ᠥᠪᠥᠷ ᠮᠣᠩᠭᠣᠯ᠄ ᠤᠳᠤᠷᠢᠳᠬᠤ ᠺᠠᠳ᠋ᠷᠴᠤᠳ᠎ᠤᠨ ᠭᠡᠷ ᠪᠦᠯᠢ ᠵᠢᠨ᠎ᠬᠢᠨ᠎ᠤ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠨᠡᠭᠡᠭᠡᠨ ᠠᠰᠢᠬᠯᠠᠯᠳᠠ᠎ᠳᠤ ᠣᠷᠣᠯᠴᠠᠬᠤ ᠦᠢ᠍ᠯᠡ ᠠᠵᠢᠯᠯᠠᠭ᠎ᠠ ᠵᠢ ᠵᠢᠷᠤᠮᠵᠢᠭᠤᠯᠬᠤ ᠲᠤᠬᠠᠢ 《ᠰᠢᠨ᠎ᠡ ᠲᠣᠭᠲᠠᠭ᠋ᠠᠯ》 ᠭᠠᠷᠭ᠋ᠠᠪᠠ
2020-12-09

      ᠰᠢᠨᠬᠤᠧᠠ ᠰᠦᠯᠵᠢᠶᠡᠨ᠎ᠤ ᠬᠥᠬᠡᠬᠣᠲᠠ ᠵᠢᠨ 12 ᠰᠠᠷ᠎ᠠ ᠵᠢᠨ 1᠎ᠤ ᠡᠳᠦᠷ᠎ᠤᠨ ᠮᠡᠳᠡᠭᠡ (ᠼᠤᠤ ᠵᠧᠨ)   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠯᠪᠠᠨ ᠲᠢᠩᠬᠢᠮ ᠣᠷᠴᠢᠮᠬᠠᠨ 《  ᠤᠳᠤᠷᠢᠳᠬᠤ ᠺᠠᠳ᠋ᠷᠴᠤᠳ᠎ᠤᠨ ᠨᠦᠬᠦᠷ ᠪᠤᠶᠤ ᠭᠡᠷᠭᠡᠢ᠂ ᠦᠷ᠎ᠡ ᠬᠡᠦᠬᠡᠳ ᠵᠢᠴᠢ ᠲᠡᠭᠦᠨ᠎ᠤ ᠨᠦᠬᠦᠷ ᠪᠤᠶᠤ ᠬᠡᠷᠭᠡᠢ   ᠵᠢᠨ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠨᠡᠭᠡᠭᠡᠨ ᠠᠰᠢᠬᠯᠠᠯᠳᠠ᠎ᠳᠤ ᠣᠷᠣᠯᠴᠠᠬᠤ ᠦᠢ᠍ᠯᠡ   ᠠᠵᠢᠯᠯᠠᠭ᠎ᠠ ᠵᠢ ᠵᠢᠷᠤᠮᠵᠢᠭᠤᠯᠬᠤ ᠲᠤᠬᠠᠶ ᠲᠣᠭᠲᠠᠭ᠋ᠠᠯ (ᠲᠤᠷᠰᠢᠨ ᠬᠡᠷᠡᠭᠵᠢᠭᠦᠯᠬᠦ)》᠎ᠢ ᠳᠠᠷᠤᠮᠠᠯᠯᠠᠨ ᠲᠠᠷᠬᠠᠭ᠋ᠠᠵᠤ᠂   ᠡᠷᠬᠡ ᠵᠢ ᠬᠢᠵᠠᠭ᠋ᠠᠷᠯᠠᠬᠤ ᠪᠠ ᠲᠡᠭᠦᠨ᠎ᠳᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠵᠤ᠂ ᠤᠳᠤᠷᠢᠳᠬᠤ ᠺᠠᠳ᠋ᠷᠴᠤᠳ᠎ᠤᠨ   ᠠᠷᠢᠭᠤᠨ ᠴᠢᠬᠡᠴᠢ᠎ᠪᠠᠷ ᠵᠠᠰᠠᠭ ᠪᠠᠷᠢᠬᠤ᠂ ᠠᠷᠢᠭᠤᠨ ᠴᠢᠬᠡᠴᠢ᠎ᠪᠠᠷ ᠡᠷᠬᠡ᠎ᠪᠠᠨ ᠬᠡᠷᠡᠭᠯᠡᠬᠦ᠂ ᠠᠷᠢᠭᠤᠨ ᠴᠢᠬᠡᠴᠢ᠎ᠪᠠᠷ   ᠭᠡᠷ ᠵᠶ᠋ᠠᠨ ᠳᠣᠳᠣᠮᠳᠠᠬᠤ ᠵᠢ ᠠᠬᠢᠭᠤᠯᠬᠤ᠎ᠪᠠᠷ ᠪᠤᠢ᠃      
     《ᠲᠣᠭᠲᠠᠭ᠋ᠠᠯ》᠎ᠳᠤ᠂ ᠤᠳᠤᠷᠢᠳᠬᠤ ᠺᠠᠳ᠋ᠷ᠎ᠤᠨ ᠨᠦᠬᠦᠷ ᠪᠤᠶᠤ ᠬᠡᠷᠭᠡᠢ᠂ ᠦᠷ᠎ᠡ ᠬᠡᠤᠬᠡᠳ ᠵᠢᠴᠢ   ᠲᠡᠭᠦᠨ᠎ᠤ ᠨᠦᠬᠦᠷ ᠪᠤᠶᠤ ᠬᠡᠷᠭᠡᠢ᠎ᠨᠢ ᠲᠣᠰ ᠤᠳᠤᠷᠢᠳᠬᠤ ᠺᠠᠳ᠋ᠷ᠎ᠤᠨ ᠬᠠᠮᠢᠶᠠᠷᠴᠤ ᠪᠠᠶ᠋ᠢᠭ᠎ᠠ ᠣᠷᠣᠨ ᠪᠦᠰᠡ ᠪᠤᠶᠤ   ᠲᠤᠬᠠᠶ᠋ᠢᠯᠠᠭᠰᠠᠨ ᠠᠵᠢᠯ᠎ᠤᠨ ᠬᠡᠪᠴᠢᠶᠡᠨ᠎ᠳᠠᠬᠢ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠨᠡᠭᠡᠭᠡᠨ   ᠠᠰᠢᠬᠯᠠᠯᠳᠠ᠎ᠳᠤ ᠣᠷᠣᠯᠴᠠᠵᠤ ᠪᠣᠯᠬᠤ ᠥᠬᠡᠶ᠂ ᠲᠣᠰ ᠤᠳᠤᠷᠢᠳᠬᠤ ᠺᠠᠳ᠋ᠷ᠎ᠤᠨ ᠡᠷᠬᠡ ᠲᠤᠰᠢᠶᠠᠯ ᠪᠤᠶᠤ   ᠲᠤᠰᠢᠶᠠᠯ᠎ᠤᠨ ᠨᠥᠯᠥᠭᠡ ᠵᠢ ᠠᠰᠢᠭᠯᠠᠨ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠨᠡᠭᠡᠭᠡᠨ   ᠠᠰᠢᠬᠯᠠᠯᠳᠠ᠎ᠳᠤ ᠣᠷᠣᠯᠴᠠᠵᠤ ᠪᠣᠯᠬᠤ ᠥᠬᠡᠶ ᠭᠡᠵᠦ ᠱᠠᠭ᠋ᠠᠷᠳᠠᠪᠠ᠃      
      ᠠᠭᠤᠷᠬᠠᠶ᠎ᠳᠤ ᠬᠣᠯᠪᠣᠭᠳᠠᠬᠤ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ ᠵᠢᠴᠢ ᠬᠤᠪᠢᠶᠠᠷᠢ   ᠪᠠᠶ᠋ᠢᠭᠤᠯᠤᠮᠵᠢ ᠵᠢᠨ ᠳᠤᠮᠳᠠ ᠳᠠᠪᠬᠤᠷᠭ᠎ᠠ᠎ᠠᠴᠠ ᠳᠡᠭᠡᠭᠰᠢᠬᠢ ᠬᠠᠮᠢᠶᠠᠷᠤᠯᠲᠠ ᠵᠢᠨ ᠠᠵᠢᠯᠲᠠᠨ᠎ᠤ ᠨᠦᠬᠦᠷ ᠪᠤᠶᠤ ᠬᠡᠷᠭᠡᠢ  ᠂ ᠦᠷ᠎ᠡ ᠬᠡᠦᠬᠡᠳ ᠵᠢᠴᠢ ᠲᠡᠭᠦᠨ᠎ᠤ ᠨᠦᠬᠦᠷ ᠪᠤᠶᠤ ᠬᠡᠷᠭᠡᠢ᠎ᠨᠢ ᠲᠤᠰ ᠬᠠᠮᠢᠶᠠᠷᠤᠯᠲᠠ ᠵᠢᠨ ᠠᠵᠢᠯᠲᠠᠨ᠎ᠤ ᠲᠤᠰᠢᠶᠠᠯ   ᠡᠭᠦᠷᠭᠡᠯᠡᠵᠦ ᠪᠠᠶ᠋ᠢᠭ᠎ᠠ ᠠᠵᠤ ᠠᠬᠤᠶ᠋ᠢᠯᠠᠯ ᠵᠢᠴᠢ ᠬᠣᠯᠪᠣᠭᠳᠠᠬᠤ ᠠᠵᠤ ᠠᠬᠤᠶ᠋ᠢᠯᠠᠯ ᠪᠤᠶᠤ ᠲᠤᠰᠢᠶᠠᠯ ᠡᠭᠦᠷᠭᠡᠯᠡᠵᠦ   ᠪᠠᠶ᠋ᠢᠭ᠎ᠠ ᠠᠵᠤ ᠠᠬᠤᠶ᠋ᠢᠯᠠᠯ᠎ᠯᠤᠭ᠎ᠠ ᠲᠤᠬᠠᠶ᠋ᠢᠯᠠᠭᠰᠠᠨ ᠠᠵᠢᠯ᠎ᠤᠨ ᠬᠠᠷᠢᠴᠠᠭ᠎ᠠ᠎ᠲᠠᠢ ᠠᠵᠤ ᠠᠬᠤᠶ᠋ᠢᠯᠠᠯ᠎ᠤᠨ   ᠡᠵᠡᠩᠨᠡᠯᠲᠡ ᠵᠢᠨ ᠬᠡᠪᠴᠢᠶᠡᠨ᠎ᠳᠠᠬᠢ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠨᠡᠭᠡᠭᠡᠨ ᠠᠰᠢᠬᠯᠠᠯᠳᠠ᠎ᠳᠤ   ᠣᠷᠣᠯᠴᠠᠵᠤ ᠪᠣᠯᠬᠤ ᠦᠭᠡᠶ ᠭᠡᠵᠦ ᠱᠠᠭ᠋ᠠᠷᠳᠠᠪᠠ᠃      
      ᠤᠳᠤᠷᠢᠳᠬᠤ ᠺᠠᠳ᠋ᠷ ᠠᠯᠪᠠᠨ ᠲᠤᠰᠢᠶᠠᠯ᠎ᠠᠴᠠ᠎ᠪᠠᠨ ᠪᠠᠭᠤᠭᠰᠠᠨ ᠪᠤᠶᠤ ᠠᠵᠢᠯ᠎ᠠᠴᠠ᠎ᠪᠠᠨ ᠠᠮᠠᠷᠠᠭᠰᠠᠨ᠎ᠤ   ᠲᠠᠷᠠᠭ᠋ᠠᠬᠢ 3 ᠵᠢᠯ᠎ᠤᠨ ᠳᠣᠲᠣᠷ᠎ᠠ᠂ ᠨᠦᠬᠦᠷ ᠪᠤᠶᠤ ᠬᠡᠷᠭᠡᠢ᠂ ᠦᠷ᠎ᠡ ᠬᠡᠦᠬᠡᠳ ᠵᠢᠴᠢ ᠨᠦᠬᠦᠷ ᠪᠤᠶᠤ ᠬᠡᠷᠭᠡᠢ᠎ᠨᠢ   ᠲᠡᠭᠦᠨ᠎ᠤ ᠤᠤᠯ᠎ᠤᠨ ᠲᠤᠰᠢᠶᠠᠯ ᠬᠠᠷᠢᠭᠤᠴᠠᠵᠤ ᠪᠠᠢ᠌ᠬᠰᠠᠨ ᠣᠷᠣᠨ ᠪᠦᠰᠡ ᠪᠤᠶᠤ ᠲᠤᠬᠠᠶ᠋ᠢᠯᠠᠭᠰᠠᠨ ᠠᠵᠢᠯ᠎ᠤᠨ   ᠬᠡᠪᠴᠢᠶᠡᠨ᠎ᠳᠠᠬᠢ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠨᠡᠭᠡᠭᠡᠨ ᠠᠰᠢᠭᠯᠠᠯᠲᠠ᠎ᠳᠤ ᠤᠷᠤᠯᠴᠠᠵᠤ   ᠪᠣᠯᠬᠤ ᠦᠭᠡᠶ ᠬᠡᠵᠦ ᠱᠠᠭ᠋ᠠᠷᠳᠠᠪᠠ᠃      
     《ᠲᠣᠭᠲᠠᠭ᠋ᠠᠯ》᠎ᠳᠤ᠂ ᠲᠣᠭᠲᠠᠭ᠋ᠠᠯ᠎ᠠᠴᠠ ᠵᠥᠷᠢᠴᠡᠭᠰᠡᠨ ᠪᠠᠶ᠋ᠢᠳᠠᠯ ᠣᠷᠣᠰᠢᠵᠤ ᠪᠠᠢ᠌ᠬᠤ᠎ᠳᠤ ᠬᠦᠷᠪᠡᠯ᠂   ᠤᠳᠤᠷᠢᠳᠬᠤ ᠺᠠᠳ᠋ᠷᠴᠤᠳ ᠲᠣᠭᠲᠠᠭ᠋ᠠᠯ ᠶᠣᠰᠣᠭ᠋ᠠᠷ ᠵᠠᠯᠠᠷᠠᠭᠤᠯᠵᠤ᠂ ᠨᠦᠬᠦᠷ ᠪᠤᠶᠤ ᠬᠡᠷᠭᠡᠢ᠂ ᠦᠷ᠎ᠡ ᠬᠡᠦᠬᠡᠳ ᠵᠢᠴᠢ   ᠨᠦᠬᠦᠷ ᠪᠤᠶᠤ ᠬᠡᠷᠭᠡᠢ᠎ᠪᠠᠨ ᠰᠢᠪᠠᠳᠠᠵᠤ ᠪᠠᠢ᠌ᠭ᠋ᠠᠳ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠨᠡᠭᠡᠭᠡᠨ   ᠠᠰᠢᠭᠯᠠᠯᠳᠡ ᠵᠢᠨ ᠠᠵᠢᠯ᠎ᠠᠴᠠ ᠭᠠᠷᠭ᠋ᠠᠬᠤ ᠬᠡᠷᠡᠭᠲᠡᠶ; ᠵᠠᠯᠠᠷᠠᠭᠤᠯᠬᠤ ᠵᠢ ᠲᠡᠪᠴᠢᠬᠦ᠎ᠳᠤ ᠬᠦᠷᠪᠡᠯ᠂ ᠲᠤᠰ   ᠬᠥᠮᠦᠨ᠎ᠨᠢ ᠤᠳᠤ ᠵᠢᠨ ᠲᠤᠰᠢᠶᠠᠯ᠎ᠠᠴᠠ᠎ᠪᠠᠨ ᠪᠠᠭᠤᠬᠤ ᠪᠤᠶᠤ ᠵᠣᠬᠢᠶᠠᠨ ᠪᠠᠶ᠋ᠢᠭᠤᠯᠤᠯᠲᠠ᠎ᠠᠴᠠ ᠲᠤᠰᠢᠶᠠᠯ᠎ᠢ᠎ᠨᠢ   ᠲᠤᠬᠢᠷᠠᠭᠤᠯᠬᠤ ᠬᠡᠷᠡᠭᠲᠡᠢ; ᠣᠳᠣ ᠵᠢᠨ ᠲᠤᠰᠢᠶᠠᠯ᠎ᠠᠴᠠ᠎ᠪᠠᠨ ᠪᠠᠭᠤᠬᠤ ᠦᠭᠡᠶ ᠪᠤᠶᠤ ᠵᠣᠬᠢᠶᠠᠨ   ᠪᠠᠶ᠋ᠢᠭᠤᠯᠤᠯᠲᠠ ᠵᠢᠨ ᠲᠣᠬᠢᠷᠠᠭᠤᠯᠤᠭᠰᠠᠨ ᠲᠤᠰᠢᠶᠠᠯ᠎ᠢ ᠳᠠᠭ᠋ᠠᠬᠤ ᠦᠭᠡᠶ᠎ᠳᠤ ᠬᠦᠷᠪᠡᠯ ᠬᠣᠯᠪᠣᠭᠳᠠᠯ ᠪᠦᠬᠦᠢ   ᠲᠣᠭᠲᠠᠭ᠋ᠠᠯ ᠶᠣᠰᠣᠭ᠋ᠠᠷ ᠲᠤᠰ ᠤᠳᠤᠷᠢᠳᠬᠤ ᠺᠠᠳ᠋ᠷ᠎ᠢ ᠰᠢᠢ᠍ᠳᠪᠦᠷᠢᠯᠡᠬᠦ ᠬᠡᠷᠡᠭᠲᠡᠶ ᠭᠡᠵᠦ ᠱᠠᠭ᠋ᠠᠷᠳᠠᠵᠠᠢ᠃      
     《ᠲᠣᠭᠲᠠᠭ᠋ᠠᠯ》᠎ᠳᠤ᠂ ᠪᠠᠰᠠ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ   ᠳᠤᠭᠤᠶ᠋ᠢᠯᠠᠩ)᠎ᠨᠢ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠡ ᠵᠢᠨ ᠵᠶ᠋ᠠᠨ ᠤᠳᠤᠷᠢᠳᠬᠤ   ᠺᠠᠳ᠋ᠷᠴᠤᠳ᠎ᠤᠨ ᠬᠥᠮᠦᠵᠢᠯ᠂ ᠬᠠᠮᠢᠶᠠᠷᠤᠯᠲᠠ ᠪᠠ ᠬᠢᠨᠠᠯᠲᠠ ᠲᠠᠯᠪᠢᠯᠳᠠ ᠵᠢ ᠴᠢᠩᠭ᠋ᠠᠳᠬᠠᠵᠤ᠂ ᠤᠳᠤᠷᠢᠳᠬᠤ   ᠺᠠᠳ᠋ᠷᠴᠤᠳ᠎ᠤᠨ ᠨᠦᠬᠦᠷ ᠪᠤᠶᠤ ᠬᠡᠷᠭᠡᠢ᠂ ᠦᠷ᠎ᠡ ᠬᠡᠦᠬᠡᠳ ᠵᠢᠴᠢ ᠲᠡᠭᠦᠨ᠎ᠤ ᠨᠦᠬᠦᠷ ᠪᠤᠶᠤ ᠬᠡᠷᠭᠡᠢ ᠵᠢᠨ   ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠨᠡᠭᠡᠭᠡᠨ ᠠᠰᠢᠬᠯᠠᠯᠳᠠ᠎ᠳᠤ ᠣᠷᠣᠯᠴᠠᠬᠤ ᠦᠢ᠍ᠯᠡ ᠠᠵᠢᠯᠯᠠᠭ᠎ᠠ ᠵᠢ   ᠰᠢᠪᠠᠳᠠᠬᠤ ᠬᠡᠷᠡᠭᠲᠡᠶ᠃ ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ ᠠᠵᠢᠯᠲᠠᠨ᠎ᠤ ᠶᠠᠪᠤᠳᠠᠯ᠎ᠤᠨ ᠰᠠᠯᠠᠭ᠎ᠠ   ᠮᠥᠴᠢᠷ᠎ᠤᠳ᠎ᠨᠢ ᠤᠳᠤᠷᠢᠳᠬᠤ ᠺᠠᠳ᠋ᠷ᠎ᠤᠨ ᠨᠦᠬᠦᠷ ᠪᠤᠶᠤ ᠬᠡᠷᠭᠡᠢ᠂ ᠦᠷ᠎ᠡ ᠬᠡᠦᠬᠡᠳ ᠵᠢᠴᠢ ᠲᠡᠭᠦᠨ᠎ᠤ ᠨᠥᠬᠥᠷ   ᠪᠤᠶᠤ ᠬᠡᠷᠭᠡᠢ ᠵᠢᠨ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠨᠡᠭᠡᠭᠡᠨ ᠠᠰᠢᠬᠯᠠᠯᠳᠠ᠎ᠳᠤ ᠤᠷᠤᠯᠴᠠᠬᠤ   ᠦᠢ᠍ᠯᠡ ᠠᠵᠢᠯᠯᠠᠭ᠎ᠠ ᠵᠢ ᠺᠠᠳ᠋ᠷ᠎ᠢ ᠬᠢᠨᠠᠨ ᠪᠠᠶ᠋ᠢᠴᠠᠭ᠋ᠠᠵᠤ ᠬᠢᠨᠠᠨ ᠰᠢᠯᠭ᠋ᠠᠬᠤ᠂ ᠤᠳᠤᠷᠢᠳᠬᠤ ᠺᠠᠳ᠋ᠷ᠎ᠤᠨ ᠬᠤᠪᠢ   ᠬᠥᠮᠦᠨ᠎ᠤ ᠬᠣᠯᠪᠣᠭᠳᠠᠯ ᠪᠦᠬᠦᠢ ᠤᠴᠢᠷ ᠶᠠᠪᠤᠳᠠᠯ ᠵᠶ᠋ᠠᠨ ᠮᠡᠳᠡᠭᠦᠯᠵᠦ ᠬᠢᠨᠠᠨ ᠬᠠᠷᠭᠤᠭᠤᠯᠬᠤ ᠵᠢᠨ ᠴᠢᠬᠤᠯᠠ   ᠠᠭᠤᠯᠭ᠎ᠠ ᠪᠣᠯᠭ᠋ᠠᠵᠤ᠂ ᠡᠳᠦᠷ ᠲᠤᠲᠤᠮ᠎ᠤᠨ ᠬᠠᠮᠢᠶᠠᠷᠤᠯᠲᠠ ᠪᠠ ᠬᠢᠨᠠᠯᠲᠠ ᠲᠠᠯᠪᠢᠯᠲᠠ᠎ᠪᠠᠨ ᠴᠢᠩᠭ᠋ᠠᠷᠠᠭᠤᠯᠬᠤ   ᠬᠡᠷᠡᠭᠲᠡᠶ᠃ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠤᠯᠭ᠎ᠠ᠂ ᠲᠣᠭᠣᠷᠢᠨ ᠪᠠᠶ᠋ᠢᠴᠠᠭ᠋ᠠᠬᠤ   ᠪᠠᠶ᠋ᠢᠭᠤᠯᠤᠮᠵᠢ ᠪᠣᠯᠤᠨ ᠬᠢᠨᠠᠨ ᠪᠣᠳᠣᠬᠤ ᠪᠠᠶ᠋ᠢᠭᠤᠯᠤᠯᠭ᠎ᠠ᠎ᠨᠤᠭᠤᠳ᠎ᠨᠢ ᠬᠡᠷᠡᠭ᠎ᠢ ᠪᠠᠶ᠋ᠢᠴᠠᠭ᠋ᠠᠬᠤ᠂ ᠲᠣᠭᠣᠷᠢᠨ   ᠪᠠᠶ᠋ᠢᠴᠠᠭ᠋ᠠᠬᠤ ᠴᠠᠬᠳᠠᠨ ᠪᠠᠶ᠋ᠢᠴᠠᠭ᠋ᠠᠬᠤ ᠪᠠ ᠬᠢᠨᠠᠨ ᠪᠣᠳᠣᠬᠤ ᠠᠵᠢᠯ᠎ᠤᠨ ᠳᠤᠮᠳᠠ᠂ ᠤᠳᠤᠷᠢᠳᠬᠤ ᠺᠠᠳ᠋ᠷ ᠦᠨᠡᠨ   ᠪᠣᠳᠠᠲᠠᠶ᠎ᠪᠠᠷ ᠮᠡᠳᠡᠭᠦᠯᠦᠭᠰᠡᠨ ᠦᠭᠡᠶ᠂ ᠨᠥᠬᠥᠷ ᠪᠤᠶᠤ ᠬᠡᠷᠭᠡᠢ᠂ ᠦᠷ᠎ᠡ ᠬᠡᠦᠬᠡᠳ ᠵᠢᠴᠢ ᠲᠡᠭᠦᠨ᠎ᠤ ᠨᠥᠬᠥᠷ ᠪᠤᠶᠤ   ᠬᠡᠷᠭᠡᠢ ᠵᠢᠨ ᠲᠣᠭᠲᠠᠭ᠋ᠠᠯ᠎ᠠᠴᠠ ᠵᠥᠷᠢᠴᠡᠨ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠨᠡᠭᠡᠭᠡᠨ   ᠠᠰᠢᠬᠯᠠᠯᠳᠡ᠎ᠳᠤ ᠣᠷᠣᠯᠴᠠᠭᠰᠠᠨ ᠠᠰᠠᠭᠤᠳᠠᠯ᠎ᠢ ᠴᠠᠬ ᠲᠤᠬᠠᠢ᠎ᠳᠤᠨᠢ ᠵᠠᠯᠠᠷᠠᠭᠤᠯᠤᠬᠰᠠᠨ ᠦᠭᠡᠢ ᠵᠢ ᠤᠯᠵᠤ ᠮᠡᠳᠡᠪᠡᠯ  ᠂ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ ᠴᠢᠩᠭ᠎ᠠ ᠰᠢᠢ᠍ᠳᠪᠦᠷᠢᠯᠡᠬᠦ ᠬᠡᠷᠡᠭᠲᠡᠶ᠃ ᠤᠳᠤᠷᠢᠳᠬᠤ ᠺᠠᠳ᠋ᠷ᠎ᠨᠢ   ᠵᠢᠯ ᠪᠦᠷᠢ ᠠᠷᠠᠳᠴᠢᠯᠠᠭᠰᠠᠨ ᠠᠮᠢᠳᠤᠷᠠᠯ᠎ᠤᠨ ᠬᠤᠷᠠᠯ ᠪᠤᠶᠤ ᠵᠣᠬᠢᠶᠠᠨ ᠪᠠᠶ᠋ᠢᠭᠤᠯᠤᠯᠲᠠ ᠵᠢᠨ ᠠᠮᠢᠳᠤᠷᠠᠯ᠎ᠤᠨ ᠬᠤᠷᠠᠯ   ᠳᠡᠭᠡᠷ᠎ᠡ ᠨᠦᠬᠦᠷ ᠪᠤᠶᠤ ᠬᠡᠷᠭᠡᠢ᠂ ᠦᠷ᠎ᠡ ᠬᠡᠦᠬᠡᠳ ᠵᠢᠴᠢ ᠨᠦᠬᠦᠷ ᠪᠤᠶᠤ ᠬᠡᠷᠭᠡᠢ ᠵᠢᠨ ᠵᠶ᠋ᠠᠨ ᠠᠭᠤᠷᠬᠠᠢ ᠵᠢᠨ   ᠭᠠᠷᠤᠯᠲᠠ ᠵᠢᠨ ᠡᠬᠢ ᠪᠠᠶᠠᠯᠢᠭ᠎ᠤᠨ ᠨᠡᠭᠡᠭᠡᠨ ᠠᠰᠢᠭᠯᠠᠯᠳᠡ᠎ᠳᠤ ᠣᠷᠣᠯᠴᠠᠭᠰᠠᠨ ᠪᠠᠶ᠋ᠢᠳᠠᠯ᠎ᠤᠨ ᠲᠤᠬᠠᠢ   ᠲᠣᠳᠣᠷᠬᠠᠶ᠋ᠢᠯᠠᠯᠲᠠ ᠬᠢᠬᠦ ᠬᠡᠷᠡᠭᠲᠡᠢ ᠬᠡᠵᠦ ᠱᠠᠭ᠋ᠠᠷᠳᠠᠬᠰᠠᠨ ᠪᠠᠢ᠌ᠨ᠎ᠠ᠃ http://mongol.people.com.cn/15831560.html

ᠢᠷᠡᠯᠲᠡ᠄ ᠠᠷᠠᠳ᠎ᠤᠨ ᠰᠦᠯᠵᠢᠶ᠎ᠡ