᠄ ᠭᠣᠣ
᠄ 2025-09-02
᠄ ᠠᠶᠤᠯ ᠦᠭᠡᠢ᠎ᠶ᠋ᠢᠨ ᠵᠦᠪᠱᠢᠶᠡᠷᠡᠯ᠎ᠤᠨ ᠦᠨᠡᠮᠯᠡᠯ᠎ᠤᠨ ᠬᠤᠭᠤᠴᠠᠭ᠎ᠠ ᠤᠷᠲᠤᠳᠭᠠᠬᠤ᠎ᠶ᠋ᠢᠨ ᠬᠢᠨᠠᠨ ᠪᠠᠢᠴᠠᠭᠠᠬᠤ ᠦᠭᠡᠢ᠎ᠶ᠋ᠢᠨ ᠲᠤᠬᠠᠢ ᠵᠦᠪᠳᠡᠯ
᠄ ᠡᠨᠳᠡ ᠪᠣᠯ ᠪᠠᠷᠢᠯᠭ᠎ᠠ᠎ᠶ᠋ᠢᠨ ᠦᠢᠯᠡᠰ᠎ᠤᠨ ᠠᠵᠤ ᠠᠬᠤᠢᠯᠠᠯ ᠮᠥᠨ᠂ ᠪᠢ ᠠᠶᠤᠯ ᠦᠭᠡᠢ᠎ᠶ᠋ᠢᠨ ᠵᠥᠪᠱᠢᠶᠡᠷᠡᠯ᠎ᠤᠨ ᠦᠨᠡᠮᠯᠡᠯᠯᠤᠨ ᠬᠤᠭᠤᠴᠠᠭ᠎ᠠ ᠤᠷᠲᠤᠳᠭᠠᠬᠤ᠎ᠶ᠋ᠢᠨ ᠬᠢᠨᠠᠨ ᠪᠠᠢᠴᠠᠭᠠᠬᠤ ᠦᠭᠡᠢ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠰᠦᠯᠵᠢᠶ᠎ᠡ᠎ᠪᠠᠷ ᠭᠦᠢᠴᠡᠳᠭᠡᠬᠦ᠌ ᠦᠶ᠎ᠡ᠎ᠳᠤ ᠲᠥᠷᠥᠯ ᠵᠦᠢᠯ᠎ᠤᠨ ᠬᠠᠷᠢᠭᠤᠴᠠᠯᠭᠠᠲᠠᠨ᠎ᠢ ᠰᠣᠩᠭᠤᠬᠤ ᠦᠶ᠎ᠡ᠎ᠳᠤ᠂ ᠬᠠᠷᠢᠭᠤᠴᠠᠯᠭᠠᠲᠠᠨ ᠠᠵᠢᠯ᠎ᠠᠴᠠ᠎ᠪᠠᠨ ᠠᠮᠠᠷᠠᠭ᠍ᠴᠢᠳᠲᠤ ᠲᠣᠭᠠᠴᠠᠭ᠍ᠳᠠᠨᠠ᠂《 ᠦᠨᠡᠮᠯᠡᠯ ᠠᠪᠴᠤ᠌ ᠪᠠᠢᠭ᠎ᠠ ᠬᠦᠮᠦᠨ ᠨᠢᠭᠡᠨᠲᠡ ᠠᠵᠢᠯ᠎ᠠᠴᠠ᠎ᠪᠠᠨ ᠠᠮᠠᠷᠠᠵᠠᠢ ᠂ ᠲᠠᠢᠯᠪᠤᠷᠢ ᠪᠦᠯᠦᠭ ᠳᠣᠲᠣᠷ᠎ᠠ ᠬᠠᠮᠢᠶ᠎ᠠ ᠪᠦᠬᠦᠢ ᠮᠠᠲ᠋ᠧᠷᠢᠶᠠᠯ᠎ᠢ ᠤᠯᠠᠮᠵᠢᠯᠠᠭᠠᠷᠠᠢ》 ᠭᠡᠵᠦ᠍ ᠰᠠᠨᠠᠭᠤᠯᠵᠠᠢ᠂ ᠭᠡᠪᠡᠴᠦ᠍ ᠨᠢᠭᠡᠨᠲᠡ ᠲᠠᠢᠯᠪᠤᠷᠢ ᠪᠦᠯᠦᠭ ᠳᠣᠲᠣᠷ᠎ᠠ ᠠᠵᠢᠯ᠎ᠠᠴᠠ ᠠᠮᠠᠷᠠᠭ᠍ᠰᠠᠨ ᠦᠨᠡᠮᠯᠡᠯ᠎ᠢ ᠳᠠᠮᠵᠢᠭᠤᠯᠤᠭ᠍ᠰᠠᠨ ᠪᠣᠯᠪᠠᠴᠤ᠌ ᠪᠠᠰᠠ ᠰᠤᠩᠭ᠍ᠤᠵᠤ ᠳᠡᠢᠯᠬᠦ᠌ ᠦᠭᠡᠢ᠂ ᠠᠵᠢᠯ᠎ᠠᠴᠠ᠎ᠪᠠᠨ ᠠᠮᠠᠷᠠᠭ᠍ᠰᠠᠨ ᠬᠥᠮᠦᠰ᠎ᠢ ᠬᠡᠷᠬᠢᠨ ᠰᠣᠩᠭᠤᠬᠤ ᠪᠣᠢ?
᠄ 2025-09-08
᠄ ᠠᠶᠤᠯ ᠦᠭᠡᠢ ᠦᠢᠯᠡᠳᠪᠦᠷᠢᠯᠡᠯ᠎ᠦᠨ ᠵᠥᠪᠱᠢᠶᠡᠷᠡᠯ᠎ᠤᠨ ᠦᠨᠡᠮᠯᠡᠯᠯᠤᠨ ᠲᠤᠬᠠᠢ 1. ᠲᠠᠨ᠎ᠤ ᠢᠯᠡᠳᠭᠡᠭ᠌ᠰᠡᠨ ᠪᠠᠢᠳᠠᠯ᠎ᠳᠦ ᠨᠢᠭᠡᠨᠲᠡ ᠠᠵᠢᠯ᠎ᠠᠴᠠ᠎ᠪᠠᠨ ᠠᠮᠠᠷᠠᠭ᠍ᠰᠠᠨ ᠠᠶᠤᠯ ᠦᠭᠡᠢ ᠦᠢᠯᠡᠳᠪᠦᠷᠢᠯᠡᠯ᠎ᠦᠨ ᠬᠠᠮᠢᠶᠠᠷᠤᠭ᠍ᠴᠢ ᠶ᠋ᠢ ᠰᠣᠩᠭᠤᠬᠤ ᠴᠢᠬᠤᠯᠠ ᠦᠭᠡᠢ ᠂ ᠰᠠᠨᠠᠭᠤᠯᠤᠮᠵᠢ᠎ᠶ᠋ᠢᠨ ᠱᠠᠭᠠᠷᠳᠠᠯᠭ᠎ᠠ ᠶᠣᠰᠣᠭᠠᠷ ᠲᠠᠢᠯᠪᠤᠷᠢ ᠪᠦᠯᠦᠭ ᠳᠣᠲᠣᠷ᠎ᠠ ᠲᠤᠰ ᠠᠵᠢᠯᠲᠠᠨ᠎ᠤ ᠬᠠᠮᠢᠶ᠎ᠠ ᠪᠦᠬᠦᠢ ᠮᠠᠲ᠋ᠧᠷᠢᠶᠠᠯ᠎ᠢ ᠳᠠᠮᠵᠢᠭᠤᠯᠪᠠᠯ ᠪᠣᠯᠴᠢᠬᠠᠨ᠎ᠠ᠃ 2.ᠠᠵᠤ ᠠᠬᠤᠢᠯᠠᠯ᠎ᠤᠨ ᠠᠶᠤᠯ ᠦᠭᠡᠢ᠎ᠶ᠋ᠢᠨ ᠵᠥᠪᠱᠢᠶᠡᠷᠡᠯ᠎ᠤᠨ ᠦᠨᠡᠮᠯᠡᠯ᠎ᠤᠨ ᠬᠤᠭᠤᠴᠠᠭ᠎ᠠ ᠤᠷᠲᠤᠳᠭᠠᠬᠤ᠎ᠶ᠋ᠢ ᠠᠢᠮᠠᠭ ᠬᠤᠲᠠ᠎ᠶ᠋ᠢᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠣᠪᠴᠢᠶ᠎ᠠ᠎ᠠᠴᠠ ᠠᠩᠬ᠎ᠠ ᠬᠢᠨᠠᠵᠤ᠂ ᠲᠠ ᠪᠠᠰᠠ ᠲᠤᠬᠠᠢ᠎ᠶ᠋ᠢᠨ ᠭᠠᠵᠠᠷ᠎ᠤᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠠᠷᠢᠯᠭ᠎ᠠ᠎ᠶ᠋ᠢᠨ ᠲᠣᠪᠴᠢᠶ᠎ᠠ᠎ᠠᠴᠠ ᠱᠢᠭᠤᠳ ᠠᠰᠠᠭᠤᠨ ᠯᠠᠪᠯᠠᠵᠤ ᠪᠣᠯᠣᠨ᠎ᠠ᠃
2025ᠣᠨ᠎ᠤ 9 ᠳ᠋ᠦ᠍ᠭᠡᠷ ᠰᠠᠷ᠎ᠠ᠎ᠶ᠋ᠢᠨ8 ᠤ ᠡᠳᠦᠷ