ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠣᠷᠪᠣᠰ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠠᠵᠢᠯᠯᠠᠭ᠎ᠠ ᠵᠢ ᠵᠢᠷᠤᠮᠵᠢᠭᠤᠯᠤᠨ᠂ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠵᠠᠬ᠎ᠠ ᠳᠡᠯᠭᠡᠭᠦᠷ᠎ᠤᠨ ᠡᠮᠬᠢ ᠵᠢᠷᠤᠮ᠎ᠢ ᠬᠠᠮᠠᠭ᠋ᠠᠯᠠᠵᠤ᠂ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠠᠵᠢᠯᠯᠠᠭ᠎ᠠ ᠵᠢᠨ ᠲᠤᠬᠠᠢ ᠵᠢᠨ ᠬᠥᠮᠦᠨ᠎ᠤ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠬᠤ ᠵᠢᠨ ᠲᠥᠯᠥᠭᠡ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠣᠲᠠ ᠵᠢᠨ ᠭᠡᠷ ᠪᠠᠢ᠌ᠰᠢᠩ ᠭᠠᠵᠠᠷ ᠬᠥᠷᠥᠩᠭᠡ ᠵᠢᠨ ᠬᠠᠮᠢᠶᠠᠷᠤᠯᠲᠠ ᠵᠢᠨ ᠬᠠᠤᠯᠢ》᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠬᠦ ᠬᠠᠤᠯᠢ》 ᠪᠣᠯᠤᠨ 《ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠦᠨᠡᠨ ᠬᠦ᠌ ᠦᠯᠡᠳᠡᠭᠡᠬᠦ ᠴᠢᠬᠤᠯᠠᠲᠠᠢ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ᠎ᠲᠤ ᠵᠠᠰᠠᠭ ᠵᠠᠬᠢᠷᠭ᠋ᠠᠨ᠎ᠤ ᠵᠥᠪᠰᠢᠶᠡᠷᠡᠯ ᠣᠯᠭᠣᠬᠤ ᠲᠤᠬᠠᠢ ᠲᠣᠭᠲᠠᠭ᠋ᠠᠯ》 ᠵᠡᠷᠭᠡ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠢ ᠦᠨᠳᠦᠰᠦᠯᠡᠨ᠂ ᠲᠤᠰ ᠠᠷᠭ᠎ᠠ ᠵᠢ ᠲᠣᠭᠲᠠᠭ᠋ᠠᠪᠠ ᠃
ᠬᠣᠶᠠᠳᠤᠭ᠋ᠠᠷ ᠵᠣᠷᠪᠣᠰ ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ ᠵᠢᠨ ᠳᠣᠲᠣᠷ᠎ᠠ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠭᠡᠮ᠎ᠢ ᠭᠤᠶᠤᠴᠢᠯᠠᠬᠤ᠂ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠠᠵᠢᠯᠯᠠᠭ᠎ᠠ ᠡᠷᠬᠢᠯᠡᠬᠦ᠂ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ᠎ᠳᠤ ᠬᠢᠨᠠᠯᠲᠠ ᠲᠠᠯᠪᠢᠵᠤ ᠬᠠᠮᠢᠶᠠᠷᠬᠤ᠎ᠳᠤ ᠲᠤᠰ ᠠᠷᠭ᠎ᠠ ᠲᠣᠬᠢᠷᠠᠨ᠎ᠠ᠃
ᠭᠤᠷᠪᠠᠳᠤᠭ᠋ᠠᠷ ᠵᠣᠷᠪᠣᠰ ᠲᠤᠰ ᠠᠷᠭ᠎ᠠ᠎ᠳᠤ ᠬᠡᠯᠡᠵᠦ ᠪᠠᠢ᠌ᠭ᠎ᠠ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠭᠡᠳᠡᠭ᠎ᠨᠢ ᠬᠠᠤᠯᠢ ᠶᠣᠰᠣᠭ᠋ᠠᠷ ᠪᠠᠢ᠌ᠭᠤᠯᠤᠭᠳᠠᠭᠰᠠᠨ ᠮᠥᠷᠲᠡᠭᠡᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠭᠡᠮ᠎ᠢ ᠬᠠᠤᠯᠢ ᠶᠣᠰᠣᠭ᠋ᠠᠷ ᠣᠯᠤᠭᠰᠠᠨ᠂ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠠᠵᠢᠯᠯᠠᠭ᠎ᠠ ᠬᠢᠬᠦ ᠵᠠᠭᠤᠴᠢ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠵᠢᠭ᠋ᠠᠵᠤ ᠪᠣᠢ᠃
ᠲᠤᠰ ᠠᠷᠭ᠎ᠠ᠎ᠳᠤ ᠬᠡᠯᠡᠵᠦ ᠪᠠᠢ᠌ᠭ᠎ᠠ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠠᠵᠢᠯᠯᠠᠭ᠎ᠠ᠎ᠳᠤ ᠭᠠᠵᠠᠷ ᠰᠢᠷᠣᠢ᠂ ᠪᠠᠷᠢᠯᠭ᠎ᠠ᠂ ᠪᠠᠢ᠌ᠭᠤᠯᠵᠤ ᠪᠠᠢ᠌ᠭ᠎ᠠ ᠪᠠᠷᠢᠯᠭ᠎ᠠ᠂ ᠭᠡᠷ ᠪᠠᠢ᠌ᠰᠢᠩ ᠭᠠᠵᠠᠷ ᠬᠥᠷᠥᠩᠭᠡ ᠵᠢᠨ ᠠᠵᠢᠯᠯᠠᠭ᠎ᠠ᠎ᠪᠠᠷ ᠭᠣᠣᠯ ᠪᠣᠯᠭ᠋ᠠᠭᠰᠠᠨ ᠠᠵᠤ ᠠᠬᠤᠢ᠌ᠯᠠᠯ᠎ᠤᠨ ᠪᠦᠬᠦᠯᠢ ᠴᠣᠭᠴᠠ ᠵᠢᠨ ᠡᠳ᠋ ᠬᠥᠷᠥᠩᠭᠡ᠂ ᠠᠵᠤ ᠠᠬᠤᠢ᠌ᠯᠠᠯ᠎ᠤᠨ ᠪᠦᠬᠦᠯᠢ ᠴᠣᠭᠴᠠ ᠵᠢᠨ ᠡᠳ᠋ ᠬᠥᠷᠥᠩᠭᠡ᠎ᠳᠠᠬᠢ ᠭᠡᠷ ᠪᠠᠢ᠌ᠰᠢᠩ ᠭᠠᠵᠠᠷ ᠬᠥᠷᠥᠩᠭᠡ ᠵᠡᠷᠭᠡ ᠡᠯ᠎ᠡ ᠲᠥᠷᠥᠯ᠎ᠤᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠯᠲᠡ ᠵᠢᠴᠢ ᠰᠢᠯᠵᠢᠭᠦᠯᠦᠨ ᠥᠭᠬᠦ᠂ ᠪᠠᠷᠢᠴᠠᠭ᠋ᠠᠯᠠᠬᠤ᠂ ᠭᠡᠷ ᠪᠠᠢ᠌ᠰᠢᠩ ᠲᠠᠲᠠᠪᠤᠷᠢᠯᠠᠬᠤ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ᠂ ᠭᠠᠢ᠌ᠯᠢ᠂ ᠺᠣᠮᠫᠠᠨᠢ ᠵᠢᠨ ᠵᠠᠬ᠎ᠠ ᠳᠡᠯᠭᠡᠭᠦᠷ᠎ᠲᠤ ᠭᠠᠷᠬᠤ᠂ ᠠᠵᠤ ᠠᠬᠤᠢ᠌ᠯᠠᠯ᠎ᠤᠨ ᠳᠦᠷᠢᠮ᠎ᠤᠨ ᠥᠭᠡᠷᠡᠴᠢᠯᠡᠯᠲᠡ᠂ ᠠᠵᠤ ᠠᠬᠤᠢ᠌ᠯᠠᠯ᠎ᠤᠨ ᠢᠯᠭ᠋ᠠᠷᠠᠭᠤᠯᠤᠨ ᠪᠣᠳᠣᠯᠲᠠ᠂ ᠡᠳ᠋ ᠬᠥᠷᠥᠩᠭᠡ ᠵᠢ ᠳᠠᠬᠢᠨ ᠪᠠᠢ᠌ᠭᠤᠯᠬᠤ᠂ ᠡᠳ᠋ ᠬᠥᠷᠥᠩᠭᠡ ᠵᠢ ᠰᠢᠢ᠍ᠳᠪᠦᠷᠢᠯᠡᠬᠦ ᠵᠡᠷᠭᠡ ᠬᠢᠬᠦ ᠴᠢᠬᠤᠯᠠᠲᠠᠢ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠭᠲᠠᠨ᠎ᠠ᠃
ᠳᠥᠷᠪᠡᠳᠦᠭᠡᠷ ᠵᠣᠷᠪᠣᠰ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ᠎ᠠᠴᠠ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠠᠵᠢᠯᠯᠠᠭ᠎ᠠ ᠬᠢᠬᠦ᠎ᠳᠡᠭᠡᠨ ᠪᠡᠶ᠎ᠡ᠎ᠪᠠᠨ ᠳᠠᠭ᠋ᠠᠭ᠋ᠠᠭᠰᠠᠨ᠂ ᠪᠤᠰᠤᠳᠴᠢ᠂ ᠭᠣᠣᠯᠴᠢ ᠪᠠᠢ᠌ᠬᠤ ᠵᠠᠷᠴᠢᠮ᠎ᠢ ᠪᠠᠷᠢᠮᠲᠠᠯᠠᠨ ᠭ᠋ᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠵᠢᠷᠤᠮᠵᠢᠯ ᠪᠣᠯᠤᠨ ᠪᠠᠷᠢᠮᠵᠢᠶ᠎ᠠ ᠵᠢ ᠬᠡᠷᠡᠭᠵᠢᠭᠦᠯᠬᠦ ᠬᠡᠷᠡᠭᠲᠡᠢ᠃
ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ᠎ᠠᠴᠠ ᠬᠠᠤᠯᠢ ᠶᠣᠰᠣᠭ᠋ᠠᠷ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠠᠵᠢᠯᠯᠠᠭ᠎ᠠ ᠬᠢᠬᠦ᠎ᠳᠡᠭᠡᠨ ᠵᠠᠰᠠᠭ ᠵᠠᠬᠢᠷᠭ᠋ᠠᠨ᠎ᠤ ᠣᠷᠣᠨ᠂ ᠠᠵᠢᠯ ᠲᠥᠷᠥᠯ᠎ᠳᠤ ᠬᠢᠵᠠᠭ᠋ᠠᠷᠯᠠᠭᠳᠠᠬᠤ ᠦᠭᠡᠢ᠃ ᠶᠠᠮᠠᠷᠪᠠ ᠵᠣᠬᠢᠶᠠᠨ ᠪᠠᠢ᠌ᠭᠤᠯᠤᠯᠲᠠ ᠪᠤᠶᠤ ᠬᠤᠪᠢ ᠬᠥᠮᠦᠨ᠎ᠠᠴᠠ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠠᠵᠢᠯᠯᠠᠭ᠎ᠠ ᠪᠠ ᠦᠨ᠎ᠡ ᠵᠢᠱ᠌ᠢᠭᠰᠡᠨ ᠦᠷ᠎ᠡ ᠳ᠋ᠦᠩ᠎ᠳᠤ ᠬᠠᠤᠯᠢ ᠪᠤᠰᠤ᠎ᠪᠠᠷ ᠭᠠᠷ ᠲᠦᠷᠢᠵᠦ ᠪᠣᠯᠬᠤ ᠦᠭᠡᠢ᠃
ᠲᠠᠪᠤᠳᠤᠭ᠋ᠠᠷ ᠵᠣᠷᠪᠣᠰ ᠲᠥᠷᠥ ᠵᠢᠨ ᠶᠠᠪᠤᠳᠠᠯ᠎ᠤᠨ ᠬᠣᠷᠢᠶᠠᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠪᠥᠬᠥ ᠤᠯᠤᠰ᠎ᠤᠨ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
ᠮᠣᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠭᠡᠷ ᠪᠠᠢ᠌ᠰᠢᠩ ᠭᠠᠵᠠᠷ ᠬᠥᠷᠥᠩᠭᠡ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
ᠬᠣᠲᠠ᠂ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠡᠷ ᠪᠠᠢ᠌ᠰᠢᠩ ᠭᠠᠵᠠᠷ ᠬᠥᠷᠥᠩᠭᠡ ᠵᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
ᠵᠢᠷᠭᠤᠳᠤᠭ᠋ᠠᠷ ᠵᠣᠷᠪᠣᠰ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠠᠵᠢᠯ ᠲᠥᠷᠥᠯ᠎ᠤᠨ ᠵᠣᠬᠢᠶᠠᠨ ᠪᠠᠢ᠌ᠭᠤᠯᠤᠯᠲᠠ᠎ᠨᠤᠭᠤᠳ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠠᠵᠢᠯ ᠲᠥᠷᠥᠯ᠎ᠤᠨ ᠪᠡᠶ᠎ᠡ᠎ᠪᠠᠨ ᠪᠠᠷᠢᠬᠤ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ᠃
ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠠᠵᠢᠯ ᠲᠥᠷᠥᠯ᠎ᠤᠨ ᠵᠣᠬᠢᠶᠠᠨ ᠪᠠᠢ᠌ᠭᠤᠯᠤᠯᠲᠠ᠎ᠳᠤ ᠣᠷᠣᠯᠴᠠᠬᠤ ᠵᠢ ᠵᠣᠷᠢᠭᠵᠢᠭᠤᠯᠤᠨ᠎ᠠ᠃
ᠳᠣᠯᠣᠳᠤᠭ᠋ᠠᠷ ᠵᠣᠷᠪᠣᠰ ᠤᠯᠤᠰ᠎ᠠᠴᠠ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠠᠵᠢᠯ ᠲᠥᠷᠥᠯ᠎ᠤᠨ ᠬᠠᠮᠢᠶᠠᠷᠤᠯᠲᠠ ᠵᠢᠨ ᠪᠦᠬᠦ ᠤᠯᠤᠰ᠎ᠤᠨ ᠨᠢᠭᠡᠳᠦᠯᠲᠡᠢ ᠮᠡᠳᠡᠭᠡ ᠵᠠᠩᠭᠢ ᠵᠢᠨ ᠲᠠᠪᠴᠠᠩ᠎ᠢ ᠪᠠᠢ᠌ᠭᠤᠯᠬᠤ ᠬᠡᠷᠡᠭᠲᠡᠢ᠃ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠭᠡᠮ᠎ᠢ ᠬᠢᠨᠠᠨ ᠵᠥᠪᠰᠢᠶᠡᠷᠡᠬᠦ᠂ ᠠᠵᠢᠯᠲᠠᠨ᠎ᠤ ᠳᠠᠩᠰᠠᠯᠠᠯᠲᠠ᠂ ᠢᠲᠡᠭᠡᠮᠵᠢ ᠵᠢᠨ ᠳᠠᠩᠰᠠ ᠡᠪᠬᠡᠮᠡᠯ᠎ᠤᠨ ᠬᠠᠮᠢᠶᠠᠷᠤᠯᠲᠠ ᠵᠡᠷᠭᠡ ᠮᠡᠳᠡᠭᠡ ᠵᠠᠩᠭᠢ ᠵᠢ ᠬᠠᠮᠲᠤᠷᠠᠨ᠂ ᠬᠠᠮᠲᠤ᠎ᠳᠠᠭᠠᠨ ᠡᠳ᠋ᠯᠡᠬᠦ ᠵᠢ ᠪᠡᠶᠡᠯᠡᠭᠦᠯᠬᠦ ᠬᠡᠷᠡᠭᠲᠡᠢ᠃
ᠬᠣᠶᠠᠳᠤᠭ᠋ᠠᠷ ᠪᠦᠯᠦᠭ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠭᠡᠮ᠎ᠢ ᠬᠢᠨᠠᠨ ᠵᠥᠪᠰᠢᠶᠡᠷᠡᠬᠦ
ᠨᠠᠢ᠍ᠮᠠᠳᠤᠭ᠋ᠠᠷ ᠵᠣᠷᠪᠣᠰ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠬᠡᠮ᠎ᠤᠨ ᠵᠡᠷᠭᠡ ᠳᠡᠰ᠎ᠢ ᠨᠢᠭᠡᠳᠦᠭᠡᠷ᠂ ᠬᠣᠶᠠᠳᠤᠭ᠋ᠠᠷ᠂ ᠭᠤᠷᠪᠠᠳᠤᠭ᠋ᠠᠷ ᠳᠡᠰ ᠬᠤᠪᠢᠶᠠᠨ᠎ᠠ᠃
ᠮᠤᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠭᠡᠷ ᠪᠠᠢ᠌ᠰᠢᠩ ᠭᠠᠵᠠᠷ ᠬᠥᠷᠥᠩᠭᠡ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠬᠡᠮ᠎ᠢ ᠵᠥᠪᠰᠢᠶᠡᠷᠡᠬᠦ ᠠᠵᠢᠯ᠎ᠢ ᠬᠠᠷᠢᠭᠤᠴᠠᠨ᠎ᠠ᠃
ᠮᠤᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠭᠡᠷ ᠪᠠᠢ᠌ᠰᠢᠩ ᠭᠠᠵᠠᠷ ᠬᠥᠷᠥᠩᠭᠡ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠤᠯᠤᠰ᠎ᠤᠨ ᠬᠢᠷᠢ ᠬᠡᠮ᠎ᠤᠨ ᠨᠢᠭᠡᠳᠦᠯᠲᠡᠢ ᠨᠥᠬᠥᠴᠡᠯ᠎ᠢ ᠬᠡᠷᠡᠭᠵᠢᠭᠦᠯᠬᠦ ᠬᠡᠷᠡᠭᠲᠡᠢ᠃ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠬᠡᠮ᠎ᠤᠨ ᠵᠥᠪᠰᠢᠶᠡᠷᠡᠯ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠭᠣᠣᠯᠴᠢ᠎ᠪᠠᠷ ᠥᠷᠢᠰᠦᠯᠳᠦᠬᠦ ᠵᠠᠬ᠎ᠠ ᠳᠡᠯᠭᠡᠭᠦᠷ᠎ᠤᠨ ᠣᠷᠴᠢᠨ ᠨᠥᠬᠥᠴᠡᠯ᠎ᠢ ᠪᠣᠢ ᠪᠣᠯᠭ᠋ᠠᠬᠤ ᠬᠡᠷᠡᠭᠲᠡᠢ᠃
ᠲᠥᠷᠥ ᠵᠢᠨ ᠶᠠᠪᠤᠳᠠᠯ᠎ᠤᠨ ᠬᠣᠷᠢᠶᠠᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠮᠤᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠭᠡᠷ ᠪᠠᠢ᠌ᠰᠢᠩ ᠭᠠᠵᠠᠷ ᠬᠥᠷᠥᠩᠭᠡ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠢᠷᠢ ᠬᠡᠮ᠎ᠤᠨ ᠵᠦᠪᠰᠢᠶᠡᠷᠡᠬᠦ ᠠᠵᠢᠯ᠎ᠳᠠᠬᠢ ᠵᠢᠯᠣᠭᠣᠳᠤᠯᠭ᠎ᠠ ᠪᠠ ᠬᠢᠨᠠᠯᠲᠠ ᠪᠠᠢ᠌ᠴᠠᠭ᠋ᠠᠯᠲᠠ᠎ᠪᠠᠨ ᠴᠢᠩᠭ᠋ᠠᠳᠬᠠᠵᠤ᠂ ᠬᠢᠷᠢ ᠬᠡᠮ᠎ᠤᠨ ᠵᠦᠪᠰᠢᠶᠡᠷᠡᠬᠦ ᠳᠤᠮᠳᠠᠬᠢ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ ᠴᠠᠭ ᠲᠤᠬᠠᠢᠳᠤᠨᠢ ᠵᠠᠯᠠᠷᠠᠭᠤᠯᠬᠤ ᠬᠡᠷᠡᠭᠲᠡᠢ᠃
ᠶᠢᠰᠦᠳᠦᠭᠡᠷ ᠵᠣᠷᠪᠣᠰ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢ ᠪᠠᠢ᠌ᠭ᠋ᠠᠯᠢ ᠬᠥᠮᠦᠨ ᠪᠡᠯᠡ ᠭᠠᠷᠭ᠋ᠠᠵᠤ᠂ ᠬᠢᠵᠠᠭ᠋ᠠᠷᠲᠤ ᠬᠠᠷᠢᠭᠤᠴᠠᠯᠭ᠋ᠠᠲᠤ ᠺᠤᠮᠫᠠᠨᠢ ᠪᠤᠶᠤ ᠬᠣᠷᠰᠢᠭᠰᠠᠨ ᠠᠵᠤ ᠠᠬᠤᠢ᠌ᠯᠠᠯ᠎ᠤᠨ ᠬᠡᠯᠪᠡᠷᠢ᠎ᠪᠠᠷ ᠪᠠᠢ᠌ᠭᠤᠯᠬᠤ ᠬᠡᠷᠡᠭᠲᠡᠢ᠃
ᠠᠷᠪᠠᠳᠤᠭ᠋ᠠᠷ ᠵᠣᠷᠪᠣᠰ ᠡᠯ᠎ᠡ ᠬᠢᠷᠢ ᠬᠡᠮ᠎ᠤᠨ ᠵᠡᠷᠭᠡ ᠳᠡᠰ᠎ᠤᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠨᠥᠬᠥᠴᠡᠯ ᠳᠣᠣᠷᠠᠬᠢ ᠮᠡᠲᠦ ᠄
(ᠨᠢᠭᠡ) ᠨᠢᠭᠡᠳᠦᠭᠡᠷ ᠳᠡᠰ᠎ᠤᠨ ᠬᠢᠷᠢ ᠭᠡᠮ
1. ᠪᠠᠢ᠌ᠭᠤᠯᠤᠮᠵᠢ ᠵᠢᠨ ᠨᠡᠷᠡᠢ᠌ᠳᠦᠯ᠎ᠨᠢ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠤᠶᠤ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠯᠲᠡ ᠭᠡᠬᠦ ᠦᠰᠦᠭ᠎ᠲᠠᠢ;
2. ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠠᠵᠢᠯᠯᠠᠭ᠎ᠠ ᠵᠢ ᠦᠷᠭᠦᠯᠵᠢᠯᠡᠨ 6 ᠵᠢᠯ᠎ᠠᠴᠠ ᠳᠡᠭᠡᠭᠰᠢ ᠬᠢᠭᠰᠡᠨ ᠪᠥᠭᠡᠳ ᠬᠣᠶᠠᠳᠤᠭ᠋ᠠᠷ ᠳᠡᠰ᠎ᠤᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠭᠡᠮ᠎ᠢ 3 ᠵᠢᠯ᠎ᠠᠴᠠ ᠳᠡᠭᠡᠭᠰᠢ ᠣᠯᠤᠭᠰᠠᠨ;
3. ᠬᠢᠵᠠᠭ᠋ᠠᠷᠲᠤ ᠬᠠᠷᠢᠭᠤᠴᠠᠯᠭ᠋ᠠᠲᠤ ᠺᠤᠮᠫᠠᠨᠢ ᠵᠢᠨ ᠳᠠᠩᠰᠠᠯᠠᠭᠤᠯᠤᠭᠰᠠᠨ ᠬᠥᠷᠥᠩᠭᠡ ᠠᠷᠠᠳ᠎ᠤᠨ ᠵᠣᠭᠣᠰ᠎ᠨᠢ 200 ᠲᠦᠮᠡᠨ ᠲᠥᠭᠥᠷᠢᠭ᠎ᠠᠴᠠ ᠳᠡᠭᠡᠭᠰᠢ᠂ ᠬᠣᠷᠰᠢᠭᠰᠠᠨ ᠠᠵᠤ ᠠᠬᠤᠢ᠌ᠯᠠᠯ᠎ᠤᠨ ᠭᠠᠷᠭ᠋ᠠᠭᠰᠠᠨ ᠪᠡᠯᠡ ᠵᠢᠨ ᠲᠣᠭ᠎ᠠ᠎ᠨᠢ ᠠᠷᠠᠳ᠎ᠤᠨ ᠵᠣᠭᠣᠰ ᠵᠶ᠋ᠠᠷ 120 ᠲᠦᠮᠡᠨ ᠲᠥᠭᠥᠷᠢᠭ᠎ᠠᠴᠠ ᠳᠡᠭᠡᠭᠰᠢ;
4. 15᠎ᠠᠴᠠ ᠳᠡᠭᠡᠭᠰᠢ ᠲᠤᠰᠬᠠᠢ ᠳᠠᠩᠰᠠᠯᠠᠭᠤᠯᠤᠭᠰᠠᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠨ᠎ᠡ ᠵᠢᠱ᠌ᠢᠭᠴᠢ ᠪᠠᠢ᠌ᠨ᠎ᠠ;
5. ᠬᠢᠷᠢ ᠬᠡᠮ᠎ᠤᠨ ᠵᠡᠷᠭᠡ ᠳᠡᠰ᠎ᠢ ᠬᠢᠨᠠᠨ ᠲᠣᠭᠲᠠᠭ᠋ᠠᠬᠤ ᠭᠤᠶᠤᠴᠢᠯᠠᠯ ᠭᠠᠷᠭ᠋ᠠᠬᠤ᠎ᠠᠴᠠ 3 ᠵᠢᠯ᠎ᠤᠨ ᠡᠮᠦᠨ᠎ᠡ ᠳᠤᠮᠳᠠᠴᠢ᠎ᠪᠠᠷ ᠵᠢᠯ ᠪᠦᠷᠢ 50 ᠲᠦᠮᠡᠨ ᠲᠡᠭᠰᠢ ᠳᠥᠷᠪᠡᠯᠵᠢᠨ ᠮᠧᠲᠷ᠎ᠠᠴᠠ ᠳᠡᠭᠡᠭᠰᠢ ᠪᠤᠶᠤ ᠭᠠᠵᠠᠷ ᠰᠢᠷᠣᠢ ᠵᠢᠨ ᠲᠠᠯᠠᠪᠠᠢ 25 ᠲᠦᠮᠡᠨ ᠲᠡᠭᠰᠢ ᠳᠥᠷᠪᠡᠯᠵᠢᠨ ᠮᠧᠲᠷ᠎ᠠᠴᠠ ᠳᠡᠭᠡᠭᠰᠢ ᠪᠠᠢ᠌ᠬᠤ ᠬᠡᠷᠡᠭᠲᠡᠢ;
6. ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠪᠤᠶᠤ ᠭᠦᠢ᠍ᠴᠡᠳᠬᠡᠬᠦ ᠬᠣᠷᠰᠢᠭᠴᠢ ᠪᠣᠯ ᠳᠠᠩᠰᠠᠯᠠᠭᠤᠯᠤᠭᠰᠠᠨ᠎ᠤ ᠳᠠᠷᠠᠭ᠎ᠠ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠠᠵᠢᠯ᠎ᠢ 3 ᠵᠢᠯ᠎ᠠᠴᠠ ᠳᠡᠭᠡᠭᠰᠢ ᠬᠢᠭᠰᠡᠨ ᠳᠠᠩᠰᠠᠯᠠᠭᠤᠯᠤᠭᠰᠠᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠨ᠎ᠡ ᠵᠢᠱ᠌ᠢᠭᠴᠢ ᠪᠣᠯᠤᠨ᠎ᠠ;
7. ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠬᠤᠪᠢ ᠣᠷᠣᠭᠤᠯᠤᠭᠴᠢ ᠵᠢᠨ ᠳᠣᠲᠣᠷ᠎ᠠ 3᠎ᠠᠴᠠ ᠳᠡᠭᠡᠭᠰᠢ ᠂ ᠬᠣᠷᠰᠢᠭᠰᠠᠨ ᠠᠵᠤ ᠠᠬᠤᠢ᠌ᠯᠠᠯ᠎ᠤᠨ ᠬᠣᠷᠰᠢᠭᠴᠢ ᠵᠢᠨ ᠳᠣᠲᠣᠷ᠎ᠠ 2᠎ᠠᠴᠠ ᠳᠡᠭᠡᠭᠰᠢ ᠲᠤᠰᠬᠠᠢ ᠭᠡᠷ ᠪᠠᠢ᠌ᠰᠢᠩ ᠭᠠᠵᠠᠷ ᠬᠥᠷᠥᠩᠭᠡ ᠵᠢᠨ ᠦᠨ᠎ᠡ ᠵᠢᠱ᠌ᠢᠭᠴᠢ ᠵᠢᠨ ᠬᠤᠪᠢ ᠣᠷᠣᠭᠤᠯᠤᠭᠴᠢ ᠪᠤᠶᠤ ᠬᠣᠷᠰᠢᠭᠴᠢ ᠵᠢᠨ ᠳᠣᠲᠣᠷᠠᠬᠢ ᠬᠠᠭ᠋ᠠᠰ᠎ᠨᠢ ᠳᠠᠩᠰᠠᠯᠠᠭᠤᠯᠤᠭᠰᠠᠨ᠎ᠤ ᠳᠠᠷᠠᠭ᠎ᠠ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠠᠵᠢᠯ᠎ᠢ 3 ᠵᠢᠯ᠎ᠠᠴᠠ ᠳᠡᠭᠡᠭᠰᠢ ᠬᠢᠭᠰᠡᠨ ᠲᠤᠰᠬᠠᠢ ᠲᠤᠰᠢᠶᠠᠯ᠎ᠤᠨ ᠳᠠᠩᠰᠠᠯᠠᠭᠤᠯᠤᠭᠰᠠᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠨ᠎ᠡ ᠵᠢᠱ᠌ᠢᠭᠴᠢ;
8. ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠬᠤᠪᠢ ᠣᠷᠣᠭᠤᠯᠤᠯᠲᠠ ᠪᠤᠶᠤ ᠬᠣᠷᠰᠢᠭᠰᠠᠨ ᠠᠵᠤ ᠠᠬᠤᠢ᠌ᠯᠠᠯ᠎ᠤᠨ ᠪᠡᠯᠡ ᠭᠠᠷᠭ᠋ᠠᠭᠰᠠᠨ ᠲᠣᠭ᠎ᠠ ᠳᠣᠲᠣᠷᠠᠬᠢ ᠲᠤᠰᠬᠠᠢ ᠳᠠᠩᠰᠠᠯᠠᠭᠤᠯᠤᠭᠰᠠᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠨ᠎ᠡ ᠵᠢᠱ᠌ᠢᠭᠴᠢ ᠵᠢᠨ ᠬᠤᠪᠢ ᠣᠷᠣᠭᠤᠯᠤᠯᠲᠠ ᠪᠤᠶᠤ ᠪᠡᠯᠡ ᠭᠠᠷᠭ᠋ᠠᠭᠰᠠᠨ ᠲᠣᠭ᠎ᠠ᠎ᠨᠢ ᠨᠡᠢ᠌ᠲᠡ 60%᠎ᠠᠴᠠ ᠳᠣᠣᠷ᠎ᠠ ᠦᠭᠡᠢ᠃
9. ᠡᠵᠡᠩᠨᠡᠯᠲᠡ ᠦᠢ᠍ᠯᠡᠴᠢᠯᠡᠭᠡᠨ᠎ᠤ ᠲᠣᠭᠲᠠᠮᠠᠯ ᠭᠠᠵᠠᠷ᠎ᠲᠠᠢ;
10. ᠦᠨᠡᠯᠡᠨ ᠵᠢᠱ᠌ᠢᠬᠦ ᠵᠢᠨ ᠶᠠᠰᠤ ᠴᠢᠨᠠᠷ᠎ᠤᠨ ᠬᠠᠮᠢᠶᠠᠷᠤᠯᠲᠠ᠂ ᠦᠨᠡᠯᠡᠨ ᠵᠢᠱ᠌ᠢᠬᠦ ᠵᠢᠨ ᠳᠠᠩᠰᠠ ᠡᠪᠬᠡᠮᠡᠯ᠎ᠤᠨ ᠬᠠᠮᠢᠶᠠᠷᠤᠯᠲᠠ᠂ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠡᠷᠭᠡ ᠡᠯ᠎ᠡ ᠲᠥᠷᠥᠯ᠎ᠤᠨ ᠠᠵᠤ ᠠᠬᠤᠢ᠌ᠯᠠᠯ᠎ᠤᠨ ᠳᠣᠲᠣᠭ᠋ᠠᠳᠤ ᠵᠢᠨ ᠬᠠᠮᠢᠶᠠᠷᠤᠯᠲᠠ ᠵᠢᠨ ᠳᠦᠷᠢᠮ ᠲᠡᠭᠦᠯᠳᠡᠷ ᠪᠠᠢ᠌ᠬᠤ ᠬᠡᠷᠡᠭᠲᠡᠢ;
11. ᠲᠠᠰᠢᠷᠠᠮ ᠵᠶ᠋ᠠᠷ ᠰᠤᠭᠤᠴᠢᠨ ᠪᠠᠢ᠌ᠴᠠᠭ᠋ᠠᠭᠰᠠᠨ1 ᠬᠤᠪᠢ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠮᠡᠳᠡᠭᠦᠯᠦᠯᠲᠡ᠎ᠨᠢ 《ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠵᠢᠷᠤᠮᠵᠢᠯ》᠎ᠤᠨ ᠱᠠᠭ᠋ᠠᠷᠳᠠᠯᠭ᠎ᠠ᠎ᠳᠤ ᠨᠡᠢ᠌ᠴᠡᠨ᠎ᠡ;
12. ᠬᠢᠷᠢ ᠭᠡᠮ᠎ᠤᠨ ᠵᠡᠷᠭᠡ ᠳᠡᠰ᠎ᠢ ᠬᠢᠨᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠭᠰᠠᠨ ᠡᠳᠦᠷ᠎ᠠᠴᠠ ᠡᠮᠦᠨ᠎ᠡ 3 ᠵᠢᠯ᠎ᠤᠨ ᠳᠣᠲᠣᠷ᠎ᠠ ᠲᠤᠰ ᠠᠷᠭ᠎ᠠ ᠵᠢᠨ ᠭᠤᠴᠢᠨ ᠭᠤᠷᠪᠠᠳᠤᠭ᠋ᠠᠷ ᠵᠦᠢ᠍ᠯ᠎ᠳᠤ ᠴᠠᠭ᠋ᠠᠵᠠᠯᠠᠭᠰᠠᠨ ᠦᠢ᠍ᠯᠡ ᠠᠵᠢᠯᠯᠠᠭ᠎ᠠ ᠦᠭᠡᠢ᠃
( ᠬᠤᠶᠠᠷ) ᠬᠣᠶᠠᠳᠤᠭ᠋ᠠᠷ ᠳᠡᠰ᠎ᠤᠨ ᠬᠢᠷᠢ ᠭᠡᠮ
1. ᠪᠠᠢ᠌ᠭᠤᠯᠤᠮᠵᠢ ᠵᠢᠨ ᠨᠡᠷᠡᠢ᠌ᠳᠦᠯ᠎ᠨᠢ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠤᠶᠤ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠯᠲᠡ ᠭᠡᠬᠦ ᠦᠰᠦᠭ᠎ᠲᠠᠢ;
2. ᠭᠤᠷᠪᠠᠳᠤᠭ᠋ᠠᠷ ᠳᠡᠰ᠎ᠤᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠭᠡᠮ᠎ᠢ ᠣᠯᠤᠭᠰᠠᠨ᠎ᠤ ᠳᠠᠷᠠᠭ᠎ᠠ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠠᠵᠢᠯᠯᠠᠭ᠎ᠠ ᠵᠢ 4 ᠵᠢᠯ᠎ᠠᠴᠠ ᠳᠡᠭᠡᠭᠰᠢ ᠦᠷᠭᠦᠯᠵᠢᠯᠡᠭᠦᠯᠦᠨ ᠶᠠᠪᠤᠭᠳᠠᠭᠰᠠᠨ;
3. ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠳᠠᠩᠰᠠᠯᠠᠭᠤᠯᠤᠭᠰᠠᠨ ᠬᠥᠷᠥᠩᠭᠡ ᠠᠷᠠᠳ᠎ᠤᠨ ᠵᠣᠭᠣᠰ᠎ᠨᠢ 100 ᠲᠦᠮᠡᠨ ᠲᠥᠭᠥᠷᠢᠭ᠎ᠠᠴᠠ ᠲ᠋ᠡᠭᠡᠭᠰᠢ᠂ ᠬᠣᠷᠰᠢᠭᠰᠠᠨ ᠠᠵᠤ ᠠᠬᠤᠢ᠌ᠯᠠᠯ᠎ᠤᠨ ᠭᠠᠷᠭ᠋ᠠᠭᠰᠠᠨ ᠪᠡᠯᠡ ᠵᠢᠨ ᠲᠣᠭ᠎ᠠ᠎ᠨᠢ ᠠᠷᠠᠳ᠎ᠤᠨ ᠵᠣᠭᠣᠰ ᠵᠶ᠋ᠠᠷ 60 ᠲᠦᠮᠡᠨ ᠲᠥᠭᠥᠷᠢᠭ᠎ᠠᠴᠠ ᠳᠡᠭᠡᠭᠰᠢ;
4. 8᠎ᠠᠴᠠ ᠳᠡᠭᠡᠭᠰᠢ ᠲᠤᠰᠬᠠᠢ ᠳᠠᠩᠰᠠᠯᠠᠭᠤᠯᠤᠭᠰᠠᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠨ᠎ᠡ ᠵᠢᠱ᠌ᠢᠭᠴᠢ ᠪᠣᠢ᠃
5. ᠬᠢᠷᠢ ᠬᠡᠮ᠎ᠤᠨ ᠵᠡᠷᠭᠡ ᠳᠡᠰ᠎ᠢ ᠬᠢᠨᠠᠨ ᠲᠣᠭᠲᠠᠭ᠋ᠠᠬᠤ ᠭᠤᠶᠤᠴᠢᠯᠠᠯ ᠭᠠᠷᠭ᠋ᠠᠬᠤ᠎ᠠᠴᠠ 3 ᠵᠢᠯ᠎ᠤᠨ ᠡᠮᠦᠨ᠎ᠡ ᠳᠤᠮᠳᠠᠴᠢ᠎ᠪᠠᠷ ᠵᠢᠯ ᠪᠦᠷᠢ 30 ᠲᠦᠮᠡᠨ ᠲᠡᠭᠰᠢ ᠳᠥᠷᠪᠡᠯᠵᠢᠨ ᠮᠧᠲᠷ᠎ᠠᠴᠠ ᠳᠡᠭᠡᠭᠰᠢ ᠪᠤᠶᠤ ᠭᠠᠵᠠᠷ ᠰᠢᠷᠣᠢ ᠵᠢᠨ ᠲᠠᠯᠠᠪᠠᠢ 15 ᠲᠦᠮᠡᠨ ᠲᠡᠭᠰᠢ ᠳᠥᠷᠪᠡᠯᠵᠢᠨ ᠮᠧᠲᠷ᠎ᠠᠴᠠ ᠳᠡᠭᠡᠭᠰᠢ ᠪᠠᠢ᠌ᠬᠤ ᠬᠡᠷᠡᠭᠲᠡᠢ;
6. ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠪᠤᠶᠤ ᠭᠦᠢ᠍ᠴᠡᠳᠬᠡᠬᠦ ᠬᠣᠷᠰᠢᠭᠴᠢ ᠪᠣᠯ ᠳᠠᠩᠰᠠᠯᠠᠭᠤᠯᠤᠭᠰᠠᠨ᠎ᠤ ᠳᠠᠷᠠᠭ᠎ᠠ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠠᠵᠢᠯ᠎ᠢ 3 ᠵᠢᠯ᠎ᠠᠴᠠ ᠳᠡᠭᠡᠭᠰᠢ ᠬᠢᠭᠰᠡᠨ ᠳᠠᠩᠰᠠᠯᠠᠭᠤᠯᠤᠭᠰᠠᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠨ᠎ᠡ ᠵᠢᠱ᠌ᠢᠭᠴᠢ ᠪᠣᠯᠤᠨ᠎ᠠ;
7. ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠬᠤᠪᠢ ᠣᠷᠣᠭᠤᠯᠤᠭᠴᠢ ᠵᠢᠨ ᠳᠣᠲᠣᠷ᠎ᠠ 3᠎ᠠᠴᠠ ᠳᠡᠭᠡᠭᠰᠢ ᠂ ᠬᠣᠷᠰᠢᠭᠰᠠᠨ ᠠᠵᠤ ᠠᠬᠤᠢ᠌ᠯᠠᠯ᠎ᠤᠨ ᠬᠣᠷᠰᠢᠭᠴᠢ ᠵᠢᠨ ᠳᠣᠲᠣᠷ᠎ᠠ 2᠎ᠠᠴᠠ ᠳᠡᠭᠡᠭᠰᠢ ᠲᠤᠰᠬᠠᠢ ᠭᠡᠷ ᠪᠠᠢ᠌ᠰᠢᠩ ᠭᠠᠵᠠᠷ ᠬᠥᠷᠥᠩᠭᠡ ᠵᠢᠨ ᠦᠨ᠎ᠡ ᠵᠢᠱ᠌ᠢᠭᠴᠢ ᠵᠢᠨ ᠬᠤᠪᠢ ᠣᠷᠣᠭᠤᠯᠤᠭᠴᠢ ᠪᠤᠶᠤ ᠬᠣᠷᠰᠢᠭᠴᠢ ᠵᠢᠨ ᠳᠣᠲᠣᠷᠠᠬᠢ ᠬᠠᠭ᠋ᠠᠰ᠎ᠨᠢ ᠳᠠᠩᠰᠠᠯᠠᠭᠤᠯᠤᠭᠰᠠᠨ᠎ᠤ ᠳᠠᠷᠠᠭ᠎ᠠ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠠᠵᠢᠯ᠎ᠢ 3 ᠵᠢᠯ᠎ᠠᠴᠠ ᠳᠡᠭᠡᠭᠰᠢ ᠬᠢᠭᠰᠡᠨ ᠲᠤᠰᠬᠠᠢ ᠲᠤᠰᠢᠶᠠᠯ᠎ᠤᠨ ᠳᠠᠩᠰᠠᠯᠠᠭᠤᠯᠤᠭᠰᠠᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠨ᠎ᠡ ᠵᠢᠱ᠌ᠢᠭᠴᠢ;
8. ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠬᠤᠪᠢ ᠣᠷᠣᠭᠤᠯᠤᠯᠲᠠ ᠪᠤᠶᠤ ᠬᠣᠷᠰᠢᠭᠰᠠᠨ ᠠᠵᠤ ᠠᠬᠤᠢ᠌ᠯᠠᠯ᠎ᠤᠨ ᠪᠡᠯᠡ ᠭᠠᠷᠭ᠋ᠠᠭᠰᠠᠨ ᠲᠣᠭ᠎ᠠ ᠳᠣᠲᠣᠷᠠᠬᠢ ᠲᠤᠰᠬᠠᠢ ᠳᠠᠩᠰᠠᠯᠠᠭᠤᠯᠤᠭᠰᠠᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠨ᠎ᠡ ᠵᠢᠱ᠌ᠢᠭᠴᠢ ᠵᠢᠨ ᠬᠤᠪᠢ ᠣᠷᠣᠭᠤᠯᠤᠯᠲᠠ ᠪᠤᠶᠤ ᠪᠡᠯᠡ ᠭᠠᠷᠭ᠋ᠠᠭᠰᠠᠨ ᠲᠣᠭ᠎ᠠ᠎ᠨᠢ ᠨᠡᠢ᠌ᠲᠡ 60%᠎ᠠᠴᠠ ᠳᠣᠣᠷ᠎ᠠ ᠦᠭᠡᠢ;
9. ᠡᠵᠡᠩᠨᠡᠯᠲᠡ ᠦᠢ᠍ᠯᠡᠴᠢᠯᠡᠭᠡᠨ᠎ᠤ ᠲᠣᠭᠲᠠᠮᠠᠯ ᠭᠠᠵᠠᠷ᠎ᠲᠠᠢ;
10. ᠦᠨᠡᠯᠡᠨ ᠵᠢᠱ᠌ᠢᠬᠦ ᠵᠢᠨ ᠶᠠᠰᠤ ᠴᠢᠨᠠᠷ᠎ᠤᠨ ᠬᠠᠮᠢᠶᠠᠷᠤᠯᠲᠠ᠂ ᠦᠨᠡᠯᠡᠨ ᠵᠢᠱ᠌ᠢᠬᠦ ᠵᠢᠨ ᠳᠠᠩᠰᠠ ᠡᠪᠬᠡᠮᠡᠯ᠎ᠤᠨ ᠬᠠᠮᠢᠶᠠᠷᠤᠯᠲᠠ᠂ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠡᠷᠭᠡ ᠡᠯ᠎ᠡ ᠲᠥᠷᠥᠯ᠎ᠤᠨ ᠠᠵᠤ ᠠᠬᠤᠢ᠌ᠯᠠᠯ᠎ᠤᠨ ᠳᠣᠲᠣᠭ᠋ᠠᠳᠤ ᠵᠢᠨ ᠬᠠᠮᠢᠶᠠᠷᠤᠯᠲᠠ ᠵᠢᠨ ᠳᠦᠷᠢᠮ ᠲᠡᠭᠦᠯᠳᠡᠷ ᠪᠠᠢ᠌ᠬᠤ ᠬᠡᠷᠡᠭᠲᠡᠢ;
11. ᠲᠠᠰᠢᠷᠠᠮ ᠵᠶ᠋ᠠᠷ ᠰᠤᠭᠤᠴᠢᠨ ᠪᠠᠢ᠌ᠴᠠᠭ᠋ᠠᠭᠰᠠᠨ1 ᠬᠤᠪᠢ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠮᠡᠳᠡᠭᠦᠯᠦᠯᠲᠡ᠎ᠨᠢ 《ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠵᠢᠷᠤᠮᠵᠢᠯ》᠎ᠤᠨ ᠱᠠᠭ᠋ᠠᠷᠳᠠᠯᠭ᠎ᠠ᠎ᠳᠤ ᠨᠡᠢ᠌ᠴᠡᠨ᠎ᠡ;
12. ᠬᠢᠷᠢ ᠭᠡᠮ᠎ᠤᠨ ᠵᠡᠷᠭᠡ ᠳᠡᠰ᠎ᠢ ᠬᠢᠨᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠭᠰᠠᠨ ᠡᠳᠦᠷ᠎ᠠᠴᠠ ᠡᠮᠦᠨ᠎ᠡ 3 ᠵᠢᠯ᠎ᠤᠨ ᠳᠣᠲᠣᠷ᠎ᠠ ᠲᠤᠰ ᠠᠷᠭ᠎ᠠ ᠵᠢᠨ ᠭᠤᠴᠢᠨ ᠭᠤᠷᠪᠠᠳᠤᠭ᠋ᠠᠷ ᠵᠦᠢ᠍ᠯ᠎ᠳᠤ ᠴᠠᠭ᠋ᠠᠵᠠᠯᠠᠭᠰᠠᠨ ᠦᠢ᠍ᠯᠡ ᠠᠵᠢᠯᠯᠠᠭ᠎ᠠ ᠦᠭᠡᠢ᠃
( ᠭᠤᠷᠪᠠ) ᠭᠤᠷᠪᠠᠳᠤᠭ᠋ᠠᠷ ᠳᠡᠰ᠎ᠤᠨ ᠬᠢᠷᠢ ᠭᠡᠮ
1. ᠪᠠᠢ᠌ᠭᠤᠯᠤᠮᠵᠢ ᠵᠢᠨ ᠨᠡᠷᠡᠢ᠌ᠳᠦᠯ᠎ᠨᠢ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠤᠶᠤ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠯᠲᠡ ᠭᠡᠬᠦ ᠦᠰᠦᠭ᠎ᠲᠠᠢ;
2. ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠳᠠᠩᠰᠠᠯᠠᠭᠤᠯᠤᠭᠰᠠᠨ ᠬᠥᠷᠥᠩᠭᠡ ᠠᠷᠠᠳ᠎ᠤᠨ ᠵᠣᠭᠣᠰ ᠵᠶ᠋ᠠᠷ 50 ᠲᠦᠮᠡᠨ ᠲᠥᠭᠥᠷᠢᠭ᠎ᠠᠴᠠ ᠲ᠋ᠡᠭᠡᠭᠰᠢ᠂ ᠬᠣᠷᠰᠢᠭᠰᠠᠨ ᠠᠵᠤ ᠠᠬᠤᠢ᠌ᠯᠠᠯ᠎ᠤᠨ ᠭᠠᠷᠭ᠋ᠠᠭᠰᠠᠨ ᠪᠡᠯᠡ ᠵᠢᠨ ᠲᠣᠭ᠎ᠠ᠎ᠨᠢ ᠠᠷᠠᠳ᠎ᠤᠨ ᠵᠣᠭᠣᠰ ᠵᠶ᠋ᠠᠷ 30 ᠲᠦᠮᠡᠨ ᠲᠥᠭᠥᠷᠢᠭ᠎ᠠᠴᠠ ᠳᠡᠭᠡᠭᠰᠢ;
3. 3᠎ᠠᠴᠠ ᠳᠡᠭᠡᠭᠰᠢ ᠲᠤᠰᠬᠠᠢ ᠳᠠᠩᠰᠠᠯᠠᠭᠤᠯᠤᠭᠰᠠᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠨ᠎ᠡ ᠵᠢᠱ᠌ᠢᠭᠴᠢ ᠪᠣᠢ᠃
4. ᠲᠦᠷ ᠴᠠᠭ ᠲᠣᠭᠲᠠᠭ᠋ᠠᠭᠰᠠᠨ ᠬᠤᠭᠤᠴᠠᠭ᠋ᠠᠨ ᠳᠣᠲᠣᠷ᠎ᠠ ᠦᠨᠡᠯᠡᠨ ᠵᠢᠱ᠌ᠢᠬᠦ ᠬᠠᠷᠠᠯᠲᠠ ᠡᠳ᠋᠎ᠤᠨ ᠪᠠᠷᠢᠯᠭ᠎ᠠ ᠵᠢᠨ ᠲᠠᠯᠠᠪᠠᠢ ᠵᠢ 8 ᠲᠦᠮᠡᠨ ᠲᠡᠭᠰᠢ ᠳᠥᠷᠪᠡᠯᠵᠢᠨ ᠮᠧᠲᠷ᠎ᠠᠴᠠ ᠳᠡᠭᠡᠭᠰᠢ ᠪᠤᠶᠤ ᠭᠠᠵᠠᠷ ᠰᠢᠷᠣᠢ ᠵᠢᠨ ᠲᠠᠯᠠᠪᠠᠢ ᠵᠢ 3 ᠲᠦᠮᠡᠨ ᠲᠡᠭᠰᠢ ᠳᠥᠷᠪᠡᠯᠵᠢᠨ ᠮᠧᠲᠷ᠎ᠠᠴᠠ ᠳᠡᠭᠡᠭᠰᠢ ᠪᠡᠶᠡᠯᠡᠭᠦᠯᠬᠦ ᠬᠡᠷᠡᠭᠲᠡᠢ;
5. ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠪᠤᠶᠤ ᠭᠦᠢ᠍ᠴᠡᠳᠬᠡᠬᠦ ᠬᠣᠷᠰᠢᠭᠴᠢ ᠪᠣᠯ ᠳᠠᠩᠰᠠᠯᠠᠭᠤᠯᠤᠭᠰᠠᠨ᠎ᠤ ᠳᠠᠷᠠᠭ᠎ᠠ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠠᠵᠢᠯ᠎ᠢ 3 ᠵᠢᠯ᠎ᠠᠴᠠ ᠳᠡᠭᠡᠭᠰᠢ ᠬᠢᠭᠰᠡᠨ ᠳᠠᠩᠰᠠᠯᠠᠭᠤᠯᠤᠭᠰᠠᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠨ᠎ᠡ ᠵᠢᠱ᠌ᠢᠭᠴᠢ ᠪᠣᠯᠤᠨ᠎ᠠ;
6. ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠬᠤᠪᠢ ᠣᠷᠣᠭᠤᠯᠤᠭᠴᠢ ᠵᠢᠨ ᠳᠣᠲᠣᠷ᠎ᠠ 2᠎ᠠᠴᠠ ᠳᠡᠭᠡᠭᠰᠢ ᠂ ᠬᠣᠷᠰᠢᠭᠰᠠᠨ ᠠᠵᠤ ᠠᠬᠤᠢ᠌ᠯᠠᠯ᠎ᠤᠨ ᠬᠣᠷᠰᠢᠭᠴᠢ ᠵᠢᠨ ᠳᠣᠲᠣᠷ᠎ᠠ 2᠎ᠠᠴᠠ ᠳᠡᠭᠡᠭᠰᠢ ᠲᠤᠰᠬᠠᠢ ᠭᠡᠷ ᠪᠠᠢ᠌ᠰᠢᠩ ᠭᠠᠵᠠᠷ ᠬᠥᠷᠥᠩᠭᠡ ᠵᠢᠨ ᠦᠨ᠎ᠡ ᠵᠢᠱ᠌ᠢᠭᠴᠢ ᠵᠢᠨ ᠬᠤᠪᠢ ᠣᠷᠣᠭᠤᠯᠤᠭᠴᠢ ᠪᠤᠶᠤ ᠬᠣᠷᠰᠢᠭᠴᠢ ᠵᠢᠨ ᠳᠣᠲᠣᠷᠠᠬᠢ ᠬᠠᠭ᠋ᠠᠰ᠎ᠨᠢ ᠳᠠᠩᠰᠠᠯᠠᠭᠤᠯᠤᠭᠰᠠᠨ᠎ᠤ ᠳᠠᠷᠠᠭ᠎ᠠ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠠᠵᠢᠯ᠎ᠢ 3 ᠵᠢᠯ᠎ᠠᠴᠠ ᠳᠡᠭᠡᠭᠰᠢ ᠬᠢᠭᠰᠡᠨ ᠲᠤᠰᠬᠠᠢ ᠲᠤᠰᠢᠶᠠᠯ᠎ᠤᠨ ᠳᠠᠩᠰᠠᠯᠠᠭᠤᠯᠤᠭᠰᠠᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠨ᠎ᠡ ᠵᠢᠱ᠌ᠢᠭᠴᠢ;
7. ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠬᠤᠪᠢ ᠣᠷᠣᠭᠤᠯᠤᠯᠲᠠ ᠪᠤᠶᠤ ᠬᠣᠷᠰᠢᠭᠰᠠᠨ ᠠᠵᠤ ᠠᠬᠤᠢ᠌ᠯᠠᠯ᠎ᠤᠨ ᠪᠡᠯᠡ ᠭᠠᠷᠭ᠋ᠠᠭᠰᠠᠨ ᠲᠣᠭ᠎ᠠ ᠳᠣᠲᠣᠷᠠᠬᠢ ᠲᠤᠰᠬᠠᠢ ᠳᠠᠩᠰᠠᠯᠠᠭᠤᠯᠤᠭᠰᠠᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠨ᠎ᠡ ᠵᠢᠱ᠌ᠢᠭᠴᠢ ᠵᠢᠨ ᠬᠤᠪᠢ ᠣᠷᠣᠭᠤᠯᠤᠯᠲᠠ ᠪᠤᠶᠤ ᠪᠡᠯᠡ ᠭᠠᠷᠭ᠋ᠠᠭᠰᠠᠨ ᠲᠣᠭ᠎ᠠ᠎ᠨᠢ ᠨᠡᠢ᠌ᠲᠡ 60%᠎ᠠᠴᠠ ᠳᠣᠣᠷ᠎ᠠ ᠦᠭᠡᠢ;
8. ᠡᠵᠡᠩᠨᠡᠯᠲᠡ ᠦᠢ᠍ᠯᠡᠴᠢᠯᠡᠭᠡᠨ᠎ᠤ ᠲᠣᠭᠲᠠᠮᠠᠯ ᠭᠠᠵᠠᠷ᠎ᠲᠠᠢ;
9. ᠦᠨᠡᠯᠡᠨ ᠵᠢᠱ᠌ᠢᠬᠦ ᠵᠢᠨ ᠶᠠᠰᠤ ᠴᠢᠨᠠᠷ᠎ᠤᠨ ᠬᠠᠮᠢᠶᠠᠷᠤᠯᠲᠠ᠂ ᠦᠨᠡᠯᠡᠨ ᠵᠢᠱ᠌ᠢᠬᠦ ᠵᠢᠨ ᠳᠠᠩᠰᠠ ᠡᠪᠬᠡᠮᠡᠯ᠎ᠤᠨ ᠬᠠᠮᠢᠶᠠᠷᠤᠯᠲᠠ᠂ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠡᠷᠭᠡ ᠡᠯ᠎ᠡ ᠲᠥᠷᠥᠯ᠎ᠤᠨ ᠠᠵᠤ ᠠᠬᠤᠢ᠌ᠯᠠᠯ᠎ᠤᠨ ᠳᠣᠲᠣᠭ᠋ᠠᠳᠤ ᠵᠢᠨ ᠬᠠᠮᠢᠶᠠᠷᠤᠯᠲᠠ ᠵᠢᠨ ᠳᠦᠷᠢᠮ ᠲᠡᠭᠦᠯᠳᠡᠷ ᠪᠠᠢ᠌ᠬᠤ ᠬᠡᠷᠡᠭᠲᠡᠢ;
10. ᠲᠠᠰᠢᠷᠠᠮ ᠵᠶ᠋ᠠᠷ ᠰᠤᠭᠤᠴᠢᠨ ᠪᠠᠢ᠌ᠴᠠᠭ᠋ᠠᠭᠰᠠᠨ1 ᠬᠤᠪᠢ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠮᠡᠳᠡᠭᠦᠯᠦᠯᠲᠡ᠎ᠨᠢ 《ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠵᠢᠷᠤᠮᠵᠢᠯ》᠎ᠤᠨ ᠱᠠᠭ᠋ᠠᠷᠳᠠᠯᠭ᠎ᠠ᠎ᠳᠤ ᠨᠡᠢ᠌ᠴᠡᠨ᠎ᠡ;
11. ᠬᠢᠷᠢ ᠭᠡᠮ᠎ᠤᠨ ᠵᠡᠷᠭᠡ ᠳᠡᠰ᠎ᠢ ᠬᠢᠨᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠭᠰᠠᠨ ᠡᠳᠦᠷ᠎ᠠᠴᠠ ᠡᠮᠦᠨ᠎ᠡ 3 ᠵᠢᠯ᠎ᠤᠨ ᠳᠣᠲᠣᠷ᠎ᠠ ᠲᠤᠰ ᠠᠷᠭ᠎ᠠ ᠵᠢᠨ ᠭᠤᠴᠢᠨ ᠭᠤᠷᠪᠠᠳᠤᠭ᠋ᠠᠷ ᠵᠦᠢ᠍ᠯ᠎ᠳᠤ ᠴᠠᠭ᠋ᠠᠵᠠᠯᠠᠭᠰᠠᠨ ᠦᠢ᠍ᠯᠡ ᠠᠵᠢᠯᠯᠠᠭ᠎ᠠ ᠦᠭᠡᠢ᠃
ᠠᠷᠪᠠᠨ ᠨᠢᠭᠡᠳᠦᠭᠡᠷ ᠵᠣᠷᠪᠣᠰ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠬᠡᠮ᠎ᠤᠨ ᠵᠡᠷᠭᠡ ᠳᠡᠰ᠎ᠢ ᠬᠢᠨᠠᠨ ᠲᠣᠭᠲᠠᠭ᠋ᠠᠬᠤ᠎ᠪᠠᠷ ᠭᠤᠶᠤᠴᠢᠯᠠᠬᠤ᠎ᠳᠤ ᠬᠢᠷᠢ ᠬᠡᠮ᠎ᠤᠨ ᠵᠡᠷᠭᠡ ᠳᠡᠰ᠎ᠢ᠎ᠨᠢ ᠳᠣᠣᠷ᠎ᠠ ᠵᠢᠭᠰᠠᠭ᠋ᠠᠭᠰᠠᠨ ᠪᠢᠴᠢᠭ ᠮᠠᠲ᠋ᠧᠷᠢᠶᠠᠯ᠎ᠤᠳ᠎ᠢ ᠦᠨᠡᠨ ᠮᠥᠨ ᠵᠶ᠋ᠠᠷ᠎ᠨᠢ ᠲᠤᠰᠢᠶᠠᠬᠤ ᠬᠡᠷᠡᠭᠲᠡᠢ ᠄
(ᠨᠢᠭᠡ) ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠭᠡᠮ᠎ᠤᠨ ᠵᠡᠷᠭᠡ ᠳᠡᠰ᠎ᠤᠨ ᠭᠤᠶᠤᠴᠢᠯᠠᠯ᠎ᠤᠨ ᠬᠦᠰᠦᠨᠦᠭᠲᠦ (ᠨᠢᠭᠡ ᠬᠡᠯᠪᠡᠷᠢ ᠵᠢᠨ ᠬᠣᠶᠠᠷ ᠬᠤᠪᠢ᠂ ᠳᠡᠭᠡᠷ᠎ᠡ᠎ᠨᠢ ᠮᠡᠳᠡᠭᠦᠯᠬᠦ ᠪᠠᠢ᠌ᠭᠤᠯᠤᠮᠵᠢ ᠵᠢᠨ ᠠᠯᠪᠠᠨ ᠲᠠᠮᠠᠭ᠎ᠠ ᠳᠠᠷᠤᠨ᠎ᠠ);
(ᠬᠣᠶᠠᠷ) ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠭᠡᠮ᠎ᠤᠨ ᠦᠨᠡᠮᠯᠡᠯ᠎ᠤᠨ ᠵᠢᠩᠬᠢᠨᠢ ᠳᠡᠪᠲᠡᠷ᠎ᠤᠨ ᠳᠠᠷᠤᠮᠠᠯᠯᠠᠭᠰᠠᠨ ᠳᠡᠪᠲᠡᠷ ᠂ ᠬᠠᠭᠤᠯᠪᠤᠷᠢ ᠳᠡᠪᠲᠡᠷ᠎ᠤᠨ ᠤᠭ ᠳᠡᠪᠲᠡᠷ;
(ᠭᠤᠷᠪᠠ) ᠡᠵᠡᠩᠨᠡᠯᠲᠡ ᠵᠢᠨ ᠦᠨᠡᠮᠯᠡᠯ ᠵᠢᠩᠬᠢᠨᠢ᠂ ᠬᠠᠭᠤᠯᠪᠤᠷᠢ ᠳᠡᠪᠲᠡᠷ᠎ᠤᠨ ᠳᠠᠷᠤᠮᠠᠯᠯᠠᠭᠰᠠᠨ ᠳᠡᠪᠲᠡᠷ (ᠮᠡᠳᠡᠭᠦᠯᠬᠦ ᠪᠠᠢ᠌ᠭᠤᠯᠤᠮᠵᠢ ᠵᠢᠨ ᠠᠯᠪᠠᠨ ᠲᠠᠮᠠᠭ᠎ᠠ ᠳᠠᠷᠤᠨ᠎ᠠ);
(ᠳᠥᠷᠪᠡ) ᠪᠡᠯᠡ ᠭᠠᠷᠭ᠋ᠠᠭᠰᠠᠨ ᠦᠨᠡᠮᠯᠡᠯ᠎ᠤᠨ ᠲ᠋ᠠᠷᠤᠮᠠᠯᠯᠠᠭᠰᠠᠨ ᠳᠡᠪᠲᠡᠷ (ᠮᠡᠳᠡᠭᠦᠯᠬᠦ ᠪᠠᠢ᠌ᠭᠤᠯᠤᠮᠵᠢ ᠵᠢᠨ ᠠᠯᠪᠠᠨ ᠲᠠᠮᠠᠭ᠎ᠠ ᠳᠠᠷᠤᠨ᠎ᠠ);
(ᠲᠠᠪᠤ) ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠪᠤᠶᠤ ᠬᠣᠷᠰᠢᠭᠴᠢ᠎ᠳᠤ ᠲᠤᠰᠢᠶᠠᠯ ᠡᠭᠦᠷᠭᠡᠯᠡᠬᠦ ᠪᠢᠴᠢᠭ ᠮᠠᠲ᠋ᠧᠷᠢᠶᠠᠯ᠎ᠤᠨ ᠳᠠᠷᠤᠮᠠᠯᠯᠠᠭᠰᠠᠨ ᠳᠡᠪᠲᠡᠷ (ᠮᠡᠳᠡᠭᠦᠯᠬᠦ ᠪᠠᠢ᠌ᠭᠤᠯᠤᠮᠵᠢ ᠵᠢᠨ ᠠᠯᠪᠠᠨ ᠲᠠᠮᠠᠭ᠎ᠠ ᠳᠠᠷᠤᠨ᠎ᠠ);
(ᠵᠢᠷᠭᠤᠭ᠎ᠠ) ᠲᠤᠰᠬᠠᠢ ᠳᠠᠩᠰᠠᠯᠠᠭᠤᠯᠤᠭᠰᠠᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠨ᠎ᠡ ᠵᠢᠱ᠌ᠢᠭᠴᠢ ᠵᠢᠨ ᠭᠡᠷᠡᠴᠢ;
(ᠳᠤᠯᠤᠭ᠎ᠠ ) ᠦᠢ᠍ᠯᠡᠴᠢᠯᠡᠭᠡᠨ᠎ᠤ ᠲᠣᠭᠲᠠᠮᠠᠯ ᠭᠠᠵᠠᠷ᠎ᠤᠨ ᠭᠡᠷᠡᠴᠢ;
(ᠨᠠᠢ᠍ᠮᠠ) ᠠᠵᠤ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠳᠠᠩᠰᠠᠯᠠᠭᠤᠯᠤᠭᠰᠠᠨ ᠺᠤᠮᠫᠠᠨᠢ ᠵᠢᠨ ᠳᠦᠷᠢᠮ ᠪᠤᠶᠤ ᠬᠣᠷᠰᠢᠬᠤ ᠬᠡᠯᠡᠯᠴᠡᠭᠡᠷ᠎ᠤᠨ ᠳᠠᠷᠤᠮᠠᠯᠯᠠᠭᠰᠠᠨ ᠳᠡᠪᠲᠡᠷ (ᠮᠡᠳᠡᠭᠦᠯᠬᠦ ᠪᠠᠢ᠌ᠭᠤᠯᠤᠮᠵᠢ ᠵᠢᠨ ᠠᠯᠪᠠᠨ ᠲᠠᠮᠠᠭ᠎ᠠ ᠳᠠᠷᠤᠨ᠎ᠠ)ᠦᠨᠡᠯᠡᠨ ᠵᠢᠱ᠌ᠢᠬᠦ ᠵᠢᠨ ᠶᠠᠰᠤ ᠴᠢᠨᠠᠷ᠎ᠤᠨ ᠬᠠᠮᠢᠶᠠᠷᠤᠯᠲᠠ᠂ ᠦᠨᠡᠯᠡᠨ ᠵᠢᠱ᠌ᠢᠬᠦ ᠵᠢᠨ ᠳᠠᠩᠰᠠ ᠡᠪᠬᠡᠮᠡᠯ᠎ᠤᠨ ᠬᠠᠮᠢᠶᠠᠷᠤᠯᠲᠠ᠂ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠡᠷᠭᠡ ᠠᠵᠤ ᠠᠬᠤᠢ᠌ᠯᠠᠯ᠎ᠤᠨ ᠳᠣᠲᠣᠭ᠋ᠠᠳᠤ ᠵᠢᠨ ᠬᠠᠮᠢᠶᠠᠷᠤᠯᠲᠠ ᠵᠢᠨ ᠳᠦᠷᠢᠮ᠎ᠤᠨ ᠪᠢᠴᠢᠭ ᠮᠠᠲ᠋ᠧᠷᠢᠶᠠᠯ᠂ ᠮᠡᠳᠡᠭᠦᠯᠬᠦ ᠪᠠᠢ᠌ᠭᠤᠯᠤᠮᠵᠢ ᠵᠢᠨ ᠢᠲᠡᠭᠡᠮᠵᠢ ᠵᠢᠨ ᠳᠠᠩᠰᠠ ᠡᠪᠬᠡᠮᠡᠯ᠎ᠤᠨ ᠮᠡᠳᠡᠭᠡ ᠵᠠᠩᠭᠢ ᠵᠢ ᠪᠠᠭᠲᠠᠭ᠋ᠠᠨ᠎ᠠ;
(ᠶᠢᠰᠦ) ᠲᠠᠰᠢᠷᠠᠮ ᠵᠶ᠋ᠠᠷ ᠰᠤᠭᠤᠴᠢᠨ ᠪᠠᠢ᠌ᠴᠠᠭ᠋ᠠᠭᠰᠠᠨ ᠬᠢᠷᠢ ᠭᠡᠮ᠎ᠤᠨ ᠳᠡᠰ᠎ᠢ᠎ᠨᠢ ᠬᠢᠨᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠭᠰᠠᠨ ᠡᠳᠦᠷ᠎ᠠᠴᠠ ᠡᠮᠦᠨ᠎ᠡ 3 ᠵᠢᠯ᠎ᠤᠨ ᠳᠣᠲᠣᠷ᠎ᠠ ᠮᠡᠳᠡᠭᠦᠯᠦᠭᠰᠡᠨ ᠪᠠᠢ᠌ᠭᠤᠯᠤᠮᠵᠢ ᠵᠢᠨ ᠪᠡᠶᠡᠯᠡᠭᠦᠯᠦᠭᠰᠡᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠮᠡᠳᠡᠭᠦᠯᠦᠯᠲᠡ ᠵᠢᠨ ᠬᠠᠭᠤᠯᠪᠤᠷᠢ (ᠨᠢᠭᠡ ᠬᠡᠯᠪᠡᠷᠢ ᠵᠢᠨ ᠬᠣᠶᠠᠷ ᠬᠤᠪᠢ ᠂ ᠳᠡᠭᠡᠷ᠎ᠡ ᠮᠡᠳᠡᠭᠦᠯᠬᠦ ᠪᠠᠢ᠌ᠭᠤᠯᠤᠮᠵᠢ ᠵᠢᠨ ᠠᠯᠪᠠᠨ ᠲᠠᠮᠠᠭ᠎ᠠ ᠳᠠᠷᠤᠬᠤ ᠬᠡᠷᠡᠭᠲᠡᠢ);
ᠭᠤᠶᠤᠴᠢᠯᠠᠭᠴᠢ᠎ᠠᠴᠠ ᠲᠤᠰᠢᠶᠠᠭᠰᠠᠨ ᠭᠤᠶᠤᠴᠢᠯᠠᠬᠤ ᠮᠠᠲ᠋ᠧᠷᠢᠶᠠᠯ᠎ᠤᠨ ᠮᠥᠨ ᠴᠢᠨᠠᠷ᠎ᠤᠨ ᠠᠭᠤᠯᠭ᠎ᠠ ᠵᠢᠨ ᠦᠨᠡᠨ ᠪᠣᠳᠠᠲᠤ ᠴᠢᠨᠠᠷ᠎ᠲᠤ ᠬᠠᠷᠢᠭᠤᠴᠠᠬᠤ ᠬᠡᠷᠡᠭᠲᠡᠢ᠃
ᠠᠷᠪᠠᠨ ᠬᠣᠶᠠᠳᠤᠭ᠋ᠠᠷ ᠵᠣᠷᠪᠣᠰ ᠰᠢᠨ᠎ᠡ᠎ᠪᠠᠷ ᠪᠠᠢ᠌ᠭᠤᠯᠤᠭᠰᠠᠨ ᠵᠠᠭᠤᠴᠢ ᠦᠢ᠍ᠯᠡᠴᠢᠯᠡᠭᠡᠨ᠎ᠤ ᠪᠠᠢ᠌ᠭᠤᠯᠤᠮᠵᠢ᠎ᠠᠴᠠ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠭᠡᠮ᠎ᠢ ᠭᠤᠶᠤᠴᠢᠯᠠᠬᠤ᠎ᠳᠤ ᠠᠷᠪᠠᠨ ᠨᠢᠭᠡᠳᠦᠭᠡᠷ ᠵᠤᠷᠪᠤᠰ᠎ᠤᠨ ᠨᠢᠭᠡᠳᠦᠭᠡᠷ᠂ ᠭᠤᠷᠪᠠᠳᠤᠭ᠋ᠠᠷ᠎ᠠᠴᠠ ᠨᠠᠢ᠍ᠮᠠᠳᠤᠭ᠋ᠠᠷ ᠵᠦᠢ᠍ᠯ᠎ᠤᠨ ᠪᠢᠴᠢᠭ ᠮᠠᠲ᠋ᠧᠷᠢᠶᠠᠯ᠎ᠢ ᠬᠠᠩᠭ᠋ᠠᠬᠤ ᠬᠡᠷᠡᠭᠲᠡᠢ᠃
ᠰᠢᠨ᠎ᠡ᠎ᠪᠠᠷ ᠪᠠᠢ᠌ᠭᠤᠯᠤᠭᠰᠠᠨ ᠵᠠᠭᠤᠴᠢ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠬᠡᠮ᠎ᠤᠨ ᠵᠡᠷᠭᠡ ᠳᠡᠰ᠎ᠢ ᠭᠤᠷᠪᠠᠳᠤᠭ᠋ᠠᠷ ᠳᠡᠰ ᠤᠨ ᠬᠢᠷᠢ ᠬᠡᠮ ᠵᠶ᠋ᠠᠷ ᠬᠢᠨᠠᠨ ᠲᠣᠭᠲᠠᠭ᠋ᠠᠵᠤ᠂1 ᠵᠢᠯ ᠲᠦᠷ ᠴᠠᠭ ᠲᠣᠭᠲᠠᠭ᠋ᠠᠭᠰᠠᠨ ᠬᠤᠭᠤᠴᠠᠭ᠎ᠠ᠎ᠲᠠᠢ᠃
ᠠᠷᠪᠠᠨ ᠭᠤᠷᠪᠠᠳᠤᠭ᠋ᠠᠷ ᠵᠣᠷᠪᠣᠰ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠭᠡᠮ᠎ᠢ ᠬᠢᠨᠠᠨ ᠵᠥᠪᠰᠢᠶᠡᠷᠡᠬᠦ ᠶᠠᠪᠤᠴᠠ᠎ᠳᠠᠬᠢ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠮᠡᠳᠡᠭᠦᠯᠦᠯᠲᠡ ᠵᠢ ᠰᠤᠭᠤᠴᠢᠨ ᠪᠠᠢ᠌ᠴᠠᠭ᠋ᠠᠯᠲᠠ ᠵᠢᠨ ᠪᠦᠬᠦ ᠤᠯᠤᠰ᠎ᠤᠨ ᠪᠠᠷᠢᠮᠵᠢᠶ᠎ᠠ ᠵᠢ ᠬᠡᠷᠡᠭᠵᠢᠭᠦᠯᠦᠨ᠎ᠡ᠃
ᠠᠷᠪᠠᠨ ᠳᠥᠷᠪᠡᠳᠦᠭᠡᠷ ᠵᠣᠷᠪᠣᠰ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ᠎ᠠᠴᠠ ᠬᠢᠷᠢ ᠭᠡᠮ᠎ᠢ ᠬᠢᠨᠠᠨ ᠲᠣᠭᠲᠠᠭ᠋ᠠᠬᠤ᠎ᠪᠠᠷ ᠭᠤᠶᠤᠴᠢᠯᠠᠬᠤ᠎ᠳᠤ ᠲᠣᠭᠣᠷᠢᠭ ᠪᠠᠢ᠌ᠭᠤᠯᠤᠭᠰᠠᠨ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠭᠡᠷ ᠪᠠᠢ᠌ᠰᠢᠩ ᠭᠠᠵᠠᠷ ᠬᠥᠷᠥᠩᠭᠡ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠭᠤᠶᠤᠴᠢᠯᠠᠯ ᠵᠶ᠋ᠠᠨ ᠳᠤᠷᠠᠳᠬᠤ ᠵᠢᠨ ᠬᠠᠮᠲᠤ ᠲᠤᠰ ᠠᠷᠭ᠎ᠠ ᠵᠢᠨ ᠠᠷᠪᠠᠨ ᠨᠢᠭᠡᠳᠦᠭᠡᠷ ᠵᠣᠷᠪᠣᠰ᠎ᠲᠤ ᠲᠣᠭᠲᠠᠭ᠋ᠠᠭᠰᠠᠨ ᠮᠠᠲ᠋ᠧᠷᠢᠶᠠᠯ ᠵᠶ᠋ᠠᠨ ᠲᠤᠰᠢᠶᠠᠬᠤ ᠬᠡᠷᠡᠭᠲᠡᠢ᠃
ᠲᠣᠭᠣᠷᠢᠭ᠎ᠲᠠᠢ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠭᠡᠷ ᠪᠠᠢ᠌ᠰᠢᠩ ᠭᠠᠵᠠᠷ ᠬᠥᠷᠥᠩᠭᠡ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠭᠤᠶᠤᠴᠢᠯᠠᠯ᠎ᠢ ᠬᠦᠯᠢᠶᠡᠨ ᠠᠪᠤᠭᠰᠠᠨ ᠡᠳᠦᠷ᠎ᠠᠴᠠ ᠡᠬᠢᠯᠡᠨ 20 ᠡᠳᠦᠷ᠎ᠤᠨ ᠳᠣᠲᠣᠷ᠎ᠠ ᠬᠢᠨᠠᠨ ᠪᠠᠢ᠌ᠴᠠᠭ᠋ᠠᠵᠤ ᠳᠠᠭᠤᠰᠬᠠᠬᠤ ᠵᠢᠨ ᠬᠠᠮᠲᠤ ᠠᠩᠬ᠎ᠠ ᠬᠢᠨᠠᠭᠰᠠᠨ ᠰᠠᠨᠠᠯ ᠪᠣᠯᠤᠨ ᠪᠦᠬᠦ ᠭᠤᠶᠤᠴᠢᠯᠠᠯ᠎ᠤᠨ ᠮᠠᠲ᠋ᠧᠷᠢᠶᠠᠯ ᠵᠶ᠋ᠠᠨ ᠮᠣᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠭᠡᠷ ᠪᠠᠢ᠌ᠰᠢᠩ ᠭᠠᠵᠠᠷ ᠬᠥᠷᠥᠩᠭᠡ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠢ᠃
ᠮᠤᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠭᠡᠷ ᠪᠠᠢ᠌ᠰᠢᠩ ᠭᠠᠵᠠᠷ ᠬᠥᠷᠥᠩᠭᠡ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠭᠤᠶᠤᠴᠢᠯᠠᠬᠤ ᠮᠠᠲ᠋ᠧᠷᠢᠶᠠᠯ᠎ᠢ ᠬᠦᠯᠢᠶᠡᠨ ᠠᠪᠤᠭᠰᠠᠨ ᠡᠳᠦᠷ᠎ᠠᠴᠠ ᠡᠬᠢᠯᠡᠨ 20 ᠡᠳᠦᠷ᠎ᠤᠨ ᠳᠣᠲᠣᠷ᠎ᠠ ᠰᠢᠢ᠍ᠳᠪᠦᠷᠢ ᠭᠠᠷᠭ᠋ᠠᠬᠤ ᠬᠡᠷᠡᠭᠲᠡᠢ᠃
ᠮᠤᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠭᠡᠷ ᠪᠠᠢ᠌ᠰᠢᠩ ᠭᠠᠵᠠᠷ ᠬᠥᠷᠥᠩᠭᠡ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠢᠷᠢ ᠬᠡᠮ᠎ᠤᠨ ᠵᠥᠪᠰᠢᠶᠡᠷᠡᠬᠦ ᠰᠢᠢ᠍ᠳᠪᠦᠷᠢ ᠭᠠᠷᠭ᠋ᠠᠭᠰᠠᠨ ᠡᠳᠦᠷ᠎ᠠᠴᠠ ᠡᠬᠢᠯᠡᠨ 10 ᠡᠳᠦᠷ᠎ᠤᠨ ᠳᠣᠲᠣᠷ᠎ᠠ᠂ ᠬᠢᠷᠢ ᠬᠡᠮ᠎ᠤᠨ ᠵᠥᠪᠰᠢᠶᠡᠷᠡᠯ ᠣᠯᠭᠣᠬᠤ ᠵᠢ ᠵᠥᠪᠰᠢᠶᠡᠷᠡᠭᠰᠡᠨ ᠰᠢᠢ᠍ᠳᠪᠦᠷᠢ᠎ᠪᠠᠨ ᠲᠥᠷᠥ ᠵᠢᠨ ᠶᠠᠪᠤᠳᠠᠯ᠎ᠤᠨ ᠬᠣᠷᠢᠶᠠᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃
ᠠᠷᠪᠠᠨ ᠲᠠᠪᠤᠳᠤᠭ᠋ᠠᠷ ᠵᠣᠷᠪᠣᠰ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠬᠡᠮ᠎ᠤᠨ ᠦᠨᠡᠮᠯᠡᠯ᠎ᠢ ᠵᠢᠩᠬᠢᠨᠢ ᠳᠡᠪᠲᠡᠷ ᠪᠠ ᠬᠠᠭᠤᠯᠪᠤᠷᠢ ᠳᠡᠪᠲᠡᠷ ᠭᠡᠵᠦ ᠬᠤᠪᠢᠶᠠᠨ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠨᠢᠭᠡᠳᠦᠯᠲᠡᠢ ᠳᠠᠷᠤᠮᠠᠯᠯᠠᠨ ᠦᠢ᠍ᠯᠡᠳᠦᠭᠰᠡᠨ᠎ᠨᠢ ᠠᠳᠠᠯᠢ ᠲᠡᠭᠰᠢ ᠬᠠᠤᠯᠢ ᠵᠢᠨ ᠬᠦᠴᠦᠨ᠎ᠲᠠᠢ᠃
ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠬᠡᠮ᠎ᠤᠨ ᠦᠨᠡᠮᠯᠡᠯ ᠵᠶ᠋ᠠᠨ ᠭᠡᠭᠡᠭᠰᠡᠨ ᠪᠠᠢ᠌ᠪᠠᠯ᠂ ᠣᠯᠠᠨ ᠨᠡᠢ᠌ᠲᠡ ᠵᠢᠨ ᠵᠠᠭᠤᠴᠢᠯᠠᠭᠤᠷ ᠳᠡᠭᠡᠷ᠎ᠡ ᠬᠦᠴᠦᠨ ᠦᠭᠡᠢ ᠪᠣᠯᠭ᠋ᠠᠬᠤ᠎ᠪᠠᠷ ᠢᠯᠡᠷᠬᠡᠢ᠍ᠯᠡᠭᠰᠡᠨᠤ ᠳᠠᠷᠠᠭ᠎ᠠ ᠨᠥᠬᠥᠨ ᠭᠦᠢ᠍ᠴᠡᠳᠬᠡᠭᠦᠯᠬᠦ᠎ᠪᠠᠷ ᠭᠤᠶᠤᠴᠢᠯᠠᠬᠤ ᠬᠡᠷᠡᠭᠲᠡᠢ᠃
ᠠᠷᠪᠠᠨ ᠵᠢᠷᠭᠤᠳᠤᠭ᠋ᠠᠷ ᠵᠣᠷᠪᠣᠰ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠭᠡᠮ᠎ᠤᠨ ᠬᠦᠴᠦᠨ᠎ᠲᠠᠢ ᠬᠤᠭᠤᠴᠠᠭ᠎ᠠ᠎ᠨᠢ 3 ᠵᠢᠯ ᠪᠣᠯᠤᠨ᠎ᠠ᠃
ᠬᠢᠷᠢ ᠭᠡᠮ᠎ᠤᠨ ᠬᠦᠴᠦᠨ᠎ᠲᠠᠢ ᠬᠤᠭᠤᠴᠠᠭ᠎ᠠ᠎ᠨᠢ ᠳᠠᠭᠤᠰᠴᠤ᠂ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ᠎ᠨᠢ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠠᠵᠢᠯᠯᠠᠭ᠎ᠠ ᠵᠢ ᠦᠷᠭᠦᠯᠵᠢᠯᠡᠨ ᠬᠢᠬᠦ ᠴᠢᠬᠤᠯᠠᠲᠠᠢ ᠪᠠᠢ᠌ᠪᠠᠯ᠂ ᠬᠢᠷᠢ ᠬᠡᠮ᠎ᠤᠨ ᠬᠦᠴᠦᠨ᠎ᠲᠠᠢ ᠬᠤᠭᠤᠴᠠᠭ᠎ᠠ᠎ᠨᠢ ᠳᠠᠭᠤᠰᠬᠤ᠎ᠠᠴᠠ 30 ᠡᠳᠦᠷ᠎ᠤᠨ ᠡᠮᠦᠨ᠎ᠡ ᠬᠢᠷᠢ ᠬᠡᠮ᠎ᠢ ᠵᠥᠪᠰᠢᠶᠡᠷᠡᠭᠰᠡᠨ ᠪᠠᠢ᠌ᠭᠤᠯᠤᠯᠭ᠎ᠠ᠎ᠳᠤ ᠬᠢᠷᠢ ᠬᠡᠮ᠎ᠤᠨ ᠦᠷᠭᠦᠯᠵᠢᠯᠡᠭᠦᠯᠬᠦ ᠭᠤᠶᠤᠴᠢᠯᠠᠯ᠎ᠢ ᠳᠤᠷᠠᠳᠬᠤ ᠬᠡᠷᠡᠭᠲᠡᠢ᠃ ᠬᠢᠷᠢ ᠬᠡᠮ᠎ᠤᠨ ᠵᠥᠪᠰᠢᠶᠡᠷᠡᠯ᠎ᠢ ᠣᠯᠭᠣᠬᠤ ᠪᠠᠢ᠌ᠭᠤᠯᠤᠯᠭ᠎ᠠ᠎ᠨᠢ ᠭᠤᠶᠤᠴᠢᠯᠠᠯ᠎ᠢ ᠦᠨᠳᠦᠰᠦᠯᠡᠨ ᠦᠷᠭᠦᠯᠵᠢᠯᠡᠭᠦᠯᠬᠦ ᠵᠢ ᠵᠥᠪᠰᠢᠶᠡᠷᠡᠬᠦ ᠡᠰᠡᠬᠦ ᠲᠤᠬᠠᠢ ᠰᠢᠢ᠍ᠳᠪᠦᠷᠢ ᠭᠠᠷᠭ᠋ᠠᠬᠤ ᠬᠡᠷᠡᠭᠲᠡᠢ᠃ ᠵᠥᠪᠰᠢᠶᠡᠷᠡᠭᠰᠡᠨ ᠪᠣᠯ ᠬᠦᠴᠦᠨ᠎ᠲᠠᠢ ᠬᠤᠭᠤᠴᠠᠭ᠎ᠠ ᠵᠢ᠎ᠨᠢ 3 ᠵᠢᠯ ᠦᠷᠭᠦᠯᠵᠢᠯᠡᠭᠦᠯᠦᠨ᠎ᠡ᠃
ᠬᠢᠷᠢ ᠬᠡᠮ᠎ᠤᠨ ᠬᠦᠴᠦᠨ᠎ᠲᠠᠢ ᠬᠤᠭᠤᠴᠠᠭ᠋ᠠᠨ᠎ᠳᠤ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠂ ᠮᠡᠷᠭᠡᠵᠢᠯ᠎ᠤᠨ ᠪᠠᠷᠢᠮᠵᠢᠶ᠎ᠠ ᠪᠣᠯᠤᠨ ᠡᠷᠬᠢᠯᠡᠭᠰᠡᠨ ᠠᠵᠢᠯ᠎ᠤᠨ ᠶᠣᠰᠣ ᠮᠣᠷᠠᠯ᠎ᠢ ᠵᠢᠷᠤᠮᠯᠠᠬᠤ ᠬᠡᠷᠡᠭᠲᠡᠢ᠃ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ᠎ᠨᠢ ᠤᠤᠯ᠎ᠤᠨ ᠬᠢᠷᠢ ᠭᠡᠮ᠎ᠢ ᠵᠥᠪᠰᠢᠶᠡᠷᠡᠭᠰᠡᠨ ᠪᠠᠢ᠌ᠭᠤᠯᠤᠯᠭ᠎ᠠ᠎ᠪᠠᠷ ᠵᠥᠪᠰᠢᠶᠡᠷᠡᠭᠦᠯᠦᠭᠡᠳ᠂ ᠳᠠᠬᠢᠨ ᠬᠢᠨᠠᠨ ᠪᠠᠢ᠌ᠴᠠᠭ᠋ᠠᠬᠤ ᠦᠭᠡᠢ᠂ ᠬᠦᠴᠦᠨ᠎ᠲᠠᠢ ᠬᠤᠭᠤᠴᠠᠭ᠎ᠠ ᠵᠢ᠎ᠨᠢ 3 ᠵᠢᠯ ᠦᠷᠭᠦᠯᠵᠢᠯᠡᠭᠦᠯᠦᠨ᠎ᠡ᠃
ᠠᠷᠪᠠᠨ ᠳᠣᠯᠣᠳᠤᠭ᠋ᠠᠷ ᠵᠣᠷᠪᠣᠰ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠨᠡᠷᠡᠢ᠌ᠳᠦᠯ᠂ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠪᠤᠶᠤ ᠭᠦᠢ᠍ᠴᠡᠳᠬᠡᠬᠦ ᠬᠣᠷᠰᠢᠭᠴᠢ᠂ ᠳᠠᠩᠰᠠᠯᠠᠭᠤᠯᠤᠭᠰᠠᠨ ᠬᠥᠷᠥᠩᠭᠡ ᠪᠤᠶᠤ ᠪᠡᠯᠡ ᠭᠠᠷᠭ᠋ᠠᠭᠰᠠᠨ ᠲᠣᠭ᠎ᠠ᠂ ᠵᠣᠬᠢᠶᠠᠨ ᠪᠠᠢ᠌ᠭᠤᠯᠤᠯᠲᠠ ᠵᠢᠨ ᠬᠡᠯᠪᠡᠷᠢ᠂ ᠣᠷᠣᠨ ᠰᠠᠭᠤᠴᠠ ᠵᠡᠷᠭᠡ ᠵᠦᠢ᠍ᠯᠡᠰ᠎ᠲᠤ ᠬᠤᠪᠢᠷᠠᠯᠲᠠ ᠭᠠᠷᠪᠠᠯ᠂ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠬᠤᠪᠢᠷᠠᠭᠤᠯᠬᠤ ᠭᠠᠷ ᠭᠦᠢ᠍ᠴᠡᠳᠬᠡᠯ ᠬᠢᠭᠰᠡᠨ᠎ᠤ ᠳᠠᠷᠠᠭ᠎ᠠ 30 ᠡᠳᠦᠷ᠎ᠤᠨ ᠳᠣᠲᠣᠷ᠎ᠠ ᠬᠢᠷᠢ ᠬᠡᠮ᠎ᠤᠨ ᠵᠥᠪᠰᠢᠶᠡᠷᠡᠯ᠎ᠤᠨ ᠪᠠᠢ᠌ᠭᠤᠯᠤᠯᠭ᠎ᠠ᠎ᠳᠤ ᠣᠴᠢᠵᠤ ᠬᠢᠷᠢ ᠬᠡᠮ᠎ᠤᠨ ᠦᠨᠡᠮᠯᠡᠯ ᠵᠶ᠋ᠠᠨ ᠬᠤᠪᠢᠷᠠᠭᠤᠯᠬᠤ ᠭᠠᠷ ᠭᠦᠢ᠍ᠴᠡᠳᠬᠡᠯ ᠬᠢᠬᠦ ᠬᠡᠷᠡᠭᠲᠡᠢ᠃
ᠠᠷᠪᠠᠨ ᠨᠠᠢ᠍ᠮᠠᠳᠤᠭ᠋ᠠᠷ ᠵᠣᠷᠪᠣᠰ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢ ᠨᠡᠢ᠌ᠯᠡᠭᠦᠯᠬᠦ᠎ᠳᠤ᠂ ᠨᠡᠢ᠌ᠯᠡᠭᠰᠡᠨ ᠪᠤᠶᠤ ᠰᠢᠨ᠎ᠡ᠎ᠪᠠᠷ ᠪᠠᠢ᠌ᠭᠤᠯᠤᠭᠰᠠᠨ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ᠎ᠨᠢ ᠡᠭᠦᠨ᠎ᠠᠴᠠ ᠡᠮᠦᠨᠡᠬᠢ ᠡᠯ᠎ᠡ ᠲᠠᠯ᠎ᠠ ᠵᠢᠨ ᠳᠣᠲᠣᠷᠠᠬᠢ ᠬᠢᠷᠢ ᠬᠡᠮ᠎ᠤᠨ ᠨᠡᠯᠢᠶᠡᠳ ᠥᠨᠳᠥᠷ ᠵᠡᠷᠭᠡ ᠳᠡᠰ᠎ᠢ ᠵᠠᠯᠭ᠋ᠠᠮᠵᠢᠯᠠᠨ ᠠᠪᠴᠤ ᠪᠣᠯᠤᠨ᠎ᠠ᠂ ᠭᠡᠪᠡᠴᠦ ᠵᠣᠬᠢᠴᠠᠩᠭᠤᠢ ᠬᠢᠷᠢ ᠬᠡᠮ᠎ᠤᠨ ᠵᠡᠷᠭᠡ ᠳᠡᠰ᠎ᠤᠨ ᠨᠥᠬᠥᠴᠡᠯ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠃
ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ ᠵᠢ ᠰᠠᠯᠭ᠋ᠠᠭᠰᠠᠨ᠎ᠤ ᠳᠠᠷᠠᠭ᠎ᠠ᠂ ᠨᠢᠭᠡ ᠡᠲᠡᠭᠡᠳ᠎ᠤᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ᠎ᠠᠴᠠ ᠤᠤᠯ᠎ᠤᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠭᠡᠮ᠎ᠢ ᠵᠠᠯᠭ᠋ᠠᠮᠵᠢᠯᠠᠵᠤ ᠪᠣᠯᠤᠨ᠎ᠠ᠂ ᠭᠡᠪᠡᠴᠦ ᠤᠤᠯ᠎ᠤᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠬᠡᠮ᠎ᠤᠨ ᠵᠡᠷᠭᠡ ᠳᠡᠰ᠎ᠤᠨ ᠨᠥᠬᠥᠴᠡᠯ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠃ ᠤᠤᠯ᠎ᠤᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠭᠡᠮ᠎ᠢ ᠵᠠᠯᠭ᠋ᠠᠮᠵᠢᠯᠠᠬᠤ ᠵᠢ ᠡᠯ᠎ᠡ ᠲᠠᠯ᠎ᠠ ᠵᠢᠨ᠎ᠬᠢᠨ ᠵᠥᠪᠯᠡᠨ ᠲᠣᠭᠲᠠᠭ᠋ᠠᠨ᠎ᠠ᠃ ᠪᠤᠰᠤᠳ ᠡᠯ᠎ᠡ ᠲᠠᠯ᠎ᠠ ᠵᠢᠨ᠎ᠬᠢᠨ᠎ᠨᠢ ᠰᠢᠨ᠎ᠡ᠎ᠪᠠᠷ ᠪᠠᠢ᠌ᠭᠤᠯᠤᠭᠰᠠᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠶᠣᠰᠣᠭ᠋ᠠᠷ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠭᠡᠮ᠎ᠢ ᠭᠤᠶᠤᠴᠢᠯᠠᠬᠤ ᠬᠡᠷᠡᠭᠲᠡᠢ᠃
ᠠᠷᠪᠠ ᠶᠢᠰᠦᠳᠦᠭᠡᠷ ᠵᠣᠷᠪᠣᠰ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠪᠦᠷᠢᠳᠬᠡᠯ᠎ᠢ᠎ᠨᠢ ᠬᠠᠰᠤᠪᠠᠯ᠂ ᠦᠨᠡᠮᠯᠡᠯ᠎ᠨᠢ ᠴᠦ᠍ ᠬᠦᠴᠦᠨ ᠦᠭᠡᠢ ᠪᠣᠯᠣᠨ᠎ᠠ᠃
ᠭᠤᠷᠪᠠᠳᠤᠭ᠋ᠠᠷ ᠪᠦᠯᠦᠭ ᠰᠠᠯᠪᠤᠷᠢ ᠪᠠᠢ᠌ᠭᠤᠯᠤᠮᠵᠢ ᠵᠢ ᠪᠠᠢ᠌ᠭᠤᠯᠬᠤ
ᠬᠣᠷᠢᠳᠤᠭ᠋ᠠᠷ ᠵᠣᠷᠪᠣᠰ ᠨᠢᠭᠡᠳᠦᠭᠡᠷ ᠳᠡᠰ᠎ᠤᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ᠎ᠨᠢ ᠲᠤᠰ ᠠᠷᠭ᠎ᠠ ᠵᠢᠨ ᠬᠣᠷᠢᠨ ᠨᠢᠭᠡᠳᠦᠭᠡᠷ ᠵᠣᠷᠪᠣᠰ᠎ᠤᠨ ᠲᠣᠭᠲᠠᠭ᠋ᠠᠯ ᠶᠣᠰᠣᠭ᠋ᠠᠷ ᠰᠠᠯᠪᠤᠷᠢ ᠪᠠᠢ᠌ᠭᠤᠯᠤᠮᠵᠢ ᠪᠠᠢ᠌ᠭᠤᠯᠵᠤ ᠪᠣᠯᠤᠨ᠎ᠠ᠃ ᠬᠣᠶᠠᠳᠤᠭ᠋ᠠᠷ᠂ ᠭᠤᠷᠪᠠᠳᠤᠭ᠋ᠠᠷ ᠳᠡᠰ᠎ᠤᠨ ᠬᠢᠷᠢ ᠭᠡᠮ᠎ᠲᠠᠢ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ᠎ᠨᠢ ᠰᠠᠯᠪᠤᠷᠢ ᠪᠠᠢ᠌ᠭᠤᠯᠤᠮᠵᠢ ᠪᠠᠢ᠌ᠭᠤᠯᠵᠤ ᠪᠣᠯᠬᠤ ᠥᠬᠡᠢ᠃
ᠰᠠᠯᠪᠤᠷᠢ ᠪᠠᠢ᠌ᠭᠤᠯᠤᠮᠵᠢ᠎ᠨᠢ ᠲᠤᠰ ᠰᠠᠯᠪᠤᠷᠢ ᠪᠠᠢ᠌ᠭᠤᠯᠤᠮᠵᠢ ᠵᠢ ᠪᠠᠢ᠌ᠭᠤᠯᠤᠭᠰᠠᠨ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠨᠡᠷ᠎ᠡ᠎ᠪᠠᠷ ᠦᠨᠡᠯᠡᠨ ᠵᠢᠱ᠌ᠢᠬᠦ ᠮᠡᠳᠡᠭᠦᠯᠦᠯᠲᠡ ᠭᠠᠷᠭ᠋ᠠᠬᠤ ᠵᠢᠨ ᠬᠠᠮᠲᠤ ᠲᠤᠰ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠠᠯᠪᠠᠨ ᠲᠠᠮᠠᠭ᠎ᠠ ᠵᠢ ᠳᠠᠷᠤᠬᠤ ᠬᠡᠷᠡᠭᠲᠡᠢ᠃
ᠬᠣᠷᠢᠨ ᠨᠢᠭᠡᠳᠦᠭᠡᠷ ᠵᠣᠷᠪᠣᠰ ᠰᠠᠯᠪᠤᠷᠢ ᠪᠠᠢ᠌ᠭᠤᠯᠤᠮᠵᠢ᠎ᠨᠢ ᠳᠣᠣᠷ᠎ᠠ ᠵᠢᠭᠰᠠᠭ᠋ᠠᠭᠰᠠᠨ ᠨᠥᠬᠥᠴᠡᠯ᠎ᠤᠳ᠎ᠢ ᠪᠦᠷᠢᠯᠳᠦᠭᠦᠯᠬᠦ ᠬᠡᠷᠡᠭᠲᠡᠢ᠃
(ᠨᠢᠭᠡ) ᠨᠡᠷᠡᠢ᠌ᠳᠦᠯ᠎ᠨᠢ 《ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠨᠡᠷᠡᠢ᠌ᠳᠦᠯ + ᠰᠠᠯᠪᠤᠷᠢ ᠪᠠᠢ᠌ᠭᠤᠯᠤᠮᠵᠢ ᠵᠢᠨ ᠪᠠᠢ᠌ᠭ᠎ᠠ ᠭᠠᠵᠠᠷ᠎ᠤᠨ ᠵᠠᠰᠠᠭ ᠵᠠᠬᠢᠷᠭ᠋ᠠᠨ᠎ᠤ ᠨᠡᠷ᠎ᠡ + ᠬᠤᠪᠢᠶᠠᠷᠢ ᠺᠣᠮᠫᠠᠨᠢ (ᠰᠠᠯᠪᠤᠷᠢ ᠭᠠᠵᠠᠷ)》;
(ᠬᠤᠶᠠᠷ) ᠰᠠᠯᠪᠤᠷᠢ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ᠎ᠨᠢ ᠳᠠᠩᠰᠠᠯᠠᠭᠤᠯᠤᠭᠰᠠᠨ᠎ᠤ ᠳᠠᠷᠠᠭ᠎ᠠ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠠᠵᠢᠯ᠎ᠢ 3 ᠵᠢᠯ᠎ᠠᠴᠠ ᠳᠡᠭᠡᠭᠰᠢ ᠬᠢᠭᠰᠡᠨ᠎ᠤ ᠬᠠᠮᠲᠤ ᠮᠠᠭᠤ ᠠᠵᠢᠯ ᠡᠷᠬᠢᠯᠡᠭᠰᠡᠨ ᠲᠡᠮᠳᠡᠭᠯᠡᠯ ᠦᠭᠡᠢ ᠲᠤᠰᠬᠠᠢ ᠳᠠᠩᠰᠠᠯᠠᠭᠤᠯᠤᠭᠰᠠᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠨ᠎ᠡ ᠵᠢᠱ᠌ᠢᠭᠴᠢ ᠪᠠᠢ᠌ᠬᠤ ᠬᠡᠷᠡᠭᠲᠡᠢ;
(ᠭᠤᠷᠪᠠ) ᠰᠠᠯᠪᠤᠷᠢ ᠪᠠᠢ᠌ᠭᠤᠯᠤᠮᠵᠢ ᠵᠢᠨ ᠪᠠᠢ᠌ᠭ᠎ᠠ ᠭᠠᠵᠠᠷ᠎ᠲᠤ 3᠎ᠠᠴᠠ ᠳᠡᠭᠡᠭᠰᠢ ᠲᠤᠰᠬᠠᠢ ᠳᠠᠩᠰᠠᠯᠠᠭᠤᠯᠤᠭᠰᠠᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠨ᠎ᠡ ᠵᠢᠱ᠌ᠢᠭᠴᠢ ᠪᠠᠢ᠌ᠬᠤ ᠬᠡᠷᠡᠭᠲᠡᠢ;
(ᠳᠥᠷᠪᠡ ) ᠲᠣᠭᠲᠠᠮᠠᠯ ᠡᠵᠡᠩᠨᠡᠯᠲᠡ ᠵᠢᠨ ᠦᠢ᠍ᠯᠡᠴᠢᠯᠡᠭᠡᠨ᠎ᠤ ᠭᠠᠵᠠᠷ;
(ᠲᠠᠪᠤ ) ᠦᠨᠡᠯᠡᠨ ᠵᠢᠱ᠌ᠢᠬᠦ ᠵᠢᠨ ᠶᠠᠰᠤ ᠴᠢᠨᠠᠷ᠎ᠤᠨ ᠬᠠᠮᠢᠶᠠᠷᠤᠯᠲᠠ᠂ ᠦᠨᠡᠯᠡᠨ ᠵᠢᠱ᠌ᠢᠬᠦ ᠵᠢᠨ ᠳᠠᠩᠰᠠ ᠡᠪᠬᠡᠮᠡᠯ᠎ᠤᠨ ᠬᠠᠮᠢᠶᠠᠷᠤᠯᠲᠠ᠂ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠡᠷᠭᠡ ᠡᠯ᠎ᠡ ᠲᠥᠷᠥᠯ᠎ᠤᠨ ᠠᠵᠤ ᠠᠬᠤᠢ᠌ᠯᠠᠯ᠎ᠤᠨ ᠳᠣᠲᠣᠭ᠋ᠠᠳᠤ ᠵᠢᠨ ᠬᠠᠮᠢᠶᠠᠷᠤᠯᠲᠠ ᠵᠢᠨ ᠳᠦᠷᠢᠮ ᠲᠡᠭᠦᠯᠳᠡᠷ ᠪᠠᠢ᠌ᠬᠤ ᠬᠡᠷᠡᠭᠲᠡᠢ᠃
ᠰᠠᠯᠪᠤᠷᠢ ᠪᠠᠢ᠌ᠭᠤᠯᠤᠮᠵᠢ᠎ᠳᠤ ᠳᠠᠩᠰᠠᠯᠠᠭᠤᠯᠤᠭᠰᠠᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠨ᠎ᠡ ᠵᠢᠱ᠌ᠢᠭᠴᠢ ᠵᠢ ᠰᠠᠯᠪᠤᠷᠢ ᠪᠠᠢ᠌ᠭᠤᠯᠤᠮᠵᠢ ᠪᠠᠢ᠌ᠭᠤᠯᠤᠭᠰᠠᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠳᠠᠩᠰᠠᠯᠠᠭᠤᠯᠤᠭᠰᠠᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠨ᠎ᠡ ᠵᠢᠱ᠌ᠢᠭᠴᠢ ᠵᠢ ᠲᠤᠰᠬᠠᠢ ᠬᠥᠮᠦᠨ᠎ᠤ ᠲᠣᠭ᠎ᠠ᠎ᠳᠤ ᠪᠣᠳᠣᠵᠤ ᠣᠷᠣᠭᠤᠯᠬᠤ ᠦᠭᠡᠢ᠃
ᠬᠣᠷᠢᠨ ᠬᠣᠶᠠᠳᠤᠭ᠋ᠠᠷ ᠵᠣᠷᠪᠣᠰ ᠰᠢᠨ᠎ᠡ᠎ᠪᠠᠷ ᠪᠠᠢ᠌ᠭᠤᠯᠤᠭᠰᠠᠨ ᠰᠠᠯᠪᠤᠷᠢ ᠪᠠᠢ᠌ᠭᠤᠯᠤᠮᠵᠢ᠎ᠨᠢ ᠰᠠᠯᠪᠤᠷᠢ ᠪᠠᠢ᠌ᠭᠤᠯᠤᠮᠵᠢ ᠵᠢᠨ ᠡᠵᠡᠩᠨᠡᠯᠲᠡ ᠵᠢᠨ ᠦᠨᠡᠮᠯᠡᠯ᠎ᠢ ᠣᠯᠤᠭᠰᠠᠨ ᠡᠳᠦᠷ᠎ᠠᠴᠠ ᠡᠬᠢᠯᠡᠨ 30 ᠡᠳᠦᠷ᠎ᠤᠨ ᠳᠣᠲᠣᠷ᠎ᠠ᠂ ᠰᠠᠯᠪᠤᠷᠢ ᠪᠠᠢ᠌ᠭᠤᠯᠤᠮᠵᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠳᠠᠩᠰᠠᠯᠠᠭᠤᠯᠤᠭᠰᠠᠨ ᠪᠠᠢ᠌ᠭ᠎ᠠ ᠭᠠᠵᠠᠷ᠎ᠤᠨ ᠮᠤᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠭᠡᠷ ᠪᠠᠢ᠌ᠰᠢᠩ ᠭᠠᠵᠠᠷ ᠬᠥᠷᠥᠩᠭᠡ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠬᠦᠷᠴᠦ ᠳᠠᠩᠰᠠᠯᠠᠭᠤᠯᠬᠤ ᠬᠡᠷᠡᠭᠲᠡᠢ᠃
ᠮᠤᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠭᠡᠷ ᠪᠠᠢ᠌ᠰᠢᠩ ᠭᠠᠵᠠᠷ ᠬᠥᠷᠥᠩᠭᠡ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠳᠠᠩᠰᠠᠯᠠᠬᠤ ᠵᠢ ᠬᠦᠯᠢᠶᠡᠨ ᠠᠪᠤᠭᠰᠠᠨ᠎ᠤ ᠳᠠᠷᠠᠭ᠎ᠠ 10 ᠡᠳᠦᠷ᠎ᠤᠨ ᠳᠣᠲᠣᠷ᠎ᠠ᠂ ᠰᠠᠯᠪᠤᠷᠢ ᠪᠠᠢ᠌ᠭᠤᠯᠤᠮᠵᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠳᠡᠩᠰᠡᠯᠡᠯᠲᠡ ᠬᠢᠭᠰᠡᠨ ᠭᠠᠵᠠᠷ᠎ᠤᠨ ᠬᠣᠲᠠ᠂ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠡᠷ ᠪᠠᠢ᠌ᠰᠢᠩ ᠭᠠᠵᠠᠷ ᠬᠥᠷᠥᠩᠭᠡ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠳᠡᠬᠦ ᠵᠢᠨ ᠬᠠᠮᠲᠤ ᠲᠥᠷᠥ ᠵᠢᠨ ᠶᠠᠪᠤᠳᠠᠯ᠎ᠤᠨ ᠬᠣᠷᠢᠶᠠᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃
ᠬᠣᠷᠢᠨ ᠭᠤᠷᠪᠠᠳᠤᠭ᠋ᠠᠷ ᠵᠣᠷᠪᠣᠰ ᠰᠠᠯᠪᠤᠷᠢ ᠪᠠᠢ᠌ᠭᠤᠯᠤᠮᠵᠢ᠎ᠨᠤᠭᠤᠳ ᠳᠠᠩᠰᠠᠯᠠᠭᠤᠯᠬᠤ᠎ᠳᠤ ᠳᠣᠣᠷ᠎ᠠ ᠵᠢᠭᠰᠠᠭ᠋ᠠᠭᠰᠠᠨ ᠮᠠᠲ᠋ᠧᠷᠢᠶᠠᠯ᠎ᠤᠳ᠎ᠢ ᠲᠤᠰᠢᠶᠠᠬᠤ ᠬᠡᠷᠡᠭᠲᠡᠢ᠄
(ᠨᠢᠭᠡ ) ᠰᠠᠯᠪᠤᠷᠢ ᠪᠠᠢ᠌ᠭᠤᠯᠤᠮᠵᠢ ᠵᠢᠨ ᠡᠵᠡᠩᠨᠡᠯᠲᠡ ᠵᠢᠨ ᠦᠨᠡᠮᠯᠡᠯ᠎ᠤᠨ ᠳᠠᠷᠤᠮᠠᠯᠯᠠᠭᠰᠠᠨ ᠳᠡᠪᠲᠡᠷ;
(ᠬᠣᠶᠠᠷ) ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠭᠡᠮ᠎ᠤᠨ ᠦᠨᠡᠮᠯᠡᠯ᠎ᠤᠨ ᠵᠢᠩᠬᠢᠨᠢ ᠳᠡᠪᠲᠡᠷ᠎ᠤᠨ ᠳᠠᠷᠤᠮᠠᠯᠯᠠᠭᠰᠠᠨ ᠳᠡᠪᠲᠡᠷ;
(ᠭᠤᠷᠪᠠ) ᠰᠠᠯᠪᠤᠷᠢ ᠪᠠᠢ᠌ᠭᠤᠯᠤᠮᠵᠢ ᠪᠣᠯᠤᠨ ᠲᠤᠰ ᠰᠠᠯᠪᠤᠷᠢ ᠪᠠᠢ᠌ᠭᠤᠯᠤᠮᠵᠢ ᠵᠢ ᠪᠠᠢ᠌ᠭᠤᠯᠤᠭᠰᠠᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ᠎ᠤ ᠪᠡᠶ᠎ᠡ ᠵᠢᠨ ᠭᠡᠷᠡᠴᠢ;
(ᠳᠥᠷᠪᠡ) ᠰᠠᠯᠪᠤᠷᠢ ᠪᠠᠢ᠌ᠭᠤᠯᠤᠮᠵᠢ᠎ᠳᠤ ᠠᠵᠢᠯ ᠡᠷᠬᠢᠯᠡᠬᠦ᠎ᠪᠠᠷ ᠲᠥᠯᠥᠪᠯᠡᠵᠦ ᠪᠠᠢ᠌ᠭ᠎ᠠ ᠲᠤᠰᠬᠠᠢ ᠳᠠᠩᠰᠠᠯᠠᠭᠤᠯᠤᠭᠰᠠᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠨ᠎ᠡ ᠵᠢᠱ᠌ᠢᠭᠴᠢ ᠵᠢᠨ ᠳᠠᠩᠰᠠᠯᠠᠭᠤᠯᠤᠭᠰᠠᠨ ᠦᠨᠡᠮᠯᠡᠯ᠎ᠤᠨ ᠲ᠋ᠠᠷᠤᠮᠠᠯᠯᠠᠭᠰᠠᠨ ᠳᠡᠪᠲᠡᠷ;
ᠬᠣᠷᠢᠨ ᠳᠥᠷᠪᠡᠳᠦᠭᠡᠷ ᠵᠣᠷᠪᠣᠰ ᠰᠠᠯᠪᠤᠷᠢ ᠪᠠᠢ᠌ᠭᠤᠯᠤᠮᠵᠢ᠎ᠠᠴᠠ ᠨᠡᠷᠡᠢ᠌ᠳᠦᠯ᠂ ᠬᠠᠷᠢᠭᠤᠴᠠᠯᠭ᠋ᠠᠲᠠᠨ᠂ ᠣᠷᠣᠨ ᠰᠠᠭᠤᠴᠠ ᠵᠡᠷᠭᠡ ᠵᠦᠢ᠍ᠯ ᠪᠤᠶᠤ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ᠎ᠠᠴᠠ ᠰᠠᠯᠪᠤᠷᠢ ᠪᠠᠢ᠌ᠭᠤᠯᠤᠮᠵᠢ ᠵᠢ ᠬᠠᠰᠤᠬᠤ᠎ᠳᠤ᠂ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠤᠪᠢᠷᠠᠭᠤᠯᠬᠤ ᠪᠤᠶᠤ ᠳᠠᠩᠰᠠᠯᠠᠭᠤᠯᠬᠤ ᠭᠠᠷᠳᠠᠮ᠎ᠢ ᠭᠦᠢ᠍ᠴᠡᠳᠬᠡᠭᠰᠡᠨ᠎ᠤ ᠳᠠᠷᠠᠭ᠎ᠠ 30 ᠡᠳᠦᠷ᠎ᠤᠨ ᠳᠣᠲᠣᠷ᠎ᠠ ᠤᠤᠯ᠎ᠤᠨ ᠳᠠᠩᠰᠠᠯᠠᠭᠤᠯᠤᠭᠰᠠᠨ ᠪᠠᠢ᠌ᠭᠤᠯᠤᠯᠭ᠎ᠠ᠎ᠳᠠᠭᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃
ᠳᠥᠷᠪᠡᠳᠦᠭᠡᠷ ᠪᠦᠯᠦᠭ ᠦᠨᠡᠯᠡᠨ ᠵᠢᠱ᠌ᠢᠬᠦ ᠬᠠᠮᠢᠶᠠᠷᠤᠯᠲᠠ
ᠬᠣᠷᠢᠨ ᠲᠠᠪᠤᠳᠤᠭ᠋ᠠᠷ ᠵᠣᠷᠪᠣᠰ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠠᠵᠢᠯᠯᠠᠭ᠎ᠠ ᠬᠢᠬᠦ ᠪᠠᠢ᠌ᠭᠤᠯᠤᠮᠵᠢ᠎ᠠᠴᠠ᠂ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠭᠡᠮ᠎ᠢ ᠬᠠᠤᠯᠢ ᠶᠣᠰᠣᠭ᠋ᠠᠷ ᠣᠯᠬᠤ ᠬᠡᠷᠡᠭᠲᠡᠢ ᠪᠥᠭᠡᠳ ᠬᠢᠷᠢ ᠬᠡᠮ᠎ᠤᠨ ᠵᠡᠷᠭᠡ ᠳᠡᠰ᠎ᠤᠨ ᠵᠥᠪᠰᠢᠶᠡᠷᠡᠯ᠎ᠤᠨ ᠬᠡᠪᠴᠢᠶᠡᠨ ᠳᠣᠲᠣᠷ᠎ᠠ ᠦᠨᠡᠯᠡᠨ ᠵᠢᠱ᠌ᠢᠬᠦ ᠲᠤᠬᠠᠢ᠌ᠯᠠᠭᠰᠠᠨ ᠠᠵᠢᠯ ᠬᠢᠬᠦ ᠬᠡᠷᠡᠭᠲᠡᠢ᠃
ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠨᠢᠭᠡᠳᠦᠭᠡᠷ ᠳᠡᠰ᠎ᠤᠨ ᠪᠠᠢ᠌ᠭᠤᠯᠤᠮᠵᠢ᠎ᠨᠢ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠡᠯ᠎ᠡ ᠲᠥᠷᠥᠯ᠎ᠤᠨ ᠲᠤᠬᠠᠢ᠌ᠯᠠᠭᠰᠠᠨ ᠠᠵᠢᠯ᠎ᠢ ᠡᠷᠬᠢᠯᠡᠵᠦ ᠪᠣᠯᠤᠨ᠎ᠠ᠃
ᠬᠣᠶᠠᠳᠤᠭ᠋ᠠᠷ ᠳᠡᠰ᠎ᠤᠨ ᠬᠢᠷᠢ ᠭᠡᠮ᠎ᠲᠠᠢ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ᠎ᠨᠢ ᠺᠣᠮᠫᠠᠨᠢ ᠵᠢᠨ ᠵᠠᠬ᠎ᠠ ᠳᠡᠯᠭᠡᠭᠦᠷ᠎ᠲᠤ ᠭᠠᠷᠬᠤ᠂ ᠠᠵᠤ ᠠᠬᠤᠢ᠌ᠯᠠᠯ᠎ᠤᠨ ᠢᠯᠭ᠋ᠠᠷᠠᠭᠤᠯᠤᠨ ᠪᠣᠳᠣᠬᠤ᠎ᠠᠴᠠ ᠭᠠᠳᠠᠨᠠᠬᠢ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠲᠤᠬᠠᠢ᠌ᠯᠠᠭᠰᠠᠨ ᠠᠵᠢᠯ᠎ᠢ ᠡᠷᠬᠢᠯᠡᠵᠦ ᠪᠣᠯᠤᠨ᠎ᠠ᠃
ᠭᠤᠷᠪᠠᠳᠤᠭ᠋ᠠᠷ ᠳᠡᠰ᠎ᠤᠨ ᠬᠢᠷᠢ ᠭᠡᠮ᠎ᠲᠠᠢ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ᠎ᠨᠢ ᠺᠣᠮᠫᠠᠨᠢ ᠵᠢᠨ ᠵᠠᠬ᠎ᠠ ᠳᠡᠯᠭᠡᠭᠦᠷ᠎ᠲᠤ ᠭᠠᠷᠬᠤ᠂ ᠠᠵᠤ ᠠᠬᠤᠢ᠌ᠯᠠᠯ᠎ᠤᠨ ᠢᠯᠭ᠋ᠠᠷᠠᠭᠤᠯᠤᠨ ᠪᠣᠳᠣᠬᠤ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯ᠎ᠠᠴᠠ ᠭᠠᠳᠠᠨᠠᠬᠢ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠲᠤᠬᠠᠢ᠌ᠯᠠᠭᠰᠠᠨ ᠠᠵᠢᠯ᠎ᠢ ᠡᠷᠬᠢᠯᠡᠵᠦ ᠪᠣᠯᠤᠨ᠎ᠠ᠃
ᠲᠦᠷ ᠲᠣᠭᠲᠠᠭ᠋ᠠᠭᠰᠠᠨ ᠬᠤᠭᠤᠴᠠᠭ᠋ᠠᠨ᠎ᠤ ᠳᠣᠲᠣᠷᠠᠬᠢ ᠭᠤᠷᠪᠠᠳᠤᠭ᠋ᠠᠷ ᠳᠡᠰ᠎ᠤᠨ ᠬᠢᠷᠢ ᠭᠡᠮ᠎ᠲᠠᠢ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ᠎ᠨᠢ ᠺᠣᠮᠫᠠᠨᠢ ᠵᠢᠨ ᠵᠠᠬ᠎ᠠ ᠳᠡᠯᠭᠡᠭᠦᠷ᠎ᠲᠤ ᠭᠠᠷᠬᠤ᠂ ᠠᠵᠤ ᠠᠬᠤᠢ᠌ᠯᠠᠯ᠎ᠤᠨ ᠢᠯᠭ᠋ᠠᠷᠠᠭᠤᠯᠤᠨ ᠪᠣᠳᠣᠬᠤ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ᠂ ᠭᠡᠷ ᠪᠠᠢ᠌ᠰᠢᠩ ᠲᠠᠲᠠᠪᠤᠷᠢᠯᠠᠬᠤ᠂ ᠪᠦᠲᠦᠭᠡᠨ ᠪᠠᠢ᠌ᠭᠤᠯᠵᠤ ᠪᠠᠢ᠌ᠭ᠎ᠠ ᠪᠠᠷᠢᠯᠭ᠎ᠠ ᠵᠢᠨ ᠪᠠᠷᠢᠴᠠᠭ᠋ᠠᠯᠠᠬᠤ᠎ᠠᠴᠠ ᠭᠠᠳᠠᠨᠠᠬᠢ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠲᠤᠬᠠᠢ᠌ᠯᠠᠭᠰᠠᠨ ᠠᠵᠢᠯ᠎ᠢ ᠡᠷᠬᠢᠯᠡᠵᠦ ᠪᠣᠯᠤᠨ᠎ᠠ᠃
ᠬᠣᠷᠢᠨ ᠵᠢᠷᠭᠤᠳᠤᠭ᠋ᠠᠷ ᠵᠣᠷᠪᠣᠰ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠲᠤᠬᠠᠢ᠌ᠯᠠᠭᠰᠠᠨ ᠠᠵᠢᠯ᠎ᠢ ᠬᠢᠬᠦ᠎ᠳᠤ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ᠎ᠠᠴᠠ ᠨᠠᠢ᠌ᠳᠠᠯᠭ᠎ᠠ ᠵᠢ ᠨᠢᠭᠡᠳᠦᠯᠲᠡᠢ ᠬᠦᠯᠢᠶᠡᠨ ᠠᠪᠴᠤ᠂ ᠨᠢᠭᠡᠳᠦᠯᠲᠡᠢ ᠰᠦᠢ᠍ᠳᠬᠡᠯ ᠬᠤᠷᠢᠶᠠᠬᠤ ᠬᠡᠷᠡᠭᠲᠡᠢ᠃
ᠭᠡᠷ ᠪᠠᠢ᠌ᠰᠢᠩ ᠭᠠᠵᠠᠷ ᠬᠥᠷᠥᠩᠭᠡ ᠵᠢᠨ ᠦᠨ᠎ᠡ ᠵᠢᠱ᠌ᠢᠭᠴᠢ᠎ᠠᠴᠠ ᠬᠤᠪᠢ ᠬᠥᠮᠦᠨ᠎ᠤ ᠨᠡᠷ᠎ᠡ᠎ᠪᠠᠷ ᠦᠨᠡᠯᠡᠨ ᠵᠢᠱ᠌ᠢᠬᠦ ᠲᠤᠬᠠᠢ᠌ᠯᠠᠭᠰᠠᠨ ᠠᠵᠢᠯ᠎ᠢ ᠡᠷᠬᠢᠯᠡᠵᠦ ᠪᠤᠯᠠᠬᠤ ᠦᠭᠡᠢ᠃ ᠰᠠᠯᠪᠤᠷᠢ ᠪᠠᠢ᠌ᠭᠤᠯᠤᠮᠵᠢ ᠲᠤᠰ ᠰᠠᠯᠪᠤᠷᠢ ᠪᠠᠢ᠌ᠭᠤᠯᠤᠮᠵᠢ ᠵᠢ ᠪᠠᠢ᠌ᠭᠤᠯᠤᠭᠰᠠᠨ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠨᠡᠷ᠎ᠡ᠎ᠪᠠᠷ ᠦᠨᠡᠯᠡᠨ ᠵᠢᠱ᠌ᠢᠬᠦ ᠲᠤᠬᠠᠢ᠌ᠯᠠᠭᠰᠠᠨ ᠠᠵᠢᠯ᠎ᠢ ᠳᠠᠭ᠋ᠠᠭ᠋ᠠᠨ ᠠᠪᠬᠤ ᠬᠡᠷᠡᠭᠲᠡᠢ᠃
ᠬᠣᠷᠢᠨ ᠳᠣᠯᠣᠳᠤᠭ᠋ᠠᠷ ᠵᠣᠷᠪᠣᠰ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠴᠢ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠲᠤᠬᠠᠢ᠌ᠯᠠᠭᠰᠠᠨ ᠠᠵᠢᠯ᠎ᠢ ᠡᠷᠬᠢᠯᠡᠵᠦ ᠪᠠᠢ᠌ᠭ᠎ᠠ ᠣᠢ᠍ᠨ᠎ᠠ ᠵᠢᠱ᠌ᠢᠬᠦ ᠠᠵᠢᠯᠲᠠᠨ᠎ᠨᠢ ᠨᠠᠢ᠌ᠳᠠᠭᠴᠢ ᠪᠤᠶᠤ ᠦᠨᠡᠯᠡᠨ ᠵᠢᠱ᠌ᠢᠬᠦ ᠲᠤᠬᠠᠢ᠌ᠯᠠᠭᠰᠠᠨ ᠠᠵᠢᠯ᠎ᠤᠨ ᠬᠠᠷᠢᠴᠠᠩᠭᠤᠢ ᠬᠥᠮᠦᠨ᠎ᠲᠠᠢ ᠠᠰᠢᠭ ᠬᠣᠣᠷ᠎ᠤᠨ ᠬᠠᠷᠢᠴᠠᠭ᠎ᠠ᠎ᠲᠠᠢ ᠪᠠᠢ᠌ᠪᠠᠯ ᠵᠠᠢ᠌ᠯᠠᠬᠤ ᠬᠡᠷᠡᠭᠲᠡᠢ᠃
ᠬᠣᠷᠢᠨ ᠨᠠᠢ᠍ᠮᠠᠳᠤᠭ᠋ᠠᠷ ᠵᠣᠷᠪᠣᠰ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ᠎ᠠᠴᠠ ᠭ᠋ᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠲᠤᠬᠠᠢ᠌ᠯᠠᠭᠰᠠᠨ ᠠᠵᠢᠯ᠎ᠢ ᠳᠠᠭ᠋ᠠᠭ᠋ᠠᠨ ᠠᠪᠬᠤ᠎ᠳᠤ ᠨᠠᠢ᠌ᠳᠠᠭᠴᠢ᠎ᠲᠠᠢ ᠪᠢᠴᠢᠭ ᠵᠶ᠋ᠠᠷ ᠦᠨ᠎ᠡ ᠵᠢᠰᠢᠬᠦ ᠨᠠᠢ᠌ᠳᠠᠯᠭ᠎ᠠ ᠵᠢᠨ ᠭᠡᠷ᠎ᠡ ᠲᠣᠭᠲᠠᠭ᠋ᠠᠬᠤ ᠬᠡᠷᠡᠭᠲᠡᠢ᠃
ᠦᠨᠡᠯᠡᠨ ᠵᠢᠱ᠌ᠢᠬᠦ ᠨᠠᠢ᠌ᠳᠠᠯᠭ᠎ᠠ ᠵᠢᠨ ᠭᠡᠷ᠎ᠡ᠎ᠳᠤ ᠳᠣᠣᠷ᠎ᠠ ᠵᠢᠭᠰᠠᠭ᠋ᠠᠭᠰᠠᠨ ᠠᠭᠤᠯᠭ᠎ᠠ ᠵᠢ ᠪᠠᠭᠲᠠᠭ᠋ᠠᠬᠤ ᠬᠡᠷᠡᠭᠲᠡᠢ᠄
(ᠨᠢᠭᠡ) ᠨᠠᠢ᠌ᠳᠠᠭᠴᠢ ᠵᠢᠨ ᠨᠡᠷᠡᠢ᠌ᠳᠦᠯ ᠪᠤᠶᠤ ᠣᠪᠣᠭ ᠨᠡᠷ᠎ᠡ ᠪᠣᠯᠤᠨ ᠣᠷᠣᠨ ᠰᠠᠭᠤᠴᠠ;
(ᠬᠤᠶᠠᠷ) ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠨᠡᠷᠡᠢ᠌ᠳᠦᠯ ᠪᠠ ᠣᠷᠣᠨ ᠰᠠᠭᠤᠴᠠ;
(ᠭᠤᠷᠪᠠ) ᠦᠨᠡᠯᠡᠨ ᠵᠢᠱ᠌ᠢᠬᠦ ᠡᠲᠡᠭᠡᠳ;
(ᠳᠥᠷᠪᠡ) ᠦᠨᠡᠯᠡᠨ ᠵᠢᠱ᠌ᠢᠬᠦ ᠬᠠᠷᠠᠯᠲᠠ;
(ᠲᠠᠪᠤ) ᠥᠷᠲᠡᠭ᠎ᠤᠨ ᠲᠣᠭᠲᠠᠭᠰᠠᠨ ᠴᠠᠭ;
(ᠵᠢᠷᠭᠤᠭ᠎ᠠ) ᠨᠠᠢ᠌ᠳᠠᠭᠴᠢ ᠵᠢᠨ ᠬᠠᠪᠰᠤᠷᠬᠤ ᠡᠭᠦᠷᠭᠡ;
(ᠳᠤᠯᠤᠭ᠎ᠠ) ᠦᠨᠡᠯᠡᠨ ᠵᠢᠱ᠌ᠢᠬᠦ ᠦᠢ᠍ᠯᠡᠴᠢᠯᠡᠭᠡᠨ᠎ᠤ ᠰᠦᠢ᠍ᠳᠬᠡᠯ ᠵᠢᠴᠢ ᠲᠡᠭᠦᠨ᠎ᠢ ᠲᠤᠰᠢᠶᠠᠬᠤ ᠠᠷᠭ᠎ᠠ ᠮᠠᠶ᠋ᠢᠭ;
(ᠨᠠᠢ᠍ᠮᠠ) ᠦᠨᠡᠯᠡᠨ ᠵᠢᠱ᠌ᠢᠬᠦ ᠮᠡᠳᠡᠭᠦᠯᠦᠯᠲᠡ ᠵᠢᠨ ᠲᠤᠰᠢᠶᠠᠨ ᠦᠭᠭᠦᠭᠰᠡᠨ ᠡᠳᠦᠷ ᠬᠤᠭᠤᠴᠠᠭ᠎ᠠ ᠪᠠ ᠠᠷᠭ᠎ᠠ ᠮᠠᠶ᠋ᠢᠭ;
(ᠶᠢᠰᠦ ) ᠭᠡᠷ᠎ᠡ᠎ᠠᠴᠠ ᠵᠥᠷᠢᠴᠡᠭᠰᠡᠨ ᠬᠠᠷᠢᠭᠤᠴᠠᠯᠭ᠎ᠠ;
(ᠠᠷᠪᠠ) ᠮᠠᠷᠭᠤᠭ᠋ᠠᠨ᠎ᠢ ᠰᠢᠢ᠍ᠳᠪᠦᠷᠢᠯᠡᠬᠦ ᠠᠷᠭ᠎ᠠ᠃
ᠬᠣᠷᠢ ᠶᠢᠰᠦᠳᠦᠭᠡᠷ ᠵᠣᠷᠪᠣᠰ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ᠎ᠠᠴᠠ ᠨᠠᠢ᠌ᠳᠠᠭᠴᠢ ᠵᠢᠨ ᠪᠢᠴᠢᠭ᠎ᠤᠨ ᠵᠥᠪᠰᠢᠶᠡᠷᠡᠯ᠎ᠢ ᠣᠯᠤᠭᠰᠠᠨ ᠦᠭᠡᠢ᠎ᠪᠠᠷ ᠨᠠᠢ᠌ᠳᠠᠯᠭ᠎ᠠ ᠬᠦᠯᠢᠶᠡᠭᠰᠡᠨ ᠦᠨᠡᠯᠡᠯᠲᠡ ᠵᠢᠨ ᠲᠤᠬᠠᠢ᠌ᠯᠠᠭᠰᠠᠨ ᠠᠵᠢᠯ ᠵᠶ᠋ᠠᠨ ᠰᠢᠯᠵᠢᠭᠦᠯᠦᠨ ᠥᠭᠴᠦ ᠪᠣᠯᠬᠤ ᠦᠭᠡᠢ᠃
ᠨᠠᠢ᠌ᠳᠠᠭᠴᠢ ᠵᠢᠨ ᠪᠢᠴᠢᠭ᠎ᠤᠨ ᠵᠥᠪᠰᠢᠶᠡᠷᠡᠯ᠎ᠢ ᠣᠯᠤᠭᠰᠠᠨ᠎ᠤ ᠳᠠᠷᠠᠭ᠎ᠠ᠂ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ᠎ᠠᠴᠠ ᠪᠤᠰᠤᠳ ᠪᠠᠢ᠌ᠭᠤᠯᠤᠮᠵᠢ᠎ᠲᠠᠢ ᠬᠠᠮᠲᠤᠷᠠᠨ ᠦᠨᠡᠯᠡᠨ ᠵᠢᠱ᠌ᠢᠬᠦ ᠲᠤᠬᠠᠢ᠌ᠯᠠᠭᠰᠠᠨ ᠠᠵᠢᠯ᠎ᠢ ᠡᠷᠬᠢᠯᠡᠵᠦ ᠪᠣᠯᠤᠨ᠎ᠠ᠃ ᠬᠠᠮᠲᠤᠷᠠᠨ ᠠᠵᠢᠯᠯᠠᠬᠤ ᠬᠣᠶᠠᠷ ᠲᠠᠯ᠎ᠠ ᠵᠢᠨ ᠨᠡᠷ᠎ᠡ᠎ᠪᠠᠷ ᠬᠠᠮᠲᠤ᠎ᠪᠠᠷ ᠦᠨᠡᠯᠡᠨ ᠵᠢᠱ᠌ᠢᠬᠦ ᠮᠡᠳᠡᠭᠦᠯᠦᠯᠲᠡ ᠵᠢ ᠭᠠᠷᠭ᠋ᠠᠨ᠎ᠠ᠃
ᠭᠤᠴᠢᠳᠤᠭ᠋ᠠᠷ ᠵᠣᠷᠪᠣᠰ ᠨᠠᠢ᠌ᠳᠠᠭᠴᠢ ᠵᠢᠴᠢ ᠬᠣᠯᠪᠣᠭᠳᠠᠯ ᠪᠦᠬᠦᠢ ᠲᠤᠬᠠᠢ ᠵᠢᠨ ᠬᠥᠮᠦᠨ᠎ᠨᠢ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ ᠵᠢ ᠬᠠᠪᠰᠤᠷᠴᠤ ᠪᠣᠳᠠᠲᠠᠢ ᠭᠠᠵᠠᠷ᠎ᠲᠤᠨᠢ ᠪᠠᠢ᠌ᠴᠠᠭ᠋ᠠᠨ ᠰᠢᠨᠵᠢᠬᠦ ᠠᠵᠢᠯ᠎ᠢ ᠬᠢᠬᠦ ᠬᠡᠷᠡᠭᠲᠡᠢ ᠪᠥᠭᠡᠳ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ᠎ᠳᠤ ᠦᠨᠡᠯᠡᠨ ᠵᠢᠱ᠌ᠢᠬᠦ᠎ᠳᠤ ᠡᠷᠬᠡᠪᠰᠢ ᠱᠠᠭ᠋ᠠᠷᠳᠠᠭᠳᠠᠬᠤ ᠮᠠᠲ᠋ᠧᠷᠢᠶᠠᠯ᠎ᠢ ᠦᠨᠡᠨ ᠪᠣᠳᠠᠲᠠᠢ᠎ᠪᠠᠷ ᠬᠠᠩᠭ᠋ᠠᠬᠤ ᠵᠢᠨ ᠬᠠᠮᠲᠤ ᠬᠠᠩᠭ᠋ᠠᠬᠤ ᠮᠠᠲ᠋ᠧᠷᠢᠶᠠᠯ᠎ᠤᠨ ᠵᠶ᠋ᠠᠨ ᠦᠨᠡᠨ ᠪᠣᠳᠠᠲᠤ ᠴᠢᠨᠠᠷ᠎ᠲᠤ ᠬᠠᠷᠢᠭᠤᠴᠠᠬᠤ ᠬᠡᠷᠡᠭᠲᠡᠢ᠃
ᠭᠤᠴᠢᠨ ᠨᠢᠭᠡᠳᠦᠭᠡᠷ ᠵᠣᠷᠪᠣᠰ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ ᠪᠣᠯᠤᠨ ᠳᠠᠩᠰᠠᠯᠠᠭᠤᠯᠤᠭᠰᠠᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠨ᠎ᠡ ᠵᠢᠱ᠌ᠢᠭᠴᠢ᠎ᠠᠴᠠ ᠦᠨᠡᠯᠡᠨ ᠵᠢᠱ᠌ᠢᠬᠦ ᠬᠡᠷᠡᠭᠴᠡᠭᠡ᠎ᠠᠴᠠ ᠪᠣᠯᠵᠤ ᠭᠡᠷ ᠪᠠᠢ᠌ᠰᠢᠩ ᠭᠠᠵᠠᠷ ᠬᠥᠷᠥᠩᠭᠡ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠭᠡᠷ ᠪᠠᠢ᠌ᠰᠢᠩ ᠭᠠᠵᠠᠷ ᠬᠥᠷᠥᠩᠭᠡ ᠵᠢᠨ ᠠᠷᠠᠯᠵᠢᠶ᠎ᠠ᠂ ᠳᠠᠩᠰᠠᠯᠠᠭᠤᠯᠤᠭᠰᠠᠨ ᠮᠡᠳᠡᠭᠡ ᠵᠠᠩᠭᠢ ᠵᠢ ᠪᠠᠢ᠌ᠴᠠᠭ᠋ᠠᠨ ᠯᠠᠪᠯᠠᠬᠤ ᠦᠶ᠎ᠡ᠎ᠳᠤ᠂ ᠭᠡᠷ ᠪᠠᠢ᠌ᠰᠢᠩ ᠭᠠᠵᠠᠷ ᠬᠥᠷᠥᠩᠭᠡ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠪᠠᠢ᠌ᠴᠠᠭ᠋ᠠᠬᠤ ᠦᠢ᠍ᠯᠡᠴᠢᠯᠡᠭᠡ ᠬᠠᠩᠭ᠋ᠠᠬᠤ ᠬᠡᠷᠡᠭᠲᠡᠢ᠂ ᠭᠡᠪᠡᠴᠦ ᠤᠯᠤᠰ᠎ᠤᠨ ᠨᠢᠭᠤᠴᠠ᠂ ᠬᠤᠳᠠᠯᠳᠤᠭ᠋ᠠᠨ᠎ᠤ ᠨᠢᠭᠤᠴᠠ ᠪᠣᠯᠤᠨ ᠬᠤᠪᠢ ᠬᠥᠮᠦᠨ᠎ᠤ ᠨᠢᠭᠤᠴᠠ᠎ᠳᠤ ᠬᠣᠯᠪᠣᠭᠳᠠᠬᠤ ᠠᠭᠤᠯᠭ᠎ᠠ ᠡᠭᠦᠨ᠎ᠳᠤ ᠪᠠᠭᠲᠠᠬᠤ ᠦᠭᠡᠢ᠃
ᠭᠤᠴᠢᠨ ᠬᠣᠶᠠᠳᠤᠭ᠋ᠠᠷ ᠵᠣᠷᠪᠣᠰ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠮᠡᠳᠡᠭᠦᠯᠦᠯᠲᠡ ᠵᠢ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ᠎ᠠᠴᠠ ᠭᠠᠷᠭ᠋ᠠᠵᠤ᠂ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠠᠯᠪᠠᠨ ᠲᠠᠮᠠᠭ᠎ᠠ ᠵᠢ ᠳᠠᠷᠤᠬᠤ ᠵᠢᠨ ᠬᠠᠮᠲᠤ ᠠᠳᠠᠭ᠎ᠲᠠᠭᠠᠨ 2 ᠭᠡᠷ ᠪᠠᠢ᠌ᠰᠢᠩ ᠭᠠᠵᠠᠷ ᠬᠥᠷᠥᠩᠭᠡ ᠵᠢᠨ ᠦᠨ᠎ᠡ ᠵᠢᠱ᠌ᠢᠭᠴᠢ᠎ᠠᠴᠠ ᠭᠠᠷᠤᠨ ᠦᠰᠦᠭ ᠵᠢᠷᠤᠬᠤ ᠬᠡᠷᠡᠭᠲᠡᠢ᠃
ᠭᠤᠴᠢᠨ ᠭᠤᠷᠪᠠᠳᠤᠭ᠋ᠠᠷ ᠵᠣᠷᠪᠣᠰ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢ ᠬᠢᠵᠦ ᠪᠣᠯᠬᠤ ᠦᠭᠡᠢ ᠄
(ᠨᠢᠭᠡ) ᠬᠢᠷᠢ ᠬᠡᠮ᠎ᠤᠨ ᠦᠨᠡᠮᠯᠡᠯ᠎ᠢ ᠪᠠᠯᠠᠯᠤᠨ ᠵᠠᠰᠠᠬᠤ᠂ ᠰᠠᠷᠢᠭ᠋ᠠᠯᠠᠬᠤ᠂ ᠲᠦᠷᠢᠶᠡᠰᠦᠯᠡᠭᠦᠯᠬᠦ᠂ ᠵᠢᠭᠡᠯᠡᠭᠦᠯᠬᠦ ᠪᠤᠶᠤ ᠪᠤᠰᠤᠳ ᠬᠡᠯᠪᠡᠷᠢ᠎ᠪᠠᠷ ᠬᠠᠤᠯᠢ ᠪᠤᠰᠤ᠎ᠪᠠᠷ ᠰᠢᠯᠵᠢᠭᠦᠯᠦᠨ ᠥᠭᠬᠦ;
(ᠬᠣᠶᠠᠷ) ᠬᠢᠷᠢ ᠭᠡᠮ ᠵᠡᠷᠭᠡ ᠲᠤᠬᠠᠢ᠌ᠯᠠᠭᠰᠠᠨ ᠠᠵᠢᠯ᠎ᠤᠨ ᠬᠡᠪᠴᠢᠶ᠎ᠡ᠎ᠠᠴᠠ ᠳᠠᠪᠠᠵᠤ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠲᠤᠬᠠᠢ᠌ᠯᠠᠭᠰᠠᠨ ᠠᠵᠢᠯ᠎ᠢ ᠬᠦᠯᠢᠶᠡᠨ ᠠᠪᠬᠤ;
(ᠭᠤᠷᠪᠠ) ᠥᠨᠳᠥᠷ ᠦᠨᠡᠯᠡᠨ ᠵᠢᠱ᠌ᠢᠬᠦ ᠪᠤᠶᠤ ᠳᠣᠣᠷ᠎ᠠ ᠦᠨᠡᠯᠡᠨ ᠵᠢᠱ᠌ᠢᠬᠦ ᠱᠠᠭ᠋ᠠᠷᠳᠠᠯᠭ᠎ᠠ ᠵᠢ ᠠᠶᠠᠳᠠᠨ ᠳᠠᠭ᠋ᠠᠬᠤ᠂ ᠬᠠᠷᠢᠭᠤ ᠬᠠᠷᠠᠮᠵᠢ ᠥᠭᠬᠦ᠂ ᠮᠠᠭᠤ ᠰᠠᠨᠠᠭ᠎ᠠ᠎ᠲᠠᠢ᠎ᠪᠠᠷ ᠰᠦᠢ᠍ᠳᠬᠡᠯ ᠬᠤᠷᠢᠶᠠᠬᠤ ᠵᠡᠷᠭᠡ ᠬᠡᠯᠪᠡᠷᠢ᠎ᠪᠠᠷ ᠵᠦᠢ ᠪᠤᠰᠤ ᠥᠷᠢᠰᠦᠯᠳᠦᠭᠡᠨ ᠬᠢᠬᠦ;
(ᠳᠥᠷᠪᠡ) ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠵᠢᠷᠤᠮᠵᠢᠯ ᠪᠣᠯᠤᠨ ᠪᠠᠷᠢᠮᠵᠢᠶ᠎ᠠ ᠵᠢ ᠵᠥᠷᠢᠴᠡᠬᠦ;
(ᠲᠠᠪᠤ) ᠬᠤᠳᠠᠯ ᠬᠠᠭᠤᠷᠮᠠᠭ ᠲᠡᠮᠳᠡᠭᠯᠡᠯ᠂ ᠡᠨᠳᠡᠭᠦᠷᠡᠭᠦᠯᠬᠦ ᠴᠢᠨᠠᠷᠲᠠᠢ ᠲᠣᠭ᠋ᠠᠴᠢᠯᠲᠠ ᠪᠤᠶᠤ ᠬᠦᠨᠳᠦ ᠶᠡᠬᠡ ᠣᠷᠬᠢᠭᠳᠠᠭᠤᠯᠤᠯ᠎ᠲᠠᠢ ᠦᠨᠡᠯᠡᠨ ᠵᠢᠱ᠌ᠢᠬᠦ ᠮᠡᠳᠡᠭᠦᠯᠦᠯᠲᠡ ᠭᠠᠷᠭ᠋ᠠᠬᠤ;
(ᠵᠢᠷᠭᠤᠭ᠎ᠠ ) ᠳᠤᠷ᠎ᠠ᠎ᠪᠠᠷ ᠵᠶ᠋ᠠᠨ ᠰᠠᠯᠪᠤᠷᠢ ᠪᠠᠢ᠌ᠭᠤᠯᠤᠮᠵᠢ ᠪᠠᠢ᠌ᠭᠤᠯᠬᠤ;
(ᠳᠤᠯᠤᠭ᠎ᠠ ) ᠨᠠᠢ᠌ᠳᠠᠭᠴᠢ ᠵᠢᠨ ᠪᠢᠴᠢᠭ᠎ᠤᠨ ᠵᠥᠪᠰᠢᠶᠡᠷᠡᠯ ᠦᠭᠡᠢ᠎ᠪᠠᠷ ᠨᠠᠢ᠌ᠳᠠᠯᠭ᠎ᠠ ᠬᠦᠯᠢᠶᠡᠭᠰᠡᠨ ᠦᠨᠡᠯᠡᠨ ᠵᠢᠱ᠌ᠢᠬᠦ ᠠᠵᠢᠯ᠎ᠢ ᠳᠤᠷ᠎ᠠ᠎ᠪᠠᠷ ᠵᠶ᠋ᠠᠨ ᠰᠢᠯᠵᠢᠭᠦᠯᠦᠨ ᠦᠭᠭᠦᠭᠰᠡᠨ;
(ᠨᠠᠢ᠍ᠮᠠ ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠴᠠᠭ᠋ᠠᠵᠠᠯᠠᠭᠰᠠᠨ ᠪᠤᠰᠤᠳ ᠦᠢ᠍ᠯᠡ ᠠᠵᠢᠯᠯᠠᠭ᠎ᠠ᠃
ᠭᠤᠴᠢᠨ ᠳᠥᠷᠪᠡᠳᠦᠭᠡᠷ ᠵᠣᠷᠪᠣᠰ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ᠎ᠠᠴᠠ ᠭ᠋ᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠮᠡᠳᠡᠭᠦᠯᠦᠯᠲᠡ ᠵᠢᠴᠢ ᠬᠣᠯᠪᠣᠭᠳᠠᠯ ᠪᠦᠬᠦᠢ ᠮᠠᠲ᠋ᠧᠷᠢᠶᠠᠯ ᠵᠶ᠋ᠠᠨ ᠰᠠᠢ᠍ᠲᠤᠷ ᠬᠠᠳᠠᠭ᠋ᠠᠯᠠᠵᠤ ᠬᠠᠮᠢᠶᠠᠷᠬᠤ ᠬᠡᠷᠡᠭᠲᠡᠢ᠃
ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠮᠡᠳᠡᠭᠦᠯᠦᠯᠲᠡ ᠪᠣᠯᠤᠨ ᠬᠠᠮᠢᠶ᠎ᠠ ᠪᠦᠬᠦᠢ ᠮᠠᠲ᠋ᠧᠷᠢᠶᠠᠯ᠎ᠢ ᠬᠠᠳᠠᠭ᠋ᠠᠯᠠᠨ ᠬᠠᠮᠢᠶᠠᠷᠬᠤ ᠬᠤᠭᠤᠴᠠᠭ᠎ᠠ᠎ᠨᠢ ᠦᠨᠡᠯᠡᠨ ᠵᠢᠱ᠌ᠢᠬᠦ ᠮᠡᠳᠡᠭᠦᠯᠦᠯᠲᠡ ᠵᠢᠨ ᠭᠠᠷᠭ᠋ᠠᠵᠤ ᠦᠭᠭᠦᠭᠰᠡᠨ ᠡᠳᠦᠷ᠎ᠠᠴᠠ ᠡᠬᠢᠯᠡᠨ 10 ᠵᠢᠯ᠎ᠠᠴᠠ ᠳᠤᠲᠠᠭᠤ ᠪᠠᠢ᠌ᠵᠤ ᠪᠣᠯᠬᠤ ᠥᠬᠡᠢ᠃ ᠬᠠᠳᠠᠭ᠋ᠠᠯᠠᠬᠤ ᠬᠤᠭᠤᠴᠠᠭ᠎ᠠ᠎ᠨᠢ ᠳᠠᠭᠤᠰᠤᠭᠰᠠᠨ ᠪᠣᠯᠪᠠᠴᠤ ᠦᠨᠡᠯᠡᠬᠦ ᠦᠢ᠍ᠯᠡᠴᠢᠯᠡᠭᠡ ᠬᠢᠭᠰᠡᠨ ᠠᠵᠢᠯᠯᠠᠭ᠎ᠠ᠎ᠨᠢ ᠳᠠᠭᠤᠰᠤᠭ᠋ᠠᠳᠤᠢ ᠪᠠᠢ᠌ᠪᠠᠯ᠂ ᠦᠨᠡᠯᠡᠨ ᠵᠢᠱ᠌ᠢᠬᠦ ᠦᠢ᠍ᠯᠡᠴᠢᠯᠡᠭᠡ ᠬᠢᠬᠦ ᠠᠵᠢᠯᠯᠠᠭ᠎ᠠ ᠳᠠᠭᠤᠰᠬᠤ ᠪᠣᠯᠲᠠᠯ᠎ᠠ ᠬᠠᠳᠠᠭ᠋ᠠᠯᠠᠨ ᠬᠠᠮᠢᠶᠠᠷᠬᠤ ᠬᠡᠷᠡᠭᠲᠡᠢ᠃
ᠭᠤᠴᠢᠨ ᠲᠠᠪᠤᠳᠤᠭ᠋ᠠᠷ ᠵᠣᠷᠪᠣᠰ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠠᠰᠲᠠᠭ᠋ᠠᠨ ᠲᠣᠭᠲᠠᠭ᠋ᠠᠯ᠎ᠲᠠᠢ ᠵᠢ ᠭᠠᠷᠭ᠋ᠠᠪᠠᠯ᠂ ᠨᠠᠢ᠌ᠳᠠᠯᠭ᠎ᠠ ᠵᠢᠨ ᠬᠥᠮᠦᠨ ᠵᠶ᠋ᠠᠷ ᠪᠢᠴᠢᠭ ᠵᠶ᠋ᠠᠷ ᠵᠥᠪᠰᠢᠶᠡᠷᠡᠭᠦᠯᠦᠭᠰᠡᠨ ᠦᠭᠡᠢ᠎ᠪᠠᠷ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ᠎ᠠᠴᠠ ᠦᠨᠡᠯᠡᠨ ᠵᠢᠱ᠌ᠢᠬᠦ ᠶᠠᠪᠤᠴᠠ᠎ᠳᠤ ᠣᠯᠵᠤ ᠮᠡᠳᠡᠭᠰᠡᠨ ᠲᠤᠬᠠᠢ ᠵᠢᠨ ᠬᠥᠮᠦᠨ᠎ᠤ ᠬᠤᠳᠠᠯᠳᠤᠭ᠋ᠠᠨ᠎ᠤ ᠨᠢᠭᠤᠴᠠ ᠪᠠ ᠲᠤᠬᠠᠢ᠌ᠯᠠᠭᠰᠠᠨ ᠠᠵᠢᠯ᠎ᠤᠨ ᠮᠠᠲ᠋ᠧᠷᠢᠶᠠᠯ᠎ᠢ ᠭᠠᠳᠠᠭᠰᠢ ᠬᠠᠩᠭ᠋ᠠᠵᠤ ᠪᠣᠯᠬᠤ ᠦᠭᠡᠢ᠃
ᠭᠤᠴᠢᠨ ᠵᠢᠷᠭᠤᠳᠤᠭ᠋ᠠᠷ ᠵᠣᠷᠪᠣᠰ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ᠎ᠠᠴᠠ ᠠᠵᠢᠯ ᠡᠷᠬᠢᠯᠡᠭᠰᠡᠳ᠎ᠳᠤ ᠠᠵᠢᠯ ᠮᠡᠷᠭᠡᠵᠢᠯ᠎ᠤᠨ ᠶᠣᠰᠣ ᠮᠣᠷᠠᠯ᠎ᠤᠨ ᠬᠥᠮᠦᠵᠢᠯ ᠪᠠ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ᠎ᠢ ᠴᠢᠩᠭ᠋ᠠᠳᠬᠠᠵᠤ᠂ ᠲᠤᠰ ᠪᠠᠢ᠌ᠭᠤᠯᠤᠮᠵᠢ ᠵᠢᠨ ᠵᠶ᠋ᠠᠨ ᠭ᠋ᠡᠷ ᠪᠠᠢ᠌ᠰᠢᠩ ᠭᠠᠵᠠᠷ ᠬᠥᠷᠥᠩᠭᠡ ᠵᠢᠨ ᠦᠨ᠎ᠡ ᠵᠢᠱ᠌ᠢᠭᠴᠢ ᠵᠢᠨ ᠦᠷᠭᠦᠯᠵᠢᠯᠡᠨ ᠰᠤᠷᠭ᠋ᠠᠨ ᠬᠥᠮᠦᠵᠢᠯ ᠬᠢᠬᠦ᠎ᠳᠤ ᠴᠢᠬᠤᠯᠠ ᠪᠥᠬᠥᠢ ᠨᠥᠬᠥᠴᠡᠯ᠎ᠢ ᠬᠠᠩᠭ᠋ᠠᠬᠤ ᠬᠡᠷᠡᠭᠲᠡᠢ᠃
ᠭᠤᠴᠢᠨ ᠳᠣᠯᠣᠳᠤᠭ᠋ᠠᠷ ᠵᠣᠷᠪᠣᠰ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠭᠡᠷ ᠪᠠᠢ᠌ᠰᠢᠩ ᠭᠠᠵᠠᠷ ᠬᠥᠷᠥᠩᠭᠡ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠣᠯᠪᠣᠭᠳᠠᠯ ᠪᠥᠬᠥᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠣᠯᠤᠨ ᠲᠤᠰ ᠠᠷᠭ᠎ᠠ ᠵᠢᠨ ᠲᠣᠭᠲᠠᠭ᠋ᠠᠯ ᠶᠣᠰᠣᠭ᠋ᠠᠷ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠪᠣᠯᠤᠨ ᠰᠠᠯᠪᠤᠷᠢ ᠪᠠᠢ᠌ᠭᠤᠯᠤᠮᠵᠢ ᠵᠢᠨ ᠪᠠᠢ᠌ᠭᠤᠯᠤᠯᠲᠠ᠂ ᠦᠨᠡᠯᠡᠨ ᠵᠢᠱ᠌ᠢᠬᠦ ᠲᠤᠬᠠᠢ᠌ᠯᠠᠭᠰᠠᠨ ᠠᠵᠢᠯ ᠵᠢᠴᠢ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠠᠵᠢᠯᠯᠠᠭ᠎ᠠ ᠵᠢ ᠭᠦᠢ᠍ᠴᠡᠳᠬᠡᠵᠦ ᠪᠠᠢ᠌ᠭ᠎ᠠ ᠪᠠᠢ᠌ᠳᠠᠯ᠎ᠳᠤ ᠬᠢᠨᠠᠯᠲᠠ ᠪᠠᠢ᠌ᠴᠠᠭ᠋ᠠᠯᠲᠠ ᠬᠢᠬᠦ ᠬᠡᠷᠡᠭᠲᠡᠢ᠃
ᠭᠤᠴᠢᠨ ᠨᠠᠢ᠍ᠮᠠᠳᠤᠭ᠋ᠠᠷ ᠵᠣᠷᠪᠣᠰ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠭᠡᠷ ᠪᠠᠢ᠌ᠰᠢᠩ ᠭᠠᠵᠠᠷ ᠬᠥᠷᠥᠩᠭᠡ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠢᠨᠠᠯᠲᠠ ᠲᠠᠯᠪᠢᠵᠤ ᠪᠠᠢ᠌ᠴᠠᠭ᠋ᠠᠬᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠳᠡᠭᠡᠨ ᠳᠣᠣᠷ᠎ᠠ ᠵᠢᠭᠰᠠᠭ᠋ᠠᠭᠰᠠᠨ ᠠᠷᠭ᠎ᠠ ᠬᠡᠮᠵᠢᠶ᠎ᠡ᠎ᠨᠦᠭᠦᠳ᠎ᠢ ᠠᠪᠬᠤ ᠡᠷᠬᠡ᠎ᠲᠠᠢ᠄
(ᠨᠢᠭᠡ) ᠪᠠᠢ᠌ᠴᠠᠭ᠋ᠠᠭᠳᠠᠵᠤ ᠪᠠᠢ᠌ᠭ᠎ᠠ ᠨᠢᠭᠡᠴᠡ ᠵᠢ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠬᠡᠮ᠎ᠤᠨ ᠦᠨᠡᠮᠯᠡᠯ᠂ ᠭᠡᠷ ᠪᠠᠢ᠌ᠰᠢᠩ ᠭᠠᠵᠠᠷ ᠬᠥᠷᠥᠩᠭᠡ ᠵᠢᠨ ᠣᠢ᠍ᠨ᠎ᠠ ᠵᠢᠱ᠌ᠢᠭᠴᠢ ᠵᠢᠨ ᠳᠠᠩᠰᠠᠯᠠᠭᠤᠯᠤᠭᠰᠠᠨ ᠦᠨᠡᠮᠯᠡᠯ ᠬᠣᠯᠪᠣᠭᠳᠠᠯ ᠪᠦᠬᠦᠢ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠲᠤᠬᠠᠢ᠌ᠯᠠᠭᠰᠠᠨ ᠠᠵᠢᠯ᠎ᠤᠨ ᠪᠢᠴᠢᠭ ᠮᠠᠲ᠋ᠧᠷᠢᠶᠠᠯ᠂ ᠦᠨᠡᠯᠡᠨ ᠵᠢᠱ᠌ᠢᠬᠦ ᠵᠢᠨ ᠶᠠᠰᠤ ᠴᠢᠨᠠᠷ᠎ᠤᠨ ᠬᠠᠮᠢᠶᠠᠷᠤᠯᠲᠠ᠂ ᠦᠨᠡᠯᠡᠨ ᠵᠢᠱ᠌ᠢᠬᠦ ᠵᠢᠨ ᠳᠠᠩᠰᠠ ᠡᠪᠬᠡᠮᠡᠯ᠎ᠤᠨ ᠬᠠᠮᠢᠶᠠᠷᠤᠯᠲᠠ᠂ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠡᠷᠭᠡ ᠡᠯ᠎ᠡ ᠲᠥᠷᠥᠯ᠎ᠤᠨ ᠠᠵᠤ ᠠᠬᠤᠢ᠌ᠯᠠᠯ᠎ᠤᠨ ᠳᠣᠲᠣᠭ᠋ᠠᠳᠤ ᠵᠢᠨ ᠬᠠᠮᠢᠶᠠᠷᠤᠯᠲᠠ ᠵᠢᠨ ᠳᠦᠷᠢᠮ᠎ᠤᠨ ᠲᠤᠬᠠᠢ ᠪᠢᠴᠢᠭ ᠮᠠᠲ᠋ᠧᠷᠢᠶᠠᠯ;
(ᠬᠤᠶᠠᠷ) ᠪᠠᠢ᠌ᠴᠠᠭ᠋ᠠᠭᠳᠠᠵᠤ ᠪᠠᠢ᠌ᠭ᠎ᠠ ᠨᠢᠭᠡᠴᠡ᠎ᠳᠤ ᠣᠴᠢᠵᠤ ᠪᠠᠢ᠌ᠴᠠᠭ᠋ᠠᠨ ᠦᠵᠡᠬᠦ᠂ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠮᠡᠳᠡᠭᠦᠯᠦᠯᠲᠡ ᠵᠢᠴᠢ ᠦᠨᠡᠯᠡᠨ ᠵᠢᠱ᠌ᠢᠬᠦ ᠨᠠᠢ᠌ᠳᠠᠯᠭ᠎ᠠ ᠵᠢᠨ ᠭᠡᠷ᠎ᠡ ᠵᠢ ᠪᠠᠢ᠌ᠴᠠᠭ᠋ᠠᠨ ᠦᠵᠡᠬᠦ᠂ ᠲᠤᠬᠠᠢ ᠵᠢᠨ ᠭᠠᠵᠠᠷ᠎ᠤᠨ ᠪᠠᠢ᠌ᠴᠠᠭ᠋ᠠᠯᠲᠠ ᠵᠢᠨ ᠲᠡᠮᠳᠡᠭᠯᠡᠯ ᠵᠡᠷᠭᠡ ᠦᠨᠡᠯᠡᠨ ᠵᠢᠱ᠌ᠢᠬᠦ ᠵᠢᠨ ᠬᠣᠯᠪᠣᠭᠳᠠᠯ ᠪᠦᠬᠦᠢ ᠮᠠᠲ᠋ᠧᠷᠢᠶᠠᠯ ;
(ᠭᠤᠷᠪᠠ) ᠬᠠᠮᠢᠶ᠎ᠠ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠣᠯᠤᠨ ᠲᠤᠰ ᠠᠷᠭ᠎ᠠ ᠵᠢᠴᠢ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠵᠢᠷᠤᠮᠵᠢᠯ ᠪᠣᠯᠤᠨ ᠪᠠᠷᠢᠮᠵᠢᠶᠠᠨ᠎ᠠᠴᠠ ᠵᠥᠷᠢᠴᠡᠭᠰᠡᠨ ᠠᠵᠢᠯᠯᠠᠭ᠎ᠠ ᠵᠢ ᠵᠠᠯᠠᠷᠠᠭᠤᠯᠬᠤ ᠡᠷᠬᠡ᠎ᠲᠠᠢ᠃
ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠭᠡᠷ ᠪᠠᠢ᠌ᠰᠢᠩ ᠭᠠᠵᠠᠷ ᠬᠥᠷᠥᠩᠭᠡ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠢᠨᠠᠯᠲᠠ ᠲᠠᠯᠪᠢᠵᠤ ᠪᠠᠢ᠌ᠴᠠᠭ᠋ᠠᠭᠰᠠᠨ ᠰᠢᠢ᠍ᠳᠪᠦᠷᠢᠯᠡᠭᠰᠡᠨ ᠣᠢ᠍ᠷ᠎ᠠ ᠳ᠋ᠦᠩ ᠵᠶ᠋ᠠᠨ ᠨᠡᠢ᠌ᠭᠡᠮ ᠨᠡᠢ᠌ᠲᠡ᠎ᠳᠤ ᠨᠡᠢ᠍ᠲᠡᠯᠡᠬᠦ ᠬᠡᠷᠡᠭᠲᠡᠢ᠃
ᠭᠤᠴᠢ ᠶᠢᠰᠦᠳᠦᠭᠡᠷ ᠵᠣᠷᠪᠣᠰ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠭᠡᠷ ᠪᠠᠢ᠌ᠰᠢᠩ ᠭᠠᠵᠠᠷ ᠬᠥᠷᠥᠩᠭᠡ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠢᠨᠠᠯᠲᠠ ᠲᠠᠯᠪᠢᠵᠤ ᠪᠠᠢ᠌ᠴᠠᠭ᠋ᠠᠬᠤ᠎ᠳᠠᠭᠠᠨ ᠬᠣᠶᠠᠷ᠎ᠠᠴᠠ ᠳᠡᠭᠡᠭᠰᠢᠬᠢ ᠬᠢᠨᠠᠨ ᠪᠠᠢ᠌ᠴᠠᠭ᠋ᠠᠬᠤ ᠠᠵᠢᠯᠲᠠᠨ ᠣᠷᠣᠯᠴᠠᠬᠤ ᠬᠡᠷᠡᠭᠲᠡᠢ ᠪᠥᠭᠡᠳ ᠬᠠᠤᠯᠢ ᠬᠡᠷᠡᠭᠵᠢᠭᠦᠯᠬᠦ ᠦᠨᠡᠮᠯᠡᠯ ᠵᠶ᠋ᠠᠨ ᠭᠠᠷᠭ᠋ᠠᠵᠤ ᠦᠵᠡᠭᠦᠯᠬᠦ ᠬᠡᠷᠡᠭᠲᠡᠢ᠂ ᠪᠠᠢ᠌ᠴᠠᠭ᠋ᠠᠭᠳᠠᠵᠤ ᠪᠠᠢ᠌ᠭ᠎ᠠ ᠨᠢᠭᠡᠴᠡ ᠵᠢᠨ ᠬᠡᠪ᠎ᠤᠨ ᠡᠵᠡᠩᠨᠡᠯᠲᠡ ᠵᠢᠨ ᠠᠵᠢᠯᠯᠠᠭ᠎ᠠ ᠵᠢ ᠬᠠᠷᠰᠢᠯᠠᠵᠤ᠂ ᠡᠳ᠋ ᠪᠣᠳᠠᠰ ᠠᠪᠬᠤ ᠪᠤᠶᠤ ᠬᠦᠯᠢᠶᠡᠨ ᠠᠪᠴᠤ᠂ ᠪᠤᠰᠤᠳ ᠠᠰᠢᠭ ᠲᠤᠰᠠ ᠣᠯᠵᠤ ᠪᠣᠯᠬᠤ ᠥᠬᠡᠢ᠃
ᠬᠣᠯᠪᠣᠭᠳᠠᠯ ᠪᠥᠬᠥᠢ ᠨᠢᠭᠡᠴᠡ ᠪᠠ ᠬᠤᠪᠢ ᠬᠥᠮᠦᠨ᠎ᠠᠴᠠ ᠬᠠᠤᠯᠢ ᠶᠣᠰᠣᠨ᠎ᠤ ᠬᠢᠨᠠᠯᠲᠠ ᠪᠠᠢ᠌ᠴᠠᠭ᠋ᠠᠯᠲᠠ᠎ᠳᠤ ᠬᠠᠮᠵᠢᠯᠴᠠᠬᠤ ᠬᠡᠷᠡᠭᠲᠡᠢ᠂ ᠲᠡᠪᠴᠢᠬᠦ ᠪᠤᠶᠤ ᠬᠠᠷᠰᠢᠯᠠᠵᠤ ᠪᠣᠯᠬᠤ ᠦᠭᠡᠢ᠃
ᠳᠥᠴᠢᠳᠦᠭᠡᠷ ᠵᠣᠷᠪᠣᠰ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ᠎ᠠᠴᠠ ᠬᠠᠤᠯᠢ ᠵᠢ ᠵᠥᠷᠢᠴᠡᠵᠦ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠠᠵᠢᠯᠯᠠᠭ᠎ᠠ ᠬᠢᠭᠰᠡᠨ ᠪᠣᠯ᠂ ᠬᠠᠤᠯᠢ ᠵᠢ ᠵᠥᠷᠢᠴᠡᠭᠰᠡᠨ ᠠᠵᠢᠯᠯᠠᠭ᠎ᠠ ᠭᠠᠷᠤᠭᠰᠠᠨ ᠭᠠᠵᠠᠷ᠎ᠤᠨ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠭᠡᠷ ᠪᠠᠢ᠌ᠰᠢᠩ ᠭᠠᠵᠠᠷ ᠬᠥᠷᠥᠩᠭᠡ ᠵᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠤᠯᠢ ᠶᠣᠰᠣᠭ᠋ᠠᠷ ᠪᠠᠢ᠌ᠴᠠᠭ᠋ᠠᠨ ᠰᠢᠢ᠍ᠳᠪᠦᠷᠢᠯᠡᠬᠦ ᠵᠢᠨ ᠬᠠᠮᠲᠤ᠂ ᠬᠠᠤᠯᠢ ᠵᠢ ᠵᠥᠷᠢᠴᠡᠭᠰᠡᠨ ᠪᠣᠳᠠᠲᠤ ᠬᠡᠷᠡᠭ᠂ ᠰᠢᠢ᠍ᠳᠪᠦᠷᠢᠯᠡᠭᠰᠡᠨ ᠣᠢ᠍ᠷ᠎ᠠ ᠳ᠋ᠦᠩ ᠵᠢᠴᠢ ᠰᠢᠢ᠍ᠳᠪᠦᠷᠢᠯᠡᠭᠰᠡᠨ ᠰᠠᠨᠠᠭᠤᠯᠭ᠎ᠠ᠎ᠪᠠᠨ ᠲᠤᠰ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠭᠡᠮ᠎ᠢ ᠵᠥᠪᠰᠢᠶᠡᠷᠡᠭᠰᠡᠨ ᠪᠠᠢ᠌ᠭᠤᠯᠤᠯᠭ᠎ᠠ᠎ᠳᠤ ᠴᠠᠭ ᠲᠤᠬᠠᠢᠳᠤᠨᠢ ᠮᠡᠳᠡᠭᠦᠯᠬᠦ ᠬᠡᠷᠡᠭᠲᠡᠢ᠃
ᠳᠥᠴᠢᠨ ᠨᠢᠭᠡᠳᠦᠭᠡᠷ ᠵᠣᠷᠪᠣᠰ ᠳᠣᠣᠷ᠎ᠠ ᠵᠢᠭᠰᠠᠭ᠋ᠠᠭᠰᠠᠨ ᠪᠠᠢ᠌ᠳᠠᠯ᠎ᠤᠳ᠎ᠤᠨ ᠨᠢᠭᠡ᠎ᠨᠢ ᠪᠠᠢ᠌ᠬᠤ᠂ ᠬᠢᠷᠢ ᠬᠡᠮ᠎ᠤᠨ ᠵᠦᠪᠰᠢᠶᠡᠷᠡᠬᠦ ᠪᠠᠢ᠌ᠭᠤᠯᠤᠯᠭ᠎ᠠ ᠪᠤᠶᠤ ᠲᠡᠭᠦᠨ᠎ᠤ ᠳᠡᠭᠡᠳᠦ ᠱᠠᠲᠤᠨ᠎ᠤ ᠪᠠᠢ᠌ᠭᠤᠯᠤᠯᠭ᠎ᠠ᠎ᠨᠢ ᠠᠰᠢᠭ ᠬᠣᠣᠷ᠎ᠤᠨ ᠬᠠᠷᠢᠴᠠᠭ᠎ᠠ᠎ᠲᠠᠢ ᠬᠥᠮᠦᠨ᠎ᠤ ᠭᠤᠶᠤᠴᠢᠯᠠᠯ᠎ᠢ ᠦᠨᠳᠦᠰᠦᠯᠡᠬᠦ ᠪᠤᠶᠤ ᠡᠷᠬᠡ ᠲᠤᠰᠢᠶᠠᠯ ᠵᠶ᠋ᠠᠨ ᠦᠨᠳᠦᠰᠦᠯᠡᠨ᠂ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠭᠡᠮ᠎ᠢ ᠬᠦᠴᠦᠨ ᠦᠭᠡᠢ ᠪᠣᠯᠭ᠋ᠠᠵᠤ ᠪᠣᠯᠤᠨ᠎ᠠ᠄
(ᠨᠢᠭᠡ) ᠬᠢᠷᠢ ᠬᠡᠮ᠎ᠤᠨ ᠵᠦᠪᠰᠢᠶᠡᠷᠡᠬᠦ ᠪᠠᠢ᠌ᠭᠤᠯᠤᠯᠭ᠎ᠠ ᠵᠢᠨ ᠠᠵᠢᠯᠲᠠᠳ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠵᠦ᠂ ᠡᠭᠦᠷᠭᠡ ᠲᠤᠰᠢᠶᠠᠯ᠎ᠳᠠᠭᠠᠨ ᠣᠰᠤᠯᠳᠤᠵᠤ᠂ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠭᠡᠮ᠎ᠢ ᠵᠥᠪᠰᠢᠶᠡᠷᠡᠭᠰᠡᠨ;
(ᠬᠤᠶᠠᠷ) ᠬᠠᠤᠯᠢ᠎ᠪᠠᠷ ᠲᠣᠭᠲᠠᠭ᠋ᠠᠭᠰᠠᠨ ᠡᠷᠬᠡ ᠲᠤᠰᠢᠶᠠᠯ᠎ᠤᠨ ᠬᠡᠮᠵᠢᠶᠡᠨ᠎ᠠᠴᠠ ᠳᠠᠪᠠᠵᠤ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠭᠡᠮ᠎ᠢ ᠵᠥᠪᠰᠢᠶᠡᠷᠡᠭᠰᠡᠨ;
(ᠭᠤᠷᠪᠠ) ᠬᠠᠤᠯᠢ᠎ᠪᠠᠷ ᠲᠣᠭᠲᠠᠭ᠋ᠠᠭᠰᠠᠨ ᠵᠢᠷᠤᠮ᠎ᠢ ᠵᠥᠷᠢᠴᠡᠵᠦ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠭᠡᠮ᠎ᠢ ᠵᠥᠪᠰᠢᠶᠡᠷᠡᠭᠰᠡᠨ;
(ᠳᠥᠷᠪᠡ) ᠵᠥᠪᠰᠢᠶᠡᠷᠡᠯ ᠣᠯᠭᠣᠬᠤ ᠨᠥᠬᠥᠴᠡᠯ᠎ᠳᠤ ᠦᠯᠦ ᠨᠡᠢ᠌ᠴᠡᠬᠦ ᠭᠤᠶᠤᠴᠢᠯᠠᠭᠴᠢ᠎ᠳᠤ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠭᠡᠮ᠎ᠢ ᠵᠥᠪᠰᠢᠶᠡᠷᠡᠭᠰᠡᠨ;
(ᠲᠠᠪᠤ) ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠭᠡᠮ᠎ᠢ ᠬᠠᠤᠯᠢ ᠶᠣᠰᠣᠭ᠋ᠠᠷ ᠬᠦᠴᠦᠨ ᠦᠭᠡᠢ ᠪᠣᠯᠭ᠋ᠠᠵᠤ ᠪᠣᠯᠬᠤ ᠪᠤᠰᠤᠳ ᠪᠠᠢ᠌ᠳᠠᠯ᠃
ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ᠎ᠠᠴᠠ ᠮᠡᠬᠡᠯᠡᠬᠦ᠂ ᠬᠡᠭᠡᠯᠢ ᠬᠠᠬᠤᠤᠯᠢ ᠲᠦᠯᠬᠢᠬᠦ ᠵᠡᠷᠭᠡ ᠵᠤᠢ ᠪᠤᠰᠤ ᠠᠷᠭ᠎ᠠ ᠪᠠᠷᠢᠯ ᠵᠶ᠋ᠠᠷ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠭᠡᠮ᠎ᠢ ᠣᠯᠤᠭᠰᠠᠨ ᠪᠠᠢ᠌ᠪᠠᠯ ᠬᠦᠴᠦᠨ ᠦᠭᠡᠢ ᠪᠣᠯᠭ᠋ᠠᠬᠤ ᠬᠡᠷᠡᠭᠲᠡᠢ᠃
ᠳᠥᠴᠢᠨ ᠬᠣᠶᠠᠳᠤᠭ᠋ᠠᠷ ᠵᠣᠷᠪᠣᠰ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ᠎ᠠᠴᠠ ᠭ᠋ᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠭᠡᠮ᠎ᠢ ᠣᠯᠤᠭᠰᠠᠨ᠎ᠤ ᠳᠠᠷᠠᠭ᠎ᠠ᠂ ᠵᠣᠬᠢᠴᠠᠩᠭᠤᠢ ᠬᠢᠷᠢ ᠬᠡᠮ᠎ᠤᠨ ᠨᠥᠬᠥᠴᠡᠯ᠎ᠳᠤ ᠨᠡᠢ᠌ᠴᠡᠬᠦ ᠦᠭᠡᠢ ᠪᠣᠯᠤᠭᠰᠠᠨ ᠪᠣᠯ ᠬᠢᠷᠢ ᠬᠡᠮ᠎ᠤᠨ ᠵᠦᠪᠰᠢᠶᠡᠷᠡᠬᠦ ᠪᠠᠢ᠌ᠭᠤᠯᠤᠯᠭ᠎ᠠ᠎ᠠᠴᠠ ᠠᠰᠢᠭ ᠬᠣᠣᠷ᠎ᠤᠨ ᠬᠠᠷᠢᠴᠠᠭ᠎ᠠ᠎ᠲᠠᠢ ᠬᠥᠮᠦᠨ᠎ᠤ ᠭᠤᠶᠤᠴᠢᠯᠠᠯ᠎ᠢ ᠦᠨᠳᠦᠰᠦᠯᠡᠬᠦ ᠪᠤᠶᠤ ᠡᠷᠬᠡ ᠲᠤᠰᠢᠶᠠᠯ ᠵᠶ᠋ᠠᠨ ᠦᠨᠳᠦᠰᠦᠯᠡᠨ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠲᠣᠭᠲᠠᠭ᠋ᠠᠨ ᠵᠠᠯᠠᠷᠠᠭᠤᠯᠵᠤ ᠪᠣᠯᠤᠨ᠎ᠠ᠂ ᠬᠤᠭᠤᠴᠠᠭ᠎ᠠ᠎ᠨᠢ ᠬᠡᠲᠦᠷᠡᠭᠰᠡᠨ ᠪᠠᠢ᠌ᠲᠠᠯ᠎ᠠ ᠵᠠᠯᠠᠷᠠᠭᠤᠯᠤᠭᠰᠠᠨ ᠦᠭᠡᠢ ᠪᠠᠢ᠌ᠪᠠᠯ ᠬᠢᠷᠢ ᠭᠡᠮ᠎ᠢ᠎ᠨᠢ ᠬᠦᠴᠦᠨ ᠦᠭᠡᠢ ᠪᠤᠯᠭ᠋ᠠᠵᠤ ᠪᠣᠯᠤᠨ᠎ᠠ᠃
ᠳᠥᠴᠢᠨ ᠭᠤᠷᠪᠠᠳᠤᠭ᠋ᠠᠷ ᠵᠣᠷᠪᠣᠰ ᠳᠣᠣᠷ᠎ᠠ ᠵᠢᠭᠰᠠᠭ᠋ᠠᠭᠰᠠᠨ ᠪᠠᠢ᠌ᠳᠠᠯ᠎ᠤᠳ᠎ᠤᠨ ᠨᠢᠭᠡ᠎ᠨᠢ ᠪᠠᠢ᠌ᠬᠤ᠂ ᠬᠢᠷᠢ ᠬᠡᠮ᠎ᠤᠨ ᠵᠦᠪᠰᠢᠶᠡᠷᠡᠬᠦ ᠪᠠᠢ᠌ᠭᠤᠯᠤᠯᠭ᠎ᠠ᠎ᠠᠴᠠ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠬᠡᠮ᠎ᠢ ᠬᠠᠤᠯᠢ ᠶᠣᠰᠣᠭ᠋ᠠᠷ ᠬᠦᠴᠦᠨ ᠦᠭᠡᠢ ᠪᠣᠯᠭ᠋ᠠᠬᠤ ᠬᠡᠷᠡᠭᠲᠡᠢ᠄
(ᠨᠢᠭᠡ) ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠭᠡᠮ᠎ᠤᠨ ᠬᠦᠴᠦᠨ᠎ᠲᠠᠢ ᠬᠤᠭᠤᠴᠠᠭ᠎ᠠ ᠳᠠᠭᠤᠰᠤᠭ᠋ᠠᠳ᠂ ᠦᠯᠦ ᠬᠣᠢ᠌ᠰᠢᠯᠠᠭᠤᠯᠤᠭᠰᠠᠨ;
(ᠬᠤᠶᠠᠷ) ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠬᠠᠤᠯᠢ ᠶᠣᠰᠣᠭ᠋ᠠᠷ ᠠᠵᠢᠯᠯᠠᠭ᠎ᠠ᠎ᠪᠠᠨ ᠳᠠᠭᠤᠰᠬᠠᠭᠰᠠᠨ;
(ᠭᠤᠷᠪᠠ) ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠭᠡᠮ᠎ᠢ ᠬᠠᠰᠤᠬᠤ᠂ ᠪᠤᠴᠠᠭ᠋ᠠᠬᠤ ᠪᠤᠶᠤ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠬᠢᠷᠢ ᠭᠡᠮ᠎ᠤᠨ ᠦᠨᠡᠮᠯᠡᠯ᠎ᠢ ᠬᠠᠤᠯᠢ ᠶᠣᠰᠣᠭ᠋ᠠᠷ ᠬᠣᠷᠢᠶᠠᠨ ᠠᠪᠴᠤ ᠬᠦᠴᠦᠨ ᠦᠭᠡᠢ ᠪᠣᠯᠭ᠋ᠠᠭᠰᠠᠨ;
(ᠳᠥᠷᠪᠡ) ᠬᠠᠤᠯᠢ ᠲᠣᠭᠲᠠᠭ᠋ᠠᠯ᠂ ᠬᠠᠤᠯᠢ ᠳᠦᠷᠢᠮ᠎ᠳᠤ ᠲᠣᠭᠲᠠᠭ᠋ᠠᠭᠰᠠᠨ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠭᠡᠮ᠎ᠢ ᠬᠦᠴᠦᠨ ᠦᠭᠡᠢ ᠪᠣᠯᠭ᠋ᠠᠬᠤ ᠶᠣᠰᠣᠲᠠᠢ ᠪᠤᠰᠤᠳ ᠪᠠᠢ᠌ᠳᠠᠯ;
ᠳᠥᠴᠢᠨ ᠳᠥᠷᠪᠡᠳᠦᠭᠡᠷ ᠵᠣᠷᠪᠣᠰ ᠬᠢᠷᠢ ᠬᠡᠮ᠎ᠢ ᠵᠥᠪᠰᠢᠶᠡᠷᠡᠬᠦ ᠪᠠᠢ᠌ᠭᠤᠯᠤᠯᠭ᠎ᠠ ᠪᠤᠶᠤ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠠᠵᠢᠯ ᠲᠥᠷᠥᠯ᠎ᠤᠨ ᠵᠣᠬᠢᠶᠠᠨ ᠪᠠᠢ᠌ᠭᠤᠯᠤᠯᠲᠠ᠎ᠨᠢ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠢᠲᠡᠭᠡᠮᠵᠢ ᠵᠢᠨ ᠳᠠᠩᠰᠠ ᠡᠪᠬᠡᠮᠡᠯ᠎ᠢ ᠪᠠᠢ᠌ᠭᠤᠯᠬᠤ ᠬᠡᠷᠡᠭᠲᠡᠢ᠃
ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ᠎ᠨᠢ ᠦᠨᠡᠨ ᠪᠣᠳᠠᠲᠠᠢ᠂ ᠣᠨᠣᠪᠴᠢᠲᠠᠢ᠂ ᠪᠦᠷᠢᠨ ᠪᠦᠲᠦᠨ᠂ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠢᠲᠡᠭᠡᠮᠵᠢ ᠵᠢᠨ ᠳᠠᠩᠰᠠ ᠡᠪᠬᠡᠮᠡᠯ᠎ᠤᠨ ᠮᠡᠳᠡᠭᠡ ᠵᠠᠩᠭᠢ ᠵᠢ ᠱᠠᠭ᠋ᠠᠷᠳᠠᠯᠭ᠎ᠠ ᠶᠣᠰᠣᠭ᠋ᠠᠷ ᠬᠠᠩᠭ᠋ᠠᠬᠤ ᠬᠡᠷᠡᠭᠲᠡᠢ᠃
ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠢᠲᠡᠭᠡᠮᠵᠢ ᠵᠢᠨ ᠳᠠᠩᠰᠠ ᠡᠪᠬᠡᠮᠡᠯ᠎ᠳᠤ᠂ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠦᠨᠳᠦᠰᠦᠨ ᠪᠠᠢ᠌ᠳᠠᠯ᠂ ᠠᠵᠢᠯ᠎ᠤᠨ ᠠᠮᠵᠢᠯᠲᠠ᠂ ᠰᠠᠢ᠌ᠨ ᠰᠠᠢ᠌ᠬᠠᠨ ᠦᠢ᠍ᠯᠡ ᠠᠵᠢᠯᠯᠠᠭ᠎ᠠ᠂ ᠮᠠᠭᠤ ᠦᠢ᠍ᠯᠡ ᠠᠵᠢᠯᠯᠠᠭ᠎ᠠ ᠵᠡᠷᠭᠡ ᠠᠭᠤᠯᠭ᠎ᠠ ᠵᠢ ᠪᠠᠭᠲᠠᠭ᠋ᠠᠭᠰᠠᠨ ᠪᠠᠢ᠌ᠬᠤ ᠬᠡᠷᠡᠭᠲᠡᠢ᠃ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠂ ᠵᠠᠭ᠋ᠠᠯᠳᠤᠭᠳᠠᠵᠤ ᠢᠯᠡᠴᠢᠯᠡᠨ ᠮᠡᠳᠡᠭᠦᠯᠦᠭᠰᠡᠨ᠎ᠢ ᠰᠢᠢ᠍ᠳᠪᠦᠷᠢᠯᠡᠬᠦ᠂ ᠵᠠᠰᠠᠭ ᠵᠠᠬᠢᠷᠭ᠋ᠠᠨ ᠵᠶ᠋ᠠᠷ ᠰᠢᠢ᠍ᠳᠬᠡᠨ ᠲᠣᠷᠭ᠋ᠠᠬᠤ ᠵᠡᠷᠭᠡ ᠪᠠᠢ᠌ᠳᠠᠯ᠎ᠢ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠮᠠᠭᠤ ᠲᠡᠮᠳᠡᠭᠯᠡᠯ᠎ᠤᠨ ᠬᠤᠪᠢ᠎ᠪᠠᠷ ᠢᠲᠡᠭᠡᠮᠵᠢ ᠵᠢᠨ ᠳᠠᠩᠰᠠ ᠡᠪᠬᠡᠮᠡᠯ᠎ᠳᠤ ᠣᠷᠣᠭᠤᠯᠬᠤ ᠬᠡᠷᠡᠭᠲᠡᠢ᠃
ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠮᠠᠭᠤ ᠦᠢ᠍ᠯᠡ ᠠᠵᠢᠯᠯᠠᠭ᠎ᠠ ᠵᠢ ᠲᠤᠰ ᠪᠠᠢ᠌ᠭᠤᠯᠤᠮᠵᠢ ᠵᠢᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠪᠤᠶᠤ ᠭᠦᠢ᠍ᠴᠡᠳᠬᠡᠬᠦ ᠬᠣᠷᠰᠢᠭᠴᠢ ᠵᠢᠨ ᠮᠠᠭᠤ ᠦᠢ᠍ᠯᠡ ᠠᠵᠢᠯᠯᠠᠭ᠎ᠠ ᠪᠣᠯᠭ᠋ᠠᠨ ᠲᠡᠭᠦᠨ᠎ᠤ ᠢᠲᠡᠭᠡᠮᠵᠢ ᠵᠢᠨ ᠳᠠᠩᠰᠠ ᠡᠪᠬᠡᠮᠡᠯ᠎ᠳᠤ ᠲᠡᠮᠳᠡᠭᠯᠡᠵᠦ ᠣᠷᠣᠭᠤᠯᠬᠤ ᠬᠡᠷᠡᠭᠲᠡᠢ᠃
ᠶᠠᠮᠠᠷᠪᠠ ᠨᠢᠭᠡᠴᠡ ᠪᠠ ᠬᠤᠪᠢ ᠬᠥᠮᠦᠨ᠎ᠠᠴᠠ ᠢᠲᠡᠭᠡᠮᠵᠢ ᠵᠢᠨ ᠳᠠᠩᠰᠠ ᠡᠪᠬᠡᠮᠡᠯ᠎ᠢ ᠪᠠᠢ᠌ᠴᠠᠭ᠋ᠠᠨ ᠦᠵᠡᠬᠦ ᠡᠷᠬᠡ᠎ᠲᠠᠢ᠃
ᠲᠠᠪᠤᠳᠤᠭ᠋ᠠᠷ ᠪᠦᠯᠦᠭ ᠬᠠᠤᠯᠢ ᠵᠢᠨ ᠬᠠᠷᠢᠭᠤᠴᠠᠯᠭ᠎ᠠ
ᠳᠥᠴᠢᠨ ᠲᠠᠪᠤᠳᠤᠭ᠋ᠠᠷ ᠵᠣᠷᠪᠣᠰ ᠭᠤᠶᠤᠴᠢᠯᠠᠭᠴᠢ ᠬᠣᠯᠪᠣᠭᠳᠠᠯ ᠪᠦᠬᠦᠢ ᠪᠠᠢ᠌ᠳᠠᠯ ᠵᠶ᠋ᠠᠨ ᠨᠢᠭᠤᠨ ᠳᠠᠯᠳᠠᠯᠠᠭᠰᠠᠨ ᠪᠤᠶᠤ ᠬᠤᠳᠠᠯ ᠬᠠᠭᠤᠷᠮᠠᠭ ᠮᠠᠲ᠋ᠧᠷᠢᠶᠠᠯ ᠬᠠᠩᠭ᠋ᠠᠵᠤ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠬᠡᠮ᠎ᠢ ᠭᠤᠶᠤᠴᠢᠯᠠᠭᠰᠠᠨ ᠪᠣᠯ ᠵᠦᠪᠰᠢᠶᠡᠷᠡᠬᠦ ᠪᠠᠢ᠌ᠭᠤᠯᠤᠯᠭ᠎ᠠ᠎ᠠᠴᠠ ᠬᠦᠯᠢᠶᠡᠨ ᠠᠪᠴᠤ ᠰᠢᠢ᠍ᠳᠪᠦᠷᠢᠯᠡᠬᠦ ᠦᠭᠡᠢ ᠪᠤᠶᠤ ᠵᠠᠰᠠᠭ ᠵᠠᠬᠢᠷᠭ᠋ᠠᠨ᠎ᠤ ᠵᠥᠪᠰᠢᠶᠡᠷᠡᠯ ᠥᠭᠬᠦ ᠦᠭᠡᠢ ᠪᠥᠭᠡᠳ ᠨᠢᠭᠡ ᠵᠢᠯ᠎ᠤᠨ ᠳᠣᠲᠣᠷ᠎ᠠ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠭᠡᠮ᠎ᠢ ᠳᠠᠬᠢᠨ ᠭᠤᠶᠤᠴᠢᠯᠠᠵᠤ ᠪᠣᠯᠬᠤ ᠦᠭᠡᠢ᠃
ᠳᠥᠴᠢᠨ ᠵᠢᠷᠭᠤᠳᠤᠭ᠋ᠠᠷ ᠵᠣᠷᠪᠣᠰ ᠮᠡᠬᠡᠯᠡᠬᠦ᠂ ᠬᠡᠭᠡᠯᠢ ᠬᠠᠬᠤᠤᠯᠢ ᠲᠦᠯᠬᠢᠬᠦ ᠵᠡᠷᠭᠡ ᠲᠥᠪ ᠪᠤᠰᠤ ᠠᠷᠭ᠎ᠠ ᠪᠠᠷᠢᠯ ᠵᠶ᠋ᠠᠷ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠭᠡᠮ᠎ᠢ ᠣᠯᠤᠭᠰᠠᠨ ᠪᠣᠯ ᠬᠢᠷᠢ ᠬᠡᠮ᠎ᠢ ᠵᠥᠪᠰᠢᠶᠡᠷᠡᠭᠰᠡᠨ ᠪᠠᠢ᠌ᠭᠤᠯᠤᠯᠭ᠎ᠠ᠎ᠠᠴᠠ ᠰᠡᠷᠡᠮᠵᠢ ᠥᠭᠬᠦ ᠵᠢᠨ ᠬᠠᠮᠲᠤ᠂ 1 ᠲᠦᠮᠡᠨ ᠲᠥᠭᠥᠷᠢᠭ᠎ᠠᠴᠠ ᠳᠡᠭᠡᠭᠰᠢ 3 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠨ᠎ᠠ᠃ ᠭᠤᠶᠤᠴᠢᠯᠠᠭᠴᠢ 3 ᠵᠢᠯ᠎ᠤᠨ ᠳᠣᠲᠣᠷ᠎ᠠ ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠭᠡᠮ᠎ᠢ ᠳᠠᠬᠢᠵᠤ ᠭᠤᠶᠤᠴᠢᠯᠠᠵᠤ ᠪᠣᠯᠬᠤ ᠥᠬᠡᠢ᠃
ᠳᠥᠴᠢᠨ ᠳᠣᠯᠣᠳᠤᠭ᠋ᠠᠷ ᠵᠣᠷᠪᠣᠰ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ᠎ᠠᠴᠠ ᠬᠢᠷᠢ ᠭᠡᠮ᠎ᠢ ᠣᠯᠤᠭᠰᠠᠨ ᠦᠭᠡᠢ᠎ᠪᠠᠷ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠠᠵᠢᠯᠯᠠᠭ᠎ᠠ ᠬᠢᠭᠰᠡᠨ ᠪᠤᠶᠤ ᠬᠢᠷᠢ ᠬᠡᠮ᠎ᠤᠨ ᠳᠡᠰ᠎ᠠᠴᠠ ᠳᠠᠪᠠᠵᠤ ᠦᠨᠡᠯᠡᠨ ᠵᠢᠱ᠌ᠢᠬᠦ ᠲᠤᠬᠠᠢ᠌ᠯᠠᠭᠰᠠᠨ ᠠᠵᠢᠯ᠎ᠢ ᠳᠠᠭ᠋ᠠᠭ᠋ᠠᠵᠤ ᠠᠪᠤᠭᠰᠠᠨ᠂ ᠦᠨᠡᠯᠡᠨ ᠵᠢᠱ᠌ᠢᠬᠦ ᠮᠡᠳᠡᠭᠦᠯᠦᠯᠲᠡ᠎ᠨᠢ ᠬᠦᠴᠦᠨ ᠦᠭᠡᠢ ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠭᠡᠷ ᠪᠠᠢ᠌ᠰᠢᠩ ᠭᠠᠵᠠᠷ ᠬᠥᠷᠥᠩᠭᠡ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠰᠡᠷᠡᠮᠵᠢ ᠥᠭᠴᠦ᠂ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠲᠣᠭᠲᠠᠭ᠋ᠠᠨ ᠵᠠᠯᠠᠷᠠᠭᠤᠯᠵᠤ᠂ 1 ᠲᠦᠮᠡᠨ ᠲᠥᠭᠥᠷᠢᠭ᠎ᠠᠴᠠ ᠳᠡᠭᠡᠭᠰᠢ 3 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠨ᠎ᠠ᠃ ᠲᠤᠬᠠᠢ ᠵᠢᠨ ᠬᠥᠮᠦᠨ᠎ᠳᠤ ᠬᠣᠬᠢᠷᠠᠯ ᠤᠴᠠᠷᠠᠭᠤᠯᠤᠭᠰᠠᠨ ᠪᠠᠢ᠌ᠪᠠᠯ᠂ ᠬᠠᠤᠯᠢ ᠶᠣᠰᠣᠭ᠋ᠠᠷ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠃
ᠳᠥᠴᠢᠨ ᠨᠠᠢ᠍ᠮᠠᠳᠤᠭ᠋ᠠᠷ ᠵᠣᠷᠪᠣᠰ ᠲᠤᠰ ᠠᠷᠭ᠎ᠠ ᠵᠢᠨ ᠠᠷᠪᠠᠨ ᠳᠣᠯᠣᠳᠤᠭ᠋ᠠᠷ ᠵᠣᠷᠪᠣᠰ᠎ᠤᠨ ᠲᠣᠭᠲᠠᠭ᠋ᠠᠯ᠎ᠢ ᠵᠥᠷᠢᠴᠡᠵᠦ᠂ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠬᠡᠮ᠎ᠤᠨ ᠦᠨᠡᠮᠯᠡᠯ ᠵᠶ᠋ᠠᠨ ᠬᠤᠪᠢᠷᠠᠭᠤᠯᠬᠤ ᠭᠠᠷᠳᠠᠮ᠎ᠢ ᠴᠠᠭ ᠲᠤᠬᠠᠢᠳᠤᠨᠢ ᠡᠰᠡ ᠭᠦᠢ᠍ᠴᠡᠳᠬᠡᠭᠰᠡᠨ ᠪᠠᠢ᠌ᠪᠠᠯ᠂ ᠬᠢᠷᠢ ᠬᠡᠮ᠎ᠢ᠎ᠨᠢ ᠵᠥᠪᠰᠢᠶᠡᠷᠡᠬᠦ ᠪᠠᠢ᠌ᠭᠤᠯᠤᠯᠭ᠎ᠠ᠎ᠠᠴᠠ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠲᠣᠭᠲᠠᠭ᠋ᠠᠨ ᠬᠢᠯᠭᠡᠨ᠎ᠡ᠃ ᠬᠤᠭᠤᠴᠠᠭ᠎ᠠ ᠥᠩᠭᠡᠷᠡᠲᠡᠯ᠎ᠡ ᠭᠦᠢ᠍ᠴᠡᠳᠬᠡᠬᠦ ᠥᠬᠡᠢ ᠪᠣᠯ 1 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠲᠣᠷᠭ᠋ᠠᠵᠤ ᠪᠣᠯᠤᠨ᠎ᠠ᠃
ᠳᠥᠴᠢ ᠶᠢᠰᠦᠳᠦᠭᠡᠷ ᠵᠣᠷᠪᠣᠰ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠢ᠌ᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠭᠡᠷ ᠪᠠᠢ᠌ᠰᠢᠩ ᠭᠠᠵᠠᠷ ᠬᠥᠷᠥᠩᠭᠡ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠲᠣᠭᠲᠠᠭ᠋ᠠᠨ ᠵᠠᠯᠠᠷᠠᠭᠤᠯᠬᠤ ᠵᠢᠨ ᠬᠠᠮᠲᠤ᠂ 1 ᠲᠦᠮᠡᠨ ᠲᠥᠭᠥᠷᠢᠭ᠎ᠠᠴᠠ ᠳᠡᠭᠡᠭᠰᠢ 2 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠵᠤ ᠪᠣᠯᠤᠨ᠎ᠠ᠃
(ᠨᠢᠭᠡ) ᠲᠤᠰ ᠠᠷᠭ᠎ᠠ ᠵᠢᠨ ᠬᠣᠷᠢᠳᠤᠭ᠋ᠠᠷ ᠵᠣᠷᠪᠣᠰ᠎ᠤᠨ ᠨᠢᠭᠡᠳᠦᠭᠡᠷ ᠵᠦᠢ᠍ᠯ᠎ᠤᠨ ᠲᠣᠭᠲᠠᠭ᠋ᠠᠯ᠎ᠢ ᠵᠥᠷᠢᠴᠡᠵᠦ ᠰᠠᠯᠪᠤᠷᠢ ᠪᠠᠢ᠌ᠭᠤᠯᠤᠮᠵᠢ ᠭᠠᠷᠭ᠋ᠠᠭᠰᠠᠨ;
(ᠬᠤᠶᠠᠷ) ᠲᠤᠰ ᠠᠷᠭ᠎ᠠ ᠵᠢᠨ ᠬᠣᠷᠢᠳᠤᠭ᠋ᠠᠷ ᠨᠢᠭᠡᠳᠦᠭᠡᠷ ᠵᠣᠷᠪᠣᠰ᠎ᠤᠨ ᠲᠣᠭᠲᠠᠭ᠋ᠠᠯ᠎ᠢ ᠵᠥᠷᠢᠴᠡᠵᠦ ᠰᠠᠯᠪᠤᠷᠢ ᠪᠠᠢ᠌ᠭᠤᠯᠤᠮᠵᠢ ᠭᠠᠷᠭ᠋ᠠᠭᠰᠠᠨ;
(ᠭᠤᠷᠪᠠ) ᠲᠤᠰ ᠠᠷᠭ᠎ᠠ ᠵᠢᠨ ᠬᠣᠷᠢᠨ ᠬᠣᠶᠠᠳᠤᠭ᠋ᠠᠷ ᠵᠤᠷᠪᠤᠰ᠎ᠤᠨ ᠨᠢᠭᠡᠳᠦᠭᠡᠷ ᠵᠦᠢ᠍ᠯ᠎ᠤᠨ ᠲᠣᠭᠲᠠᠭ᠋ᠠᠯ᠎ᠢ ᠵᠥᠷᠢᠴᠡᠵᠦ ᠰᠢᠨ᠎ᠡ᠎ᠪᠠᠷ ᠪᠠᠢ᠌ᠭᠤᠯᠤᠭᠰᠠᠨ ᠰᠠᠯᠪᠤᠷᠢ ᠪᠠᠢ᠌ᠭᠤᠯᠤᠮᠵᠢᠢ ᠳᠠᠩᠰᠠᠯᠠᠭᠤᠯᠤᠭᠰᠠᠨ ᠦᠭᠡᠢ ᠪᠠᠢ᠌ᠪᠠᠯ᠃
ᠲᠠᠪᠢᠳᠤᠭ᠋ᠠᠷ ᠵᠣᠷᠪᠣᠰ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠢ᠌ᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠭᠡᠷ ᠪᠠᠢ᠌ᠰᠢᠩ ᠭᠠᠵᠠᠷ ᠬᠥᠷᠥᠩᠭᠡ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠲᠣᠭᠲᠠᠭ᠋ᠠᠨ ᠵᠠᠯᠠᠷᠠᠭᠤᠯᠤᠨ᠎ᠠ᠃ ᠬᠤᠭᠤᠴᠠᠭ᠎ᠠ᠎ᠨᠢ ᠬᠡᠲᠦᠷᠡᠭᠰᠡᠨ ᠪᠠᠢ᠌ᠲᠠᠯ᠎ᠠ᠂ ᠵᠠᠯᠠᠷᠠᠭᠤᠯᠤᠭᠰᠠᠨ ᠥᠬᠡᠢ ᠪᠠᠢ᠌ᠪᠠᠯ 5 ᠮᠢᠩᠭ᠋ᠠᠨ ᠲᠥᠭᠥᠷᠢᠭ᠎ᠠᠴᠠ ᠳᠡᠭᠡᠭᠰᠢ 2 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠬᠡᠵᠦ ᠪᠣᠯᠤᠨ᠎ᠠ᠃ ᠲᠤᠬᠠᠢ ᠵᠢᠨ ᠬᠥᠮᠦᠨ᠎ᠳᠤ ᠬᠣᠬᠢᠷᠠᠯ ᠤᠴᠠᠷᠠᠭᠤᠯᠤᠭᠰᠠᠨ ᠪᠠᠢ᠌ᠪᠠᠯ᠂ ᠬᠠᠤᠯᠢ ᠶᠣᠰᠣᠭ᠋ᠠᠷ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠃
(ᠨᠢᠭᠡ) ᠲᠤᠰ ᠠᠷᠭ᠎ᠠ ᠵᠢᠨ ᠬᠣᠷᠢᠨ ᠵᠢᠷᠭᠤᠳᠤᠭ᠋ᠠᠷ ᠵᠣᠷᠪᠣᠰ᠎ᠤᠨ ᠲᠣᠭᠲᠠᠭ᠋ᠠᠯ᠎ᠢ ᠵᠥᠷᠢᠴᠡᠵᠦ ᠲᠤᠬᠠᠢ᠌ᠯᠠᠭᠰᠠᠨ ᠠᠵᠢᠯ ᠳᠠᠭ᠋ᠠᠭ᠋ᠠᠵᠤ ᠠᠪᠤᠭᠰᠠᠨ;
(ᠬᠤᠶᠠᠷ) ᠲᠤᠰ ᠠᠷᠭ᠎ᠠ ᠵᠢᠨ ᠬᠣᠷᠢ ᠶᠢᠰᠦᠳᠦᠭᠡᠷ ᠵᠣᠷᠪᠣᠰ᠎ᠤᠨ ᠨᠢᠭᠡᠳᠦᠭᠡᠷ ᠵᠦᠢ᠍ᠯ᠎ᠤᠨ ᠲᠣᠭᠲᠠᠭ᠋ᠠᠯ᠎ᠢ ᠵᠥᠷᠢᠴᠡᠵᠦ᠂ ᠨᠠᠢ᠌ᠳᠠᠯᠭ᠎ᠠ ᠬᠦᠯᠢᠶᠡᠭᠰᠡᠨ ᠦᠨᠡᠯᠡᠨ ᠵᠢᠱ᠌ᠢᠬᠦ ᠠᠵᠢᠯ᠎ᠢ ᠳᠤᠷ᠎ᠠ᠎ᠪᠠᠷ ᠵᠶ᠋ᠠᠨ ᠰᠢᠯᠵᠢᠭᠦᠯᠦᠨ ᠦᠭᠭᠦᠭᠰᠡᠨ;
(ᠭᠤᠷᠪᠠ) ᠲᠤᠰ ᠠᠷᠭ᠎ᠠ ᠵᠢᠨ ᠬᠣᠷᠢᠳᠤᠭ᠋ᠠᠷ ᠵᠣᠷᠪᠣᠰ᠎ᠤᠨ ᠬᠣᠶᠠᠳᠤᠭ᠋ᠠᠷ ᠵᠦᠢ᠍ᠯ᠂ ᠬᠣᠷᠢ ᠶᠢᠰᠦᠳᠦᠭᠡᠷ ᠵᠣᠷᠪᠣᠰ᠎ᠤᠨ ᠬᠣᠶᠠᠳᠤᠭ᠋ᠠᠷ ᠵᠦᠢ᠍ᠯ᠂ ᠭᠤᠴᠢᠨ ᠬᠣᠶᠠᠳᠤᠭ᠋ᠠᠷ ᠵᠣᠷᠪᠣᠰ᠎ᠤᠨ ᠲᠣᠭᠲᠠᠭ᠋ᠠᠯ᠎ᠠᠴᠠ ᠵᠥᠷᠢᠴᠡᠵᠦ ᠦᠨᠡᠯᠡᠨ ᠵᠢᠱ᠌ᠢᠬᠦ ᠮᠡᠳᠡᠭᠦᠯᠦᠯᠲᠡ ᠭᠠᠷᠭ᠋ᠠᠭᠰᠠᠨ ᠪᠠᠢ᠌ᠪᠠᠯ᠃
ᠲᠠᠪᠢᠨ ᠨᠢᠭᠡᠳᠦᠭᠡᠷ ᠵᠣᠷᠪᠣᠰ ᠲᠤᠰ ᠠᠷᠭ᠎ᠠ ᠵᠢᠨ ᠬᠣᠷᠢᠨ ᠳᠣᠯᠣᠳᠤᠭ᠋ᠠᠷ ᠵᠣᠷᠪᠣᠰ᠎ᠤᠨ ᠲᠣᠭᠲᠠᠭ᠋ᠠᠯ᠎ᠢ ᠵᠥᠷᠢᠴᠡᠵᠦ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠴᠢ ᠲᠡᠭᠦᠨ᠎ᠤ ᠠᠵᠢᠯᠲᠠᠳ ᠵᠠᠢ᠌ᠯᠠᠬᠤ ᠬᠡᠷᠡᠭᠲᠡᠢ ᠪᠠᠢ᠌ᠲᠠᠯ᠎ᠠ᠂ ᠵᠠᠢ᠌ᠯᠠᠭᠰᠠᠨ ᠦᠭᠡᠢ ᠪᠠᠢ᠌ᠪᠠᠯ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠭᠡᠷ ᠪᠠᠢ᠌ᠰᠢᠩ ᠭᠠᠵᠠᠷ ᠬᠥᠷᠥᠩᠭᠡ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠰᠡᠷᠡᠮᠵᠢ ᠥᠭᠴᠦ᠂ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠲᠣᠭᠲᠠᠭ᠋ᠠᠨ ᠵᠠᠯᠠᠷᠠᠭᠤᠯᠬᠤ ᠵᠢᠨ ᠬᠠᠮᠲᠤ 1 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠵᠤ ᠪᠣᠯᠤᠨ᠎ᠠ᠃ ᠲᠤᠬᠠᠢ ᠵᠢᠨ ᠬᠥᠮᠦᠨ᠎ᠳᠤ ᠬᠣᠬᠢᠷᠠᠯ ᠤᠴᠠᠷᠠᠭᠤᠯᠤᠭᠰᠠᠨ ᠪᠠᠢ᠌ᠪᠠᠯ᠂ ᠬᠠᠤᠯᠢ ᠶᠣᠰᠣᠭ᠋ᠠᠷ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠃
ᠲᠠᠪᠢᠨ ᠬᠣᠶᠠᠳᠤᠭ᠋ᠠᠷ ᠵᠣᠷᠪᠣᠰ ᠲᠤᠰ ᠠᠷᠭ᠎ᠠ ᠵᠢᠨ ᠭᠤᠴᠢᠨ ᠨᠢᠭᠡᠳᠦᠭᠡᠷ ᠵᠤᠷᠪᠤᠰ᠎ᠤᠨ ᠲᠣᠭᠲᠠᠭ᠋ᠠᠯ᠎ᠠᠴᠠ ᠵᠥᠷᠢᠴᠡᠵᠦ᠂ ᠭᠡᠷ ᠪᠠᠢ᠌ᠰᠢᠩ ᠭᠠᠵᠠᠷ ᠬᠥᠷᠥᠩᠭᠡ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠭᠡᠷ ᠪᠠᠢ᠌ᠰᠢᠩ ᠭᠠᠵᠠᠷ ᠬᠥᠷᠥᠩᠭᠡ ᠵᠢᠨ ᠠᠷᠠᠯᠵᠢᠶ᠎ᠠ᠂ ᠳᠠᠩᠰᠠᠯᠠᠭᠤᠯᠤᠭᠰᠠᠨ ᠮᠡᠳᠡᠭᠡ ᠵᠠᠩᠭᠢ ᠵᠢᠨ ᠪᠠᠢ᠌ᠴᠠᠭ᠋ᠠᠨ ᠯᠠᠪᠯᠠᠬᠤ ᠦᠢ᠍ᠯᠡᠴᠢᠯᠡᠭᠡ ᠬᠠᠩᠭ᠋ᠠᠬᠤ ᠵᠢ ᠲᠡᠪᠴᠢᠭᠰᠡᠨ ᠪᠣᠯ ᠲᠡᠭᠦᠨ᠎ᠤ ᠳᠡᠭᠡᠳᠦ ᠱᠠᠲᠤᠨ᠎ᠤ ᠭᠡᠷ ᠪᠠᠢ᠌ᠰᠢᠩ ᠭᠠᠵᠠᠷ ᠬᠥᠷᠥᠩᠭᠡ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠤᠨ᠎ᠠ᠃
ᠲᠠᠪᠢᠨ ᠭᠤᠷᠪᠠᠳᠤᠭ᠋ᠠᠷ ᠵᠣᠷᠪᠣᠰ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ᠎ᠠᠴᠠ ᠲ᠋ᠤᠰ ᠠᠷᠭ᠎ᠠ ᠵᠢᠨ ᠭᠤᠴᠢᠨ ᠭᠤᠷᠪᠠᠳᠤᠭ᠋ᠠᠷ ᠵᠣᠷᠪᠣᠰ᠎ᠤᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠢ᠌ᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠭᠡᠷ ᠪᠠᠢ᠌ᠰᠢᠩ ᠭᠠᠵᠠᠷ ᠬᠥᠷᠥᠩᠭᠡ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠰᠡᠷᠡᠮᠵᠢ ᠥᠭᠴᠦ᠂ ᠬᠤᠭᠤᠴᠠᠭ᠎ᠠ ᠲᠣᠭᠲᠠᠭ᠋ᠠᠨ ᠵᠠᠷᠯᠢᠭᠳᠠᠨ ᠵᠠᠯᠠᠷᠠᠭᠤᠯᠬᠤ ᠪᠥᠭᠡᠳ 1 ᠲᠦᠮᠡᠨ ᠲᠥᠭᠥᠷᠢᠭ᠎ᠠᠴᠠ ᠳᠡᠭᠡᠭᠰᠢ 3 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠤᠷᠠᠭ᠋ᠠᠨᠠ᠃ ᠲᠤᠬᠠᠢ ᠵᠢᠨ ᠬᠥᠮᠦᠨ᠎ᠳᠤ ᠬᠣᠬᠢᠷᠠᠯ ᠤᠴᠠᠷᠠᠭᠤᠯᠤᠭᠰᠠᠨ ᠪᠠᠢ᠌ᠪᠠᠯ ᠬᠠᠤᠯᠢ ᠶᠣᠰᠣᠭ᠋ᠠᠷ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠃ ᠶᠠᠯᠠᠳᠤ ᠬᠦᠷᠦᠭᠰᠡᠨ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠲᠠᠪᠢᠨ ᠳᠥᠷᠪᠡᠳᠦᠭᠡᠷ ᠵᠣᠷᠪᠣᠰ ᠲᠤᠰ ᠠᠷᠭ᠎ᠠ ᠵᠢᠨ ᠭᠤᠴᠢᠨ ᠲᠠᠪᠤᠳᠤᠭ᠋ᠠᠷ ᠵᠣᠷᠪᠣᠰ᠎ᠤᠨ ᠲᠣᠭᠲᠠᠭ᠋ᠠᠯ᠎ᠢ ᠵᠥᠷᠢᠴᠡᠵᠦ᠂ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ᠎ᠠᠴᠠ ᠦᠨᠡᠯᠡᠨ ᠵᠢᠱ᠌ᠢᠬᠦ ᠶᠠᠪᠤᠴᠠ᠎ᠳᠠᠭᠠᠨ ᠣᠯᠵᠤ ᠮᠡᠳᠡᠭᠰᠡᠨ ᠲᠤᠬᠠᠢ ᠵᠢᠨ ᠬᠥᠮᠦᠨ᠎ᠤ ᠬᠤᠳᠠᠯᠳᠤᠭ᠋ᠠᠨ᠎ᠤ ᠨᠢᠭᠤᠴᠠ ᠪᠠ ᠲᠤᠬᠠᠢ᠌ᠯᠠᠭᠰᠠᠨ ᠠᠵᠢᠯ᠎ᠤᠨ ᠮᠠᠲ᠋ᠧᠷᠢᠶᠠᠯ᠎ᠢ ᠳᠤᠷ᠎ᠠ᠎ᠪᠠᠷ ᠭᠠᠳᠠᠭᠰᠢ ᠬᠠᠩᠭ᠋ᠠᠵᠤ᠂ ᠲᠤᠬᠠᠢ ᠵᠢᠨ ᠬᠥᠮᠦᠨ᠎ᠳᠤ ᠬᠣᠬᠢᠷᠠᠯ ᠤᠴᠠᠷᠠᠭᠤᠯᠤᠭᠰᠠᠨ ᠪᠠᠢ᠌ᠪᠠᠯ ᠬᠠᠤᠯᠢ ᠶᠣᠰᠣᠭ᠋ᠠᠷ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠃ ᠶᠠᠯᠠᠳᠤ ᠬᠦᠷᠦᠭᠰᠡᠨ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠲᠠᠪᠢᠨ ᠲᠠᠪᠤᠳᠤᠭ᠋ᠠᠷ ᠵᠣᠷᠪᠣᠰ ᠬᠢᠷᠢ ᠬᠡᠮ᠎ᠤᠨ ᠵᠦᠪᠰᠢᠶᠡᠷᠡᠬᠦ ᠪᠠᠢ᠌ᠭᠤᠯᠤᠯᠭ᠎ᠠ᠎ᠳᠤ ᠳᠣᠣᠷ᠎ᠠ ᠵᠢᠭᠰᠠᠭ᠋ᠠᠭᠰᠠᠨ ᠪᠠᠢ᠌ᠳᠠᠯ᠎ᠤᠳ᠎ᠤᠨ ᠨᠢᠭᠡ᠎ᠨᠢ ᠪᠠᠢ᠌ᠪᠠᠯ᠂ ᠲᠡᠭᠦᠨ᠎ᠤ ᠳᠡᠭᠡᠳᠦ ᠱᠠᠲᠤᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠬᠢᠨᠠᠨ ᠪᠠᠢ᠌ᠴᠠᠭ᠋ᠠᠬᠤ ᠪᠠᠢ᠌ᠭᠤᠯᠤᠯᠭ᠎ᠠ᠎ᠠᠴᠠ ᠵᠠᠷᠯᠢᠭᠳᠠᠨ ᠵᠠᠯᠠᠷᠠᠭᠤᠯᠤᠨ᠎ᠠ᠂ ᠰᠢᠭᠤᠳ ᠬᠠᠷᠢᠭᠤᠴᠠᠵᠤ ᠪᠠᠢ᠌ᠭ᠎ᠠ ᠭᠣᠣᠯᠴᠢᠯᠠᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠤ ᠬᠠᠤᠯᠢ ᠶᠣᠰᠣᠭ᠋ᠠᠷ ᠰᠢᠢ᠍ᠳᠬᠡᠯ ᠥᠭᠭᠦᠨ᠎ᠡ᠃ ᠶᠠᠯᠠᠳᠤ ᠬᠦᠷᠦᠭᠰᠡᠨ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
(ᠨᠢᠭᠡ) ᠬᠠᠤᠯᠢ᠎ᠳᠤ ᠲᠣᠭᠲᠠᠭ᠋ᠠᠭᠰᠠᠨ ᠨᠥᠬᠥᠴᠡᠯ᠎ᠳᠤ ᠦᠯᠦ ᠨᠡᠢ᠌ᠴᠡᠬᠦ ᠭᠤᠶᠤᠴᠢᠯᠠᠭᠴᠢ᠎ᠳᠤ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠭᠡᠮ᠎ᠢ ᠵᠥᠪᠰᠢᠶᠡᠷᠡᠬᠦ ᠪᠤᠶᠤ ᠡᠷᠬᠡ ᠲᠤᠰᠢᠶᠠᠯ᠎ᠤᠨ ᠬᠡᠪᠴᠢᠶᠡᠨ᠎ᠠᠴᠠ᠎ᠪᠠᠨ ᠳᠠᠪᠠᠵᠤ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠬᠡᠮ᠎ᠤᠨ ᠵᠥᠪᠰᠢᠶᠡᠷᠡᠯ ᠥᠭᠬᠦ ᠲᠣᠭᠲᠠᠭ᠋ᠠᠯ ᠭᠠᠷᠭ᠋ᠠᠭᠰᠠᠨ;
(ᠬᠣᠶᠠᠷ) ᠬᠠᠤᠯᠢ᠎ᠳᠤ ᠲᠣᠭᠲᠠᠭ᠋ᠠᠭᠰᠠᠨ ᠨᠥᠬᠥᠴᠡᠯ᠎ᠳᠤ ᠨᠡᠢ᠌ᠴᠡᠬᠦ ᠭᠤᠶᠤᠴᠢᠯᠠᠭᠴᠢ᠎ᠳᠤ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠭᠡᠮ᠎ᠢ ᠵᠥᠪᠰᠢᠶᠡᠷᠡᠬᠦ ᠦᠭᠡᠢ ᠪᠤᠶᠤ ᠬᠠᠤᠯᠢ᠎ᠳᠤ ᠲᠣᠭᠲᠠᠭ᠋ᠠᠭᠰᠠᠨ ᠬᠤᠭᠤᠴᠠᠭ᠋ᠠᠨ᠎ᠤ ᠳᠣᠲᠣᠷ᠎ᠠ ᠭᠡᠷ ᠪᠠᠢ᠌ᠰᠢᠩ ᠭᠠᠵᠠᠷ ᠬᠥᠷᠥᠩᠭᠡ ᠵᠢ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠭᠡᠮ᠎ᠢ ᠵᠥᠪᠰᠢᠶᠡᠷᠡᠬᠦ ᠲᠣᠭᠲᠠᠭ᠋ᠠᠯ ᠭᠠᠷᠭ᠋ᠠᠬᠤ ᠦᠭᠡᠢ;
(ᠭᠤᠷᠪᠠ) ᠡᠭᠦᠷᠭᠡ ᠲᠤᠰᠢᠶᠠᠯ᠎ᠤᠨ ᠵᠶ᠋ᠠᠨ ᠳᠥᠭᠥᠮᠢ ᠠᠰᠢᠭᠯᠠᠨ᠂ ᠪᠤᠰᠤᠳ᠎ᠠᠴᠠ ᠡᠳ᠋ ᠮᠥᠩᠭᠥ ᠪᠤᠶᠤ ᠪᠤᠰᠤᠳ ᠠᠰᠢᠭ ᠠᠪᠳᠠᠭ;
(ᠳᠥᠷᠪᠡ) ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠦᠭᠡᠢ ᠪᠤᠶᠤ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ ᠣᠯᠵᠤ ᠮᠡᠳᠡᠭᠡᠳ ᠪᠠᠢ᠌ᠴᠠᠭ᠋ᠠᠨ ᠰᠢᠢ᠍ᠳᠪᠦᠷᠢᠯᠡᠭᠰᠡᠨ ᠦᠭᠡᠢ ᠪᠣᠯ᠃
ᠵᠢᠷᠭᠤᠳᠤᠭ᠋ᠠᠷ ᠪᠦᠯᠦᠭ ᠳᠠᠭ᠋ᠠᠯᠳᠤᠭᠤᠯᠤᠭᠰᠠᠨ ᠳᠦᠷᠢᠮ
ᠲᠠᠪᠢᠨ ᠵᠢᠷᠭᠤᠳᠤᠭ᠋ᠠᠷ ᠵᠣᠷᠪᠣᠰ ᠲᠤᠰ ᠠᠷᠭ᠎ᠠ ᠵᠢ 2005 ᠣᠨ᠎ᠤ 12 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ 1997 ᠣᠨ᠎ᠤ 1 ᠰᠠᠷ᠎ᠠ ᠵᠢᠨ 9᠎ᠤ ᠡᠳᠦᠷ ᠪᠦᠲᠦᠭᠡᠨ ᠪᠠᠢ᠌ᠭᠤᠯᠤᠯᠲᠠ ᠵᠢᠨ ᠶᠠᠮᠤᠨ᠎ᠤ ᠨᠡᠢ᠌ᠲᠡᠯᠡᠭᠰᠡᠨ 《ᠭᠡᠷ ᠪᠠᠢ᠌ᠰᠢᠩ ᠭᠠᠵᠠᠷ ᠬᠥᠷᠥᠩᠭᠡ ᠵᠢᠨ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠢᠷᠢ ᠭᠡᠮ᠎ᠤᠨ ᠳᠡᠰ᠎ᠤᠨ ᠬᠠᠮᠢᠶᠠᠷᠤᠯᠲᠠ ᠵᠢᠨ ᠲᠤᠬᠠᠢ ᠲᠣᠭᠲᠠᠭ᠋ᠠᠯ᠎ᠤᠳ》 (ᠣᠷᠣᠨ ᠰᠠᠭᠤᠴᠠ ᠪᠣᠯᠤᠨ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ [1997] 12 ᠳ᠋ᠤᠭ᠋ᠠᠷ ᠲᠣᠭ᠋ᠠᠲᠤ) ᠡᠭᠦᠨ᠎ᠤ ᠵᠡᠷᠭᠡ᠎ᠳᠤ ᠬᠦᠴᠦᠨ ᠦᠭᠡᠢ ᠪᠣᠯᠭ᠋ᠠᠨ᠎ᠠ᠃
ᠲᠤᠰ ᠠᠷᠭ᠎ᠠ ᠵᠢ ᠬᠡᠷᠡᠭᠵᠢᠭᠦᠯᠬᠦ᠎ᠠᠴᠠ ᠡᠮᠦᠨᠡᠬᠢ ᠪᠦᠲᠦᠭᠡᠨ ᠪᠠᠢ᠌ᠭᠤᠯᠤᠯᠲᠠ ᠵᠢᠨ ᠶᠠᠮᠤᠨ᠎ᠤ ᠨᠡᠢ᠌ᠲᠡᠯᠡᠭᠰᠡᠨ ᠳᠦᠷᠢᠮ ᠲᠣᠭᠲᠠᠭ᠋ᠠᠯ᠎ᠤᠨ ᠲᠣᠭᠲᠠᠭ᠋ᠠᠯ᠎ᠨᠢ ᠲᠤᠰ ᠠᠷᠭ᠎ᠠ ᠵᠢᠨ ᠲᠣᠭᠲᠠᠭ᠋ᠠᠯ᠎ᠲᠠᠢ ᠨᠢᠭᠡᠳᠦᠯ ᠥᠬᠡᠢ ᠪᠣᠯ ᠲᠤᠰ ᠠᠷᠭ᠎ᠠ᠎ᠪᠠᠷ ᠪᠠᠷᠢᠮᠵᠢᠶ᠎ᠠ ᠪᠣᠯᠭ᠋ᠠᠨ᠎ᠠ᠃