ᠲᠦᠷᠦᠭᠦᠬᠡᠨ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠎ᠠᠴᠠ 《ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠤᠨᠳᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠲᠣᠭᠲᠠᠭ᠋ᠠᠯ》᠎ᠢ ᠨᠡᠶ᠋ᠢᠲᠡᠯᠡᠪᠡ᠃ ᠲᠣᠭᠲᠠᠭ᠋ᠠᠯ᠎ᠢ ᠤᠨᠴᠠᠭ᠋ᠠᠢ ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠤᠨᠳᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠬᠤ᠂ ᠭᠠᠯ ᠤᠨᠳᠠᠷᠠᠭ᠋ᠠᠬᠤ ᠵᠢ ᠰᠢᠯᠭ᠋ᠠᠨ ᠠᠪᠬᠤ ᠵᠢᠴᠢ ᠪᠤᠰᠤᠳ ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠤᠨᠳᠠᠷᠠᠭ᠋ᠠᠬᠤ ᠵᠢ ᠰᠢᠯᠭ᠋ᠠᠨ ᠠᠪᠬᠤ ᠵᠢ ᠳᠠᠩᠰᠠᠯᠠᠬᠤ᠂ ᠰᠤᠭᠤᠴᠢᠨ ᠪᠠᠶ᠋ᠢᠴᠠᠭ᠋ᠠᠬᠤ᠎ᠳᠤ ᠬᠡᠷᠡᠭᠯᠡᠨ᠎ᠡ᠂ 2020 ᠣᠨ᠎ᠤ 6 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃
《ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠤᠨᠳᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠲᠣᠭᠲᠠᠭ᠋ᠠᠯ》᠎ᠤᠨ ᠪᠥᠬᠥ ᠠᠭᠤᠯᠭ᠎ᠠ᠎ᠨᠢ ᠳᠣᠤᠷᠠᠬᠢ ᠮᠡᠲᠦ᠄
ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠤᠨᠳᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠲᠣᠭᠲᠠᠭ᠋ᠠᠯ
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠤᠨᠳᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠬᠠᠮᠢᠶᠠᠷᠤᠯᠲᠠ ᠵᠢ ᠴᠢᠩᠭ᠋ᠠᠳᠬᠠᠨ᠂ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠰᠡᠷᠭᠡᠢ᠌ᠯᠡᠬᠦ ᠵᠢᠷᠤᠭ ᠲᠥᠯᠥᠪᠯᠡᠭᠡ᠂ ᠪᠠᠷᠢᠯᠭ᠎ᠠ ᠵᠢᠨ ᠶᠠᠰᠤ ᠴᠢᠨᠠᠷ᠎ᠢ ᠪᠠᠲᠤᠯᠠᠬᠤ ᠵᠢᠨ ᠲᠤᠰᠠᠳᠠ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠪᠠᠷᠢᠯᠭ᠎ᠠ ᠵᠢᠨ ᠬᠠᠤᠯᠢ》 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠯ ᠤᠨᠲᠠᠷᠠᠭ᠋ᠠᠬᠤ ᠬᠠᠤᠯᠢ》 《ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠳᠦᠷᠢᠮ》 ᠵᠡᠷᠭᠡ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠢ ᠦᠨᠳᠦᠰᠦᠯᠡᠨ᠂ ᠲᠤᠰ ᠲᠣᠭᠲᠠᠭ᠋ᠠᠯ᠎ᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠤᠨᠴᠠᠭ᠋ᠠᠢ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠬᠤ᠂ ᠭᠠᠯ ᠤᠨᠲᠠᠷᠠᠭ᠋ᠠᠬᠤ ᠵᠢ ᠰᠢᠯᠭ᠋ᠠᠨ ᠠᠪᠬᠤ ᠵᠢᠴᠢ ᠪᠤᠰᠤᠳ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠤᠨᠲᠠᠷᠠᠭ᠋ᠠᠬᠤ ᠵᠢ ᠰᠢᠯᠭ᠋ᠠᠨ ᠠᠪᠬᠤ ᠵᠢ ᠳᠠᠩᠰᠠᠯᠠᠬᠤ (ᠳᠣᠷᠣᠭᠰᠢ ᠳᠠᠩᠰᠠᠯᠠᠭᠤᠯᠬᠤ ᠭᠡᠵᠦ ᠲᠣᠪᠴᠢᠯᠠᠨ᠎ᠠ)᠎ᠳᠤ᠂ ᠰᠤᠭᠤᠴᠢᠨ ᠪᠠᠶ᠋ᠢᠴᠠᠭ᠋ᠠᠬᠤ᠎ᠳᠤ ᠲᠤᠰ ᠲᠣᠭᠲᠠᠭ᠋ᠠᠯ ᠲᠣᠬᠢᠷᠠᠨ᠎ᠠ᠃
ᠲᠤᠰ ᠲᠣᠭᠲᠠᠭ᠋ᠠᠯ᠎ᠳᠤ ᠬᠡᠯᠡᠵᠦ ᠪᠠᠶ᠋ᠢᠭ᠎ᠠ ᠣᠨᠴᠠᠭ᠋ᠠᠢ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠭᠡᠳᠡᠭ᠎ᠨᠢ ᠲᠤᠰ ᠲᠣᠭᠲᠠᠭ᠋ᠠᠯ᠎ᠤᠨ ᠠᠷᠪᠠᠨ ᠳᠥᠷᠪᠡᠳᠦᠭᠡᠷ ᠵᠦᠢ᠍ᠯ᠎ᠳᠤ ᠵᠢᠭᠰᠠᠭ᠋ᠠᠭᠰᠠᠨ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢ ᠵᠢᠭ᠋ᠠᠵᠤ ᠪᠠᠶ᠋ᠢᠨ᠎ᠠ᠃
ᠲᠤᠰ ᠲᠣᠭᠲᠠᠭ᠋ᠠᠯ᠎ᠳᠤ ᠬᠡᠯᠡᠵᠦ ᠪᠠᠶ᠋ᠢᠭ᠎ᠠ ᠪᠤᠰᠤᠳ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠭᠡᠳᠡᠭ᠎ᠨᠢ ᠤᠨᠴᠠᠭ᠋ᠠᠢ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ᠎ᠠᠴᠠ ᠭᠠᠳᠠᠨᠠᠬᠢ ᠤᠯᠤᠰ᠎ᠤᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠭᠠᠯ ᠤᠨᠲᠠᠷᠠᠭ᠋ᠠᠬᠤ ᠮᠡᠷᠭᠡᠵᠢᠯ᠎ᠤᠨ ᠪᠠᠷᠢᠮᠵᠢᠶ᠎ᠠ ᠶᠣᠰᠣᠭ᠋ᠠᠷ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠬᠢᠬᠦ ᠴᠢᠬᠤᠯᠠᠲᠠᠢ ᠪᠤᠰᠤᠳ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢ ᠵᠢᠭ᠋ᠠᠵᠤ ᠪᠤᠶ᠃
ᠭᠤᠷᠪᠠᠳᠤᠭ᠋ᠠᠷ ᠵᠦᠢ᠍ᠯ ᠲᠥᠷᠥ ᠵᠢᠨ ᠶᠠᠪᠤᠳᠠᠯ᠎ᠤᠨ ᠬᠣᠷᠢᠶᠠᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠪᠦᠬᠦ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠠᠵᠢᠯ᠎ᠢ ᠬᠠᠷᠢᠭᠤᠴᠠᠨ ᠬᠢᠨᠠᠯᠳᠠ ᠲᠠᠯᠪᠢᠨ ᠵᠢᠯᠤᠭᠤᠳᠤᠨ᠎ᠠ᠃
ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ (ᠳᠣᠷᠣᠭᠰᠢ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠭᠡᠵᠦ ᠲᠣᠪᠴᠢᠯᠠᠨ᠎ᠠ)᠎ᠨᠢ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠲᠤᠰ ᠵᠠᠰᠠᠭ ᠵᠠᠬᠢᠷᠭ᠋ᠠᠨ᠎ᠤ ᠣᠷᠣᠨ᠎ᠤ ᠬᠡᠪᠴᠢᠶᠡᠨ ᠳᠣᠲᠣᠷᠠᠬᠢ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠬᠤ᠂ ᠭᠠᠯ ᠤᠨᠲᠠᠷᠠᠭ᠋ᠠᠬᠤ ᠵᠢ ᠰᠢᠯᠭ᠋ᠠᠨ ᠠᠪᠬᠤ᠂ ᠳᠠᠩᠰᠠᠯᠠᠭᠤᠯᠬᠤ ᠪᠠ ᠰᠤᠭᠤᠴᠢᠨ ᠪᠠᠶ᠋ᠢᠴᠠᠭ᠋ᠠᠬᠤ ᠠᠵᠢᠯ᠎ᠢ ᠡᠭᠦᠷᠭᠡᠯᠡᠨ᠎ᠡ᠃
ᠵᠠᠰᠠᠭ ᠵᠠᠬᠢᠷᠭ᠋ᠠᠨ᠎ᠤ ᠣᠷᠣᠨ ᠠᠯᠤᠰᠯᠠᠭᠰᠠᠨ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠬᠤ᠂ ᠭᠠᠯ ᠤᠨᠲᠠᠷᠠᠭ᠋ᠠᠬᠤ ᠵᠢ ᠰᠢᠯᠭ᠋ᠠᠨ ᠠᠪᠬᠤ᠂ ᠳᠠᠩᠰᠠᠯᠠᠬᠤ ᠪᠠ ᠰᠤᠭᠤᠴᠢᠨ ᠪᠠᠶ᠋ᠢᠴᠠᠭ᠋ᠠᠬᠤ ᠠᠵᠢᠯ᠎ᠢ ᠲᠤᠰ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠪᠠᠶ᠋ᠢᠭ᠎ᠠ ᠭᠠᠵᠠᠷ᠎ᠤᠨ ᠵᠠᠰᠠᠭ ᠵᠠᠬᠢᠷᠭ᠋ᠠᠨ᠎ᠤ ᠣᠷᠣᠨ᠎ᠤ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠳᠤᠪᠡᠷ ᠳᠡᠭᠡᠷ᠎ᠡ ᠨᠢᠭᠡ ᠱᠠᠲᠤᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠢᠭ᠋ᠠᠨ ᠲᠣᠭᠲᠠᠭ᠋ᠠᠵᠤ ᠬᠠᠷᠢᠭᠤᠴᠠᠭᠤᠯᠤᠨ᠎ᠠ᠃
ᠳᠥᠷᠪᠡᠳᠦᠭᠡᠷ ᠵᠦᠢ᠍ᠯ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠢᠨᠲᠸᠷ ᠰᠦᠯᠵᠢᠶᠡᠨ᠎ᠤ ᠮᠡᠷᠭᠡᠵᠢᠯ ᠵᠡᠷᠭᠡ ᠮᠡᠳᠡᠭᠡ ᠵᠠᠩᠬᠢᠵᠢᠯᠲᠠ ᠵᠢᠨ ᠠᠷᠭ᠎ᠠ ᠪᠠᠷᠢᠯ᠎ᠢ ᠬᠡᠷᠡᠭᠯᠡᠨ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠬᠤ᠂ ᠭᠠᠯ ᠤᠨᠲᠠᠷᠠᠭ᠋ᠠᠬᠤ ᠵᠢ ᠰᠢᠯᠭ᠋ᠠᠨ ᠠᠪᠬᠤ᠂ ᠳᠠᠩᠰᠠᠯᠠᠬᠤ ᠪᠠ ᠰᠤᠭᠤᠴᠢᠨ ᠪᠠᠶ᠋ᠢᠴᠠᠭ᠋ᠠᠬᠤ ᠠᠵᠢᠯ᠎ᠢ ᠥᠷᠨᠢᠭᠦᠯᠵᠦ᠂ ᠬᠣᠯᠪᠣᠭᠳᠠᠯ ᠪᠦᠬᠦᠢ ᠨᠢᠭᠡᠴᠡ ᠪᠣᠯᠤᠨ ᠠᠵᠢᠯᠯᠠᠭᠰᠠᠳ᠎ᠤᠨ ᠢᠲᠡᠭᠡᠮᠵᠢ ᠵᠢᠨ ᠬᠠᠮᠢᠶᠠᠷᠤᠯᠲᠠ ᠵᠢᠨ ᠳᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠲᠠᠰᠤᠷᠠᠯᠲᠠ ᠤᠢ᠍ᠭᠡᠢ ᠲᠡᠭᠡᠭᠰᠢᠯᠡᠭᠦᠯᠦᠨ᠎ᠡ᠃
ᠲᠠᠪᠤᠳᠤᠭ᠋ᠠᠷ ᠵᠦᠢ᠍ᠯ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠵᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠬᠤ᠂ ᠭᠠᠯ ᠤᠨᠲᠠᠷᠠᠭ᠋ᠠᠬᠤ ᠵᠢ ᠰᠢᠯᠭ᠋ᠠᠨ ᠠᠪᠬᠤ᠂ ᠳᠠᠩᠰᠠᠯᠠᠭᠤᠯᠬᠤ ᠪᠠ ᠰᠤᠭᠤᠴᠢᠨ ᠪᠠᠶ᠋ᠢᠴᠠᠭ᠋ᠠᠬᠤ ᠠᠵᠢᠯ᠎ᠢ ᠬᠡᠷᠡᠭᠵᠢᠭᠦᠯᠬᠦ᠎ᠳᠤ ᠬᠡᠷᠡᠭᠰᠡᠬᠦ ᠵᠠᠷᠤᠳᠠᠯ᠎ᠢ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 ᠵᠡᠷᠭᠡ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
ᠵᠢᠷᠭᠤᠳᠤᠭ᠋ᠠᠷ ᠵᠦᠢ᠍ᠯ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠭᠠᠯ ᠤᠨᠲᠠᠷᠠᠭ᠋ᠠᠬᠤ ᠵᠢ ᠰᠢᠯᠭ᠋ᠠᠨ ᠠᠪᠤᠭᠰᠠᠨ᠂ ᠳᠠᠩᠰᠠᠯᠠᠭᠤᠯᠤᠭᠰᠠᠨ ᠪᠠ ᠰᠤᠭᠤᠴᠢᠨ ᠪᠠᠶ᠋ᠢᠴᠠᠭ᠋ᠠᠭᠰᠠᠨ ᠪᠠᠶ᠋ᠢᠳᠠᠯ ᠵᠶ᠋ᠠᠨ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠪᠠᠶ᠋ᠢᠭᠤᠯᠤᠮᠵᠢ᠎ᠳᠤ ᠴᠠᠭ ᠲᠤᠬᠠᠶ᠎ᠳᠤᠨᠢ ᠮᠡᠳᠡᠭᠳᠡᠬᠦ ᠵᠢᠨ ᠬᠠᠮᠲᠤ᠂ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠪᠠᠶ᠋ᠢᠭᠤᠯᠤᠮᠵᠢ᠎ᠯᠤᠭ᠎ᠠ ᠪᠠᠷᠢᠯᠭ᠎ᠠ ᠵᠢᠨ ᠬᠠᠪᠲᠠᠭ᠋ᠠᠶ ᠵᠢᠷᠤᠭ᠂ ᠭᠠᠯ ᠤᠨᠲᠠᠷᠠᠭ᠋ᠠᠬᠤ ᠲᠦᠭᠦᠭᠡᠷᠦᠮᠵᠢ ᠵᠢᠨ ᠪᠠᠶ᠋ᠢᠷᠢᠯᠠᠭᠤᠯᠤᠯᠲᠠ ᠵᠢᠨ ᠬᠠᠪᠲᠠᠭ᠋ᠠᠶ ᠵᠢᠷᠤᠭ᠂ ᠭᠠᠯ ᠤᠨᠲᠠᠷᠠᠭ᠋ᠠᠬᠤ ᠲᠦᠭᠦᠭᠡᠷᠦᠮᠵᠢ ᠵᠢᠨ ᠰᠢᠰᠲᠸᠮ᠎ᠤᠨ ᠵᠢᠷᠤᠭ ᠵᠡᠷᠭᠡ ᠮᠠᠲᠸᠷᠢᠶᠠᠯ᠎ᠢ ᠬᠠᠮᠲᠤ᠎ᠳᠠᠭᠠᠨ ᠡᠳ᠋ᠯᠡᠨ᠎ᠡ᠃
ᠳᠣᠯᠣᠳᠤᠭ᠋ᠠᠷ ᠵᠦᠢ᠍ᠯ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠠᠵᠢᠯ᠎ᠢ ᠬᠢᠵᠦ ᠪᠠᠶ᠋ᠢᠭ᠎ᠠ ᠠᠵᠢᠯᠲᠠᠨ ᠵᠢᠴᠢ ᠪᠦᠲᠦᠭᠡᠨ ᠪᠠᠶ᠋ᠢᠭᠤᠯᠤᠯᠲᠠ᠂ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ᠂ ᠪᠠᠷᠢᠯᠭ᠎ᠠ ᠵᠢᠨ ᠬᠢᠨᠠᠯᠲᠠ ᠬᠠᠮᠢᠶᠠᠷᠤᠯᠲᠠ᠂ ᠮᠡᠷᠭᠡᠵᠢᠯ᠎ᠤᠨ ᠦᠢ᠍ᠯᠡᠴᠢᠯᠡᠭᠡᠨ ᠵᠡᠷᠭᠡ ᠨᠢᠭᠡᠴᠡ᠎ᠳᠤ ᠠᠵᠢᠯᠯᠠᠭᠰᠠᠳ ᠬᠠᠷᠠᠭ᠋ᠠᠯᠵᠠᠭᠰᠠᠨ ᠲᠤᠰᠬᠠᠶ ᠮᠡᠷᠭᠡᠵᠢᠯ᠎ᠤᠨ ᠴᠢᠳᠠᠪᠤᠷᠢ ᠵᠢ ᠪᠦᠷᠢᠯᠳᠦᠭᠦᠯᠵᠦ᠂ ᠡᠷᠬᠢᠯᠡᠭᠰᠡᠨ ᠠᠵᠢᠯ᠎ᠤᠨ ᠪᠣᠯᠪᠠᠰᠤᠷᠠᠭᠤᠯᠤᠯ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠤᠷᠤᠯᠴᠠᠨ᠎ᠠ᠃
ᠬᠣᠶᠠᠳᠤᠭ᠋ᠠᠷ ᠪᠦᠯᠦᠭ ᠬᠣᠯᠪᠣᠭᠳᠠᠯ ᠪᠦᠬᠦᠢ ᠨᠢᠭᠡᠴᠡ ᠵᠢᠨ ᠭᠠᠯ ᠰᠡᠷᠭᠡᠶ᠋ᠢᠯᠡᠨ ᠤᠨᠲᠠᠷᠠᠭ᠋ᠠᠬᠤ ᠵᠢᠷᠤᠭ ᠲᠥᠯᠥᠪᠯᠡᠭᠡ᠂ ᠪᠠᠷᠢᠯᠭ᠎ᠠ ᠵᠢᠨ ᠠᠵᠢᠯ᠎ᠤᠨ ᠶᠠᠰᠤ ᠴᠢᠨᠠᠷ᠎ᠤᠨ ᠬᠠᠷᠢᠭᠤᠴᠠᠯᠭ᠎ᠠ ᠪᠠ ᠡᠭᠦᠷᠭᠡ
ᠨᠠᠢ᠍ᠮᠠᠳᠤᠭ᠋ᠠᠷ ᠵᠦᠢ᠍ᠯ ᠪᠦᠲᠦᠭᠡᠨ ᠪᠠᠶ᠋ᠢᠭᠤᠯᠤᠯᠲᠠ ᠵᠢᠨ ᠨᠢᠭᠡᠴᠡ᠎ᠨᠢ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠤᠨᠲᠠᠷᠠᠭ᠋ᠠᠬᠤ ᠵᠢᠷᠤᠭ ᠲᠥᠯᠥᠪᠯᠡᠭᠡ᠂ ᠪᠠᠷᠢᠯᠭ᠎ᠠ ᠵᠢᠨ ᠶᠠᠰᠤ ᠴᠢᠨᠠᠷ᠎ᠲᠤ ᠬᠠᠤᠯᠢ ᠶᠣᠰᠣᠭ᠋ᠠᠷ ᠲᠡᠷᠢᠭᠦᠨ ᠴᠢᠬᠤᠯᠠ ᠬᠠᠷᠢᠭᠤᠴᠠᠯᠭ᠎ᠠ ᠵᠢ ᠡᠭᠦᠷᠭᠡᠯᠡᠬᠦ ᠬᠡᠷᠡᠭᠲᠡᠶ᠃ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠪᠠᠷᠢᠯᠭ᠎ᠠ ᠬᠢᠨᠠᠬᠤ᠂ ᠮᠡᠷᠭᠡᠵᠢᠯ᠎ᠤᠨ ᠦᠢ᠍ᠯᠡᠴᠢᠯᠡᠭᠡ ᠵᠡᠷᠭᠡ ᠨᠢᠭᠡᠴᠡ᠎ᠨᠦᠭᠦᠳ ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠤᠨᠲᠠᠷᠠᠭ᠋ᠠᠬᠤ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ ᠶᠠᠰᠤ ᠴᠢᠨᠠᠷ᠎ᠲᠤ ᠭᠣᠤᠯ ᠴᠣᠭᠴᠠ ᠵᠢᠨ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠡᠭᠦᠷᠭᠡᠯᠡᠬᠦ ᠬᠡᠷᠡᠭᠲᠡᠶ᠃ ᠪᠦᠲᠦᠭᠡᠨ ᠪᠠᠶ᠋ᠢᠭᠤᠯᠤᠯᠲᠠ᠂ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠪᠠᠷᠢᠯᠭ᠎ᠠ ᠵᠢ ᠬᠢᠨᠠᠨ ᠬᠠᠮᠢᠶᠠᠷᠬᠤ᠂ ᠮᠡᠷᠭᠡᠵᠢᠯ᠎ᠤᠨ ᠦᠢ᠍ᠯᠡᠴᠢᠯᠡᠭᠡᠨ ᠵᠡᠷᠭᠡ ᠨᠢᠭᠡᠴᠡ ᠵᠢᠨ ᠠᠵᠢᠯᠯᠠᠭᠰᠠᠳ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠤᠨᠲᠠᠷᠠᠭ᠋ᠠᠬᠤ ᠵᠢᠷᠤᠭ ᠲᠥᠯᠥᠪᠯᠡᠭᠡ᠂ ᠪᠠᠷᠢᠯᠭ᠎ᠠ ᠵᠢᠨ ᠶᠠᠰᠤ ᠴᠢᠨᠠᠷ᠎ᠲᠤ ᠬᠠᠷᠠᠭ᠋ᠠᠯᠵᠠᠭᠰᠠᠨ ᠬᠤᠪᠢ ᠬᠥᠮᠦᠨ᠎ᠤ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠡᠭᠦᠷᠭᠡᠯᠡᠬᠦ ᠬᠡᠷᠡᠭᠲᠡᠶ᠃
ᠶᠢᠰᠦᠳᠦᠭᠡᠷ ᠵᠦᠢ᠍ᠯ ᠪᠦᠲᠦᠭᠡᠨ ᠪᠠᠶ᠋ᠢᠭᠤᠯᠤᠯᠲᠠ ᠵᠢᠨ ᠨᠢᠭᠡᠴᠡ᠎ᠨᠢ ᠳᠣᠣᠷᠠᠬᠢ ᠮᠡᠲᠦ ᠭᠠᠯ ᠤᠨᠲᠠᠷᠠᠭ᠋ᠠᠬᠤ ᠵᠢᠷᠤᠭ ᠲᠥᠯᠥᠪᠯᠡᠭᠡ᠂ ᠪᠠᠷᠢᠯᠭ᠎ᠠ ᠵᠢᠨ ᠶᠠᠰᠤ ᠴᠢᠨᠠᠷ᠎ᠤᠨ ᠬᠠᠷᠢᠭᠤᠴᠠᠯᠭ᠎ᠠ ᠪᠣᠯᠤᠨ ᠡᠭᠦᠷᠭᠡ ᠵᠢ ᠭᠦᠢ᠍ᠴᠡᠳᠬᠡᠬᠦ ᠬᠡᠷᠡᠭᠲᠡᠶ᠄
(ᠨᠢᠭᠡ) ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠪᠠᠷᠢᠯᠭ᠎ᠠ ᠵᠢ ᠬᠢᠨᠠᠨ ᠬᠠᠮᠢᠶᠠᠷᠬᠤ᠂ ᠮᠡᠷᠭᠡᠵᠢᠯ᠎ᠤᠨ ᠦᠢ᠍ᠯᠡᠴᠢᠯᠡᠭᠡᠨ ᠬᠢᠬᠦ ᠵᠡᠷᠭᠡ ᠨᠢᠭᠡᠴᠡ ᠬᠢᠭᠡᠳ ᠲᠡᠭᠦᠨ᠎ᠤ ᠠᠵᠢᠯᠯᠠᠭᠰᠠᠳ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠤᠨ ᠤᠯᠤᠰ᠎ᠤᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠭᠠᠯ ᠤᠨᠲᠠᠷᠠᠭ᠋ᠠᠬᠤ ᠮᠡᠷᠭᠡᠵᠢᠯ᠎ᠤᠨ ᠪᠠᠷᠢᠮᠵᠢᠶ᠎ᠠ ᠵᠢ ᠵᠥᠷᠢᠴᠡᠵᠦ᠂ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠤᠨᠲᠠᠷᠠᠭ᠋ᠠᠬᠤ ᠵᠢᠷᠤᠭ ᠲᠥᠯᠥᠪᠯᠡᠭᠡ᠂ ᠪᠠᠷᠢᠯᠭ᠎ᠠ ᠵᠢᠨ ᠶᠠᠰᠤ ᠴᠢᠨᠠᠷ᠎ᠢ ᠪᠠᠭᠤᠷᠠᠭᠤᠯᠵᠤ ᠪᠣᠯᠬᠤ ᠦᠭᠡᠶ;
(ᠬᠣᠶᠠᠷ) ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠬᠤ᠂ ᠭᠠᠯ ᠤᠨᠲᠠᠷᠠᠭ᠋ᠠᠬᠤ ᠵᠢ ᠰᠢᠯᠭ᠋ᠠᠨ ᠠᠪᠬᠤ ᠵᠢ ᠬᠠᠤᠯᠢ ᠶᠣᠰᠣᠭ᠋ᠠᠷ ᠭᠤᠶᠤᠴᠢᠯᠠᠵᠤ᠂ ᠳᠠᠩᠰᠠᠯᠠᠭᠤᠯᠬᠤ ᠵᠢᠨ ᠬᠠᠮᠲᠤ ᠰᠤᠭᠤᠴᠢᠨ ᠪᠠᠶ᠋ᠢᠴᠠᠭ᠋ᠠᠬᠤ ᠵᠢ ᠬᠦᠯᠢᠶᠡᠬᠦ ᠬᠡᠷᠡᠭᠲᠡᠶ;
(ᠭᠤᠷᠪᠠ) ᠪᠠᠷᠢᠯᠭ᠎ᠠ ᠵᠢᠨ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠬᠦ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ᠎ᠳᠤ ᠭᠠᠯ ᠤᠨᠲᠠᠷᠠᠭ᠋ᠠᠬᠤ ᠪᠠᠷᠢᠯᠭ᠎ᠠ ᠵᠢᠨ ᠶᠠᠰᠤ ᠴᠢᠨᠠᠷ᠎ᠢ ᠬᠠᠤᠯᠢ ᠶᠣᠰᠣᠭ᠋ᠠᠷ ᠨᠠᠶ᠋ᠢᠳᠠᠵᠤ ᠬᠢᠨᠠᠨ ᠬᠠᠮᠢᠶᠠᠷᠤᠭᠤᠯᠬᠤ ᠬᠡᠷᠡᠭᠲᠡᠶ;
(ᠳᠥᠷᠪᠡ) ᠵᠣᠬᠢᠴᠠᠩᠭᠤᠶ ᠬᠢᠷᠢ ᠬᠡᠮ᠎ᠲᠠᠢ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠪᠠᠷᠢᠯᠭ᠎ᠠ ᠵᠢ ᠬᠢᠨᠠᠨ ᠬᠠᠮᠢᠶᠠᠷᠬᠤ ᠨᠢᠭᠡᠴᠡ᠎ᠳᠤ ᠨᠠᠶ᠋ᠢᠳᠠᠬᠤ;
(ᠲᠠᠪᠤ) ᠪᠠᠷᠢᠯᠭ᠎ᠠ ᠵᠢᠨ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢᠨ ᠱᠠᠭ᠋ᠠᠷᠳᠠᠯᠭ᠎ᠠ ᠪᠣᠯᠤᠨ ᠭᠡᠷ᠎ᠡ ᠵᠢᠨ ᠪᠣᠯᠵᠣᠭ᠎ᠠ ᠶᠣᠰᠣᠭ᠋ᠠᠷ᠂ ᠬᠢᠷᠢ ᠲᠡᠩᠴᠡᠭᠰᠡᠨ ᠭᠠᠯ ᠤᠨᠲᠠᠷᠠᠭ᠋ᠠᠬᠤ ᠦᠢ᠍ᠯᠡᠳᠬᠦᠨ ᠪᠣᠯᠤᠨ ᠭᠠᠯ ᠰᠡᠷᠭᠡᠶ᠋ᠢᠯᠡᠬᠦ ᠴᠢᠳᠠᠪᠬᠢ ᠵᠢᠨ ᠱᠠᠭ᠋ᠠᠷᠳᠠᠯᠭ᠎ᠠ ᠵᠢ ᠬᠠᠩᠭ᠋ᠠᠭᠰᠠᠨ ᠪᠠᠷᠢᠯᠭ᠎ᠠ ᠵᠢᠨ ᠮᠠᠲᠸᠷᠢᠶᠠᠯ᠂ ᠪᠠᠷᠢᠯᠭ᠎ᠠ ᠵᠢᠨ ᠲᠣᠨᠣᠭᠯᠠᠭ᠋ᠠᠰᠤ ᠰᠡᠯᠪᠢᠭᠡᠰᠦ ᠪᠣᠯᠤᠨ ᠲᠥᠬᠥᠭᠡᠷᠦᠮᠵᠢ ᠵᠢ ᠰᠣᠩᠭᠣᠨ ᠬᠡᠷᠡᠭᠯᠡᠨ᠎ᠡ;
(ᠵᠢᠷᠭᠤᠭ᠎ᠠ) ᠬᠣᠯᠪᠣᠭᠳᠠᠯ ᠪᠦᠬᠦᠢ ᠪᠠᠢ᠌ᠭᠤᠯᠭ᠎ᠠ ᠨᠢᠭᠡᠴᠡ ᠵᠢ ᠵᠣᠬᠢᠶᠠᠨ ᠪᠠᠶ᠋ᠢᠭᠤᠯᠤᠨ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠠᠵᠢᠯ ᠳᠠᠭᠤᠰᠤᠭᠰᠠᠨ᠎ᠢ ᠰᠢᠯᠭ᠋ᠠᠨ ᠠᠪᠬᠤ᠎ᠳᠠᠭᠠᠨ᠂ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠤᠨᠲᠠᠷᠠᠭ᠋ᠠᠬᠤ ᠱᠠᠭ᠋ᠠᠷᠳᠠᠯᠭ᠎ᠠ᠎ᠳᠤ ᠨᠡᠶ᠋ᠢᠴᠡᠬᠦ ᠡᠰᠡᠬᠦ ᠵᠢ ᠪᠠᠶ᠋ᠢᠴᠠᠭ᠋ᠠᠨ ᠰᠢᠯᠭ᠋ᠠᠨ᠎ᠠ;
(ᠳᠣᠯᠣᠭ᠎ᠠ) ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠤᠨᠲᠠᠷᠠᠭ᠋ᠠᠬᠤ ᠬᠣᠯᠪᠣᠭᠳᠠᠯ ᠪᠦᠬᠦᠢ ᠳᠠᠩᠰᠠ ᠡᠪᠬᠡᠮᠡᠯ᠎ᠢ ᠳᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠬᠠᠤᠯᠢ ᠶᠣᠰᠣᠭ᠋ᠠᠷ ᠴᠠᠭ ᠲᠤᠬᠠᠶ᠎ᠳᠤᠨᠢ ᠰᠢᠯᠵᠢᠭᠦᠯᠦᠨ ᠲᠤᠰᠢᠶᠠᠬᠤ ᠬᠡᠷᠡᠭᠲᠡᠶ᠃
ᠠᠷᠪᠠᠳᠤᠭ᠋ᠠᠷ ᠵᠦᠢ᠍ᠯ ᠵᠢᠷᠤᠵᠤ ᠲᠦᠯᠦᠪᠯᠡᠬᠦ ᠨᠢᠭᠡᠴᠡ ᠳᠣᠣᠷ᠎ᠠ ᠵᠢᠭᠰᠠᠭ᠋ᠠᠭᠰᠠᠨ ᠭᠠᠯ ᠰᠡᠷᠭᠡᠶ᠋ᠢᠯᠡᠨ ᠤᠨᠲᠠᠷᠠᠭ᠋ᠠᠬᠤ ᠵᠢᠷᠤᠭ ᠲᠥᠯᠥᠪᠯᠡᠭᠡ᠂ ᠪᠠᠷᠢᠯᠭ᠎ᠠ ᠵᠢᠨ ᠠᠵᠢᠯ᠎ᠤᠨ ᠶᠠᠰᠤ ᠴᠢᠨᠠᠷ᠎ᠤᠨ ᠬᠠᠷᠢᠭᠤᠴᠠᠯᠭ᠎ᠠ ᠪᠠ ᠡᠭᠦᠷᠭᠡ ᠵᠢ ᠭᠦᠢ᠍ᠴᠡᠳᠬᠡᠬᠦ ᠬᠡᠷᠡᠭᠲᠡᠢ᠄
(ᠨᠢᠭᠡ) ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠤᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠭᠠᠯ ᠤᠨᠲᠠᠷᠠᠭ᠋ᠠᠬᠤ ᠮᠡᠷᠭᠡᠵᠢᠯ᠎ᠤᠨ ᠪᠠᠷᠢᠮᠵᠢᠶ᠎ᠠ ᠶᠣᠰᠣᠭ᠋ᠠᠷ ᠵᠢᠷᠤᠭᠯᠠᠨ ᠲᠥᠯᠥᠪᠯᠡᠵᠦ᠂ ᠱᠠᠭ᠋ᠠᠷᠳᠠᠯᠭ᠎ᠠ᠎ᠳᠤ ᠨᠡᠶ᠋ᠢᠴᠡᠭᠰᠡᠨ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢᠨ ᠪᠢᠴᠢᠭ ᠮᠠᠲ᠋ᠧᠷᠢᠶᠠᠯ᠎ᠢ ᠨᠠᠶ᠋ᠢᠷᠠᠭᠤᠯᠤᠨ ᠵᠣᠬᠢᠶᠠᠬᠤ᠎ᠳᠠᠭᠠᠨ᠂ ᠤᠯᠤᠰ᠎ᠤᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠭᠠᠯ ᠤᠨᠲᠠᠷᠠᠭ᠋ᠠᠬᠤ ᠮᠡᠷᠭᠡᠵᠢᠯ᠎ᠤᠨ ᠪᠠᠷᠢᠮᠵᠢᠶ᠎ᠠ ᠵᠢᠨ ᠠᠯᠪᠠᠳᠠᠯᠭ᠎ᠠ ᠵᠢᠨ ᠴᠢᠨᠠᠷᠲᠠᠶ ᠵᠦᠢ᠍ᠯ ᠵᠤᠷᠪᠤᠰ᠎ᠢ ᠵᠥᠷᠢᠴᠡᠵᠦ ᠪᠣᠯᠬᠤ ᠦᠭᠡᠶ;
(ᠬᠣᠶᠠᠷ) ᠵᠢᠷᠤᠭ ᠲᠥᠯᠥᠪᠯᠡᠭᠡ ᠵᠢᠨ ᠪᠢᠴᠢᠭ ᠮᠠᠲᠸᠷᠢᠶᠠᠯ᠎ᠳᠤ ᠰᠣᠩᠭᠣᠨ ᠬᠡᠷᠡᠭᠯᠡᠭᠰᠡᠨ ᠭᠠᠯ ᠤᠨᠲᠠᠷᠠᠭ᠋ᠠᠬᠤ ᠦᠢ᠍ᠯᠡᠳᠬᠦᠨ ᠪᠣᠯᠤᠨ ᠭᠠᠯ ᠰᠡᠷᠭᠡᠶ᠋ᠢᠯᠡᠬᠦ ᠴᠢᠳᠠᠪᠬᠢ ᠵᠢᠨ ᠱᠠᠭ᠋ᠠᠷᠳᠠᠯᠭ᠎ᠠ᠎ᠲᠠᠢ ᠪᠠᠷᠢᠯᠭ᠎ᠠ ᠵᠢᠨ ᠮᠠᠲᠸᠷᠢᠶᠠᠯ᠂ ᠪᠠᠷᠢᠯᠭ᠎ᠠ ᠵᠢᠨ ᠲᠣᠨᠣᠭᠯᠠᠭ᠋ᠠᠰᠤ ᠰᠡᠯᠪᠢᠭᠡᠰᠦ ᠪᠣᠯᠤᠨ ᠲᠥᠬᠥᠭᠡᠷᠦᠮᠵᠢ᠎ᠳᠤ ᠬᠡᠪ ᠪᠠᠷᠢᠮᠵᠢᠶ᠎ᠠ᠂ ᠴᠢᠳᠠᠪᠬᠢ ᠵᠡᠷᠭᠡ ᠮᠡᠷᠭᠡᠵᠢᠯ᠎ᠤᠨ ᠭᠦᠢ᠍ᠴᠡᠳᠬᠡᠬᠦ ᠲᠣᠭ᠎ᠠ ᠵᠢ ᠲᠣᠳᠣᠷᠬᠠᠶ᠋ᠢᠯᠠᠵᠤ᠂ ᠤᠯᠤᠰ᠎ᠤᠨ ᠲᠣᠭᠲᠠᠭ᠋ᠠᠭᠰᠠᠨ ᠪᠠᠷᠢᠮᠵᠢᠶ᠎ᠠ᠎ᠳᠤ ᠨᠡᠶ᠋ᠢᠴᠡᠭᠦᠯᠬᠦ ᠬᠡᠷᠡᠭᠲᠡᠶ;
(ᠭᠤᠷᠪᠠ) ᠪᠠᠷᠢᠯᠭ᠎ᠠ ᠪᠠᠷᠢᠭᠤᠯᠤᠭᠰᠠᠨ ᠨᠢᠭᠡᠴᠡ ᠵᠢᠨ ᠵᠣᠬᠢᠶᠠᠨ ᠪᠠᠶ᠋ᠢᠭᠤᠯᠤᠭᠰᠠᠨ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠠᠵᠢᠯ ᠳᠠᠭᠤᠰᠤᠭᠰᠠᠨ᠎ᠢ ᠰᠢᠯᠭ᠋ᠠᠨ ᠠᠪᠬᠤ᠎ᠳᠤ ᠣᠷᠣᠯᠴᠠᠵᠤ᠂ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠳᠤ ᠲᠠᠮᠠᠭ᠎ᠠ ᠳᠠᠷᠤᠵᠤ ᠨᠤᠲᠠᠯᠠᠬᠤ ᠵᠢᠨ ᠬᠠᠮᠲᠤ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢᠨ ᠶᠠᠰᠤ ᠴᠢᠨᠠᠷ᠎ᠲᠤ ᠬᠠᠷᠢᠭᠤᠴᠠᠬᠤ ᠬᠡᠷᠡᠭᠲᠡᠶ᠃
ᠠᠷᠪᠠᠨ ᠨᠢᠭᠡᠳᠦᠭᠡᠷ ᠵᠦᠢ᠍ᠯ ᠪᠠᠷᠢᠯᠭ᠎ᠠ ᠪᠠᠷᠢᠬᠤ ᠨᠢᠭᠡᠴᠡ᠎ᠨᠢ ᠳᠣᠣᠷ᠎ᠠ ᠵᠢᠭᠰᠠᠭ᠋ᠠᠭᠰᠠᠨ ᠭᠠᠯ ᠰᠡᠷᠭᠡᠶ᠋ᠢᠯᠡᠨ ᠤᠨᠲᠠᠷᠠᠭ᠋ᠠᠬᠤ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ ᠶᠠᠰᠤ ᠴᠢᠨᠠᠷ᠎ᠤᠨ ᠬᠠᠷᠢᠭᠤᠴᠠᠯᠭ᠎ᠠ ᠪᠠ ᠡᠭᠦᠷᠭᠡ ᠵᠢ ᠭᠦᠢ᠍ᠴᠡᠳᠬᠡᠬᠦ ᠬᠡᠷᠡᠭᠲᠡᠢ᠄
(ᠨᠢᠭᠡ) ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠤᠯᠤᠰ᠎ᠤᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠭᠠᠯ ᠤᠨᠲᠠᠷᠠᠭ᠋ᠠᠬᠤ ᠮᠡᠷᠭᠡᠵᠢᠯ᠎ᠤᠨ ᠪᠠᠷᠢᠮᠵᠢᠶ᠎ᠠ ᠵᠢᠴᠢ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢᠨ ᠬᠢᠨᠠᠨ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠪᠤᠶᠤ ᠪᠠᠷᠢᠯᠭ᠎ᠠ ᠵᠢᠨ ᠬᠡᠷᠡᠭᠴᠡᠭᠡ ᠵᠢ ᠬᠠᠩᠭ᠋ᠠᠭᠰᠠᠨ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢᠨ ᠪᠢᠴᠢᠭ ᠮᠠᠲ᠋ᠧᠷᠢᠶᠠᠯ᠎ᠤᠨ ᠶᠣᠰᠣᠭ᠋ᠠᠷ ᠪᠠᠷᠢᠯᠭ᠎ᠠ ᠵᠢᠨ ᠠᠵᠢᠯ᠎ᠢ ᠵᠣᠬᠢᠶᠠᠨ ᠪᠠᠶ᠋ᠢᠭᠤᠯᠬᠤ ᠬᠡᠷᠡᠭᠲᠡᠶ᠂ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠳᠤᠷ᠎ᠠ᠎ᠪᠠᠷ ᠵᠶ᠋ᠠᠨ ᠬᠤᠪᠢᠷᠠᠭᠤᠯᠤᠨ ᠪᠠᠷᠢᠯᠭ᠎ᠠ ᠪᠠᠷᠢᠵᠤ᠂ ᠭᠠᠯ ᠤᠨᠲᠠᠷᠠᠭ᠋ᠠᠬᠤ ᠪᠠᠷᠢᠯᠭ᠎ᠠ ᠵᠢᠨ ᠶᠠᠰᠤ ᠴᠢᠨᠠᠷ᠎ᠢ ᠪᠠᠭᠤᠷᠠᠭᠤᠯᠵᠤ ᠪᠣᠯᠬᠤ ᠦᠭᠡᠶ;
(ᠬᠣᠶᠠᠷ) ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢᠨ ᠱᠠᠭ᠋ᠠᠷᠳᠠᠯᠭ᠎ᠠ᠂ ᠪᠠᠷᠢᠯᠭ᠎ᠠ ᠪᠠᠷᠢᠬᠤ ᠮᠡᠷᠭᠡᠵᠢᠯ᠎ᠤᠨ ᠪᠠᠷᠢᠮᠵᠢᠶ᠎ᠠ ᠪᠣᠯᠤᠨ ᠭᠡᠷ᠎ᠡ᠎ᠳᠤ ᠪᠣᠯᠵᠣᠨ ᠲᠣᠭᠲᠠᠭᠰᠠᠨ ᠲᠤᠭᠳᠠᠭ᠋ᠠᠯ ᠶᠣᠰᠣᠭ᠋ᠠᠷ ᠭᠠᠯ ᠤᠨᠲᠠᠷᠠᠭ᠋ᠠᠬᠤ ᠦᠢ᠍ᠯᠡᠳᠬᠦᠨ ᠪᠣᠯᠤᠨ ᠭᠠᠯ ᠰᠡᠷᠭᠡᠶ᠋ᠢᠯᠡᠬᠦ ᠴᠢᠳᠠᠪᠬᠢ ᠵᠢᠨ ᠱᠠᠭ᠋ᠠᠷᠳᠠᠯᠭ᠎ᠠ ᠪᠦᠬᠦᠢ ᠪᠠᠷᠢᠯᠭ᠎ᠠ ᠵᠢᠨ ᠮᠠᠲᠸᠷᠢᠶᠠᠯ᠂ ᠪᠠᠷᠢᠯᠭ᠎ᠠ ᠵᠢᠨ ᠲᠣᠨᠣᠭᠯᠠᠭ᠋ᠠᠰᠤ ᠰᠡᠯᠪᠢᠭᠡᠰᠦ ᠪᠣᠯᠤᠨ ᠲᠥᠬᠥᠭᠡᠷᠦᠮᠵᠢ ᠵᠢᠨ ᠶᠠᠰᠤ ᠴᠢᠨᠠᠷ᠎ᠢ ᠰᠢᠯᠭ᠋ᠠᠨ ᠪᠠᠶ᠋ᠢᠴᠠᠭ᠋ᠠᠵᠤ᠂ ᠬᠢᠷᠢ ᠲᠡᠩᠴᠡᠭᠰᠡᠨ ᠦᠢ᠍ᠯᠡᠳᠬᠦᠨ᠎ᠢ ᠬᠡᠷᠡᠭᠯᠡᠨ᠂ ᠭᠠᠯ ᠤᠨᠲᠠᠷᠠᠭ᠋ᠠᠬᠤ ᠪᠠᠷᠢᠯᠭ᠎ᠠ ᠪᠠᠷᠢᠬᠤ ᠶᠠᠰᠤ ᠴᠢᠨᠠᠷ᠎ᠢ ᠪᠠᠲᠤᠯᠠᠬᠤ ᠬᠡᠷᠡᠭᠲᠡᠶ;
(ᠭᠤᠷᠪᠠ) ᠪᠦᠳᠦᠭᠡᠨ ᠪᠠᠢ᠌ᠭᠤᠯᠤᠯᠳᠠ ᠵᠢᠨ ᠨᠢᠭᠡᠴᠡ ᠵᠢᠨ ᠵᠣᠬᠢᠶᠠᠨ ᠪᠠᠶ᠋ᠢᠭᠤᠯᠤᠭᠰᠠᠨ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠠᠵᠢᠯ ᠳᠠᠭᠤᠰᠤᠭᠰᠠᠨ᠎ᠢ ᠰᠢᠯᠭ᠋ᠠᠨ ᠠᠪᠬᠤ᠎ᠳᠤ ᠣᠷᠣᠯᠴᠠᠵᠤ᠂ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠤᠨᠲᠠᠷᠠᠭ᠋ᠠᠬᠤ ᠪᠠᠷᠢᠯᠭ᠎ᠠ ᠵᠢᠨ ᠶᠠᠰᠤ ᠴᠢᠨᠠᠷ᠎ᠲᠤ ᠲᠠᠮᠠᠭ᠎ᠠ ᠳᠠᠷᠤᠵᠤ ᠨᠤᠲᠠᠯᠠᠬᠤ ᠵᠢᠨ ᠬᠠᠮᠲᠤ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠤᠨᠲᠠᠷᠠᠭ᠋ᠠᠬᠤ ᠪᠠᠷᠢᠯᠭ᠎ᠠ ᠵᠢᠨ ᠶᠠᠰᠤ ᠴᠢᠨᠠᠷ᠎ᠲᠤ ᠬᠠᠷᠢᠭᠤᠴᠠᠬᠤ ᠬᠡᠷᠡᠭᠲᠡᠶ᠃
ᠠᠷᠪᠠᠨ ᠬᠣᠶᠠᠳᠤᠭ᠋ᠠᠷ ᠵᠦᠢ᠍ᠯ ᠪᠠᠷᠢᠯᠭ᠎ᠠ ᠬᠢᠨᠠᠵᠤ ᠬᠠᠮᠢᠶᠠᠷᠬᠤ ᠨᠢᠭᠡᠴᠡ᠎ᠨᠢ ᠳᠣᠣᠷ᠎ᠠ ᠵᠢᠭᠰᠠᠭ᠋ᠠᠭᠰᠠᠨ ᠭᠠᠯ ᠰᠡᠷᠭᠡᠶ᠋ᠢᠯᠡᠨ ᠤᠨᠲᠠᠷᠠᠭ᠋ᠠᠬᠤ ᠵᠢᠷᠤᠭ ᠲᠥᠯᠥᠪᠯᠡᠭᠡ᠂ ᠪᠠᠷᠢᠯᠭ᠎ᠠ ᠵᠢᠨ ᠠᠵᠢᠯ᠎ᠤᠨ ᠶᠠᠰᠤ ᠴᠢᠨᠠᠷ᠎ᠤᠨ ᠬᠠᠷᠢᠭᠤᠴᠠᠯᠭ᠎ᠠ ᠪᠠ ᠡᠭᠦᠷᠭᠡ ᠵᠢ ᠭᠦᠢ᠍ᠴᠡᠳᠬᠡᠬᠦ ᠬᠡᠷᠡᠭᠲᠡᠢ᠄
(ᠨᠢᠭᠡ) ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠤᠯᠤᠰ᠎ᠤᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠭᠠᠯ ᠤᠨᠲᠠᠷᠠᠭ᠋ᠠᠬᠤ ᠮᠡᠷᠭᠡᠵᠢᠯ᠎ᠤᠨ ᠪᠠᠷᠢᠮᠵᠢᠶ᠎ᠠ ᠵᠢᠴᠢ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢᠨ ᠬᠢᠨᠠᠨ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠪᠤᠶᠤ ᠪᠠᠷᠢᠯᠭ᠎ᠠ ᠵᠢᠨ ᠬᠡᠷᠡᠭᠴᠡᠭᠡ ᠵᠢ ᠬᠠᠩᠭ᠋ᠠᠭᠰᠠᠨ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢᠨ ᠪᠢᠴᠢᠭ ᠮᠠᠲ᠋ᠧᠷᠢᠶᠠᠯ᠎ᠤᠨ ᠶᠣᠰᠣᠭ᠋ᠠᠷ ᠪᠠᠷᠢᠯᠭ᠎ᠠ ᠵᠢᠨ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠦᠨ᠎ᠡ;
(ᠬᠣᠶᠠᠷ) ᠭᠠᠯ ᠤᠨᠲᠠᠷᠠᠭ᠋ᠠᠬᠤ ᠦᠢ᠍ᠯᠡᠳᠬᠦᠨ ᠪᠣᠯᠤᠨ ᠭᠠᠯ ᠰᠡᠷᠭᠡᠶ᠋ᠢᠯᠡᠬᠦ ᠴᠢᠳᠠᠪᠬᠢ ᠵᠢᠨ ᠱᠠᠭ᠋ᠠᠷᠳᠠᠯᠭ᠎ᠠ᠎ᠲᠠᠢ ᠪᠠᠷᠢᠯᠭ᠎ᠠ ᠵᠢᠨ ᠮᠠᠲᠸᠷᠢᠶᠠᠯ᠂ ᠪᠠᠷᠢᠯᠭ᠎ᠠ ᠵᠢᠨ ᠲᠣᠨᠣᠭᠯᠠᠭ᠋ᠠᠰᠤ ᠰᠡᠯᠪᠢᠭᠡᠰᠦ ᠪᠣᠯᠤᠨ ᠲᠥᠬᠥᠭᠡᠷᠦᠮᠵᠢ ᠵᠢ ᠬᠡᠷᠡᠭᠯᠡᠬᠦ᠂ ᠤᠭᠰᠠᠷᠠᠬᠤ᠎ᠠᠴᠠ ᠡᠮᠦᠨ᠎ᠡ ᠵᠠᠪᠠᠯ ᠦᠢ᠍ᠯᠡᠳᠬᠦᠨ᠎ᠤ ᠶᠠᠰᠤ ᠴᠢᠨᠠᠷ᠎ᠢ ᠭᠡᠷᠡᠴᠢᠯᠡᠬᠦ ᠪᠢᠴᠢᠭ ᠮᠠᠲᠸᠷᠢᠶᠠᠯ᠎ᠢ ᠬᠢᠨᠠᠨ ᠪᠠᠶ᠋ᠢᠴᠠᠭ᠋ᠠᠬᠤ ᠬᠡᠷᠡᠭᠲᠡᠶ᠂ ᠭᠠᠯ ᠤᠨᠲᠠᠷᠠᠭ᠋ᠠᠬᠤ ᠬᠢᠷᠢ ᠲᠡᠩᠴᠡᠬᠦ ᠦᠭᠡᠶ ᠦᠢ᠍ᠯᠡᠳᠬᠦᠨ ᠪᠣᠯᠤᠨ ᠭᠠᠯ ᠰᠡᠷᠭᠡᠶ᠋ᠢᠯᠡᠬᠦ ᠴᠢᠳᠠᠪᠬᠢ᠎ᠨᠢ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠶ ᠪᠠᠷᠢᠯᠭ᠎ᠠ ᠵᠢᠨ
ᠮᠠᠲᠸᠷᠢᠶᠠᠯ᠂ ᠪᠠᠷᠢᠯᠭ᠎ᠠ ᠵᠢᠨ ᠲᠣᠨᠣᠭᠯᠠᠭ᠋ᠠᠰᠤ ᠰᠡᠯᠪᠢᠭᠡᠰᠦ ᠪᠣᠯᠤᠨ ᠲᠥᠬᠥᠭᠡᠷᠦᠮᠵᠢ ᠵᠢ ᠬᠡᠷᠡᠭᠯᠡᠬᠦ ᠪᠤᠶᠤ ᠤᠭᠰᠠᠷᠠᠵᠤ ᠪᠣᠯᠬᠤ ᠦᠭᠡᠶ;
(ᠭᠤᠷᠪᠠ) ᠪᠦᠳᠦᠭᠡᠨ ᠪᠠᠢ᠌ᠭᠤᠯᠤᠯᠳᠠ ᠵᠢᠨ ᠨᠢᠭᠡᠴᠡ ᠵᠢᠨ ᠵᠣᠬᠢᠶᠠᠨ ᠪᠠᠶ᠋ᠢᠭᠤᠯᠤᠭᠰᠠᠨ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠠᠵᠢᠯ ᠳᠠᠭᠤᠰᠤᠭᠰᠠᠨ᠎ᠢ ᠰᠢᠯᠭ᠋ᠠᠨ ᠠᠪᠬᠤ᠎ᠳᠤ ᠣᠷᠣᠯᠴᠠᠵᠤ᠂ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠤᠨᠲᠠᠷᠠᠭ᠋ᠠᠬᠤ ᠪᠠᠷᠢᠯᠭ᠎ᠠ ᠵᠢᠨ ᠶᠠᠰᠤ ᠴᠢᠨᠠᠷ᠎ᠲᠤ ᠲᠠᠮᠠᠭ᠎ᠠ ᠳᠠᠷᠤᠵᠤ ᠨᠤᠲᠠᠯᠠᠬᠤ ᠵᠢᠨ ᠬᠠᠮᠲᠤ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠤᠨᠲᠠᠷᠠᠭ᠋ᠠᠬᠤ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠨ ᠬᠠᠮᠢᠶᠠᠷᠬᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃
ᠭᠤᠷᠪᠠᠳᠤᠭ᠋ᠠᠷ ᠪᠦᠯᠦᠭ ᠣᠨᠴᠠᠭ᠋ᠠᠢ ᠪᠦᠳᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠰᠡᠷᠭᠡᠶ᠋ᠢᠯᠡᠨ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠬᠤ
ᠠᠷᠪᠠᠨ ᠳᠥᠷᠪᠡᠳᠦᠭᠡᠷ ᠵᠦᠢ᠍ᠯ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠤᠳ᠎ᠤᠨ ᠨᠢᠭᠡᠳᠤᠨᠢ ᠪᠠᠶ᠋ᠢᠬᠤ ᠪᠦᠳᠦᠭᠡᠠ ᠪᠠᠶ᠋ᠢᠭᠤᠯᠤᠯᠲᠠ ᠵᠢᠨ ᠪᠠᠷᠢᠯᠭ᠎ᠠ ᠪᠣᠯ ᠣᠨᠴᠠᠭ᠋ᠠᠢ ᠪᠦᠳᠦᠭᠡᠠ ᠪᠠᠶ᠋ᠢᠭᠤᠯᠤᠯᠲᠠ ᠵᠢᠨ ᠪᠠᠷᠢᠯᠭ᠎ᠠ ᠮᠥᠨ᠄
(ᠨᠢᠭᠡ) ᠶᠡᠷᠦᠩᠬᠡᠶ ᠪᠠᠷᠢᠯᠭ᠎ᠠ ᠵᠢᠨ ᠲᠠᠯᠠᠪᠠᠶ᠎ᠨᠢ ᠬᠣᠶᠠᠷ ᠲᠦᠮᠡᠨ ᠲᠡᠭᠰᠢ ᠳᠥᠷᠪᠡᠯᠵᠢᠨ ᠮᠸᠲᠷ᠎ᠠᠴᠠ ᠶᠡᠬᠡ ᠪᠡᠶ᠎ᠡ ᠵᠢᠨ ᠲᠠᠮᠢᠷ᠎ᠤᠨ ᠲᠠᠯᠠᠪᠠᠶ᠂ ᠬᠤᠷᠠᠯ᠎ᠤᠨ ᠲᠢᠩᠬᠢᠮ᠂ ᠣᠯᠠᠨ ᠨᠡᠶ᠋ᠢᠲᠡ ᠵᠢᠨ ᠦᠵᠡᠰᠬᠦᠯᠡᠩ᠎ᠤᠨ ᠣᠷᠳᠣᠨ᠂ ᠮᠦᠽᠧᠶ ᠵᠢᠨ ᠦᠵᠡᠭᠦᠯᠦᠯᠭᠡ ᠵᠢᠨ ᠲᠢᠩᠬᠢᠮ;
(ᠬᠣᠶᠠᠷ) ᠶᠡᠷᠦᠩᠬᠡᠢ ᠪᠠᠷᠢᠯᠭ᠎ᠠ ᠵᠢᠨ ᠲᠠᠯᠠᠪᠠᠢ᠎ᠨᠢ ᠲᠦᠮᠡ ᠲᠠᠪᠤᠨ ᠮᠢᠩᠭ᠋ᠠᠨ ᠲᠡᠭᠰᠢ ᠳᠥᠷᠪᠡᠯᠵᠢᠨ ᠮᠧᠲᠷ᠎ᠠᠴᠠ ᠶᠡᠬᠡ ᠠᠷᠠᠳ᠎ᠤᠨ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠤᠨ ᠠᠶᠠᠯᠠᠯ᠎ᠤᠨ ᠥᠷᠲᠡᠭᠡᠨ᠎ᠤ ᠠᠰᠠᠷ᠂ ᠠᠶᠠᠨᠴᠢᠳ᠎ᠤᠨ ᠲᠡᠭᠡᠭᠡᠪᠦᠷᠢ ᠵᠢᠨ ᠲᠡᠷᠭᠡᠨ ᠥᠷᠲᠡᠭᠡᠨ᠎ᠤ ᠲᠡᠷᠭᠡ ᠬᠦᠯᠢᠶᠡᠬᠦ ᠲᠢᠩᠬᠢᠮ᠂ ᠠᠶᠠᠨᠴᠢᠳ᠎ᠤᠨ ᠲᠡᠭᠡᠭᠡᠪᠦᠷᠢ ᠵᠢᠨ ᠭᠠᠷᠠᠮ᠎ᠤᠨ ᠣᠩᠭᠣᠴᠠ ᠬᠦᠯᠢᠶᠡᠬᠦ ᠲᠢᠩᠬᠢᠮ;
(ᠭᠤᠷᠪᠠ) ᠶᠡᠷᠦᠩᠬᠡᠢ ᠪᠠᠷᠢᠯᠭ᠎ᠠ ᠵᠢᠨ ᠲᠠᠯᠠᠪᠠᠢ᠎ᠨᠢ ᠲᠦᠮᠡᠨ ᠲᠡᠭᠰᠢ ᠳᠥᠷᠪᠡᠯᠵᠢᠨ ᠮᠧᠲᠷ᠎ᠠᠴᠠ ᠶᠡᠬᠡ ᠵᠣᠴᠢᠳ᠎ᠤᠨ ᠪᠠᠭᠤᠳᠠᠯ᠂ ᠬᠣᠭᠣᠯᠠᠨ ᠭᠡᠷ᠂ ᠬᠤᠳᠠᠯᠳᠤᠭ᠋ᠠᠨ᠎ᠤ ᠲᠠᠯᠠᠪᠤᠷ᠂ ᠵᠠᠬ᠎ᠠ ᠳᠡᠯᠭᠡᠭᠦᠷ;
(ᠳᠥᠷᠪᠡ) ᠶᠡᠷᠦᠩᠬᠡᠶ ᠪᠠᠷᠢᠯᠭ᠎ᠠ ᠵᠢᠨ ᠲᠠᠯᠠᠪᠠᠶ᠎ᠨᠢ ᠬᠣᠶᠠᠷ ᠮᠢᠩᠭ᠎ᠠ ᠲᠠᠪᠤᠨ ᠵᠠᠭᠤᠨ ᠲᠡᠭᠰᠢ ᠳᠥᠷᠪᠡᠯᠵᠢᠨ ᠮᠸᠲᠷ᠎ᠠᠴᠠ ᠶᠡᠬᠡ ᠺᠢᠨᠤ᠋ ᠵᠦᠴᠦᠭᠡ ᠵᠢᠨ ᠬᠦᠷᠢᠶᠡᠯᠡᠩ᠂ ᠣᠯᠠᠨ ᠨᠡᠶ᠋ᠢᠲᠡ ᠵᠢᠨ ᠨᠣᠮ᠎ᠤᠨ ᠰᠠᠩ᠎ᠤᠨ ᠤᠩᠰᠢᠯᠭ᠎ᠠ ᠵᠢᠨ ᠲᠠᠰᠤᠭ᠂ ᠡᠵᠡᠩᠨᠡᠯᠲᠡ ᠵᠢᠨ ᠴᠢᠨᠠᠷᠲᠠᠶ ᠭᠡᠷ ᠳᠣᠲᠣᠷᠠᠬᠢ ᠪᠡᠶ᠎ᠡ ᠴᠢᠭᠢᠷᠠᠭᠵᠢᠭᠤᠯᠬᠤ᠂ ᠰᠡᠯᠡᠭᠦᠴᠡᠯ᠎ᠤᠨ ᠲᠠᠯᠠᠪᠤᠷ᠂ ᠡᠮᠨᠡᠯᠭᠡ ᠵᠢᠨ ᠬᠣᠷᠢᠶᠠᠨ᠎ᠤ ᠡᠭᠦᠳᠡᠨ ᠡᠮᠨᠡᠯᠭᠡ ᠵᠢᠨ ᠠᠰᠠᠷ᠂ ᠶᠡᠬᠡ ᠰᠤᠷᠭ᠋ᠠᠭᠤᠯᠢ ᠵᠢᠨ ᠵᠢᠭ᠋ᠠᠨ ᠰᠤᠷᠭ᠋ᠠᠬᠤ ᠠᠰᠠᠷ᠂ ᠨᠣᠮ᠎ᠤᠨ ᠰᠠᠩ᠂ ᠬᠣᠭᠣᠯᠠᠨ ᠭᠡᠷ᠂ ᠬᠥᠳᠡᠯᠮᠦᠷᠢ ᠨᠢᠭᠲᠠᠷᠬᠠᠰᠠᠨ ᠠᠵᠤ ᠠᠬᠤᠶ᠋ᠢᠯᠠᠯ᠎ᠤᠨ ᠦᠢ᠍ᠯᠡᠳᠪᠦᠷᠢᠯᠡᠯ᠂ ᠪᠤᠯᠪᠠᠰᠤᠷᠠᠭᠤᠯᠤᠯ᠎ᠤᠨ ᠲᠠᠰᠤᠭ᠂ ᠰᠦᠮ᠎ᠡ᠂ ᠳᠤᠭ᠋ᠠᠩ;
(ᠲᠠᠪᠤ) ᠶᠡᠷᠦᠩᠬᠡᠶ ᠪᠠᠷᠢᠯᠭ᠎ᠠ ᠵᠢᠨ ᠲᠠᠯᠠᠪᠠᠶ᠎ᠨᠢ ᠮᠢᠩᠭ᠋ᠠᠨ ᠲᠡᠭᠰᠢ ᠳᠥᠷᠪᠡᠯᠵᠢᠨ ᠮᠸᠲᠷ᠎ᠠᠴᠠ ᠶᠡᠬᠡ ᠬᠡᠦᠬᠡᠳ ᠰᠠᠭ᠋ᠠᠲᠠᠭᠤᠯᠬᠤ ᠭᠠᠵᠠᠷ᠂ ᠬᠡᠦᠬᠡᠳ᠎ᠤᠨ ᠴᠡᠴᠡᠷᠯᠢᠭ᠂ ᠬᠡᠦᠬᠡᠳ᠎ᠤᠨ ᠨᠠᠭ᠋ᠠᠳᠤᠮ᠎ᠤᠨ ᠭᠠᠵᠠᠷ ᠵᠡᠷᠭᠡ ᠭᠡᠷ ᠳᠣᠲᠣᠷᠠᠬᠢ ᠬᠡᠦᠬᠡᠳ᠎ᠤᠨ ᠠᠵᠢᠯᠯᠠᠭ᠋ᠠᠨ᠎ᠤ ᠭᠠᠵᠠᠷ᠂ ᠠᠰᠠᠷᠠᠮᠵᠢ ᠵᠢᠨ ᠬᠦᠷᠢᠶᠡᠯᠡᠩ᠂ ᠡᠮᠨᠡᠯᠭᠡ ᠵᠢᠨ ᠬᠣᠷᠢᠶ᠎ᠠ᠂ ᠰᠤᠪᠢᠯᠠᠯᠲᠠ ᠵᠢᠨ ᠭᠠᠵᠠᠷ᠎ᠤᠨ ᠡᠪᠡᠳᠴᠢᠲᠡᠨ᠎ᠤ ᠥᠷᠥᠭᠡ ᠵᠢᠨ ᠠᠰᠠᠷ᠂ ᠳᠤᠮᠳᠠᠳᠤ ᠪᠠᠭ᠎ᠠ ᠰᠤᠷᠭ᠋ᠠᠭᠤᠯᠢ ᠵᠢᠨ ᠵᠢᠭ᠋ᠠᠨ ᠰᠤᠷᠭ᠋ᠠᠬᠤ ᠠᠰᠠᠷ᠂ ᠨᠣᠮ᠎ᠤᠨ ᠰᠠᠩ᠂ ᠬᠣᠭᠣᠯᠠᠨ ᠭᠡᠷ᠂ ᠰᠤᠷᠭ᠋ᠠᠭᠤᠯᠢ ᠵᠢᠨ ᠨᠡᠶ᠋ᠢᠲᠡ ᠵᠢᠨ ᠪᠠᠶ᠋ᠢᠷᠢ᠂ ᠬᠥᠳᠡᠯᠮᠦᠷᠢ ᠨᠢᠭᠲᠠᠷᠬᠠᠰᠠᠨ ᠠᠵᠤ ᠠᠬᠤᠶ᠋ᠢᠯᠠᠯ᠎ᠤᠨ ᠠᠵᠢᠯᠲᠠᠨ᠎ᠤ ᠨᠡᠶ᠋ᠢᠲᠡ ᠵᠢᠨ ᠪᠠᠶ᠋ᠢᠷᠢ;
(ᠵᠢᠷᠭᠤᠭ᠎ᠠ) ᠶᠡᠷᠦᠩᠬᠡᠶ ᠪᠠᠷᠢᠯᠭ᠎ᠠ ᠵᠢᠨ ᠲᠠᠯᠠᠪᠠᠶ᠎ᠨᠢ ᠲᠠᠪᠤᠨ ᠵᠠᠭᠤᠨ ᠲᠡᠭᠰᠢ ᠳᠥᠷᠪᠡᠯᠵᠢᠨ ᠮᠸᠲᠷ᠎ᠠᠴᠠ ᠶᠡᠬᠡ ᠳᠠᠭᠤᠤ ᠪᠥᠵᠢᠭ᠎ᠤᠨ ᠲᠢᠩᠬᠢᠮ᠂ ᠳᠦᠷᠰᠦ ᠰᠢᠩᠭᠡᠭᠡᠯᠲᠡ ᠵᠢᠨ ᠲᠢᠩᠬᠢᠮ᠂ ᠺᠢᠨᠤ᠋ ᠵᠢᠨ ᠲᠢᠩᠬᠢᠮ᠂ ᠺᠠᠷᠠ OK ᠲᠢᠩᠬᠢᠮ᠂ ᠰᠥᠨᠢ ᠵᠢᠨ ᠨᠠᠶ᠋ᠢᠷ᠎ᠤᠨ ᠭᠠᠵᠠᠷ᠂ ᠨᠠᠶ᠋ᠢᠷ ᠨᠠᠭ᠋ᠠᠳᠤᠮ᠎ᠤᠨ ᠲᠢᠩᠬᠢᠮ᠂ ᠤᠬᠢᠶᠠᠯᠭ᠎ᠠ ᠵᠢᠨ ᠭᠡᠷ᠂ ᠰᠦᠯᠵᠢᠶᠡᠨ᠎ᠤ ᠪᠠᠭ᠋ᠠᠷ᠂ ᠠᠷᠢᠬᠢᠨ ᠮᠤᠬᠤᠯᠠᠭ᠂ ᠨᠠᠶ᠋ᠢᠷ ᠨᠠᠭ᠋ᠠᠳᠤᠮ᠎ᠤᠨ ᠴᠢᠳᠠᠮᠵᠢ᠎ᠲᠠᠢ ᠬᠣᠭᠣᠯᠠᠨ ᠭᠡᠷ᠂ ᠴᠠᠢ ᠵᠢᠨ ᠮᠤᠬᠤᠯᠠᠭ᠂ ᠺᠣᠹᠧ ᠵᠢᠨ ᠮᠤᠬᠤᠯᠠᠭ;
(ᠳᠣᠯᠣᠭ᠎ᠠ) ᠤᠯᠤᠰ᠎ᠤᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠭᠠᠯ ᠤᠨᠲᠠᠷᠠᠭ᠋ᠠᠬᠤ ᠮᠡᠷᠭᠡᠵᠢᠯ᠎ᠤᠨ ᠪᠠᠷᠢᠮᠵᠢᠶ᠎ᠠ᠎ᠳᠤ ᠲᠣᠭᠲᠠᠭ᠋ᠠᠭᠰᠠᠨ ᠨᠢᠭᠡᠳᠦᠭᠡᠷ ᠲᠥᠷᠥᠯ᠎ᠤᠨ ᠥᠨᠳᠥᠷ ᠳᠠᠪᠬᠤᠷᠭ᠋ᠠᠲᠤ ᠣᠷᠣᠨ ᠰᠠᠭᠤᠴᠠ ᠵᠢᠨ ᠪᠠᠷᠢᠯᠭ᠎ᠠ;
(ᠨᠠᠢ᠍ᠮᠠ) ᠬᠣᠲᠠ ᠵᠢᠨ ᠵᠢᠮᠲᠦ ᠵᠠᠮ ᠬᠠᠷᠢᠯᠴᠠᠭ᠎ᠠ᠂ ᠨᠦᠬᠡᠨ ᠵᠠᠮ᠎ᠤᠨ ᠪᠠᠷᠢᠯᠭ᠎ᠠ᠂ ᠲᠣᠮᠣ ᠬᠡᠯᠪᠡᠷᠢ ᠵᠢᠨ ᠴᠠᠬᠢᠯᠭ᠋ᠠᠨ ᠭᠠᠷᠭ᠋ᠠᠬᠤ᠂ ᠬᠦᠴᠦᠳᠡᠯ ᠥᠭᠡᠷᠡᠴᠢᠯᠡᠵᠦ ᠴᠠᠬᠢᠯᠭ᠋ᠠᠨ ᠲᠦᠭᠡᠭᠡᠬᠦ ᠪᠠᠷᠢᠯᠭ᠎ᠠ;
(ᠶᠢᠰᠦ) ᠨᠣᠴᠣᠮᠠᠲᠠᠭ᠋ᠠᠶ ᠳᠡᠯᠪᠡᠷᠡᠮᠡᠲᠡᠭᠡᠶ ᠠᠶᠤᠯᠲᠠᠶ ᠡᠳ᠋ ᠦᠢ᠍ᠯᠡᠳᠪᠦᠷᠢᠯᠡᠬᠦ᠂ ᠬᠠᠳᠠᠭ᠋ᠠᠯᠠᠬᠤ᠂ ᠠᠴᠢᠶᠠᠯᠠᠵᠤ ᠪᠠᠭᠤᠯᠭ᠋ᠠᠬᠤ ᠦᠢ᠍ᠯᠡᠳᠪᠦᠷᠢ᠂ ᠬᠥᠮᠥᠷᠭᠡ ᠪᠣᠯᠤᠨ ᠲᠤᠰᠬᠠᠶ ᠲᠡᠷᠭᠡᠨ ᠥᠷᠲᠡᠭᠡ᠂ ᠭᠠᠷᠠᠮ᠂ ᠨᠣᠴᠣᠮᠠᠲᠠᠭ᠋ᠠᠶ ᠳᠡᠯᠪᠡᠷᠡᠮᠡᠲᠡᠭᠡᠶ ᠬᠡᠢ ᠪᠡᠶᠡᠲᠦ ᠪᠣᠯᠤᠨ ᠰᠢᠩᠭᠡᠨ ᠪᠡᠶᠡᠲᠦ ᠵᠢ ᠰᠠᠪᠠᠯᠠᠬᠤ ᠥᠷᠲᠡᠭᠡ᠂ ᠬᠠᠩᠭ᠋ᠠᠬᠤ ᠥᠷᠲᠡᠭᠡ᠂ ᠳᠠᠷᠤᠯᠲᠠ ᠲᠣᠬᠢᠷᠠᠭᠤᠯᠬᠤ ᠥᠷᠲᠡᠭᠡ;
(ᠠᠷᠪᠠ) ᠲᠥᠷᠥ ᠵᠢᠨ ᠪᠠᠢ᠌ᠭᠤᠯᠭ᠎ᠠ ᠵᠢᠨ ᠠᠯᠪᠠᠨ ᠠᠰᠠᠷ᠂ ᠴᠠᠬᠢᠯᠭ᠋ᠠᠨ ᠬᠦᠴᠦᠨ ᠲᠣᠬᠢᠷᠠᠭᠤᠯᠬᠤ ᠠᠰᠠᠷ᠂ ᠴᠠᠬᠢᠯᠭ᠋ᠠᠨ ᠬᠣᠯᠪᠣᠭ᠋ᠠᠨ᠎ᠤ ᠠᠰᠠᠷ᠂ ᠰᠢᠦᠳᠠᠨ᠎ᠤ ᠠᠰᠠᠷ᠂ ᠭᠠᠮᠰᠢᠭ᠎ᠢ ᠰᠡᠷᠭᠡᠶ᠋ᠢᠯᠡᠨ ᠵᠢᠯᠣᠭᠣᠳᠤᠨ ᠲᠣᠬᠢᠷᠠᠭᠤᠯᠬᠤ ᠠᠰᠠᠷ᠂ ᠷᠠᠳᠢᠤ᠋ ᠨᠡᠪᠲᠡᠷᠡᠭᠦᠯᠭᠡ ᠲᠧᠯᠸᠢᠰ᠎ᠤᠨ ᠠᠰᠠᠷ᠂ ᠳᠠᠩᠰᠠ ᠡᠪᠬᠡᠮᠡᠯ᠎ᠤᠨ ᠠᠰᠠᠷ;
(ᠠᠷᠪᠠᠨ ᠨᠢᠭᠡ) ᠲᠤᠰ ᠵᠦᠢ᠍ᠯ᠎ᠤᠨ ᠨᠢᠭᠡᠳᠦᠭᠡᠷ ᠵᠤᠷᠪᠤᠰ᠎ᠠᠴᠠ ᠵᠢᠷᠭᠤᠳᠤᠭ᠋ᠠᠷ ᠵᠤᠷᠪᠤᠰ᠎ᠲᠤ ᠵᠢᠭᠰᠠᠭ᠋ᠠᠭᠰᠠᠨ ᠪᠠᠶ᠋ᠢᠳᠠᠯ ᠪᠦᠬᠦᠢ ᠪᠦᠳᠦᠭᠡᠠ ᠪᠠᠶ᠋ᠢᠭᠤᠯᠤᠯᠲᠠ ᠵᠢᠨ ᠪᠠᠷᠢᠯᠭ᠎ᠠ;
(ᠠᠷᠪᠠᠨ ᠬᠣᠶᠠᠷ) ᠲᠤᠰ ᠵᠦᠢ᠍ᠯ᠎ᠤᠨ ᠠᠷᠪᠠᠳᠤᠭ᠋ᠠᠷ ᠵᠤᠷᠪᠤᠰ᠂ ᠠᠷᠪᠠᠨ ᠨᠢᠭᠡᠳᠦᠭᠡᠷ ᠵᠤᠷᠪᠤᠰ᠎ᠤᠨ ᠲᠣᠭᠲᠠᠭ᠋ᠠᠯ᠎ᠠᠴᠠ ᠭᠠᠳᠠᠨᠠᠬᠢ ᠳᠠᠩ ᠪᠡᠶᠡᠲᠦ ᠪᠠᠷᠢᠯᠭ᠎ᠠ ᠵᠢᠨ ᠲᠠᠯᠠᠪᠠᠶ᠎ᠨᠢ ᠳᠥᠷᠪᠡᠨ ᠲᠦᠮᠡᠨ ᠲᠡᠭᠰᠢ ᠳᠥᠷᠪᠡᠯᠵᠢᠨ ᠮᠸᠲᠷ᠎ᠠᠴᠠ ᠶᠡᠬᠡ ᠪᠤᠶᠤ ᠪᠠᠷᠢᠯᠭ᠎ᠠ ᠵᠢᠨ ᠥᠨᠳᠥᠷ᠎ᠤᠨ ᠬᠡᠮᠵᠢᠶ᠎ᠡ᠎ᠨᠢ ᠲᠠᠪᠢᠨ ᠮᠸᠲᠷ᠎ᠠᠴᠠ ᠬᠡᠲᠦᠷᠡᠭᠰᠡᠨ ᠣᠯᠠᠨ ᠨᠡᠶ᠋ᠢᠲᠡ ᠵᠢᠨ ᠪᠠᠷᠢᠯᠭ᠎ᠠ᠃
ᠠᠷᠪᠠᠨ ᠲᠠᠪᠤᠳᠤᠭ᠋ᠠᠷ ᠵᠦᠢ᠍ᠯ ᠤᠨᠴᠠᠭ᠋ᠠᠢ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ᠎ᠳᠤ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠬᠤ ᠳᠦᠷᠢᠮ᠎ᠢ ᠬᠡᠷᠡᠭᠵᠢᠭᠦᠯᠦᠨ᠎ᠡ᠃
ᠤᠨᠴᠠᠭ᠋ᠠᠢ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠪᠦᠳᠦᠭᠡᠨ ᠪᠠᠢ᠌ᠭᠤᠯᠤᠯᠳᠠ ᠵᠢᠨ ᠨᠢᠭᠡᠴᠡ᠎ᠨᠢ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠵᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠯᠭ᠋ᠠᠬᠤ᠎ᠪᠠᠷ ᠭᠤᠶᠤᠴᠢᠯᠠᠵᠤ᠂ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠵᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠢᠨᠠᠨ ᠪᠠᠶ᠋ᠢᠴᠠᠭ᠋ᠠᠭᠰᠠᠨ ᠦᠷ᠎ᠡ
ᠳ᠋ᠦᠩ᠎ᠳᠤ ᠬᠠᠤᠯᠢ ᠶᠣᠰᠣᠭ᠋ᠠᠷ ᠬᠠᠷᠢᠭᠤᠴᠠᠬᠤ ᠬᠡᠷᠡᠭᠲᠡᠶ᠃
ᠤᠨᠴᠠᠭ᠋ᠠᠢ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ᠎ᠨᠢ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢᠨ ᠬᠢᠨᠠᠨ ᠪᠠᠶ᠋ᠢᠴᠠᠭ᠋ᠠᠯᠲᠠ ᠵᠢ ᠳᠠᠮᠵᠢᠭᠰᠠᠨ ᠦᠭᠡᠶ ᠪᠤᠶᠤ ᠬᠢᠨᠠᠨ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠦᠭᠡᠶ ᠪᠣᠯ ᠪᠦᠲᠦᠭᠡᠨ ᠪᠠᠶ᠋ᠢᠭᠤᠯᠤᠯᠲᠠ ᠵᠢᠨ ᠨᠢᠭᠡᠴᠡ ᠪᠤᠯᠤᠨ ᠪᠠᠷᠢᠯᠭ᠎ᠠ ᠪᠠᠷᠢᠬᠤ ᠨᠢᠭᠡᠴᠡ᠎ᠠᠴᠠ ᠪᠠᠷᠢᠯᠭ᠎ᠠ ᠪᠠᠷᠢᠵᠤ ᠪᠣᠯᠬᠤ ᠦᠭᠡᠶ᠃
ᠠᠷᠪᠠᠨ ᠵᠢᠷᠭᠤᠳᠤᠭ᠋ᠠᠷ ᠵᠦᠢ᠍ᠯ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ᠎ᠳᠤ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠬᠤ᠎ᠳᠤ ᠲᠤᠤᠷᠠᠬᠢ ᠮᠡᠳᠦ ᠪᠢᠴᠢᠭ ᠮᠠᠲᠸᠷᠢᠶᠠᠯ᠎ᠢ ᠲᠤᠰᠢᠶᠠᠬᠤ ᠴᠢᠬᠤᠯᠠᠳᠠᠢ ᠄
(ᠨᠢᠭᠡ) ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠯᠭ᠋ᠠᠬᠤ ᠭᠤᠶᠤᠴᠢᠯᠠᠯ᠎ᠤᠨ ᠬᠦᠰᠦᠨᠦᠭᠲᠦ;
(ᠬᠣᠶᠠᠷ) ᠭᠠᠯ ᠤᠨᠲᠠᠷᠠᠭ᠋ᠠᠬᠤ ᠵᠢᠷᠤᠭ ᠲᠥᠯᠥᠪᠯᠡᠭᠡᠨ᠎ᠤ ᠪᠢᠴᠢᠭ ᠮᠠᠲᠸᠷᠢᠶᠠᠯ;
(ᠭᠤᠷᠪᠠ) ᠪᠦᠳᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠲᠥᠯᠥᠪᠵᠢᠭᠦᠯᠭᠡ ᠵᠢᠨ ᠵᠥᠪᠰᠢᠶᠡᠷᠡᠯ᠎ᠢ ᠬᠠᠤᠯᠢ ᠶᠣᠰᠣᠭ᠋ᠠᠷ ᠭᠦᠢ᠍ᠴᠡᠳᠬᠡᠬᠦ ᠴᠢᠬᠤᠯᠠᠲᠠᠢ ᠪᠠᠶ᠋ᠢᠪᠠᠯ᠂ ᠪᠦᠳᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠲᠥᠯᠥᠪᠵᠢᠭᠦᠯᠭᠡ ᠵᠢᠨ ᠵᠥᠪᠰᠢᠶᠡᠷᠡᠯ᠎ᠤᠨ ᠪᠢᠴᠢᠭ ᠮᠠᠲ᠋ᠧᠷᠢᠶᠠᠯ᠎ᠢ ᠲᠤᠰᠢᠶᠠᠬᠤ ᠬᠡᠷᠡᠭᠲᠡᠢ;
(ᠳᠥᠷᠪᠡ) ᠬᠠᠤᠯᠢ ᠶᠣᠰᠣᠭ᠋ᠠᠷ ᠵᠥᠪᠰᠢᠶᠡᠷᠡᠬᠦ ᠴᠢᠬᠤᠯᠠᠲᠠᠢ ᠲᠦᠷ ᠴᠠᠭ᠎ᠤᠨ ᠴᠢᠨᠠᠷᠲᠠᠶ ᠪᠠᠷᠢᠯᠭ᠎ᠠ ᠪᠣᠯ ᠵᠥᠪᠰᠢᠶᠡᠷᠡᠭᠰᠡᠨ ᠪᠢᠴᠢᠭ ᠮᠠᠲᠸᠷᠢᠶᠠᠯ ᠵᠶ᠋ᠠᠨ ᠲᠤᠰᠢᠶᠠᠬᠤ ᠬᠡᠷᠡᠭᠲᠡᠶ᠃
ᠠᠷᠪᠠᠨ ᠲᠤᠯᠤᠳᠤᠭ᠋ᠠᠷ ᠵᠦᠢ᠍ᠯ ᠤᠨᠴᠠᠭ᠋ᠠᠢ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ᠎ᠳᠤ ᠲᠤᠤᠷᠠᠬᠢ ᠪᠠᠢ᠌ᠳᠠᠯ᠎ᠤᠨ ᠨᠢᠭᠡ ᠵᠦᠢ᠍ᠯ᠎ᠳᠤ ᠪᠠᠭᠳᠠᠪᠠᠯ ᠪᠦᠲᠦᠭᠡᠨ ᠪᠠᠶ᠋ᠢᠭᠤᠯᠤᠯᠲᠠ᠎ᠠᠴᠠ ᠠᠷᠪᠠᠨ ᠵᠢᠷᠭᠤᠳᠤᠭ᠋ᠠᠷ ᠵᠦᠢ᠍ᠯ᠎ᠳᠤ ᠲᠤᠭᠳᠠᠭ᠋ᠠᠭᠰᠠᠨ ᠮᠠᠲᠸᠷᠢᠶᠠᠯ᠎ᠢ ᠲᠤᠰᠢᠶᠠᠬᠤ᠎ᠠᠴᠠ ᠭᠠᠳᠠᠨ᠎ᠠ᠂ ᠬᠠᠮᠳᠦᠲᠤᠨᠢ ᠤᠨᠴᠠᠭ᠋ᠠᠢ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ᠎ᠳᠤ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢᠨ ᠮᠡᠷᠭᠡᠵᠢᠯ᠎ᠤᠨ ᠮᠠᠲᠸᠷᠢᠶᠠᠯ ᠲᠤᠰᠢᠶᠠᠬᠤ ᠬᠡᠷᠡᠭᠳᠡᠢ
(ᠨᠢᠭᠡ) ᠤᠯᠤᠰ᠎ᠤᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠭᠠᠯ ᠤᠨᠲᠠᠷᠠᠭ᠋ᠠᠬᠤ ᠮᠡᠷᠭᠡᠵᠢᠯ᠎ᠤᠨ ᠪᠠᠷᠢᠮᠵᠢᠶ᠎ᠠ᠎ᠳᠤ ᠡᠷᠬᠡᠪᠰᠢ ᠣᠯᠠᠨ ᠤᠯᠤᠰ᠎ᠤᠨ ᠪᠠᠷᠢᠮᠵᠢᠶ᠎ᠠ ᠪᠤᠶᠤ ᠬᠢᠯᠢ ᠵᠢᠨ ᠭᠠᠳᠠᠨᠠᠬᠢ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠭᠠᠯ ᠤᠨᠲᠠᠷᠠᠭ᠋ᠠᠬᠤ ᠮᠡᠷᠭᠡᠵᠢᠯ᠎ᠤᠨ ᠪᠠᠷᠢᠮᠵᠢᠶ᠎ᠠ ᠵᠢ ᠬᠡᠷᠡᠭᠯᠡᠬᠦ ᠲᠣᠭᠲᠠᠭ᠋ᠠᠯ ᠪᠠᠢ᠌ᠬᠤ ᠦᠭᠡᠶ ;
(ᠬᠣᠶᠠᠷ) ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢᠨ ᠪᠢᠴᠢᠭ ᠮᠠᠲᠸᠷᠢᠶᠠᠯ᠎ᠤᠨ ᠬᠡᠷᠡᠭᠯᠡᠬᠦ᠎ᠪᠠᠷ ᠪᠠᠶ᠋ᠢᠭ᠎ᠠ ᠰᠢᠨ᠎ᠡ ᠮᠡᠷᠭᠡᠵᠢᠯ᠂ ᠰᠢᠨ᠎ᠡ ᠰᠢᠨᠵᠢᠯᠡᠬᠦ ᠤᠬᠠᠭ᠋ᠠᠨ ᠮᠡᠷᠭᠡᠵᠢᠯ᠂ ᠰᠢᠨ᠎ᠡ ᠮᠠᠲᠸᠷᠢᠶᠠᠯ᠎ᠨᠢ ᠤᠯᠤᠰ᠎ᠤᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠭᠠᠯ ᠤᠨᠲᠠᠷᠠᠭ᠋ᠠᠬᠤ ᠮᠡᠷᠭᠡᠵᠢᠯ᠎ᠤᠨ ᠪᠠᠷᠢᠮᠵᠢᠶ᠎ᠠ ᠵᠢᠨ ᠲᠣᠭᠲᠠᠭ᠋ᠠᠯ᠎ᠳᠤ ᠨᠡᠶ᠋ᠢᠴᠡᠬᠦ ᠦᠭᠡᠶ ᠪᠠᠶ᠋ᠢᠬᠤ᠃
ᠡᠮᠦᠨᠡᠬᠢ ᠪᠠᠳᠠᠭ᠎ᠲᠤ ᠬᠡᠯᠡᠵᠦ ᠪᠠᠶ᠋ᠢᠭ᠎ᠠ ᠭᠠᠯ ᠤᠨᠲᠠᠷᠠᠭ᠋ᠠᠬᠤ ᠣᠨᠴᠠᠭ᠋ᠠᠢ ᠵᠢᠷᠤᠭ ᠲᠥᠯᠥᠪᠯᠡᠭᠡᠨ᠎ᠤ ᠮᠡᠷᠭᠡᠵᠢᠯ᠎ᠤᠨ ᠮᠠᠲ᠋ᠧᠷᠢᠶᠠᠯ᠎ᠳᠤ ᠭᠠᠯ ᠤᠨᠲᠠᠷᠠᠭ᠋ᠠᠬᠤ ᠣᠨᠴᠠᠭ᠋ᠠᠢ ᠵᠢᠷᠤᠭ ᠲᠥᠯᠥᠪᠯᠡᠭᠡᠨ᠎ᠤ ᠪᠢᠴᠢᠭ ᠮᠠᠲ᠋ᠧᠷᠢᠶᠠᠯ᠂ ᠵᠢᠷᠤᠭ ᠲᠥᠯᠥᠪᠯᠡᠭᠡ᠎ᠳᠤ ᠬᠡᠷᠡᠭᠯᠡᠭᠰᠡᠨ ᠤᠯᠠᠨ ᠤᠯᠤᠰ᠎ᠤᠨ ᠪᠠᠷᠢᠮᠵᠢᠶ᠎ᠠ᠂ ᠬᠢᠯᠢ ᠵᠢᠨ ᠭᠠᠳᠠᠨᠠᠬᠢ ᠪᠠᠷᠢᠯᠭ᠎ᠠ ᠵᠢᠨ ᠪᠦᠳᠦᠭᠡᠨ ᠪᠠᠶ᠋ᠢᠭᠤᠯᠤᠯᠲᠠ ᠵᠢᠨ ᠭᠠᠯ ᠤᠨᠲᠠᠷᠠᠭ᠋ᠠᠬᠤ ᠮᠡᠷᠭᠡᠵᠢᠯ᠎ᠤᠨ ᠪᠠᠷᠢᠮᠵᠢᠶ᠎ᠠ ᠵᠢᠨ ᠬᠢᠲᠠᠳ ᠬᠡᠯᠡᠨ᠎ᠤ ᠲᠣᠪᠬᠢᠮᠠᠯ ᠵᠢᠴᠢ ᠬᠣᠯᠪᠣᠭᠳᠠᠯ ᠪᠦᠬᠦᠢ ᠬᠡᠷᠡᠭᠯᠡᠭᠡᠨ᠎ᠤ ᠪᠣᠳᠠᠲᠤ ᠵᠢᠱ᠌ᠢᠶ᠎ᠡ᠂ ᠦᠢ᠍ᠯᠡᠳᠬᠦᠨ᠎ᠤ ᠲᠣᠳᠣᠷᠬᠠᠶ᠋ᠢᠯᠠᠯᠲᠠ ᠵᠡᠷᠭᠡ ᠮᠠᠲ᠋ᠧᠷᠢᠶᠠᠯ᠎ᠢ ᠪᠠᠭᠲᠠᠭ᠋ᠠᠭᠰᠠᠨ ᠪᠠᠶ᠋ᠢᠬᠤ ᠬᠡᠷᠡᠭᠲᠡᠢ᠃
ᠠᠷᠪᠠᠨ ᠨᠠᠢ᠍ᠮᠠᠳᠤᠭ᠋ᠠᠷ ᠵᠦᠢ᠍ᠯ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠵᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠪᠦᠳᠦᠭᠡᠨ ᠪᠠᠢ᠌ᠭᠤᠯᠤᠯᠳᠠ ᠵᠢᠨ ᠨᠢᠭᠡᠴᠡ ᠵᠢᠨ ᠲᠤᠰᠢᠶᠠᠭᠰᠠᠨ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠯᠭ᠋ᠠᠬᠤ ᠭᠤᠶᠤᠴᠢᠯᠠᠯ᠎ᠢ ᠭᠠᠷᠳᠠᠭᠰᠠᠨᠤ ᠳᠠᠷᠠᠭ᠎ᠠ ᠭᠤᠶᠤᠴᠢᠯᠠᠭᠰᠠᠨ ᠮᠠᠲᠸᠷᠢᠶᠠᠯ᠎ᠨᠢ ᠪᠦᠷᠢᠨ ᠭᠦᠢ᠍ᠴᠡᠳ ᠪᠣᠯ ᠬᠦᠯᠢᠶᠡᠨ ᠠᠪᠤᠭᠰᠠᠨ ᠭᠡᠷᠡᠴᠢ ᠪᠠᠷᠢᠮᠲᠠ ᠬᠢᠵᠦ ᠥᠭᠬᠦ ᠬᠡᠷᠡᠭᠲᠡᠶ; ᠭᠤᠶᠤᠴᠢᠯᠠᠯ᠎ᠤᠨ ᠮᠠᠲ᠋ᠧᠷᠢᠶᠠᠯ᠎ᠨᠢ ᠪᠦᠷᠢᠨ ᠪᠤᠰᠤ ᠪᠠᠶ᠋ᠢᠪᠠᠯ᠂ ᠨᠥᠬᠥᠪᠥᠷᠢᠯᠡᠨ ᠵᠠᠯᠠᠷᠠᠭᠤᠯᠬᠤ ᠴᠢᠬᠤᠯᠠᠲᠠᠢ ᠪᠦᠬᠦ ᠠᠭᠤᠯᠭ᠎ᠠ ᠵᠢ ᠨᠢᠭᠡ ᠯᠡ ᠤᠳᠠᠭ᠎ᠠ ᠳᠡᠭᠡᠷ᠎ᠡ ᠮᠡᠳᠡᠭᠳᠡᠬᠦ ᠬᠡᠷᠡᠭᠲᠡᠢ᠃
ᠠᠷᠪᠠ ᠶᠢᠰᠦᠳᠦᠭᠡᠷ ᠵᠦᠢ᠍ᠯ ᠲᠤᠰ ᠲᠣᠭᠲᠠᠭ᠋ᠠᠯ᠎ᠤᠨ ᠠᠷᠪᠠᠨ ᠳᠣᠯᠣᠳᠤᠭ᠋ᠠᠷ ᠵᠦᠢ᠍ᠯ᠎ᠤᠨ ᠪᠠᠶ᠋ᠢᠳᠠᠯ᠎ᠤᠨ ᠨᠢᠭᠡᠳᠤᠨᠢ ᠪᠠᠭᠲᠠᠬᠤ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ᠎ᠳᠤ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠵᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠯᠭ᠋ᠠᠬᠤ ᠭᠤᠶᠤᠴᠢᠯᠠᠯ᠎ᠢ ᠬᠦᠯᠢᠶᠡᠨ ᠠᠪᠤᠭᠰᠠᠨ ᠡᠳᠦᠷ᠎ᠠᠴᠠ ᠡᠬᠢᠯᠡᠨ ᠲᠠᠪᠤᠨ ᠠᠵᠢᠯᠯᠠᠬᠤ ᠡᠳᠦᠷ᠎ᠤᠨ ᠳᠣᠲᠣᠷ᠎ᠠ ᠭᠤᠶᠤᠴᠢᠯᠠᠭᠰᠠᠨ ᠮᠠᠲᠸᠷᠢᠶᠠᠯ᠎ᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠬᠦᠷᠭᠡᠵᠦ ᠲᠤᠰᠬᠠᠶ ᠮᠡᠷᠭᠡᠵᠢᠯᠲᠡᠳ᠎ᠢ ᠵᠣᠬᠢᠶᠠᠨ ᠪᠠᠶ᠋ᠢᠭᠤᠯᠤᠨ ᠬᠢᠨᠠᠨ ᠲᠣᠭᠲᠠᠭ᠋ᠠᠯᠭ᠋ᠠᠬᠤ ᠬᠡᠷᠡᠭᠲᠡᠶ᠃
ᠬᠣᠷᠢᠳᠤᠭ᠋ᠠᠷ ᠵᠦᠢ᠍ᠯ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠪᠠᠷᠢᠯᠭ᠎ᠠ ᠵᠢᠨ ᠭᠠᠯ ᠰᠡᠷᠭᠡᠶ᠋ᠢᠯᠡᠨ ᠤᠨᠲᠠᠷᠠᠭ᠋ᠠᠬᠤ᠂ ᠪᠠᠷᠢᠯᠭ᠎ᠠ ᠵᠡᠷᠭᠡ ᠲᠤᠰᠬᠠᠢ ᠮᠡᠷᠭᠡᠵᠢᠯ᠎ᠤᠨ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ᠎ᠲᠠᠢ ᠬᠥᠮᠦᠰ ᠵᠶ᠋ᠠᠷ ᠪᠦᠷᠢᠯᠳᠦᠭᠰᠡᠨ ᠲᠤᠰᠬᠠᠢ ᠮᠡᠷᠭᠡᠵᠢᠯᠲᠡᠨ᠎ᠤ ᠬᠥᠮᠥᠷᠭᠡ ᠵᠢ ᠪᠠᠶ᠋ᠢᠭᠤᠯᠵᠤ᠂ ᠲᠤᠰᠬᠠᠢ ᠮᠡᠷᠭᠡᠵᠢᠯᠲᠡᠨ᠎ᠤ ᠬᠥᠮᠥᠷᠭᠡ ᠵᠢᠨ ᠬᠠᠮᠢᠶᠠᠷᠤᠯᠲᠠ ᠵᠢᠨ ᠳᠦᠷᠢᠮ᠎ᠢ ᠲᠣᠭᠲᠠᠭ᠋ᠠᠬᠤ ᠬᠡᠷᠡᠭᠲᠡᠢ᠃
ᠬᠣᠷᠢᠨ ᠨᠢᠭᠡᠳᠦᠭᠡᠷ ᠵᠦᠢ᠍ᠯ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠭᠤᠶᠤᠴᠢᠯᠠᠯ᠎ᠤᠨ ᠮᠠᠲᠸᠷᠢᠶᠠᠯ᠎ᠢ ᠬᠦᠯᠢᠶᠡᠨ ᠠᠪᠤᠭᠰᠠᠨ ᠡᠳᠦᠷ᠎ᠠᠴᠠ ᠡᠬᠢᠯᠡᠨ ᠠᠷᠪᠠᠨ ᠠᠵᠢᠯᠯᠠᠬᠤ ᠡᠳᠦᠷ᠎ᠤᠨ ᠳᠣᠲᠣᠷ᠎ᠠ ᠲᠤᠰᠬᠠᠶ ᠮᠡᠷᠭᠡᠵᠢᠯᠲᠡᠨ᠎ᠤ ᠬᠢᠨᠠᠨ ᠲᠣᠭᠲᠠᠭ᠋ᠠᠬᠤ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ᠂ ᠪᠦᠳᠦᠭᠡᠨ ᠪᠠᠢ᠌ᠭᠤᠯᠤᠯᠳᠠ ᠵᠢᠨ ᠨᠢᠭᠡᠴᠡ ᠵᠢᠨ ᠲᠤᠰᠢᠶᠠᠭᠰᠠᠨ ᠤᠨᠴᠠᠭ᠋ᠠᠢ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢᠨ ᠮᠡᠷᠭᠡᠵᠢᠯ᠎ᠤᠨ ᠮᠠᠲᠸᠷᠢᠶᠠᠯ᠎ᠢ ᠬᠢᠨᠠᠨ ᠲᠣᠭᠲᠠᠭ᠋ᠠᠬᠤ ᠬᠡᠷᠡᠭᠲᠡᠶ᠃
ᠦᠨᠡᠯᠡᠨ ᠬᠢᠨᠠᠬᠤ ᠲᠤᠰᠬᠠᠶ ᠮᠡᠷᠭᠡᠵᠢᠯᠲᠡᠨ᠎ᠢ ᠲᠤᠰᠬᠠᠶ ᠮᠡᠷᠭᠡᠵᠢᠯᠲᠡᠨ᠎ᠤ ᠬᠥᠮᠥᠷᠭᠡ᠎ᠠᠴᠠ ᠲᠠᠰᠢᠷᠠᠮ ᠵᠶ᠋ᠠᠷ ᠰᠤᠭᠤᠯᠵᠤ᠂ ᠮᠡᠷᠭᠡᠵᠢᠯ᠎ᠨᠢ ᠪᠤᠳᠤᠯᠢᠶᠠᠨᠲᠠᠶ᠂ ᠲᠤᠰᠬᠠᠶ ᠮᠡᠷᠭᠡᠵᠢᠯ᠎ᠤᠨ ᠴᠢᠨᠠᠷ ᠵᠶ᠋ᠠᠷ ᠴᠢᠩᠭ᠎ᠠ ᠪᠤᠶᠤ ᠤᠯᠤᠰ᠎ᠠᠴᠠ ᠤᠨᠴᠠᠭ᠋ᠠᠢ ᠱᠠᠭ᠋ᠠᠷᠳᠠᠯᠭ᠎ᠠ᠎ᠲᠠᠢ ᠲᠥᠷᠥᠯ ᠵᠦᠢ᠍ᠯ᠎ᠳᠤ ᠬᠠᠷᠠᠭ᠋ᠠᠯᠵᠠᠭᠰᠠᠨ ᠲᠤᠰᠬᠠᠶ ᠮᠡᠷᠭᠡᠵᠢᠯ᠎ᠤᠨ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠠᠺᠠᠳᠧᠮᠢᠴᠢ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠺᠠᠳᠧᠮᠢᠴᠢ᠂ ᠪᠦᠬᠦ ᠤᠯᠤᠰ᠎ᠤᠨ ᠢᠨᠵᠧᠨᠧᠷᠢᠩ᠎ᠤᠨ ᠬᠠᠶ᠋ᠢᠨ ᠪᠠᠶ᠋ᠢᠴᠠᠭ᠋ᠠᠵᠤ ᠵᠢᠷᠤᠭᠯᠠᠨ ᠲᠥᠯᠥᠪᠯᠡᠬᠦ ᠮᠠᠰᠲ᠋ᠧᠷ ᠵᠢᠴᠢ ᠬᠢᠯᠢ ᠵᠢᠨ ᠭᠠᠳᠠᠨᠠᠬᠢ ᠬᠠᠷᠠᠭ᠋ᠠᠯᠵᠠᠭᠰᠠᠨ ᠬᠢᠷᠢ ᠬᠡᠮ᠎ᠲᠠᠢ ᠲᠤᠰᠬᠠᠶ ᠮᠡᠷᠭᠡᠵᠢᠯᠲᠡᠨ᠎ᠢ ᠰᠢᠭᠤᠳ ᠤᠷᠢᠵᠤ ᠦᠨᠡᠯᠡᠨ ᠬᠢᠨᠠᠬᠤ᠎ᠳᠤ ᠣᠷᠣᠯᠴᠠᠭᠤᠯᠵᠤ ᠪᠣᠯᠤᠨ᠎ᠠ; ᠤᠨᠴᠠᠭ᠋ᠠᠢ ᠪᠦᠳᠦᠭᠡᠠ ᠪᠠᠶ᠋ᠢᠭᠤᠯᠤᠯᠲᠠ ᠵᠢᠨ ᠪᠠᠷᠢᠯᠭ᠎ᠠ ᠵᠢᠨ ᠵᠢᠷᠤᠭ ᠲᠥᠯᠥᠪᠯᠡᠭᠡᠨ᠎ᠤ ᠨᠢᠭᠡᠴᠡ᠎ᠯᠦᠭᠡ ᠠᠰᠢᠭ ᠬᠣᠣᠷ᠎ᠤᠨ ᠬᠠᠷᠢᠴᠠᠭ᠎ᠠ᠎ᠲᠠᠢ ᠲᠤᠰᠬᠠᠢ ᠮᠡᠷᠭᠡᠵᠢᠯᠲᠡᠨ ᠬᠢᠨᠠᠨ ᠲᠣᠭᠲᠠᠭ᠋ᠠᠬᠤ᠎ᠳᠤ ᠣᠷᠣᠯᠴᠠᠵᠤ ᠪᠣᠯᠬᠤ ᠤᠢ᠍ᠭᠡᠢ᠃
ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ᠎ᠨᠢ ᠬᠣᠯᠪᠣᠭᠳᠠᠯ ᠪᠦᠬᠦᠢ ᠲᠤᠰᠬᠠᠶ ᠮᠡᠷᠭᠡᠵᠢᠯ᠎ᠤᠨ ᠱᠠᠭ᠋ᠠᠷᠳᠠᠯᠭ᠎ᠠ᠎ᠳᠤ ᠨᠡᠶ᠋ᠢᠴᠡᠵᠦ᠂ ᠶᠡᠷᠦᠩᠬᠡᠶ ᠲᠣᠭ᠎ᠠ᠎ᠨᠢ ᠳᠣᠯᠣᠭ᠋ᠠᠨ ᠬᠥᠮᠦᠨ᠎ᠠᠴᠠ ᠳᠤᠲᠠᠭᠤ ᠪᠠᠶ᠋ᠢᠵᠤ ᠪᠣᠯᠬᠤ ᠦᠭᠡᠶ ᠪᠥᠭᠡᠳ ᠬᠢᠨᠠᠨ ᠲᠣᠭᠲᠠᠭ᠋ᠠᠭᠰᠠᠨ ᠰᠠᠨᠠᠯ ᠵᠶ᠋ᠠᠨ ᠲᠤᠰᠠᠭ᠋ᠠᠷ ᠭᠠᠷᠭ᠋ᠠᠬᠤ ᠬᠡᠷᠡᠭᠲᠡᠶ᠃ ᠤᠨᠴᠠᠭ᠋ᠠᠢ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢᠨ ᠮᠡᠷᠭᠡᠵᠢᠯ᠎ᠤᠨ
ᠮᠠᠲᠸᠷᠢᠶᠠᠯ᠎ᠤᠨ ᠳᠥᠷᠪᠡᠨ᠎ᠤ ᠭᠤᠷᠪᠠ᠎ᠠᠴᠠ ᠳᠡᠭᠡᠭᠰᠢᠬᠢ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ ᠵᠶ᠋ᠠᠷ ᠵᠥᠪᠰᠢᠶᠡᠷᠡᠭᠦᠯᠪᠡᠯ ᠳᠠᠷᠤᠶ ᠬᠢᠨᠠᠨ ᠲᠣᠭᠲᠠᠭ᠋ᠠᠵᠤ ᠪᠠᠲᠤᠯᠠᠭᠰᠠᠨ᠎ᠳᠤ ᠲᠣᠭ᠋ᠠᠴᠠᠭᠳᠠᠨ᠎ᠠ᠂ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ ᠠᠳᠠᠯᠢ ᠪᠤᠰᠤ ᠰᠠᠨᠠᠯ᠎ᠲᠠᠢ ᠪᠠᠢ᠌ᠪᠠᠯ ᠲᠣᠳᠣᠷᠬᠠᠶ᠋ᠢᠯᠠᠬᠤ ᠬᠡᠷᠡᠭᠲᠡᠶ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠤᠰᠬᠠᠶ ᠮᠡᠷᠭᠡᠵᠢᠯᠲᠡᠨ᠎ᠤ ᠬᠢᠨᠠᠨ ᠲᠣᠭᠲᠠᠭ᠋ᠠᠭᠰᠠᠨ ᠰᠠᠨᠠᠯ᠎ᠢ ᠬᠢᠨᠠᠨ ᠲᠣᠭᠲᠠᠭ᠋ᠠᠯᠭ᠋ᠠᠬᠤ᠎ᠪᠠᠷ ᠮᠡᠳᠡᠭᠦᠯᠦᠭᠰᠡᠨ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠪᠢᠴᠢᠭ ᠵᠶ᠋ᠠᠷ ᠮᠡᠳᠡᠭᠳᠡᠬᠦ ᠵᠢᠨ ᠬᠠᠮᠲᠤ ᠲᠥᠷᠥ ᠵᠢᠨ ᠶᠠᠪᠤᠳᠠᠯ᠎ᠤᠨ ᠬᠣᠷᠢᠶᠠᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃
ᠬᠣᠷᠢᠨ ᠬᠣᠶᠠᠳᠤᠭ᠋ᠠᠷ ᠵᠦᠢ᠍ᠯ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠯᠭ᠋ᠠᠬᠤ ᠭᠤᠶᠤᠴᠢᠯᠠᠯ᠎ᠢ ᠬᠦᠯᠢᠶᠡᠨ ᠠᠪᠤᠭᠰᠠᠨ ᠡᠳᠦᠷ᠎ᠠᠴᠠ ᠡᠬᠢᠯᠡᠨ ᠠᠷᠪᠠᠨ ᠲᠠᠪᠤᠨ ᠠᠵᠢᠯᠯᠠᠬᠤ ᠡᠳᠦᠷ᠎ᠤᠨ ᠳᠣᠲᠣᠷ᠎ᠠ ᠬᠢᠨᠠᠨ ᠪᠠᠶ᠋ᠢᠴᠠᠭ᠋ᠠᠭᠰᠠᠨ ᠰᠠᠨᠠᠯ ᠵᠶ᠋ᠠᠨ ᠪᠢᠴᠢᠭ ᠵᠶ᠋ᠠᠷ ᠭᠠᠷᠭ᠋ᠠᠵᠤ ᠥᠭᠬᠦ ᠬᠡᠷᠡᠭᠲᠡᠶ᠃ ᠲᠤᠰ ᠲᠣᠭᠲᠠᠭ᠋ᠠᠯ᠎ᠤᠨ ᠶᠣᠰᠣᠭ᠋ᠠᠷ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ ᠬᠢᠨᠠᠨ ᠲᠣᠭᠲᠠᠭ᠋ᠠᠯᠭ᠋ᠠᠬᠤ ᠴᠢᠬᠤᠯᠠᠲᠠᠢ ᠪᠠᠶ᠋ᠢᠪᠠᠯ᠂ ᠲᠤᠰᠬᠠᠢ ᠮᠡᠷᠭᠡᠵᠢᠯᠲᠡᠨ᠎ᠤ ᠬᠢᠨᠠᠨ ᠲᠣᠭᠲᠠᠭ᠋ᠠᠬᠤ ᠴᠠᠭ᠎ᠢ ᠬᠣᠷᠢᠨ ᠠᠵᠢᠯ᠎ᠤᠨ ᠡᠳᠦᠷ᠎ᠠᠴᠠ ᠬᠡᠲᠦᠷᠡᠭᠦᠯᠵᠦ ᠪᠣᠯᠬᠤ ᠦᠭᠡᠢ᠃
ᠬᠣᠷᠢᠨ ᠭᠤᠷᠪᠠᠳᠤᠭ᠋ᠠᠷ ᠵᠦᠢ᠍ᠯ ᠳᠣᠣᠷ᠎ᠠ ᠵᠢᠭᠰᠠᠭ᠋ᠠᠭᠰᠠᠨ ᠨᠥᠬᠥᠴᠡᠯ᠎ᠳᠤ ᠨᠡᠶ᠋ᠢᠴᠡᠭᠰᠡᠨ ᠪᠠᠶ᠋ᠢᠪᠠᠯ᠂ ᠭᠠᠯ ᠰᠡᠷᠭᠡᠶ᠋ᠢᠯᠡᠨ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠠᠵᠢᠯ᠎ᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠭᠠᠯ ᠰᠡᠷᠭᠡᠶ᠋ᠢᠯᠡᠨ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠭ᠋ᠠᠳ ᠬᠢᠷᠢ ᠲᠡᠩᠴᠡᠭᠰᠡᠨ ᠰᠠᠨᠠᠯ ᠭᠠᠷᠭ᠋ᠠᠵᠤ ᠥᠭᠬᠦ ᠬᠡᠷᠡᠭᠲᠡᠢ᠃
(ᠨᠢᠭᠡ) ᠭᠤᠶᠤᠴᠢᠯᠠᠯ᠎ᠤᠨ ᠮᠠᠲ᠋ᠧᠷᠢᠶᠠᠯ᠎ᠨᠢ ᠪᠦᠷᠢᠨ ᠭᠦᠢ᠍ᠴᠡᠳ᠂ ᠬᠠᠤᠯᠢ᠎ᠪᠠᠷ ᠲᠣᠭᠲᠠᠭ᠋ᠠᠭᠰᠠᠨ ᠬᠡᠯᠪᠡᠷᠢ᠎ᠳᠤ ᠨᠡᠶ᠋ᠢᠴᠡᠭᠰᠡᠨ ᠪᠠᠶ᠋ᠢᠬᠤ;
(ᠬᠣᠶᠠᠷ) ᠵᠢᠷᠤᠵᠤ ᠲᠥᠯᠥᠪᠯᠡᠬᠦ ᠨᠢᠭᠡᠴᠡ᠎ᠨᠢ ᠵᠣᠬᠢᠴᠠᠩᠭᠤᠢ ᠬᠢᠷᠢ ᠬᠡᠮ᠎ᠲᠠᠢ ᠪᠠᠶ᠋ᠢᠬᠤ;
(ᠭᠤᠷᠪᠠ) ᠭᠠᠯ ᠰᠡᠷᠭᠡᠶ᠋ᠢᠯᠡᠨ ᠤᠨᠲᠠᠷᠠᠭ᠋ᠠᠬᠤ ᠵᠢᠷᠤᠭ ᠲᠥᠯᠥᠪᠯᠡᠭᠡᠨ᠎ᠤ ᠪᠢᠴᠢᠭ ᠮᠠᠲ᠋ᠧᠷᠢᠶᠠᠯ᠎ᠨᠢ ᠤᠯᠤᠰ᠎ᠤᠨ ᠪᠠᠷᠢᠯᠭ᠎ᠠ ᠵᠢᠨ ᠪᠦᠳᠦᠭᠡᠠ ᠪᠠᠶ᠋ᠢᠭᠤᠯᠤᠯᠲᠠ ᠵᠢᠨ ᠭᠠᠯ ᠰᠡᠷᠭᠡᠶ᠋ᠢᠯᠡᠨ ᠤᠨᠲᠠᠷᠠᠭ᠋ᠠᠬᠤ ᠮᠡᠷᠭᠡᠵᠢᠯ᠎ᠤᠨ ᠪᠠᠷᠢᠮᠵᠢᠶ᠎ᠠ᠎ᠳᠤ ᠨᠡᠶ᠋ᠢᠴᠡᠭᠰᠡᠨ
(ᠲᠤᠰ ᠲᠣᠭᠲᠠᠭ᠋ᠠᠯ᠎ᠤᠨ ᠠᠷᠪᠠᠨ ᠳᠣᠯᠣᠳᠤᠭ᠋ᠠᠷ ᠵᠦᠢ᠍ᠯ᠎ᠤᠨ ᠪᠠᠶ᠋ᠢᠳᠠᠯ᠎ᠤᠨ ᠨᠢᠭᠡ᠎ᠨᠢ ᠪᠠᠶ᠋ᠢᠬᠤ ᠣᠨᠴᠠᠭ᠋ᠠᠢ ᠪᠦᠳᠦᠭᠡᠠ ᠪᠠᠶ᠋ᠢᠭᠤᠯᠤᠯᠲᠠ ᠵᠢᠨ ᠪᠠᠷᠢᠯᠭ᠎ᠠ᠂ ᠭᠠᠯ ᠰᠡᠷᠭᠡᠶ᠋ᠢᠯᠡᠨ ᠤᠨᠲᠠᠷᠠᠭ᠋ᠠᠬᠤ ᠣᠨᠴᠠᠭ᠋ᠠᠢ ᠵᠢᠷᠤᠭ ᠲᠥᠯᠥᠪᠯᠡᠭᠡᠨ᠎ᠤ ᠮᠡᠷᠭᠡᠵᠢᠯ᠎ᠤᠨ ᠮᠠᠲ᠋ᠧᠷᠢᠶᠠᠯ᠎ᠢ ᠲᠤᠰᠬᠠᠢ ᠮᠡᠷᠭᠡᠵᠢᠯᠲᠡᠨ ᠬᠢᠨᠠᠨ ᠰᠢᠯᠭ᠋ᠠᠷᠠᠭᠤᠯᠬᠤ᠎ᠳᠤ ᠬᠢᠷᠢ ᠲᠡᠩᠴᠡᠭᠰᠡᠨ)᠃
ᠡᠮᠦᠨᠡᠬᠢ ᠵᠤᠷᠪᠤᠰ᠎ᠲᠤ ᠲᠣᠭᠲᠠᠭ᠋ᠠᠭᠰᠠᠨ ᠨᠥᠬᠥᠴᠡᠯ᠎ᠳᠤ ᠨᠡᠶ᠋ᠢᠴᠡᠬᠦ ᠦᠭᠡᠶ ᠪᠤᠯ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠭ᠋ᠠᠳ ᠬᠢᠷᠢ ᠲᠡᠩᠴᠡᠭᠰᠡᠨ ᠦᠭᠡᠶ ᠰᠠᠨᠠᠯ᠎ᠢ ᠭᠠᠷᠭ᠋ᠠᠵᠤ ᠥᠭᠬᠦ ᠵᠢᠨ ᠬᠠᠮᠲᠤ ᠰᠢᠯᠲᠠᠭ᠋ᠠᠨ ᠵᠶ᠋ᠠᠨ ᠲᠣᠳᠣᠷᠬᠠᠶ᠋ᠢᠯᠠᠬᠤ ᠬᠡᠷᠡᠭᠲᠡᠶ᠃
ᠬᠣᠷᠢᠨ ᠳᠥᠷᠪᠡᠳᠦᠭᠡᠷ ᠵᠦᠢ᠍ᠯ ᠪᠠᠷᠢᠯᠭ᠎ᠠ ᠵᠢᠨ ᠵᠢᠷᠤᠭ ᠲᠥᠯᠥᠪᠯᠡᠭᠡᠨ᠎ᠤ ᠪᠢᠴᠢᠭ ᠮᠠᠲ᠋ᠧᠷᠢᠶᠠᠯ᠎ᠢ ᠬᠠᠮᠲᠤᠷᠠᠨ ᠬᠢᠨᠠᠨ ᠪᠠᠶ᠋ᠢᠴᠠᠭ᠋ᠠᠬᠤ᠎ᠳᠤ᠂ ᠪᠦᠳᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠰᠡᠷᠭᠡᠶ᠋ᠢᠯᠡᠨ ᠤᠨᠲᠠᠷᠠᠭ᠋ᠠᠬᠤ ᠵᠢᠷᠤᠭ ᠲᠥᠯᠥᠪᠯᠡᠭᠡᠨ᠎ᠤ ᠮᠡᠷᠭᠡᠵᠢᠯ᠎ᠤᠨ ᠬᠢᠨᠠᠨ ᠪᠠᠶ᠋ᠢᠴᠠᠭ᠋ᠠᠯᠲᠠ ᠵᠢ ᠬᠠᠮᠲᠤᠷᠠᠨ ᠬᠢᠨᠠᠨ ᠪᠠᠶ᠋ᠢᠴᠠᠭ᠋ᠠᠬᠤ᠎ᠳᠤ ᠣᠷᠣᠭᠤᠯᠬᠤ ᠬᠡᠷᠡᠭᠲᠡᠢ᠃
ᠬᠣᠷᠢᠨ ᠲᠠᠪᠤᠳᠤᠭ᠋ᠠᠷ ᠵᠦᠢ᠍ᠯ ᠪᠦᠳᠦᠭᠡᠠ ᠪᠠᠶ᠋ᠢᠭᠤᠯᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ ᠨᠢᠭᠡᠴᠡ ᠬᠢᠨᠠᠨ ᠪᠠᠶ᠋ᠢᠴᠠᠭ᠋ᠠᠭ᠋ᠠᠳ ᠬᠢᠷᠢ ᠲᠡᠩᠴᠡᠭᠰᠡᠨ ᠭᠠᠯ ᠰᠡᠷᠭᠡᠶ᠋ᠢᠯᠡᠨ ᠤᠨᠲᠠᠷᠠᠭ᠋ᠠᠬᠤ ᠵᠢᠷᠤᠭ ᠲᠥᠯᠥᠪᠯᠡᠭᠡᠨ᠎ᠤ ᠪᠢᠴᠢᠭ ᠮᠠᠲ᠋ᠧᠷᠢᠶᠠᠯ᠎ᠢ ᠳᠤᠷ᠎ᠠ᠎ᠪᠠᠷ ᠵᠶ᠋ᠠᠨ ᠵᠠᠰᠠᠵᠤ ᠪᠣᠯᠬᠤ ᠤᠢ᠍ᠭᠡᠢ᠃ ᠦᠨᠡᠬᠡᠷ ᠵᠠᠰᠠᠪᠤᠷᠢ ᠣᠷᠣᠭᠤᠯᠬᠤ ᠴᠢᠬᠤᠯᠠᠲᠠᠢ ᠪᠠᠶ᠋ᠢᠪᠠᠯ᠂ ᠪᠦᠳᠦᠭᠡᠨ ᠪᠠᠶ᠋ᠢᠭᠤᠯᠬᠤ ᠨᠢᠭᠡᠴᠡ᠎ᠨᠢ ᠲᠤᠰ ᠲᠣᠭᠲᠠᠭ᠋ᠠᠯ ᠶᠣᠰᠣᠭ᠋ᠠᠷ ᠭᠠᠯ ᠰᠡᠷᠭᠡᠶ᠋ᠢᠯᠡᠨ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠯᠭ᠋ᠠᠬᠤ᠎ᠪᠠᠷ ᠲᠠᠬᠢᠨ ᠭᠤᠶᠤᠴᠢᠯᠠᠬᠤ ᠬᠡᠷᠡᠭᠲᠡᠢ᠃
ᠳᠥᠷᠪᠡᠳᠦᠭᠡᠷ ᠪᠦᠯᠦᠭ ᠤᠨᠴᠠᠭ᠋ᠠᠢ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠤᠨᠲᠠᠷᠠᠭ᠋ᠠᠬᠤ ᠵᠢ ᠰᠢᠯᠭ᠋ᠠᠨ ᠠᠪᠬᠤ
ᠬᠣᠷᠢᠨ ᠵᠢᠷᠭᠤᠳᠤᠭ᠋ᠠᠷ ᠵᠦᠢ᠍ᠯ ᠤᠨᠴᠠᠭ᠋ᠠᠢ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ᠎ᠳᠤ ᠭᠠᠯ ᠤᠨᠲᠠᠷᠠᠭ᠋ᠠᠬᠤ ᠵᠢ ᠰᠢᠯᠭ᠋ᠠᠨ ᠠᠪᠬᠤ ᠳᠦᠷᠢᠮ᠎ᠢ ᠬᠡᠷᠡᠭᠵᠢᠭᠦᠯᠦᠨ᠎ᠡ᠃
ᠤᠨᠴᠠᠭ᠋ᠠᠢ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠳᠠᠭᠤᠰᠴᠤ ᠰᠢᠯᠭ᠋ᠠᠨ ᠠᠪᠤᠭᠰᠠᠨ᠎ᠤ ᠳᠠᠷᠠᠭ᠎ᠠ᠂ ᠪᠠᠷᠢᠯᠭ᠎ᠠ ᠪᠠᠷᠢᠭᠤᠯᠬᠤ ᠨᠢᠭᠡᠴᠡ᠎ᠨᠢ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠵᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠭᠠᠯ ᠤᠨᠲᠠᠷᠠᠭ᠋ᠠᠬᠤ ᠵᠢ ᠰᠢᠯᠭ᠋ᠠᠨ ᠠᠪᠤᠭᠤᠯᠬᠤ᠎ᠪᠠᠷ ᠭᠤᠶᠤᠴᠢᠯᠠᠬᠤ ᠬᠡᠷᠡᠭᠲᠡᠶ; ᠭᠠᠯ ᠰᠡᠷᠭᠡᠶ᠋ᠢᠯᠡᠨ ᠤᠨᠲᠠᠷᠠᠭ᠋ᠠᠬᠤ ᠲᠤᠬᠠᠢ ᠰᠢᠯᠭ᠋ᠠᠯᠲᠠ ᠬᠢᠯᠭᠡᠭᠰᠡᠨ ᠤᠢ᠍ᠭᠡᠢ ᠪᠤᠶᠤ ᠭᠠᠯ ᠰᠡᠷᠭᠡᠶ᠋ᠢᠯᠡᠨ ᠤᠨᠲᠠᠷᠠᠭ᠋ᠠᠬᠤ ᠲᠤᠬᠠᠢ ᠰᠢᠯᠭ᠋ᠠᠯᠲᠠ᠎ᠨᠢ ᠬᠢᠷᠢ ᠲᠡᠩᠴᠡᠭᠰᠡᠨ ᠤᠢ᠍ᠭᠡᠢ ᠪᠠᠶ᠋ᠢᠪᠠᠯ᠂ ᠠᠰᠢᠭᠯᠠᠯᠲᠠ᠎ᠳᠤ ᠣᠷᠣᠭᠤᠯᠬᠤ ᠵᠢ ᠴᠠᠭ᠋ᠠᠵᠠᠯᠠᠨ᠎ᠠ᠃
ᠬᠣᠷᠢᠨ ᠳᠣᠯᠣᠳᠤᠭ᠋ᠠᠷ ᠵᠦᠢ᠍ᠯ ᠪᠥᠳᠥᠭᠡᠨ ᠪᠠᠢ᠌ᠭᠤᠯᠤᠯᠳᠠ ᠵᠢᠨ ᠨᠢᠭᠡᠴᠡ ᠪᠠᠷᠢᠯᠭ᠎ᠠ ᠳᠠᠭᠤᠰᠤᠭᠰᠠᠨ᠎ᠢ ᠰᠢᠯᠭ᠋ᠠᠨ ᠠᠪᠬᠤ ᠵᠢ ᠵᠣᠬᠢᠶᠠᠨ ᠪᠠᠶ᠋ᠢᠭᠤᠯᠬᠤ᠎ᠲᠠᠭᠠᠨ᠂ ᠪᠥᠳᠥᠭᠡᠨ ᠪᠠᠶ᠋ᠢᠭᠤᠯᠤᠯᠲᠠ ᠵᠢᠨ ᠪᠠᠷᠢᠯᠭ᠎ᠠ᠎ᠨᠢ ᠳᠣᠣᠷᠠᠬᠢ ᠱᠠᠭ᠋ᠠᠷᠳᠠᠯᠭ᠎ᠠ᠎ᠲᠤ ᠨᠡᠶ᠋ᠢᠴᠡᠬᠦ ᠡᠰᠡᠬᠦ ᠵᠢ ᠪᠠᠶ᠋ᠢᠴᠠᠭ᠋ᠠᠨ ᠰᠢᠯᠭ᠋ᠠᠬᠤ ᠬᠡᠷᠡᠭᠲᠡᠢ᠃
(ᠨᠢᠭᠡ) ᠪᠠᠷᠢᠯᠭ᠎ᠠ ᠵᠢᠨ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠪᠣᠯᠤᠨ ᠭᠡᠷ᠎ᠡ᠎ᠳᠤ ᠪᠣᠯᠵᠣᠨ ᠲᠣᠭᠲᠠᠭᠰᠠᠨ ᠭᠠᠯ ᠤᠨᠲᠠᠷᠠᠭ᠋ᠠᠬᠤ ᠡᠯ᠎ᠡ ᠵᠦᠢ᠍ᠯ᠎ᠤᠨ ᠠᠭᠤᠯᠭ᠎ᠠ ᠵᠢ ᠪᠡᠶᠡᠯᠡᠭᠦᠯᠬᠦ ᠬᠡᠷᠡᠭᠲᠡᠶ;
(ᠬᠣᠶᠠᠷ) ᠪᠠᠷᠢᠯᠭ᠎ᠠ ᠵᠢᠨ ᠭᠠᠯ ᠤᠨᠲᠠᠷᠠᠭ᠋ᠠᠬᠤ ᠮᠡᠷᠭᠡᠵᠢᠯ᠎ᠤᠨ ᠪᠦᠷᠢᠨ ᠪᠦᠲᠦᠨ ᠳᠠᠩᠰᠠ ᠡᠪᠬᠡᠮᠡᠯ ᠪᠣᠯᠤᠨ ᠪᠠᠷᠢᠯᠭ᠎ᠠ ᠵᠢᠨ ᠠᠵᠢᠯ᠎ᠤᠨ ᠬᠠᠮᠢᠶᠠᠷᠤᠯᠲᠠ ᠵᠢᠨ ᠮᠠᠲᠸᠷᠢᠶᠠᠯ (ᠭᠠᠯ ᠤᠨᠲᠠᠷᠠᠭ᠋ᠠᠬᠤ᠎ᠳᠤ ᠬᠣᠯᠪᠣᠭᠳᠠᠬᠤ ᠪᠠᠷᠢᠯᠭ᠎ᠠ ᠵᠢᠨ ᠮᠠᠲᠸᠷᠢᠶᠠᠯ᠂ ᠪᠠᠷᠢᠯᠭ᠎ᠠ ᠵᠢᠨ ᠲᠣᠨᠣᠭᠯᠠᠭ᠋ᠠᠰᠤ ᠰᠡᠯᠪᠢᠭᠡᠰᠦ ᠪᠣᠯᠤᠨ ᠲᠥᠬᠥᠭᠡᠷᠦᠮᠵᠢ ᠵᠢᠨ ᠲᠠᠯᠠᠪᠠᠶ᠎ᠳᠤ ᠣᠷᠣᠬᠤ ᠲᠤᠷᠰᠢᠯᠲᠠ ᠵᠢᠨ ᠮᠡᠳᠡᠭᠦᠯᠦᠯᠲᠡ ᠪᠠᠭᠲᠠᠨ᠎ᠠ)᠎ᠲᠠᠢ ᠪᠠᠶ᠋ᠢᠬᠤ;
(ᠭᠤᠷᠪᠠ ) ᠪᠦᠳᠦᠭᠡᠨ ᠪᠠᠢ᠌ᠭᠤᠯᠤᠯᠳᠠ ᠵᠢᠨ ᠨᠢᠭᠡᠴᠡ᠎ᠨᠢ ᠪᠠᠷᠢᠯᠭ᠎ᠠ᠎ᠳᠠᠭᠠᠨ ᠭᠠᠯ ᠤᠨᠲᠠᠷᠠᠭ᠋ᠠᠬᠤ᠎ᠳᠤ ᠬᠣᠯᠪᠣᠭᠳᠠᠬᠤ ᠡᠯ᠎ᠡ ᠬᠡᠰᠡᠭ᠎ᠤᠨ ᠲᠥᠷᠥᠯ ᠵᠦᠢ᠍ᠯ᠎ᠤᠨ ᠪᠠᠷᠢᠯᠭ᠎ᠠ ᠵᠢ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠪᠠᠶ᠋ᠢᠬᠤ; ᠪᠠᠷᠢᠯᠭ᠎ᠠ ᠪᠠᠷᠢᠬᠤ᠂ ᠵᠢᠷᠤᠭᠯᠠᠨ ᠲᠥᠯᠥᠪᠯᠡᠬᠦ᠂ ᠪᠠᠷᠢᠯᠭ᠎ᠠ ᠵᠢᠨ ᠬᠢᠨᠠᠨ ᠬᠠᠮᠢᠶᠠᠷᠤᠯᠳᠠ᠂ ᠮᠡᠷᠭᠡᠵᠢᠯ᠎ᠤᠨ ᠦᠢ᠍ᠯᠡᠴᠢᠯᠡᠭᠡᠨ ᠬᠢᠬᠦ ᠵᠡᠷᠭᠡ ᠨᠢᠭᠡᠴᠡ᠎ᠤᠳ ᠪᠠᠷᠢᠯᠭ᠎ᠠ ᠵᠢᠨ ᠭᠠᠯ ᠤᠨᠲᠠᠷᠠᠭ᠋ᠠᠬᠤ ᠶᠠᠰᠤ ᠴᠢᠨᠠᠷ᠎ᠢ ᠬᠣᠯᠪᠣᠭᠳᠠᠯ ᠪᠦᠬᠦᠢ ᠪᠠᠷᠢᠮᠵᠢᠶ᠎ᠠ᠎ᠳᠤ ᠨᠡᠶ᠋ᠢᠴᠡᠭᠦᠯᠬᠦ᠎ᠪᠠᠷ ᠨᠤᠲᠠᠯᠠᠨ ᠲᠣᠭᠲᠠᠭ᠋ᠠᠬᠤ ᠬᠡᠷᠡᠭᠲᠡᠶ;
(ᠳᠥᠷᠪᠡ) ᠭᠠᠯ ᠤᠨᠲᠠᠷᠠᠭ᠋ᠠᠬᠤ ᠲᠦᠭᠦᠭᠡᠷᠦᠮᠵᠢ ᠵᠢᠨ ᠴᠢᠨᠠᠷ ᠴᠢᠳᠠᠯ᠂ ᠰᠢᠰᠲ᠋ᠧᠮ᠎ᠤᠨ ᠴᠢᠳᠠᠮᠵᠢ ᠵᠢ ᠬᠠᠮᠲᠤᠷᠠᠨ ᠲᠣᠬᠢᠷᠠᠭᠤᠯᠵᠤ ᠬᠠᠮᠲᠤᠷᠠᠨ ᠲᠤᠷᠰᠢᠬᠤ ᠵᠡᠷᠭᠡ ᠠᠭᠤᠯᠭ᠎ᠠ ᠵᠢ ᠪᠠᠶ᠋ᠢᠴᠠᠭ᠋ᠠᠨ ᠬᠡᠮᠵᠢᠵᠦ ᠬᠢᠷᠢ ᠲᠡᠩᠴᠡᠭᠰᠡᠨ ᠪᠠᠶ᠋ᠢᠬᠤ᠃
ᠪᠠᠶ᠋ᠢᠴᠠᠭ᠋ᠠᠨ ᠰᠢᠯᠭ᠋ᠠᠭ᠋ᠠᠳ ᠡᠮᠦᠨᠡᠬᠢ ᠪᠠᠳᠠᠭ᠎ᠤᠨ ᠲᠣᠭᠲᠠᠭ᠋ᠠᠯ᠎ᠳᠤ ᠨᠡᠶ᠋ᠢᠴᠡᠬᠦ ᠤᠢ᠍ᠭᠡᠢ ᠪᠦᠳᠦᠭᠡᠠ ᠪᠠᠶ᠋ᠢᠭᠤᠯᠤᠯᠲᠠ ᠵᠢᠨ ᠪᠠᠷᠢᠯᠭ᠎ᠠ ᠪᠠᠶ᠋ᠢᠪᠠᠯ᠂ ᠪᠦᠳᠦᠭᠡᠠ ᠪᠠᠢ᠌ᠭᠤᠯᠤᠯᠳᠠ ᠵᠢᠨ ᠨᠢᠭᠡᠴᠡ᠎ᠨᠢ ᠪᠠᠷᠢᠯᠭ᠎ᠠ ᠳᠠᠭᠤᠰᠤᠭᠰᠠᠨ᠎ᠢ ᠰᠢᠯᠭ᠋ᠠᠨ ᠠᠪᠤᠭᠰᠠᠨ ᠮᠡᠳᠡᠭᠦᠯᠦᠯᠲᠡ ᠵᠢ ᠨᠠᠶ᠋ᠢᠷᠠᠭᠤᠯᠤᠨ ᠵᠣᠬᠢᠶᠠᠵᠤ ᠪᠣᠯᠬᠤ ᠤᠢ᠍ᠭᠡᠢ᠃
ᠬᠣᠷᠢᠨ ᠨᠠᠢ᠍ᠮᠠᠳᠤᠭ᠋ᠠᠷ ᠵᠦᠢ᠍ᠯ ᠪᠦᠳᠦᠭᠡᠠ ᠪᠠᠢ᠌ᠭᠤᠯᠤᠯᠳᠠ ᠵᠢᠨ ᠨᠢᠭᠡᠴᠡ᠎ᠨᠢ ᠭᠠᠯ ᠤᠨᠲᠠᠷᠠᠭ᠋ᠠᠬᠤ ᠵᠢ ᠰᠢᠯᠭ᠋ᠠᠨ ᠠᠪᠤᠭᠤᠯᠬᠤ᠎ᠪᠠᠷ ᠭᠤᠶᠤᠴᠢᠯᠠᠬᠤ᠎ᠳᠤ᠂ ᠳᠣᠣᠷᠠᠬᠢ ᠮᠡᠲᠦ ᠮᠠᠲᠸᠷᠢᠶᠠᠯ᠎ᠢ ᠲᠤᠰᠢᠶᠠᠬᠤ ᠬᠡᠷᠡᠭᠲᠡᠶ᠄
(ᠨᠢᠭᠡ) ᠭᠠᠯ ᠤᠨᠲᠠᠷᠠᠭ᠋ᠠᠬᠤ ᠵᠢ ᠰᠢᠯᠭ᠋ᠠᠨ ᠠᠪᠤᠭᠤᠯᠬᠤ ᠭᠤᠶᠤᠴᠢᠯᠠᠯ᠎ᠤᠨ ᠬᠦᠰᠦᠨᠦᠭᠲᠦ;
(ᠬᠣᠶᠠᠷ) ᠪᠠᠷᠢᠯᠭ᠎ᠠ ᠵᠢᠨ ᠠᠵᠢᠯ ᠳᠠᠭᠤᠰᠤᠭᠰᠠᠨ᠎ᠢ ᠰᠢᠯᠭ᠋ᠠᠨ ᠠᠪᠤᠭᠰᠠᠨ ᠮᠡᠳᠡᠭᠦᠯᠦᠯᠲᠡ;
(ᠭᠤᠷᠪᠠ) ᠭᠠᠯ ᠤᠨᠲᠠᠷᠠᠭ᠋ᠠᠬᠤ᠎ᠳᠤ ᠬᠣᠯᠪᠣᠭᠳᠠᠬᠤ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠠᠵᠢᠯ ᠳᠠᠭᠤᠰᠤᠭᠰᠠᠨ ᠵᠢᠷᠤᠭ᠃
ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠪᠦᠳᠦᠭᠡᠠ ᠪᠠᠢ᠌ᠭᠤᠯᠤᠯᠳᠠ ᠵᠢᠨ ᠨᠢᠭᠡᠴᠡ ᠵᠢᠨ ᠲᠤᠰᠢᠶᠠᠭᠰᠠᠨ ᠭᠠᠯ ᠤᠨᠲᠠᠷᠠᠭ᠋ᠠᠬᠤ ᠵᠢ ᠰᠢᠯᠭ᠋ᠠᠨ ᠠᠪᠤᠭᠤᠯᠬᠤ ᠭᠤᠶᠤᠴᠢᠯᠠᠯ᠎ᠢ ᠭᠠᠷᠳᠠᠭᠰᠠᠨᠤ ᠳᠠᠷᠠᠭ᠎ᠠ ᠭᠤᠶᠤᠴᠢᠯᠠᠭᠰᠠᠨ ᠮᠠᠲᠸᠷᠢᠶᠠᠯ᠎ᠨᠢ ᠪᠦᠷᠢᠨ ᠭᠦᠢ᠍ᠴᠡᠳ ᠪᠠᠶ᠋ᠢᠪᠠᠯ᠂ ᠬᠦᠯᠢᠶᠡᠨ ᠠᠪᠤᠭᠰᠠᠨ ᠭᠡᠷᠡᠴᠢ ᠪᠠᠷᠢᠮᠲᠠ ᠬᠢᠵᠦ ᠥᠭᠬᠦ ᠬᠡᠷᠡᠭᠲᠡᠶ; ᠭᠤᠶᠤᠴᠢᠯᠠᠯ᠎ᠤᠨ ᠮᠠᠲ᠋ᠧᠷᠢᠶᠠᠯ᠎ᠨᠢ ᠪᠦᠷᠢᠨ ᠭᠦᠢ᠍ᠴᠡᠳ ᠪᠤᠰᠤ ᠪᠠᠶ᠋ᠢᠪᠠᠯ᠂ ᠨᠥᠬᠥᠪᠥᠷᠢᠯᠡᠨ ᠵᠠᠯᠠᠷᠠᠭᠤᠯᠬᠤ ᠴᠢᠬᠤᠯᠠᠲᠠᠢ ᠪᠦᠬᠦ ᠠᠭᠤᠯᠭ᠎ᠠ ᠵᠢ ᠨᠢᠭᠡ ᠯᠡ ᠤᠳᠠᠭ᠎ᠠ ᠳᠡᠭᠡᠷ᠎ᠡ ᠮᠡᠳᠡᠭᠳᠡᠬᠦ ᠬᠡᠷᠡᠭᠲᠡᠢ᠃
ᠬᠣᠷᠢ ᠶᠢᠰᠦᠳᠦᠭᠡᠷ ᠵᠦᠢ᠍ᠯ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠭᠠᠯ ᠤᠨᠲᠠᠷᠠᠭ᠋ᠠᠬᠤ ᠵᠢ ᠰᠢᠯᠭ᠋ᠠᠨ ᠠᠪᠤᠭᠤᠯᠬᠤ ᠭᠤᠶᠤᠴᠢᠯᠠᠯ᠎ᠢ ᠬᠦᠯᠢᠶᠡᠨ ᠠᠪᠤᠭᠰᠠᠨ᠎ᠤ ᠳᠠᠷᠠᠭ᠎ᠠ᠂ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠤᠨᠴᠠᠭ᠋ᠠᠢ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ᠎ᠳᠤ ᠲᠤᠬᠠᠶ ᠵᠢᠨ ᠭᠠᠵᠠᠷ᠎ᠤᠨ ᠬᠢᠨᠠᠨ ᠲᠣᠭᠲᠠᠭ᠋ᠠᠯᠲᠠ ᠬᠢᠬᠦ ᠬᠡᠷᠡᠭᠲᠡᠶ᠃ ᠲᠤᠬᠠᠶ ᠵᠢᠨ ᠲᠠᠯᠠᠪᠠᠶ ᠵᠢᠨ ᠦᠨᠡᠯᠡᠨ ᠲᠣᠭᠲᠠᠭ᠋ᠠᠯᠲᠠ᠎ᠳᠤ ᠪᠠᠷᠢᠯᠭ᠎ᠠ ᠵᠢᠨ ᠭᠠᠯ᠎ᠢ ᠰᠡᠷᠭᠡᠶ᠋ᠢᠯᠡᠬᠦ (ᠤᠨᠲᠠᠷᠠᠭ᠋ᠠᠬᠤ) ᠲᠦᠭᠦᠭᠡᠷᠦᠮᠵᠢ ᠵᠢᠨ ᠭᠠᠳᠠᠷ ᠪᠠᠶ᠋ᠢᠳᠠᠯ᠎ᠢ ᠲᠤᠬᠠᠶ ᠵᠢᠨ ᠲᠠᠯᠠᠪᠠᠶ᠎ᠳᠤ ᠥᠯᠢᠭᠡᠷ ᠠᠪᠴᠤ ᠦᠵᠡᠬᠦ ᠵᠢ ᠪᠠᠭᠲᠠᠭ᠋ᠠᠨ᠎ᠠ; ᠲᠤᠰᠬᠠᠶ ᠬᠡᠮᠵᠢᠭᠦᠷᠯᠢᠭ ᠲᠥᠬᠥᠭᠡᠷᠦᠮᠵᠢ᠎ᠪᠠᠷ ᠳᠠᠮᠵᠢᠭᠤᠯᠤᠨ ᠬᠣᠯᠪᠣᠭᠳᠠᠬᠤ ᠵᠠᠶ᠂ ᠥᠨᠳᠥᠷ᠂ ᠥᠷᠭᠡᠨ᠂ ᠤᠷᠲᠤ᠂ ᠲᠠᠯᠠᠪᠠᠶ᠂ ᠵᠤᠵᠠᠭ᠋ᠠᠨ᠎ᠤ ᠬᠡᠮᠵᠢᠶ᠎ᠡ ᠵᠡᠷᠭᠡ ᠬᠡᠮᠵᠢᠵᠦ ᠪᠣᠯᠬᠤ ᠭᠦᠢ᠍ᠴᠡᠳᠬᠡᠬᠦ ᠲᠣᠭ᠎ᠠ᠎ᠳᠤ ᠲᠤᠬᠠᠶ ᠵᠢᠨ ᠭᠠᠵᠠᠷ᠎ᠲᠤᠨᠢ ᠦᠯᠢᠭᠡᠷ ᠠᠪᠴᠤ ᠬᠡᠮᠵᠢᠯᠲᠡ ᠬᠢᠨ᠎ᠡ; ᠭᠠᠯ ᠤᠨᠲᠠᠷᠠᠭ᠋ᠠᠬᠤ ᠲᠥᠬᠥᠭᠡᠷᠦᠮᠵᠢ ᠵᠢᠨ ᠴᠢᠳᠠᠮᠵᠢ ᠵᠢ ᠦᠯᠢᠭᠡᠷ ᠠᠪᠴᠤ ᠰᠢᠯᠭ᠋ᠠᠬᠤ᠂ ᠭᠠᠯ ᠤᠨᠲᠠᠷᠠᠭ᠋ᠠᠬᠤ ᠲᠥᠬᠥᠭᠡᠷᠦᠮᠵᠢ ᠵᠢᠨ ᠰᠢᠰᠲ᠋ᠧᠮ᠎ᠤᠨ ᠴᠢᠳᠠᠮᠵᠢ ᠵᠢ ᠬᠣᠯᠪᠣᠭ᠋ᠠᠯᠠᠨ ᠲᠣᠬᠢᠷᠠᠭᠤᠯᠵᠤ ᠬᠣᠯᠪᠣᠭ᠋ᠠᠯᠠᠨ ᠲᠤᠷᠰᠢᠬᠤ ᠵᠡᠷᠭᠡ ᠠᠭᠤᠯᠭ᠎ᠠ ᠪᠠᠭᠲᠠᠨ᠎ᠠ᠃
ᠭᠤᠴᠢᠳᠤᠭ᠋ᠠᠷ ᠵᠦᠢ᠍ᠯ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠭᠠᠯ ᠤᠨᠲᠠᠷᠠᠭ᠋ᠠᠬᠤ ᠵᠢ ᠰᠢᠯᠭ᠋ᠠᠨ ᠠᠪᠤᠭᠤᠯᠬᠤ ᠭᠤᠶᠤᠴᠢᠯᠠᠯ᠎ᠢ ᠬᠦᠯᠢᠶᠡᠨ ᠠᠪᠤᠭᠰᠠᠨ ᠡᠳᠦᠷ᠎ᠠᠴᠠ ᠡᠬᠢᠯᠡᠨ ᠠᠷᠪᠠᠨ ᠲᠠᠪᠤᠨ ᠡᠳᠦᠷ᠎ᠤᠨ ᠳᠣᠲᠣᠷ᠎ᠠ ᠭᠠᠯ ᠤᠨᠲᠠᠷᠠᠭ᠋ᠠᠬᠤ ᠵᠢ ᠰᠢᠯᠭ᠋ᠠᠨ ᠠᠪᠤᠭᠰᠠᠨ ᠰᠠᠨᠠᠯ ᠵᠶ᠋ᠠᠨ ᠭᠠᠷᠭ᠋ᠠᠬᠤ ᠬᠡᠷᠡᠭᠲᠡᠶ᠃
ᠳᠣᠣᠷᠠᠬᠢ ᠨᠥᠬᠥᠴᠡᠯ᠎ᠳᠤ ᠨᠡᠶ᠋ᠢᠴᠡᠬᠦ᠎ᠳᠤᠨᠢ ᠭᠠᠯ ᠤᠨᠲᠠᠷᠠᠭ᠋ᠠᠬᠤ ᠵᠢ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠰᠠᠨᠠᠯ ᠭᠠᠷᠭ᠋ᠠᠵᠤ ᠥᠭᠬᠦ ᠬᠡᠷᠡᠭᠲᠡᠶ᠄
(ᠨᠢᠭᠡ) ᠭᠤᠶᠤᠴᠢᠯᠠᠯ᠎ᠤᠨ ᠮᠠᠲ᠋ᠧᠷᠢᠶᠠᠯ᠎ᠨᠢ ᠪᠦᠷᠢᠨ ᠭᠦᠢ᠍ᠴᠡᠳ᠂ ᠬᠠᠤᠯᠢ᠎ᠪᠠᠷ ᠲᠣᠭᠲᠠᠭ᠋ᠠᠭᠰᠠᠨ ᠬᠡᠯᠪᠡᠷᠢ᠎ᠳᠤ ᠨᠡᠶ᠋ᠢᠴᠡᠭᠰᠡᠨ ᠪᠠᠶ᠋ᠢᠬᠤ;
(ᠬᠣᠶᠠᠷ) ᠪᠠᠷᠢᠯᠭ᠎ᠠ ᠳᠠᠭᠤᠰᠤᠭᠰᠠᠨ᠎ᠢ ᠰᠢᠯᠭ᠋ᠠᠨ ᠠᠪᠤᠭᠰᠠᠨ ᠮᠡᠳᠡᠭᠦᠯᠦᠯᠲᠡ ᠵᠢᠨ ᠠᠭᠤᠯᠭ᠎ᠠ᠎ᠨᠢ ᠪᠦᠷᠢᠨ ᠲᠡᠭᠦᠯᠳᠡᠷ ᠪᠠᠶ᠋ᠢᠬᠤ;
(ᠭᠤᠷᠪᠠ) ᠭᠠᠯ ᠤᠨᠲᠠᠷᠠᠭ᠋ᠠᠬᠤ᠎ᠳᠤ ᠬᠣᠯᠪᠣᠭᠳᠠᠬᠤ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠠᠵᠢᠯ ᠳᠠᠭᠤᠰᠤᠭᠰᠠᠨ ᠵᠢᠷᠤᠭ᠎ᠨᠢ ᠬᠢᠨᠠᠨ ᠪᠠᠶ᠋ᠢᠴᠠᠭ᠋ᠠᠭ᠋ᠠᠳ ᠬᠢᠷᠢ ᠲᠡᠩᠴᠡᠭᠰᠡᠨ ᠭᠠᠯ ᠤᠨᠲᠠᠷᠠᠭ᠋ᠠᠬᠤ ᠵᠢᠷᠤᠭ ᠲᠥᠯᠥᠪᠯᠡᠭᠡᠨ᠎ᠤ ᠪᠢᠴᠢᠭ ᠮᠠᠲᠸᠷᠢᠶᠠᠯᠯᠤᠭᠠ ᠨᠡᠶ᠋ᠢᠴᠡᠭᠰᠡᠨ ᠪᠠᠶ᠋ᠢᠬᠤ;
(ᠲᠦᠷᠪᠡ) ᠲᠤᠬᠠᠢ ᠵᠢᠨ ᠲᠠᠯᠠᠪᠤᠷ᠎ᠤᠨ ᠦᠨᠡᠯᠡᠨ ᠲᠣᠭᠲᠠᠭ᠋ᠠᠭᠰᠠᠨ ᠳ᠋ᠦᠩᠨᠡᠯᠲᠡ᠎ᠨᠢ ᠬᠢᠷᠢ ᠲᠡᠩᠴᠡᠭᠰᠡᠨ ᠪᠠᠶ᠋ᠢᠬᠤ᠃
ᠡᠮᠦᠨᠡᠬᠢ ᠵᠤᠷᠪᠤᠰ᠎ᠲᠤ ᠲᠣᠭᠲᠠᠭ᠋ᠠᠭᠰᠠᠨ ᠨᠥᠬᠥᠴᠡᠯ᠎ᠳᠤ ᠨᠡᠶ᠋ᠢᠴᠡᠬᠦ ᠦᠭᠡᠶ ᠪᠣᠯ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠭᠠᠯ ᠤᠨᠲᠠᠷᠠᠭ᠋ᠠᠬᠤ ᠵᠢ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠦᠭᠡᠶ ᠰᠠᠨᠠᠯ᠎ᠢ ᠭᠠᠷᠭ᠋ᠠᠵᠤ ᠥᠭᠬᠦ ᠵᠢᠨ ᠬᠠᠮᠲᠤ ᠰᠢᠯᠲᠠᠭ᠋ᠠᠨ᠎ᠢ᠎ᠨᠢ ᠲᠣᠳᠣᠷᠬᠠᠶ᠋ᠢᠯᠠᠬᠤ ᠬᠡᠷᠡᠭᠲᠡᠶ᠃
ᠭᠤᠴᠢᠨ ᠨᠢᠭᠡᠳᠦᠭᠡᠷ ᠵᠦᠢ᠍ᠯ ᠲᠥᠯᠥᠪᠵᠢᠭᠦᠯᠭᠡ ᠬᠢᠬᠦ᠂ ᠭᠠᠵᠠᠷ ᠰᠢᠷᠣᠢ᠂ ᠭᠠᠯ ᠰᠡᠷᠭᠡᠶ᠋ᠢᠯᠡᠨ ᠤᠨᠲᠠᠷᠠᠭ᠋ᠠᠬᠤ᠂ ᠠᠷᠠᠳ᠎ᠤᠨ ᠠᠭ᠋ᠠᠷ᠎ᠤᠨ ᠰᠡᠷᠭᠡᠶ᠋ᠢᠯᠡᠯᠲᠡ᠂ ᠲᠠᠨᠭ᠌ᠰᠠ ᠡᠪᠬᠡᠮᠡᠯ ᠵᠡᠷᠭᠡ ᠵᠦᠢ᠍ᠯᠡᠰ᠎ᠢ ᠬᠠᠮᠲᠤᠷᠠᠨ ᠰᠢᠯᠭ᠋ᠠᠨ ᠠᠪᠬᠤ ᠪᠦᠳᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠰᠡᠷᠭᠡᠶ᠋ᠢᠯᠡᠨ ᠤᠨᠲᠠᠷᠠᠭ᠋ᠠᠬᠤ ᠲᠤᠬᠠᠢ ᠰᠢᠯᠭ᠋ᠠᠨ ᠠᠪᠤᠭᠰᠠᠨ ᠰᠠᠨᠠᠯ᠎ᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠵᠢᠭ᠋ᠠᠨ ᠲᠣᠭᠲᠠᠭ᠋ᠠᠭᠰᠠᠨ ᠰᠠᠯᠠᠭ᠎ᠠ ᠮᠥᠴᠢᠷ᠎ᠠᠴᠠ ᠨᠢᠭᠡᠳᠦᠯᠲᠡᠢ ᠭᠠᠷᠭ᠋ᠠᠨ᠎ᠠ᠃
ᠲᠠᠪᠤᠳᠤᠭ᠋ᠠᠷ ᠪᠦᠯᠦᠭ ᠪᠤᠰᠤᠳ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠤᠨᠲᠠᠷᠠᠭ᠋ᠠᠬᠤ ᠵᠢᠷᠤᠭ ᠲᠥᠯᠥᠪᠯᠡᠭᠡ᠂ ᠳᠠᠩᠰᠠᠯᠠᠭᠤᠯᠬᠤ ᠬᠢᠭᠡᠳ ᠰᠤᠭᠤᠴᠢᠨ ᠪᠠᠶ᠋ᠢᠴᠠᠭ᠋ᠠᠬᠤ
ᠭᠤᠴᠢᠨ ᠬᠣᠶᠠᠳᠤᠭ᠋ᠠᠷ ᠵᠦᠢ᠍ᠯ ᠪᠦᠲᠦᠭᠡᠨ ᠪᠠᠶ᠋ᠢᠭᠤᠯᠤᠯᠲᠠ ᠵᠢᠨ ᠪᠤᠰᠤᠳ ᠪᠠᠷᠢᠯᠭ᠎ᠠ᠎ᠳᠤ ᠪᠦᠳᠦᠭᠡᠨ ᠪᠠᠢ᠌ᠭᠤᠯᠤᠯᠳᠠ ᠵᠢᠨ ᠨᠢᠭᠡᠴᠡ᠎ᠨᠢ ᠪᠠᠷᠢᠯᠭ᠎ᠠ ᠪᠠᠷᠢᠬᠤ ᠵᠥᠪᠰᠢᠶᠡᠷᠡᠯ ᠭᠤᠶᠤᠴᠢᠯᠠᠬᠤ ᠪᠤᠶᠤ ᠠᠵᠢᠯ ᠡᠬᠢᠯᠡᠭᠦᠯᠬᠦ ᠮᠡᠳᠡᠭᠦᠯᠦᠯᠲᠡ ᠵᠢ ᠵᠥᠪᠰᠢᠶᠡᠷᠡᠭᠦᠯᠬᠦ᠎ᠪᠠᠷ ᠭᠤᠶᠤᠴᠢᠯᠠᠬᠤ᠎ᠳᠤ᠂ ᠪᠠᠷᠢᠯᠭ᠎ᠠ ᠪᠠᠷᠢᠬᠤ ᠬᠡᠷᠡᠭᠴᠡᠭᠡ ᠵᠢ ᠬᠠᠩᠭ᠋ᠠᠬᠤ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢᠴᠢ ᠮᠡᠷᠭᠡᠵᠢᠯ᠎ᠤᠨ ᠮᠠᠲᠸᠷᠢᠶᠠᠯ ᠵᠶ᠋ᠠᠨ ᠬᠠᠩᠭ᠋ᠠᠬᠤ ᠬᠡᠷᠡᠭᠲᠡᠶ᠃
ᠪᠠᠷᠢᠯᠭ᠎ᠠ ᠪᠠᠷᠢᠬᠤ ᠬᠡᠷᠡᠭᠴᠡᠭᠡ ᠵᠢ ᠬᠠᠩᠭ᠋ᠠᠭᠰᠠᠨ ᠦᠭᠡᠢ ᠭᠠᠯ ᠰᠡᠷᠭᠡᠶ᠋ᠢᠯᠡᠨ ᠤᠨᠲᠠᠷᠠᠭ᠋ᠠᠬᠤ ᠵᠢᠷᠤᠭ ᠲᠥᠯᠥᠪᠯᠡᠭᠡ ᠵᠢᠴᠢ ᠮᠡᠷᠭᠡᠵᠢᠯ᠎ᠤᠨ ᠮᠠᠲ᠋ᠧᠷᠢᠶᠠᠯ᠎ᠢ ᠬᠠᠩᠭ᠋ᠠᠭᠰᠠᠨ ᠦᠭᠡᠢ ᠪᠠᠶ᠋ᠢᠪᠠᠯ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠪᠠᠷᠢᠯᠭ᠎ᠠ ᠪᠠᠷᠢᠬᠤ ᠵᠥᠪᠰᠢᠶᠡᠷᠡᠯ᠎ᠤᠨ ᠦᠨᠡᠮᠯᠡᠯ ᠪᠤᠶᠤ ᠠᠵᠢᠯ ᠡᠬᠢᠯᠡᠭᠦᠯᠬᠦ ᠵᠢ ᠵᠥᠪᠰᠢᠶᠡᠷᠡᠭᠰᠡᠨ ᠮᠡᠳᠡᠭᠦᠯᠦᠯᠲᠡ ᠣᠯᠭᠣᠵᠤ ᠪᠣᠯᠬᠤ ᠦᠭᠡᠢ᠃
ᠭᠤᠴᠢᠨ ᠭᠤᠷᠪᠠᠳᠤᠭ᠋ᠠᠷ ᠵᠦᠢ᠍ᠯ ᠪᠤᠰᠤᠳ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ᠎ᠳᠤ ᠳᠠᠩᠰᠠᠯᠠᠨ ᠰᠤᠭᠤᠴᠢᠨ ᠪᠠᠶ᠋ᠢᠴᠠᠭ᠋ᠠᠬᠤ ᠳᠦᠷᠢᠮ᠎ᠢ ᠬᠡᠷᠡᠭᠵᠢᠭᠦᠯᠦᠨ᠎ᠡ᠃
ᠪᠤᠰᠤᠳ ᠪᠦᠳᠦᠭᠡᠠ ᠪᠠᠶ᠋ᠢᠭᠤᠯᠤᠯᠲᠠ ᠵᠢᠨ ᠪᠠᠷᠢᠯᠭ᠎ᠠ ᠵᠢ ᠬᠠᠤᠯᠢ ᠶᠣᠰᠣᠭ᠋ᠠᠷ ᠰᠣᠩᠭᠣᠨ ᠪᠠᠶ᠋ᠢᠴᠠᠭ᠋ᠠᠭ᠋ᠠᠳ ᠬᠢᠷᠢ ᠲᠡᠩᠴᠡᠭᠰᠡᠨ ᠤᠢ᠍ᠭᠡᠢ ᠪᠠᠶ᠋ᠢᠪᠠᠯ ᠬᠡᠷᠡᠭᠯᠡᠬᠦ ᠵᠢ᠎ᠨᠢ ᠵᠣᠭᠰᠣᠭ᠋ᠠᠬᠤ ᠬᠡᠷᠡᠭᠲᠡᠢ᠃
ᠭᠤᠴᠢᠨ ᠳᠥᠷᠪᠡᠳᠦᠭᠡᠷ ᠵᠦᠢ᠍ᠯ ᠪᠤᠰᠤᠳ ᠪᠥᠳᠥᠭᠡᠨ ᠪᠠᠶ᠋ᠢᠭᠤᠯᠤᠯᠲᠠ ᠵᠢᠨ ᠪᠠᠷᠢᠯᠭ᠎ᠠ ᠳᠠᠭᠤᠰᠴᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠡᠳᠦᠷ᠎ᠠᠴᠠ ᠡᠬᠢᠯᠡᠨ ᠲᠠᠪᠤᠨ ᠠᠵᠢᠯᠯᠠᠬᠤ ᠡᠳᠦᠷ᠎ᠤᠨ ᠳᠣᠲᠣᠷ᠎ᠠ᠂ ᠪᠦᠳᠦᠭᠡᠠ ᠪᠠᠢ᠌ᠭᠤᠯᠤᠯᠳᠠ ᠵᠢᠨ ᠨᠢᠭᠡᠴᠡ᠎ᠨᠢ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃
ᠪᠦᠳᠦᠭᠡᠠ ᠪᠠᠢ᠌ᠭᠤᠯᠤᠯᠳᠠ ᠵᠢᠨ ᠨᠢᠭᠡᠴᠡ ᠳᠠᠩᠰᠠᠯᠠᠭᠤᠯᠬᠤ᠎ᠳᠤ ᠳᠣᠤᠷᠠᠬᠢ ᠮᠡᠲᠦ ᠮᠠᠲ᠋ᠧᠷᠢᠶᠠᠯ᠎ᠢ ᠲᠤᠰᠢᠶᠠᠬᠤ ᠬᠡᠷᠡᠭᠲᠡᠶ᠄
(ᠨᠢᠭᠡ) ᠭᠠᠯ ᠤᠨᠲᠠᠷᠠᠭ᠋ᠠᠬᠤ ᠵᠢ ᠰᠢᠯᠭ᠋ᠠᠨ ᠠᠪᠬᠤ ᠵᠢᠨ ᠳᠠᠩᠰᠠᠯᠠᠭᠤᠯᠬᠤ ᠬᠦᠰᠦᠨᠦᠭᠲᠦ;
(ᠬᠣᠶᠠᠷ) ᠪᠠᠷᠢᠯᠭ᠎ᠠ ᠵᠢᠨ ᠠᠵᠢᠯ ᠳᠠᠭᠤᠰᠤᠭᠰᠠᠨ᠎ᠢ ᠰᠢᠯᠭ᠋ᠠᠨ ᠠᠪᠤᠭᠰᠠᠨ ᠮᠡᠳᠡᠭᠦᠯᠦᠯᠲᠡ;
(ᠭᠤᠷᠪᠠ) ᠭᠠᠯ ᠤᠨᠲᠠᠷᠠᠭ᠋ᠠᠬᠤ᠎ᠳᠤ ᠬᠣᠯᠪᠣᠭᠳᠠᠬᠤ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠠᠵᠢᠯ ᠳᠠᠭᠤᠰᠤᠭᠰᠠᠨ ᠵᠢᠷᠤᠭ᠃
ᠲᠤᠰ ᠲᠣᠭᠲᠠᠭ᠋ᠠᠯ᠎ᠤᠨ ᠬᠣᠷᠢᠨ ᠳᠣᠯᠣᠳᠤᠭ᠋ᠠᠷ ᠵᠦᠢ᠍ᠯ᠎ᠳᠤ ᠪᠦᠳᠦᠭᠡᠠ ᠪᠠᠢ᠌ᠭᠤᠯᠤᠯᠳᠠ ᠵᠢᠨ ᠨᠢᠭᠡᠴᠡ ᠵᠢᠨ ᠪᠠᠷᠢᠯᠭ᠎ᠠ ᠳᠠᠭᠤᠰᠴᠤ ᠭᠠᠯ ᠰᠡᠷᠭᠡᠶ᠋ᠢᠯᠡᠨ ᠤᠨᠲᠠᠷᠠᠭ᠋ᠠᠬᠤ ᠲᠤᠬᠠᠢ ᠪᠠᠶ᠋ᠢᠴᠠᠭ᠋ᠠᠨ ᠰᠢᠯᠭ᠋ᠠᠬᠤ ᠬᠣᠯᠪᠣᠭᠳᠠᠯ ᠪᠦᠬᠦᠢ ᠲᠣᠭᠲᠠᠭ᠋ᠠᠯ᠎ᠢ ᠪᠤᠰᠤᠳ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ᠎ᠳᠤ ᠬᠡᠷᠡᠭᠯᠡᠨ᠎ᠡ᠃
ᠭᠤᠴᠢᠨ ᠲᠠᠪᠤᠳᠤᠭ᠋ᠠᠷ ᠵᠦᠢ᠍ᠯ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠪᠦᠳᠦᠭᠡᠠ ᠪᠠᠢ᠌ᠭᠤᠯᠤᠯᠳᠠ ᠵᠢᠨ ᠨᠢᠭᠡᠴᠡ ᠵᠢᠨ ᠳᠠᠩᠰᠠᠯᠠᠭᠤᠯᠤᠭᠰᠠᠨ ᠮᠠᠲᠸᠷᠢᠶᠠᠯ᠎ᠢ ᠬᠦᠯᠢᠶᠡᠨ ᠠᠪᠤᠭᠰᠠᠨ᠎ᠤ ᠳᠠᠷᠠᠭ᠎ᠠ᠂ ᠳᠠᠩᠰᠠᠯᠠᠭᠤᠯᠤᠭᠰᠠᠨ ᠮᠠᠲᠸᠷᠢᠶᠠᠯ᠎ᠨᠢ ᠪᠦᠷᠢᠨ ᠭᠦᠢ᠍ᠴᠡᠳ ᠪᠠᠢ᠌ᠪᠠᠯ ᠳᠠᠩᠰᠠᠯᠠᠭᠤᠯᠤᠭᠰᠠᠨ ᠭᠡᠷᠡᠴᠢ ᠬᠢᠵᠦ ᠥᠭᠬᠦ ᠬᠡᠷᠡᠭᠲᠡᠶ; ᠳᠠᠩᠰᠠᠯᠠᠭᠤᠯᠤᠭᠰᠠᠨ ᠮᠠᠲ᠋ᠧᠷᠢᠶᠠᠯ᠎ᠨᠢ ᠬᠡᠷᠪᠡ ᠪᠦᠷᠢᠨ ᠦᠭᠡᠶ ᠪᠣᠯ ᠨᠥᠬᠥᠪᠥᠷᠢᠯᠡᠵᠦ ᠵᠠᠯᠠᠷᠠᠭᠤᠯᠬᠤ ᠴᠢᠬᠤᠯᠠᠲᠠᠢ ᠪᠦᠬᠦ ᠠᠭᠤᠯᠭ᠎ᠠ ᠵᠢ ᠨᠢᠭᠡ ᠯᠡ ᠤᠳᠠᠭ᠎ᠠ᠎ᠳᠤ ᠮᠡᠳᠡᠭᠳᠡᠬᠦ ᠬᠡᠷᠡᠭᠲᠡᠶ᠃
ᠭᠤᠴᠢᠨ ᠵᠢᠷᠭᠤᠳᠤᠭ᠋ᠠᠷ ᠵᠦᠢ᠍ᠯ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠳᠠᠩᠰᠠᠯᠠᠭᠤᠯᠤᠭᠰᠠᠨ ᠪᠤᠰᠤᠳ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ᠎ᠳᠤ ᠰᠤᠭᠤᠴᠢᠨ ᠪᠠᠶ᠋ᠢᠴᠠᠭ᠋ᠠᠯᠲᠠ ᠬᠢᠬᠦ ᠬᠡᠷᠡᠭᠲᠡᠶ᠃ ᠰᠤᠭᠤᠴᠢᠨ ᠪᠠᠶ᠋ᠢᠴᠠᠭ᠋ᠠᠬᠤ ᠠᠵᠢᠯ᠎ᠳᠤ 《ᠬᠣᠶᠠᠷ᠎ᠢ ᠰᠤᠭᠤᠴᠢᠵᠤ᠂ ᠨᠢᠭᠡ ᠵᠢ ᠢᠯᠡ ᠪᠣᠯᠭ᠋ᠠᠬᠤ》 ᠲᠦᠷᠢᠮ᠎ᠢ ᠬᠡᠷᠡᠭᠵᠢᠭᠦᠯᠵᠦ᠂ ᠪᠠᠶ᠋ᠢᠴᠠᠭ᠋ᠠᠭᠳᠠᠬᠤ ᠡᠲᠡᠭᠡᠳ᠎ᠢ ᠰᠤᠭᠤᠴᠢᠨ ᠪᠠᠶ᠋ᠢᠴᠠᠭ᠋ᠠᠵᠤ᠂ ᠪᠠᠶ᠋ᠢᠴᠠᠭ᠋ᠠᠬᠤ ᠠᠵᠢᠯᠲᠠᠨ᠎ᠢ ᠰᠤᠭᠤᠴᠢᠨ ᠲᠣᠮᠢᠯᠠᠨ᠎ᠠ᠃ ᠰᠤᠭᠤᠴᠢᠨ ᠠᠪᠬᠤ ᠬᠠᠷᠢᠴᠠᠯ᠎ᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠷᠢᠶ᠎ᠠ ᠣᠷᠣᠨ᠎ᠤ᠎ᠪᠠᠨ ᠳᠣᠲᠣᠷᠠᠬᠢ ᠭᠠᠯ ᠤᠨᠲᠠᠷᠠᠭ᠋ᠠᠬᠤ ᠵᠢᠷᠤᠭ ᠲᠥᠯᠥᠪᠯᠡᠭᠡ᠂ ᠪᠠᠷᠢᠯᠭ᠎ᠠ ᠵᠢᠨ ᠠᠵᠢᠯ᠎ᠤᠨ ᠶᠠᠰᠤ ᠴᠢᠨᠠᠷ᠎ᠤᠨ ᠪᠠᠶ᠋ᠢᠳᠠᠯ᠎ᠲᠠᠢ ᠤᠶᠠᠯᠳᠤᠭᠤᠯᠤᠨ ᠲᠣᠭᠲᠠᠭ᠋ᠠᠬᠤ ᠵᠢᠨ ᠬᠠᠮᠲᠤ ᠨᠡᠶ᠋ᠢᠭᠡᠮ᠎ᠳᠤ ᠨᠡᠶ᠋ᠢᠲᠡᠯᠡᠬᠦ ᠬᠡᠷᠡᠭᠲᠡᠶ᠃
ᠭᠠᠯ ᠰᠡᠷᠭᠡᠶ᠋ᠢᠯᠡᠨ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠠᠵᠢᠯ᠎ᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠪᠤᠰᠤᠳ ᠪᠦᠳᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠪᠠᠶ᠋ᠢᠴᠠᠭ᠋ᠠᠭᠳᠠᠬᠤ ᠡᠲᠡᠭᠡᠳ ᠵᠶ᠋ᠠᠷ ᠲᠤᠬᠳᠠᠭ᠋ᠠᠬᠳᠠᠬᠰᠠᠨ ᠡᠳᠦᠷ᠎ᠠᠴᠠ ᠡᠬᠢᠯᠡᠨ ᠠᠷᠪᠠᠨ ᠲᠠᠪᠤᠨ ᠠᠵᠢᠯ᠎ᠤᠨ ᠡᠳᠦᠷ᠎ᠤᠨ ᠳᠣᠲᠣᠷ᠎ᠠ ᠪᠦᠳᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠰᠡᠷᠭᠡᠶ᠋ᠢᠯᠡᠨ ᠤᠨᠲᠠᠷᠠᠭ᠋ᠠᠬᠤ ᠠᠵᠢᠯ᠎ᠢ ᠰᠢᠯᠭ᠋ᠠᠨ ᠠᠪᠬᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠪᠠᠶ᠋ᠢᠴᠠᠭ᠋ᠠᠵᠤ᠂ ᠪᠠᠶ᠋ᠢᠴᠠᠭ᠋ᠠᠭᠰᠠᠨ ᠲᠡᠮᠳᠡᠭᠯᠡᠯ ᠬᠢᠬᠦ ᠬᠡᠷᠡᠭᠲᠡᠢ᠃ ᠪᠠᠶ᠋ᠢᠴᠠᠭ᠋ᠠᠭᠰᠠᠨ ᠦᠷ᠎ᠡ ᠳ᠋ᠦᠩ ᠵᠶ᠋ᠠᠨ ᠪᠦᠳᠦᠭᠡᠠ ᠪᠠᠢ᠌ᠭᠤᠯᠤᠯᠳᠠ ᠵᠢᠨ ᠨᠢᠭᠡᠴᠡ᠎ᠳᠤ ᠮᠡᠳᠡᠭᠳᠡᠬᠦ ᠵᠢᠨ ᠬᠠᠮᠲᠤ ᠨᠡᠶ᠋ᠢᠭᠡᠮ᠎ᠳᠤ ᠵᠠᠷᠯᠠᠨ ᠨᠡᠶ᠋ᠢᠲᠡᠯᠡᠬᠦ ᠬᠡᠷᠡᠭᠲᠡᠢ᠃
ᠭᠤᠴᠢᠨ ᠳᠣᠯᠣᠳᠤᠭ᠋ᠠᠷ ᠵᠦᠢ᠍ᠯ ᠪᠦᠳᠦᠭᠡᠠ ᠪᠠᠢ᠌ᠭᠤᠯᠤᠯᠳᠠ ᠵᠢᠨ ᠨᠢᠭᠡᠴᠡ ᠪᠠᠶ᠋ᠢᠴᠠᠭ᠋ᠠᠭ᠋ᠠᠳ ᠬᠢᠷᠢ ᠲᠡᠩᠴᠡᠭᠰᠡᠨ ᠦᠭᠡᠶ ᠪᠤᠯ ᠴᠡᠭᠴᠡᠯᠡᠨ ᠰᠠᠶ᠋ᠢᠵᠢᠷᠠᠭᠤᠯᠬᠤ ᠮᠡᠳᠡᠭᠳᠡᠯ᠎ᠢ ᠣᠯᠤᠭᠰᠠᠨ᠎ᠤ ᠳᠠᠷᠠᠭ᠎ᠠ᠂ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠬᠡᠷᠡᠭᠯᠡᠬᠦ ᠵᠢ᠎ᠨᠢ ᠵᠣᠭᠰᠣᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠴᠡᠭᠴᠡᠯᠡᠨ ᠰᠠᠶ᠋ᠢᠵᠢᠷᠠᠭᠤᠯᠬᠤ ᠬᠡᠷᠡᠭᠲᠡᠶ᠂ ᠴᠡᠭᠴᠡᠯᠡᠨ ᠰᠠᠶ᠋ᠢᠵᠢᠷᠠᠭᠤᠯᠵᠤ ᠳᠠᠭᠤᠰᠤᠭᠰᠠᠨ᠎ᠤ ᠳᠠᠷᠠᠭ᠎ᠠ᠂ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠳᠠᠪᠲᠠᠨ ᠪᠠᠶ᠋ᠢᠴᠠᠭ᠋ᠠᠯᠭ᠋ᠠᠬᠤ᠎ᠪᠠᠷ ᠭᠤᠶᠤᠴᠢᠯᠠᠬᠤ ᠬᠡᠷᠡᠭᠲᠡᠶ᠃
ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠢᠴᠢᠭ᠎ᠤᠨ ᠭᠤᠶᠤᠴᠢᠯᠠᠯ᠎ᠢ ᠣᠯᠤᠭᠰᠠᠨ ᠡᠳᠦᠷ᠎ᠠᠴᠠ ᠡᠬᠢᠯᠡᠨ ᠳᠣᠯᠣᠭ᠋ᠠᠨ ᠠᠵᠢᠯᠯᠠᠬᠤ ᠡᠳᠦᠷ᠎ᠤᠨ ᠳᠣᠲᠣᠷ᠎ᠠ ᠳᠠᠪᠲᠠᠨ ᠪᠠᠶ᠋ᠢᠴᠠᠭ᠋ᠠᠬᠤ ᠵᠢᠨ ᠬᠠᠮᠲᠤ ᠳᠠᠪᠲᠠᠨ ᠪᠠᠶ᠋ᠢᠴᠠᠭ᠋ᠠᠭᠰᠠᠨ ᠰᠠᠨᠠᠯ ᠵᠶ᠋ᠠᠨ ᠭᠠᠷᠭ᠋ᠠᠬᠤ ᠬᠡᠷᠡᠭᠲᠡᠶ᠃ ᠳᠠᠬᠢᠨ ᠪᠠᠶ᠋ᠢᠴᠠᠭ᠋ᠠᠭ᠋ᠠᠳ ᠬᠢᠷᠢ ᠲᠡᠩᠴᠡᠭᠰᠡᠨ᠎ᠤ ᠳᠠᠷᠠᠭ᠎ᠠ ᠰᠠᠶᠢ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢ ᠬᠡᠷᠡᠭᠯᠡᠵᠦ ᠪᠣᠯᠤᠨ᠎ᠠ᠃
ᠵᠢᠷᠭᠤᠳᠤᠭ᠋ᠠᠷ ᠪᠦᠯᠦᠭ ᠳᠠᠭ᠋ᠠᠯᠳᠤᠭᠤᠯᠤᠭᠰᠠᠨ ᠳᠦᠷᠢᠮ
ᠭᠤᠴᠢᠨ ᠨᠠᠢ᠍ᠮᠠᠳᠤᠭ᠋ᠠᠷ ᠵᠦᠢ᠍ᠯ ᠲᠤᠰ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠪᠠᠷᠢᠯᠭ᠎ᠠ ᠵᠢᠨ ᠬᠠᠤᠯᠢ》 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠯ ᠤᠨᠲᠠᠷᠠᠭ᠋ᠠᠬᠤ ᠬᠠᠤᠯᠢ》 《ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠳᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠬᠡᠨ ᠲᠣᠷᠭ᠋ᠠᠨ᠎ᠠ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠪᠦᠳᠦᠭᠡᠨ ᠪᠠᠶ᠋ᠢᠭᠤᠯᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠪᠠᠷᠢᠯᠭ᠎ᠠ ᠵᠢᠨ ᠠᠵᠢᠯ᠎ᠢ ᠬᠢᠨᠠᠵᠤ ᠬᠠᠮᠢᠶᠠᠷᠬᠤ᠂ ᠮᠡᠷᠭᠡᠵᠢᠯ᠎ᠤᠨ ᠦᠢ᠍ᠯᠡᠴᠢᠯᠡᠭᠡ ᠬᠠᠩᠭ᠋ᠠᠬᠤ ᠵᠡᠷᠭᠡ ᠨᠢᠭᠡᠴᠡ ᠵᠢᠴᠢ ᠲᠡᠭᠦᠨ᠎ᠤ ᠠᠵᠢᠯᠳᠠᠨ ᠬᠣᠯᠪᠣᠭᠳᠠᠯ ᠪᠦᠬᠦᠢ ᠪᠦᠳᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠤᠯᠤᠰ᠎ᠤᠨ ᠪᠠᠷᠢᠯᠭ᠎ᠠ ᠵᠢᠨ ᠪᠦᠳᠦᠭᠡᠨ ᠪᠠᠶ᠋ᠢᠭᠤᠯᠤᠯᠲᠠ ᠵᠢᠨ ᠭᠠᠯ ᠰᠡᠷᠭᠡᠶ᠋ᠢᠯᠡᠨ ᠤᠨᠲᠠᠷᠠᠭ᠋ᠠᠬᠤ ᠮᠡᠷᠭᠡᠵᠢᠯ᠎ᠤᠨ ᠪᠠᠷᠢᠮᠵᠢᠶ᠎ᠠ ᠵᠢ ᠵᠥᠷᠢᠴᠡᠭᠰᠡᠨ ᠪᠠᠶ᠋ᠢᠪᠠᠯ᠂ ᠬᠠᠤᠯᠢ ᠶᠣᠰᠣᠭ᠋ᠠᠷ ᠰᠢᠢ᠍ᠳᠬᠡᠬᠦ ᠪᠤᠶᠤ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠬᠦ᠎ᠠᠴᠠ ᠭᠠᠳᠠᠨ᠎ᠠ ᠪᠠᠰᠠ ᠬᠠᠷᠠᠭ᠋ᠠᠯᠵᠠᠭᠰᠠᠨ ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠡᠭᠦᠷᠭᠡᠯᠡᠬᠦ ᠬᠡᠷᠡᠭᠲᠡᠢ᠃
ᠭᠤᠴᠢ ᠶᠢᠰᠦᠳᠦᠭᠡᠷ ᠵᠦᠢ᠍ᠯ ᠪᠥᠳᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠰᠡᠷᠭᠡᠶ᠋ᠢᠯᠡᠨ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠲᠥᠷᠢᠮ ᠪᠠ ᠲᠣᠰ ᠲᠣᠭᠲᠠᠭ᠋ᠠᠯ᠎ᠢ ᠬᠡᠷᠡᠭᠵᠢᠭᠦᠯᠬᠦ᠎ᠳᠤ ᠱᠠᠭ᠋ᠠᠷᠳᠠᠭᠳᠠᠬᠤ ᠪᠢᠴᠢᠭ ᠮᠠᠲᠸᠷᠢᠶᠠᠯ᠎ᠤᠨ ᠶᠠᠩᠵᠤ ᠬᠡᠯᠪᠡᠷᠢ ᠵᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠣᠷᠣᠨ ᠰᠠᠭᠤᠴᠠ ᠪᠠ ᠬᠣᠳᠠ ᠬᠥᠳᠡᠭᠡ ᠵᠢᠨ ᠪᠥᠳᠥᠭᠡᠨ ᠪᠠᠶ᠋ᠢᠭᠤᠯᠤᠯᠲᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠭᠲᠠᠭ᠋ᠠᠨ᠎ᠠ᠃
ᠳᠥᠴᠢᠳᠦᠭᠡᠷ ᠵᠦᠢ᠍ᠯ ᠰᠢᠨ᠎ᠡ᠎ᠪᠠᠷ ᠨᠡᠶ᠋ᠢᠲᠡᠯᠡᠭᠰᠡᠨ ᠤᠯᠤᠰ᠎ᠤᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠭᠠᠯ ᠤᠨᠲᠠᠷᠠᠭ᠋ᠠᠬᠤ ᠮᠡᠷᠭᠡᠵᠢᠯ᠎ᠤᠨ ᠪᠠᠷᠢᠮᠵᠢᠶ᠎ᠠ ᠵᠢ ᠬᠡᠷᠡᠭᠵᠢᠭᠦᠯᠬᠦ᠎ᠠᠴᠠ ᠡᠮᠦᠨ᠎ᠡ᠂ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠨᠢᠭᠡᠨᠲᠡ ᠬᠠᠤᠯᠢ ᠶᠣᠰᠣᠭ᠋ᠠᠷ ᠬᠢᠨᠠᠨ ᠪᠠᠶ᠋ᠢᠴᠠᠭ᠋ᠠᠭ᠋ᠠᠳ ᠬᠢᠷᠢ ᠲᠡᠩᠴᠡᠭᠰᠡᠨ ᠪᠣᠯ ᠤᠤᠯ᠎ᠤᠨ ᠬᠢᠨᠠᠨ ᠪᠠᠶ᠋ᠢᠴᠠᠭ᠋ᠠᠭᠰᠠᠨ ᠰᠠᠨᠠᠯ᠎ᠤᠨ ᠪᠠᠷᠢᠮᠵᠢᠶ᠎ᠠ ᠶᠣᠰᠣᠭ᠋ᠠᠷ ᠬᠡᠷᠡᠭᠵᠢᠭᠦᠯᠦᠨ᠎ᠡ᠃
ᠳᠥᠴᠢᠨ ᠨᠢᠭᠡᠳᠦᠭᠡᠷ ᠵᠦᠢ᠍ᠯ ᠣᠷᠣᠨ ᠰᠠᠭᠤᠴᠠ ᠵᠢᠨ ᠭᠡᠷ ᠳᠣᠲᠣᠷᠠᠬᠢ ᠵᠠᠰᠠᠯ ᠴᠢᠮᠡᠭᠯᠡᠯ᠂ ᠭᠠᠴᠠᠭ᠋ᠠᠨ᠎ᠤ ᠠᠷᠠᠳ᠎ᠤᠨ ᠥᠪᠡᠷ ᠵᠶ᠋ᠠᠨ ᠪᠠᠷᠢᠭᠰᠠᠨ ᠣᠷᠣᠨ ᠰᠠᠭᠤᠴᠠ᠂ ᠭᠠᠮᠰᠢᠭ᠎ᠠᠴᠠ ᠠᠪᠤᠷᠠᠬᠤ ᠪᠠ ᠬᠥᠮᠦᠨ ᠦᠯᠦ ᠣᠯᠠᠨ ᠴᠤᠭᠯᠠᠷᠠᠬᠤ ᠲᠠᠯᠠᠪᠤᠷ᠎ᠤᠨ ᠲᠥᠷ ᠴᠠᠭ᠎ᠤᠨ ᠴᠢᠨᠠᠷᠲᠠᠢ ᠪᠠᠷᠢᠯᠭ᠎ᠠ ᠵᠢ ᠪᠥᠳᠥᠭᠡᠨ ᠪᠠᠶ᠋ᠢᠭᠤᠯᠬᠤ ᠠᠵᠢᠯᠯᠠᠭ᠎ᠠ᠎ᠳᠤ ᠲᠣᠰ ᠲᠣᠭᠲᠠᠭ᠋ᠠᠯ᠎ᠢ ᠬᠡᠷᠡᠭᠯᠡᠬᠦ ᠥᠭᠡᠢ᠃
ᠳᠥᠴᠢᠨ ᠬᠣᠶᠠᠳᠤᠭ᠋ᠠᠷ ᠵᠦᠢ᠍ᠯ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠤᠤᠯᠴᠢᠠᠯᠨ ᠬᠠᠮᠢᠶᠠᠷᠬᠤ ᠰᠠᠯᠠᠭ᠎ᠠ ᠮᠥᠴᠢᠷ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠤᠰ ᠲᠣᠭᠲᠠᠭ᠋ᠠᠯ᠎ᠢ ᠦᠨᠳᠦᠰᠦᠯᠡᠨ᠂ ᠲᠤᠰ ᠭᠠᠵᠠᠷ ᠣᠷᠣᠨ᠎ᠤ᠎ᠪᠠᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠵᠤ᠂ ᠬᠡᠷᠡᠭᠵᠢᠭᠦᠯᠬᠦ ᠨᠠᠷᠢᠨ ᠳᠦᠷᠢᠮ᠎ᠢ ᠲᠣᠭᠲᠠᠭ᠋ᠠᠵᠤ ᠪᠣᠯᠤᠨ᠎ᠠ᠃
ᠳᠥᠴᠢᠨ ᠭᠤᠷᠪᠠᠳᠤᠭ᠋ᠠᠷ ᠵᠦᠢ᠍ᠯ ᠲᠣᠰ ᠲᠣᠭᠲᠠᠭ᠋ᠠᠯ᠎ᠢ 2020 ᠣᠨ᠎ᠤ 6 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃