ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠳᠤᠮᠳᠠᠳᠤ ᠤᠯᠤᠰ᠎ᠤᠨ ᠪᠠᠩᠬᠢ ᠵᠢᠨ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠥᠪᠥᠷ ᠮᠣᠩᠭᠣᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠯᠤᠭ᠎ᠠ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠴᠠᠯᠢᠩ᠎ᠤᠨ ᠪᠠᠲᠤᠯᠠᠭ᠎ᠠ ᠵᠢᠨ ᠮᠥᠩᠭᠥ ᠵᠢᠨ ᠪᠠᠩᠬᠢ ᠵᠢᠨ ᠪᠠᠲᠤᠯᠠᠯᠲᠠ ᠵᠢᠨ ᠪᠢᠴᠢᠭ ᠪᠠ ᠪᠠᠲᠤᠯᠠᠭ᠎ᠠ ᠵᠢᠨ ᠳᠠᠭ᠋ᠠᠳᠬᠠᠯ᠎ᠤᠨ ᠬᠡᠷᠡᠭᠵᠢᠭᠦᠯᠬᠦ ᠠᠷᠭ᠎ᠠ (ᠲᠤᠷᠰᠢᠨ ᠬᠡᠷᠡᠭᠵᠢᠭᠦᠯᠬᠦ)》 ᠵᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠪᠠ᠃
《ᠠᠷᠭ᠎ᠠ》᠎ᠳᠤ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠪᠠᠩᠬᠢ ᠵᠢᠨ ᠪᠠᠲᠤᠯᠠᠯᠲᠠ ᠵᠢᠨ ᠪᠢᠴᠢᠭ᠎ᠢ ᠭᠦᠢ᠍ᠴᠡᠳᠭᠡᠬᠦ ᠪᠠ ᠳᠠᠭ᠋ᠠᠳᠬᠠᠯ᠎ᠤᠨ ᠪᠠᠲᠤᠯᠠᠭ᠎ᠠ ᠵᠢᠨ ᠮᠥᠩᠭᠥ ᠵᠢ ᠣᠷᠣᠯᠠᠭᠤᠯᠬᠤ ᠶᠠᠪᠤᠴᠠ ᠵᠢ ᠪᠠᠲᠤᠯᠠᠬᠤ ᠪᠠ ᠡᠯ᠎ᠡ ᠰᠠᠯᠠᠭ᠎ᠠ ᠮᠥᠴᠢᠷ᠎ᠤᠨ ᠲᠤᠰᠢᠶᠠᠯ ᠬᠠᠷᠢᠭᠤᠴᠠᠯᠭ᠎ᠠ ᠵᠢ ᠲᠣᠭᠲᠠᠭ᠋ᠠᠵᠤ᠂ ᠲᠣᠰ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠳᠤ ᠳᠠᠭ᠋ᠠᠭ᠋ᠠᠴᠢᠯᠠᠨ ᠪᠠᠶ᠋ᠢᠭᠤᠯᠤᠭᠰᠠᠨ ᠦᠨᠡᠨ ᠨᠡᠷ᠎ᠡ ᠵᠢᠨ ᠲᠦᠷᠢᠮ᠎ᠤᠨ ᠮᠡᠳᠡᠭᠡ ᠵᠠᠩᠭᠢ ᠵᠢᠨ ᠲᠠᠪᠴᠠᠩ᠎ᠳᠤ ᠬᠡᠷᠡᠭᠵᠢᠭᠦᠯᠦᠨ ᠬᠠᠮᠢᠶᠠᠷᠬᠤ ᠪᠣᠶ ᠪᠥᠬᠥᠶ ᠢᠨᠵᠧᠨᠧᠷᠢᠩ᠎ᠢ ᠨᠢᠭᠡ ᠬᠤᠪᠢ ᠳᠠᠭ᠋ᠠᠭ᠋ᠠᠯᠲᠠ ᠵᠢᠨ ᠵᠠᠬᠢᠳᠠᠯ ᠵᠶ᠋ᠠᠷ ᠪᠥᠷᠬᠥᠭᠦᠯᠬᠦ ᠵᠢ ᠲᠣᠳᠣᠷᠬᠠᠶ᠋ᠢᠯᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠠᠵᠢᠯᠴᠢᠨ᠎ᠤ ᠦᠨᠡᠨ ᠨᠡᠷ᠎ᠡ ᠵᠢᠨ ᠲᠦᠷᠢᠮ᠎ᠤᠨ ᠲᠠᠪᠴᠠᠩ ᠵᠶ᠋ᠠᠷ ᠳᠠᠮᠵᠢᠭᠤᠯᠤᠨ ᠳᠠᠭ᠋ᠠᠳᠬᠠᠯ᠎ᠤᠨ ᠬᠠᠭᠤᠳᠠᠰᠤ ᠵᠢᠨ ᠲᠠᠪᠴᠠᠩ᠎ᠤᠨ ᠦᠨᠡᠨ ᠪᠠᠶ᠋ᠢᠳᠠᠯ᠎ᠢ ᠰᠢᠯᠭ᠋ᠠᠬᠤ ᠪᠠ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠵᠢ ᠪᠠᠲᠤᠯᠠᠨ᠎ᠠ᠃
ᠠᠵᠤ ᠠᠬᠤᠶ᠋ᠢᠯᠠᠯ᠎ᠤᠨ ᠴᠠᠯᠢᠩ᠎ᠤᠨ ᠪᠠᠲᠤᠯᠠᠭ᠎ᠠ ᠵᠢᠨ ᠮᠥᠩᠭᠥ ᠵᠢᠨ ᠪᠠᠩᠬᠢ ᠵᠢᠨ ᠪᠠᠳᠤᠯᠠᠭ᠎ᠠ ᠪᠠ ᠳᠠᠭ᠋ᠠᠳᠬᠠᠯ᠎ᠤᠨ ᠨᠡᠶ᠋ᠢᠭᠡᠮ᠎ᠤᠨ ᠢᠲᠡᠭᠡᠮᠵᠢ᠂ ᠪᠠᠷᠢᠯᠭ᠎ᠠ ᠵᠢᠨ ᠳᠠᠭ᠋ᠠᠭ᠋ᠠᠯᠲᠠ᠂ ᠳᠠᠭ᠋ᠠᠳᠬᠠᠯ ᠵᠡᠷᠭᠡ ᠵᠠᠬ᠎ᠠ ᠳᠡᠯᠭᠡᠭᠦᠷ᠎ᠤᠨ ᠲᠣᠭᠲᠠᠴᠠ ᠵᠢᠨ ᠦᠢ᠍ᠯᠡᠳᠦᠯ᠎ᠢ ᠶᠡᠷᠦᠩᠬᠡᠶ᠋ᠢᠯᠡᠨ ᠪᠠᠳᠠᠷᠠᠭᠤᠯᠬᠤ ᠵᠢ ᠪᠠᠲᠤᠯᠠᠵᠤ᠂ 《ᠵᠢᠷᠭᠤᠭ᠎ᠠ ᠵᠢ ᠲᠣᠭᠲᠠᠪᠤᠷᠢᠵᠢᠭᠤᠯᠬᠤ》᠂ 《ᠵᠢᠷᠭᠤᠭ᠎ᠠ ᠵᠢ ᠪᠠᠲᠤᠯᠠᠬᠤ》 ᠠᠵᠢᠯ᠎ᠤᠨ ᠡᠭᠦᠷᠭᠡ ᠵᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠂ ᠠᠵᠤ ᠠᠬᠤᠶ᠋ᠢᠯᠠᠯ᠎ᠤᠨ ᠠᠵᠢᠯ ᠦᠢ᠍ᠯᠡᠳᠪᠦᠷᠢᠯᠡᠯ ᠵᠶ᠋ᠠᠨ ᠰᠡᠷᠭᠦᠭᠡᠬᠦ᠎ᠳᠤ ᠬᠦᠴᠦᠨ ᠨᠡᠮᠡᠷᠢᠯᠡᠵᠦ᠂ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠪᠠᠯᠠ ᠮᠥᠩᠭᠥ ᠵᠢᠨ ᠥᠪᠡᠷ᠎ᠤᠨ ᠥᠷᠲᠡᠭ᠎ᠢ ᠪᠦᠲᠦᠮᠵᠢᠲᠡᠶ ᠪᠠᠭᠤᠷᠠᠭᠤᠯᠤᠨ᠂ ᠪᠠᠷᠢᠯᠭ᠎ᠠ ᠵᠢᠨ ᠦᠢ᠍ᠯᠡᠰ᠎ᠤᠨ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠵᠢ ᠠᠬᠢᠭᠤᠯᠪᠠ᠃