ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠳᠠᠭ᠋ᠠᠳᠬᠠᠯ᠎ᠳᠠᠬᠢ ᠠᠵᠢᠯ᠎ᠠᠴᠠ ᠪᠣᠯᠤᠭᠰᠠᠨ ᠭᠡᠮᠲᠦᠯ᠎ᠤᠨ ᠨᠥᠬᠥᠪᠥᠷᠢ ᠳᠠᠭ᠋ᠠᠳᠬᠠᠯ᠎ᠤᠨ ᠲᠤᠷᠰᠢᠯᠲᠠ ᠵᠢᠨ ᠲᠥᠷᠥᠯ ᠵᠦᠢ᠍ᠯ ᠪᠤᠭᠤᠲᠤ ᠬᠤᠳᠠ᠎ᠳᠤ ᠠᠵᠢᠯ ᠡᠬᠢᠯᠡᠪᠡ
2020-12-09

      ᠥᠪᠥᠷ ᠮᠣᠩᠭᠣᠯ᠎ᠤᠨ ᠡᠳᠦᠷ᠎ᠤᠨ ᠰᠣᠨᠢᠨ᠎ᠤ 12 ᠰᠠᠷ᠎ᠠ ᠵᠢᠨ 5᠎ᠤ ᠡᠳᠦᠷ᠎ᠤᠨ ᠮᠡᠳᠡᠭᠡ (  ᠰᠤᠷᠪᠤᠯᠵᠢᠯᠠᠭᠴᠢ ᠾᠦᠧᠧ ᠰᠢᠶᠤᠤ ᠴᠢᠩ) ᠣᠶ᠋ᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ   ᠣᠷᠣᠨ᠎ᠤ ᠬᠤᠳᠠᠯᠳᠤᠭ᠋ᠠᠨ᠎ᠤ ᠳᠠᠭ᠋ᠠᠳᠬᠠᠯ᠎ᠳᠠᠬᠢ ᠠᠵᠢᠯ᠎ᠠᠴᠠ ᠪᠣᠯᠤᠭᠰᠠᠨ ᠭᠡᠮᠲᠦᠯ᠎ᠤᠨ ᠨᠦᠭᠦᠪᠦᠷᠢ ᠳᠠᠭ᠋ᠠᠳᠬᠠᠯ᠎ᠤᠨ   ᠲᠤᠷᠰᠢᠯᠲᠠ ᠵᠢᠨ ᠲᠥᠷᠥᠯ ᠵᠦᠢ᠍ᠯ ᠪᠤᠭᠤᠲᠤ ᠬᠣᠲᠠ᠎ᠳᠤ ᠠᠵᠢᠯ ᠡᠬᠢᠯᠡᠪᠡ᠃ ᠲᠥᠷᠥᠯ ᠵᠦᠢ᠍ᠯ᠎ᠳᠤ ᠠᠵᠢᠯ᠎ᠠᠴᠠ   ᠪᠣᠯᠤᠭᠰᠠᠨ ᠭᠡᠮᠲᠦᠯ᠎ᠤᠨ ᠨᠥᠬᠥᠪᠥᠷᠢ ᠳᠠᠭ᠋ᠠᠳᠬᠠᠯ᠎ᠤᠨ ᠳᠦᠷᠢᠮ᠎ᠢ ᠪᠠᠶ᠋ᠢᠭᠤᠯᠬᠤ᠎ᠪᠠᠷ ᠳᠠᠮᠵᠢᠭᠤᠯᠤᠨ ᠬᠤᠳᠠᠯᠳᠤᠭ᠋ᠠᠨ᠎ᠤ   ᠳᠠᠭ᠋ᠠᠳᠬᠠᠯ᠎ᠢ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠦᠢ᠍ᠯᠡᠴᠢᠯᠡᠭᠡ᠎ᠳᠤ ᠣᠷᠣᠯᠴᠠᠭᠤᠯᠤᠨ᠂   ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠤᠯᠠᠨ ᠲᠡᠰ ᠲᠠᠪᠬᠤᠷᠭ᠋ᠠᠳᠤ ᠰᠢᠰᠲ᠋ᠧᠮ᠎ᠢ ᠤᠯᠠᠮ ᠨᠢᠭᠡ   ᠠᠯᠬᠤᠮ ᠪᠠᠶ᠋ᠢᠭᠤᠯᠵᠤ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠣᠯᠭᠣᠮᠵᠢ ᠵᠢ ᠳᠡᠭᠡᠭᠰᠢᠯᠡᠭᠦᠯᠦᠨ᠂   ᠬᠥᠮᠦᠨ ᠬᠡᠷᠡᠭᠯᠡᠬᠦ ᠨᠢᠭᠡᠴᠡ ᠵᠢᠨ ᠳᠠᠷᠤᠭ᠋ᠠᠰᠤ ᠵᠢ ᠬᠥᠩᠭᠡᠷᠡᠭᠦᠯᠪᠠ᠃      
      ᠣᠶ᠋ᠢᠯᠠᠭ᠋ᠠᠭᠰᠠᠨ ᠵᠶ᠋ᠠᠷ᠂ 2019 ᠣᠨ᠎ᠳᠤ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ   ᠪᠠᠶᠠᠯᠢᠭ ᠪᠠ ᠨᠡᠢ᠍ᠢ᠍ᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠪᠤᠭᠤᠲᠤ ᠬᠣᠲᠠ ᠵᠢ ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ ᠪᠥᠭᠡᠳ ᠴᠣᠷ᠎ᠤᠨ ᠭᠠᠭᠴᠠ ᠬᠤᠳᠠᠯᠳᠤᠭ᠋ᠠᠨ᠎ᠤ ᠳᠠᠭ᠋ᠠᠳᠬᠠᠯ᠎ᠳᠠᠬᠢ ᠠᠵᠢᠯ᠎ᠠᠴᠠ ᠪᠣᠯᠤᠭᠰᠠᠨ ᠭᠡᠮᠲᠦᠯ᠎ᠤᠨ ᠨᠦᠬᠦᠪᠦᠷᠢ ᠳᠠᠭ᠋ᠠᠳᠬᠠᠯ᠎ᠤᠨ ᠰᠢᠨ᠎ᠡ ᠵᠠᠭᠪᠤᠷ᠎ᠢ ᠥᠷᠨᠢᠭᠦᠯᠬᠦ ᠲᠤᠷᠰᠢᠯᠲᠠ ᠵᠢᠨ ᠬᠣᠲᠠ᠎ᠪᠠᠷ ᠲᠣᠭᠲᠠᠭ᠋ᠠᠪᠠ᠃ ᠪᠤᠭᠤᠲᠤ ᠬᠣᠲᠠ ᠵᠢᠨ᠎ᠬᠢᠨ ᠲᠡᠷᠢᠭᠦᠨ᠎ᠤ ᠬᠣᠲᠠ ᠵᠢᠨ ᠲᠤᠷᠰᠢᠯᠭ᠎ᠠ ᠵᠢ ᠰᠤᠷᠤᠯᠴᠠᠨ ᠲᠤᠯᠢᠯᠠᠬᠤ᠎ᠪᠠᠷ ᠳᠠᠮᠵᠢᠭᠤᠯᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠵᠤ ᠪᠠᠢ᠍ᠢ᠍ᠭ᠋ᠠᠳ 《ᠪᠤᠭᠤᠲᠤ ᠬᠣᠲᠠ ᠵᠢᠨ ᠠᠵᠢᠯ᠎ᠠᠴᠠ ᠪᠣᠯᠤᠭᠰᠠᠨ ᠭᠡᠮᠲᠦᠯ᠎ᠤᠨ ᠨᠦᠭᠦᠪᠦᠷᠢ ᠳᠠᠭ᠋ᠠᠳᠬᠠᠯ᠎ᠤᠨ ᠲᠤᠬᠠᠢ ᠬᠡᠷᠡᠭᠵᠢᠭᠦᠯᠬᠦ ᠠᠷᠭ᠎ᠠ (ᠲᠤᠷᠰᠢᠨ   ᠬᠡᠷᠡᠭᠵᠢᠭᠦᠯᠬᠦ)》 ᠵᠢ ᠨᠡᠢ᠍ᠢ᠍ᠲᠡᠯᠡᠪᠡ᠃ ᠪᠤᠭᠤᠲᠤ ᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠍ᠢ᠍ᠭᠡᠮ᠎ᠤᠨ ᠪᠠᠲᠤᠯᠠᠭ᠎ᠠ ᠵᠢᠨ ᠲᠣᠪᠴᠢᠶ᠎ᠠ ᠳᠤᠮᠳᠠᠳᠤ ᠤᠯᠤᠰ᠎ᠤᠨ ᠠᠷᠠᠳ᠎ᠤᠨ ᠡᠳ᠋ ᠬᠦᠷᠦᠡᠭᠭᠡ ᠵᠢᠨ ᠲᠠᠭ᠋ᠠᠳᠬᠠᠯ᠎ᠤᠨ ᠬᠤᠪᠢ ᠤᠷᠤᠭᠤᠯᠤᠬᠰᠠᠨ ᠬᠢᠵᠠᠭ᠋ᠠᠷᠳᠤ ᠺᠤᠮᠫᠠᠨᠢ ᠵᠢᠨ ᠪᠤᠭᠤᠲᠤ ᠬᠣᠲᠠ ᠵᠢᠨ ᠬᠤᠪᠢᠶᠠᠷᠢ ᠺᠣᠮᠫᠠᠨᠢ᠎ᠲᠠᠢ 《ᠪᠤᠭᠤᠲᠤ ᠬᠣᠲᠠ ᠵᠢᠨ ᠠᠵᠢᠯ᠎ᠠᠴᠠ ᠪᠣᠯᠤᠭᠰᠠᠨ ᠭᠡᠮᠲᠦᠯ᠎ᠤᠨ ᠨᠦᠭᠦᠪᠦᠷᠢ ᠳᠠᠭ᠋ᠠᠳᠬᠠᠯ᠎ᠤᠨ   ᠦᠢ᠍ᠯᠡᠴᠢᠯᠡᠭᠡᠨ᠎ᠤ ᠵᠥᠪᠯᠡᠯᠴᠡᠭᠡᠷ》 ᠲᠣᠭᠲᠠᠵᠤ᠂ 《ᠠᠵᠢᠯ᠎ᠠᠴᠠ ᠪᠣᠯᠤᠭᠰᠠᠨ ᠭᠡᠮᠲᠦᠯ᠎ᠢ ᠤᠷᠢᠳᠴᠢᠯᠠᠨ ᠰᠡᠷᠭᠡᠶ᠋ᠢᠯᠡᠬᠦ  ᠂ ᠠᠵᠢᠯ᠎ᠠᠴᠠ ᠪᠣᠯᠤᠭᠰᠠᠨ ᠭᠡᠮᠲᠦᠯ᠎ᠢ ᠡᠷᠡᠭᠦᠯᠵᠢᠭᠦᠯᠬᠦ᠂ ᠠᠵᠢᠯ᠎ᠠᠴᠠ ᠪᠣᠯᠤᠭᠰᠠᠨ ᠭᠡᠮᠲᠦᠯ᠎ᠤᠨ ᠨᠥᠬᠥᠪᠥᠷᠢ ᠥᠭᠬᠦ》 ᠭᠤᠷᠪᠠ ᠵᠢ ᠨᠢᠭᠡ ᠴᠤᠬ᠍ᠴᠠᠵᠢᠭᠤᠯᠤᠬᠰᠠᠨ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃      
      ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠨᠢᠭᠡᠳᠦᠯᠲᠡᠶ ᠲᠦᠯᠦᠪᠵᠢᠭᠦᠯᠭᠦ ᠬᠠᠮᠢᠶᠠᠷᠤᠯᠲᠠ᠎ᠳᠤ   ᠣᠷᠣᠭᠤᠯᠤᠭᠰᠠᠨ ᠠᠵᠢᠯᠲᠠᠨ ᠠᠵᠢᠯᠴᠢᠨ᠎ᠤ ᠳᠠᠭ᠋ᠠᠳᠬᠠᠯ᠎ᠤᠨ ᠬᠤᠭᠤᠴᠠᠭ᠋ᠠᠨ᠎ᠳᠤ ᠪᠤᠶ ᠪᠣᠯᠤᠭᠰᠠᠨ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠣᠯᠭᠣᠮᠵᠢ ᠵᠢ ᠪᠤᠭᠤᠲᠤ ᠬᠣᠲᠠ ᠵᠢᠨ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠠᠭᠤᠷᠢ ᠮᠥᠩᠭᠥ᠎ᠠᠴᠠ ᠣᠯᠭᠣᠭᠰᠠᠨ ᠰᠠᠭᠤᠷᠢᠨ ᠳᠡᠭᠡᠷ᠎ᠡ᠂ ᠠᠵᠢᠯ᠎ᠠᠴᠠ ᠪᠣᠯᠤᠭᠰᠠᠨ   ᠭᠡᠮᠲᠦᠯ᠎ᠤᠨ ᠨᠦᠭᠦᠪᠦᠷᠢ ᠳᠠᠭ᠋ᠠᠳᠬᠠᠯ᠎ᠢ ᠲᠠᠭ᠋ᠠᠭ᠋ᠠᠨ ᠬᠦᠢ᠍ᠴᠡᠳᠭᠡᠵᠦ ᠪᠠᠶ᠋ᠢᠭ᠎ᠠ ᠬᠤᠳᠠᠯᠳᠤᠭ᠋ᠠᠨ᠎ᠤ ᠳᠠᠭ᠋ᠠᠳᠬᠠᠯ᠎ᠤᠨ   ᠪᠠᠶ᠋ᠢᠭᠤᠯᠤᠮᠵᠢ᠎ᠠᠴᠠ ᠠᠵᠢᠯ᠎ᠠᠴᠠ ᠪᠤᠯᠵᠤ ᠬᠡᠮᠳᠦᠭᠰᠡᠨ ᠠᠵᠢᠯᠲᠠᠨ ᠠᠵᠢᠯᠴᠢᠨ᠎ᠤ ᠡᠮᠨᠡᠯᠭᠡ᠎ᠳᠤ ᠰᠠᠭᠤᠬᠤ   ᠬᠣᠭᠣᠯᠠᠨ᠎ᠤ ᠨᠦᠬᠦᠪᠦᠷᠢ ᠵᠠᠷᠤᠳᠠᠯ᠂ ᠠᠮᠢᠳᠤᠷᠠᠯ᠎ᠤᠨ ᠰᠤᠪᠢᠯᠠᠯᠲᠠ ᠵᠢᠨ ᠵᠠᠷᠤᠳᠠᠯ᠂ ᠲᠤᠰᠠᠯᠠᠬᠤ ᠪᠠᠭ᠋ᠠᠵᠢ ᠬᠡᠷᠡᠭᠰᠡᠯ   ᠲᠣᠬᠢᠷᠠᠭᠤᠯᠬᠤ ᠵᠠᠷᠤᠳᠠᠯ᠂ ᠵᠡᠮᠳᠡᠭ᠎ᠤᠨ ᠨᠡᠮᠡᠭᠦᠷᠢ ᠮᠦᠡᠭᠭᠦ᠂ ᠲᠥᠷᠥᠯ ᠰᠠᠳᠤᠨ ᠵᠶ᠋ᠠᠨ ᠠᠰᠠᠷᠠᠨ ᠲᠡᠵᠢᠭᠡᠬᠦ   ᠲᠡᠳᠭᠦᠮᠵᠢ ᠵᠢᠨ ᠮᠥᠩᠭᠥ ᠵᠢ ᠪᠤᠭᠤᠲᠤ ᠬᠣᠲᠠ ᠵᠢᠨ ᠠᠵᠢᠯ᠎ᠠᠴᠠ ᠪᠣᠯᠤᠭᠰᠠᠨ ᠭᠡᠮᠲᠦᠯ᠎ᠤᠨ ᠨᠦᠬᠦᠪᠦᠷᠢ   ᠳᠠᠭ᠋ᠠᠳᠬᠠᠯ᠎ᠤᠨ ᠬᠡᠷᠡᠭᠵᠢᠭᠦᠯᠬᠦ ᠠᠷᠭ᠎ᠠ᠎ᠳᠤ ᠲᠣᠭᠲᠠᠭ᠋ᠠᠭᠰᠠᠨ ᠪᠠᠷᠢᠮᠵᠢᠶ᠎ᠠ ᠶᠣᠰᠣᠭ᠋ᠠᠷ ᠳᠡᠭᠡᠭᠰᠢᠯᠡᠭᠦᠯᠦᠨ᠎ᠡ᠃ ᠳᠠᠭ᠋ᠠᠳᠬᠠᠬᠤ ᠰᠦᠢ᠍ᠳᠬᠡᠯ᠎ᠢ ᠪᠤᠭᠤᠲᠤ ᠬᠣᠲᠠ ᠵᠢᠨ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠨᠡᠢ᠍ᠢ᠍ᠲᠡ ᠦᠯᠡᠳᠡᠪᠦᠷᠢ ᠮᠥᠩᠭᠥ᠎ᠪᠠᠷ ᠵᠣᠬᠢᠬᠤ ᠬᠠᠷᠢᠴᠠᠯ ᠵᠶ᠋ᠠᠷ ᠴᠤᠭᠯᠠᠭᠤᠯᠵᠤ᠂ ᠬᠥᠮᠦᠨ ᠬᠡᠷᠡᠭᠯᠡᠬᠦ ᠨᠢᠭᠡᠴᠡ ᠵᠢᠴᠢ ᠳᠠᠭ᠋ᠠᠳᠬᠠᠯ᠎ᠳᠤ ᠣᠷᠣᠯᠴᠠᠭᠰᠠᠨ ᠠᠵᠢᠯᠲᠠᠨ ᠠᠵᠢᠯᠴᠢᠨ ᠠᠰᠲᠠᠭ᠋ᠠᠨ ᠰᠦᠢ᠍ᠳᠬᠡᠯ ᠲᠤᠰᠢᠶᠠᠬᠤ   ᠴᠢᠬᠤᠯᠠ ᠥᠬᠡᠶ᠃ ᠡᠭᠦᠨ᠎ᠤ ᠬᠠᠮᠲᠤ ᠬᠤᠳᠠᠯᠳᠤᠭ᠋ᠠᠨ᠎ᠤ ᠳᠠᠭ᠋ᠠᠳᠬᠠᠯ᠎ᠤᠨ ᠪᠠᠶ᠋ᠢᠭᠤᠯᠤᠮᠵᠢ ᠵᠢᠨ ᠲᠣᠤᠷ ᠴᠡᠭ ᠣᠯᠠᠨ᠂   ᠬᠠᠮᠤᠷᠬᠤ ᠬᠡᠪᠴᠢᠶ᠎ᠡ ᠥᠷᠭᠡᠨ᠂ ᠦᠢ᠍ᠯᠡᠴᠢᠯᠡᠭᠡᠨ᠎ᠤ ᠴᠢᠳᠠᠪᠤᠷᠢ ᠴᠢᠩᠭ᠎ᠠ ᠵᠡᠷᠭᠡ ᠳᠠᠪᠠᠭᠤᠯᠢᠭ᠎ᠢ ᠠᠰᠢᠬᠯᠠᠨ   ᠠᠵᠢᠯ᠎ᠠᠴᠠ ᠪᠤᠯᠵᠤ ᠬᠡᠮᠳᠦᠭᠰᠡᠨ ᠡᠨᠳᠡᠯ᠎ᠤᠨ ᠪᠠᠶ᠋ᠢᠴᠠᠭ᠋ᠠᠯᠲᠠ ᠬᠢᠭᠦ᠂ ᠡᠮᠴᠢᠯᠡᠭᠡᠨ᠎ᠤ ᠡᠷᠡᠭᠦᠯᠵᠢᠯ᠎ᠤᠨ ᠦᠢ᠍ᠯᠡ ᠠᠵᠢᠯᠯᠠᠭ᠎ᠠ ᠵᠢ ᠲᠣᠭᠣᠷᠢᠨ ᠪᠠᠶ᠋ᠢᠴᠠᠭ᠋ᠠᠬᠤ᠂ ᠡᠮ ᠡᠮᠨᠡᠯᠭᠡ ᠵᠢᠨ ᠵᠠᠷᠤᠳᠠᠯ᠎ᠤᠨ ᠫᠢᠶᠣᠣ ᠪᠠᠷᠢᠮᠲᠠ ᠵᠢ ᠬᠢᠨᠠᠨ ᠬᠠᠷᠭᠤᠭᠤᠯᠬᠤ ᠵᠡᠷᠭᠡ ᠠᠵᠢᠯ᠎ᠢ ᠬᠢᠬᠦ ᠵᠢᠨ ᠬᠠᠮᠲᠤ ᠲᠣᠭᠲᠠᠮᠠᠯ ᠬᠤᠭᠤᠴᠠᠭ᠎ᠠ᠎ᠲᠠᠢ᠎ᠪᠠᠷ ᠣᠯᠭᠣᠮᠵᠢ ᠠᠪᠴᠤ ᠪᠠᠢ᠍ᠢ᠍ᠭ᠎ᠠ ᠬᠥᠮᠦᠰ᠎ᠲᠤ ᠬᠡᠷ᠎ᠲᠤᠨᠢ ᠬᠦᠷᠴᠦ ᠣᠷᠣᠰᠢᠨ ᠠᠮᠢᠳᠤᠷᠠᠬᠤ ᠭᠡᠷᠡᠴᠢᠯᠡᠯ ᠬᠢᠬᠦ ᠵᠡᠷᠭᠡ ᠦᠢ᠍ᠯᠡᠴᠢᠯᠡᠭᠡ ᠬᠠᠩᠭ᠋ᠠᠵᠤ᠂   ᠠᠵᠢᠯ᠎ᠠᠴᠠ ᠪᠣᠯᠵᠤ ᠭᠡᠮᠲᠦᠭᠰᠡᠨ ᠠᠵᠢᠯᠲᠠᠨ ᠠᠵᠢᠯᠴᠢᠨ᠎ᠤ ᠬᠡᠷᠡᠭᠴᠡᠭᠡ ᠵᠢ ᠬᠠᠮᠤᠭ᠎ᠤᠨ ᠶᠡᠬᠡ ᠬᠡᠮᠵᠢᠶ᠎ᠡ᠎ᠪᠠᠷ   ᠬᠠᠩᠭ᠋ᠠᠵᠤ᠂ ᠬᠥᠮᠦᠨ ᠬᠡᠷᠡᠭᠯᠡᠬᠦ ᠨᠢᠭᠡᠴᠡ ᠵᠢᠨ ᠠᠵᠢᠯᠴᠢᠨ ᠬᠡᠷᠡᠭᠯᠡᠭᠦ ᠲᠦᠭᠰᠢᠭᠦᠷᠢ ᠵᠢ ᠦᠡᠳᠦᠰᠦᠨ᠎ᠠᠴᠠ᠎ᠨᠢ   ᠪᠠᠭᠤᠷᠠᠭᠤᠯᠪᠠ᠃ http://mongol.people.com.cn/15831968.html

ᠢᠷᠡᠯᠲᠡ᠄ ᠣᠷᠣᠨ ᠰᠠᠭᠤᠴᠠ ᠪᠠ ᠬᠣᠲᠠ ᠬᠦᠳᠡᠭᠡ ᠵᠢᠨ ᠪᠦᠲᠦᠭᠡᠨ ᠪᠠᠢ᠌ᠭᠣᠯᠣᠯᠲᠠ ᠵᠢᠨ ᠲᠢᠩᠬᠢᠮ