ᠳᠥᠭᠥᠮ ᠪᠦᠳᠦᠴᠡᠳᠦ ᠣᠷᠣᠨ ᠰᠠᠭᠤᠴᠠ ᠵᠢ ᠥᠭᠡᠷᠡᠴᠢᠯᠡᠬᠦ ᠪᠠ ᠣᠯᠠᠨ ᠨᠡᠶ᠋ᠢᠲᠡ ᠵᠢᠨ ᠲᠦᠷᠢᠶᠡᠰᠦᠨ ᠪᠠᠶ᠋ᠢᠰᠢᠩ᠎ᠳᠤ ᠲᠤᠰᠬᠠᠢ ᠵᠦᠢ᠍ᠯ᠎ᠤᠨ ᠲᠣᠭᠣᠷᠢᠨ ᠪᠠᠶ᠋ᠢᠴᠠᠭ᠋ᠠᠬᠤ ᠠᠵᠢᠯ ᠥᠷᠨᠢᠭᠦᠯᠬᠦ ᠲᠤᠬᠠᠶ ᠮᠡᠳᠡᠭᠳᠡᠯ
2020-12-18

ᠡᠯ᠎ᠡ ᠠᠶ᠋ᠢᠮᠠᠭ ᠬᠣᠲᠠ ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ (ᠵᠥᠪᠯᠡᠯ)᠂ ᠣᠷᠣᠨ ᠰᠠᠭᠤᠴᠠ ᠵᠢᠨ ᠪᠠᠲᠤᠯᠠᠭ᠎ᠠ ᠵᠢᠨ ᠪᠠᠶ᠋ᠢᠰᠢᠩ᠎ᠤᠨ ᠬᠠᠮᠢᠶᠠᠷᠤᠯᠲᠠ ᠵᠢᠨ ᠲᠣᠪᠴᠢᠶ᠎ᠠ᠂ ᠮᠠᠨᠵᠤᠤᠷ᠂ ᠡᠷᠢᠶᠡᠨ ᠬᠣᠲᠠ ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ᠄
      ᠪᠦᠬᠦ ᠣᠷᠣᠨ᠎ᠤ ᠪᠠᠲᠤᠯᠠᠭ᠎ᠠ ᠵᠢᠨ ᠴᠢᠨᠠᠷᠲᠠᠶ ᠬᠢᠮᠳᠠ ᠣᠷᠣᠨ ᠰᠠᠭᠤᠴᠠ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠲᠦᠷᠭᠡᠳᠬᠡᠨ ᠠᠬᠢᠭᠤᠯᠵᠤ᠂ 2015 ᠣᠨ᠎ᠤ ᠬᠠᠷᠠᠯᠲᠠ ᠡᠭᠦᠷᠭᠡ ᠵᠢ ᠪᠦᠬᠦ ᠲᠠᠯ᠎ᠠ᠎ᠪᠠᠷ ᠪᠡᠶᠡᠯᠡᠭᠦᠯᠬᠦ ᠵᠢ ᠦᠨᠡᠨᠬᠦ ᠪᠠᠲᠤᠯᠠᠬᠤ ᠵᠢᠨ ᠲᠤᠰᠠᠳᠠ᠂ ᠮᠠᠨ᠎ᠤ ᠲᠢᠩᠬᠢᠮ 2015 ᠣᠨ᠎ᠤ 7 ᠳ᠋ᠤᠭ᠋ᠠᠷ ᠰᠠᠷ᠎ᠠ ᠵᠢᠨ ᠳᠤᠮᠳᠠᠴᠢ᠎ᠠᠴᠠ ᠡᠬᠢᠯᠡᠨ᠂ ᠪᠦᠬᠦ ᠣᠷᠣᠨ᠎ᠤ ᠬᠣᠲᠠ ᠵᠢᠨ ᠳᠥᠭᠥᠮ ᠪᠦᠳᠦᠴᠡᠳᠦ ᠣᠷᠣᠨ ᠰᠠᠭᠤᠴᠠᠲᠤ ᠲᠣᠭᠣᠷᠢᠭ᠎ᠢ ᠥᠭᠡᠷᠡᠴᠢᠯᠡᠬᠦ ᠪᠠ ᠣᠯᠠᠨ ᠨᠡᠶ᠋ᠢᠲᠡ ᠵᠢᠨ ᠲᠦᠷᠢᠶᠡᠰᠦᠨ ᠪᠠᠶ᠋ᠢᠰᠢᠩ᠎ᠳᠤ ᠲᠤᠰᠬᠠᠶ ᠵᠦᠢ᠍ᠯ᠎ᠤᠨ ᠲᠣᠭᠣᠷᠢᠨ ᠪᠠᠶ᠋ᠢᠴᠠᠭ᠋ᠠᠬᠤ ᠠᠵᠢᠯ᠎ᠢ ᠥᠷᠨᠢᠭᠦᠯᠬᠦ᠎ᠪᠠᠷ ᠲᠣᠭᠲᠠᠪᠠ᠂ ᠡᠳᠦᠭᠡ ᠬᠣᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠪᠡ᠄
      ᠨᠢᠭᠡ᠂ ᠲᠣᠭᠣᠷᠢᠨ ᠪᠠᠶ᠋ᠢᠴᠠᠭ᠋ᠠᠬᠤ ᠭᠣᠤᠯ ᠠᠭᠤᠯᠭ᠎ᠠ
     (ᠨᠢᠭᠡ) 2015 ᠣᠨ᠎ᠤ ᠬᠠᠷᠠᠯᠲᠠ ᠡᠭᠦᠷᠭᠡ ᠵᠢᠨ ᠠᠬᠢᠴᠠ ᠵᠢᠨ ᠪᠠᠶ᠋ᠢᠳᠠᠯ
     2015 ᠣᠨ᠎ᠤ ᠬᠠᠷᠠᠯᠲᠠ ᠡᠭᠦᠷᠭᠡ᠎ᠳᠤ ᠵᠢᠭᠰᠠᠭ᠋ᠠᠨ ᠣᠷᠣᠭᠤᠯᠤᠭᠰᠠᠨ ᠲᠥᠷᠥᠯ ᠵᠦᠢ᠍ᠯ᠎ᠤᠨ ᠠᠵᠢᠯ ᠡᠬᠢᠯᠡᠭᠦᠯᠦᠭᠰᠡᠨ᠂ ᠦᠨᠳᠦᠰᠦᠨ᠎ᠳᠡᠭᠡᠨ ᠪᠠᠶ᠋ᠢᠭᠤᠯᠵᠤ ᠳᠠᠭᠤᠰᠬᠠᠭᠰᠠᠨ ᠪᠠᠶ᠋ᠢᠳᠠᠯ᠎ᠢ ᠪᠠᠭᠲᠠᠭ᠋ᠠᠨ᠎ᠠ᠃
     (ᠬᠣᠶᠠᠷ) ᠳᠥᠭᠥᠮ ᠪᠦᠳᠦᠴᠡᠳᠦ ᠣᠷᠣᠨ ᠰᠠᠭᠤᠴᠠ ᠵᠢ ᠥᠭᠡᠷᠡᠴᠢᠯᠡᠬᠦ ᠵᠢ ᠵᠤᠭᠤᠰᠵᠢᠭᠤᠯᠥᠨ ᠲᠥᠪᠬᠢᠨᠡᠭᠦᠯᠬᠦ ᠠᠵᠢᠯ᠎ᠤᠨ ᠪᠠᠶ᠋ᠢᠳᠠᠯ᠃ ᠡᠭᠦᠨ᠎ᠳᠤ ᠳᠥᠭᠥᠮ ᠪᠦᠳᠦᠴᠡᠳᠦ ᠣᠷᠣᠨ ᠰᠠᠭᠤᠴᠠᠳᠤ ᠲᠣᠭᠣᠷᠢᠭ᠎ᠢ ᠥᠭᠡᠷᠡᠴᠢᠯᠡᠵᠦ ᠵᠤᠭᠤᠰᠵᠢᠭᠤᠯᠥᠨ ᠲᠥᠪᠬᠢᠨᠡᠭᠦᠯᠬᠦ ᠬᠠᠷᠠᠯᠲᠠ ᠵᠢᠨ ᠬᠠᠷᠢᠴᠠᠯ᠂ ᠭᠣᠣᠯ ᠠᠷᠭ᠎ᠠ ᠮᠠᠶᠢᠭ᠂ ᠠᠵᠢᠯ᠎ᠢ ᠠᠬᠢᠭᠤᠯᠬᠤ᠎ᠳᠤ ᠲᠣᠭᠲᠠᠭ᠋ᠠᠵᠤ ᠨᠡᠶ᠋ᠢᠲᠡᠯᠡᠭᠰᠡᠨ ᠲᠥᠷᠥ ᠵᠢᠨ ᠪᠣᠳᠣᠯᠭ᠎ᠠ᠂ ᠠᠪᠤᠭᠰᠠᠨ ᠠᠷᠭ᠎ᠠ ᠬᠡᠮᠵᠢᠶ᠎ᠡ ᠵᠢᠴᠢ ᠠᠬᠢᠴᠠ ᠵᠢᠨ ᠪᠠᠶ᠋ᠢᠳᠠᠯ ᠪᠠᠭᠲᠠᠨ᠎ᠠ᠃
     (ᠭᠤᠷᠪᠠ) ᠨᠡᠶ᠋ᠢᠲᠡ ᠵᠢᠨ ᠲᠦᠷᠢᠶᠡᠰᠦᠨ ᠪᠠᠢ᠌ᠰᠢᠩ᠎ᠤᠨ ᠬᠤᠪᠢᠶᠠᠷᠢᠯᠠᠵᠤ ᠣᠷᠣᠵᠤ ᠰᠠᠭᠤᠭᠰᠠᠨ ᠪᠠᠶ᠋ᠢᠳᠠᠯ᠃ ᠡᠭᠦᠨ᠎ᠳᠤ 2012 ᠣᠨ᠎ᠤ ᠡᠴᠦᠰ᠎ᠠᠴᠠ ᠡᠮᠦᠨ᠎ᠡ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠤᠭᠰᠠᠨ ᠣᠯᠠᠨ ᠨᠡᠶ᠋ᠢᠲᠡ ᠵᠢᠨ ᠲᠦᠷᠢᠶᠡᠰᠦᠨ ᠣᠷᠣᠨ ᠰᠠᠭᠤᠴᠠ (ᠬᠢᠮᠳᠠ ᠲᠦᠷᠢᠶᠡᠰᠦᠨ ᠣᠷᠣᠨ ᠰᠠᠭᠤᠴᠠ ᠪᠠᠭᠲᠠᠨ᠎ᠠ) ᠵᠢᠨ ᠬᠤᠪᠢᠶᠠᠷᠢᠯᠠᠨ ᠣᠷᠣᠵᠤ ᠰᠠᠭᠤᠬᠤ ᠪᠠ ᠬᠠᠷᠠᠯᠲᠠ ᠵᠢᠨ ᠬᠠᠷᠢᠴᠠᠯ᠎ᠢ ᠪᠡᠶᠡᠯᠡᠭᠦᠯᠦᠭᠰᠡᠨ ᠪᠠᠶ᠋ᠢᠳᠠᠯ ᠪᠠᠭᠲᠠᠨ᠎ᠠ᠃
     (ᠳᠥᠷᠪᠡ) 2014 ᠣᠨ᠎ᠤ ᠬᠣᠲᠠ ᠪᠠᠯᠭ᠋ᠠᠰᠤᠨ᠎ᠤ ᠪᠠᠲᠤᠯᠠᠭ᠎ᠠ ᠵᠢᠨ ᠴᠢᠨᠠᠷᠲᠠᠶ ᠬᠢᠮᠳᠠ ᠣᠷᠣᠨ ᠰᠠᠭᠤᠴᠠ ᠵᠢᠨ ᠢᠨᠵᠧᠨᠧᠷᠢᠩ᠎ᠳᠤ ᠮᠥᠷᠳᠡᠵᠦ ᠬᠢᠨᠠᠨ ᠪᠣᠳᠣᠯᠲᠠ ᠬᠢᠭᠡᠳ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ᠃  
     (ᠲᠠᠪᠤ) ᠮᠡᠳᠡᠭᠡ ᠵᠠᠩᠭᠢ ᠵᠢ ᠢᠯᠡ ᠪᠣᠯᠭ᠋ᠠᠭᠰᠠᠨ ᠪᠠᠶ᠋ᠢᠳᠠᠯ᠃ ᠡᠭᠦᠨ᠎ᠳᠤ ᠨᠢᠭᠡᠨᠲᠡ ᠠᠵᠢᠯ ᠡᠬᠢᠯᠡᠭᠦᠯᠦᠭᠰᠡᠨ ᠲᠥᠷᠥᠯ ᠵᠦᠢ᠍ᠯ᠂ ᠪᠠᠷᠢᠯᠭ᠎ᠠ ᠵᠢᠨ ᠲᠤᠬᠠᠶ ᠵᠢᠨ ᠭᠠᠵᠠᠷ᠎ᠲᠤ ᠪᠥᠲᠥᠭᠡᠨ ᠪᠠᠶ᠋ᠢᠭᠤᠯᠤᠯᠲᠠ ᠵᠢᠨ ᠮᠡᠳᠡᠭᠡ ᠵᠠᠩᠭᠢ ᠵᠢ ᠢᠯᠡ ᠪᠣᠯᠭ᠋ᠠᠭᠰᠠᠨ ᠪᠠᠶ᠋ᠢᠳᠠᠯ ᠪᠠᠭᠲᠠᠨ᠎ᠠ; ᠪᠠᠷᠢᠯᠭ᠎ᠠ ᠳᠠᠭᠤᠰᠤᠭᠰᠠᠨ ᠲᠥᠷᠥᠯ ᠵᠦᠢ᠍ᠯ᠎ᠤᠨ ᠪᠠᠷᠢᠯᠭ᠎ᠠ ᠵᠢᠨ ᠢᠯᠡ ᠪᠠᠢ᠌ᠷᠢ᠎ᠳᠤ ᠥᠨᠢᠳᠡ ᠵᠢᠨ ᠴᠢᠨᠠᠷᠲᠠᠶ ᠲᠡᠮᠳᠡᠭ ᠫᠠᠶ᠋ᠢᠰᠠ ᠪᠠᠶ᠋ᠢᠭᠤᠯᠤᠭᠰᠠᠨ ᠪᠠᠶ᠋ᠢᠳᠠᠯ᠃
      ᠬᠣᠶᠠᠷ᠂ ᠲᠤᠭᠤᠷᠢᠨ ᠪᠠᠶ᠋ᠢᠴᠠᠭ᠋ᠠᠬᠤ ᠵᠣᠬᠢᠶᠠᠨ ᠪᠠᠶ᠋ᠢᠭᠤᠯᠤᠯᠲᠠ ᠵᠢᠴᠢ ᠠᠵᠢᠯ᠎ᠤᠨ ᠬᠤᠪᠢᠶᠠᠷᠢ  
      ᠲᠣᠰ ᠤᠳᠠᠭ᠋ᠠᠨ᠎ᠤ ᠲᠣᠭᠣᠷᠢᠨ ᠪᠠᠶ᠋ᠢᠴᠠᠭ᠋ᠠᠬᠤ ᠠᠵᠢᠯ᠎ᠳᠤ ᠵᠡᠭᠦᠨ ᠪᠠᠷᠠᠭᠤᠨ ᠬᠡᠰᠡᠭ᠎ᠤᠨ ᠭᠠᠵᠠᠷ ᠣᠷᠣᠨ᠎ᠢ ᠬᠠᠷᠢᠯᠴᠠᠨ   ᠪᠠᠢ᠌ᠴᠠᠯᠭ᠋ᠠᠵᠦ᠂ ᠤᠷᠢᠳ ᠵᠶ᠋ᠠᠷ ᠪᠠᠷᠠᠭᠤᠨ ᠬᠡᠰᠡᠭ᠎ᠤᠨ ᠭᠠᠵᠠᠷ ᠣᠷᠣᠨ᠂ ᠳᠠᠷᠠᠭ᠎ᠠ᠎ᠨᠢ ᠵᠡᠭᠦᠨ ᠬᠡᠰᠡᠭ᠎ᠤᠨ ᠭᠠᠵᠠᠷ ᠣᠷᠣᠨ᠎ᠢ ᠲᠣᠭᠣᠷᠢᠨ ᠪᠠᠶ᠋ᠢᠴᠠᠭ᠋ᠠᠵᠤ᠂ 2015 ᠣᠨ᠎ᠤ ᠬᠠᠷᠠᠯᠲᠠ ᠡᠭᠦᠷᠭᠡ᠎ᠳᠤ ᠵᠢᠭᠰᠠᠭ᠋ᠠᠭᠰᠠᠨ ᠪᠣᠶ ᠪᠥᠬᠥᠶ ᠵᠦᠢ᠍ᠯᠡᠰ᠎ᠲᠤ ᠨᠡᠶ᠋ᠢᠳᠡᠮ᠎ᠤᠨ ᠪᠠᠶ᠋ᠢᠴᠠᠭ᠋ᠠᠯᠲᠠ ᠬᠢᠨ᠎ᠠ᠃
      ᠲᠣᠭᠣᠷᠢᠨ ᠪᠠᠶ᠋ᠢᠴᠠᠭ᠋ᠠᠬᠤ᠎ᠲᠤ ᠣᠷᠣᠯᠴᠠᠭᠰᠠᠳ᠄ ᠡᠯ᠎ᠡ ᠠᠶ᠋ᠢᠮᠠᠭ ᠬᠤᠳᠠ ᠵᠢᠨ ᠣᠷᠣᠨ ᠰᠠᠭᠤᠴᠠ ᠵᠢᠨ ᠪᠠᠲᠤᠯᠠᠭ᠎ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠰᠠᠯᠠᠭ᠎ᠠ ᠲᠠᠰᠤᠭ᠎ᠤᠨ ᠭᠣᠣᠯ ᠬᠠᠷᠢᠭᠤᠴᠠᠯᠭ᠋ᠠᠲᠠᠨ ᠪᠣᠯᠤᠨ ᠪᠠᠶ᠋ᠢᠳᠠᠯ᠎ᠢ ᠰᠠᠢ᠍ᠢ᠍ᠨ ᠮᠡᠳᠡᠬᠦ ᠲᠤᠬᠠᠶ᠋ᠢᠯᠠᠭᠰᠠᠨ ᠠᠵᠢᠯ᠎ᠤᠨ ᠭᠣᠣᠯᠯᠠᠭᠴᠢ ᠨᠢᠭᠡ ᠨᠡᠷᠡᠰ (ᠮᠠᠨᠵᠤᠤᠷ᠂ ᠡᠷᠢᠶᠡᠨ ᠬᠤᠳᠠ ᠲᠤᠰ ᠪᠦᠷᠢ ᠨᠢᠭᠡ ᠬᠥᠮᠦᠨ ᠲᠣᠮᠢᠯᠠᠨ ᠣᠷᠣᠯᠴᠠᠭᠤᠯᠤᠨ᠎ᠠ)᠂ ᠨᠡᠢ᠍ᠢ᠍ᠳᠡ ᠠᠷᠪᠠᠨ ᠬᠤᠶᠠᠷ ᠳᠤᠭᠤᠶ᠋ᠢᠯᠠᠩ ᠬᠤᠪᠢᠶᠠᠵᠤ᠂ ᠳᠤᠭᠤᠶ᠋ᠢᠯᠠᠩ ᠪᠦᠷᠢ ᠨᠢᠭᠡ ᠠᠶ᠋ᠢᠮᠠᠭ ᠬᠤᠳᠠ ᠵᠢ ᠬᠠᠢ᠌ᠭᠤᠴᠠᠨ᠎ᠠ᠃
      ᠲᠣᠭᠣᠷᠢᠨ ᠪᠠᠶ᠋ᠢᠴᠠᠭ᠋ᠠᠬᠤ ᠵᠢ ᠬᠣᠶᠠᠷ ᠪᠦᠯᠦᠭ ᠬᠤᠪᠢᠶᠠᠨ ᠶᠠᠪᠤᠭᠳᠠᠭᠤᠯᠵᠤ᠂ ᠨᠢᠭᠡᠳᠦᠭᠡᠷ ᠪᠦᠯᠦᠭ᠎ᠤᠨ ᠲᠣᠭᠣᠷᠢᠨ ᠪᠠᠶ᠋ᠢᠴᠠᠭ᠋ᠠᠬᠤ ᠠᠶ᠋ᠢᠮᠠᠭ ᠬᠤᠳᠠ᠎ᠨᠢ᠄ ᠬᠥᠬᠡᠬᠣᠲᠠ᠂ ᠪᠤᠭᠤᠲᠤ ᠬᠤᠳᠠ᠂ ᠤᠯᠠᠭ᠋ᠠᠨᠴᠠᠪ ᠬᠤᠳᠠ᠂ ᠤᠷᠳᠤᠰ ᠬᠤᠳᠠ᠂ ᠪᠠᠶᠠᠨᠨᠠᠭᠤᠷ ᠬᠤᠳᠠ᠂ ᠦᠬᠠᠢ ᠬᠤᠳᠠ᠂ ᠠᠯᠠᠱ᠌ᠠ ᠠᠶ᠋ᠢᠮᠠᠭ ᠪᠠᠭᠲᠠᠨ᠎ᠠ; ᠬᠣᠶᠠᠳᠤᠭ᠋ᠠᠷ ᠪᠦᠯᠦᠭ᠎ᠤᠨ ᠲᠣᠭᠣᠷᠢᠨ ᠪᠠᠶ᠋ᠢᠴᠠᠭ᠋ᠠᠬᠤ ᠠᠶ᠋ᠢᠮᠠᠭ ᠬᠣᠲᠠ᠎ᠨᠢ᠄ ᠬᠥᠯᠥᠨ ᠪᠣᠶ᠋ᠢᠷ ᠬᠣᠲᠠ  (ᠮᠠᠨᠵᠤᠤᠷ ᠬᠣᠲᠠ ᠪᠠᠭᠲᠠᠨ᠎ᠠ)᠂ ᠬᠢᠩᠭ᠋ᠠᠨ ᠠᠶ᠋ᠢᠮᠠᠭ᠂ ᠲᠦᠩᠯᠢᠶᠣᠤ ᠬᠣᠲᠠ᠂ ᠤᠯᠠᠭ᠋ᠠᠨᠬᠠᠳᠠ ᠬᠣᠲᠠ᠂ ᠰᠢᠯᠢ ᠵᠢᠨ ᠭᠣᠤᠯ ᠠᠶ᠋ᠢᠮᠠᠭ (ᠡᠷᠢᠶᠡᠨ ᠬᠣᠲᠠ ᠪᠠᠭᠲᠠᠨ᠎ᠠ)᠃
      ᠭᠤᠷᠪᠠ᠂ ᠪᠠᠢ᠌ᠴᠠᠭ᠋ᠠᠯᠳᠠ ᠵᠢᠨ ᠴᠠᠭ ᠬᠤᠭᠤᠴᠠᠭ᠎ᠠ
      ᠲᠣᠭᠣᠷᠢᠨ ᠪᠠᠢ᠌ᠴᠠᠭ᠋ᠠᠯᠲᠠ ᠵᠢ 7 ᠳ᠋ᠤᠭ᠋ᠠᠷ ᠰᠠᠷ᠎ᠠ ᠵᠢᠨ ᠳᠤᠮᠳᠠᠴᠢ᠎ᠪᠠᠷ ᠡᠬᠢᠯᠡᠭᠦᠯᠵᠦ᠂ ᠪᠣᠳᠠᠲᠠᠶ ᠴᠠᠭ᠂ ᠪᠣᠯᠪᠠᠰᠤᠷᠠᠭᠤᠯᠬᠤ ᠭᠠᠵᠠᠷ ᠵᠢᠴᠢ ᠳᠤᠭᠤᠶ᠋ᠢᠯᠠᠩ ᠬᠤᠪᠢᠶᠠᠬᠤ ᠵᠢ ᠠᠰ᠎ᠲᠤᠨᠢ ᠮᠡᠳᠡᠭᠳᠡᠨ᠎ᠡ᠃ ᠡᠯ᠎ᠡ ᠠᠶ᠋ᠢᠮᠠᠭ ᠬᠣᠲᠠ 7 ᠳ᠋ᠤᠭ᠋ᠠᠷ ᠰᠠᠷ᠎ᠠ ᠵᠢᠨ 6᠎ᠤ ᠡᠳᠦᠷ᠎ᠠᠴᠠ ᠡᠮᠦᠨ᠎ᠡ ᠲᠣᠭᠣᠷᠢᠨ ᠪᠠᠢ᠌ᠴᠠᠭ᠋ᠠᠯᠲᠠ᠎ᠳᠤ ᠰᠣᠩᠭᠣᠨ ᠲᠣᠮᠢᠯᠠᠭᠰᠠᠨ ᠬᠥᠮᠦᠰ᠎ᠤᠨ ᠨᠡᠷᠡᠰ᠎ᠢ ᠮᠠᠨ᠎ᠤ ᠲᠢᠩᠬᠢᠮ᠎ᠤᠨ ᠣᠷᠣᠨ ᠰᠠᠭᠤᠴᠠ ᠵᠢᠨ ᠪᠠᠲᠤᠯᠠᠭ᠎ᠠ ᠵᠢᠨ ᠭᠠᠵᠠᠷ᠎ᠲᠤ ᠮᠡᠳᠡᠭᠦᠯᠬᠦ ᠬᠡᠷᠡᠭᠲᠡᠶ᠃
      ᠬᠠᠷᠢᠯᠴᠠᠬᠤ ᠬᠥᠮᠦᠨ᠄ ᠯᠢ ᠯᠢᠶᠠᠩ
      ᠤᠲᠠᠰᠤ᠄ 0471 - 6945521
      ᠹᠠᠺᠰ᠄ 0471 - 6920027
      ᠢᠮᠧᠯ᠄ nmgfwb 123 @ 163 . com
      ᠳᠥᠷᠪᠡ᠂ ᠲᠣᠭᠣᠷᠢᠨ ᠪᠠᠶ᠋ᠢᠴᠠᠭ᠋ᠠᠬᠤ᠎ᠳᠤ ᠪᠠᠶ᠋ᠢᠴᠠᠭ᠋ᠠᠨ ᠦᠵᠡᠬᠦ ᠭᠣᠣᠯᠳᠠᠯᠭ᠎ᠠ᠎ᠲᠠᠢ ᠮᠠᠲ᠋ᠧᠷᠢᠶᠠᠯ
      ᠡᠯ᠎ᠡ ᠭᠠᠵᠠᠷ᠎ᠤᠨ᠎ᠬᠢᠨ ᠲᠣᠰ ᠤᠳᠠᠭ᠋ᠠᠨ᠎ᠤ ᠲᠣᠭᠣᠷᠢᠨ ᠪᠠᠶ᠋ᠢᠴᠠᠭ᠋ᠠᠬᠤ ᠠᠵᠢᠯ᠎ᠢ ᠢᠳᠡᠪᠬᠢᠲᠡᠶ ᠳᠡᠮᠵᠢᠨ ᠬᠠᠮᠵᠢᠯᠴᠠᠬᠤ ᠬᠡᠷᠡᠭᠲᠡᠶ᠃ ᠪᠠᠢ᠌ᠴᠠᠭ᠋ᠠᠭᠳᠠᠵᠤ ᠪᠠᠶ᠋ᠢᠭ᠎ᠠ ᠭᠠᠵᠠᠷ ᠣᠷᠣᠨ᠎ᠨᠤᠭᠤᠳ 2015 ᠣᠨ᠎ᠤ ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ ᠵᠢᠨ ᠪᠦᠲᠦᠭᠡᠨ ᠪᠠᠶ᠋ᠢᠭᠤᠯᠤᠯᠲᠠ ᠵᠢᠨ ᠡᠭᠦᠷᠭᠡ ᠵᠢᠨ ᠵᠠᠳᠠᠯᠤᠯᠳᠠ ᠵᠢᠨ ᠬᠦᠰᠦᠨᠦᠭᠲᠦ ᠪᠣᠯᠤᠨ ᠲᠥᠷᠥᠯ ᠵᠦᠢ᠍ᠯ᠎ᠤᠨ ᠨᠠᠷᠢᠨ ᠬᠠᠭᠤᠳᠠᠰᠤ (ᠬᠣᠰᠢᠭᠤ᠂ ᠰᠢᠶᠠᠨ ᠵᠶ᠋ᠠᠷ ᠨᠢᠭᠡᠴᠢ ᠪᠣᠯᠭ᠋ᠠᠨ᠎ᠠ)᠂ ᠲᠥᠷᠥᠯ ᠵᠦᠢ᠍ᠯ᠎ᠤᠨ ᠬᠠᠮᠢᠶ᠎ᠠ ᠪᠦᠬᠦᠢ ᠭᠠᠷᠳᠠᠮ (ᠬᠤᠳᠠᠯᠳᠤᠨ ᠠᠪᠬᠤ ᠭᠡᠷ᠎ᠡ ᠪᠤᠶᠤ ᠵᠥᠪᠳᠡᠯᠴᠡᠬᠡᠷ᠂ ᠲᠠᠲᠠᠪᠤᠷᠢᠯᠠᠬᠤ ᠨᠥᠬᠥᠪᠥᠷᠢᠯᠡᠬᠦ ᠲᠥᠪᠬᠢᠨᠡᠭᠦᠯᠬᠦ ᠵᠥᠪᠯᠡᠯᠴᠡᠭᠡᠷ ᠪᠠᠭᠲᠠᠨ᠎ᠠ) ᠵᠢᠴᠢ ᠪᠤᠰᠤᠳ ᠬᠠᠩᠭ᠋ᠠᠬᠤ ᠴᠢᠬᠤᠯᠠ᠎ᠲᠠᠢ ᠮᠠᠲ᠋ᠧᠷᠢᠶᠠᠯ᠎ᠢ ᠴᠠᠭ ᠲᠤᠬᠠᠶ᠎ᠳᠤᠨᠢ ᠬᠠᠩᠭ᠋ᠠᠬᠤ ᠬᠡᠷᠡᠭᠲᠡᠶ᠃ ᠬᠣᠰᠢᠭᠤ᠂ ᠰᠢᠶᠠᠨ (ᠬᠣᠲᠠ᠂ ᠲᠣᠭᠣᠷᠢᠭ) ᠵᠶ᠋ᠠᠷ ᠨᠢᠭᠡᠴᠡ ᠪᠣᠯᠭ᠋ᠠᠨ ᠳᠥᠭᠥᠮ ᠪᠦᠳᠦᠴᠡᠳᠦ ᠣᠷᠣᠨ ᠰᠠᠭᠤᠴᠠ ᠵᠢᠨ ᠲᠣᠭᠣᠷᠢᠭ᠎ᠢ ᠥᠭᠡᠷᠡᠴᠢᠯᠡᠨ ᠰᠢᠨᠡᠳᠬᠡᠬᠦ ᠪᠠ ᠣᠯᠠᠨ ᠨᠡᠶ᠋ᠢᠲᠡ ᠵᠢᠨ ᠲᠦᠷᠢᠶᠡᠰᠦᠯᠡᠯ᠎ᠤᠨ ᠪᠠᠶ᠋ᠢᠰᠢᠩ᠎ᠤᠨ ᠪᠤᠶ ᠪᠦᠬᠦᠢ ᠲᠥᠷᠥᠯ ᠵᠦᠢ᠍ᠯ᠎ᠤᠨ ᠲᠣᠭᠣᠷᠢᠨ ᠪᠠᠶ᠋ᠢᠴᠠᠭ᠋ᠠᠬᠤ ᠬᠦᠰᠦᠨᠦᠭᠲᠦ ᠵᠢ ᠤᠷᠢᠳᠴᠢᠯᠠᠨ ᠲᠠᠭᠯᠠᠨ᠎ᠠ᠃
      ᠳᠠᠭ᠋ᠠᠯᠳᠤᠭᠤᠯᠤᠯ᠄
     1᠂ 《2015 ᠤᠨ᠎ᠤ ᠳᠥᠭᠥᠮ ᠪᠦᠳᠦᠴᠡᠳᠦ ᠣᠷᠣᠨ ᠰᠠᠭᠤᠴᠠ ᠵᠢ ᠥᠭᠡᠷᠡᠴᠢᠯᠡᠬᠦ ᠪᠠ ᠣᠯᠠᠨ ᠨᠡᠶ᠋ᠢᠲᠡ ᠵᠢᠨ ᠲᠦᠷᠢᠶᠡᠰᠦᠨ ᠪᠠᠶ᠋ᠢᠰᠢᠩ᠎ᠤᠨ ᠲᠦᠷᠦᠯ ᠵᠦᠢ᠍ᠯ᠎ᠤᠨ ᠲᠤᠭᠤᠷᠢᠨ ᠪᠠᠢ᠌ᠴᠠᠭ᠋ᠠᠬᠤ ᠬᠦᠰᠦᠨᠦᠭᠳᠦ》
     2᠂ 《ᠲᠣᠭᠣᠷᠢᠨ ᠪᠠᠶ᠋ᠢᠴᠠᠭ᠋ᠠᠬᠤ ᠠᠵᠢᠯᠲᠠᠨ᠎ᠤ ᠨᠡᠷ᠎ᠡ ᠮᠡᠳᠡᠭᠦᠯᠬᠦ ᠬᠦᠰᠦᠨᠦᠭᠲᠦ》
                                 

                            2015 ᠣᠨ᠎ᠤ 6 ᠳ᠋ᠤᠭ᠋ᠠᠷ ᠰᠠᠷ᠎ᠠ ᠵᠢᠨ 29᠎ᠤ ᠡᠳᠦᠷ

ᠢᠷᠡᠯᠲᠡ᠄ ᠣᠷᠣᠨ ᠰᠠᠭᠤᠴᠠ ᠪᠠ ᠬᠣᠲᠠ ᠬᠦᠳᠡᠭᠡ ᠵᠢᠨ ᠪᠦᠲᠦᠭᠡᠨ ᠪᠠᠢ᠌ᠭᠣᠯᠣᠯᠲᠠ ᠵᠢᠨ ᠲᠢᠩᠬᠢᠮ