ᠪᠥᠬᠥ ᠣᠷᠣᠨ᠎ᠤ ᠬᠠᠭᠤᠴᠢᠨ ᠪᠠᠷᠢᠯᠭ᠎ᠠ ᠵᠢᠨ ᠠᠮᠤᠷ ᠲᠦᠪᠰᠢᠨ᠎ᠤ ᠵᠢᠭᠰᠠᠭ᠋ᠠᠨ ᠪᠠᠶ᠋ᠢᠴᠠᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠬᠦ ᠲᠤᠬᠠᠶ ᠮᠡᠳᠡᠭᠳᠡᠯ
2020-12-10

ᠡᠯ᠎ᠡ ᠠᠶ᠋ᠢᠮᠠᠭ ᠬᠣᠲᠠ ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ (ᠵᠥᠪᠯᠡᠯ)᠂ ᠬᠡᠷ ᠪᠠᠶ᠋ᠢᠰᠢᠩ᠎ᠤᠨ ᠬᠠᠮᠢᠶᠠᠷᠤᠯᠲᠠ ᠵᠢᠨ ᠲᠣᠪᠴᠢᠶ᠎ᠠ᠄
      ᠳᠡᠳ᠋ ᠶᠡᠷᠦᠩᠬᠡᠶ ᠰᠠᠶ᠋ᠢᠳ ᠵᠠᠩ ᠭᠣᠤ ᠯᠢ ᠵᠢᠨ ᠭᠦᠢ᠍ᠵᠸᠦ ᠮᠤᠵᠢ᠂ ᠲᠢᠶᠠᠨᠵᠢᠨ ᠬᠣᠲᠠ᠎ᠳᠤ ᠠᠰᠠᠷ ᠨᠤᠷᠠᠭᠰᠠᠨ ᠡᠨᠳᠡᠯ ᠭᠠᠷᠤᠭᠰᠠᠨ᠎ᠤ ᠳᠠᠷᠠᠭ᠋ᠠᠬᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢᠴᠢ 2015 ᠣᠨ᠎ᠤ 6 ᠳ᠋ᠤᠭ᠋ᠠᠷ ᠰᠠᠷ᠎ᠠ ᠵᠢᠨ 17᠎ᠤ ᠡᠳᠦᠷ᠎ᠤᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠎ᠤ ᠪᠥᠬᠥ ᠤᠯᠤᠰ᠎ᠤᠨ ᠬᠠᠭᠤᠴᠢᠨ ᠠᠰᠠᠷ᠎ᠤᠨ ᠨᠤᠷᠠᠬᠤ ᠠᠶᠤᠯᠲᠠᠶ ᠠᠰᠠᠷ᠎ᠤᠨ ᠠᠮᠤᠷ ᠲᠦᠪᠰᠢᠨ᠎ᠢ ᠵᠢᠭᠰᠠᠭ᠋ᠠᠨ ᠪᠠᠶ᠋ᠢᠴᠠᠭ᠋ᠠᠬᠤ ᠲᠧᠯᠸᠢᠰ ᠳ᠋ᠢᠶᠠᠩᠬᠤᠸᠠ ᠬᠤᠷᠠᠯ᠎ᠤᠨ ᠵᠣᠷᠢᠭ ᠰᠠᠨᠠᠭ᠎ᠠ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠪᠥᠬᠥ ᠣᠷᠣᠨ᠎ᠤ ᠬᠠᠭᠤᠴᠢᠨ ᠪᠠᠷᠢᠯᠭ᠎ᠠ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠨ᠂ ᠠᠷᠠᠳ ᠣᠯᠠᠨ᠎ᠤ ᠠᠮᠢ ᠨᠠᠰᠤ᠂ ᠡᠳ᠋ ᠬᠥᠷᠥᠩᠭᠡ ᠵᠢᠨ ᠠᠮᠤᠷ ᠲᠦᠪᠰᠢᠨ᠎ᠢ ᠬᠠᠮᠠᠭ᠋ᠠᠯᠠᠵᠤ᠂ ᠬᠠᠭᠤᠴᠢᠨ ᠪᠠᠷᠢᠯᠭ᠎ᠠ ᠵᠢᠨ ᠠᠮᠤᠷ ᠲᠦᠪᠰᠢᠨ᠎ᠤ ᠡᠨᠳᠡᠯ ᠭᠠᠷᠬᠤ ᠵᠢ ᠰᠡᠷᠭᠡᠶ᠋ᠢᠯᠡᠬᠦ ᠵᠢᠨ ᠲᠤᠰᠠᠳᠠ᠂ ᠰᠤᠳᠤᠯᠬᠤ᠎ᠪᠠᠷ ᠳᠠᠮᠵᠢᠨ᠂ ᠮᠠᠨ᠎ᠤ ᠲᠢᠩᠬᠢᠮ ᠪᠦᠬᠦ ᠣᠷᠣᠨ᠎ᠤ ᠬᠠᠭᠤᠴᠢᠨ ᠪᠠᠷᠢᠯᠭ᠎ᠠ ᠵᠢᠨ ᠠᠮᠤᠷ ᠲᠦᠪᠰᠢᠨ᠎ᠢ ᠵᠢᠭᠰᠠᠭ᠋ᠠᠨ ᠪᠠᠶ᠋ᠢᠴᠠᠭ᠋ᠠᠬᠤ ᠠᠵᠢᠯ᠎ᠢ ᠥᠷᠨᠢᠭᠦᠯᠬᠦ᠎ᠪᠠᠷ ᠲᠣᠭᠲᠠᠪᠠ᠃ ᠡᠳᠦᠭᠡ ᠬᠣᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠮᠡᠳᠡᠭᠳᠡᠶ᠎ᠡ᠄
      ᠨᠢᠭᠡ᠂ ᠵᠠᠰᠠᠵᠦ ᠴᠡᠭᠴᠡᠯᠡᠬᠦ᠂ ᠵᠢᠭᠰᠠᠭ᠋ᠠᠨ ᠪᠠᠶ᠋ᠢᠴᠠᠭ᠋ᠠᠬᠤ ᠬᠡᠪᠴᠢᠶ᠎ᠡ
      ᠪᠦᠬᠦ ᠣᠷᠣᠨ᠎ᠤ ᠬᠡᠪᠴᠢᠶᠡᠨ ᠳᠣᠲᠣᠷᠠᠬᠢ ᠡᠯ᠎ᠡ ᠬᠣᠲᠠ᠂ ᠰᠢᠶᠠᠩ ᠪᠠᠯᠭ᠋ᠠᠰᠤ ᠵᠢᠨ ᠪᠠᠷᠢᠯᠭ᠎ᠠ ᠵᠢᠨ ᠣᠨ ᠵᠢᠯ᠎ᠨᠢ ᠨᠡᠯᠢᠶᠡᠳ ᠤᠷᠲᠤ᠂ ᠪᠦᠲᠦᠭᠡᠨ ᠪᠠᠢ᠌ᠭᠤᠯᠤᠭᠰᠠᠨ ᠪᠠᠷᠢᠮᠵᠢᠶ᠎ᠠ ᠳᠣᠣᠷ᠎ᠠ᠂ ᠵᠠᠰᠠᠵᠤ ᠰᠡᠯᠪᠢᠭᠰᠡᠨ ᠦᠭᠡᠶ ᠵᠢᠴᠢ ᠪᠤᠶ ᠪᠦᠬᠦᠢ ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ ᠪᠣᠯᠤᠨ ᠳᠥᠭᠥᠮ ᠪᠦᠳᠦᠴᠡᠳᠦ ᠣᠷᠣᠨ ᠰᠠᠭᠤᠴᠠᠲᠤ ᠲᠣᠭᠣᠷᠢᠭ ᠵᠡᠷᠭᠡ᠎ᠨᠢ ᠥᠭᠡᠷᠡᠴᠢᠯᠡᠵᠦ ᠲᠥᠪᠬᠢᠨᠡᠭᠦᠯᠬᠦ ᠬᠡᠪᠴᠢᠶᠡᠨ᠎ᠳᠤ ᠪᠠᠭᠳᠠᠨ᠎ᠠ᠃
      ᠬᠣᠶᠠᠷ᠂ ᠵᠠᠰᠠᠵᠦ ᠴᠡᠭᠴᠡᠯᠡᠬᠦ᠂ ᠵᠢᠭᠰᠠᠭ᠋ᠠᠨ ᠪᠠᠶ᠋ᠢᠴᠠᠭ᠋ᠠᠬᠤ ᠠᠭᠤᠯᠭ᠎ᠠ
     (ᠨᠢᠭᠡ) ᠬᠠᠭᠤᠴᠢᠨ ᠪᠠ ᠬᠠᠭᠤᠴᠢᠷᠠᠭᠰᠠᠨ ᠪᠠᠷᠢᠯᠭ᠎ᠠ ᠵᠢᠨ ᠠᠶᠤᠯᠭᠦᠢ ᠪᠠᠶ᠋ᠢᠳᠠᠯ
     1᠂ 2014 ᠣᠨ᠎ᠳᠤ ᠪᠦᠬᠦ ᠣᠷᠣᠨ᠎ᠤ ᠵᠣᠬᠢᠶᠠᠨ ᠪᠠᠶ᠋ᠢᠭᠤᠯᠤᠨ ᠥᠷᠨᠢᠭᠦᠯᠦᠭᠰᠡᠨ ᠬᠠᠭᠤᠴᠢᠨ ᠪᠠᠷᠢᠯᠭ᠎ᠠ ᠵᠢᠨ ᠠᠮᠤᠷ ᠲᠦᠪᠰᠢᠨ᠎ᠤ ᠵᠢᠭᠰᠠᠭ᠋ᠠᠨ ᠪᠠᠶ᠋ᠢᠴᠠᠭ᠋ᠠᠯᠲᠠ ᠳᠤᠮᠳᠠ᠂ ᠨᠢᠭᠡᠨᠲᠡ ᠪᠠᠶ᠋ᠢᠴᠠᠭ᠋ᠠᠨ ᠭᠠᠷᠭ᠋ᠠᠭᠰᠠᠨ ᠠᠶᠤᠯᠲᠠᠶ ᠴᠡᠭ ᠪᠤᠶᠤ ᠬᠡᠰᠡᠭ ᠭᠠᠵᠠᠷ᠎ᠤᠨ ᠠᠶᠤᠯᠲᠠᠶ ᠭᠡᠷ ᠪᠠᠶ᠋ᠢᠰᠢᠩ᠎ᠳᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠲᠦᠭᠰᠢᠭᠦᠷᠢ ᠵᠢ ᠠᠷᠢᠯᠭ᠋ᠠᠭᠰᠠᠨ ᠡᠰᠡᠬᠦ;
     2᠂ ᠬᠠᠭᠤᠴᠢᠨ ᠪᠠᠷᠢᠯᠭ᠎ᠠ᠎ᠳᠤ ᠳᠦᠷᠰᠦ ᠬᠤᠪᠢᠷᠠᠭ᠋ᠠᠭᠰᠠᠨ ᠦᠵᠡᠭᠳᠡᠯ ᠣᠷᠣᠰᠢᠵᠤ ᠪᠠᠶ᠋ᠢᠬᠤ ᠡᠰᠡᠬᠦ; ᠨᠤᠷᠠᠭ᠋ᠠᠭᠰᠠᠨ ᠦᠭᠡᠢ ᠨᠤᠷᠠᠬᠤ ᠠᠶᠤᠯᠲᠠᠶ ᠠᠰᠠᠷ᠎ᠢ ᠪᠡᠬᠢᠯᠡᠬᠦ ᠵᠡᠷᠭᠡ ᠴᠢᠬᠤᠯᠠ ᠪᠦᠬᠦᠢ ᠠᠷᠭ᠎ᠠ ᠬᠡᠮᠵᠢᠶ᠎ᠡ ᠠᠪᠤᠭᠰᠠᠨ ᠡᠰᠡᠬᠦ;
     3᠂ ᠵᠠᠰᠠᠵᠤ ᠴᠢᠮᠡᠭᠯᠡᠬᠦ᠎ᠳᠤ ᠬᠣᠯᠪᠣᠭᠳᠠᠭᠰᠠᠨ ᠭᠣᠣᠯ ᠪᠦᠲᠦᠴᠡ ᠪᠤᠶᠤ ᠠᠴᠢᠶ᠎ᠠ ᠵᠢ ᠢᠯᠡᠷᠬᠡᠢ ᠶᠡᠬᠡᠰᠬᠡᠭᠰᠡᠨ ᠬᠠᠭᠤᠴᠢᠨ ᠪᠠᠷᠢᠯᠭ᠎ᠠ᠎ᠳᠤ ᠠᠮᠤᠷ ᠲᠦᠪᠰᠢᠨ᠎ᠤ ᠲᠠᠯᠳᠠ ᠭᠡᠮ ᠣᠷᠣᠰᠢᠵᠤ ᠪᠠᠶ᠋ᠢᠬᠤ ᠡᠰᠡᠬᠦ;
     4᠂ ᠬᠠᠭᠤᠴᠢᠨ ᠪᠠᠷᠢᠯᠭ᠎ᠠ ᠵᠢ ᠬᠠᠮᠢᠶᠠᠷᠴᠤ ᠬᠠᠮᠠᠭ᠋ᠠᠯᠠᠭᠰᠠᠨ ᠪᠠᠶ᠋ᠢᠳᠠᠯ᠃
     (ᠬᠣᠶᠠᠷ) ᠬᠠᠭᠤᠴᠢᠨ ᠪᠠ ᠬᠠᠭᠤᠴᠢᠷᠬᠠᠰᠠᠨ ᠪᠠᠷᠢᠯᠭ᠎ᠠ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠳᠦᠷᠢᠮ ᠵᠢᠴᠢ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠭᠰᠡᠨ ᠪᠠ ᠨᠠᠶ᠋ᠢᠳᠠᠪᠤᠷᠢᠵᠢᠭᠤᠯᠤᠭᠰᠠᠨ ᠡᠰᠡᠬᠦ
      ᠭᠡᠷ ᠪᠠᠶ᠋ᠢᠰᠢᠩ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠪᠠᠷᠢᠮᠵᠢᠶ᠎ᠠ ᠵᠢᠨ ᠵᠢᠷᠤᠮᠵᠢᠯ ᠵᠢᠴᠢ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶ᠋ᠢᠳᠠᠯ᠃ ᠳᠠᠩᠰᠠ ᠡᠪᠬᠡᠮᠡᠯ᠎ᠤᠨ ᠪᠦᠷᠢᠨ ᠪᠦᠲᠦᠨ ᠪᠠᠶ᠋ᠢᠬᠤ ᠡᠰᠡᠬᠦ᠂ ᠬᠠᠮᠢᠶᠠᠷᠤᠯᠲᠠ ᠵᠢᠨ ᠳᠦᠷᠢᠮ ᠪᠣᠯᠤᠨ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢᠨ ᠲᠡᠭᠦᠯᠳᠡᠷᠵᠢᠭᠰᠡᠨ ᠪᠠ ᠨᠠᠶ᠋ᠢᠳᠠᠪᠤᠷᠢᠵᠢᠭᠤᠯᠤᠭᠳᠠᠭᠰᠠᠨ ᠡᠰᠡᠬᠦ᠂ ᠡᠳᠦᠷ ᠲᠤᠲᠤᠮ᠎ᠤᠨ ᠬᠠᠮᠢᠶᠠᠷᠤᠯᠲᠠ ᠵᠢᠨ ᠴᠠᠭ ᠲᠤᠬᠠᠶ᠎ᠳᠤᠨᠢ ᠪᠣᠳᠠᠲᠠᠶ᠋ᠢᠵᠢᠭᠤᠯᠤᠭᠳᠠᠭᠰᠠᠨ ᠡᠰᠡᠬᠦ ᠵᠡᠷᠭᠡ ᠪᠠᠶ᠋ᠢᠳᠠᠯ᠎ᠢ ᠭᠣᠣᠯᠳᠠᠯᠭ᠎ᠠ᠎ᠲᠠᠢ ᠪᠠᠢ᠌ᠴᠠᠭ᠋ᠠᠨ᠎ᠠ᠃
      (ᠭᠤᠷᠪᠠ) ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ᠂ ᠳᠥᠭᠥᠮ ᠪᠦᠳᠦᠴᠡᠳᠦ ᠣᠷᠣᠨ ᠰᠠᠭᠤᠴᠠᠲᠤ ᠲᠣᠭᠣᠷᠢᠭ᠎ᠢ ᠥᠭᠡᠷᠡᠴᠢᠯᠡᠨ ᠵᠠᠰᠠᠵᠤ ᠲᠥᠪᠬᠢᠨᠡᠭᠦᠯᠬᠦ ᠣᠷᠣᠨ ᠰᠠᠭᠤᠴᠠ ᠵᠢᠨ ᠶᠠᠰᠤ ᠴᠢᠨᠠᠷ ᠬᠢᠭᠡᠳ ᠠᠶᠦᠯᠭᠦᠢ ᠪᠠᠶ᠋ᠢᠳᠠᠯ᠎ᠳᠤ ᠤᠷᠤᠭᠰᠠᠨ
      ᠭᠤᠷᠪᠠ᠂   ᠵᠠᠰᠠᠵᠦ ᠴᠡᠭᠴᠡᠯᠡᠬᠦ᠂ ᠵᠢᠭᠰᠠᠭ᠋ᠠᠨ ᠪᠠᠶ᠋ᠢᠴᠠᠭ᠋ᠠᠬᠤ ᠠᠷᠭ᠎ᠠ
      (ᠨᠢᠭᠡ) ᠡᠯ᠎ᠡ ᠠᠶ᠋ᠢᠮᠠᠭ ᠬᠣᠲᠠ ᠵᠢᠨ ᠣᠷᠣᠨ ᠰᠠᠭᠤᠴᠠ ᠵᠢᠨ ᠪᠦᠲᠦᠭᠡᠨ ᠪᠠᠶ᠋ᠢᠭᠤᠯᠤᠯᠲᠠ᠂ ᠭᠡᠷ ᠪᠠᠶ᠋ᠢᠰᠢᠩ ᠭᠠᠵᠠᠷ ᠬᠥᠷᠥᠩᠭᠡ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠲᠤᠰ ᠭᠠᠵᠠᠷ ᠣᠷᠣᠨ᠎ᠤ᠎ᠪᠠᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠬᠠᠭᠤᠴᠢᠨ ᠪᠠᠷᠢᠯᠭ᠎ᠠ ᠵᠢᠨ ᠠᠶᠦᠯᠭᠦᠢ ᠵᠢ ᠵᠢᠭᠰᠠᠭ᠋ᠠᠨ ᠪᠠᠶ᠋ᠢᠴᠠᠭ᠋ᠠᠬᠤ ᠬᠡᠷᠡᠭᠵᠢᠭᠦᠯᠬᠦ ᠲᠥᠰᠦᠯ ᠲᠣᠭᠲᠠᠭ᠋ᠠᠵᠤ᠂ ᠬᠣᠰᠢᠭᠤ ᠰᠢᠶᠠᠨ ᠬᠣᠲᠠ ᠲᠣᠭᠣᠷᠢᠭ᠎ᠤᠨ ᠵᠣᠬᠢᠶᠠᠨ ᠪᠠᠶ᠋ᠢᠭᠤᠯᠤᠯᠲᠠ ᠵᠢᠨ ᠬᠠᠭᠤᠴᠢᠨ ᠪᠠᠷᠢᠯᠭ᠎ᠠ ᠪᠣᠯᠤᠨ ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ᠂ ᠳᠥᠭᠥᠮ ᠪᠦᠳᠦᠴᠡᠳᠦ ᠣᠷᠣᠨ ᠰᠠᠭᠤᠴᠠᠲᠤ ᠲᠣᠭᠣᠷᠢᠭ᠎ᠢ ᠥᠭᠡᠷᠡᠴᠢᠯᠡᠨ ᠵᠠᠰᠠᠵᠤ ᠲᠥᠪᠬᠢᠨᠡᠭᠦᠯᠬᠦ᠎ᠳᠤ   ᠵᠢᠭᠰᠠᠭ᠋ᠠᠭᠰᠠᠨ ᠣᠷᠣᠨ ᠰᠠᠭᠤᠴᠠ ᠵᠢᠨ ᠥᠮᠴᠢᠯᠡᠬᠦ ᠡᠷᠬᠡᠲᠦ ᠬᠥᠮᠦᠨ ᠪᠤᠶᠤ ᠬᠡᠷᠡᠭᠯᠡᠭᠴᠢ ᠵᠢᠴᠢ ᠪᠠᠶ᠋ᠢᠭᠤᠯᠵᠤ ᠪᠠᠶ᠋ᠢᠭ᠎ᠠ ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ ᠪᠣᠯᠤᠨ ᠳᠥᠭᠥᠮ ᠪᠦᠳᠦᠴᠡᠳᠦ ᠣᠷᠣᠨ ᠰᠠᠭᠤᠴᠠᠲᠤ ᠲᠣᠭᠣᠷᠢᠭ᠎ᠢ ᠥᠭᠡᠷᠡᠴᠢᠯᠡᠨ ᠵᠠᠰᠠᠵᠤ ᠲᠥᠪᠬᠢᠨᠡᠭᠦᠯᠬᠦ᠎ᠳᠤ ᠣᠷᠣᠨ ᠰᠠᠭᠤᠴᠠ ᠵᠢᠨ ᠡᠯ᠎ᠡ ᠲᠠᠯ᠎ᠠ ᠵᠢᠨ ᠬᠠᠷᠢᠭᠤᠴᠠᠯᠭ᠎ᠠ ᠵᠢᠨ ᠭᠣᠣᠯ ᠴᠣᠭᠴᠠ ᠵᠢ ᠪᠠᠶ᠋ᠢᠷᠢᠯᠠᠭᠤᠯᠤᠨ᠂ ᠥᠪᠡᠷᠲᠡᠭᠡᠨ ᠪᠠᠶ᠋ᠢᠴᠠᠭ᠋ᠠᠬᠤ ᠠᠵᠢᠯ᠎ᠢ ᠪᠦᠬᠦ ᠲᠠᠯ᠎ᠠ᠎ᠪᠠᠷ ᠦᠷᠨᠢᠭᠦᠯᠦᠨ᠎ᠡ᠃
     (ᠬᠣᠶᠠᠷ) ᠡᠯ᠎ᠡ ᠠᠶ᠋ᠢᠮᠠᠭ ᠬᠣᠲᠠ ᠵᠢᠨ ᠣᠷᠣᠨ ᠰᠠᠭᠤᠴᠠ ᠵᠢᠨ ᠪᠦᠲᠦᠭᠡᠨ ᠪᠠᠶ᠋ᠢᠭᠤᠯᠤᠯᠲᠠ᠂ ᠭᠡᠷ ᠪᠠᠶ᠋ᠢᠰᠢᠩ ᠭᠠᠵᠠᠷ ᠬᠥᠷᠥᠩᠭᠡ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠬᠣᠰᠢᠭᠤ ᠰᠢᠶᠠᠨ ᠬᠣᠲᠠ ᠲᠣᠭᠣᠷᠢᠭ᠎ᠤᠨ ᠥᠪᠡᠷ᠎ᠢ᠎ᠪᠠᠨ ᠪᠠᠶ᠋ᠢᠴᠠᠭ᠋ᠠᠭᠰᠠᠨ ᠰᠠᠭᠤᠷᠢᠨ ᠳᠡᠭᠡᠷ᠎ᠡ᠂ ᠲᠤᠰᠬᠠᠶ ᠠᠵᠢᠯᠲᠠᠨ᠎ᠢ ᠵᠣᠬᠢᠶᠠᠨ ᠪᠠᠶ᠋ᠢᠭᠤᠯᠤᠨ ᠠᠮᠤᠷ ᠲᠦᠪᠰᠢᠨ᠎ᠤ ᠳᠠᠯᠳᠠ ᠭᠡᠮ ᠣᠷᠣᠰᠢᠵᠤ ᠪᠠᠶ᠋ᠢᠭ᠎ᠠ ᠬᠠᠭᠤᠴᠢᠨ ᠪᠠᠷᠢᠯᠭ᠎ᠠ ᠵᠢ ᠭᠣᠣᠯᠳᠠᠯᠭ᠎ᠠ᠎ᠲᠠᠢ ᠵᠢᠭᠰᠠᠭ᠋ᠠᠨ ᠪᠠᠶ᠋ᠢᠴᠠᠭ᠋ᠠᠬᠤ ᠵᠢᠨ ᠬᠠᠮᠲᠤ᠂ ᠵᠢᠭᠰᠠᠭ᠋ᠠᠨ ᠪᠠᠶ᠋ᠢᠴᠠᠭ᠋ᠠᠬᠤ ᠳᠤᠮᠳᠠ ᠣᠷᠣᠰᠢᠵᠤ ᠪᠠᠶ᠋ᠢᠭ᠎ᠠ ᠠᠮᠤᠷ ᠲᠦᠪᠰᠢᠨ᠎ᠤ ᠳᠠᠯᠳᠠ ᠭᠡᠮ᠎ᠤᠨ ᠠᠰᠠᠭᠤᠳᠠᠯ᠎ᠢ ᠨᠢᠭᠡᠳ ᠨᠢᠭᠡ᠎ᠪᠠᠷ ᠳᠦᠷᠢᠮ᠎ᠤᠨ ᠬᠦᠰᠦᠨᠦᠭᠲᠦ ᠵᠣᠬᠢᠶᠠᠵᠤ ᠨᠠᠷᠢᠨ ᠬᠠᠭᠤᠳᠠᠰᠤ ᠭᠠᠷᠭ᠋ᠠᠨ᠂ ᠡᠬᠡ ᠳᠠᠩᠰᠠ ᠪᠠᠶ᠋ᠢᠭᠤᠯᠵᠤ᠂ ᠳᠠᠩᠰᠠ ᠡᠪᠬᠡᠮᠡᠯ᠎ᠤᠨ ᠬᠠᠮᠢᠶᠠᠷᠤᠯᠲᠠ ᠵᠢ ᠪᠡᠶᠡᠯᠡᠭᠦᠯᠬᠦ ᠬᠡᠷᠡᠭᠲᠡᠶ᠃ ᠣᠯᠠᠨ ᠲᠦᠮᠡᠨ᠎ᠤ ᠲᠤᠰᠬᠠᠯ ᠴᠢᠩᠭ᠎ᠠ᠂ ᠠᠮᠤᠷ ᠲᠦᠪᠰᠢᠨ᠎ᠤ ᠳᠠᠯᠳᠠ ᠭᠡᠮ ᠦᠨᠡᠨᠬᠦ ᠣᠷᠣᠰᠢᠵᠤ ᠪᠠᠶ᠋ᠢᠭ᠎ᠠ ᠬᠠᠭᠤᠴᠢᠨ ᠪᠠᠷᠢᠯᠭ᠎ᠠ᠎ᠳᠤ ᠭᠣᠣᠯᠳᠠᠯᠭ᠎ᠠ᠎ᠲᠠᠢ ᠪᠠᠶ᠋ᠢᠴᠠᠭ᠋ᠠᠯᠲᠠ ᠬᠢᠨ᠎ᠡ᠃
     (ᠭᠤᠷᠪᠠ) ᠵᠢᠭᠰᠠᠭ᠋ᠠᠨ ᠪᠠᠶ᠋ᠢᠴᠠᠭ᠋ᠠᠬᠤ ᠵᠢᠨ ᠳᠠᠭ᠋ᠠᠤ ᠴᠡᠭᠴᠡᠯᠡᠨ ᠰᠠᠶ᠋ᠢᠵᠢᠷᠠᠭᠤᠯᠵᠤ᠂ ᠵᠢᠭᠰᠠᠭ᠋ᠠᠨ ᠪᠠᠶ᠋ᠢᠴᠠᠭ᠋ᠠᠬᠤ᠎ᠪᠠᠷ ᠴᠡᠭᠴᠡᠯᠡᠨ ᠰᠠᠶ᠋ᠢᠵᠢᠷᠠᠭᠤᠯᠬᠤ ᠵᠢ ᠠᠬᠢᠭᠤᠯᠬᠤ ᠵᠢ ᠪᠠᠷᠢᠮᠳᠠᠯᠠᠨ᠎ᠠ᠃ ᠵᠢᠭᠰᠠᠭ᠋ᠠᠨ ᠪᠠᠶ᠋ᠢᠴᠠᠭ᠋ᠠᠵᠤ ᠭᠠᠷᠭ᠋ᠠᠭᠰᠠᠨ ᠠᠮᠤᠷ ᠲᠦᠪᠰᠢᠨ᠎ᠤ ᠳᠠᠯᠳᠠ ᠭᠡᠮ ᠪᠣᠯᠤᠨ ᠣᠷᠣᠰᠢᠵᠤ ᠪᠠᠶ᠋ᠢᠭ᠎ᠠ ᠠᠰᠠᠭᠤᠳᠠᠯ᠎ᠳᠤ᠂ ᠪᠣᠳᠠᠲᠠᠶ ᠰᠢᠢ᠍ᠳᠪᠦᠷᠢᠯᠡᠬᠦ ᠲᠥᠰᠦᠯ᠎ᠢ ᠰᠤᠳᠤᠯᠤᠨ ᠲᠣᠭᠲᠠᠭ᠋ᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠠᠮᠤᠷ ᠲᠦᠪᠰᠢᠨ᠎ᠤ ᠳᠠᠯᠳᠠ ᠭᠡᠮ᠎ᠢ ᠴᠠᠭ ᠲᠤᠬᠠᠶ᠎ᠳᠤᠨᠢ ᠠᠷᠢᠯᠭ᠋ᠠᠬᠤ ᠬᠡᠷᠡᠭᠲᠡᠶ᠃
     (ᠳᠥᠷᠪᠡ) ᠥᠪᠡᠷᠲᠡᠭᠡᠨ ᠵᠠᠰᠠᠬᠤ ᠣᠷᠣᠨ᠎ᠠᠴᠠ ᠲᠤᠰᠬᠠᠶ ᠮᠡᠷᠭᠡᠵᠢᠯ᠎ᠤᠨ ᠠᠵᠢᠯᠲᠠᠨ᠎ᠢ ᠰᠢᠯᠵᠢᠭᠦᠯᠦᠨ ᠲᠠᠲᠠᠵᠤ ᠲᠣᠭᠣᠷᠢᠨ ᠪᠠᠶ᠋ᠢᠴᠠᠭ᠋ᠠᠬᠤ ᠳᠤᠭᠤᠶ᠋ᠢᠯᠠᠩ ᠪᠦᠷᠢᠯᠳᠦᠭᠦᠯᠵᠦ᠂ ᠡᠯ᠎ᠡ ᠭᠠᠵᠠᠷ᠎ᠤᠨ ᠬᠠᠭᠤᠴᠢᠨ ᠪᠠᠷᠢᠯᠭ᠎ᠠ ᠵᠢᠨ ᠠᠮᠤᠷ ᠲᠦᠪᠰᠢᠨ᠎ᠤ ᠵᠢᠭᠰᠠᠭ᠋ᠠᠨ ᠪᠠᠶ᠋ᠢᠴᠠᠭ᠋ᠠᠬᠤ ᠠᠵᠢᠯ᠎ᠤᠨ ᠪᠠᠶ᠋ᠢᠳᠠᠯ᠎ᠢ ᠰᠢᠮᠳᠠᠭᠤᠯᠤᠨ ᠪᠠᠶ᠋ᠢᠴᠠᠭ᠋ᠠᠵᠤ᠂ ᠭᠣᠣᠯᠳᠠᠯᠭ᠎ᠠ᠎ᠲᠠᠢ ᠭᠠᠵᠠᠷ ᠣᠷᠣᠨ᠎ᠳᠤ ᠭᠣᠣᠯᠳᠠᠯᠭ᠎ᠠ᠎ᠲᠠᠢ ᠲᠣᠭᠣᠷᠢᠨ ᠪᠠᠶ᠋ᠢᠴᠠᠭ᠋ᠠᠬᠤ ᠵᠢᠨ ᠬᠠᠮᠲᠤ ᠰᠢᠮᠳᠠᠭᠤᠯᠤᠨ ᠪᠠᠶ᠋ᠢᠴᠠᠭ᠋ᠠᠭᠰᠠᠨ ᠦᠷ᠎ᠡ ᠳ᠋ᠦᠩ᠎ᠢ ᠲᠤᠩᠬᠠᠭᠯᠠᠨ᠎ᠠ᠃
      ᠳᠥᠷᠪᠡ᠂ ᠵᠠᠰᠠᠵᠦ ᠴᠡᠭᠴᠡᠯᠡᠬᠦ᠂ ᠵᠢᠭᠰᠠᠭ᠋ᠠᠨ ᠪᠠᠶ᠋ᠢᠴᠠᠭ᠋ᠠᠬᠤ ᠴᠠᠭ
      ᠪᠥᠬᠥ ᠣᠷᠣᠨ᠎ᠤ ᠬᠠᠭᠤᠴᠢᠨ ᠪᠠᠷᠢᠯᠭ᠎ᠠ ᠵᠢᠨ ᠠᠮᠤᠷ ᠲᠦᠪᠰᠢᠨ᠎ᠤ ᠵᠢᠭᠰᠠᠭ᠋ᠠᠨ ᠪᠠᠶ᠋ᠢᠴᠠᠭ᠋ᠠᠬᠤ ᠠᠵᠢᠯ᠎ᠨᠢ ᠲᠣᠰ ᠮᠡᠳᠡᠭᠳᠡᠯ᠎ᠢ ᠳᠣᠷᠣᠭᠰᠢ ᠪᠠᠭᠤᠯᠭ᠋ᠠᠭᠰᠠᠨ ᠡᠳᠦᠷ᠎ᠠᠴᠠ ᠡᠬᠢᠯᠡᠨ 7 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ ᠥᠪᠡᠰᠦᠪᠡᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠱᠠᠲᠤ ᠦᠶ᠎ᠡ ᠪᠣᠯᠤᠨ᠎ᠠ᠂ 8 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ ᠡᠯ᠎ᠡ ᠠᠶ᠋ᠢᠮᠠᠭ ᠬᠣᠲᠠ ᠵᠢᠨ ᠰᠤᠭᠤᠴᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠵᠤ ᠳᠡᠭᠡᠭᠰᠢᠯᠡᠭᠦᠯᠬᠦ ᠱᠠᠲᠤ ᠦᠶ᠎ᠡ ᠪᠣᠯᠤᠨ᠎ᠠ᠂ 9 ᠳ᠋ᠤᠭᠡᠷ ᠰᠠᠷ᠎ᠠ ᠪᠣᠯ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠲᠣᠭᠣᠷᠢᠨ ᠪᠠᠶ᠋ᠢᠴᠠᠭ᠋ᠠᠬᠤ ᠱᠠᠲᠤ ᠦᠶ᠎ᠡ ᠪᠣᠯᠤᠨ᠎ᠠ᠂ 10 ᠳ᠋ᠤᠭ᠋ᠠᠷ ᠰᠠᠷ᠎ᠠ ᠵᠢᠨ ᠡᠬᠢᠨ ᠵᠶ᠋ᠡᠷ ᠪᠥᠬᠥ ᠲᠠᠯ᠎ᠠ᠎ᠪᠠᠷ ᠳ᠋ᠦᠩᠨᠡᠬᠦ ᠱᠠᠲᠤ ᠦᠶ᠎ᠡ ᠪᠣᠯᠤᠨ᠎ᠠ᠃
      ᠲᠠᠪᠤ᠂ ᠵᠠᠰᠠᠵᠦ ᠴᠡᠭᠴᠡᠯᠡᠬᠦ᠂ ᠵᠢᠭᠰᠠᠭ᠋ᠠᠨ ᠪᠠᠶ᠋ᠢᠴᠠᠭ᠋ᠠᠬᠤ ᠱᠠᠭ᠋ᠠᠷᠳᠠᠯᠭ᠎ᠠ  
     (ᠨᠢᠭᠡ) ᠡᠯ᠎ᠡ ᠠᠶ᠋ᠢᠮᠠᠭ ᠬᠣᠲᠠ ᠵᠢᠨ ᠣᠷᠣᠨ ᠰᠠᠭᠤᠴᠠ ᠵᠢᠨ ᠪᠦᠲᠦᠭᠡᠨ ᠪᠠᠶ᠋ᠢᠭᠤᠯᠤᠯᠲᠠ᠂ ᠭᠡᠷ ᠪᠠᠶ᠋ᠢᠰᠢᠩ ᠭᠠᠵᠠᠷ ᠬᠥᠷᠥᠩᠭᠡ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠡᠷᠬᠡᠪᠰᠢ ᠪᠦᠬᠦ ᠣᠷᠣᠨ᠎ᠤ ᠬᠠᠭᠤᠴᠢᠨ ᠪᠠᠷᠢᠯᠭ᠎ᠠ ᠵᠢᠨ ᠠᠮᠤᠷ ᠲᠦᠪᠰᠢᠨ᠎ᠤ ᠵᠢᠭᠰᠠᠭ᠋ᠠᠨ ᠪᠠᠶ᠋ᠢᠴᠠᠭ᠋ᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠦᠨᠡᠨᠬᠦ ᠴᠢᠩᠭ᠋ᠠᠳᠬᠠᠨ᠂ ᠲᠤᠰ ᠭᠠᠵᠠᠷ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠵᠤ᠂ ᠪᠣᠳᠠᠲᠠᠶ ᠵᠢᠭᠰᠠᠭ᠋ᠠᠨ ᠪᠠᠶ᠋ᠢᠴᠠᠭ᠋ᠠᠬᠤ ᠲᠥᠰᠦᠯ ᠲᠣᠭᠲᠠᠭ᠋ᠠᠵᠤ᠂ ᠪᠦᠬᠦ ᠣᠷᠣᠨ᠎ᠤ ᠬᠠᠭᠤᠴᠢᠨ ᠪᠠᠷᠢᠯᠭ᠎ᠠ ᠵᠢᠨ ᠠᠮᠤᠷ ᠲᠦᠪᠰᠢᠨ᠎ᠤ ᠵᠢᠭᠰᠠᠭ᠋ᠠᠨ ᠪᠠᠶ᠋ᠢᠴᠠᠭ᠋ᠠᠯᠲᠠ ᠵᠢᠨ ᠵᠣᠬᠢᠶᠠᠨ ᠪᠠᠶ᠋ᠢᠭᠤᠯᠤᠨ ᠶᠠᠪᠤᠭᠳᠠᠭᠤᠯᠬᠤ ᠠᠵᠢᠯ᠎ᠢ ᠬᠢᠨᠠᠮᠠᠭ᠋ᠠᠶ ᠰᠠᠶ᠋ᠢᠲᠤᠷ ᠬᠢᠬᠦ ᠬᠡᠷᠡᠭᠲᠡᠶ᠃
     (ᠬᠣᠶᠠᠷ) ᠳᠡᠭᠡᠳᠦ ᠬᠡᠮᠵᠢᠶᠡᠨ᠎ᠤ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠵᠢ ᠪᠣᠶ ᠪᠣᠯᠭ᠋ᠠᠵᠤ᠂ ᠠᠯᠢᠪᠠ ᠪᠦᠬᠦᠨ᠎ᠳᠤ ᠠᠷᠠᠳ ᠲᠦᠮᠡᠨ᠎ᠤ ᠠᠰᠢᠭ ᠲᠤᠰᠠ᠎ᠠᠴᠠ ᠡᠭᠦᠰᠬᠦ ᠵᠢ ᠪᠠᠷᠢᠮᠲᠠᠯᠠᠨ᠂ ᠪᠦᠬᠦ ᠣᠷᠣᠨ᠎ᠤ ᠬᠠᠭᠤᠴᠢᠨ ᠪᠠᠷᠢᠯᠭ᠎ᠠ ᠵᠢᠨ ᠠᠮᠤᠷ ᠲᠦᠪᠰᠢᠨ᠎ᠢ ᠵᠢᠭᠰᠠᠭ᠋ᠠᠨ ᠪᠠᠶ᠋ᠢᠴᠠᠭ᠋ᠠᠬᠤ ᠠᠵᠢᠯ᠎ᠢ ᠦᠷᠨᠢᠭᠦᠯᠦᠨ᠎ᠡ᠃ ᠢᠳᠡᠪᠬᠢᠲᠡᠶ᠎ᠪᠠᠷ ᠠᠷᠭ᠎ᠠ ᠬᠡᠮᠵᠢᠶ᠎ᠡ ᠠᠪᠴᠤ᠂ ᠣᠷᠣᠨ ᠰᠠᠭᠤᠴᠠ ᠵᠢᠨ ᠠᠮᠤᠷ ᠲᠦᠪᠰᠢᠨ᠎ᠤ ᠡᠯ᠎ᠡ ᠲᠥᠷᠥᠯ᠎ᠤᠨ ᠳᠠᠯᠳᠠ ᠭᠡᠮ᠎ᠢ ᠠᠷᠢᠯᠭ᠋ᠠᠨ᠂ ᠠᠮᠤᠷ ᠲᠦᠪᠰᠢᠨ᠎ᠤ ᠳᠠᠯᠳᠠ ᠭᠡᠮ ᠣᠷᠣᠰᠢᠵᠤ ᠪᠠᠶ᠋ᠢᠭ᠎ᠠ ᠬᠠᠭᠤᠴᠢᠨ ᠪᠠᠷᠢᠯᠭ᠎ᠠ ᠪᠦᠬᠦᠨ᠎ᠢ ᠴᠥᠮ ᠮᠥᠷᠳᠡᠨ ᠬᠢᠨᠠᠨ ᠬᠠᠮᠢᠶᠠᠷᠴᠤ᠂ ᠪᠦᠬᠦᠯᠢ ᠴᠣᠭᠴᠠ ᠵᠢᠨ ᠠᠶᠤᠯ ᠪᠣᠯᠤᠨ ᠬᠡᠰᠡᠭ ᠲᠠᠯ᠎ᠠ ᠵᠢᠨ ᠠᠶᠤᠯ ᠲᠦᠭᠰᠢᠭᠦᠷᠢ᠎ᠲᠠᠢ ᠬᠠᠭᠤᠴᠢᠨ ᠪᠠᠷᠢᠯᠭ᠎ᠠ᠎ᠳᠤ ᠡᠷᠡᠰ ᠰᠢᠭᠤᠷᠬᠠᠶ ᠠᠷᠭ᠎ᠠ ᠬᠡᠮᠵᠢᠶ᠎ᠡ ᠠᠪᠴᠤ᠂ ᠬᠡᠷᠡᠭᠯᠡᠬᠦ ᠵᠢ᠎ᠨᠢ ᠵᠣᠭᠰᠣᠭ᠋ᠠᠬᠤ ᠴᠢᠬᠤᠯᠠ᠎ᠲᠠᠢ ᠵᠢ᠎ᠨᠢ ᠡᠷᠡᠰ ᠵᠣᠭᠰᠣᠭ᠋ᠠᠵᠤ᠂ ᠨᠤᠷᠠᠭ᠋ᠠᠬᠤ ᠴᠢᠬᠤᠯᠠ᠎ᠲᠠᠢ ᠵᠢ᠎ᠨᠢ ᠡᠷᠡᠰ ᠨᠤᠷᠠᠭ᠋ᠠᠵᠤ᠂ ᠭᠡᠷ ᠪᠠᠶ᠋ᠢᠰᠢᠩ᠎ᠤᠨ ᠠᠮᠤᠷ ᠲᠦᠪᠰᠢᠨ᠎ᠤ ᠬᠦᠨᠳᠦ ᠶᠡᠬᠡ ᠡᠨᠳᠡᠯ ᠭᠠᠷᠬᠤ ᠵᠢ ᠦᠨᠳᠦᠰᠦᠨ᠎ᠠᠴᠠ᠎ᠨᠢ ᠬᠣᠷᠢᠭᠯᠠᠨ᠂ ᠠᠷᠠᠳ ᠣᠯᠠᠨ᠎ᠤ ᠠᠮᠢ ᠨᠠᠰᠤ᠂ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨᠬᠦ ᠬᠠᠮᠠᠭ᠋ᠠᠯᠠᠵᠤ᠂ ᠨᠡᠶ᠋ᠢᠭᠡᠮ᠎ᠤᠨ ᠡᠶ᠎ᠡ ᠵᠣᠬᠢᠴᠠᠯ᠎ᠲᠠᠢ ᠪᠥᠭᠡᠳ ᠲᠣᠭᠲᠠᠭᠤᠨ ᠪᠠᠶ᠋ᠢᠬᠤ ᠵᠢ ᠬᠠᠮᠠᠭ᠋ᠠᠯᠠᠨ᠎ᠠ᠃
     (ᠭᠤᠷᠪᠠ) ᠬᠠᠭᠤᠴᠢᠨ ᠪᠠᠷᠢᠯᠭ᠎ᠠ ᠵᠢᠨ ᠠᠶᠦᠯᠭᠦᠢ ᠵᠢᠨ ᠬᠠᠮᠢᠶᠠᠷᠤᠯᠲᠠ ᠵᠢᠨ ᠤᠷᠲᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠬᠠᠭᠤᠴᠢᠨ ᠪᠠᠷᠢᠯᠭ᠎ᠠ ᠵᠢᠨ ᠠᠶᠦᠯᠭᠦᠢ ᠵᠢᠨ ᠬᠠᠮᠢᠶᠠᠷᠤᠯᠲᠠ ᠵᠢ ᠪᠠᠶ᠋ᠢᠩᠭᠤᠵᠢᠭᠤᠯᠬᠤ ᠵᠢ ᠲᠠᠰᠤᠷᠠᠯᠲᠠ ᠤᠢ᠍ᠭᠡᠢ ᠪᠡᠶᠡᠯᠡᠭᠦᠯᠦᠨ᠂ ᠬᠠᠭᠤᠴᠢᠨ ᠪᠠᠷᠢᠯᠭ᠎ᠠ ᠵᠢᠨ ᠠᠶᠦᠯᠭᠦᠢ ᠵᠢᠨ ᠬᠠᠮᠢᠶᠠᠷᠤᠯᠲᠠ ᠵᠢᠨ ᠦᠵᠡᠯ ᠤᠬᠠᠮᠰᠠᠷ ᠪᠣᠯᠤᠨ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠦᠨᠡᠨᠬᠦ ᠳᠡᠭᠡᠭᠰᠢᠯᠡᠭᠦᠯᠦᠨ᠎ᠡ᠃ ᠡᠯ᠎ᠡ ᠭᠠᠵᠠᠷ᠎ᠤᠳ ᠬᠠᠭᠤᠴᠢᠨ ᠪᠠᠷᠢᠯᠭ᠎ᠠ ᠵᠢᠨ ᠠᠶᠦᠯᠭᠦᠢ ᠵᠢᠨ ᠪᠠᠶ᠋ᠢᠴᠠᠭ᠋ᠠᠯᠲᠠ ᠵᠢᠨ ᠦᠷ᠎ᠡ ᠳ᠋ᠦᠩ᠎ᠢ ᠦᠨᠳᠦᠰᠦᠯᠡᠨ᠂ ᠬᠠᠭᠤᠴᠢᠨ ᠪᠠᠷᠢᠯᠭ᠎ᠠ ᠵᠢᠨ ᠠᠶᠦᠯᠭᠦᠢ ᠵᠢᠨ ᠬᠠᠮᠢᠶᠠᠷᠤᠯᠲᠠ ᠵᠢᠨ ᠡᠬᠡ ᠳᠠᠩᠰᠠ ᠪᠣᠯᠤᠨ ᠳᠠᠩᠰᠠ ᠡᠪᠬᠡᠮᠡᠯ ᠪᠠᠶ᠋ᠢᠭᠤᠯᠵᠤ᠂ ᠬᠠᠭᠤᠴᠢᠨ ᠪᠠᠷᠢᠯᠭ᠎ᠠ ᠬᠡᠷᠡᠭᠯᠡᠵᠦ ᠪᠠᠶ᠋ᠢᠭ᠎ᠠ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠬᠢᠨᠠᠨ ᠡᠵᠡᠮᠳᠡᠵᠦ᠂ ᠡᠯ᠎ᠡ ᠲᠥᠷᠥᠯ᠎ᠤᠨ ᠭᠡᠷ ᠪᠠᠶ᠋ᠢᠰᠢᠩ᠎ᠤᠨ ᠣᠯᠠᠨ ᠨᠡᠶ᠋ᠢᠲᠡ ᠵᠢᠨ ᠰᠡᠯᠪᠢᠨ ᠵᠠᠰᠠᠬᠤ ᠪᠠ ᠠᠷᠠᠴᠢᠯᠠᠨ ᠬᠠᠮᠠᠭ᠋ᠠᠯᠠᠬᠤ ᠵᠢ ᠴᠢᠩᠭ᠋ᠠᠳᠬᠠᠨ᠂ ᠭᠡᠷ ᠪᠠᠶ᠋ᠢᠰᠢᠩ᠎ᠤᠨ ᠠᠶᠦᠯᠭᠦᠢ ᠬᠡᠷᠡᠭᠯᠡᠬᠦ ᠵᠢ ᠦᠨᠡᠨᠬᠦ   ᠪᠠᠳᠤᠯᠠᠨ᠎ᠠ᠃
     (ᠳᠥᠷᠪᠡ) ᠬᠠᠭᠤᠴᠢᠨ ᠪᠠᠷᠢᠯᠭ᠎ᠠ ᠵᠢᠨ ᠠᠶᠦᠯᠭᠦᠢ ᠵᠢᠨ ᠬᠠᠮᠢᠶᠠᠷᠤᠯᠲᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠲᠣᠭᠲᠠᠭ᠋ᠠᠨ᠎ᠠ᠃ ᠬᠠᠭᠤᠴᠢᠨ ᠪᠠᠷᠢᠯᠭ᠎ᠠ ᠵᠢᠨ ᠠᠮᠤᠷ ᠲᠦᠪᠰᠢᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠴᠢᠳᠠᠪᠤᠷᠢ ᠵᠢ ᠨᠡᠮᠡᠭᠳᠡᠭᠦᠯᠵᠦ᠂ ᠦᠨᠳᠦᠰᠦᠨ ᠱᠠᠲᠤᠨ᠎ᠤ ᠣᠯᠠᠨ ᠨᠡᠶ᠋ᠢᠲᠡ ᠵᠢᠨ ᠠᠮᠤᠷ ᠲᠦᠪᠰᠢᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠰᠢᠰᠲ᠋ᠧᠮᠵᠢ ᠵᠢ ᠪᠠᠶ᠋ᠢᠭᠤᠯᠬᠤ ᠵᠢᠨ ᠴᠢᠬᠤᠯᠠ ᠠᠭᠤᠯᠭ᠎ᠠ ᠪᠣᠯᠭ᠋ᠠᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨᠬᠦ ᠪᠠᠳᠤᠯᠠᠨ᠎ᠠ᠃
      (ᠲᠠᠪᠤ) ᠬᠠᠭᠤᠴᠢᠨ ᠪᠠᠷᠢᠯᠭ᠎ᠠ ᠵᠢ ᠥᠭᠡᠷᠡᠴᠢᠯᠡᠬᠦ ᠠᠵᠢᠯ᠎ᠢ ᠲᠦᠷᠭᠡᠳᠭᠡᠨ᠎ᠡ᠃ ᠡᠯ᠎ᠡ ᠭᠠᠵᠠᠷ᠎ᠤᠳ 《ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠬᠤ᠂ ᠲᠥᠷᠥᠯ ᠬᠤᠪᠢᠶᠠᠨ ᠵᠢᠯᠣᠭᠣᠳᠬᠤ᠂ ᠨᠢᠭᠡᠳᠦᠯᠲᠡᠶ ᠲᠥᠯᠥᠪᠵᠢᠭᠦᠯᠬᠦ᠂ ᠵᠢᠯ ᠳᠠᠷᠠᠭ᠋ᠠᠯᠠᠨ ᠥᠭᠡᠷᠡᠴᠢᠯᠡᠬᠦ》 ᠵᠠᠷᠴᠢᠮ᠎ᠤᠨ ᠶᠣᠰᠣᠭ᠋ᠠᠷ᠂ ᠬᠠᠭᠤᠴᠢᠨ ᠪᠠᠷᠢᠯᠭ᠎ᠠ ᠵᠢᠨ ᠪᠣᠳᠠᠲᠤ ᠪᠠᠶ᠋ᠢᠳᠠᠯ ᠪᠣᠯᠤᠨ ᠠᠶᠦᠯᠭᠦᠢ ᠵᠢᠨ ᠬᠢᠨᠠᠨ ᠲᠣᠭᠲᠠᠭ᠋ᠠᠯᠲᠠ ᠬᠢᠭᠰᠡᠨ ᠪᠠᠶ᠋ᠢᠳᠠᠯ᠎ᠢ ᠦᠨᠳᠦᠰᠦᠯᠡᠨ᠂ ᠪᠠᠲᠤᠯᠠᠭ᠎ᠠ ᠵᠢᠨ ᠴᠢᠨᠠᠷᠲᠠᠶ ᠪᠦᠭᠡᠳ ᠬᠢᠮᠳᠠ ᠣᠷᠣᠨ ᠰᠠᠭᠤᠴᠠ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ᠎ᠲᠠᠢ ᠤᠶᠠᠯᠳᠤᠭᠤᠯᠵᠤ᠂ ᠬᠠᠭᠤᠴᠢᠨ ᠪᠠᠷᠢᠯᠭ᠎ᠠ ᠵᠢ ᠥᠭᠡᠷᠡᠴᠢᠯᠡᠬᠦ ᠶᠠᠪᠤᠳᠠᠯ᠎ᠢ ᠤᠯᠤᠰ᠎ᠤᠨ ᠬᠠᠭᠤᠴᠢᠨ ᠲᠣᠭᠣᠷᠢᠭ ᠪᠣᠯᠤᠨ ᠳᠥᠭᠥᠮ ᠪᠦᠳᠦᠴᠡᠳᠦ ᠣᠷᠣᠨ ᠰᠠᠭᠤᠴᠠᠲᠤ ᠲᠣᠭᠣᠷᠢᠭ᠎ᠢ ᠥᠭᠡᠷᠡᠴᠢᠯᠡᠬᠦ ᠬᠡᠪᠴᠢᠶᠡᠨ᠎ᠳᠤ ᠵᠢᠭᠰᠠᠭ᠋ᠠᠵᠤ᠂ ᠬᠠᠭᠤᠴᠢᠨ ᠪᠠᠷᠢᠯᠭ᠎ᠠ ᠵᠢ ᠥᠭᠡᠷᠡᠴᠢᠯᠡᠬᠦ ᠠᠯᠬᠤᠴᠠ ᠵᠢ ᠲᠦᠷᠭᠡᠳᠬᠡᠨ ᠠᠬᠢᠭᠤᠯᠤᠨ᠎ᠠ᠃
     (ᠵᠢᠷᠭᠤᠭ᠎ᠠ) ᠡᠯ᠎ᠡ ᠱᠠᠲᠤᠨ᠎ᠤ ᠣᠷᠣᠨ ᠰᠠᠭᠤᠴᠠ ᠵᠢᠨ ᠪᠦᠲᠦᠭᠡᠨ ᠪᠠᠶ᠋ᠢᠭᠤᠯᠤᠯᠲᠠ᠂ ᠭᠡᠷ ᠪᠠᠶ᠋ᠢᠰᠢᠩ ᠭᠠᠵᠠᠷ ᠬᠥᠷᠥᠩᠭᠡ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠲᠤᠰ ᠭᠠᠵᠠᠷ ᠣᠷᠣᠨ᠎ᠤ ᠬᠠᠭᠤᠴᠢᠨ ᠪᠠᠷᠢᠯᠭ᠎ᠠ ᠵᠢᠨ ᠠᠮᠤᠷ ᠲᠦᠪᠰᠢᠨ᠎ᠤ ᠵᠢᠭᠰᠠᠭ᠋ᠠᠨ ᠪᠠᠶ᠋ᠢᠴᠠᠭ᠋ᠠᠭᠰᠠᠨ ᠪᠠᠶ᠋ᠢᠳᠠᠯ᠂ ᠰᠢᠢ᠍ᠳᠪᠦᠷᠢᠯᠡᠬᠦ ᠴᠢᠬᠤᠯᠠᠲᠠᠶ ᠠᠰᠠᠭᠤᠳᠠᠯ᠎ᠢ ᠴᠠᠭ ᠲᠤᠬᠠᠶ᠎ᠳᠤᠨᠢ ᠲᠤᠬᠠᠶ ᠵᠢᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ᠂ ᠬᠠᠭᠤᠴᠢᠨ ᠪᠠᠷᠢᠯᠭ᠎ᠠ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠠᠷᠭ᠎ᠠ ᠵᠢ ᠨᠡᠶ᠋ᠢᠲᠡᠯᠡᠬᠦ᠎ᠪᠠᠷ ᠴᠢᠷᠮᠠᠶ᠋ᠢᠬᠤ ᠵᠢᠨ ᠬᠠᠮᠲᠤ ᠪᠡᠯᠡ ᠮᠥᠩᠭᠥ᠎ᠪᠠᠷ ᠲᠡᠳᠬᠦᠬᠦ ᠲᠥᠷᠥ ᠵᠢᠨ ᠪᠣᠳᠣᠯᠭ᠎ᠠ ᠵᠢ ᠴᠢᠷᠮᠠᠶ᠋ᠢᠨ ᠣᠯᠵᠤ᠂ ᠬᠠᠭᠤᠴᠢᠨ ᠪᠠᠷᠢᠯᠭ᠎ᠠ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠡᠷᠴᠢᠮ᠎ᠢ ᠴᠢᠩᠭ᠋ᠠᠳᠬᠠᠨ᠂ ᠠᠷᠠᠳ ᠣᠯᠠᠨ᠎ᠤ ᠠᠮᠢ ᠨᠠᠰᠤ᠂ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨᠬᠦ ᠪᠠᠳᠤᠯᠠᠨ᠎ᠠ᠃
     (ᠳᠣᠯᠣᠭ᠎ᠠ) ᠡᠯ᠎ᠡ ᠠᠶ᠋ᠢᠮᠠᠭ ᠬᠣᠲᠠ᠎ᠨᠢ 2015 ᠣᠨ᠎ᠤ 10 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ ᠡᠮᠦᠨ᠎ᠡ ᠲᠤᠰ ᠭᠠᠵᠠᠷ ᠣᠷᠣᠨ᠎ᠤ ᠬᠠᠭᠤᠴᠢᠨ ᠪᠠᠷᠢᠯᠭ᠎ᠠ ᠵᠢᠨ ᠠᠮᠤᠷ ᠲᠦᠪᠰᠢᠨ᠎ᠢ ᠵᠢᠭᠰᠠᠭ᠋ᠠᠨ ᠪᠠᠶ᠋ᠢᠴᠠᠭ᠋ᠠᠭᠰᠠᠨ ᠦᠷ᠎ᠡ ᠳ᠋ᠦᠩ ᠪᠠ ᠠᠵᠢᠯ ᠵᠶ᠋ᠠᠨ ᠥᠷᠨᠢᠭᠦᠯᠦᠭᠰᠡᠨ ᠪᠠᠶ᠋ᠢᠳᠠᠯ ᠵᠶ᠋ᠠᠨ ᠮᠠᠨ᠎ᠤ ᠲᠢᠩᠬᠢᠮ᠎ᠤᠨ ᠣᠷᠣᠨ ᠰᠠᠭᠤᠴᠠ ᠪᠠ ᠭᠡᠷ ᠪᠠᠶ᠋ᠢᠰᠢᠩ ᠭᠠᠵᠠᠷ ᠬᠥᠷᠥᠩᠭᠡ ᠵᠢᠨ ᠭᠠᠵᠠᠷ᠎ᠲᠤ ᠪᠢᠴᠢᠭ ᠵᠶ᠋ᠠᠷ ᠮᠡᠳᠡᠭᠦᠯᠬᠦ ᠬᠡᠷᠡᠭᠲᠡᠶ᠃
      ᠬᠠᠷᠢᠯᠴᠠᠬᠤ ᠬᠥᠮᠦᠨ᠄ ᠬᠥ᠋ ᠹᠸᠩ ᠮᠢᠨ   ᠵᠣᠣ ᠸᠸᠨ ᠽᠦᠩ
      ᠤᠲᠠᠰᠤ᠄ 04716610525
      ᠰᠢᠦᠳᠠᠨ ᠬᠠᠶ᠋ᠢᠷᠴᠠᠭ᠄ nmgjstfccc @ 163 . com
      ᠳᠠᠭ᠋ᠠᠯᠳᠤᠭᠤᠯᠤᠯ᠄ ᠬᠠᠭᠤᠴᠢᠨ ᠪᠠᠷᠢᠯᠭ᠎ᠠ ᠵᠢ ᠵᠢᠭᠰᠠᠭ᠋ᠠᠨ ᠪᠠᠶ᠋ᠢᠴᠠᠭ᠋ᠠᠭᠰᠠᠨ ᠪᠠᠶ᠋ᠢᠳᠠᠯ᠎ᠤᠨ ᠬᠤᠷᠢᠶᠠᠩᠭᠤᠶ᠋ᠢᠯᠠᠭᠰᠠᠨ ᠬᠦᠰᠦᠨᠦᠭᠲᠦ  
                                 

                                   2015 ᠣᠨ᠎ᠤ 6 ᠳ᠋ᠤᠭ᠋ᠠᠷ ᠰᠠᠷ᠎ᠠ ᠵᠢᠨ 19᠎ᠤ ᠡᠳᠦᠷ

ᠢᠷᠡᠯᠲᠡ᠄ ᠣᠷᠣᠨ ᠰᠠᠭᠤᠴᠠ ᠪᠠ ᠬᠣᠲᠠ ᠬᠦᠳᠡᠭᠡ ᠵᠢᠨ ᠪᠦᠲᠦᠭᠡᠨ ᠪᠠᠢ᠌ᠭᠣᠯᠣᠯᠲᠠ ᠵᠢᠨ ᠲᠢᠩᠬᠢᠮ