ᠵᠠᠬᠢᠳᠠᠯ ᠰᠣᠷᠪᠣᠯᠵᠢᠯᠠᠭᠴᠢ ᠵᠢᠨ ᠨᠡᠷ᠎ᠡ᠄ ᠸᠠᠩ ᠣᠪᠣᠭᠲᠤ
ᠵᠠᠬᠢᠳᠠᠯ ᠢᠷᠡᠭᠦᠯᠣᠭ᠌ᠰᠡᠨ ᠴᠠᠭ᠄ 2025-03-11
ᠵᠠᠬᠢᠳᠠᠯ᠎ᠤᠨ ᠭᠣᠣᠯ ᠰᠡᠳᠦᠪ᠄ ᠠᠵᠢᠯᠲᠠᠨ᠎ᠤ ᠳᠠᠩᠰᠠᠯᠠᠭᠤᠯᠤᠭᠰᠠᠨ ᠦᠨᠡᠮᠯᠡᠯ
ᠵᠠᠬᠢᠳᠠᠯ᠎ᠤᠨ ᠠᠭᠣᠯᠭ᠎ᠠ᠄ ᠶᠠᠮᠠᠷ ᠶᠠᠮᠠᠷ ᠠᠵᠢᠯᠲᠠᠨ᠎ᠤ ᠳᠠᠩᠰᠠᠯᠠᠭᠤᠯᠤᠭᠰᠠᠨ ᠦᠨᠡᠮᠯᠡᠯ᠎ᠨᠢ ᠲᠣᠰ ᠤᠳᠠᠭ᠋ᠠᠨ᠎ᠤ ᠦᠨᠡᠮᠯᠡᠯ᠎ᠤᠨ ᠡᠯᠸᠺᠲᠷᠣᠨᠴᠢᠯᠠᠭᠰᠠᠨ ᠠᠵᠢᠯ᠎ᠳᠤ ᠬᠤᠯᠪᠣᠭᠳᠠᠬᠤ ᠪᠣᠶ?
ᠬᠠᠷᠢᠭᠣᠯᠣᠭᠰᠠᠨ ᠴᠠᠭ᠄ 2025 —03 —11
ᠬᠠᠷᠢᠭᠣ ᠵᠢᠨ ᠠᠭᠣᠯᠭ᠎ᠠ᠄ ᠬᠦᠨᠳᠦᠲᠦ ᠰᠦᠯᠵᠢᠶᠡᠨ ᠠᠨᠳᠠ ᠨᠠᠶ᠋ᠢᠵᠠ ᠲᠠ ᠰᠠᠶ᠋ᠢᠨ ᠤᠤ᠂ ᠲᠠᠨ᠎ᠤ ᠬᠠᠷᠢᠯᠴᠠᠨ ᠰᠣᠯᠢᠯᠴᠠᠬᠤ ᠪᠤᠯᠤᠩ᠎ᠳᠤ ᠲᠤᠰᠬᠠᠭᠰᠠᠨ ᠠᠰᠠᠭᠤᠳᠠᠯ᠎ᠢ ᠨᠢᠭᠡᠨᠲᠡ ᠣᠯᠵᠤ ᠮᠡᠳᠡᠭᠡᠳ᠂ ᠣᠲᠣ ᠳᠣᠣᠷᠠᠬᠢ ᠮᠡᠲᠦ ᠬᠠᠷᠢᠭᠣᠯᠲᠠ ᠦᠭᠪᠡ ᠄ 《ᠰᠠᠭᠤᠭ᠎ᠠ**** ᠶᠠᠮᠤᠨ᠎ᠤ ᠠᠯᠪᠠᠨ ᠲᠢᠩᠬᠢᠮ᠎ᠤᠨ ᠳᠠᠩᠰᠠᠯᠠᠭᠤᠯᠤᠭᠰᠠᠨ ᠬᠢᠨᠠᠨ ᠬᠠᠮᠢᠶᠠᠷᠬᠤ ᠢᠨᠵᠧᠨᠧᠷ ᠵᠡᠷᠭᠡ ᠲᠤᠰᠬᠠᠶ ᠮᠡᠷᠭᠡᠵᠢᠯ᠎ᠤᠨ ᠠᠵᠢᠯᠲᠠᠨ᠎ᠤ ᠡᠯᠸᠺᠲᠷᠣᠨ ᠳᠠᠩᠰᠠᠯᠠᠭᠤᠯᠤᠭᠰᠠᠨ ᠦᠨᠡᠮᠯᠡᠯ᠎ᠢ ᠡᠬᠢᠯᠡᠨ ᠬᠡᠷᠡᠭᠯᠡᠬᠦ ᠲᠤᠬᠠᠶ ᠮᠡᠳᠡᠭᠳᠡᠯ》 (ᠪᠠᠶ᠋ᠢᠭᠤᠯᠤᠯᠲᠠ ᠠᠯᠪᠠᠨ ᠲᠢᠩᠬᠢᠮ ᠵᠠᠬᠢᠳᠠᠯ [2025 ] 13 ᠳ᠋ᠤᠭ᠋ᠠᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ 2025 ᠣᠨ᠎ᠤ 1 ᠳ᠋ᠦ᠍ᠭᠡᠷ ᠰᠠᠷ᠎ᠠ ᠵᠢᠨ 20᠎ᠤ ᠡᠳᠦᠷ᠎ᠠᠴᠠ ᠡᠬᠢᠯᠡᠨ᠂ ᠳᠠᠩᠰᠠᠯᠠᠭᠣᠯᠣᠭᠰᠠᠨ ᠬᠢᠨᠠᠨ ᠬᠠᠮᠢᠶᠠᠷᠬᠤ ᠢᠨᠵᠧᠨᠧᠷ᠂ ᠳᠠᠩᠰᠠᠯᠠᠭᠣᠯᠣᠭᠰᠠᠨ ᠨᠢᠭᠡᠳᠦᠭᠡᠷ ᠳᠡᠰ ᠪᠦᠲᠦᠴᠡ ᠵᠢᠨ ᠢᠨᠵᠧᠨᠧᠷ᠂ ᠳᠠᠩᠰᠠᠯᠠᠭᠣᠯᠣᠭᠰᠠᠨ ᠴᠠᠬᠢᠯᠭ᠋ᠠᠨ᠎ᠤ ᠢᠨᠵᠧᠨᠧᠷ (ᠴᠠᠬᠢᠯᠭ᠋ᠠᠨ ᠬᠦᠷᠭᠡᠬᠦ ᠳᠠᠮᠵᠢᠭᠣᠯᠬᠣ ᠬᠤᠪᠢᠷᠠᠭᠤᠯᠬᠤ᠂ ᠴᠠᠬᠢᠯᠭ᠋ᠠᠨ ᠬᠠᠩᠭ᠋ᠠᠵᠦ ᠲᠦᠭᠡᠭᠡᠬᠦ)᠂ ᠳᠠᠩᠰᠠᠯᠠᠭᠣᠯᠣᠭᠰᠠᠨ ᠨᠡᠶ᠋ᠢᠲᠡ ᠵᠢᠨ ᠬᠡᠷᠡᠭᠯᠡᠭᠡᠨ᠎ᠤ ᠲᠥᠬᠦᠭᠡᠷᠦᠮᠵᠢ ᠵᠢᠨ ᠢᠨᠵᠧᠨᠧᠷ (ᠳᠤᠯᠠᠭ᠋ᠠᠯᠠᠭ᠎ᠠ ᠵᠢᠨ ᠠᠭ᠋ᠠᠷ ᠲᠣᠬᠢᠷᠠᠭᠤᠯᠤᠭᠴᠢ᠂ ᠤᠰᠤ ᠬᠠᠩᠭ᠋ᠠᠬᠤ ᠤᠰᠤ ᠵᠠᠯᠠᠬᠤ᠂ ᠬᠥᠳᠡᠯᠭᠡᠬᠦ ᠬᠦᠴᠦᠨ)᠂ ᠳᠠᠩᠰᠠᠯᠠᠭᠣᠯᠣᠭᠰᠠᠨ ᠬᠢᠮᠢ ᠵᠢᠨ ᠠᠵᠤ ᠦᠢ᠍ᠯᠡᠳᠪᠦᠷᠢ ᠵᠢᠨ ᠢᠨᠵᠧᠨᠧᠷ᠂ ᠳᠠᠩᠰᠠᠯᠠᠭᠣᠯᠣᠭᠰᠠᠨ ᠰᠢᠷᠣᠶ ᠮᠣᠳᠣ ᠵᠢᠨ ᠢᠨᠵᠧᠨᠧᠷ (ᠴᠢᠯᠠᠭᠤᠯᠢᠭ ᠰᠢᠷᠣᠶ) ᠵᠢᠴᠢ ᠳᠠᠩᠰᠠᠯᠠᠭᠣᠯᠣᠭᠰᠠᠨ ᠨᠢᠭᠡᠳᠦᠭᠡᠷ ᠳᠡᠰ᠎ᠤᠨ ᠦᠨ᠎ᠡ ᠵᠢᠨ ᠢᠨᠵᠧᠨᠧᠷ (ᠰᠢᠷᠣᠶ ᠮᠣᠳᠣᠨ᠎ᠤ ᠪᠠᠷᠢᠯᠭ᠎ᠠ ᠵᠢᠨ ᠢᠨᠵᠧᠨᠧᠷᠢᠩ᠂ ᠤᠭᠰᠠᠷᠠᠬᠤ ᠢᠨᠵᠧᠨᠧᠷᠢᠩ) ᠵᠡᠷᠭᠡ ᠲᠤᠰᠬᠠᠶ ᠮᠡᠷᠭᠡᠵᠢᠯ᠎ᠤᠨ ᠠᠵᠢᠯᠲᠠᠨ ᠡᠯᠸᠺᠲᠷᠣᠨ ᠳᠠᠩᠰᠠᠯᠠᠭᠤᠯᠤᠭᠰᠠᠨ ᠦᠨᠡᠮᠯᠡᠯ᠎ᠢ ᠳᠠᠬᠢᠵᠤ ᠡᠬᠢᠯᠡᠨ ᠬᠡᠷᠡᠭᠯᠡᠵᠦ᠂ ᠳᠠᠬᠢᠵᠤ ᠴᠠᠭ᠋ᠠᠰᠤᠨ ᠳᠠᠩᠰᠠᠯᠠᠭᠣᠯᠣᠭᠰᠠᠨ ᠦᠨᠡᠮᠯᠡᠯ ᠣᠯᠭᠤᠬᠤ ᠥᠬᠡᠶ᠃ ᠣᠳᠣᠬᠠᠨ᠎ᠳᠤ᠂ ᠬᠦᠴᠦᠨ᠎ᠲᠠᠢ ᠬᠤᠭᠤᠴᠠᠭ᠋ᠠᠨ᠎ᠳᠠᠬᠢ ᠴᠠᠭ᠋ᠠᠰᠤᠨ ᠦᠨᠡᠮᠯᠡᠯ ᠮᠥᠨ ᠬᠦ᠌ ᠬᠦᠴᠦᠨ᠎ᠲᠠᠢ ᠪᠠᠶ᠋ᠢᠵᠤ᠂ ᠬᠤᠯᠪᠣᠭᠳᠠᠯ ᠪᠦᠬᠦᠢ ᠠᠵᠤ ᠠᠬᠤᠶ᠋ᠢᠯᠠᠯ ᠵᠢᠴᠢ ᠳᠠᠩᠰᠠᠯᠠᠭᠤᠯᠤᠭᠴᠢ᠎ᠨᠢ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠡᠯᠸᠺᠲᠷᠣᠨ ᠳᠠᠩᠰᠠᠯᠠᠭᠣᠯᠣᠭᠰᠠᠨ ᠦᠨᠡᠮᠯᠡᠯ ᠵᠶ᠋ᠠᠨ ᠴᠠᠭ ᠲᠤᠬᠠᠶ᠎ᠳᠤᠨᠢ ᠰᠣᠯᠢᠵᠤ ᠪᠣᠯᠤᠨ᠎ᠠ᠃ ᠮᠠᠨ᠎ᠤ ᠲᠢᠩᠬᠢᠮ ᠦᠢ᠍ᠯᠡᠴᠢᠯᠡᠭᠡᠨ᠎ᠤ ᠶᠠᠰᠤ ᠴᠢᠨᠠᠷ᠎ᠢ ᠦᠷᠭᠦᠯᠵᠢᠯᠡᠨ ᠰᠠᠶ᠋ᠢᠵᠢᠷᠠᠭᠤᠯᠵᠤ᠂ ᠲᠠᠨ᠎ᠤ ᠬᠠᠷᠢᠯᠴᠠᠨ ᠰᠣᠯᠢᠯᠴᠠᠭ᠎ᠠ ᠬᠢᠬᠦ ᠪᠤᠯᠤᠩ᠎ᠢ ᠠᠩᠬᠠᠷᠴᠤ ᠳᠡᠮᠵᠢᠭᠰᠡᠨ᠎ᠳᠤ ᠲᠠᠯᠠᠷᠬᠠᠵᠤ ᠪᠠᠶ᠋ᠢᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠭᠠᠵᠠᠷ
2025 ᠣᠨ᠎ᠤ 3 ᠳ᠋ᠤᠭ᠋ᠠᠷ ᠰᠠᠷ᠎ᠠ ᠵᠢᠨ 11 ᠡᠳᠦᠷ