠠ ᠵᠢᠨ 19᠎ᠤ ᠡᠳᠦᠷ