《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠲᠠ ᠪᠠᠯᠭ᠋ᠠᠰᠤ ᠵᠢᠨ ᠬᠠᠭᠤᠴᠢᠷᠬᠠᠰᠠᠨ ᠰᠠᠭᠤᠭ᠋ᠠᠯᠢ ᠲᠣᠭᠣᠷᠢᠭ᠎ᠢ ᠥᠭᠡᠷᠡᠴᠢᠯᠡᠨ ᠰᠢᠨᠡᠳᠬᠡᠬᠦ ᠮᠡᠷᠭᠡᠵᠢᠯ᠎ᠤᠨ ᠵᠢᠯᠣᠭᠣᠳᠬᠤ ᠲᠦᠷᠢᠮ》᠎ᠢ ᠨᠡᠶ᠋ᠢᠲᠡᠯᠡᠨ ᠬᠡᠷᠡᠭᠵᠢᠭᠦᠯᠪᠡ
2020-12-28

      ᠮᠠᠨ᠎ᠤ ᠣᠷᠣᠨ᠎ᠤ ᠬᠣᠲᠠ ᠪᠠᠯᠭ᠋ᠠᠰᠤ ᠵᠢᠨ ᠬᠠᠭᠤᠴᠢᠷᠬᠠᠰᠠᠨ ᠰᠠᠭᠤᠭ᠋ᠠᠯᠢ ᠲᠣᠭᠣᠷᠢᠭ᠎ᠢ ᠥᠭᠡᠷᠡᠴᠢᠯᠡᠨ ᠰᠢᠨᠡᠳᠬᠡᠬᠦ ᠵᠢ ᠵᠢᠯᠣᠭᠣᠳᠴᠤ᠂ ᠬᠠᠭᠤᠴᠢᠷᠬᠠᠰᠠᠨ ᠰᠠᠭᠤᠭ᠋ᠠᠯᠢ ᠲᠣᠭᠣᠷᠢᠭ᠎ᠤᠨ ᠪᠦᠲᠦᠭᠡᠨ ᠪᠠᠶ᠋ᠢᠭᠤᠯᠤᠯᠲᠠ ᠵᠢᠨ ᠪᠠᠷᠢᠮᠵᠢᠶ᠎ᠠ ᠥᠨᠳᠥᠷ ᠪᠤᠰᠤ᠂ ᠬᠣᠲᠠ ᠵᠢᠨ ᠶᠠᠪᠤᠳᠠᠯ᠎ᠤᠨ ᠰᠠᠭᠤᠷᠢ ᠲᠦᠭᠦᠭᠡᠷᠦᠮᠵᠢ ᠬᠠᠭᠤᠴᠢᠨ᠂ ᠡᠯ᠎ᠡ ᠲᠥᠷᠥᠯ᠎ᠤᠨ ᠬᠣᠭᠣᠯᠠᠶ ᠤᠲᠠᠰᠤ ᠬᠦᠨᠳᠦ ᠨᠣᠴᠢᠲᠠᠶ ᠡᠪᠳᠡᠭᠳᠡᠭᠰᠡᠨ᠂ ᠢᠵᠢ ᠪᠦᠷᠢᠳᠦᠭᠦᠯᠬᠦ ᠲᠦᠭᠦᠭᠡᠷᠦᠮᠵᠢ ᠪᠦᠷᠢᠨ ᠪᠤᠰᠤ᠂ ᠲᠡᠷᠭᠡᠨ ᠵᠤᠭᠰᠤᠭ᠋ᠠᠯ ᠵᠢᠴᠢ ᠨᠣᠭᠣᠭ᠋ᠠᠷᠠᠭᠤᠯᠤᠯᠲᠠ ᠬᠦᠷᠦᠯᠴᠡᠬᠦ ᠦᠭᠡᠶ ᠪᠠᠶ᠋ᠢᠬᠤ ᠵᠡᠷᠭᠡ ᠠᠰᠠᠭᠤᠳᠠᠯ᠎ᠢ ᠦᠨᠡᠨᠬᠦ ᠰᠢᠢ᠍ᠳᠪᠦᠷᠢᠯᠡᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠲᠠ ᠪᠠᠯᠭ᠋ᠠᠰᠤ ᠵᠢᠨ ᠬᠠᠭᠤᠴᠢᠷᠬᠠᠰᠠᠨ ᠰᠠᠭᠤᠭ᠋ᠠᠯᠢ ᠲᠣᠭᠣᠷᠢᠭ᠎ᠢ ᠥᠭᠡᠷᠡᠴᠢᠯᠡᠨ ᠰᠢᠨᠡᠳᠬᠡᠬᠦ ᠮᠡᠷᠭᠡᠵᠢᠯ᠎ᠤᠨ ᠵᠢᠯᠣᠭᠣᠳᠬᠤ ᠳᠦᠷᠢᠮ》᠎ᠢ ᠨᠠᠶ᠋ᠢᠷᠠᠭᠤᠯᠤᠨ ᠵᠣᠬᠢᠶᠠᠵᠤ ᠨᠡᠶ᠋ᠢᠲᠡᠯᠡᠪᠡ᠃
      ᠵᠢᠯᠣᠭᠣᠳᠬᠤ ᠲᠦᠷᠢᠮ᠎ᠨᠢ ᠨᠡᠶ᠋ᠢᠲᠡ ᠨᠠᠢ᠍ᠮᠠᠨ ᠪᠦᠯᠦᠭ᠎ᠲᠠᠢ᠂ ᠡᠭᠦᠨ᠎ᠳᠤ ᠶᠡᠷᠦᠩᠬᠡᠶ ᠲᠦᠷᠢᠮ᠂ ᠦᠨᠳᠦᠰᠦᠨ ᠲᠣᠭᠲᠠᠭ᠋ᠠᠯ᠂ ᠰᠠᠭᠤᠷᠢ ᠲᠥᠬᠥᠭᠡᠷᠦᠮᠵᠢ ᠵᠢ ᠲᠡᠭᠦᠯᠳᠡᠷᠵᠢᠭᠦᠯᠬᠦ᠂ ᠣᠷᠣᠨ ᠰᠠᠭᠤᠴᠠ ᠵᠢᠨ ᠣᠷᠴᠢᠨ ᠨᠥᠬᠥᠴᠡᠯ᠎ᠢ ᠰᠢᠯᠢᠳᠡᠭᠵᠢᠭᠦᠯᠬᠦ᠂ ᠦᠢ᠍ᠯᠡᠴᠢᠯᠡᠭᠡᠨ᠎ᠤ ᠴᠢᠳᠠᠮᠵᠢ ᠵᠢ ᠳᠡᠭᠡᠭᠰᠢᠯᠡᠭᠦᠯᠬᠦ᠂ ᠣᠨᠴᠠᠯᠢᠭᠲᠤ ᠰᠠᠭᠤᠭ᠋ᠠᠯᠢ ᠲᠣᠭᠣᠷᠢᠭ᠎ᠢ ᠪᠠᠶ᠋ᠢᠭᠤᠯᠬᠤ᠂ ᠪᠣᠬᠢᠷᠲᠤᠯ ᠥᠬᠡᠶ᠋ᠢᠵᠢᠭᠦᠯᠦᠨ ᠥᠭᠡᠷᠡᠴᠢᠯᠡᠬᠦ ᠮᠡᠷᠭᠡᠵᠢᠯ᠎ᠤᠨ ᠠᠷᠭ᠎ᠠ ᠬᠡᠮᠵᠢᠶ᠎ᠡ ᠵᠢᠴᠢ ᠲᠥᠰᠦᠯ᠎ᠢ ᠬᠡᠷᠡᠭᠵᠢᠭᠦᠯᠬᠦ ᠵᠢᠷᠤᠮ ᠵᠡᠷᠭᠡ ᠠᠭᠤᠯᠭ᠎ᠠ ᠪᠠᠭᠲᠠᠨ᠎ᠠ᠃
      ᠲᠣᠰ ᠵᠢᠯᠣᠭᠣᠳᠬᠤ ᠲᠦᠷᠢᠮ ᠪᠣᠯ ᠮᠠᠨ᠎ᠤ ᠣᠷᠣᠨ᠎ᠤ ᠬᠣᠲᠠ ᠪᠠᠯᠭ᠋ᠠᠰᠤᠨ᠎ᠤ ᠬᠠᠭᠤᠴᠢᠷᠬᠠᠰᠠᠨ ᠰᠠᠭᠤᠭ᠋ᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠨ ᠰᠢᠨᠡᠳᠬᠡᠬᠦ᠎ᠳᠤ ᠴᠢᠭᠯᠡᠭᠦᠯᠦᠭᠰᠡᠨ ᠠᠩᠬᠠᠳᠠᠭᠴᠢ ᠣᠷᠣᠨ ᠨᠤᠲᠤᠭ᠎ᠤᠨ ᠪᠠᠷᠢᠮᠵᠢᠶ᠎ᠠ ᠪᠣᠯᠤᠨ᠎ᠠ᠂ ᠪᠥᠬᠥ ᠣᠷᠣᠨ᠎ᠤ ᠬᠣᠲᠠ᠂ ᠰᠢᠶᠠᠨ (ᠬᠤᠳᠠ ᠵᠢᠨ ᠬᠠᠷᠢᠶ᠎ᠠ ᠵᠢᠨ ᠪᠠᠯᠭ᠋ᠠᠰᠤ)᠎ᠤ 2000 ᠣᠨ᠎ᠠᠴᠠ ᠡᠮᠦᠨ᠎ᠡ ᠪᠠᠶ᠋ᠢᠭᠤᠯᠤᠭᠰᠠᠨ᠂ ᠰᠠᠭᠤᠭ᠋ᠠᠯᠢ ᠠᠷᠠᠳ᠎ᠤᠨ ᠥᠭᠡᠷᠡᠴᠢᠯᠡᠨ ᠰᠢᠨᠡᠳᠬᠡᠬᠦ ᠬᠦᠰᠡᠯ ᠡᠷᠡᠮᠡᠯᠵᠡᠯ ᠵᠶ᠋ᠠᠷ ᠴᠢᠩᠭ᠎ᠠ ᠣᠷᠣᠨ ᠰᠠᠭᠤᠴᠠ ᠵᠢᠨ ᠲᠣᠭᠣᠷᠢᠭ ᠵᠢᠴᠢ 2000 ᠣᠨ᠎ᠠᠴᠠ ᠬᠣᠶ᠋ᠢᠰᠢ ᠪᠠᠶ᠋ᠢᠭᠤᠯᠤᠭᠰᠠᠨ᠂ ᠵᠠᠰᠠᠵᠤ ᠰᠡᠯᠪᠢᠭᠰᠡᠨ ᠥᠬᠡᠶ ᠪᠥᠭᠡᠳ ᠬᠠᠮᠢᠶᠠᠷᠤᠯᠳᠠ ᠮᠠᠭᠤ᠂ ᠬᠣᠲᠠ ᠵᠢᠨ ᠶᠠᠪᠤᠳᠠᠯ᠎ᠤᠨ ᠢᠵᠢ ᠪᠥᠷᠢᠳᠦᠭᠰᠡᠨ ᠲᠦᠭᠦᠭᠡᠷᠦᠮᠵᠢ᠎ᠨᠢ ᠲᠡᠭᠦᠯᠳᠡᠷ ᠪᠤᠰᠤ᠂ ᠨᠡᠶ᠋ᠢᠭᠡᠮ᠎ᠤᠨ ᠦᠢ᠍ᠯᠡᠴᠢᠯᠡᠭᠡᠨ᠎ᠤ ᠲᠦᠭᠦᠭᠡᠷᠦᠮᠵᠢ᠎ᠨᠢ   ᠪᠦᠷᠢᠨ ᠪᠤᠰᠤ᠂ ᠠᠰᠠᠭᠤᠳᠠᠯ᠎ᠨᠢ ᠨᠡᠯᠢᠶᠡᠳ ᠲᠣᠪᠣᠶ᠋ᠢᠮ᠎ᠠ᠂ ᠦᠨᠡᠯᠡᠨ ᠵᠢᠱ᠌ᠢᠬᠦ᠎ᠪᠠᠷ ᠳᠡᠮᠵᠢᠨ ᠦᠨᠡᠨ ᠬᠦ᠌ ᠥᠭᠡᠷᠡᠴᠢᠯᠡᠨ ᠰᠢᠨᠡᠳᠬᠡᠬᠦ ᠪᠠ ᠲᠡᠭᠦᠯᠳᠡᠷᠵᠢᠭᠦᠯᠦᠨ ᠳᠡᠭᠡᠭᠰᠢᠯᠡᠭᠦᠯᠬᠦ ᠴᠢᠬᠤᠯᠠᠲᠠᠶ ᠰᠠᠭᠤᠭ᠋ᠠᠯᠢ ᠲᠣᠭᠣᠷᠢᠭ᠎ᠲᠤ ᠳᠣᠭᠢᠷᠠᠨ᠎ᠠ᠃
      ᠵᠢᠯᠣᠭᠣᠳᠬᠤ ᠲᠦᠷᠢᠮ᠎ᠨᠢ ᠰᠠᠭᠤᠭ᠋ᠠᠯᠢ ᠠᠷᠠᠳ᠎ᠤᠨ ᠠᠳᠠᠯᠢ ᠪᠤᠰᠤ ᠲᠠᠰ ᠳᠠᠪᠬᠤᠷᠭ᠎ᠠ ᠵᠢᠨ ᠠᠮᠢᠳᠤᠷᠠᠯ᠎ᠤᠨ ᠬᠡᠷᠡᠭᠴᠡᠭᠡ᠎ᠳᠤ ᠵᠣᠬᠢᠴᠠᠭᠤᠯᠵᠤ᠂ ᠥᠭᠡᠷᠡᠴᠢᠯᠡᠬᠦ ᠠᠭᠤᠯᠭ᠎ᠠ ᠵᠢ ᠰᠠᠭᠤᠷᠢ ᠵᠦᠢ᠍ᠯ᠂ ᠲᠡᠭᠦᠯᠳᠡᠷᠵᠢᠭᠦᠯᠬᠦ ᠵᠦᠢ᠍ᠯ᠂ ᠳᠡᠭᠡᠭᠰᠢᠯᠡᠭᠦᠯᠬᠦ ᠵᠦᠢ᠍ᠯ ᠭᠡᠵᠦ ᠭᠤᠷᠪᠠᠨ ᠲᠥᠷᠥᠯ᠎ᠳᠤ ᠬᠤᠪᠢᠶᠠᠨ᠎ᠠ᠃ ᠰᠠᠭᠤᠷᠢ ᠵᠦᠢ᠍ᠯ᠎ᠤᠨ ᠥᠭᠡᠷᠡᠴᠢᠯᠡᠯᠲᠡ ᠵᠢᠨ ᠠᠭᠤᠯᠭ᠎ᠠ᠎ᠲᠤ ᠥᠭᠡᠷᠡᠴᠢᠯᠡᠪᠡᠰᠦ ᠵᠣᠬᠢᠬᠤ ᠪᠦᠬᠦᠨ᠎ᠢ ᠥᠭᠡᠷᠡᠴᠢᠯᠡᠵᠦ᠂ ᠰᠠᠭᠤᠭ᠋ᠠᠯᠢ ᠠᠷᠠᠳ᠎ᠤᠨ ᠠᠮᠤᠷ ᠲᠦᠪᠰᠢᠨ ᠪᠠ ᠦᠨᠳᠦᠰᠦᠨ ᠠᠮᠢᠳᠤᠷᠠᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠵᠠᠷᠴᠢᠮ᠎ᠢ ᠪᠠᠷᠢᠮᠲᠠᠯᠠᠨ᠎ᠠ᠂ ᠡᠭᠦᠨ᠎ᠳᠤ ᠤᠰᠤ᠂ ᠴᠠᠬᠢᠯᠭ᠋ᠠᠨ᠂ ᠬᠡᠢ᠂ ᠵᠠᠮ ᠵᠡᠷᠭᠡ ᠬᠤᠳᠠ ᠵᠢᠨ ᠶᠠᠪᠤᠳᠠᠯ᠎ᠤᠨ ᠢᠵᠢ ᠪᠦᠷᠢᠳᠦᠭᠦᠯᠬᠦ ᠰᠠᠭᠤᠷᠢ ᠲᠦᠭᠦᠭᠡᠷᠦᠮᠵᠢ ᠵᠢ ᠥᠭᠡᠷᠡᠴᠢᠯᠡᠵᠦ ᠳᠡᠭᠡᠭᠰᠢᠯᠡᠭᠦᠯᠬᠦ᠂ ᠬᠤᠷᠢᠶᠠᠯᠠᠯ᠎ᠤᠨ ᠳᠣᠲᠣᠷᠠᠬᠢ ᠪᠠᠷᠢᠯᠭ᠎ᠠ ᠵᠢᠨ ᠤᠯᠠᠨ ᠨᠡᠶ᠋ᠢᠲᠡ ᠵᠢᠨ ᠲᠤᠭᠤᠷᠢᠭ᠎ᠢ ᠰᠡᠯᠪᠢᠨ ᠵᠠᠰᠠᠬᠤ ᠵᠡᠷᠭᠡ ᠪᠠᠭᠲᠠᠨ᠎ᠠ᠃ ᠲᠡᠭᠦᠯᠳᠡᠷᠵᠢᠭᠦᠯᠬᠦ ᠵᠦᠢ᠍ᠯ᠎ᠤᠨ ᠥᠭᠡᠷᠡᠴᠢᠯᠡᠯᠲᠡ ᠵᠢᠨ ᠠᠭᠤᠯᠭ᠎ᠠ᠎ᠳᠤ ᠣᠯᠠᠨ ᠲᠦᠮᠡᠨ᠎ᠤ ᠬᠦᠰᠡᠯ ᠰᠠᠨᠠᠭ᠎ᠠ ᠵᠢ ᠬᠦᠨᠳᠦᠳᠬᠡᠬᠦ᠂ ᠥᠭᠡᠷᠡᠴᠢᠯᠡᠵᠦ ᠪᠣᠯᠬᠤ ᠵᠢ᠎ᠨᠢ ᠥᠭᠡᠷᠡᠴᠢᠯᠡᠵᠦ᠂ ᠰᠠᠭᠤᠭ᠋ᠠᠯᠢ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ ᠮᠠᠶᠢᠭ ᠪᠣᠯᠤᠨ ᠠᠮᠢᠳᠤᠷᠠᠯ᠎ᠤᠨ ᠳᠥᠭᠥᠮ ᠳᠥᠲᠡ ᠴᠢᠨᠠᠷ᠎ᠤᠨ ᠬᠡᠷᠡᠭᠴᠡᠭᠡ ᠵᠢ ᠬᠠᠩᠭ᠋ᠠᠬᠤ ᠵᠠᠷᠴᠢᠮ᠎ᠢ ᠪᠠᠷᠢᠮᠲᠠᠯᠠᠨ᠎ᠠ᠂ ᠡᠭᠦᠨ᠎ᠳᠤ ᠣᠷᠴᠢᠨ ᠲᠣᠭᠣᠷᠢᠨ ᠬᠢᠭᠡᠳ ᠢᠵᠢ ᠪᠦᠷᠢᠳᠦᠭᠦᠯᠬᠦ ᠲᠦᠭᠦᠭᠡᠷᠦᠮᠵᠢ ᠵᠢ ᠥᠭᠡᠷᠡᠴᠢᠯᠡᠨ ᠳᠡᠭᠡᠭᠰᠢᠯᠡᠭᠦᠯᠬᠦ᠂ ᠰᠠᠭᠤᠭ᠋ᠠᠯᠢ ᠠᠷᠠᠳ᠎ᠤᠨ ᠲᠣᠭᠣᠷᠢᠭ᠎ᠤᠨ ᠪᠠᠷᠢᠯᠭ᠎ᠠ ᠵᠢᠨ ᠡᠨᠧᠷᠭᠢ ᠠᠷᠪᠢᠯᠠᠬᠤ ᠥᠭᠡᠷᠡᠴᠢᠯᠡᠯᠲᠡ᠂ ᠨᠥᠬᠥᠴᠡᠯ᠎ᠲᠠᠢ ᠠᠰᠠᠷ᠎ᠲᠤ ᠴᠠᠬᠢᠯᠭ᠋ᠠᠨ ᠱᠠᠲᠤ ᠨᠡᠮᠡᠵᠦ ᠤᠭᠰᠠᠷᠠᠬᠤ ᠵᠡᠷᠭᠡ ᠪᠠᠭᠲᠠᠨ᠎ᠠ᠃ ᠳᠡᠭᠡᠭᠰᠢᠯᠡᠭᠦᠯᠬᠦ ᠵᠦᠢ᠍ᠯ᠎ᠤᠨ ᠥᠭᠡᠷᠡᠴᠢᠯᠡᠨ ᠰᠢᠨᠡᠳᠬᠡᠬᠦ ᠠᠭᠤᠯᠭ᠎ᠠ᠎ᠳᠤ ᠡᠯ᠎ᠡ ᠵᠦᠢ᠍ᠯ᠎ᠤᠨ ᠨᠡᠢ᠌ᠳᠡ ᠵᠢᠨ ᠦᠢ᠍ᠯᠡᠴᠢᠯᠡᠭᠡᠨ᠎ᠤ ᠢᠴᠢ ᠪᠦᠷᠢᠳᠦᠭᠦᠯᠬᠦ ᠲᠦᠭᠦᠭᠡᠷᠦᠮᠵᠢ ᠵᠢᠨ ᠪᠠᠢ᠌ᠭᠤᠯᠤᠯᠳᠠ᠂ ᠭᠣᠤᠯᠳᠠᠭᠤ ᠨᠡᠶ᠋ᠢᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ᠂ ᠬᠡᠤᠬᠡᠳ᠎ᠤᠨ ᠴᠡᠴᠡᠷᠯᠢᠭ᠂ ᠰᠣᠶᠣᠯ ᠪᠡᠶ᠎ᠡ ᠵᠢᠨ ᠲᠠᠮᠢᠷ᠂ ᠡᠮᠴᠢᠯᠡᠭᠡ᠂ ᠬᠣᠭᠣᠯᠠ᠂ ᠠᠳᠠᠯ ᠠᠬᠤᠢ᠂ ᠲᠦᠷᠭᠡᠨ ᠢᠯᠡᠭᠡᠯᠲᠡ ᠵᠢᠨ ᠬᠠᠶ᠋ᠢᠷᠴᠠᠭ ᠵᠡᠷᠭᠡ ᠠᠷᠠᠳ᠎ᠲᠤ ᠲᠥᠬᠥᠮ ᠦᠵᠡᠭᠦᠯᠬᠦ ᠲᠦᠭᠦᠭᠡᠷᠦᠮᠵᠢ ᠵᠢ ᠨᠡᠮᠡᠵᠦ ᠳᠣᠭᠢᠷᠠᠭᠤᠯᠬᠤ ᠵᠢ ᠪᠠᠭᠲᠠᠭ᠋ᠠᠭᠰᠠᠨ ᠡᠯ᠎ᠡ ᠲᠥᠷᠥᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠦᠭᠦᠭᠡᠷᠦᠮᠵᠢ ᠵᠢᠨ ᠲᠥᠬᠥᠷᠵᠢᠭᠦᠯᠬᠦ ᠪᠥᠲᠥᠭᠡᠨ ᠪᠠᠶ᠋ᠢᠭᠤᠯᠤᠯᠲᠠ᠎ᠳᠤ ᠬᠣᠯᠪᠣᠭᠳᠠᠵᠤ᠂ ᠡᠨᠡ ᠲᠥᠷᠥᠯ᠎ᠤᠨ ᠥᠭᠡᠷᠡᠴᠢᠯᠡᠨ ᠰᠢᠨᠡᠳᠬᠡᠬᠦ ᠠᠭᠤᠯᠭ᠎ᠠ᠎ᠳᠤ ᠰᠠᠭᠤᠭ᠋ᠠᠯᠢ ᠲᠣᠭᠣᠷᠢᠭ ᠵᠢᠴᠢ ᠡᠷᠬᠢᠨ ᠲᠣᠭᠣᠷᠢᠨ᠎ᠤ ᠪᠣᠳᠠᠲᠤ ᠨᠥᠬᠥᠴᠡᠯ᠎ᠳᠤ ᠰᠠᠭᠤᠷᠢᠯᠠᠬᠤ ᠵᠢ ᠪᠠᠷᠢᠮᠲᠠᠯᠠᠨ᠂ ᠡᠳ᠋᠎ᠤᠨ ᠵᠠᠰᠠᠭ᠎ᠤᠨ ᠪᠠᠯᠠ ᠮᠥᠩᠭᠥ ᠵᠢᠨ ᠬᠥᠲᠥᠯᠦᠨ ᠵᠢᠯᠣᠭᠣᠳᠬᠤ ᠦᠢ᠍ᠯᠡᠳᠦᠯ᠎ᠢ ᠪᠠᠳᠠᠷᠠᠭᠤᠯᠵᠤ᠂ ᠨᠡᠶ᠋ᠢᠭᠡᠮ᠎ᠤᠨ ᠬᠦᠴᠦᠨ᠎ᠢ ᠲᠠᠲᠠᠵᠤ ᠪᠠᠶ᠋ᠢᠭ᠋ᠠᠳ ᠵᠠᠬ᠎ᠠ ᠳᠡᠯᠭᠡᠭᠦᠷᠴᠢᠯᠡᠬᠦ ᠠᠷᠭ᠎ᠠ ᠮᠠᠶᠢᠭ ᠵᠶ᠋ᠠᠷ ᠥᠭᠡᠷᠡᠴᠢᠯᠡᠨ ᠰᠢᠨᠡᠳᠬᠡᠬᠦ ᠵᠢᠴᠢ ᠰᠡᠭᠦᠯᠴᠢ ᠵᠢᠨ ᠬᠤᠭᠤᠴᠠᠭ᠋ᠠᠨ᠎ᠤ ᠡᠵᠡᠩᠨᠡᠯᠲᠡ᠎ᠳᠤ ᠣᠷᠣᠯᠴᠠᠭᠤᠯᠤᠨ᠎ᠠ᠃
      ᠲᠣᠰ ᠵᠢᠯᠣᠭᠣᠳᠬᠤ ᠲᠦᠷᠢᠮ᠎ᠢ ᠨᠡᠶ᠋ᠢᠲᠡᠯᠡᠨ ᠬᠡᠷᠡᠭᠵᠢᠭᠦᠯᠦᠭᠰᠡᠨ᠎ᠨᠢ ᠮᠠᠨ᠎ᠤ ᠣᠷᠣᠨ᠎ᠤ ᠬᠣᠲᠠ ᠪᠠᠯᠭ᠋ᠠᠰᠤ ᠵᠢᠨ ᠬᠠᠭᠤᠴᠢᠷᠠᠭᠰᠠᠨ ᠰᠠᠭᠤᠭ᠋ᠠᠯᠢ ᠲᠣᠭᠣᠷᠢᠭ᠎ᠢ ᠥᠭᠡᠷᠡᠴᠢᠯᠡᠨ ᠰᠢᠨᠡᠳᠬᠡᠬᠦ᠎ᠳᠤ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠪᠠ᠃ ᠣᠶ᠋ᠢᠯᠠᠭ᠋ᠠᠭᠰᠠᠨ ᠵᠶ᠋ᠠᠷ᠂ 2019 ᠣᠨ᠎ᠠᠴᠠ ᠨᠠᠭ᠋ᠠᠰᠢ ᠪᠥᠬᠥ ᠣᠷᠣᠨ᠎ᠤ ᠬᠣᠲᠠ ᠪᠠᠯᠭ᠋ᠠᠰᠤ ᠵᠢᠨ ᠨᠡᠶ᠋ᠢᠲᠡ 1870 ᠬᠠᠭᠤᠴᠢᠨ ᠰᠠᠭᠤᠭ᠋ᠠᠯᠢ ᠲᠣᠭᠣᠷᠢᠭ᠎ᠤᠨ 25.1 ᠲᠦᠮᠡᠨ ᠡᠷᠦᠬᠡ ᠵᠢ ᠥᠭᠡᠷᠡᠴᠢᠯᠡᠨ ᠰᠢᠨᠡᠳᠬᠡᠬᠦ ᠡᠭᠦᠷᠭᠡ ᠵᠢ ᠬᠡᠷᠡᠭᠵᠢᠭᠦᠯᠵᠦ᠂ ᠥᠭᠡᠷᠡᠴᠢᠯᠡᠨ ᠰᠢᠨᠡᠳᠬᠡᠬᠦ ᠠᠵᠢᠯ ᠶᠠᠭ ᠡᠮᠬᠢ ᠵᠢᠷᠤᠮ᠎ᠲᠠᠢ ᠶᠠᠪᠤᠭᠳᠠᠵᠤ ᠪᠣᠶ᠃

ᠢᠷᠡᠯᠲᠡ᠄ ᠣᠷᠣᠨ ᠰᠠᠭᠤᠴᠠ ᠪᠠ ᠬᠣᠲᠠ ᠬᠦᠳᠡᠭᠡ ᠵᠢᠨ ᠪᠦᠲᠦᠭᠡᠨ ᠪᠠᠢ᠌ᠭᠣᠯᠣᠯᠲᠠ ᠵᠢᠨ ᠲᠢᠩᠬᠢᠮ