ᠲᠦᠷᠦ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠭᠢᠮ 《ᠨᠠᠰᠤᠲᠠᠢ᠌ᠴᠤᠳ ᠤᠶᠤᠨᠴᠢ ᠮᠡᠷᠭᠡᠵᠢᠯ᠎ᠢ ᠬᠡᠷᠡᠭᠯᠡᠬᠦ᠎ᠳᠤ ᠬᠦᠴᠢᠷᠳᠡᠵᠦ ᠪᠠᠢ᠌ᠭ᠎ᠠ ᠠᠰᠠᠭᠤᠳᠠᠯ᠎ᠢ ᠦᠨᠡᠨᠬᠦ ᠰᠢᠢ᠍ᠳᠪᠤᠷᠢᠯᠡᠬᠦ ᠲᠤᠬᠠᠢ ᠬᠡᠷᠡᠭᠵᠢᠭᠦᠯᠬᠦ ᠲᠦᠰᠦᠯ》᠎ᠢ ᠲᠠᠷᠤᠮᠠᠯᠯᠠᠨ ᠲᠡᠷᠬᠠᠭ᠋ᠠᠪᠠ
2020-12-09

      ᠰᠢᠨᠬᠤᠸᠠ ᠬᠤᠷᠢᠶᠠᠨ᠎ᠤ ᠪᠡᠭᠡᠵᠢᠩ᠎ᠤᠨ 11 ᠰᠠᠷ᠎ᠠ ᠵᠢᠨ 24᠎ᠤ ᠡᠳᠤᠷ᠎ᠤᠨ ᠮᠡᠳᠡᠭᠡ ᠤᠢ᠌ᠷ᠎ᠠ᠎ᠳᠤ᠂   ᠲᠦᠷᠦ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠭᠢᠮ 《ᠨᠠᠰᠤᠲᠠᠢ᠌ᠴᠤᠳ ᠤᠶᠤᠨᠴᠢ ᠮᠡᠷᠭᠡᠵᠢᠯ᠎ᠢ ᠬᠡᠷᠡᠭᠯᠡᠬᠦ  ᠎ᠳᠤ ᠬᠦᠴᠢᠷᠲᠡᠢ ᠪᠠᠢ᠌ᠭ᠎ᠠ ᠠᠰᠠᠭᠤᠳᠠᠯ᠎ᠢ ᠦᠨᠡᠨᠬᠦ ᠰᠢᠢ᠍ᠳᠪᠤᠷᠢᠯᠡᠬᠦ ᠲᠤᠬᠠᠢ ᠬᠡᠷᠡᠭᠵᠢᠭᠦᠯᠬᠦ ᠲᠦᠰᠦᠯ》 (ᠲᠤᠷᠤᠭᠰᠢ  《ᠬᠡᠷᠡᠭᠵᠢᠭᠦᠯᠬᠦ ᠲᠦᠰᠦᠯ》 ᠭᠡᠵᠦ ᠲᠦᠭᠦᠮᠴᠢᠯᠡᠨ᠎ᠡ)᠎ᠢ ᠲᠠᠷᠤᠮᠠᠯᠯᠠᠨ ᠲᠠᠷᠬᠠᠭ᠋ᠠᠵᠦ᠂ ᠨᠠᠰᠤᠲᠠᠢ᠌ᠴᠤᠳ ᠤᠶᠤᠨᠴᠢ   ᠮᠡᠷᠭᠡᠵᠢᠯ᠎ᠢ ᠬᠡᠷᠡᠭᠯᠡᠬᠦ᠎ᠳᠤ ᠬᠦᠴᠢᠷᠳᠡᠵᠦ ᠪᠠᠢ᠌ᠭ᠎ᠠ ᠠᠰᠠᠭᠤᠳᠠᠯ᠎ᠢ ᠤᠯᠠᠮ ᠨᠢᠭᠡ ᠠᠯᠬᠤᠮ ᠰᠢᠢ᠍ᠳᠪᠤᠷᠢᠯᠡᠵᠦ᠂   ᠤᠯᠠᠮᠵᠢᠯᠠᠯᠳᠤ ᠦᠢ᠍ᠯᠡᠴᠢᠯᠡᠭᠡᠨ᠎ᠤ ᠬᠡᠯᠪᠡᠷᠢ ᠪᠤᠯᠤᠨ ᠤᠶᠤᠨᠴᠢᠯᠠᠭᠰᠠᠨ ᠦᠢ᠍ᠯᠡᠴᠢᠯᠡᠭᠡᠨ᠎ᠤ ᠡᠭᠦᠳᠦᠯᠲᠡ ᠵᠢ   ᠵᠡᠷᠭᠡᠴᠡᠭᠦᠯᠦᠨ ᠶᠡᠪᠤᠭᠳᠠᠭᠤᠯᠬᠤ ᠵᠢ ᠪᠠᠷᠢᠮᠲᠠᠯᠠᠵᠦ᠂ ᠨᠠᠰᠤᠲᠠᠢ᠌ᠴᠤᠳ᠎ᠲᠤ ᠨᠡᠩ ᠪᠦᠷᠢᠨ ᠭᠦᠢ᠍ᠴᠡᠳ᠂ ᠨᠡᠩ   ᠲᠤᠲᠤᠨᠤ᠂ ᠨᠡᠩ ᠰᠢᠭᠤᠳ ᠲᠦᠬᠦᠮ ᠦᠢ᠍ᠯᠡᠴᠢᠯᠡᠭᠡ ᠬᠠᠩᠭ᠋ᠠᠬᠤ ᠪᠠᠢ᠌ᠷᠢᠯᠠᠭᠤᠯᠤᠯᠲᠠ ᠬᠢᠵᠠᠢ᠃      
     《ᠬᠡᠷᠡᠭᠵᠢᠭᠦᠯᠬᠦ ᠲᠦᠰᠦᠯ》  ᠎ᠳᠤ ᠵᠢᠭ᠋ᠠᠵᠦ ᠭᠠᠷᠭ᠋ᠠᠭᠰᠠᠨ᠎ᠨᠢ᠂ ᠰᠢ ᠵᠢᠨ ᠫᠢᠩ᠎ᠤᠨ ᠰᠢᠨ᠎ᠡ ᠴᠠᠭ ᠦᠶ᠎ᠡ   ᠵᠢᠨ ᠲᠤᠮᠳᠠᠳᠤ ᠤᠯᠤᠰ᠎ᠤᠨ ᠤᠨᠴᠠᠯᠢᠭᠳᠤ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠵᠦ᠂   ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠤᠯᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠦᠪ ᠬᠤᠷᠢᠶᠠᠨ᠎ᠤ   ᠬᠤᠶᠠᠳᠤᠭ᠋ᠠᠷ᠂ ᠭᠤᠷᠪᠠᠳᠤᠭ᠋ᠠᠷ᠂ ᠳᠦᠷᠪᠡᠳᠦᠭᠡᠷ᠂ ᠲᠠᠪᠤᠳᠤᠭ᠋ᠠᠷ ᠪᠦᠭᠦᠳᠡ ᠬᠤᠷᠠᠯᠳᠤᠭ᠋ᠠᠨ᠎ᠤ ᠵᠤᠷᠢᠭ ᠰᠠᠨᠠᠭ᠎ᠠ ᠵᠢ   ᠪᠦᠬᠦ ᠲᠠᠯ᠎ᠠ᠎ᠪᠠᠷ ᠲᠤᠤᠱᠯᠠᠭᠤᠯᠵᠦ᠂ ᠠᠷᠠᠳ ᠲᠦᠮᠡᠨ ᠵᠶ᠋ᠠᠷ ᠭᠤᠤᠯ ᠪᠤᠯᠭ᠋ᠠᠬᠤ ᠬᠦᠭᠵᠢᠯᠲᠡ ᠵᠢᠨ ᠦᠵᠡᠯᠲᠡ ᠵᠢ   ᠪᠠᠷᠢᠮᠲᠠᠯᠠᠵᠦ᠂ ᠠᠷᠠᠳ ᠲᠦᠮᠡᠨ᠎ᠤ ᠡᠳᠤᠷ ᠢᠷᠡᠭᠦᠶ᠎ᠡ ᠨᠡᠮᠡᠭᠳᠡᠵᠦ ᠪᠠᠢ᠌ᠭ᠎ᠠ ᠰᠠᠢ᠌ᠨ ᠰᠠᠢ᠌ᠬᠠᠨ ᠠᠮᠢᠳᠤᠷᠠᠯ᠎ᠤᠨ   ᠬᠡᠷᠡᠭᠴᠡᠭᠡ ᠵᠢ ᠬᠠᠩᠭ᠋ᠠᠵᠦ᠂ ᠨᠠᠰᠤᠲᠠᠢ᠌ᠴᠤᠳ᠎ᠤᠨ   ᠬᠡᠷᠡᠭᠴᠡᠭᠡ ᠵᠢ ᠭᠦᠢ᠍ᠴᠡᠳ ᠬᠠᠷᠠᠭ᠋ᠠᠯᠵᠠᠵᠦ ᠴᠢᠳᠠᠬᠤ ᠤᠬᠠᠭ᠋ᠠᠨᠳᠤ   ᠨᠡᠢ᠌ᠭᠡᠮ᠎ᠤᠨ ᠪᠠᠢ᠌ᠭᠤᠯᠤᠯᠲᠠ ᠵᠢ ᠪᠠᠷᠢᠮᠲᠠᠯᠠᠵᠦ᠂ ᠤᠯᠠᠮᠵᠢᠯᠠᠯᠳᠤ ᠦᠢ᠍ᠯᠡᠴᠢᠯᠡᠭᠡᠨ᠎ᠤ ᠬᠡᠯᠪᠡᠷᠢ ᠪᠤᠯᠤᠨ   ᠤᠶᠤᠨᠴᠢᠯᠠᠭᠰᠠᠨ ᠦᠢ᠍ᠯᠡᠴᠢᠯᠡᠭᠡᠨ᠎ᠤ ᠡᠭᠦᠳᠦᠯᠲᠡ ᠵᠢ ᠵᠡᠷᠭᠡᠴᠡᠭᠦᠯᠦᠨ ᠶᠡᠪᠤᠭᠳᠠᠭᠤᠯᠬᠤ ᠵᠢ ᠪᠠᠷᠢᠮᠲᠠᠯᠠᠵᠦ᠂   ᠨᠠᠰᠤᠲᠠᠢ᠌ᠴᠤᠳ ᠤᠶᠤᠨᠴᠢ ᠮᠡᠷᠭᠡᠵᠢᠯ᠎ᠢ ᠬᠡᠷᠡᠭᠯᠡᠬᠦ  ᠎ᠳᠤ ᠲᠤᠯᠭ᠋ᠠᠷᠠᠵᠦ ᠪᠠᠢ᠌ᠭ᠎ᠠ ᠬᠦᠴᠢᠷᠲᠡᠯ᠎ᠢ ᠦᠨᠡᠨᠬᠦ ᠰᠢᠢ᠍ᠳᠪᠤᠷᠢᠯᠡᠬᠦ ᠬᠡᠷᠡᠭᠲᠡᠢ᠃ ᠬᠢᠵᠢᠭ᠎ᠢ ᠰᠡᠷᠭᠡᠢ᠌ᠯᠡᠨ ᠬᠤᠷᠢᠭᠯᠠᠬᠤ ᠪᠠ ᠠᠵᠦ ᠠᠬᠤᠢ ᠨᠡᠢ᠌ᠭᠡᠮ᠎ᠤᠨ ᠬᠦᠭᠵᠢᠯᠲᠡ ᠵᠢᠨ   ᠠᠵᠢᠯ᠎ᠳᠤ ᠵᠤᠬᠢᠴᠠᠭᠤᠯᠵᠦ᠂ ᠨᠠᠰᠤᠲᠠᠢ᠌ᠴᠤᠳ᠎ᠤᠨ ᠡᠳᠤᠷ ᠲᠤᠲᠤᠮ᠎ᠤᠨ ᠠᠮᠢᠳᠤᠷᠠᠯ᠎ᠳᠤ   ᠤᠯᠠᠨ ᠲᠤᠬᠢᠶᠠᠯᠳᠤᠬᠤ   ᠵᠥᠢ᠍ᠯ᠎ᠳᠤ ᠠᠩᠬᠠᠷᠤᠯ ᠲᠠᠯᠪᠢᠵᠦ᠂ ᠤᠯᠠᠮᠵᠢᠯᠠᠯᠳᠤ ᠦᠢ᠍ᠯᠡᠴᠢᠯᠡᠭᠡᠨ᠎ᠤ ᠬᠡᠯᠪᠡᠷᠢ ᠪᠤᠯᠤᠨ ᠤᠶᠤᠨᠴᠢᠯᠠᠭᠰᠠᠨ   ᠦᠢ᠍ᠯᠡᠴᠢᠯᠡᠭᠡᠨ᠎ᠤ ᠡᠭᠦᠳᠦᠯᠲᠡ ᠵᠢ ᠤᠶᠠᠯᠳᠤᠭᠤᠯᠬᠤ᠂ ᠡ᠊ᠩ᠎ᠤᠨ ᠬᠡᠷᠡᠭᠯᠡᠭᠡ ᠪᠠ ᠲᠦᠷᠦᠯ ᠠᠩᠭᠢᠯᠠᠬᠤ ᠵᠢ   ᠤᠶᠠᠯᠳᠤᠭᠤᠯᠬᠤ᠂ ᠰᠦᠯᠵᠢᠶᠡᠨ ᠦᠢ᠍ᠯᠡᠴᠢᠯᠡᠭᠡ ᠪᠠ ᠰᠦᠯᠵᠢᠶᠡᠨ ᠭᠠᠳᠠᠨᠠᠬᠢ ᠵᠠᠮ ᠰᠤᠪᠠᠭ᠎ᠢ ᠤᠶᠠᠯᠳᠤᠭᠤᠯᠬᠤ᠂   ᠲᠤᠪᠤᠢ᠌ᠮ᠎ᠠ ᠠᠰᠠᠭᠤᠳᠠᠯ᠎ᠢ   ᠰᠢᠢ᠍ᠳᠪᠤᠷᠢᠯᠡᠬᠦ ᠪᠠ ᠤᠷᠳᠤ ᠤᠳᠠᠭ᠋ᠠᠨ ᠦᠢ᠍ᠯᠡᠴᠢᠯᠡᠯ᠎ᠲᠠᠢ ᠲᠤᠭᠲᠠᠴᠠ ᠵᠢ   ᠤᠶᠠᠯᠳᠤᠭᠤᠯᠬᠤ   ᠵᠢ ᠪᠠᠷᠢᠮᠲᠠᠯᠠᠵᠦ᠂ ᠨᠠᠰᠤᠲᠠᠢ᠌ᠴᠤᠳ᠎ᠲᠤ ᠦᠢ᠍ᠯᠡᠴᠢᠯᠡᠬᠦ ᠡᠯ᠎ᠡ ᠵᠥᠢ᠍ᠯ᠎ᠤᠨ ᠠᠵᠢᠯ᠎ᠢ ᠨᠠᠷᠢᠨ   ᠪᠤᠳᠠᠲᠠᠢ ᠬᠢᠵᠦ᠂ ᠰᠤᠷᠠᠭ ᠵᠠᠩᠭᠢᠵᠢᠯᠲᠠ ᠵᠢᠨ ᠬᠦᠭᠵᠢᠯᠲᠡ ᠲᠤᠮᠳᠠ ᠨᠠᠰᠤᠲᠠᠢ᠌ᠴᠤᠳ᠎ᠢ ᠨᠡᠩ ᠢᠯᠡᠭᠦᠦ   ᠬᠦᠷᠲᠡᠮᠵᠢᠳᠤ ᠲᠦᠷᠦᠭᠳᠡᠯ᠂ ᠵᠤᠯ ᠵᠢᠷᠭ᠋ᠠᠯᠳᠤ ᠲᠦᠷᠦᠭᠳᠡᠯ᠂ ᠠᠮᠤᠷ ᠲᠠᠢ᠌ᠪᠤᠩ ᠲᠦᠷᠦᠭᠳᠡᠯ᠎ᠲᠠᠢ ᠪᠤᠯᠭ᠋ᠠᠬᠤ ᠬᠡᠷᠡᠭᠲᠡᠢ   ᠭᠡᠵᠡᠢ᠃      
     《  ᠬᠡᠷᠡᠭᠵᠢᠭᠦᠯᠬᠦ ᠲᠦᠰᠦᠯ》᠎ᠳᠤ ᠲᠤᠷᠠᠳᠤᠭᠰᠠᠨ᠎ᠨᠢ᠂ ᠲᠦᠷᠦ ᠵᠢᠨ ᠪᠤᠲᠤᠯᠭ᠎ᠠ ᠵᠢᠨ ᠵᠢᠯᠤᠭᠤᠳᠤᠮᠵᠢ ᠪᠠ   ᠪᠦᠬᠦ ᠨᠡᠢ᠌ᠭᠡᠮ᠎ᠤᠨ ᠬᠠᠮᠳᠤ ᠵᠢᠨ ᠴᠢᠷᠮᠠᠢ᠌ᠯᠭ᠎ᠠ᠎ᠪᠠᠷ᠂ ᠨᠠᠰᠤᠲᠠᠢ᠌ᠴᠤᠳ ᠤᠶᠤᠨᠴᠢ ᠮᠡᠷᠭᠡᠵᠢᠯ᠎ᠢ ᠬᠡᠷᠡᠭᠯᠡᠬᠦ᠎ᠳᠤ   ᠬᠦᠴᠢᠷᠳᠡᠵᠦ ᠪᠠᠢ᠌ᠭ᠎ᠠ ᠠᠰᠠᠭᠤᠳᠠᠯ᠎ᠢ   ᠪᠦᠳᠦᠮᠵᠢᠲᠠᠢ ᠰᠢᠢ᠍ᠳᠪᠤᠷᠢᠯᠡᠵᠦ᠂ ᠦᠷᠭᠡᠨ ᠤᠯᠠᠨ ᠨᠠᠰᠤᠲᠠᠢ᠌ᠴᠤᠤᠯ᠎ᠢ   ᠤᠬᠠᠭ᠋ᠠᠨᠳᠤ ᠨᠡᠢ᠌ᠭᠡᠮ᠎ᠳᠤ ᠨᠡᠩ ᠰᠠᠢ᠌ᠨ ᠵᠤᠬᠢᠴᠠᠭᠤᠯᠬᠤ ᠬᠡᠷᠡᠭᠲᠡᠢ᠃ 2020 ᠤᠨ᠎ᠤ ᠡᠴᠦᠰ᠎ᠠᠴᠠ ᠡᠮᠤᠨ᠎ᠡ᠂   ᠡᠯ᠎ᠡ ᠲᠦᠷᠦᠯ᠎ᠤᠨ ᠤᠯᠠᠮᠵᠢᠯᠠᠯᠳᠤ ᠦᠢ᠍ᠯᠡᠴᠢᠯᠡᠭᠡ ᠵᠢ ᠬᠦᠴᠦ᠎ᠪᠠᠨ ᠲᠦᠪᠯᠡᠷᠡᠭᠦᠯᠦᠨ ᠰᠠᠢ᠌ᠳᠤᠷ ᠪᠠᠲᠤᠯᠠᠵᠦ᠂   ᠨᠠᠰᠤᠲᠠᠢ᠌ᠴᠤᠳ ᠤᠶᠤᠨᠴᠢ ᠮᠡᠷᠭᠡᠵᠢᠯ᠎ᠢ ᠬᠡᠷᠡᠭᠯᠡᠬᠦ᠎ᠳᠤ ᠬᠠᠮᠤᠭ ᠪᠠᠴᠢᠮ ᠲᠤᠯᠭ᠋ᠠᠷᠠᠵᠦ ᠪᠠᠢ᠌ᠭ᠎ᠠ ᠠᠰᠠᠭᠤᠳᠠᠯ᠎ᠢ   ᠰᠢᠢ᠍ᠳᠪᠤᠷᠢᠯᠡᠬᠦ ᠨᠢᠭᠡ ᠪᠦᠯᠦᠭ   ᠪᠦᠳᠦᠮᠵᠢᠲᠠᠢ ᠠᠷᠭ᠎ᠠ ᠪᠠᠷᠢᠯ᠎ᠢ ᠰᠡᠳᠤᠨ ᠭᠠᠷᠭ᠋ᠠᠵᠦ᠂ ᠨᠠᠰᠤᠲᠠᠢ᠌ᠴᠤᠳ᠎ᠤᠨ   ᠦᠨᠳᠦᠰᠦᠨ ᠠᠮᠢᠳᠤᠷᠠᠯ᠎ᠤᠨ ᠬᠡᠷᠡᠭᠴᠡᠭᠡ ᠵᠢ ᠦᠨᠡᠨᠬᠦ ᠬᠠᠩᠭ᠋ᠠᠬᠤ ᠬᠡᠷᠡᠭᠲᠡᠢ᠃ 2021 ᠤᠨ᠎ᠤ ᠡᠴᠦᠰ᠎ᠠᠴᠠ   ᠡᠮᠤᠨ᠎ᠡ᠂ ᠨᠠᠰᠤᠲᠠᠢ᠌ᠴᠤᠳ᠎ᠲᠤ ᠤᠯᠠᠨ ᠲᠤᠬᠢᠶᠠᠯᠳᠤᠬᠤ ᠵᠥᠢ᠍ᠯ᠎ᠤᠨ ᠲᠤᠭᠤᠷᠢᠨ᠎ᠳᠤ ᠨᠠᠰᠤᠲᠠᠢ᠌ᠴᠤᠳ᠎ᠲᠤ   ᠬᠦᠷᠲᠡᠭᠡᠬᠦ ᠤᠶᠤᠨᠴᠢᠯᠠᠭᠰᠠᠨ ᠦᠢ᠍ᠯᠡᠴᠢᠯᠡᠭᠡ ᠵᠢ ᠨᠡᠩ ᠲᠦᠭᠡᠮᠡᠯᠵᠢᠭᠦᠯᠵᠦ᠂ ᠤᠯᠠᠮᠵᠢᠯᠠᠯᠳᠤ ᠦᠢ᠍ᠯᠡᠴᠢᠯᠡᠭᠡ ᠵᠢᠨ   ᠬᠡᠯᠪᠡᠷᠢ ᠨᠡᠩ ᠲᠡᠭᠦᠯᠳᠡᠷᠵᠢᠭᠰᠡᠨ ᠪᠠᠢ᠌ᠬᠤ ᠬᠡᠷᠡᠭᠲᠡᠢ᠃ 2022 ᠤᠨ᠎ᠤ ᠡᠴᠦᠰ᠎ᠠᠴᠠ ᠡᠮᠤᠨ᠎ᠡ᠂ ᠨᠠᠰᠤᠲᠠᠢ᠌ᠴᠤᠳ  ᠎ᠲᠤ ᠬᠦᠷᠲᠡᠭᠡᠬᠦ ᠤᠶᠤᠨᠴᠢᠯᠠᠭᠰᠠᠨ ᠦᠢ᠍ᠯᠡᠴᠢᠯᠡᠭᠡ ᠵᠢᠨ ᠬᠢᠷᠢ ᠲᠦᠪᠰᠢᠨ᠎ᠢ ᠮᠡᠳᠡᠭᠳᠡᠭᠦᠢ᠌ᠴᠡ ᠰᠠᠢ᠌ᠵᠢᠷᠠᠭᠤᠯᠵᠦ᠂   ᠲᠦᠭᠦᠮ ᠲᠦᠲᠡ ᠴᠢᠨᠠᠷ᠎ᠢ ᠲᠠᠰᠤᠷᠠᠯᠲᠠ ᠦᠭᠡᠢ   ᠳᠡᠭᠡᠭᠰᠢᠯᠡᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ   ᠭᠠᠳᠠᠨᠠᠬᠢ ᠦᠢ᠍ᠯᠡᠴᠢᠯᠡᠭᠡ ᠵᠢ ᠨᠡᠩ ᠪᠦᠳᠦᠮᠵᠢᠲᠡᠢ   ᠪᠤᠯᠭ᠋ᠠᠵᠦ᠂ ᠨᠠᠰᠤᠲᠠᠢ᠌ᠴᠤᠳ᠎ᠲᠤ ᠲᠤᠯᠭ᠋ᠠᠷᠠᠭᠰᠠᠨ 《  ᠲᠤᠭ᠋ᠠᠴᠢᠯᠠᠯ᠎ᠤᠨ ᠠᠩ ᠵᠠᠪᠰᠠᠷ》᠎ᠤᠨ ᠠᠰᠠᠭᠤᠳᠠᠯ᠎ᠢ ᠰᠢᠢ᠍ᠳᠪᠤᠷᠢᠯᠡᠬᠦ ᠤᠷᠳᠤ ᠤᠳᠠᠭ᠋ᠠᠨ᠎ᠤ ᠲᠤᠭᠲᠠᠴᠠ ᠵᠢ   ᠦᠨᠳᠦᠰᠦᠨ᠎ᠳᠡᠭᠡᠨ ᠪᠠᠢ᠌ᠭᠤᠯᠬᠤ ᠬᠡᠷᠡᠭᠲᠡᠢ ᠬᠡᠪᠡ᠃   http://mongol.people.com.cn/15830919.html

ᠢᠷᠡᠯᠲᠡ᠄ ᠠᠷᠠᠳ᠎ᠤᠨ ᠰᠦᠯᠵᠢᠶ᠎ᠡ