ᠦᠪᠦᠷ ᠪᠠᠢ᠌ᠭᠤᠯᠤᠯᠳᠠ ᠬᠤᠳᠠ [2020] 42 ᠳ᠋ᠤᠭ᠋ᠠᠷ ᠲᠤᠭ᠋ᠠᠳᠦ
ᠡᠯ᠎ᠡ ᠠᠶ᠋ᠢᠮᠠᠭ ᠬᠣᠲᠠ ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ᠂ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ᠂ ᠬᠣᠷᠢᠨᠭᠡᠷ ᠰᠢᠨ᠎ᠡ ᠲᠣᠭᠣᠷᠢᠭ᠎ᠤᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ᠄
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠰᠣᠶᠣᠯ᠎ᠤᠨ ᠨᠡᠷᠡᠲᠦ ᠬᠣᠲᠠ ᠨᠡᠷᠡᠲᠦ ᠪᠠᠯᠭ᠋ᠠᠰᠤ ᠨᠡᠷᠡᠲᠦ ᠲᠣᠰᠬᠣᠨ ᠵᠡᠭᠡᠯᠢ ᠲᠣᠭᠣᠷᠢᠭ᠎ᠤᠨ ᠲᠡᠦᠬᠡᠳᠦ ᠪᠠᠷᠢᠯᠭ᠎ᠠ ᠵᠢᠨ ᠬᠠᠮᠠᠭ᠋ᠠᠯᠠᠯᠳᠠ ᠵᠢᠨ ᠠᠷᠭ᠎ᠠ》 ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭ᠋ᠠᠶ ᠲᠤᠤᠱᠯᠠᠭᠤᠯᠤᠨ ᠨᠠᠶ᠋ᠢᠳᠠᠪᠤᠷᠢᠵᠢᠭᠤᠯᠲᠤᠭ᠋ᠠᠶ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
2020 ᠤᠨ᠎ᠤ 2 ᠳ᠋ᠤᠭ᠋ᠠᠷ ᠰᠠᠷ᠎ᠠ ᠵᠢᠨ 24᠎ᠤ ᠡᠳᠤᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠰᠣᠶᠣᠯ᠎ᠤᠨ ᠨᠠᠷᠠᠲᠤ ᠬᠣᠲᠠ ᠨᠠᠷᠠᠲᠤ ᠪᠠᠯᠭ᠋ᠠᠰᠤ ᠨᠠᠷᠠᠲᠤ ᠲᠣᠰᠬᠣᠨ ᠵᠡᠭᠡᠯᠢ ᠲᠤᠭᠤᠷᠢᠭ᠎ᠤᠨ ᠲᠡᠦᠬᠡᠳᠦ ᠪᠠᠷᠢᠯᠭ᠎ᠠ ᠵᠢᠨ ᠬᠠᠮᠠᠭ᠋ᠠᠯᠠᠯᠳᠠ ᠵᠢᠨ ᠠᠷᠭ᠎ᠠ
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠲᠡᠦᠬᠡ ᠰᠣᠶᠣᠯ᠎ᠤᠨ ᠨᠡᠷᠡᠲᠦ ᠬᠣᠲᠠ᠂ ᠨᠡᠷᠡᠲᠦ ᠪᠠᠯᠭ᠋ᠠᠰᠤ᠂ ᠨᠡᠷᠡᠲᠦ ᠲᠣᠰᠬᠣᠨ᠂ ᠵᠡᠭᠡᠯᠢ ᠲᠣᠭᠣᠷᠢᠭ᠎ᠤᠨ ᠲᠡᠦᠬᠡᠳᠦ ᠪᠠᠷᠢᠯᠭ᠎ᠠ ᠵᠢ ᠬᠠᠮᠠᠭ᠋ᠠᠯᠠᠬᠤ ᠪᠠ ᠬᠠᠮᠢᠶᠠᠷᠤᠯᠳᠠ ᠵᠢ ᠴᠢᠩᠭ᠋ᠠᠳᠬᠠᠬᠤ ᠵᠢᠨ ᠲᠤᠰᠠᠳᠠ᠂ 《ᠲᠡᠦᠬᠡ ᠰᠣᠶᠣᠯ᠎ᠤᠨ ᠨᠡᠷᠡᠲᠦ ᠬᠣᠲᠠ ᠨᠡᠷᠡᠲᠦ ᠪᠠᠯᠭ᠋ᠠᠰᠤ ᠨᠡᠷᠡᠲᠦ ᠲᠣᠰᠬᠣᠨ᠎ᠤ ᠬᠠᠮᠠᠭ᠋ᠠᠯᠠᠯᠳᠠ ᠵᠢᠨ ᠳᠦᠷᠢᠮ》 ᠵᠡᠷᠭᠡ ᠬᠣᠯᠪᠣᠭᠳᠠᠯ ᠪᠦᠬᠦᠢ ᠬᠠᠤᠯᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠶ᠋ᠢᠳᠠᠯ᠎ᠲᠠᠢ ᠤᠶᠠᠯᠳᠤᠭᠤᠯᠵᠤ᠂ ᠲᠤᠰ ᠠᠷᠭ᠎ᠠ ᠵᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠲᠤᠰ ᠠᠷᠭ᠎ᠠ᠎ᠨᠢ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠲᠡᠦᠬᠡ ᠰᠣᠶᠣᠯ᠎ᠤᠨ ᠨᠡᠷᠡᠲᠦ ᠬᠣᠲᠠ᠂ ᠨᠡᠷᠡᠲᠦ ᠪᠠᠯᠭ᠋ᠠᠰᠤ᠂ ᠨᠡᠷᠡᠲᠦ ᠲᠣᠰᠬᠣᠨ᠂ ᠵᠡᠭᠡᠯᠢ ᠲᠣᠭᠣᠷᠢᠭ᠎ᠤᠨ ᠲᠡᠦᠬᠡᠳᠦ ᠪᠠᠷᠢᠯᠭ᠎ᠠ ᠵᠢ ᠬᠠᠮᠠᠭ᠋ᠠᠯᠠᠬᠤ ᠪᠠ ᠬᠠᠮᠢᠶᠠᠷᠤᠯᠳᠠ᠎ᠳᠤ ᠲᠣᠬᠢᠷᠠᠨ᠎ᠠ᠃
ᠥᠪᠡᠷᠲᠡᠭᠡᠨ ᠵᠠᠰᠠᠬᠤ ᠣᠷᠣᠨ᠎ᠤ ᠲᠡᠦᠬᠡ ᠰᠣᠶᠣᠯ᠎ᠤᠨ ᠨᠡᠷᠡᠲᠦ ᠬᠣᠲᠠ᠂ ᠨᠡᠷᠡᠲᠦ ᠪᠠᠯᠭ᠋ᠠᠰᠤ᠂ ᠨᠡᠷᠡᠲᠦ ᠲᠣᠰᠬᠣᠨ᠂ ᠵᠡᠭᠡᠯᠢ ᠲᠣᠭᠣᠷᠢᠭ ᠭᠡᠳᠡᠭ᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠨᠡᠶ᠋ᠢᠲᠡᠯᠡᠭᠰᠡᠨ ᠨᠡᠷᠡᠲᠦ ᠬᠣᠲᠠ᠂ ᠨᠡᠷᠡᠲᠦ ᠪᠠᠯᠭ᠋ᠠᠰᠤ᠂ ᠨᠡᠷᠡᠲᠦ ᠲᠣᠰᠬᠣᠨ᠂ ᠵᠡᠭᠡᠯᠢ ᠲᠣᠭᠣᠷᠢᠭ᠎ᠢ ᠵᠢᠭ᠋ᠠᠵᠤ ᠪᠤᠶ᠃
ᠲᠡᠦᠬᠡᠳᠦ ᠪᠠᠷᠢᠯᠭ᠎ᠠ ᠭᠡᠳᠡᠭ᠎ᠨᠢ ᠬᠣᠲᠠ᠂ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠲᠣᠭᠲᠠᠭ᠋ᠠᠯᠭ᠋ᠠᠵᠤ ᠨᠡᠶ᠋ᠢᠲᠡᠯᠡᠭᠦᠯᠦᠭᠰᠡᠨ ᠵᠣᠬᠢᠬᠤ ᠬᠠᠮᠠᠭ᠋ᠠᠯᠠᠬᠤ ᠥᠷᠲᠡᠭ᠎ᠲᠠᠢ᠂ ᠲᠡᠦᠬᠡ ᠵᠢᠨ ᠳᠦᠷᠰᠦ ᠪᠠᠶ᠋ᠢᠳᠠᠯ ᠪᠣᠯᠤᠨ ᠣᠷᠣᠨ ᠨᠤᠲᠤᠭ᠎ᠤᠨ ᠣᠨᠴᠠᠯᠢᠭ᠎ᠢ ᠲᠤᠰᠬᠠᠵᠤ ᠳᠡᠶ᠋ᠢᠯᠬᠦ᠂ ᠲᠡᠦᠬᠡ ᠵᠢᠨ ᠳᠤᠷᠠᠰᠬᠠᠯᠲᠤ ᠵᠦᠢ᠍ᠯ ᠵᠶ᠋ᠠᠷ ᠬᠠᠮᠠᠭ᠋ᠠᠯᠠᠭᠳᠠᠬᠤ ᠨᠢᠭᠡᠴᠡ᠎ᠪᠠᠷ ᠨᠡᠶ᠋ᠢᠲᠡᠯᠡᠭᠡᠳᠦᠶ᠂ ᠪᠠᠰᠠ ᠰᠢᠯᠵᠢᠭᠦᠯᠵᠦ ᠪᠣᠯᠤᠰᠢ ᠦᠭᠡᠶ ᠲᠡᠦᠬᠡ ᠵᠢᠨ ᠳᠤᠷᠠᠰᠬᠠᠯᠲᠤ ᠵᠦᠢ᠍ᠯ ᠵᠶ᠋ᠠᠷ ᠳᠠᠩᠰᠠᠯᠠᠭᠤᠯᠤᠭᠰᠠᠨ ᠦᠭᠡᠶ ᠪᠠᠷᠢᠯᠭ᠎ᠠ᠂ (ᠤᠷᠤᠨ ᠰᠠᠭᠤᠴᠠ ᠵᠢᠨ ᠪᠤᠰᠦ) ᠪᠠᠷᠢᠮᠠᠯ᠎ᠤᠨ ᠵᠦᠢ᠍ᠯ᠎ᠢ ᠵᠢᠭ᠋ᠠᠵᠤ ᠪᠤᠶ᠃
ᠭᠤᠷᠪᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ᠎ᠤ ᠲᠡᠦᠬᠡ ᠰᠣᠶᠣᠯ᠎ᠤᠨ ᠨᠡᠷᠡᠲᠦ ᠬᠣᠲᠠ᠂ ᠨᠡᠷᠡᠲᠦ ᠪᠠᠯᠭ᠋ᠠᠰᠤ᠂ ᠨᠡᠷᠡᠲᠦ ᠲᠣᠰᠬᠣᠨ᠂ ᠵᠡᠭᠡᠯᠢ ᠲᠣᠭᠣᠷᠢᠭ᠎ᠤᠨ ᠬᠠᠮᠠᠭ᠋ᠠᠯᠠᠯᠲᠠ ᠪᠠ ᠬᠢᠨᠠᠯᠲᠠ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠵᠤ᠂ ᠲᠡᠦᠬᠡᠳᠦ ᠪᠠᠷᠢᠯᠭ᠎ᠠ ᠵᠢ ᠲᠣᠭᠲᠠᠭ᠋ᠠᠬᠤ᠂ ᠬᠠᠮᠠᠭ᠋ᠠᠯᠠᠬᠤ᠂ ᠬᠡᠷᠡᠭᠵᠢᠭᠦᠯᠬᠦ ᠵᠡᠷᠭᠡ ᠠᠵᠢᠯ᠎ᠳᠤ ᠬᠢᠨᠠᠯᠲᠠ ᠲᠠᠯᠪᠢᠵᠤ ᠵᠢᠯᠣᠭᠣᠳᠬᠤ ᠵᠢ ᠬᠠᠷᠢᠭᠤᠴᠠᠨ᠎ᠠ᠃
ᠳᠥᠷᠪᠡᠳᠦᠭᠡᠷ ᠵᠦᠢ᠍ᠯ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠲᠡᠦᠬᠡ ᠰᠣᠶᠣᠯ᠎ᠤᠨ ᠨᠡᠷᠡᠳᠦ ᠬᠤᠳᠠ᠂ ᠨᠡᠷᠡᠳᠦ ᠪᠠᠯᠭ᠋ᠠᠰᠤ᠂ ᠨᠡᠷᠡᠳᠦ ᠲᠣᠰᠬᠣᠨ᠂ ᠵᠡᠭᠡᠯᠢ ᠲᠣᠭᠣᠷᠢᠭ᠎ᠤᠨ ᠲᠡᠦᠬᠡᠳᠦ ᠪᠠᠷᠢᠯᠭ᠎ᠠ ᠵᠢ ᠬᠠᠮᠠᠭ᠋ᠠᠯᠠᠬᠤ ᠪᠠ ᠬᠢᠨᠠᠨ ᠬᠠᠮᠢᠶᠠᠷᠤᠯᠳᠠ ᠵᠢᠨ ᠠᠵᠢᠯ᠎ᠢ ᠬᠠᠷᠢᠭᠤᠴᠠᠨ᠎ᠠ᠃
ᠲᠠᠪᠤᠳᠤᠭ᠋ᠠᠷ ᠵᠦᠢ᠍ᠯ ᠬᠣᠲᠠ᠂ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠠᠳᠠᠯᠢ ᠱᠠᠲᠤᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ᠂ ᠲᠣᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠲᠡᠦᠬᠡ ᠰᠣᠶᠣᠯ᠎ᠤᠨ ᠨᠠᠷᠠᠲᠤ ᠬᠣᠲᠠ᠂ ᠨᠠᠷᠠᠲᠤ ᠪᠠᠯᠭ᠋ᠠᠰᠤ᠂ ᠨᠠᠷᠠᠲᠤ ᠲᠣᠰᠬᠣᠨ᠂ ᠵᠡᠭᠡᠯᠢ ᠲᠣᠭᠣᠷᠢᠭ᠎ᠤᠨ ᠮᠡᠳᠡᠭᠦᠯᠬᠦ᠂ ᠬᠠᠮᠠᠭ᠋ᠠᠯᠠᠬᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠵᠢᠴᠢ ᠬᠠᠮᠠᠭ᠋ᠠᠯᠠᠬᠤ ᠲᠥᠯᠥᠪᠵᠢᠭᠦᠯᠭᠡ ᠵᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ᠎ᠳᠤ ᠬᠠᠷᠢᠭᠤᠴᠠᠨ᠎ᠠ᠃
ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠤᠰ ᠲᠤᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ᠂ ᠲᠡᠦᠬᠡ ᠰᠣᠶᠣᠯ᠎ᠤᠨ ᠨᠡᠷᠡᠲᠦ ᠬᠣᠲᠠ᠂ ᠨᠡᠷᠡᠲᠦ ᠪᠠᠯᠭ᠋ᠠᠰᠤ᠂ ᠨᠡᠷᠡᠲᠦ ᠲᠣᠰᠬᠣᠨ᠂ ᠵᠡᠭᠡᠯᠢ ᠲᠣᠭᠣᠷᠢᠭ᠎ᠤᠨ ᠬᠠᠮᠠᠭ᠋ᠠᠯᠠᠯᠲᠠ ᠬᠢᠭᠡᠳ ᠬᠠᠮᠢᠶᠠᠷᠤᠯᠲᠠ ᠵᠢᠨ ᠬᠠᠮᠢᠶ᠎ᠠ ᠪᠦᠬᠦᠢ ᠠᠵᠢᠯ᠎ᠢ ᠬᠠᠮᠵᠢᠯᠴᠠᠨ ᠰᠠᠶ᠋ᠢᠲᠤᠷ ᠬᠢᠬᠦ ᠬᠡᠷᠡᠭᠲᠡᠶ᠃
ᠲᠣᠰᠬᠣᠨ (ᠰᠠᠭᠤᠭ᠋ᠠᠯᠢ)᠎ᠤ ᠠᠷᠠᠳ᠎ᠤᠨ ᠵᠥᠪᠯᠡᠯ᠎ᠨᠢ ᠲᠣᠰᠬᠣᠨ᠎ᠤ ᠳᠦᠷᠢᠮ᠂ ᠠᠷᠠᠳ᠎ᠤᠨ ᠭᠡᠷ᠎ᠡ ᠲᠣᠭᠲᠠᠭ᠋ᠠᠬᠤ᠎ᠪᠠᠷ ᠳᠠᠮᠵᠢᠨ ᠲᠡᠦᠬᠡ ᠰᠣᠶᠣᠯ᠎ᠤᠨ ᠨᠡᠷᠡᠲᠦ ᠲᠣᠰᠬᠣᠨ᠎ᠢ ᠬᠠᠮᠠᠭ᠋ᠠᠯᠠᠬᠤ ᠠᠵᠢᠯ᠎ᠢ ᠬᠠᠮᠵᠢᠯᠴᠠᠨ ᠰᠠᠶ᠋ᠢᠲᠤᠷ ᠬᠢᠬᠦ ᠬᠡᠷᠡᠭᠲᠡᠶ᠃
ᠵᠢᠷᠭᠤᠳᠤᠭ᠋ᠠᠷ ᠵᠦᠢ᠍ᠯ ᠬᠣᠲᠠ᠂ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠲᠡᠦᠬᠡ ᠰᠣᠶᠣᠯ᠎ᠤᠨ ᠨᠡᠷᠡᠲᠦ ᠬᠣᠲᠠ᠂ ᠨᠡᠷᠡᠲᠦ ᠪᠠᠯᠭ᠋ᠠᠰᠤ᠂ ᠨᠡᠷᠡᠲᠦ ᠲᠣᠰᠬᠣᠨ᠂ ᠵᠡᠭᠡᠯᠢ ᠲᠣᠭᠣᠷᠢᠭ᠎ᠤᠨ ᠲᠡᠦᠬᠡᠳᠦ ᠪᠠᠷᠢᠯᠭ᠎ᠠ ᠵᠢᠨ ᠬᠠᠮᠠᠭ᠋ᠠᠯᠠᠯᠲᠠ ᠵᠢ ᠤᠯᠤᠰ ᠠᠷᠠᠳ᠎ᠤᠨ ᠠᠵᠤ ᠠᠬᠤᠢ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ᠎ᠳᠤ ᠣᠷᠣᠭᠤᠯᠬᠤ ᠵᠢᠨ ᠬᠠᠮᠲᠤ ᠲᠣᠰ ᠭᠠᠵᠠᠷ᠎ᠤᠨ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠬᠠᠮᠠᠭ᠋ᠠᠯᠠᠯᠲᠠ ᠵᠢᠨ ᠪᠡᠯᠡ ᠮᠥᠩᠭᠥ ᠲᠣᠬᠢᠷᠠᠭᠤᠯᠵᠤ᠂ ᠲᠣᠰ ᠱᠠᠲᠤᠨ᠎ᠤ ᠡᠳ᠋᠎ᠤᠨ ᠵᠠᠰᠠᠭ᠎ᠤᠨ ᠲᠥᠰᠦᠪ᠎ᠲᠤ ᠤᠷᠤᠭᠤᠯᠤᠨ᠎ᠠ᠃
ᠳᠣᠯᠣᠳᠤᠭ᠋ᠠᠷ ᠵᠦᠢ᠍ᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠠ ᠬᠣᠯᠪᠣᠭᠳᠠᠯ ᠪᠦᠬᠦᠢ ᠰᠠᠯᠠᠭ᠎ᠠ ᠮᠥᠴᠢᠷ ᠲᠡᠦᠬᠡ ᠰᠣᠶᠣᠯ᠎ᠤᠨ ᠨᠡᠷᠡᠳᠤ ᠬᠤᠳᠠ᠂ ᠨᠡᠷᠡᠳᠤ ᠪᠠᠯᠭ᠋ᠠᠰᠤ᠂ ᠨᠡᠷᠡᠳᠤ ᠲᠣᠰᠬᠣᠨ᠂ ᠵᠡᠭᠡᠯᠢ ᠲᠣᠭᠣᠷᠢᠭ᠎ᠤᠨ ᠲᠡᠦᠬᠡᠳᠦ ᠪᠠᠷᠢᠯᠭ᠎ᠠ ᠵᠢ ᠬᠠᠮᠠᠭ᠋ᠠᠯᠠᠬᠤ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠬᠠᠮᠠᠭ᠋ᠠᠯᠠᠯᠳᠠ ᠵᠢᠨ ᠮᠡᠳᠡᠯᠭᠡ ᠵᠢ ᠲᠦᠭᠡᠮᠡᠯᠵᠢᠭᠦᠯᠦᠨ᠂ ᠨᠡᠶ᠋ᠢᠭᠡᠮ ᠳᠠᠶᠠᠭ᠋ᠠᠷ᠎ᠤᠨ ᠬᠠᠮᠠᠭ᠋ᠠᠯᠠᠯᠳᠠ ᠵᠢᠨ ᠤᠬᠠᠮᠰᠠᠷ᠎ᠢ ᠲᠡᠭᠡᠭᠰᠢᠯᠡᠭᠦᠯᠦᠨ᠎ᠡ᠃
ᠨᠠᠢ᠍ᠮᠠᠳᠤᠭ᠋ᠠᠷ ᠵᠦᠢ᠍ᠯ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠡ᠂ ᠨᠡᠶ᠋ᠢᠭᠡᠮ᠎ᠤᠨ ᠪᠦᠯᠬᠦᠮ ᠪᠣᠯᠤᠨ ᠬᠤᠪᠢ ᠬᠥᠮᠦᠨ ᠲᠤᠰᠠᠯᠠᠨ ᠬᠦᠷᠭᠡᠬᠦ᠂ ᠮᠥᠩᠭᠥ᠎ᠪᠠᠷ ᠲᠤᠰᠠᠯᠠᠬᠤ᠂ ᠰᠠᠶ᠋ᠢᠨ ᠳᠤᠷ᠎ᠠ ᠵᠢᠨ ᠦᠢ᠍ᠯᠡᠴᠢᠯᠡᠭᠡ ᠬᠠᠩᠭ᠋ᠠᠬᠤ ᠵᠡᠷᠭᠡ ᠠᠷᠭ᠎ᠠ᠎ᠪᠠᠷ ᠲᠡᠦᠬᠡ ᠰᠣᠶᠣᠯ᠎ᠤᠨ ᠨᠡᠷᠡᠲᠦ ᠬᠣᠲᠠ᠂ ᠨᠡᠷᠡᠲᠦ ᠪᠠᠯᠭ᠋ᠠᠰᠤ᠂ ᠨᠡᠷᠡᠲᠦ ᠲᠣᠰᠬᠣᠨ᠂ ᠵᠡᠭᠡᠯᠢ ᠲᠣᠭᠣᠷᠢᠭ᠎ᠤᠨ ᠲᠡᠦᠬᠡᠳᠦ ᠪᠠᠷᠢᠯᠭ᠎ᠠ ᠵᠢ ᠬᠠᠮᠠᠭ᠋ᠠᠯᠠᠬᠤ ᠠᠵᠢᠯ᠎ᠳᠤ ᠣᠷᠣᠯᠴᠠᠬᠤ ᠵᠢ ᠵᠣᠷᠢᠭᠵᠢᠭᠤᠯᠤᠨ᠎ᠠ᠃
ᠬᠣᠶᠠᠳᠤᠭ᠋ᠠᠷ ᠪᠦᠯᠦᠭ ᠮᠡᠳᠡᠭᠦᠯᠬᠦ ᠪᠠ ᠵᠥᠪᠰᠢᠶᠡᠷᠡᠬᠦ
ᠶᠢᠰᠦᠳᠦᠭᠡᠷ ᠵᠦᠢ᠍ᠯ ᠳᠣᠣᠷᠠᠬᠢ ᠨᠥᠬᠥᠴᠡᠯ᠎ᠢ ᠪᠦᠷᠢᠯᠳᠦᠭᠦᠯᠦᠭᠰᠡᠨ ᠬᠣᠲᠠ᠂ ᠪᠠᠯᠭ᠋ᠠᠰᠤ᠂ ᠲᠣᠰᠬᠣᠨ᠎ᠨᠢ ᠥᠪᠡᠷᠲᠡᠭᠡᠨ ᠵᠠᠰᠠᠬᠤ ᠣᠷᠣᠨ᠎ᠤ ᠲᠡᠦᠬᠡ ᠰᠣᠶᠣᠯ᠎ᠤᠨ ᠨᠡᠷᠡᠲᠦ ᠬᠣᠲᠠ᠂ ᠨᠡᠷᠡᠲᠦ ᠪᠠᠯᠭ᠋ᠠᠰᠤ᠂ ᠨᠡᠷᠡᠲᠦ ᠲᠣᠰᠬᠣᠨ ᠵᠶ᠋ᠠᠷ ᠮᠡᠳᠡᠭᠦᠯᠵᠦ ᠪᠣᠯᠤᠨ᠎ᠠ᠄
(ᠨᠢᠭᠡ) ᠲᠡᠦᠬᠡ ᠵᠢᠨ ᠳᠤᠷᠠᠰᠬᠠᠯᠲᠤ ᠵᠦᠢ᠍ᠯ᠎ᠢ ᠣᠨᠴᠠᠭ᠋ᠠᠢ ᠡᠯᠪᠡᠭ ᠬᠠᠳᠠᠭ᠋ᠠᠯᠠᠵᠤ ᠪᠠᠢ᠌ᠭ᠎ᠠ;
(ᠬᠣᠶᠠᠷ) ᠲᠡᠦᠬᠡᠳᠦ ᠪᠠᠷᠢᠯᠭ᠎ᠠ ᠲᠥᠪᠯᠡᠷᠡᠨ ᠵᠠᠯᠭ᠋ᠠᠯᠳᠤᠭᠰᠠᠨ;
(ᠭᠤᠷᠪᠠ) ᠤᠯᠠᠮᠵᠢᠯᠠᠯᠲᠤ ᠪᠠᠶ᠋ᠢᠷᠢᠰᠢᠯ ᠪᠠ ᠲᠡᠦᠬᠡ ᠵᠢᠨ ᠳᠦᠷᠰᠦ ᠪᠠᠶ᠋ᠢᠳᠠᠯ᠎ᠢ ᠬᠠᠳᠠᠭ᠋ᠠᠯᠠᠵᠤ ᠪᠠᠢ᠌ᠭ᠎ᠠ;
(ᠲᠦᠷᠪᠡ) ᠲᠡᠦᠬᠡᠨ ᠳᠡᠭᠡᠷ᠎ᠡ ᠤᠯᠤᠰ ᠲᠦᠷᠦ᠂ ᠠᠵᠤ ᠠᠬᠤᠢ᠂ ᠰᠣᠶᠣᠯ᠂ ᠵᠠᠮ ᠬᠠᠷᠢᠯᠴᠠᠭ᠋ᠠᠨ᠎ᠤ ᠲᠥᠪ ᠪᠤᠶᠤ ᠴᠡᠷᠢᠭ᠎ᠤᠨ ᠶᠠᠪᠤᠳᠠᠯ᠎ᠤᠨ ᠴᠢᠬᠤᠯᠠ ᠭᠠᠵᠠᠷ ᠪᠠᠢ᠌ᠭᠰᠠᠨ᠂ ᠡᠰᠡᠬᠦᠯ᠎ᠡ ᠴᠢᠬᠤᠯᠠ ᠲᠡᠦᠬᠡᠨ ᠬᠡᠷᠡᠭ ᠶᠠᠪᠤᠳᠠᠯ ᠭᠠᠷᠴᠤ ᠥᠩᠭᠡᠷᠡᠭᠰᠡᠨ᠂ ᠡᠰᠡᠬᠦᠯ᠎ᠡ ᠲᠡᠭᠦᠨ᠎ᠤ ᠤᠯᠠᠮᠵᠢᠯᠠᠯᠲᠤ ᠠᠵᠤ ᠦᠢ᠍ᠯᠡᠰ᠂ ᠲᠡᠦᠬᠡᠨ ᠳᠡᠭᠡᠷ᠎ᠡ ᠪᠠᠶ᠋ᠢᠭᠤᠯᠤᠭᠰᠠᠨ ᠴᠢᠬᠤᠯᠠ ᠶᠡᠬᠡ ᠢᠨᠵᠧᠨᠧᠷᠢᠩ᠎ᠨᠢ ᠲᠤᠰ ᠭᠠᠵᠠᠷ ᠣᠷᠣᠨ᠎ᠤ ᠬᠥᠭᠵᠢᠯᠲᠡ᠎ᠳᠤ ᠴᠢᠬᠤᠯᠠ ᠨᠥᠯᠥᠭᠡ ᠦᠵᠡᠭᠦᠯᠦᠭᠰᠡᠨ᠂ ᠡᠰᠡᠬᠦᠯ᠎ᠡ ᠲᠤᠰ ᠭᠠᠵᠠᠷ ᠣᠷᠣᠨ᠎ᠤ ᠪᠠᠷᠢᠯᠭ᠎ᠠ ᠰᠣᠶᠣᠯ᠎ᠤᠨ ᠣᠨᠴᠠᠯᠢᠭ᠂ ᠦᠨᠳᠦᠰᠦᠲᠡᠨ᠎ᠤ ᠣᠨᠴᠠᠯᠢᠭ᠎ᠢ ᠲᠥᠪᠯᠡᠷᠡᠩᠭᠦᠢ ᠲᠤᠰᠬᠠᠵᠤ ᠴᠢᠳᠠᠭᠰᠠᠨ;
ᠥᠪᠡᠷᠲᠡᠭᠡᠨ ᠵᠠᠰᠠᠬᠤ ᠣᠷᠣᠨ᠎ᠤ ᠲᠡᠦᠬᠡ ᠰᠣᠶᠣᠯ᠎ᠤᠨ ᠨᠡᠷᠡᠲᠦ ᠬᠣᠲᠠ ᠵᠢ ᠭᠤᠶᠤᠴᠢᠯᠠᠨ ᠮᠡᠳᠡᠭᠦᠯᠬᠦ᠎ᠳᠤ ᠭᠤᠶᠤᠴᠢᠯᠠᠨ ᠮᠡᠳᠡᠭᠦᠯᠦᠭᠰᠡᠨ ᠲᠡᠦᠬᠡ ᠰᠣᠶᠣᠯ᠎ᠤᠨ ᠨᠡᠷᠡᠲᠦ ᠬᠣᠲᠠ ᠵᠢᠨ ᠬᠠᠮᠠᠭ᠋ᠠᠯᠠᠯᠲᠠ ᠵᠢᠨ ᠬᠡᠪᠴᠢᠶᠡᠨ ᠳᠣᠲᠣᠷ᠎ᠠ ᠪᠠᠰᠠ ᠨᠢᠭᠡ ᠬᠡᠰᠡᠭ᠎ᠠᠴᠠ ᠳᠡᠭᠡᠭᠰᠢ ᠲᠡᠦᠬᠡ ᠰᠣᠶᠣᠯ᠎ᠤᠨ ᠵᠡᠭᠡᠯᠢ ᠲᠣᠭᠣᠷᠢᠭ᠎ᠲᠠᠢ ᠪᠠᠶ᠋ᠢᠬᠤ᠃
ᠠᠷᠪᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠲᠡᠦᠬᠡ ᠰᠣᠶᠣᠯ᠎ᠤᠨ ᠨᠡᠷᠡᠲᠦ ᠬᠣᠲᠠ᠂ ᠨᠡᠷᠡᠲᠦ ᠪᠠᠯᠭ᠋ᠠᠰᠤ᠂ ᠨᠡᠷᠡᠲᠦ ᠲᠣᠰᠬᠣᠨ ᠵᠶ᠋ᠠᠷ ᠮᠡᠳᠡᠭᠦᠯᠬᠦ᠎ᠳᠤ ᠳᠣᠣᠷᠠᠬᠢ ᠮᠠᠲ᠋ᠧᠷᠢᠶᠠᠯ᠎ᠤᠳ᠎ᠢ ᠲᠤᠰᠢᠶᠠᠬᠤ ᠬᠡᠷᠡᠭᠲᠡᠶ᠄
(ᠨᠢᠭᠡ) ᠲᠡᠦᠬᠡ ᠵᠢᠨ ᠤᠯᠠᠷᠢᠯ ᠬᠤᠪᠢᠰᠤᠯ᠂ ᠣᠷᠣᠨ ᠨᠤᠲᠤᠭ᠎ᠤᠨ ᠣᠨᠴᠠᠯᠢᠭ ᠪᠠ ᠲᠡᠦᠬᠡ ᠰᠣᠶᠣᠯ᠎ᠤᠨ ᠦᠷᠳᠡᠭ᠎ᠤᠨ ᠲᠤᠬᠠᠢ ᠲᠣᠳᠣᠷᠬᠠᠶ᠋ᠢᠯᠠᠯᠲᠠ;
(ᠬᠣᠶᠠᠷ) ᠤᠯᠠᠮᠵᠢᠯᠠᠯᠲᠤ ᠪᠠᠶ᠋ᠢᠷᠢᠰᠢᠯ ᠪᠠ ᠲᠡᠦᠬᠡ ᠵᠢᠨ ᠳᠦᠷᠰᠦ ᠪᠠᠶ᠋ᠢᠳᠠᠯ᠎ᠤᠨ ᠣᠳᠣᠬᠢ ᠪᠠᠶ᠋ᠢᠳᠠᠯ;
(ᠭᠤᠷᠪᠠ) ᠬᠠᠮᠠᠭ᠋ᠠᠯᠠᠯᠳᠠ ᠵᠢᠨ ᠬᠦᠷᠢᠶ᠎ᠡ ᠬᠡᠪᠴᠢᠶ᠎ᠡ ᠵᠢᠴᠢ ᠵᠣᠬᠢᠬᠤ ᠲᠣᠳᠣᠷᠬᠠᠶ᠋ᠢᠯᠠᠯᠲᠠ;
(ᠲᠤᠢ᠍ᠷᠪᠡ) ᠲᠡᠦᠬᠡ ᠵᠢᠨ ᠳᠤᠷᠠᠰᠬᠠᠯᠲᠤ ᠵᠦᠢ᠍ᠯ ᠵᠶ᠋ᠠᠷ ᠬᠠᠮᠠᠭ᠋ᠠᠯᠠᠭᠳᠠᠬᠤ ᠨᠢᠭᠡᠴᠡ᠂ ᠰᠢᠯᠵᠢᠭᠦᠯᠵᠦ ᠪᠣᠯᠤᠰᠢ ᠤᠢ᠍ᠭᠡᠢ ᠲᠡᠦᠬᠡ ᠵᠢᠨ ᠳᠤᠷᠠᠰᠬᠠᠯᠲᠤ ᠵᠦᠢ᠍ᠯ᠂ ᠲᠡᠦᠬᠡ ᠵᠢᠨ ᠪᠠᠷᠢᠯᠭ᠎ᠠ᠂ ᠤᠯᠠᠮᠵᠢᠯᠠᠯᠲᠤ ᠳᠦᠷᠰᠦ ᠪᠠᠶ᠋ᠢᠳᠠᠯ᠎ᠲᠠᠢ ᠪᠠᠷᠢᠯᠭ᠎ᠠ ᠵᠢᠨ ᠦᠯᠡᠳᠡᠭᠳᠡᠯ᠎ᠤᠨ ᠪᠠᠶ᠋ᠢᠳᠠᠯ᠎ᠢ ᠲᠠᠩᠰᠠᠯᠠᠭᠤᠯᠤᠭᠰᠠᠨ ᠲᠣᠳᠣᠷᠬᠠᠶ᠋ᠢᠯᠠᠯᠲᠠ ᠵᠢᠴᠢ ᠲᠡᠦᠬᠡ ᠰᠣᠶᠣᠯ᠎ᠤᠨ ᠵᠡᠭᠡᠯᠢ ᠲᠣᠭᠣᠷᠢᠭ᠎ᠤᠨ ᠪᠠᠶ᠋ᠢᠳᠠᠯ;
(ᠲᠠᠪᠤ) ᠬᠠᠮᠠᠭ᠋ᠠᠯᠠᠯᠲᠠ ᠵᠢᠨ ᠠᠵᠢᠯ᠎ᠤᠨ ᠪᠠᠶ᠋ᠢᠳᠠᠯ᠂ ᠬᠠᠮᠠᠭ᠋ᠠᠯᠠᠯᠳᠠ ᠵᠢᠨ ᠬᠠᠷᠠᠯᠲᠠ ᠪᠠ ᠬᠠᠮᠠᠭ᠋ᠠᠯᠠᠯᠳᠠ ᠵᠢᠨ ᠱᠠᠭ᠋ᠠᠷᠳᠠᠯᠭ᠎ᠠ;
(ᠵᠢᠷᠭᠤᠭ᠎ᠠ) ᠬᠠᠮᠢᠶ᠎ᠠ ᠪᠦᠬᠦᠢ ᠳᠠᠭ᠋ᠠᠯᠳᠤᠭᠤᠯᠤᠯ ᠬᠦᠰᠦᠨᠦᠭᠲᠦ᠂ ᠵᠢᠷᠤᠭ ᠲᠦᠰᠦᠯ ᠵᠢᠴᠢ ᠭᠡᠷᠡᠯ ᠵᠢᠷᠤᠭ᠃
ᠠᠷᠪᠠᠨ ᠨᠢᠭᠡᠳᠦᠭᠡᠷ ᠵᠦᠢ᠍ᠯ ᠳᠣᠣᠷᠠᠬᠢ ᠨᠥᠬᠥᠴᠡᠯ᠎ᠢ ᠪᠦᠷᠢᠯᠳᠦᠭᠦᠯᠦᠭᠰᠡᠨ ᠵᠡᠭᠡᠯᠢ ᠲᠣᠭᠣᠷᠢᠭ᠎ᠢ ᠥᠪᠡᠷᠲᠡᠭᠡᠨ ᠵᠠᠰᠠᠬᠤ ᠣᠷᠣᠨ᠎ᠤ ᠲᠡᠦᠬᠡ ᠰᠣᠶᠣᠯ᠎ᠤᠨ ᠵᠡᠭᠡᠯᠢ ᠲᠣᠭᠣᠷᠢᠭ ᠵᠶ᠋ᠠᠷ ᠮᠡᠳᠡᠭᠦᠯᠵᠦ ᠪᠣᠯᠤᠨ᠎ᠠ᠄
(ᠨᠢᠭᠡ) ᠵᠡᠭᠡᠯᠢ ᠭᠤᠳᠤᠮᠵᠢ᠎ᠨᠢ ᠨᠡᠯᠢᠶᠡᠳ ᠪᠦᠷᠢᠨ ᠪᠦᠲᠦᠨ ᠲᠡᠦᠬᠡ ᠵᠢᠨ ᠪᠦᠳᠦᠴᠡ ᠪᠠ ᠳᠦᠷᠰᠦ ᠪᠠᠶ᠋ᠢᠳᠠᠯ᠎ᠲᠠᠢ ᠪᠠᠶ᠋ᠢᠵᠤ᠂ ᠭᠣᠣᠯ ᠬᠠᠮᠠᠭ᠋ᠠᠯᠠᠯᠲᠠ ᠵᠢᠨ ᠬᠡᠪᠴᠢᠶ᠎ᠡ᠎ᠨᠢ ᠨᠢᠭᠡ ᠾᠧᠺᠲ᠋ᠠᠷ᠎ᠠᠴᠠ ᠪᠠᠭ᠎ᠠ ᠪᠠᠶ᠋ᠢᠵᠤ ᠪᠣᠯᠬᠤ ᠦᠭᠡᠢ;
(ᠬᠣᠶᠠᠷ) ᠭᠣᠤᠯ ᠪᠣᠯᠬᠤ ᠬᠠᠮᠠᠭ᠋ᠠᠯᠠᠯᠲᠠ ᠵᠢᠨ ᠬᠡᠪᠴᠢᠶᠡᠨ᠎ᠳᠠᠬᠢ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠨᠢᠭᠡᠴᠡ᠎ᠨᠢ ᠰᠢᠯᠵᠢᠭᠦᠯᠵᠦ ᠪᠣᠯᠤᠰᠢ ᠥᠬᠡᠶ ᠲᠡᠦᠬᠡ ᠵᠢᠨ ᠳᠤᠷᠠᠰᠬᠠᠯᠲᠤ ᠵᠦᠢ᠍ᠯᠡᠰ᠂ ᠲᠡᠦᠬᠡᠳᠦ ᠪᠠᠷᠢᠯᠭ᠎ᠠ᠂ ᠤᠯᠠᠮᠵᠢᠯᠠᠯᠲᠤ ᠥᠩᠭᠡ ᠦᠵᠡᠮᠵᠢ᠎ᠲᠠᠢ ᠪᠠᠷᠢᠯᠭ᠎ᠠ ᠵᠢᠨ ᠶᠡᠷᠦᠩᠬᠡᠶ ᠬᠡᠷᠡᠭᠯᠡᠬᠦ ᠭᠠᠵᠠᠷ᠎ᠤᠨ ᠲᠠᠯᠠᠪᠠᠶ ᠵᠢᠨ ᠭᠣᠤᠯ ᠪᠣᠯᠬᠤ ᠬᠠᠮᠠᠭ᠋ᠠᠯᠠᠯᠲᠠ ᠵᠢᠨ ᠬᠡᠪᠴᠢᠶᠡᠨ ᠳᠣᠲᠣᠷᠠᠬᠢ ᠪᠠᠷᠢᠯᠭ᠎ᠠ ᠵᠢᠨ ᠶᠡᠷᠦᠩᠬᠡᠶ ᠬᠡᠷᠡᠭᠯᠡᠬᠦ ᠭᠠᠵᠠᠷ᠎ᠤᠨ ᠲᠠᠯᠠᠪᠠᠶ ᠵᠢᠨ ᠡᠵᠡᠯᠡᠬᠦ ᠬᠠᠷᠢᠴᠠᠯ᠎ᠢ 60 %᠎ᠠᠴᠠ ᠳᠣᠤᠷ᠎ᠠ ᠪᠠᠶ᠋ᠢᠯᠭ᠋ᠠᠬᠤ ᠥᠬᠡᠶ ᠬᠣᠲᠠ᠂ ᠪᠠᠯᠭ᠋ᠠᠰᠤ ᠲᠣᠰᠬᠣᠨ (ᠭᠠᠴᠠᠭ᠎ᠠ)᠎ᠤ ᠵᠡᠭᠡᠯᠢ ᠲᠣᠭᠣᠷᠢᠭ᠎ᠢ ᠳᠡᠩᠰᠡᠯᠡᠨ᠎ᠡ᠃
ᠠᠷᠪᠠᠨ ᠬᠤᠶᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠲᠡᠦᠬᠡ ᠰᠣᠶᠣᠯ᠎ᠤᠨ ᠵᠡᠭᠡᠯᠢ ᠲᠣᠭᠣᠷᠢᠭ ᠵᠶ᠋ᠠᠷ ᠮᠡᠳᠡᠭᠦᠯᠬᠦ᠎ᠳᠤ ᠲᠤᠤᠷᠠᠬᠢ ᠮᠠᠲᠸᠷᠢᠶᠠᠯ᠎ᠢ ᠬᠠᠩᠭ᠋ᠠᠨ᠎ᠠ
(ᠨᠢᠭᠡ) ᠲᠡᠦᠬᠡ ᠰᠣᠶᠣᠯ᠎ᠤᠨ ᠵᠡᠭᠡᠯᠢ ᠲᠣᠭᠣᠷᠢᠭ᠎ᠤᠨ ᠭᠤᠶᠤᠴᠢᠯᠠᠯ᠎ᠤᠨ ᠮᠡᠳᠡᠭᠦᠯᠦᠯᠲᠡ᠂ ᠮᠡᠳᠡᠭᠦᠯᠦᠯᠲᠡ ᠵᠢᠨ ᠬᠦᠰᠦᠨᠦᠭᠲᠦ ᠪᠠ ᠰᠠᠭᠤᠷᠢ ᠲᠣᠭ᠎ᠠ ᠪᠠᠷᠢᠮᠲᠠ ᠵᠢᠨ ᠬᠦᠰᠦᠨᠦᠭᠲᠦ;
(ᠬᠣᠶᠠᠷ) ᠲᠡᠦᠬᠡ ᠰᠣᠶᠣᠯ᠎ᠤᠨ ᠵᠡᠭᠡᠯᠢ ᠲᠣᠭᠣᠷᠢᠭ᠎ᠤᠨ ᠥᠷᠲᠡᠭ᠎ᠢ ᠦᠨᠡᠯᠡᠨ ᠵᠢᠱ᠌ᠢᠭᠰᠡᠨ ᠰᠤᠳᠤᠯᠭ᠋ᠠᠨ᠎ᠤ ᠮᠡᠳᠡᠭᠦᠯᠦᠯᠲᠡ ᠪᠠ ᠦᠷᠭᠦᠯᠵᠢᠯᠡᠯᠳᠦ ᠴᠢᠨᠠᠷ᠎ᠢ ᠦᠨᠡᠯᠡᠨ ᠵᠢᠱ᠌ᠢᠭᠰᠡᠨ ᠮᠡᠳᠡᠭᠦᠯᠦᠯᠲᠡ;
(ᠭᠤᠷᠪᠠ) ᠲᠡᠦᠬᠡ ᠰᠣᠶᠣᠯ᠎ᠤᠨ ᠵᠡᠭᠡᠯᠢ ᠲᠣᠭᠣᠷᠢᠭ᠎ᠢ ᠬᠠᠮᠠᠭ᠋ᠠᠯᠠᠬᠤ ᠠᠵᠢᠯ᠎ᠤᠨ ᠲᠥᠰᠦᠯ;
ᠠᠷᠪᠠᠨ ᠭᠤᠷᠪᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠲᠡᠦᠬᠡ ᠰᠣᠶᠣᠯ᠎ᠤᠨ ᠨᠡᠷᠡᠲᠦ ᠬᠣᠲᠠ᠂ ᠨᠡᠷᠡᠲᠦ ᠪᠠᠯᠭ᠋ᠠᠰᠤ᠂ ᠨᠡᠷᠡᠲᠦ ᠲᠣᠰᠬᠣᠨ᠂ ᠵᠡᠭᠡᠯᠢ ᠲᠣᠭᠣᠷᠢᠭ ᠵᠶ᠋ᠠᠷ ᠮᠡᠳᠡᠭᠦᠯᠬᠦ᠎ᠳᠤ ᠬᠣᠲᠠ᠂ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠤᠶᠤᠴᠢᠯᠠᠯ ᠭᠠᠷᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ᠎ᠡ᠃ ᠬᠣᠰᠢᠭᠤ ᠰᠢᠶᠠᠨ᠎ᠤ ᠭᠤᠶᠤᠴᠢᠯᠠᠯ᠎ᠢ ᠠᠶ᠋ᠢᠮᠠᠭ ᠬᠣᠲᠠ ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠠᠩᠬ᠎ᠠ ᠬᠢᠨᠠᠵᠤ ᠵᠦᠪᠰᠢᠶᠡᠷᠡᠨ᠎ᠡ᠃ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠲᠤᠰᠬᠠᠶ ᠮᠡᠷᠭᠡᠵᠢᠯᠲᠡᠳ᠎ᠢ ᠵᠣᠬᠢᠶᠠᠨ ᠪᠠᠶ᠋ᠢᠭᠤᠯᠤᠨ ᠲᠤᠬᠠᠶ ᠵᠢᠨ ᠭᠠᠵᠠᠷ᠎ᠲᠤᠨᠢ ᠬᠢᠨᠠᠨ ᠰᠢᠯᠭ᠋ᠠᠯᠲᠠ ᠪᠠ ᠨᠤᠲᠠᠯᠠᠯᠲᠠ ᠬᠢᠵᠦ᠂ ᠬᠢᠨᠠᠨ ᠪᠠᠶ᠋ᠢᠴᠠᠭ᠋ᠠᠭᠰᠠᠨ ᠰᠠᠨᠠᠯ ᠵᠶ᠋ᠠᠨ ᠳᠤᠷᠠᠳᠴᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠦᠭᠡᠳ ᠨᠡᠶ᠋ᠢᠲᠡᠯᠡᠨ᠎ᠡ᠃
ᠠᠷᠪᠠᠨ ᠳᠥᠷᠪᠡᠳᠦᠭᠡᠷ ᠵᠦᠢ᠍ᠯ ᠨᠢᠭᠡᠨᠲᠡ ᠵᠥᠪᠰᠢᠶᠡᠷᠡᠨ ᠨᠡᠶ᠋ᠢᠲᠡᠯᠡᠭᠰᠡᠨ ᠥᠪᠡᠷᠲᠡᠭᠡᠨ ᠵᠠᠰᠠᠬᠤ ᠣᠷᠣᠨ᠎ᠤ ᠲᠡᠦᠬᠡ ᠰᠣᠶᠣᠯ᠎ᠤᠨ ᠨᠡᠷᠡᠲᠦ ᠬᠣᠲᠠ᠂ ᠨᠡᠷᠡᠲᠦ ᠪᠠᠯᠭ᠋ᠠᠰᠤ᠂ ᠨᠡᠷᠡᠲᠦ ᠲᠣᠰᠬᠣᠨ᠂ ᠵᠡᠭᠡᠯᠢ ᠲᠣᠭᠣᠷᠢᠭ᠎ᠢ ᠰᠠᠶ᠋ᠢᠲᠤᠷ ᠬᠠᠮᠠᠭ᠋ᠠᠯᠠᠭᠰᠠᠨ ᠦᠭᠡᠶ᠎ᠠᠴᠠ ᠪᠣᠯᠵᠤ ᠲᠡᠦᠬᠡ ᠰᠣᠶᠣᠯ᠎ᠤᠨ ᠦᠨ᠎ᠡ ᠥᠷᠲᠡᠭ᠎ᠢ᠎ᠨᠢ ᠬᠦᠨᠳᠦ ᠨᠣᠴᠢᠲᠠᠶ ᠨᠥᠯᠥᠭᠡᠯᠡᠭᠰᠡᠨ ᠪᠣᠯ ᠵᠥᠪᠰᠢᠶᠡᠷᠡᠭᠰᠡᠨ ᠪᠠᠢ᠌ᠭᠤᠯᠭ᠎ᠠ᠎ᠨᠢ ᠲᠡᠭᠦᠨ᠎ᠢ ᠲᠦᠭᠰᠢᠭᠦᠷᠢ᠎ᠲᠠᠢ ᠪᠣᠯᠤᠭᠰᠠᠨ ᠨᠡᠷᠡᠰ᠎ᠲᠤ ᠵᠢᠭᠰᠠᠭ᠋ᠠᠨ ᠣᠷᠣᠭᠤᠯᠵᠤ ᠨᠡᠶ᠋ᠢᠲᠡᠯᠡᠬᠦ ᠵᠢᠨ ᠬᠠᠮᠲᠤ ᠪᠠᠶ᠋ᠢᠭ᠎ᠠ ᠭᠠᠵᠠᠷ᠎ᠤᠨ ᠬᠣᠲᠠ᠂ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠢ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠬᠢᠵᠠᠭ᠋ᠠᠷᠯᠠᠨ ᠨᠥᠬᠥᠵᠦ ᠵᠠᠰᠠᠭᠤᠯᠬᠤ ᠠᠷᠭ᠎ᠠ ᠬᠡᠮᠵᠢᠶ᠎ᠡ ᠠᠪᠤᠭᠤᠯᠵᠤ᠂ ᠪᠠᠶ᠋ᠢᠳᠠᠯ᠎ᠨᠢ ᠦᠷᠭᠦᠯᠵᠢᠯᠡᠨ ᠮᠠᠭᠤᠳᠠᠬᠤ ᠵᠢ ᠰᠡᠷᠭᠡᠶ᠋ᠢᠯᠡᠬᠦ ᠵᠢᠨ ᠬᠠᠮᠲᠤ ᠬᠠᠮᠠᠭ᠋ᠠᠯᠠᠯᠳᠠ ᠵᠢᠨ ᠳᠦᠷᠢᠮ᠎ᠢ ᠲᠡᠭᠦᠯᠳᠡᠷᠵᠢᠭᠦᠯᠦᠨ᠂ ᠬᠠᠮᠠᠭ᠋ᠠᠯᠠᠯᠳᠠ ᠵᠢᠨ ᠠᠵᠢᠯ᠎ᠢ ᠴᠢᠩᠭ᠋ᠠᠳᠬᠠᠬᠤ ᠬᠡᠷᠡᠭᠲᠡᠶ᠃
ᠠᠷᠪᠠᠨ ᠲᠠᠪᠤᠳᠤᠭ᠋ᠠᠷ ᠵᠦᠢ᠍ᠯ ᠲᠡᠦᠬᠡ ᠵᠢᠨ ᠪᠠᠷᠢᠯᠭ᠎ᠠ ᠵᠢ ᠲᠣᠭᠲᠠᠭ᠋ᠠᠬᠤ ᠪᠠᠷᠢᠮᠵᠢᠶ᠎ᠠ ᠵᠢ ᠬᠣᠲᠠ᠂ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠵᠣᠬᠢᠶᠠᠨ ᠪᠠᠶ᠋ᠢᠭᠤᠯᠤᠨ ᠲᠣᠭᠲᠠᠭ᠋ᠠᠨ᠎ᠠ᠃
ᠬᠣᠲᠠ᠂ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠠᠳᠠᠯᠢ ᠱᠠᠲᠤᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠲᠣᠭᠲᠠᠭ᠋ᠠᠬᠤ᠎ᠪᠠᠷ ᠪᠠᠶ᠋ᠢᠭ᠎ᠠ ᠲᠡᠦᠬᠡᠳᠦ ᠪᠠᠷᠢᠯᠭ᠎ᠠ ᠵᠢ ᠬᠢᠨᠠᠨ ᠪᠠᠶ᠋ᠢᠴᠠᠭ᠋ᠠᠭᠰᠠᠨ ᠰᠠᠨᠠᠯ ᠵᠶ᠋ᠠᠨ ᠳᠤᠷᠠᠳᠴᠤ᠂ ᠬᠣᠲᠠ᠂ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠲᠣᠭᠲᠠᠭ᠋ᠠᠯᠭ᠋ᠠᠬᠤ ᠵᠢᠨ ᠬᠠᠮᠲᠤ ᠨᠡᠢ᠌ᠳᠡᠯᠡᠨ᠎ᠡ᠃ ᠲᠡᠦᠬᠡᠳᠦ ᠪᠠᠷᠢᠯᠭ᠎ᠠ ᠵᠢ ᠨᠡᠶ᠋ᠢᠲᠡᠯᠡᠭᠰᠡᠨ᠎ᠤ ᠳᠠᠷᠠᠭ᠎ᠠ 30 ᠡᠳᠦᠷ᠎ᠤᠨ ᠳᠣᠲᠣᠷ᠎ᠠ ᠬᠣᠲᠠ᠂ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠱᠠᠲᠤ ᠳᠠᠷᠠᠭ᠋ᠠᠯᠠᠨ ᠳᠡᠭᠡᠭᠰᠢ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠲᠠᠩᠰᠠᠯᠠᠭᠤᠯᠤᠨ᠎ᠠ᠃
ᠠᠷᠪᠠᠨ ᠵᠢᠷᠭᠤᠳᠤᠭ᠋ᠠᠷ ᠵᠦᠢ᠍ᠯ ᠬᠣᠲᠠ᠂ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠲᠡᠦᠬᠡ ᠰᠣᠶᠣᠯ᠎ᠤᠨ ᠵᠡᠭᠡᠯᠢ ᠲᠣᠭᠣᠷᠢᠭ᠂ ᠲᠡᠦᠬᠡᠲᠦ ᠪᠠᠷᠢᠯᠭ᠎ᠠ ᠵᠢᠨ ᠲᠣᠭ᠎ᠠ ᠪᠠᠷᠢᠮᠲᠠ ᠵᠢᠨ ᠮᠡᠳᠡᠭᠡ ᠵᠠᠩᠭᠢ ᠵᠢ
《ᠲᠡᠦᠬᠡ ᠰᠣᠶᠣᠯ᠎ᠤᠨ ᠵᠡᠭᠡᠯᠢ ᠲᠣᠭᠣᠷᠢᠭ ᠪᠠ ᠲᠡᠦᠬᠡᠲᠦ ᠪᠠᠷᠢᠯᠭ᠎ᠠ ᠵᠢᠨ ᠲᠣᠭ᠎ᠠ ᠪᠠᠷᠢᠮᠲᠠ ᠵᠢᠨ ᠮᠡᠳᠡᠭᠡ ᠵᠠᠩᠭᠢ ᠵᠢᠨ ᠲᠠᠪᠴᠠᠩ》᠎ᠳᠤ ᠤᠷᠤᠭᠤᠯᠤᠨ᠎ᠠ᠃
ᠭᠤᠷᠪᠠᠳᠤᠭ᠋ᠠᠷ ᠪᠦᠯᠦᠭ ᠬᠠᠮᠠᠭ᠋ᠠᠯᠠᠯᠲᠠ ᠵᠢᠨ ᠲᠥᠯᠥᠪᠵᠢᠭᠦᠯᠭᠡ
ᠬᠠᠮᠠᠭ᠋ᠠᠯᠠᠯᠲᠠ ᠵᠢᠨ ᠲᠥᠯᠥᠪᠵᠢᠭᠦᠯᠭᠡ ᠵᠢ ᠲᠡᠦᠬᠡ ᠰᠣᠶᠣᠯ᠎ᠤᠨ ᠨᠡᠷᠡᠳᠤ ᠬᠤᠳᠠ᠂ ᠨᠡᠷᠡᠳᠤ ᠪᠠᠯᠭ᠋ᠠᠰᠤ᠂ ᠨᠡᠷᠡᠳᠤ ᠲᠣᠰᠬᠣᠨ᠂ ᠵᠡᠭᠡᠯᠢ ᠲᠣᠭᠣᠷᠢᠭ᠎ᠤᠨ ᠵᠥᠪᠰᠢᠶᠡᠷᠡᠨ ᠨᠡᠶ᠋ᠢᠲᠡᠯᠡᠭᠰᠡᠨ ᠡᠳᠦᠷ᠎ᠠᠴᠠ ᠡᠬᠢᠯᠡᠨ ᠨᠢᠭᠡ ᠵᠢᠯ᠎ᠤᠨ ᠳᠣᠲᠣᠷ᠎ᠠ ᠨᠠᠶ᠋ᠢᠷᠠᠭᠤᠯᠤᠨ ᠵᠣᠬᠢᠶᠠᠵᠤ ᠲᠠᠭᠤᠰᠬᠠᠨ᠎ᠠ᠃
ᠠᠷᠪᠠᠨ ᠨᠠᠢ᠍ᠮᠠᠳᠤᠭ᠋ᠠᠷ ᠵᠦᠢ᠍ᠯ ᠬᠠᠮᠠᠭ᠋ᠠᠯᠠᠯᠲᠠ ᠵᠢᠨ ᠲᠥᠯᠥᠪᠵᠢᠭᠦᠯᠭᠡ᠎ᠳᠤ ᠳᠣᠣᠷ᠎ᠠ ᠵᠢᠭᠰᠠᠭ᠋ᠠᠭᠰᠠᠨ ᠭᠣᠣᠯ ᠠᠭᠤᠯᠭ᠎ᠠ᠎ᠨᠤᠭᠤᠳ᠎ᠢ ᠪᠠᠭᠳᠠᠭ᠋ᠠᠨ᠎ᠠ᠄
(ᠨᠢᠭᠡ) ᠬᠠᠮᠠᠭ᠋ᠠᠯᠠᠯᠲᠠ ᠵᠢᠨ ᠵᠠᠷᠴᠢᠮ᠂ ᠬᠠᠮᠠᠭ᠋ᠠᠯᠠᠯᠲᠠ ᠵᠢᠨ ᠠᠭᠤᠯᠭ᠎ᠠ ᠪᠠ ᠬᠠᠮᠠᠭ᠋ᠠᠯᠠᠯᠲᠠ ᠵᠢᠨ ᠬᠦᠷᠢᠶ᠎ᠡ ᠬᠡᠪᠴᠢᠶ᠎ᠡ;
(ᠬᠣᠶᠠᠷ) ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ᠂ ᠨᠡᠭᠡᠭᠡᠨ ᠬᠥᠭᠵᠢᠭᠦᠯᠬᠦ ᠬᠦᠴᠦᠯᠡᠴᠡ ᠪᠠ ᠪᠦᠲᠦᠭᠡᠨ ᠪᠠᠶ᠋ᠢᠭᠤᠯᠤᠯᠲᠠ ᠵᠢᠨ ᠬᠢᠵᠠᠭ᠋ᠠᠷᠯᠠᠬᠤ ᠱᠠᠭ᠋ᠠᠷᠳᠠᠯᠭ᠎ᠠ;
(ᠭᠤᠷᠪᠠ) ᠤᠯᠠᠮᠵᠢᠯᠠᠯᠲᠤ ᠪᠠᠶ᠋ᠢᠷᠢᠰᠢᠯ ᠪᠠ ᠲᠡᠦᠬᠡ ᠵᠢᠨ ᠳᠦᠷᠰᠦ ᠪᠠᠶ᠋ᠢᠳᠠᠯ᠎ᠤᠨ ᠬᠠᠮᠠᠭ᠋ᠠᠯᠠᠯᠲᠠ ᠵᠢᠨ ᠱᠠᠭ᠋ᠠᠷᠳᠠᠯᠭ᠎ᠠ;
(ᠲᠦᠷᠪᠡ) ᠲᠡᠦᠬᠡ ᠰᠣᠶᠣᠯ᠎ᠤᠨ ᠵᠡᠭᠡᠯᠢ ᠲᠣᠭᠣᠷᠢᠭ᠂ ᠨᠡᠷᠡᠳᠤ ᠪᠠᠯᠭ᠋ᠠᠰᠤ᠂ ᠨᠡᠷᠡᠳᠤ ᠲᠣᠰᠬᠣᠨ᠎ᠤ ᠭᠣᠣᠯ ᠬᠠᠮᠠᠭ᠋ᠠᠯᠠᠯᠲᠠ ᠵᠢᠨ ᠬᠡᠪᠴᠢᠶ᠎ᠡ ᠪᠠ ᠪᠦᠳᠦᠭᠡᠨ ᠪᠠᠶ᠋ᠢᠭᠤᠯᠤᠯᠲᠠ ᠵᠢ ᠬᠢᠵᠠᠭ᠋ᠠᠷᠯᠠᠬᠤ ᠣᠷᠣᠨ ᠪᠦᠰᠡ;
(ᠲᠠᠪᠤ) ᠬᠠᠮᠠᠭ᠋ᠠᠯᠠᠯᠲᠠ ᠵᠢᠨ ᠬᠡᠪᠴᠢᠶᠡᠨ ᠳᠣᠲᠣᠷᠠᠬᠢ ᠲᠡᠦᠬᠡ ᠵᠢᠨ ᠳᠤᠷᠠᠰᠬᠠᠯᠲᠤ ᠵᠦᠢ᠍ᠯ᠂ ᠲᠡᠤᠬᠡᠳᠦ ᠪᠠᠷᠢᠯᠭ᠎ᠠ᠂ ᠪᠤᠰᠤᠳ ᠪᠠᠷᠢᠯᠭ᠎ᠠ᠂ ᠪᠠᠷᠢᠯᠭ᠎ᠠ ᠵᠢᠨ ᠵᠦᠢ᠍ᠯ ᠪᠠ ᠣᠷᠴᠢᠨ ᠠᠬᠤᠢ ᠵᠢᠨ ᠡᠯᠧᠮᠧᠨ᠋ᠲ᠎ᠢ ᠲᠦᠷᠦᠯ ᠬᠤᠪᠢᠶᠠᠨ ᠬᠠᠮᠠᠭ᠋ᠠᠯᠠᠬᠤ᠂ ᠴᠡᠭᠴᠡᠯᠡᠨ ᠵᠠᠰᠠᠬᠤ᠂ ᠠᠰᠢᠭᠯᠠᠬᠤ ᠠᠭᠤᠯᠭ᠎ᠠ ᠪᠠ ᠱᠠᠭ᠋ᠠᠷᠳᠠᠯᠭ᠎ᠠ ᠵᠢ ᠳᠤᠷᠠᠳᠤᠨ ᠭᠠᠷᠭ᠋ᠠᠨ᠎ᠠ;
(ᠵᠢᠷᠭᠤᠭ᠎ᠠ) ᠬᠠᠮᠠᠭ᠋ᠠᠯᠠᠯᠲᠠ ᠵᠢᠨ ᠲᠥᠯᠥᠪᠵᠢᠭᠦᠯᠭᠡ ᠵᠢ ᠬᠤᠭᠤᠴᠠᠭ᠎ᠠ ᠬᠤᠪᠢᠶᠠᠨ ᠬᠡᠷᠡᠭᠵᠢᠭᠦᠯᠬᠦ ᠲᠥᠰᠦᠯ᠃
ᠠᠷᠪᠠ ᠶᠢᠰᠦᠳᠦᠭᠡᠷ ᠵᠦᠢ᠍ᠯ ᠲᠡᠦᠬᠡ ᠰᠣᠶᠣᠯ᠎ᠤᠨ ᠨᠠᠷᠠᠲᠤ ᠬᠣᠲᠠ᠂ ᠨᠠᠷᠠᠲᠤ ᠪᠠᠯᠭ᠋ᠠᠰᠤ᠂ ᠨᠠᠷᠠᠲᠤ ᠲᠣᠰᠬᠣᠨ᠂ ᠵᠡᠭᠡᠯᠢ ᠲᠣᠭᠣᠷᠢᠭ᠎ᠤᠨ ᠬᠠᠮᠠᠭ᠋ᠠᠯᠠᠯᠲᠠ ᠵᠢᠨ ᠲᠥᠯᠥᠪᠵᠢᠭᠦᠯᠭᠡ ᠵᠢᠨ ᠲᠥᠯᠥᠪᠵᠢᠭᠦᠯᠭᠡ ᠵᠢᠨ ᠬᠤᠭᠤᠴᠠᠭ᠎ᠠ ᠬᠢᠵᠠᠭ᠋ᠠᠷ᠎ᠨᠢ ᠪᠠᠶ᠋ᠢᠭ᠎ᠠ ᠬᠣᠲᠠ᠂ ᠪᠠᠯᠭ᠋ᠠᠰᠤᠨ᠎ᠤ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠶᠡᠷᠦᠩᠬᠡᠶ ᠲᠥᠯᠥᠪᠵᠢᠭᠦᠯᠭᠡ ᠵᠢᠨ ᠬᠤᠭᠤᠴᠠᠭ᠎ᠠ ᠬᠢᠵᠠᠭ᠋ᠠᠷ ᠪᠤᠶᠤ ᠪᠠᠶ᠋ᠢᠭ᠎ᠠ ᠲᠣᠰᠬᠣᠨ᠎ᠤ ᠲᠥᠯᠥᠪᠵᠢᠭᠦᠯᠭᠡ ᠵᠢᠨ ᠬᠤᠭᠤᠴᠠᠭ᠎ᠠ ᠬᠢᠵᠠᠭ᠋ᠠᠷᠯᠤᠭᠠ ᠨᠢᠭᠡᠳᠦᠯᠲᠡᠶ ᠪᠠᠶ᠋ᠢᠬᠤ ᠬᠡᠷᠡᠭᠲᠡᠶ᠃
ᠬᠣᠷᠢᠳᠤᠭ᠋ᠠᠷ ᠵᠦᠢ᠍ᠯ ᠬᠠᠮᠠᠭ᠋ᠠᠯᠠᠯᠲᠠ ᠵᠢᠨ ᠲᠥᠯᠥᠪᠵᠢᠭᠦᠯᠭᠡ ᠵᠢ ᠮᠡᠳᠡᠭᠦᠯᠦᠨ ᠬᠦᠷᠭᠡᠵᠦ ᠬᠢᠨᠠᠨ ᠵᠥᠪᠰᠢᠶᠡᠷᠡᠭᠦᠯᠬᠦ᠎ᠠᠴᠠ ᠡᠮᠦᠨ᠎ᠡ᠂ ᠵᠣᠬᠢᠶᠠᠨ ᠪᠠᠶ᠋ᠢᠭᠤᠯᠵᠤ ᠨᠠᠶ᠋ᠢᠷᠠᠭᠤᠯᠤᠨ ᠵᠤᠬᠢᠶᠠᠭᠰᠠᠨ ᠪᠠᠶ᠋ᠢᠭᠤᠯᠭ᠎ᠠ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠲᠤᠰᠬᠠᠢ ᠮᠡᠷᠭᠡᠵᠢᠯᠲᠡᠨ ᠪᠠ ᠤᠯᠠᠨ ᠨᠡᠶ᠋ᠢᠲᠡ ᠵᠢᠨ ᠰᠠᠨᠠᠯ᠎ᠢ ᠥᠷᠭᠡᠨ ᠵᠶ᠋ᠠᠷ ᠬᠤᠷᠢᠶᠠᠬᠤ ᠬᠡᠷᠡᠭᠲᠡᠢ; ᠴᠢᠬᠤᠯᠠᠲᠠᠢ ᠦᠶ᠎ᠡ᠎ᠳᠤ ᠭᠡᠷᠡᠴᠢᠯᠡᠭᠡ ᠰᠣᠨᠣᠰᠴᠤ ᠪᠣᠯᠤᠨ᠎ᠠ᠃
ᠬᠠᠮᠠᠭ᠋ᠠᠯᠠᠯᠲᠠ ᠵᠢᠨ ᠲᠥᠯᠥᠪᠵᠢᠭᠦᠯᠭᠡ ᠵᠢ ᠬᠢᠨᠠᠨ ᠵᠥᠪᠰᠢᠶᠡᠷᠡᠭᠦᠯᠬᠦ᠎ᠪᠠᠷ ᠮᠡᠳᠡᠭᠦᠯᠦᠨ ᠬᠦᠷᠭᠡᠬᠦ ᠪᠢᠴᠢᠭ ᠮᠠᠲ᠋ᠧᠷᠢᠶᠠᠯ᠎ᠳᠤ ᠰᠠᠨᠠᠯ᠎ᠢ ᠬᠦᠯᠢᠶᠡᠨ ᠠᠪᠤᠭᠰᠠᠨ ᠪᠠᠶ᠋ᠢᠳᠠᠯ ᠵᠢᠴᠢ ᠰᠢᠯᠲᠠᠭ᠋ᠠᠨ᠎ᠢ ᠲᠠᠭ᠋ᠠᠯᠳᠤᠭᠤᠯᠤᠨᠠ; ᠭᠡᠷᠡᠴᠢᠯᠡᠭᠡ ᠰᠣᠨᠣᠰᠤᠭᠰᠠᠨ ᠪᠣᠯ ᠭᠡᠷᠡᠴᠢᠯᠡᠭᠡ ᠰᠣᠨᠣᠰᠤᠭᠰᠠᠨ ᠲᠡᠮᠳᠡᠭᠯᠡᠯ᠎ᠢ ᠲᠠᠭ᠋ᠠᠯᠳᠤᠭᠤᠯᠤᠨᠠ᠃
ᠬᠣᠷᠢᠨ ᠨᠢᠭᠡᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠲᠡᠦᠬᠡ ᠰᠣᠶᠣᠯ᠎ᠤᠨ ᠨᠠᠷᠠᠲᠤ ᠬᠣᠲᠠ᠂ ᠨᠠᠷᠠᠲᠤ ᠪᠠᠯᠭ᠋ᠠᠰᠤ᠂ ᠨᠠᠷᠠᠲᠤ ᠲᠣᠰᠬᠣᠨ᠎ᠤ ᠬᠠᠮᠠᠭ᠋ᠠᠯᠠᠯᠲᠠ ᠵᠢᠨ ᠲᠥᠯᠥᠪᠵᠢᠭᠦᠯᠭᠡ ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠢᠨᠠᠨ ᠵᠥᠪᠰᠢᠶᠡᠷᠡᠨ᠎ᠡ᠃ ᠥᠪᠡᠷᠲᠡᠭᠡᠨ ᠵᠠᠰᠠᠬᠤ ᠣᠷᠣᠨ᠎ᠤ ᠲᠡᠦᠬᠡ ᠰᠣᠶᠣᠯ᠎ᠤᠨ ᠵᠡᠭᠡᠯᠢ ᠲᠣᠭᠣᠷᠢᠭ᠎ᠤᠨ ᠬᠠᠮᠠᠭ᠋ᠠᠯᠠᠯᠲᠠ ᠵᠢᠨ ᠲᠥᠯᠥᠪᠵᠢᠭᠦᠯᠭᠡ ᠵᠢ ᠵᠡᠭᠡᠯᠢ ᠲᠣᠭᠣᠷᠢᠭ᠎ᠤᠨ ᠪᠠᠶ᠋ᠢᠭ᠎ᠠ ᠬᠣᠲᠠ᠂ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠲᠣᠭᠲᠠᠭ᠋ᠠᠵᠤ ᠨᠡᠶ᠋ᠢᠲᠡᠯᠡᠭᠰᠡᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠤᠨ᠎ᠠ᠃
ᠬᠣᠷᠢᠨ ᠬᠣᠶᠠᠳᠤᠭ᠋ᠠᠷ ᠵᠦᠢ᠍ᠯ ᠬᠠᠮᠠᠭ᠋ᠠᠯᠠᠯᠲᠠ ᠵᠢᠨ ᠲᠥᠯᠥᠪᠵᠢᠭᠦᠯᠭᠡ ᠵᠢ ᠵᠣᠬᠢᠶᠠᠨ ᠪᠠᠶ᠋ᠢᠭᠤᠯᠵᠤ ᠨᠠᠶ᠋ᠢᠷᠠᠭᠤᠯᠤᠨ ᠵᠤᠬᠢᠶᠠᠭᠰᠠᠨ ᠪᠠᠶ᠋ᠢᠭᠤᠯᠭ᠎ᠠ᠎ᠪᠠᠷ ᠵᠥᠪᠰᠢᠶᠡᠷᠡᠭᠦᠯᠦᠭᠰᠡᠨ ᠬᠠᠮᠠᠭ᠋ᠠᠯᠠᠯᠲᠠ ᠵᠢᠨ ᠲᠥᠯᠥᠪᠵᠢᠭᠦᠯᠭᠡ᠎ᠪᠠᠨ ᠴᠠᠭ ᠲᠤᠬᠠᠢᠳᠤᠨᠢ ᠨᠡᠢ᠌ᠳᠡᠯᠡᠨ᠎ᠡ᠃
ᠬᠣᠷᠢᠨ ᠭᠤᠷᠪᠠᠳᠤᠭ᠋ᠠᠷ ᠵᠦᠢ᠍ᠯ ᠬᠠᠤᠯᠢ ᠶᠣᠰᠣᠭ᠋ᠠᠷ ᠵᠥᠪᠰᠢᠶᠡᠷᠡᠭᠦᠯᠦᠭᠰᠡᠨ ᠬᠠᠮᠠᠭ᠋ᠠᠯᠠᠯᠲᠠ ᠵᠢᠨ ᠲᠥᠯᠥᠪᠵᠢᠭᠦᠯᠭᠡ᠎ᠳᠤ ᠳᠤᠷ᠎ᠠ᠎ᠪᠠᠷ ᠵᠶ᠋ᠠᠨ ᠵᠠᠰᠠᠪᠤᠷᠢ ᠣᠷᠣᠭᠤᠯᠵᠤ ᠪᠣᠯᠬᠤ ᠦᠭᠡᠢ; ᠦᠨᠡᠬᠡᠷ ᠵᠠᠰᠠᠪᠤᠷᠢ ᠣᠷᠣᠭᠤᠯᠬᠤ ᠴᠢᠬᠤᠯᠠᠲᠠᠢ ᠪᠠᠶ᠋ᠢᠪᠠᠯ᠂ ᠬᠠᠮᠠᠭ᠋ᠠᠯᠠᠯᠲᠠ ᠵᠢᠨ ᠲᠥᠯᠥᠪᠵᠢᠭᠦᠯᠭᠡ ᠵᠢ ᠵᠣᠬᠢᠶᠠᠨ ᠪᠠᠶ᠋ᠢᠭᠤᠯᠵᠤ ᠨᠠᠶ᠋ᠢᠷᠠᠭᠤᠯᠤᠨ ᠵᠤᠬᠢᠶᠠᠭᠰᠠᠨ ᠪᠠᠶ᠋ᠢᠭᠤᠯᠭ᠎ᠠ᠎ᠨᠢ ᠤᠤᠯ᠎ᠤᠨ ᠬᠢᠨᠠᠨ ᠵᠥᠪᠰᠢᠶᠡᠷᠡᠭᠰᠡᠨ ᠪᠠᠶ᠋ᠢᠭᠤᠯᠭ᠎ᠠ᠎ᠳᠤ ᠲᠤᠰᠬᠠᠢ ᠰᠡᠳᠦᠪᠲᠦ ᠮᠡᠳᠡᠭᠦᠯᠦᠯᠲᠡ ᠳᠤᠷᠠᠳᠴᠤ᠂ ᠵᠥᠪᠰᠢᠶᠡᠷᠡᠭᠦᠯᠦᠭᠰᠡᠨ᠎ᠤ ᠲᠠᠷᠠᠭ᠎ᠠ ᠰᠠᠶᠢ ᠵᠠᠰᠠᠪᠤᠷᠢ ᠣᠷᠣᠭᠤᠯᠬᠤ ᠲᠥᠰᠦᠯ᠎ᠢ ᠨᠠᠶ᠋ᠢᠷᠠᠭᠤᠯᠤᠨ ᠵᠣᠬᠢᠶᠠᠵᠤ ᠪᠣᠯᠤᠨ᠎ᠠ᠃ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠬᠠᠮᠠᠭ᠋ᠠᠯᠠᠯᠲᠠ ᠵᠢᠨ ᠲᠥᠯᠥᠪᠵᠢᠭᠦᠯᠭᠡ ᠵᠢ ᠤᠤᠯ᠎ᠤᠨ ᠬᠢᠨᠠᠨ ᠵᠥᠪᠰᠢᠶᠡᠷᠡᠭᠦᠯᠬᠦ ᠵᠢᠷᠤᠮ ᠶᠣᠰᠣᠭ᠋ᠠᠷ ᠮᠡᠳᠡᠭᠦᠯᠦᠨ ᠬᠦᠷᠭᠡᠵᠦ ᠬᠢᠨᠠᠨ ᠵᠦᠪᠰᠢᠶᠡᠷᠡᠭᠦᠯᠦᠨ᠎ᠡ᠃
ᠬᠣᠷᠢᠨ ᠳᠥᠷᠪᠡᠳᠦᠭᠡᠷ ᠵᠦᠢ᠍ᠯ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠤᠳ᠎ᠤᠨ ᠨᠢᠭᠡ᠎ᠨᠢ ᠪᠠᠶ᠋ᠢᠪᠠᠯ᠂ ᠬᠠᠮᠠᠭ᠋ᠠᠯᠠᠯᠲᠠ ᠵᠢᠨ ᠲᠥᠯᠥᠪᠵᠢᠭᠦᠯᠭᠡ ᠵᠢ ᠵᠣᠬᠢᠶᠠᠨ ᠪᠠᠶ᠋ᠢᠭᠤᠯᠵᠤ ᠨᠠᠶ᠋ᠢᠷᠠᠭᠤᠯᠤᠨ ᠵᠤᠬᠢᠶᠠᠭᠰᠠᠨ ᠪᠠᠶ᠋ᠢᠭᠤᠯᠭ᠎ᠠ ᠲᠣᠭᠲᠠᠭ᠋ᠠᠭᠰᠠᠨ ᠡᠷᠬᠡ ᠵᠢᠨ ᠬᠡᠪᠴᠢᠶ᠎ᠡ ᠪᠠ ᠵᠢᠷᠤᠮ᠎ᠤᠨ ᠶᠣᠰᠣᠭ᠋ᠠᠷ ᠬᠠᠮᠠᠭ᠋ᠠᠯᠠᠯᠲᠠ ᠵᠢᠨ ᠲᠥᠯᠥᠪᠵᠢᠭᠦᠯᠭᠡ᠎ᠳᠤ ᠵᠠᠰᠠᠪᠤᠷᠢ ᠣᠷᠣᠭᠤᠯᠵᠤ ᠪᠣᠯᠤᠨ᠎ᠠ᠄
(ᠨᠢᠭᠡ) ᠲᠡᠤᠬᠡᠨ ᠪᠠᠭᠤᠷᠢ ᠵᠡᠷᠭᠡ ᠴᠢᠬᠤᠯᠠ ᠲᠡᠦᠬᠡ ᠰᠣᠶᠣᠯ᠎ᠤᠨ ᠦᠯᠡᠳᠡᠭᠳᠡᠯ᠎ᠢ ᠰᠢᠨ᠎ᠡ᠎ᠪᠠᠷ ᠢᠯᠡᠷᠡᠭᠦᠯᠦᠭᠰᠡᠨ᠂ ᠡᠰᠡᠬᠦᠯ᠎ᠡ ᠲᠡᠦᠬᠡ ᠰᠣᠶᠣᠯ᠎ᠤᠨ ᠦᠯᠡᠳᠡᠭᠳᠡᠯ ᠬᠢᠭᠡᠳ ᠣᠷᠴᠢᠨ ᠲᠣᠭᠣᠷᠢᠨ᠎ᠳᠤ ᠴᠢᠬᠤᠯᠠ ᠶᠡᠬᠡ ᠬᠤᠪᠢᠷᠠᠯᠲᠠ ᠭᠠᠷᠴᠤ᠂ ᠦᠨᠡᠯᠡᠨ ᠵᠢᠱ᠌ᠢᠯᠲᠡ᠎ᠪᠠᠷ ᠳᠠᠮᠵᠢᠭ᠋ᠠᠳ ᠬᠠᠮᠠᠭ᠋ᠠᠯᠠᠬᠤ ᠲᠥᠯᠥᠪᠵᠢᠭᠦᠯᠭᠡ᠎ᠳᠤ ᠦᠨᠡᠨᠬᠦ ᠵᠠᠰᠠᠪᠤᠷᠢ ᠣᠷᠣᠭᠤᠯᠬᠤ ᠴᠢᠬᠤᠯᠠᠲᠠᠶ ᠪᠣᠯᠤᠭᠰᠠᠨ;
(ᠬᠣᠶᠠᠷ) ᠵᠠᠰᠠᠭ ᠵᠠᠬᠢᠷᠭ᠋ᠠᠨ᠎ᠤ ᠣᠷᠣᠨ᠎ᠤ ᠬᠤᠪᠢᠶᠠᠷᠢᠯᠠᠯ᠎ᠤᠨ ᠲᠤᠬᠢᠷᠠᠭᠤᠯᠤᠯᠳᠡ᠎ᠠᠴᠠ ᠪᠤᠯᠵᠤ ᠬᠠᠮᠠᠭ᠋ᠠᠯᠠᠯᠲᠠ ᠵᠢᠨ ᠲᠥᠯᠥᠪᠵᠢᠭᠦᠯᠭᠡ᠎ᠳᠤ ᠦᠨᠡᠬᠡᠷ ᠵᠠᠰᠠᠪᠤᠷᠢ ᠣᠷᠣᠭᠤᠯᠬᠤ ᠴᠢᠬᠤᠯᠠᠲᠠᠢ ᠪᠣᠯᠤᠭᠰᠠᠨ;
(ᠭᠤᠷᠪᠠ) ᠲᠥᠷᠥ ᠵᠢᠨ ᠶᠠᠪᠤᠳᠠᠯ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠵᠥᠪᠰᠢᠶᠡᠷᠡᠭᠰᠡᠨ ᠴᠢᠬᠤᠯᠠ ᠶᠡᠬᠡ ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ᠎ᠳᠤ ᠬᠠᠮᠠᠭ᠋ᠠᠯᠠᠯᠲᠠ ᠵᠢᠨ ᠲᠥᠯᠥᠪᠵᠢᠭᠦᠯᠭᠡ᠎ᠳᠤ ᠦᠨᠡᠨᠬᠦ ᠵᠠᠰᠠᠪᠤᠷᠢ ᠣᠷᠣᠭᠤᠯᠬᠤ ᠴᠢᠬᠤᠯᠠᠲᠠᠶ ᠪᠣᠯᠤᠭᠰᠠᠨ;
(ᠲᠦᠷᠪᠡ) ᠬᠠᠮᠠᠭ᠋ᠠᠯᠠᠯᠲᠠ ᠵᠢᠨ ᠲᠥᠯᠥᠪᠵᠢᠭᠦᠯᠭᠡ᠎ᠳᠤ ᠬᠠᠤᠯᠢ ᠶᠣᠰᠣᠭ᠋ᠠᠷ ᠵᠠᠰᠠᠪᠤᠷᠢ ᠣᠷᠣᠭᠤᠯᠬᠤ ᠶᠣᠰᠣᠲᠠᠢ ᠪᠤᠰᠤᠳ ᠪᠠᠶ᠋ᠢᠳᠠᠯ᠃
ᠬᠣᠷᠢᠨ ᠲᠠᠪᠤᠳᠤᠭ᠋ᠠᠷ ᠵᠦᠢ᠍ᠯ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠥᠪᠵᠢᠭᠦᠯᠭᠡ ᠵᠡᠷᠭᠡ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠪᠤᠶᠤ ᠲᠡᠭᠦᠨ᠎ᠳᠤ ᠵᠠᠰᠠᠪᠤᠷᠢ ᠣᠷᠣᠭᠤᠯᠬᠤ᠎ᠳᠠᠭᠠᠨ ᠲᠡᠦᠬᠡ ᠰᠣᠶᠣᠯ᠎ᠤᠨ ᠨᠡᠷᠡᠳᠤ ᠬᠤᠳᠠ᠂ ᠨᠡᠷᠡᠳᠤ ᠪᠠᠯᠭ᠋ᠠᠰᠤ᠂ ᠨᠡᠷᠡᠳᠤ ᠲᠣᠰᠬᠣᠨ᠂ ᠵᠡᠭᠡᠯᠢ ᠲᠣᠭᠣᠷᠢᠭ᠎ᠤᠨ ᠬᠠᠮᠠᠭ᠋ᠠᠯᠠᠯᠲᠠ ᠵᠢᠨ ᠱᠠᠭ᠋ᠠᠷᠳᠠᠯᠭ᠎ᠠ ᠵᠢ ᠪᠤᠳᠠᠳᠠᠢ᠌ᠵᠢᠭᠤᠯᠤᠨ᠎ᠠ᠃
ᠬᠣᠷᠢᠨ ᠵᠢᠷᠭᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠳᠠ ᠬᠥᠳᠡᠭᠡ ᠵᠢᠨ ᠪᠥᠳᠥᠭᠡᠨ ᠪᠠᠶ᠋ᠢᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠬᠠᠮᠠᠭ᠋ᠠᠯᠠᠯᠲᠠ ᠵᠢᠨ ᠲᠥᠯᠥᠪᠵᠢᠭᠦᠯᠭᠡ ᠵᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ ᠴᠢᠩᠭ᠋ᠠᠳᠬᠠᠬᠤ ᠬᠡᠷᠡᠭᠳᠡᠢ᠃
ᠬᠣᠲᠠ᠂ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠬᠠᠮᠠᠭ᠋ᠠᠯᠠᠯᠲᠠ ᠵᠢᠨ ᠲᠥᠯᠥᠪᠵᠢᠭᠦᠯᠭᠡ ᠵᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ ᠴᠢᠩᠭ᠋ᠠᠳᠬᠠᠬᠤ ᠵᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠲᠡᠦᠬᠡ ᠰᠣᠶᠣᠯ᠎ᠤᠨ ᠨᠡᠷᠡᠲᠦ ᠬᠣᠲᠠ᠂ ᠨᠡᠷᠡᠲᠦ ᠪᠠᠯᠭ᠋ᠠᠰᠤ᠂ ᠨᠡᠷᠡᠲᠦ ᠲᠣᠰᠬᠣᠨ᠂ ᠵᠡᠭᠡᠯᠢ ᠲᠣᠭᠣᠷᠢᠭ᠎ᠤᠨ ᠬᠠᠮᠠᠭ᠋ᠠᠯᠠᠯᠲᠠ ᠵᠢᠨ ᠪᠠᠶ᠋ᠢᠳᠠᠯ᠎ᠳᠤ ᠦᠨᠡᠯᠡᠨ ᠵᠢᠱ᠌ᠢᠯᠲᠡ ᠬᠢᠨ᠎ᠡ; ᠢᠯᠡᠷᠡᠭᠦᠯᠦᠭᠰᠡᠨ ᠠᠰᠠᠭᠤᠳᠠᠯ᠎ᠢ ᠴᠠᠭ ᠲᠤᠬᠠᠢᠳᠤᠨᠢ ᠵᠠᠯᠠᠷᠠᠭᠤᠯᠤᠨ ᠰᠢᠢ᠍ᠳᠪᠦᠷᠢᠯᠡᠬᠦ ᠬᠡᠷᠡᠭᠲᠡᠢ᠃
ᠳᠥᠷᠪᠡᠳᠦᠭᠡᠷ ᠪᠦᠯᠦᠭ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠬᠢᠭᠡᠳ ᠬᠠᠮᠢᠶᠠᠷᠤᠯᠲᠠ
ᠬᠣᠷᠢᠨ ᠳᠣᠯᠣᠳᠤᠭ᠋ᠠᠷ ᠵᠦᠢ᠍ᠯ ᠲᠡᠦᠬᠡ ᠰᠣᠶᠣᠯ᠎ᠤᠨ ᠨᠡᠷᠡᠳᠦ ᠬᠤᠳᠠ᠂ ᠨᠡᠷᠡᠳᠦ ᠪᠠᠯᠭ᠋ᠠᠰᠤ᠂ ᠨᠡᠷᠡᠳᠦ ᠲᠣᠰᠬᠣᠨ᠂ ᠵᠡᠭᠡᠯᠢ ᠲᠣᠭᠣᠷᠢᠭ᠎ᠢ ᠪᠦᠬᠦᠯᠢ ᠴᠣᠭᠴᠠ᠎ᠪᠠᠷ᠎ᠨᠢ ᠬᠠᠮᠠᠭ᠋ᠠᠯᠠᠵᠤ᠂ ᠤᠯᠠᠮᠵᠢᠯᠠᠯᠲᠤ ᠪᠠᠶ᠋ᠢᠷᠢᠰᠢᠯ᠂ ᠲᠡᠦᠬᠡ ᠵᠢᠨ ᠳᠦᠷᠰᠦ ᠪᠠᠶ᠋ᠢᠳᠠᠯ ᠪᠠ ᠣᠷᠣᠨ ᠵᠠᠢ ᠵᠢᠨ ᠬᠡᠮᠵᠢᠶ᠎ᠡ ᠵᠢ ᠪᠠᠳᠤᠯᠠᠨ᠎ᠠ᠂ ᠲᠡᠭᠦᠨ᠎ᠯᠦᠭᠡ ᠬᠠᠷᠢᠯᠴᠠᠨ ᠲᠦᠰᠢᠯᠴᠡᠨ ᠣᠷᠣᠰᠢᠬᠤ ᠪᠠᠶ᠋ᠢᠭ᠋ᠠᠯᠢ ᠵᠢᠨ ᠦᠵᠡᠮᠵᠢ ᠪᠠ ᠣᠷᠴᠢᠨ ᠨᠥᠬᠥᠴᠡᠯ᠎ᠢ ᠬᠤᠪᠢᠷᠠᠭᠤᠯᠵᠤ ᠪᠣᠯᠬᠤ ᠦᠭᠡᠢ᠃
ᠬᠣᠷᠢᠨ ᠨᠠᠢ᠍ᠮᠠᠳᠤᠭ᠋ᠠᠷ ᠵᠦᠢ᠍ᠯ ᠲᠡᠦᠬᠡ ᠰᠣᠶᠣᠯ᠎ᠤᠨ ᠨᠡᠷᠡᠲᠦ ᠬᠣᠲᠠ᠂ ᠨᠡᠷᠡᠲᠦ ᠪᠠᠯᠭ᠋ᠠᠰᠤ᠂ ᠨᠡᠷᠡᠲᠦ ᠲᠣᠰᠬᠣᠨ᠂ ᠵᠡᠭᠡᠯᠢ ᠲᠣᠭᠣᠷᠢᠭ᠎ᠤᠨ ᠪᠠᠶ᠋ᠢᠭ᠎ᠠ ᠭᠠᠵᠠᠷ᠎ᠤᠨ ᠬᠣᠲᠠ᠂ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠤᠬᠠᠶ ᠵᠢᠨ ᠭᠠᠵᠠᠷ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠢᠷᠢ ᠬᠡᠮᠵᠢᠶ᠎ᠡ᠎ᠪᠠᠨ ᠦᠨᠳᠦᠰᠦᠯᠡᠨ᠂ ᠬᠠᠮᠠᠭ᠋ᠠᠯᠠᠯᠲᠠ ᠵᠢᠨ ᠲᠥᠯᠥᠪᠵᠢᠭᠦᠯᠭᠡ ᠶᠣᠰᠣᠭ᠋ᠠᠷ ᠲᠡᠦᠬᠡ ᠰᠣᠶᠣᠯ᠎ᠤᠨ ᠨᠡᠷᠡᠲᠦ ᠬᠣᠲᠠ᠂ ᠨᠡᠷᠡᠲᠦ ᠪᠠᠯᠭ᠋ᠠᠰᠤ᠂ ᠨᠡᠷᠡᠲᠦ ᠲᠣᠰᠬᠣᠨ᠂ ᠵᠡᠭᠡᠯᠢ ᠲᠣᠭᠣᠷᠢᠭ᠎ᠤᠨ ᠬᠥᠮᠦᠨ ᠠᠮᠠ ᠵᠢᠨ ᠲᠣᠭ᠎ᠠ ᠬᠡᠮᠵᠢᠶ᠎ᠡ ᠵᠢ ᠬᠢᠵᠠᠭ᠋ᠠᠷᠯᠠᠵᠤ᠂ ᠲᠡᠦᠬᠡ ᠰᠣᠶᠣᠯ᠎ᠤᠨ ᠨᠡᠷᠡᠲᠦ ᠬᠣᠲᠠ᠂ ᠨᠡᠷᠡᠲᠦ ᠪᠠᠯᠭ᠋ᠠᠰᠤ᠂ ᠨᠡᠷᠡᠲᠦ ᠲᠣᠰᠬᠣᠨ᠂ ᠵᠡᠭᠡᠯᠢ ᠲᠣᠭᠣᠷᠢᠭ᠎ᠤᠨ ᠰᠠᠭᠤᠷᠢ ᠪᠡᠯᠡᠳᠬᠡᠮᠵᠢ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠡᠯᠡᠳᠬᠡᠮᠵᠢ ᠪᠣᠯᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠰᠠᠶ᠋ᠢᠵᠢᠷᠠᠭᠤᠯᠬᠤ ᠬᠡᠷᠡᠭᠲᠡᠶ᠃
ᠬᠣᠷᠢ ᠶᠢᠰᠦᠳᠦᠭᠡᠷ ᠵᠦᠢ᠍ᠯ ᠲᠡᠦᠬᠡ ᠰᠣᠶᠣᠯ᠎ᠤᠨ ᠨᠡᠷᠡᠳᠤ ᠬᠤᠳᠠ᠂ ᠨᠡᠷᠡᠳᠤ ᠪᠠᠯᠭ᠋ᠠᠰᠤ᠂ ᠨᠡᠷᠡᠳᠤ ᠲᠣᠰᠬᠣᠨ᠂ ᠵᠡᠭᠡᠯᠢ ᠲᠣᠭᠣᠷᠢᠭ᠎ᠤᠨ ᠬᠠᠮᠠᠭ᠋ᠠᠯᠠᠯᠲᠠ ᠵᠢᠨ ᠬᠡᠪᠴᠢᠶᠡᠨ᠎ᠳᠤ ᠪᠦᠳᠦᠭᠡᠨ ᠪᠠᠶ᠋ᠢᠭᠤᠯᠤᠯᠲᠠ ᠵᠢᠨ ᠠᠵᠢᠯᠯᠠᠭ᠎ᠠ ᠬᠢᠬᠦ᠎ᠳᠤ᠂ ᠬᠠᠮᠠᠭ᠋ᠠᠯᠠᠯᠲᠠ ᠵᠢᠨ ᠲᠥᠯᠥᠪᠵᠢᠭᠦᠯᠭᠡ ᠵᠢᠨ ᠱᠠᠭ᠋ᠠᠷᠳᠠᠯᠭ᠎ᠠ᠎ᠳᠤ ᠨᠡᠶ᠋ᠢᠴᠡᠭᠦᠯᠬᠦ ᠬᠡᠷᠡᠭᠲᠡᠢ᠂ ᠲᠡᠦᠬᠡ ᠰᠣᠶᠣᠯ᠎ᠤᠨ ᠥᠪ᠎ᠤᠨ ᠦᠨᠡᠨ ᠪᠣᠳᠠᠲᠤ ᠴᠢᠨᠠᠷ ᠪᠠ ᠪᠦᠷᠢᠨ ᠪᠦᠲᠦᠨ ᠴᠢᠨᠠᠷ᠎ᠢ ᠬᠣᠬᠢᠷᠠᠭᠤᠯᠵᠤ ᠪᠣᠯᠬᠤ ᠦᠭᠡᠢ᠂ ᠲᠡᠭᠦᠨ᠎ᠤ ᠤᠯᠠᠮᠵᠢᠯᠠᠯᠲᠤ ᠪᠠᠶ᠋ᠢᠷᠢᠰᠢᠯ ᠪᠠ ᠲᠡᠦᠬᠡ ᠵᠢᠨ ᠳᠦᠷᠰᠦ ᠪᠠᠶ᠋ᠢᠳᠠᠯ᠎ᠳᠤ ᠡᠪᠳᠡᠯᠡᠭᠡ ᠵᠢᠨ ᠴᠢᠨᠠᠷᠲᠠᠢ ᠨᠥᠯᠥᠭᠡ ᠦᠵᠡᠭᠦᠯᠵᠦ ᠪᠣᠯᠬᠤ ᠦᠭᠡᠢ᠃
ᠲᠡᠦᠬᠡ ᠰᠣᠶᠣᠯ᠎ᠤᠨ ᠨᠡᠷᠡᠲᠦ ᠬᠣᠲᠠ᠂ ᠨᠡᠷᠡᠲᠦ ᠪᠠᠯᠭ᠋ᠠᠰᠤ᠂ ᠨᠡᠷᠡᠲᠦ ᠲᠣᠰᠬᠣᠨ᠂ ᠵᠡᠭᠡᠯᠢ ᠲᠣᠭᠣᠷᠢᠭ᠎ᠤᠨ ᠬᠠᠮᠠᠭ᠋ᠠᠯᠠᠯᠲᠠ ᠵᠢᠨ ᠬᠡᠪᠴᠢᠶᠡᠨ ᠳᠣᠲᠣᠷ᠎ᠠ ᠰᠣᠶᠣᠯ᠎ᠤᠨ ᠥᠪ ᠬᠥᠷᠥᠩᠭᠡ ᠵᠢ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠬᠠᠮᠠᠭ᠋ᠠᠯᠠᠵᠤ᠂ ᠰᠡᠯᠪᠢᠨ ᠵᠠᠰᠠᠬᠤ᠂ ᠠᠷᠠᠴᠢᠯᠠᠬᠤ᠎ᠳᠠᠭᠠᠨ ᠰᠣᠶᠣᠯ᠎ᠤᠨ ᠥᠪ ᠬᠥᠷᠥᠩᠭᠡ ᠵᠢᠨ ᠤᠤᠯ ᠪᠠᠶ᠋ᠢᠳᠠᠯ᠎ᠢ ᠬᠤᠪᠢᠷᠠᠭᠤᠯᠬᠤ ᠦᠭᠡᠶ ᠪᠠᠶ᠋ᠢᠬᠤ ᠵᠠᠷᠴᠢᠮ᠎ᠢ ᠵᠢᠷᠤᠮᠯᠠᠵᠤ᠂ ᠰᠣᠶᠣᠯ᠎ᠤᠨ ᠥᠪ ᠬᠥᠷᠥᠩᠭᠡ ᠵᠢ ᠡᠪᠳᠡᠬᠦ ᠦᠭᠡᠶ ᠪᠠᠶ᠋ᠢᠬᠤ ᠬᠡᠷᠡᠭᠲᠡᠶ᠃
ᠭᠤᠴᠢᠳᠤᠭ᠋ᠠᠷ ᠵᠦᠢ᠍ᠯ ᠲᠡᠦᠬᠡ ᠰᠣᠶᠣᠯ᠎ᠤᠨ ᠵᠡᠭᠡᠯᠢ ᠲᠣᠭᠣᠷᠢᠭ᠂ ᠨᠡᠷᠡᠲᠦ ᠪᠠᠯᠭ᠋ᠠᠰᠤ᠂ ᠨᠡᠷᠡᠲᠦ ᠲᠣᠰᠬᠣᠨ᠎ᠤ ᠭᠣᠣᠯ ᠬᠠᠮᠠᠭ᠋ᠠᠯᠠᠯᠲᠠ ᠵᠢᠨ ᠬᠡᠪᠴᠢᠶᠡᠨ ᠳᠣᠲᠣᠷ᠎ᠠ᠂ ᠰᠢᠨ᠎ᠡ᠎ᠪᠠᠷ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ ᠠᠵᠢᠯᠯᠠᠭ᠎ᠠ ᠬᠢᠵᠦ ᠪᠣᠯᠬᠤ ᠦᠭᠡᠢ᠃ ᠭᠡᠪᠡᠴᠦ ᠰᠢᠨ᠎ᠡ᠎ᠪᠠᠷ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ ᠴᠢᠬᠤᠯᠠ ᠪᠦᠬᠦᠢ ᠰᠠᠭᠤᠷᠢ ᠲᠥᠬᠥᠭᠡᠷᠦᠮᠵᠢ ᠪᠠ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠥᠬᠥᠭᠡᠷᠦᠮᠵᠢ ᠡᠭᠦᠨ᠎ᠳᠤ ᠪᠠᠭᠲᠠᠬᠤ ᠦᠭᠡᠢ᠃
ᠭᠤᠴᠢᠨ ᠨᠢᠭᠡᠳᠦᠭᠡᠷ ᠵᠦᠢ᠍ᠯ ᠲᠡᠦᠬᠡ ᠰᠣᠶᠣᠯ᠎ᠤᠨ ᠨᠡᠷᠡᠳᠥ ᠪᠠᠯᠭ᠋ᠠᠰᠤ᠂ ᠨᠡᠷᠡᠳᠥ ᠲᠣᠰᠬᠣᠨ᠂ ᠵᠡᠭᠡᠯᠢ ᠲᠣᠭᠣᠷᠢᠭ᠎ᠤᠨ ᠭᠣᠣᠯ ᠬᠠᠮᠠᠭ᠋ᠠᠯᠠᠯᠲᠠ ᠵᠢᠨ ᠬᠡᠪᠴᠢᠶᠡᠨ᠎ᠳᠠᠬᠢ ᠬᠣᠯᠪᠣᠭᠳᠠᠯ ᠪᠥᠬᠥᠢ ᠪᠥᠳᠥᠭᠡᠨ ᠪᠠᠶ᠋ᠢᠭᠤᠯᠤᠯᠲᠠ᠂ ᠬᠢᠨᠠᠨ ᠵᠥᠪᠰᠢᠶᠡᠷᠡᠬᠦ ᠪᠠᠶ᠋ᠢᠭᠤᠯᠭ᠎ᠠ᠎ᠠᠴᠠ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠤᠨ ᠨᠤᠲᠠᠯᠠᠭᠤᠯᠬᠤ ᠬᠡᠷᠡᠭᠲᠡᠢ ᠪᠥᠭᠡᠳ ᠬᠢᠨᠠᠨ ᠵᠥᠪᠰᠢᠶᠡᠷᠡᠬᠦ ᠵᠦᠢ᠍ᠯᠡᠰ᠎ᠢ ᠵᠠᠷᠯᠠᠨ ᠨᠡᠶ᠋ᠢᠲᠡᠯᠡᠵᠦ᠂ ᠣᠯᠠᠨ ᠨᠡᠶ᠋ᠢᠲᠡ ᠵᠢᠨ ᠰᠠᠨᠠᠯ᠎ᠢ ᠬᠤᠷᠢᠶᠠᠵᠤ᠂ ᠠᠰᠢᠭ ᠬᠣᠣᠷ᠎ᠤᠨ ᠬᠠᠷᠢᠴᠠᠭ᠎ᠠ᠎ᠲᠠᠢ ᠬᠥᠮᠦᠨ᠎ᠳᠤ ᠭᠡᠷᠡᠴᠢᠯᠡᠭᠡ ᠰᠤᠨᠤᠰᠬᠤ᠎ᠪᠠᠷ ᠱᠠᠭ᠋ᠠᠷᠳᠠᠬᠤ ᠡᠷᠬᠡ᠎ᠲᠠᠢ ᠭᠡᠵᠦ ᠮᠡᠳᠡᠭᠳᠡᠬᠦ ᠬᠡᠷᠡᠭᠲᠡᠢ᠃ ᠨᠡᠶ᠋ᠢᠲᠡᠯᠡᠬᠦ ᠴᠠᠭ᠎ᠢ 20 ᠡᠳᠦᠷ᠎ᠠᠴᠠ ᠳᠤᠲᠠᠭᠤ ᠪᠠᠶ᠋ᠢᠯᠭ᠋ᠠᠵᠤ ᠪᠣᠯᠬᠤ ᠦᠭᠡᠶ᠃
ᠠᠰᠢᠭ ᠬᠣᠣᠷ᠎ᠤᠨ ᠬᠠᠷᠢᠴᠠᠭ᠎ᠠ᠎ᠲᠠᠢ ᠬᠥᠮᠦᠨ ᠭᠡᠷᠡᠴᠢᠯᠡᠭᠡ ᠰᠣᠨᠣᠰᠬᠤ ᠭᠡᠪᠡᠯ ᠵᠠᠷᠯᠠᠨ ᠨᠡᠶ᠋ᠢᠲᠡᠯᠡᠬᠦ ᠬᠤᠭᠤᠴᠠᠭ᠋ᠠᠨ᠎ᠳᠤ ᠳᠤᠷᠠᠳᠬᠤ ᠬᠡᠷᠡᠭᠲᠡᠢ᠂ ᠬᠢᠨᠠᠨ ᠵᠥᠪᠰᠢᠶᠡᠷᠡᠬᠦ ᠪᠠᠶ᠋ᠢᠭᠤᠯᠭ᠎ᠠ ᠵᠠᠷᠯᠠᠨ ᠨᠡᠶ᠋ᠢᠲᠡᠯᠡᠬᠦ ᠬᠤᠭᠤᠴᠠᠭ᠎ᠠ ᠲᠠᠭᠤᠰᠤᠭᠰᠠᠨ᠎ᠤ ᠳᠠᠷᠠᠭ᠎ᠠ ᠴᠠᠭ ᠲᠤᠬᠠᠢᠳᠤᠨᠢ ᠭᠡᠷᠡᠴᠢᠯᠡᠭᠡ ᠰᠣᠨᠣᠰᠬᠤ ᠬᠡᠷᠡᠭᠲᠡᠢ᠃
ᠭᠤᠴᠢᠨ ᠬᠣᠶᠠᠳᠤᠭ᠋ᠠᠷ ᠵᠦᠢ᠍ᠯ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠳᠤᠮᠳᠠ ᠢᠯᠡᠷᠡᠭᠦᠯᠦᠭᠰᠡᠨ ᠬᠠᠮᠠᠭ᠋ᠠᠯᠠᠬᠤ ᠦᠨ᠎ᠡ ᠥᠷᠲᠡᠭ᠎ᠲᠠᠢ ᠪᠣᠯᠪᠠᠴᠤ ᠲᠡᠦᠬᠡ ᠵᠢᠨ ᠪᠠᠷᠢᠯᠭ᠎ᠠ ᠭᠡᠵᠦ ᠬᠠᠷᠠᠬᠠᠨ ᠲᠣᠭᠲᠠᠭ᠋ᠠᠭ᠋ᠠᠳᠤᠶ ᠪᠠᠷᠢᠯᠭ᠎ᠠ᠂ (ᠤᠷᠤᠨ ᠰᠠᠭᠤᠴᠠ ᠵᠢᠨ ᠪᠤᠰᠦ) ᠪᠠᠷᠢᠯᠭ᠎ᠠ᠂ ᠪᠦᠳᠦᠭᠡᠨ ᠪᠠᠢ᠌ᠭᠤᠯᠤᠭᠰᠠᠨ ᠨᠢᠭᠡᠴᠡ ᠪᠤᠶᠤ ᠪᠠᠷᠢᠯᠭ᠎ᠠ ᠵᠢᠨ ᠥᠮᠴᠢᠯᠡᠭᠴᠢ᠂ ᠬᠡᠷᠡᠭᠯᠡᠭᠴᠢ᠎ᠨᠢ ᠨᠤᠷᠠᠭ᠋ᠠᠬᠤ ᠪᠤᠶᠤ ᠪᠠᠷᠢᠯᠭ᠎ᠠ ᠪᠠᠷᠢᠬᠤ᠎ᠪᠠᠨ ᠲᠦᠷ ᠴᠠᠭ ᠵᠣᠭᠰᠣᠭ᠋ᠠᠵᠤ᠂ ᠲᠦᠷ ᠴᠠᠭ᠎ᠤᠨ ᠬᠠᠮᠠᠭ᠋ᠠᠯᠠᠬᠤ ᠠᠷᠭ᠎ᠠ ᠬᠡᠮᠵᠢᠶ᠎ᠡ ᠠᠪᠬᠤ ᠵᠢᠨ ᠬᠠᠮᠲᠤ ᠬᠣᠲᠠ᠂ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠳᠠᠷᠤᠶ᠋ᠢᠬᠠᠨ ᠮᠡᠳᠡᠭᠦᠯᠬᠦ ᠬᠡᠷᠡᠭᠲᠡᠶ᠃
ᠬᠣᠲᠠ᠂ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠠᠳᠠᠯᠢ ᠱᠠᠲᠤᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠴᠠᠭ ᠲᠤᠬᠠᠶ᠎ᠳᠤᠨᠢ ᠦᠨᠡᠯᠡᠨ ᠵᠢᠱ᠌ᠢᠵᠦ ᠨᠤᠲᠠᠯᠠᠯᠲᠠ ᠬᠢᠵᠦ᠂ ᠰᠢᠢ᠍ᠳᠪᠦᠷᠢᠯᠡᠬᠦ ᠰᠠᠨᠠᠯ ᠵᠶ᠋ᠠᠨ ᠲᠤᠷᠠᠳᠤᠨ᠎ᠠ᠃ ᠲᠣᠭᠲᠠᠭ᠋ᠠᠭᠰᠠᠨ ᠨᠥᠬᠥᠴᠡᠯ᠎ᠳᠤ ᠨᠡᠶ᠋ᠢᠴᠡᠬᠦ᠎ᠳᠤᠨᠢ ᠤᠷᠢᠳᠠᠪᠠᠷ ᠬᠠᠮᠠᠭ᠋ᠠᠯᠠᠬᠤ ᠠᠷᠭ᠎ᠠ ᠬᠡᠮᠵᠢᠶ᠎ᠡ ᠠᠪᠬᠤ ᠵᠢᠨ ᠬᠠᠮᠲᠤ ᠲᠣᠭᠲᠠᠭ᠋ᠠᠭᠰᠠᠨ ᠳᠡᠰ ᠳᠠᠷᠠᠭ᠋ᠠᠯᠠᠯ᠎ᠢ ᠲᠤᠰ ᠠᠷᠭ᠎ᠠ ᠵᠢᠨ ᠠᠷᠪᠠᠨ ᠲᠠᠪᠤᠳᠤᠭ᠋ᠠᠷ ᠵᠦᠢ᠍ᠯ᠎ᠤᠨ ᠲᠣᠭᠲᠠᠭ᠋ᠠᠯ ᠶᠣᠰᠣᠭ᠋ᠠᠷ ᠭᠦᠢ᠍ᠴᠡᠳᠭᠡᠨ᠎ᠡ᠃
ᠭᠤᠴᠢᠨ ᠭᠤᠷᠪᠠᠳᠤᠭ᠋ᠠᠷ ᠵᠦᠢ᠍ᠯ ᠨᠡᠶ᠋ᠢᠲᠡᠯᠡᠬᠦ᠎ᠪᠠᠷ ᠲᠣᠭᠲᠠᠭ᠋ᠠᠭᠰᠠᠨ ᠲᠡᠦᠬᠡ ᠵᠢᠨ ᠪᠠᠷᠢᠯᠭ᠎ᠠ ᠵᠢ ᠳᠤᠷ᠎ᠠ᠎ᠪᠠᠷ ᠵᠶ᠋ᠠᠨ ᠲᠣᠬᠢᠷᠠᠭᠤᠯᠵᠤ ᠬᠠᠰᠤᠵᠤ ᠪᠣᠯᠬᠤ ᠦᠭᠡᠶ᠃ ᠲᠡᠪᠴᠢᠬᠦ ᠵᠢᠨ ᠠᠷᠭ᠎ᠠ ᠦᠭᠡᠶ ᠬᠦᠴᠦᠨ᠎ᠠᠴᠠ ᠪᠣᠯᠵᠤ ᠲᠡᠦᠬᠡᠨ ᠪᠠᠷᠢᠯᠭ᠎ᠠ ᠤᠰᠠᠳᠤᠭᠰᠠᠨ ᠪᠤᠶᠤ ᠡᠪᠳᠡᠭᠳᠡᠵᠦ᠂ ᠦᠨᠡᠨᠬᠦ ᠬᠠᠮᠠᠭ᠋ᠠᠯᠠᠬᠤ ᠠᠴᠢ ᠬᠣᠯᠪᠣᠭᠳᠠᠯ ᠵᠶ᠋ᠠᠨ ᠠᠯᠳᠠᠭᠰᠠᠨ ᠪᠤᠶᠤ ᠪᠠᠶ᠋ᠢᠳᠠᠯ᠎ᠨᠢ ᠴᠢᠬᠤᠯᠠ ᠶᠡᠬᠡ ᠬᠤᠪᠢᠷᠠᠯᠲᠠ ᠭᠠᠷᠤᠭᠰᠠᠨ᠎ᠠᠴᠠ ᠪᠣᠯᠣᠭ᠋ᠠᠳ ᠲᠣᠬᠢᠷᠠᠭᠤᠯᠬᠤ᠂ ᠦᠭᠡᠶ᠋ᠢᠰᠬᠡᠬᠦ ᠴᠢᠬᠤᠯᠠᠲᠠᠢ ᠪᠣᠯ ᠬᠣᠲᠠ᠂ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠠᠳᠠᠯᠢ ᠱᠠᠲᠤᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠰᠠᠨᠠᠯ ᠵᠶ᠋ᠠᠨ ᠳᠤᠷᠠᠳᠴᠤ᠂ ᠬᠣᠲᠠ᠂ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠦᠪᠰᠢᠶᠡᠷᠡᠭᠦᠯᠦᠨ᠎ᠡ᠃
ᠬᠣᠲᠠ᠂ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ ᠵᠥᠪᠰᠢᠶᠡᠷᠡᠬᠦ᠎ᠠᠴᠠ ᠡᠮᠦᠨ᠎ᠡ ᠨᠡᠶ᠋ᠢᠲᠡ᠎ᠳᠤ ᠵᠠᠷᠯᠠᠬᠤ ᠬᠡᠷᠡᠭᠲᠡᠶ᠃ ᠵᠥᠪᠰᠢᠶᠡᠷᠡᠭᠰᠡᠨ᠎ᠤ ᠳᠠᠷᠠᠭ᠋ᠠᠬᠢ 30 ᠡᠳᠦᠷ᠎ᠤᠨ ᠳᠣᠲᠣᠷ᠎ᠠ ᠬᠣᠲᠠ᠂ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠱᠠᠲᠤ ᠳᠠᠷᠠᠭ᠋ᠠᠯᠠᠨ ᠳᠡᠭᠡᠭᠰᠢ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃
ᠭᠤᠴᠢᠨ ᠳᠥᠷᠪᠡᠳᠦᠭᠡᠷ ᠵᠦᠢ᠍ᠯ ᠲᠡᠦᠬᠡ ᠰᠣᠶᠣᠯ᠎ᠤᠨ ᠨᠡᠷᠡᠳᠦ ᠬᠣᠲᠠ᠂ ᠨᠡᠷᠡᠲᠦ ᠪᠠᠯᠭ᠋ᠠᠰᠤ᠂ ᠨᠡᠷᠡᠲᠦ ᠲᠣᠰᠬᠣᠨ᠂ ᠵᠡᠭᠡᠯᠢ ᠲᠣᠭᠣᠷᠢᠭ᠎ᠤᠨ ᠬᠠᠮᠠᠭ᠋ᠠᠯᠠᠯᠲᠠ ᠵᠢᠨ ᠬᠡᠪᠴᠢᠶᠡᠨ ᠳᠣᠲᠣᠷ᠎ᠠ ᠬᠠᠤᠯᠢ ᠶᠣᠰᠣᠭ᠋ᠠᠷ ᠲᠣᠭᠲᠠᠭ᠋ᠠᠭᠰᠠᠨ ᠲᠡᠦᠬᠡ ᠰᠣᠶᠣᠯ᠎ᠤᠨ ᠠᠯᠳᠠᠷᠲᠤ ᠬᠣᠲᠠ᠂ ᠨᠡᠷᠡᠲᠦ ᠪᠠᠯᠭ᠋ᠠᠰᠤ᠂ ᠨᠡᠷᠡᠲᠦ ᠲᠣᠰᠬᠣᠨ᠂ ᠵᠡᠭᠡᠯᠢ ᠲᠣᠭᠣᠷᠢᠭ᠎ᠤᠨ ᠬᠠᠮᠠᠭ᠋ᠠᠯᠠᠯᠲᠠ ᠵᠢᠨ ᠲᠥᠯᠥᠪᠵᠢᠭᠦᠯᠭᠡ ᠶᠣᠰᠣᠭ᠋ᠠᠷ ᠬᠡᠷᠡᠭᠵᠢᠭᠦᠯᠦᠨ᠎ᠡ᠃
ᠲᠡᠦᠬᠡ ᠰᠣᠶᠣᠯ᠎ᠤᠨ ᠨᠡᠷᠡᠲᠦ ᠬᠣᠲᠠ᠂ ᠨᠡᠷᠡᠲᠦ ᠪᠠᠯᠭ᠋ᠠᠰᠤ᠂ ᠨᠡᠷᠡᠲᠦ ᠲᠣᠰᠬᠣᠨ᠂ ᠵᠡᠭᠡᠯᠢ ᠲᠣᠭᠣᠷᠢᠭ᠎ᠤᠨ ᠬᠠᠮᠠᠭ᠋ᠠᠯᠠᠯᠲᠠ ᠵᠢᠨ ᠬᠡᠪᠴᠢᠶᠡᠨ᠎ᠠᠴᠠ ᠭᠠᠳᠠᠨ᠎ᠠ ᠬᠠᠤᠯᠢ ᠶᠣᠰᠣᠭ᠋ᠠᠷ ᠲᠣᠭᠲᠠᠭ᠋ᠠᠭᠰᠠᠨ ᠲᠡᠤᠬᠡᠳᠦ ᠪᠠᠷᠢᠯᠭ᠎ᠠ ᠵᠢ ᠬᠣᠲᠠ᠂ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠠᠳᠠᠯᠢ ᠱᠠᠲᠤᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠬᠠᠮᠠᠭ᠋ᠠᠯᠠᠯᠲᠠ ᠵᠢᠨ ᠬᠡᠷᠡᠭᠴᠡᠭᠡ᠎ᠪᠠᠨ ᠦᠨᠳᠦᠰᠦᠯᠡᠨ ᠬᠠᠮᠠᠭ᠋ᠠᠯᠠᠯᠲᠠ ᠵᠢᠨ ᠬᠡᠪᠴᠢᠶ᠎ᠡ ᠪᠠ ᠪᠦᠲᠦᠭᠡᠨ ᠪᠠᠶ᠋ᠢᠭᠤᠯᠤᠯᠲᠠ ᠵᠢ ᠬᠢᠵᠠᠭ᠋ᠠᠷᠯᠠᠬᠤ ᠭᠠᠵᠠᠷ ᠣᠷᠣᠨ᠎ᠢ ᠬᠤᠪᠢᠶᠠᠷᠢᠯᠠᠨ ᠲᠣᠭᠲᠠᠭ᠋ᠠᠬᠤ ᠵᠢᠨ ᠬᠠᠮᠲᠤ ᠬᠣᠯᠪᠣᠭᠳᠠᠯ ᠪᠦᠬᠦᠢ ᠲᠥᠯᠥᠪᠵᠢᠭᠦᠯᠭᠡ᠎ᠳᠤ ᠤᠷᠤᠭᠤᠯᠤᠨ᠎ᠠ᠃
ᠭᠤᠴᠢᠨ ᠲᠠᠪᠤᠳᠤᠭ᠋ᠠᠷ ᠵᠦᠢ᠍ᠯ ᠲᠡᠤᠬᠡᠳᠦ ᠪᠠᠷᠢᠯᠭ᠎ᠠ᠎ᠳᠤ ᠪᠦᠬᠦᠯᠢ ᠴᠣᠭᠴᠠ ᠵᠢᠨ ᠴᠢᠨᠠᠷᠲᠠᠢ ᠬᠠᠮᠠᠭ᠋ᠠᠯᠠᠯᠲᠠ ᠬᠢᠵᠦ᠂ ᠪᠠᠷᠢᠯᠭ᠎ᠠ ᠵᠢᠨ ᠲ᠋ᠤᠰ ᠪᠡᠶ᠎ᠡ ᠵᠢ ᠬᠠᠮᠠᠭ᠋ᠠᠯᠠᠬᠤ᠎ᠠᠴᠠ ᠭᠠᠳᠠᠨ᠎ᠠ ᠪᠠᠰᠠ ᠪᠠᠷᠢᠯᠭ᠎ᠠ ᠵᠢᠨ ᠡᠷᠬᠢᠨ ᠲᠣᠭᠣᠷᠢᠨ᠎ᠤ ᠪᠠᠶ᠋ᠢᠭ᠋ᠠᠯᠢ ᠵᠢᠨ ᠣᠷᠴᠢᠨ ᠲᠣᠭᠣᠷᠢᠨ ᠪᠠ ᠲᠡᠦᠬᠡ ᠵᠢᠨ ᠳᠦᠷᠰᠦ ᠪᠠᠶ᠋ᠢᠳᠠᠯ᠎ᠢ ᠬᠠᠮᠠᠭ᠋ᠠᠯᠠᠨ᠎ᠠ᠃
ᠭᠤᠴᠢᠨ ᠵᠢᠷᠭᠤᠳᠤᠭ᠋ᠠᠷ ᠵᠦᠢ᠍ᠯ ᠬᠤᠳᠠ᠂ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠤᠳᠠ ᠬᠥᠳᠡᠭᠡ ᠵᠢᠨ ᠪᠥᠳᠥᠭᠡᠨ ᠪᠠᠶ᠋ᠢᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠠᠮᠠᠭ᠋ᠠᠯᠠᠯᠳᠠ ᠵᠢᠨ ᠱᠠᠭ᠋ᠠᠷᠳᠠᠯᠭ᠎ᠠ ᠵᠢ ᠲᠡᠤᠬᠡᠳᠦ ᠪᠠᠷᠢᠯᠭ᠎ᠠ ᠵᠢᠨ ᠬᠠᠮᠠᠭ᠋ᠠᠯᠠᠯᠲᠠ ᠵᠢᠨ ᠬᠠᠷᠢᠭᠤᠴᠠᠯᠭ᠎ᠠ ᠡᠭᠦᠷᠭᠡᠯᠡᠭᠴᠢ᠎ᠲᠤ ᠪᠢᠴᠢᠭ ᠵᠶ᠋ᠠᠷ ᠮᠡᠳᠡᠭᠳᠡᠬᠦ ᠬᠡᠷᠡᠭᠲᠡᠢ᠃ ᠥᠮᠴᠢᠯᠡᠯ᠎ᠤᠨ ᠡᠷᠬᠡᠲᠦ ᠬᠥᠮᠦᠨ ᠲᠡᠤᠬᠡᠳᠦ ᠪᠠᠷᠢᠯᠭ᠎ᠠ ᠵᠢ ᠰᠢᠯᠵᠢᠭᠦᠯᠦᠨ ᠥᠭᠭᠦᠭᠰᠡᠨ ᠪᠤᠶᠤ ᠲᠦᠷᠢᠶᠡᠰᠦᠯᠡᠭᠦᠯᠦᠭᠰᠡᠨ ᠪᠠᠶ᠋ᠢᠪᠠᠯ᠂ ᠬᠠᠮᠠᠭ᠋ᠠᠯᠠᠯᠲᠠ ᠵᠢᠨ ᠱᠠᠭ᠋ᠠᠷᠳᠠᠯᠭ᠎ᠠ ᠵᠢ ᠰᠢᠯᠵᠢᠭᠦᠯᠦᠨ ᠠᠪᠤᠭᠴᠢ ᠪᠤᠶᠤ ᠲᠦᠷᠢᠶᠡᠰᠦᠯᠡᠭᠴᠢ᠎ᠳᠤ ᠮᠡᠳᠡᠭᠳᠡᠬᠦ ᠬᠡᠷᠡᠭᠲᠡᠢ᠃
ᠣᠯᠠᠨ ᠨᠡᠶ᠋ᠢᠲᠡ ᠵᠢᠨ ᠠᠰᠢᠭ ᠲᠤᠰᠠ ᠵᠢᠨ ᠬᠡᠷᠡᠭᠴᠡᠭᠡ᠎ᠠᠴᠠ ᠪᠣᠯᠵᠤ ᠪᠦᠲᠦᠭᠡᠨ ᠪᠠᠶ᠋ᠢᠭᠤᠯᠬᠤ ᠠᠵᠢᠯᠯᠠᠭ᠎ᠠ ᠬᠢᠵᠦ᠂ ᠲᠡᠤᠬᠡᠳᠦ ᠪᠠᠷᠢᠯᠭ᠎ᠠ ᠵᠢ ᠤᠭ ᠭᠠᠵᠠᠷ᠎ᠲᠤᠨᠢ ᠬᠠᠮᠠᠭ᠋ᠠᠯᠠᠬᠤ ᠵᠢᠨ ᠠᠷᠭ᠎ᠠ ᠦᠭᠡᠶ ᠪᠣᠯᠣᠭ᠋ᠠᠳ ᠡᠷᠬᠡᠪᠰᠢ ᠣᠨᠳᠣᠤ ᠭᠠᠵᠠᠷ ᠨᠡᠭᠦᠯᠭᠡᠨ ᠬᠠᠮᠠᠭ᠋ᠠᠯᠠᠬᠤ ᠪᠤᠶᠤ ᠨᠤᠷᠠᠭ᠋ᠠᠬᠤ ᠴᠢᠬᠤᠯᠠᠲᠠᠢ ᠪᠣᠯ ᠬᠣᠲᠠ᠂ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠠᠳᠠᠯᠢ ᠱᠠᠲᠤᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠨᠢ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠠᠮᠳᠦ ᠵᠢᠨ ᠵᠦᠪᠰᠢᠶᠡᠷᠡᠯ᠎ᠢ ᠤᠯᠬᠤ ᠬᠡᠷᠡᠭᠲᠡᠶ᠃
ᠪᠦᠳᠦᠭᠡᠨ ᠪᠠᠢ᠌ᠭᠤᠯᠤᠯᠳᠠ ᠵᠢᠨ ᠨᠢᠭᠡᠴᠡ ᠬᠡᠷᠡᠭᠵᠢᠭᠦᠯᠬᠦ ᠶᠠᠪᠤᠴᠠ ᠳᠤᠮᠳᠠ ᠲᠡᠤᠬᠡᠳᠦ ᠪᠠᠷᠢᠯᠭ᠎ᠠ ᠵᠢᠨ ᠨᠠᠷᠢᠨ ᠲᠣᠳᠣᠷᠬᠠᠶ ᠬᠡᠮᠵᠢᠨ ᠵᠢᠷᠤᠭᠯᠠᠯᠲᠠ᠂ ᠮᠡᠳᠡᠭᠡ ᠵᠠᠩᠭᠢ ᠵᠢᠨ ᠲᠡᠮᠳᠡᠭᠯᠡᠯ ᠪᠣᠯᠤᠨ ᠳᠠᠩᠰᠠ ᠡᠪᠬᠡᠮᠡᠯ᠎ᠤᠨ ᠮᠠᠲᠸᠷᠢᠶᠠᠯ᠎ᠢ ᠬᠠᠳᠠᠭ᠋ᠠᠯᠠᠬᠤ ᠠᠵᠢᠯ᠎ᠢ ᠰᠠᠶ᠋ᠢᠲᠤᠷ ᠬᠢᠬᠦ ᠵᠢᠨ ᠬᠠᠮᠲᠤ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠳᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠣᠯᠪᠣᠭᠳᠠᠯ ᠪᠦᠬᠦᠢ ᠳᠠᠩᠰᠠ ᠡᠪᠬᠡᠮᠡᠯ᠎ᠤᠨ ᠮᠠᠲᠸᠷᠢᠶᠠᠯ᠎ᠢ ᠬᠣᠲᠠ ᠵᠢᠨ ᠪᠦᠲᠦᠭᠡᠨ ᠪᠠᠶ᠋ᠢᠭᠤᠯᠤᠯᠲᠠ ᠵᠢᠨ ᠳᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠴᠠᠭ ᠲᠤᠬᠠᠶ᠎ᠳᠤᠨᠢ ᠮᠡᠳᠡᠭᠦᠯᠦᠨ ᠬᠦᠷᠭᠡᠵᠦ ᠳᠠᠩᠰᠠ ᠡᠪᠬᠡᠮᠡᠯ᠎ᠳᠤ ᠬᠠᠳᠠᠭ᠋ᠠᠯᠠᠬᠤ ᠬᠡᠷᠡᠭᠲᠡᠶ᠃
ᠲᠤᠰ ᠵᠦᠢ᠍ᠯ᠎ᠳᠤ ᠲᠣᠭᠲᠠᠭ᠋ᠠᠭᠰᠠᠨ ᠲᠡᠤᠬᠡᠳᠦ ᠪᠠᠷᠢᠯᠭ᠎ᠠ ᠵᠢ ᠣᠨᠳᠣᠣ ᠭᠠᠵᠠᠷ᠎ᠲᠤ ᠨᠡᠭᠦᠯᠭᠡᠨ ᠰᠢᠯᠵᠢᠭᠦᠯᠬᠦ᠎ᠳᠤ ᠬᠡᠷᠡᠭᠯᠡᠬᠦ ᠪᠤᠶᠤ ᠨᠤᠷᠠᠭ᠋ᠠᠬᠤ᠎ᠳᠤ ᠬᠡᠷᠡᠭᠰᠡᠬᠦ ᠵᠠᠷᠤᠳᠠᠯ᠎ᠢ ᠪᠦᠳᠦᠭᠡᠨ ᠪᠠᠢ᠌ᠭᠤᠯᠤᠯᠳᠠ ᠵᠢᠨ ᠨᠢᠭᠡᠴᠡ᠎ᠠᠴᠠ ᠪᠦᠳᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠲᠥᠰᠦᠪ᠎ᠲᠤ ᠵᠢᠭᠰᠠᠭ᠋ᠠᠨ ᠣᠷᠣᠭᠤᠯᠤᠨ᠎ᠠ᠃
ᠭᠤᠴᠢᠨ ᠳᠣᠯᠣᠳᠤᠭ᠋ᠠᠷ ᠵᠦᠢ᠍ᠯ ᠲᠡᠤᠬᠡᠳᠦ ᠪᠠᠷᠢᠯᠭ᠎ᠠ ᠵᠢ ᠥᠮᠴᠢᠯᠡᠬᠦ ᠡᠷᠬᠡᠲᠦ ᠬᠥᠮᠦᠨ ᠬᠠᠮᠠᠭ᠋ᠠᠯᠠᠯᠳᠠ ᠵᠢᠨ ᠲᠥᠯᠥᠪᠵᠢᠭᠦᠯᠭᠡ ᠵᠢᠨ ᠱᠠᠭ᠋ᠠᠷᠳᠠᠯᠭ᠎ᠠ ᠶᠣᠰᠣᠭ᠋ᠠᠷ ᠲᠡᠤᠬᠡᠳᠦ ᠪᠠᠷᠢᠯᠭ᠎ᠠ ᠵᠢ ᠬᠠᠮᠠᠭ᠋ᠠᠯᠠᠬᠤ ᠪᠠ ᠰᠡᠯᠪᠢᠨ ᠵᠠᠰᠠᠬᠤ ᠵᠢ ᠬᠠᠷᠢᠭᠤᠴᠠᠨ᠎ᠠ᠃
ᠬᠣᠲᠠ᠂ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠠᠮᠠᠭ᠋ᠠᠯᠠᠯᠲᠠ ᠵᠢᠨ ᠪᠡᠯᠡ ᠮᠥᠩᠭᠥ ᠵᠢᠨ ᠳᠣᠲᠣᠷ᠎ᠠ᠎ᠠᠴᠠ ᠲᠡᠤᠬᠡᠳᠦ ᠪᠠᠷᠢᠯᠭ᠎ᠠ ᠵᠢ ᠬᠠᠮᠠᠭ᠋ᠠᠯᠠᠬᠤ ᠪᠠ ᠰᠡᠯᠪᠢᠨ ᠵᠠᠰᠠᠬᠤ᠎ᠳᠤ ᠲᠤᠰᠠᠯᠠᠮᠵᠢ ᠣᠯᠭᠣᠵᠤ ᠪᠣᠯᠤᠨ᠎ᠠ᠃
ᠲᠡᠤᠬᠡᠳᠦ ᠪᠠᠷᠢᠯᠭ᠎ᠠ ᠡᠪᠳᠡᠭᠳᠡᠨ ᠰᠦᠢ᠍ᠳᠬᠡᠭᠳᠡᠬᠦ ᠠᠶᠤᠯᠲᠠᠢ ᠪᠣᠯ ᠲᠡᠤᠬᠡᠳᠦ ᠪᠠᠷᠢᠯᠭ᠎ᠠ ᠵᠢ ᠬᠠᠮᠠᠭ᠋ᠠᠯᠠᠬᠤ ᠬᠠᠷᠢᠭᠤᠴᠠᠯᠭ᠎ᠠ ᠡᠭᠦᠷᠭᠡᠯᠡᠭᠴᠢ᠎ᠨᠢ ᠳᠠᠷᠤᠶ᠋ᠢᠬᠠᠨ ᠠᠶᠤᠯ᠎ᠠᠴᠠ ᠠᠪᠤᠷᠠᠵᠤ ᠬᠠᠮᠠᠭ᠋ᠠᠯᠠᠬᠤ ᠵᠢ ᠵᠣᠬᠢᠶᠠᠨ ᠪᠠᠶ᠋ᠢᠭᠤᠯᠬᠤ ᠵᠢᠨ ᠬᠠᠮᠲᠤ ᠬᠣᠲᠠ᠂ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ᠂ ᠬᠣᠲᠠ᠂ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠡᠤᠬᠡᠳᠦ ᠪᠠᠷᠢᠯᠭ᠎ᠠ ᠵᠢ ᠬᠠᠮᠠᠭ᠋ᠠᠯᠠᠬᠤ ᠬᠠᠷᠢᠭᠤᠴᠠᠯᠭ᠎ᠠ ᠡᠭᠦᠷᠭᠡᠯᠡᠭᠴᠢ ᠵᠢ ᠬᠠᠪᠰᠤᠷᠤᠨ ᠠᠶᠤᠯ᠎ᠠᠴᠠ ᠠᠪᠤᠷᠠᠵᠤ ᠬᠠᠮᠠᠭ᠋ᠠᠯᠠᠨ᠎ᠠ᠃
ᠭᠤᠴᠢᠨ ᠨᠠᠢ᠍ᠮᠠᠳᠤᠭ᠋ᠠᠷ ᠵᠦᠢ᠍ᠯ ᠬᠠᠮᠠᠭ᠋ᠠᠯᠠᠯᠲᠠ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠤᠷᠢᠲᠠᠯ ᠳᠣᠣᠷ᠎ᠠ᠂ ᠲᠡᠤᠬᠡᠳᠦ ᠪᠠᠷᠢᠯᠭ᠎ᠠ ᠵᠢᠨ ᠵᠦᠢ ᠵᠣᠬᠢᠰᠲᠠᠢ ᠬᠠᠮᠠᠭ᠋ᠠᠯᠠᠬᠤ ᠴᠢᠨᠠᠷ᠎ᠢ ᠠᠰᠢᠭᠯᠠᠬᠤ ᠵᠢ ᠵᠣᠷᠢᠭᠵᠢᠭᠤᠯᠤᠨ᠎ᠠ᠃
ᠭᠤᠴᠢ ᠶᠢᠰᠦᠳᠦᠭᠡᠷ ᠵᠦᠢ᠍ᠯ ᠵᠥᠪᠰᠢᠶᠡᠷᠡᠭᠦᠯᠦᠭᠡᠳ ᠨᠡᠶ᠋ᠢᠲᠡᠯᠡᠭᠰᠡᠨ ᠲᠡᠤᠬᠡᠳᠦ ᠪᠠᠷᠢᠯᠭ᠎ᠠ ᠵᠢ ᠨᠡᠶ᠋ᠢᠲᠡᠯᠡᠭᠰᠡᠨ ᠡᠳᠦᠷ᠎ᠠᠴᠠ ᠡᠬᠢᠯᠡᠨ 60 ᠡᠳᠦᠷ᠎ᠤᠨ ᠳᠣᠲᠣᠷ᠎ᠠ ᠬᠣᠲᠠ᠂ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠡᠷ᠎ᠡ᠎ᠪᠠᠷ ᠬᠠᠮᠠᠭ᠋ᠠᠯᠠᠯᠲᠠ ᠵᠢᠨ ᠲᠡᠮᠳᠡᠭ᠎ᠢ ᠨᠢᠭᠡᠳᠦᠯᠲᠡᠶ ᠪᠠᠶ᠋ᠢᠭᠤᠯᠤᠨ᠎ᠠ᠃ ᠬᠣᠲᠠ᠂ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠡᠤᠬᠡᠳᠦ ᠪᠠᠷᠢᠯᠭ᠎ᠠ ᠵᠢᠨ ᠬᠠᠮᠠᠭ᠋ᠠᠯᠠᠯᠲᠠ ᠵᠢᠨ ᠲᠡᠮᠳᠡᠭ ᠪᠠᠢ᠌ᠭᠤᠯᠬᠤ ᠵᠢ ᠪᠣᠳᠠᠲᠠᠶ ᠵᠣᠬᠢᠶᠠᠨ ᠪᠠᠶ᠋ᠢᠭᠤᠯᠤᠨ᠎ᠠ᠃
ᠶᠠᠮᠠᠷᠪᠠ ᠨᠢᠭᠡᠴᠡ ᠪᠣᠯᠤᠨ ᠬᠤᠪᠢ ᠬᠥᠮᠦᠨ ᠲᠡᠤᠬᠡᠳᠦ ᠪᠠᠷᠢᠯᠭ᠎ᠠ ᠵᠢᠨ ᠬᠠᠮᠠᠭ᠋ᠠᠯᠠᠯᠲᠠ ᠵᠢᠨ ᠲᠡᠮᠳᠡᠭ ᠫᠠᠶ᠋ᠢᠰᠠ ᠵᠢ ᠳᠤᠷ᠎ᠠ᠎ᠪᠠᠷ ᠵᠶ᠋ᠠᠨ ᠪᠠᠶ᠋ᠢᠷᠢᠯᠠᠭᠤᠯᠬᠤ᠂ ᠰᠢᠯᠵᠢᠭᠦᠯᠬᠦ᠂ ᠪᠠᠯᠠᠯᠤᠨ ᠥᠭᠡᠷᠡᠴᠢᠯᠡᠬᠦ ᠪᠤᠶᠤ ᠡᠪᠳᠡᠵᠦ ᠪᠣᠯᠬᠤ ᠦᠭᠡᠶ᠃
ᠳᠥᠴᠢᠳᠦᠭᠡᠷ ᠵᠦᠢ᠍ᠯ ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠭᠰᠡᠨ᠎ᠢ 《ᠲᠡᠦᠬᠡ ᠰᠣᠶᠣᠯ᠎ᠤᠨ ᠨᠡᠷᠡᠲᠦ ᠬᠣᠲᠠ ᠨᠡᠷᠡᠲᠦ ᠪᠠᠯᠭ᠋ᠠᠰᠤ ᠨᠡᠷᠡᠲᠦ ᠲᠣᠰᠬᠣᠨ᠎ᠤ ᠬᠠᠮᠠᠭ᠋ᠠᠯᠠᠯᠲᠠ ᠵᠢᠨ ᠲᠤᠭᠳᠠᠭ᠋ᠠᠯ》 ᠵᠡᠷᠭᠡ ᠬᠣᠯᠪᠣᠭᠳᠠᠯ ᠪᠦᠬᠦᠢ ᠬᠠᠤᠯᠢ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ ᠰᠢᠢ᠍ᠳᠬᠡᠨ ᠲᠣᠷᠭ᠋ᠠᠨ᠎ᠠ᠃
ᠲᠠᠪᠤᠳᠤᠭ᠋ᠠᠷ ᠪᠦᠯᠦᠭ ᠳᠠᠭ᠋ᠠᠯᠳᠤᠭᠤᠯᠤᠭᠰᠠᠨ ᠳᠦᠷᠢᠮ
ᠳᠥᠴᠢᠨ ᠨᠢᠭᠡᠳᠦᠭᠡᠷ ᠵᠦᠢ᠍ᠯ ᠲᠣᠰ ᠠᠷᠭ᠎ᠠ ᠵᠢ 2020 ᠣᠨ᠎ᠤ 3 ᠳ᠋ᠤᠭ᠋ᠠᠷ ᠰᠠᠷ᠎ᠠ ᠵᠢᠨ 30᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃