《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠬᠣᠭ ᠨᠣᠪᠰᠢ ᠵᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠲᠤᠷᠰᠢᠯᠲᠠ ᠵᠢᠨ ᠴᠡᠭ᠎ᠤᠨ ᠲᠥᠰᠦᠯ》᠎ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
2020-12-07

              ᠥᠪᠥᠷ ᠪᠥᠲᠦᠭᠡᠨ ᠪᠠᠢ᠌ᠭᠤᠯᠤᠯᠲᠠ ᠲᠣᠰᠬᠣᠨ [2020] 31 ᠳ᠋ᠦ᠍ᠭᠡᠷ ᠲᠣᠭ᠋ᠠᠲᠤ


ᠡᠯ᠎ᠡ ᠬᠣᠲᠠ ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ᠂ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠂ ᠬᠠᠩᠭ᠋ᠠᠨ ᠪᠣᠷᠣᠯᠠᠭᠤᠯᠬᠤ ᠬᠣᠷᠰᠢᠶ᠎ᠠ᠂ ᠬᠥᠬᠡᠬᠣᠲᠠ᠂ ᠪᠤᠭᠤᠲᠤ ᠬᠣᠲᠠ ᠵᠢᠨ ᠬᠣᠲᠠ ᠵᠢᠨ ᠬᠠᠮᠢᠶᠠᠷᠤᠯᠲᠠ ᠵᠢᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠄
      ᠮᠠᠯᠵᠢᠬᠤ ᠲᠠᠷᠢᠶᠠᠯᠠᠬᠤ ᠣᠷᠣᠨ᠎ᠤ ᠬᠣᠭ ᠨᠣᠪᠰᠢ ᠵᠢ ᠲᠥᠷᠥᠯ ᠬᠤᠪᠢᠶᠠᠨ ᠴᠤᠭᠯᠠᠭᠤᠯᠤᠨ ᠰᠢᠢ᠍ᠳᠪᠦᠷᠢᠯᠡᠬᠦ ᠠᠵᠢᠯᠯᠠᠭ᠋ᠠᠨ᠎ᠤ ᠲᠣᠭᠲᠠᠴᠠ ᠪᠠᠶ᠋ᠢᠭᠤᠯᠬᠤ ᠵᠢ ᠢᠳᠡᠪᠬᠢᠲᠡᠢ   ᠰᠦᠪᠡᠭᠴᠢᠯᠡᠨ᠂ ᠮᠠᠯᠵᠢᠬᠤ ᠲᠠᠷᠢᠶᠠᠯᠠᠬᠤ ᠣᠷᠣᠨ᠎ᠤ ᠬᠣᠭ ᠨᠣᠪᠰᠢ ᠵᠢ ᠰᠢᠢ᠍ᠳᠪᠦᠷᠢᠯᠡᠬᠦ ᠬᠡᠮᠵᠢᠶ᠎ᠡ ᠵᠢ ᠪᠠᠭ᠋ᠠᠰᠬᠠᠵᠤ᠂ ᠡᠬᠢ ᠪᠠᠶᠠᠯᠢᠭᠵᠢᠭᠤᠯᠵᠤ᠂ ᠬᠣᠤᠷ ᠦᠭᠡᠶ᠋ᠢᠳᠡᠭᠦᠯᠬᠦ ᠪᠠ ᠶᠡᠷᠦᠩᠬᠡᠶ᠋ᠢᠯᠡᠨ ᠠᠰᠢᠭᠯᠠᠬᠤ ᠬᠢᠷᠢ ᠬᠡᠮᠵᠢᠶ᠎ᠡ ᠵᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠣᠷᠣᠰᠢᠨ ᠰᠠᠭᠤᠬᠤ ᠣᠷᠴᠢᠨ ᠲᠣᠭᠣᠷᠢᠨ᠎ᠢ ᠪᠦᠲᠦᠮᠵᠢᠲᠡᠶ ᠰᠠᠢ᠌ᠵᠢᠷᠠᠭᠤᠯᠬᠤ ᠵᠢᠨ ᠲᠤᠰᠠᠲᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠬᠣᠭ ᠨᠣᠪᠰᠢ ᠵᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠲᠤᠷᠰᠢᠯᠲᠠ ᠵᠢᠨ ᠴᠡᠭ᠎ᠤᠨ ᠲᠥᠰᠦᠯ》᠎ᠢ ᠲᠣᠭᠲᠠᠭ᠋ᠠᠵᠤ᠂ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ   ᠪᠠᠢ᠌ᠳᠠᠯ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠶ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠢ᠌ᠭᠤᠯᠤᠯᠲᠠ ᠵᠢᠨ ᠲᠢᠩᠬᠢᠮ   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ     ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠩᠭ᠋ᠠᠨ ᠪᠣᠷᠣᠯᠠᠭᠤᠯᠬᠤ ᠬᠣᠷᠰᠢᠶ᠎ᠠ ᠵᠢᠨ ᠬᠣᠯᠪᠣᠭ᠋ᠠᠲᠤ ᠬᠣᠷᠰᠢᠶ᠎ᠠ
                                                       

                                    2020 ᠣᠨ᠎ᠤ 2 ᠰᠠᠷ᠎ᠠ ᠵᠢᠨ 19᠎ᠤ ᠡᠳᠦᠷ


ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠬᠣᠭ ᠨᠣᠪᠰᠢ ᠵᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠲᠤᠷᠰᠢᠯᠲᠠ ᠵᠢᠨ ᠴᠡᠭ᠎ᠤᠨ ᠲᠥᠰᠦᠯ


      ᠮᠠᠯᠵᠢᠬᠤ ᠲᠠᠷᠢᠶᠠᠯᠠᠬᠤ ᠣᠷᠣᠨ᠎ᠤ ᠬᠣᠭ ᠨᠣᠪᠰᠢ ᠵᠢ ᠲᠥᠷᠥᠯ ᠬᠤᠪᠢᠶᠠᠨ ᠴᠤᠭᠯᠠᠭᠤᠯᠤᠨ ᠰᠢᠢ᠍ᠳᠪᠦᠷᠢᠯᠡᠬᠦ ᠠᠵᠢᠯᠯᠠᠭ᠋ᠠᠨ᠎ᠤ ᠲᠣᠭᠲᠠᠴᠠ ᠪᠠᠶ᠋ᠢᠭᠤᠯᠬᠤ ᠵᠢ ᠢᠳᠡᠪᠬᠢᠲᠡᠢ   ᠰᠦᠪᠡᠭᠴᠢᠯᠡᠨ᠂ ᠮᠠᠯᠵᠢᠬᠤ ᠲᠠᠷᠢᠶᠠᠯᠠᠬᠤ ᠣᠷᠣᠨ᠎ᠤ ᠬᠣᠭ ᠨᠣᠪᠰᠢ ᠵᠢ ᠰᠢᠢ᠍ᠳᠪᠦᠷᠢᠯᠡᠬᠦ ᠬᠡᠮᠵᠢᠶ᠎ᠡ ᠵᠢ ᠪᠠᠭ᠋ᠠᠰᠬᠠᠵᠤ᠂ ᠡᠬᠢ ᠪᠠᠶᠠᠯᠢᠭᠵᠢᠭᠤᠯᠵᠤ᠂ ᠬᠣᠤᠷ ᠦᠭᠡᠶ᠋ᠢᠳᠡᠭᠦᠯᠬᠦ ᠪᠠ ᠶᠡᠷᠦᠩᠬᠡᠶ᠋ᠢᠯᠡᠨ ᠠᠰᠢᠭᠯᠠᠬᠤ ᠬᠢᠷᠢ ᠬᠡᠮᠵᠢᠶ᠎ᠡ ᠵᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠣᠷᠣᠰᠢᠨ ᠰᠠᠭᠤᠬᠤ ᠣᠷᠴᠢᠨ ᠲᠣᠭᠣᠷᠢᠨ᠎ᠢ ᠪᠦᠲᠦᠮᠵᠢᠲᠡᠶ ᠰᠠᠢ᠌ᠵᠢᠷᠠᠭᠤᠯᠬᠤ ᠵᠢᠨ ᠲᠤᠰᠠᠲᠠ᠂ ᠲᠣᠰ ᠲᠥᠰᠦᠯ᠎ᠢ ᠲᠣᠭᠲᠠᠭ᠋ᠠᠪᠠ᠃

      ᠨᠢᠭᠡ᠂ ᠶᠡᠷᠦᠩᠬᠡᠶ ᠱᠠᠭ᠋ᠠᠷᠳᠠᠯᠭ᠎ᠠ
     (ᠨᠢᠭᠡ) ᠵᠢᠯᠣᠭᠣᠳᠬᠤ ᠦᠵᠡᠯ ᠰᠠᠨᠠᠭ᠎ᠠ
      ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢ ᠭᠦᠨᠵᠡᠭᠡᠶ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠬᠣᠭ ᠨᠣᠪᠰᠢ ᠵᠢ ᠲᠥᠷᠥᠯ ᠬᠣᠪᠢᠶᠠᠬᠤ ᠵᠢ ᠠᠮᠢ ᠠᠬᠤᠶ ᠵᠢ ᠲᠡᠷᠢᠭᠦᠨ᠎ᠳᠤ ᠲᠠᠯᠪᠢᠬᠤ ᠪᠣᠬᠢᠷᠲᠤᠯ ᠦᠭᠡᠶ ᠬᠥᠭᠵᠢᠯᠲᠡ ᠵᠢ ᠲᠦᠯᠬᠢᠨ ᠠᠬᠢᠭᠤᠯᠬᠤ ᠴᠢᠬᠤᠯᠠ ᠠᠷᠭ᠎ᠠ ᠪᠠᠷᠢᠯ ᠪᠣᠯᠭ᠋ᠠᠵᠤ᠂ ᠲᠥᠷᠥᠯ ᠬᠤᠪᠢᠶᠠᠨ   ᠲᠠᠯᠪᠢᠬᠤ᠂ ᠲᠥᠷᠥᠯ ᠬᠤᠪᠢᠶᠠᠨ ᠴᠤᠭᠯᠠᠭᠤᠯᠬᠤ᠂ ᠲᠥᠷᠥᠯ ᠬᠤᠪᠢᠶᠠᠨ ᠲᠡᠭᠡᠭᠡᠪᠦᠷᠢᠯᠡᠬᠦ᠂ ᠲᠥᠷᠥᠯ ᠬᠤᠪᠢᠶᠠᠨ ᠰᠢᠢ᠍ᠳᠪᠦᠷᠢᠯᠡᠬᠦ  ᠂ ᠬᠣᠭ ᠨᠣᠪᠰᠢ ᠵᠢ ᠰᠢᠢ᠍ᠳᠪᠦᠷᠢᠯᠡᠬᠦ ᠰᠢᠰᠲ᠋ᠧᠮᠵᠢ ᠵᠢ ᠲᠦᠷᠭᠡᠳᠬᠡᠨ ᠪᠠᠢ᠌ᠭᠤᠯᠵᠤ᠂ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠳᠣᠭᠢᠷᠬᠠᠰᠠᠨ ᠲᠠᠷᠢᠶᠠᠯᠠᠬᠤ ᠮᠠᠯᠵᠢᠬᠤ ᠣᠷᠣᠨ᠎ᠤ ᠬᠣᠭ ᠨᠣᠪᠰᠢ ᠵᠢ ᠲᠥᠷᠥᠯ ᠬᠤᠪᠢᠶᠠᠬᠤ ᠳᠦᠷᠢᠮ᠎ᠢ ᠪᠣᠶ ᠪᠣᠯᠭ᠋ᠠᠵᠤ᠂ ᠠᠮᠢ ᠠᠬᠤᠶ ᠣᠷᠴᠢᠨ ᠲᠣᠭᠣᠷᠢᠨ᠎ᠢ ᠰᠠᠢ᠌ᠵᠢᠷᠠᠭᠤᠯᠬᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠰᠢᠢ᠍ᠳᠪᠦᠷᠢᠲᠦ ᠢᠯᠠᠯᠲᠠ ᠵᠢ ᠣᠯᠬᠤ᠂ ᠡᠬᠡ ᠤᠯᠤᠰ᠎ᠤᠨ ᠤᠮᠠᠷᠠᠲᠤ ᠬᠢᠯᠢ ᠵᠢᠨ ᠦᠵᠡᠰᠬᠦᠯᠡᠩᠲᠦ ᠰᠠᠶ᠋ᠢᠬᠠᠨ ᠦᠵᠡᠮᠵᠢ ᠵᠢᠨ ᠣᠷᠣᠨ᠎ᠢ ᠪᠠᠶ᠋ᠢᠭᠤᠯᠬᠤ᠎ᠳᠤ ᠪᠠᠲᠤ ᠪᠡᠬᠢ ᠰᠠᠭᠤᠷᠢ ᠲᠠᠯᠪᠢᠬᠤ ᠬᠡᠷᠡᠭᠲᠡᠶ᠃
     (ᠬᠣᠶᠠᠷ) ᠦᠨᠳᠦᠰᠦᠨ ᠵᠠᠷᠴᠢᠮ
     — ᠵᠠᠰᠠᠭ᠎ᠤᠨ ᠣᠷᠳᠣᠨ᠎ᠠᠴᠠ ᠠᠬᠢᠭᠤᠯᠵᠤ᠂ ᠪᠥᠬᠥ ᠠᠷᠠᠳ ᠵᠶ᠋ᠠᠷ ᠵᠶ᠋ᠠᠨ ᠣᠷᠣᠯᠴᠠᠨ᠎ᠠ᠃ ᠲᠤᠷᠰᠢᠯᠲᠠ ᠵᠢᠨ ᠴᠡᠭ᠎ᠤᠨ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ ᠪᠣᠯ ᠮᠠᠯᠵᠢᠬᠤ ᠲᠠᠷᠢᠶᠠᠯᠠᠬᠤ ᠣᠷᠣᠨ᠎ᠤ ᠬᠣᠭ ᠨᠣᠪᠰᠢ ᠵᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠵᠢ ᠥᠷᠨᠢᠭᠦᠯᠬᠦ ᠬᠠᠷᠢᠭᠤᠴᠠᠯᠭ᠎ᠠ ᠵᠢᠨ ᠭᠣᠤᠯ ᠴᠣᠭᠴᠠ ᠮᠦᠨ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ ᠪᠠ ᠨᠡᠶ᠋ᠢᠭᠡᠮ ᠨᠡᠶ᠋ᠢᠲᠡ᠎ᠪᠠᠷ ᠵᠶ᠋ᠠᠨ ᠣᠷᠣᠯᠴᠠᠬᠤ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠲᠣᠰᠬᠣᠨ᠎ᠤ ᠠᠷᠠᠳ᠎ᠤᠨ ᠣᠷᠴᠢᠨ ᠲᠣᠭᠣᠷᠢᠨ᠎ᠤ ᠡᠷᠡᠭᠦᠯ ᠬᠠᠮᠠᠭ᠋ᠠᠯᠠᠯ᠎ᠤᠨ ᠤᠬᠠᠮᠰᠠᠷ᠎ᠢ ᠴᠢᠩᠭ᠋ᠠᠳᠬᠠᠵᠤ᠂ ᠲᠣᠰᠬᠣᠨ᠎ᠤ ᠠᠷᠠᠳ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠢᠳᠡᠪᠬᠢᠲᠡᠶ᠎ᠪᠠᠷ ᠲᠥᠷᠥᠯ ᠬᠤᠪᠢᠶᠠᠬᠤ ᠳᠠᠳᠬᠠᠯ᠎ᠲᠠᠢ ᠪᠤᠯᠭ᠋ᠠᠵᠤ᠂ ᠪᠦᠬᠦ ᠨᠡᠶ᠋ᠢᠭᠡᠮ ᠵᠶ᠋ᠠᠷ ᠵᠶ᠋ᠠᠨ ᠬᠣᠭ ᠨᠣᠪᠰᠢ ᠵᠢ ᠲᠥᠷᠥᠯ ᠬᠤᠪᠢᠶᠠᠬᠤ᠎ᠳᠤ ᠬᠠᠮᠲᠤᠪᠠᠷ ᠣᠷᠣᠯᠴᠠᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠤᠢ ᠪᠤᠯᠭ᠋ᠠᠨ᠎ᠠ᠃
     — ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠳᠣᠭᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠦᠨ᠎ᠡ᠃ ᠡᠯ᠎ᠡ ᠭᠠᠵᠠᠷ ᠣᠷᠣᠨ᠎ᠤ ᠬᠥᠮᠦᠨ ᠠᠮᠠ ᠵᠢᠨ ᠲᠠᠷᠬᠠᠯᠲᠠ᠂ ᠪᠠᠶ᠋ᠢᠭ᠋ᠠᠯᠢ ᠵᠢᠨ ᠨᠥᠬᠥᠴᠡᠯ᠂ ᠬᠥᠭᠵᠢᠯᠲᠡ ᠵᠢᠨ ᠬᠢᠷᠢ ᠬᠡᠮᠵᠢᠶ᠎ᠡ᠂ ᠵᠠᠮ ᠬᠠᠷᠢᠯᠴᠠᠭ᠋ᠠᠨ᠎ᠤ ᠣᠷᠣᠨ ᠪᠠᠶ᠋ᠢᠷᠢ᠂ ᠠᠮᠢᠳᠤᠷᠠᠯ᠎ᠤᠨ ᠳᠠᠳᠬᠠᠯ᠂ ᠬᠣᠭ ᠨᠣᠪᠰᠢ ᠵᠢᠨ ᠪᠦᠷᠢᠯᠳᠦᠬᠦᠨ ᠵᠡᠷᠭᠡ ᠪᠠᠶ᠋ᠢᠳᠠᠯ᠎ᠢ ᠦᠨᠳᠦᠰᠦᠯᠡᠨ᠂ ᠬᠡᠷᠡᠭᠵᠢᠭᠦᠯᠬᠦ ᠵᠠᠮ ᠮᠥᠷ᠎ᠢ ᠵᠦᠶ ᠵᠣᠬᠢᠰᠲᠠᠶ ᠲᠣᠭᠲᠠᠭ᠋ᠠᠨ᠎ᠠ᠃
     — ᠴᠡᠭ ᠵᠶ᠋ᠠᠷ ᠨᠡᠶ᠋ᠢᠳᠡᠮ᠎ᠢ ᠳᠠᠶ᠋ᠢᠴᠢᠯᠠᠵᠤ᠂ ᠠᠯᠬᠤᠮ ᠬᠤᠪᠢᠶᠠᠨ ᠠᠬᠢᠭᠤᠯᠤᠨ᠎ᠠ᠃ ᠤᠷᠢᠳᠠᠪᠠᠷ ᠬᠢᠯᠪᠠᠷ᠎ᠢ᠎ᠨᠢ ᠳᠠᠷᠠᠭ᠎ᠠ᠎ᠨᠢ ᠬᠦᠴᠢᠷᠲᠡᠶ ᠵᠢ᠎ᠨᠢ ᠰᠢᠢ᠍ᠳᠪᠦᠷᠢᠯᠡᠬᠦ ᠵᠠᠷᠴᠢᠮ ᠶᠣᠰᠣᠭ᠋ᠠᠷ᠂ ᠡᠯ᠎ᠡ ᠲᠤᠷᠰᠢᠯᠲᠠ ᠵᠢᠨ ᠴᠡᠭ᠎ᠤᠨ ᠬᠣᠰᠢᠭᠤ ᠰᠢᠶᠠᠨ (ᠬᠣᠲᠠ᠂ ᠲᠣᠭᠣᠷᠢᠭ)᠎ᠨᠢ ᠨᠢᠭᠡ ᠪᠦᠯᠦᠭ ᠮᠠᠯᠵᠢᠬᠤ ᠲᠠᠷᠢᠶᠠᠯᠠᠬᠤ ᠣᠷᠤᠨ᠎ᠤ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠰᠠᠭᠤᠷᠢ ᠨᠥᠬᠥᠴᠡᠯ ᠵᠶ᠋ᠠᠷ ᠨᠡᠯᠢᠶᠡᠳ ᠰᠠᠶ᠋ᠢᠨ᠂ ᠵᠠᠮ ᠬᠠᠷᠢᠯᠴᠠᠭ᠎ᠠ ᠲᠡᠭᠡᠭᠡᠪᠦᠷᠢ ᠳᠥᠭᠥᠮ ᠳᠥᠲᠡ᠂ ᠬᠥᠮᠦᠨ ᠠᠮᠠ ᠬᠠᠷᠢᠴᠠᠩᠭᠤᠶ ᠲᠥᠪᠯᠡᠷᠡᠭᠰᠡᠨ᠂ ᠬᠣᠶᠠᠷ ᠵᠥᠪᠯᠡᠯ᠎ᠤᠨ ᠤᠳᠤᠷᠢᠳᠬᠤ ᠪᠠᠭ᠎ᠤᠨ ᠳᠠᠶ᠋ᠢᠴᠢᠨ ᠬᠦᠴᠦᠨ ᠵᠶ᠋ᠠᠷ ᠴᠢᠩᠭ᠎ᠠ ᠭᠠᠴᠠᠭ᠎ᠠ ᠲᠣᠰᠬᠣᠨ᠎ᠢ ᠤᠷᠢᠳ ᠵᠶ᠋ᠠᠷ ᠰᠣᠩᠭᠣᠵᠤ᠂ ᠲᠤᠬᠠᠢ ᠵᠢᠨ ᠭᠠᠵᠠᠷ᠎ᠤᠨ ᠪᠣᠳᠠᠲᠠᠶ᠎ᠳᠤ ᠨᠡᠶ᠋ᠢᠴᠡᠭᠰᠡᠨ ᠮᠠᠯᠵᠢᠬᠤ ᠲᠠᠷᠢᠶᠠᠯᠠᠬᠤ ᠣᠷᠣᠨ᠎ᠤ ᠬᠣᠭ ᠨᠣᠪᠰᠢ ᠵᠢ ᠲᠥᠷᠥᠯ ᠬᠤᠪᠢᠶᠠᠨ ᠴᠤᠭᠯᠠᠭᠤᠯᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠠᠵᠢᠯ᠎ᠤᠨ ᠵᠠᠭᠪᠤᠷ᠎ᠢ ᠰᠦᠪᠡᠭᠴᠢᠯᠡᠵᠦ᠂ ᠴᠡᠭ ᠵᠶ᠋ᠠᠷ ᠨᠡᠶ᠋ᠢᠳᠡᠮ᠎ᠢ ᠳᠠᠶ᠋ᠢᠴᠢᠯᠠᠵᠤ᠂ ᠠᠯᠬᠤᠮ ᠠᠯᠬᠤᠮ ᠵᠶ᠋ᠠᠷ ᠲᠦᠯᠬᠢᠨ ᠠᠬᠢᠭᠤᠯᠤᠨ᠎ᠠ᠃ ᠨᠥᠬᠥᠴᠡᠯ᠎ᠲᠠᠢ ᠪᠣᠰᠤᠳ ᠬᠣᠰᠢᠭᠤ ᠰᠢᠶᠠᠨ (ᠬᠣᠲᠠ᠂ ᠲᠣᠭᠣᠷᠢᠭ)᠎ᠨᠢ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤ᠎ᠪᠠᠨ ᠲᠤᠬᠢᠷᠠᠭᠤᠯᠤᠨ ᠲᠣᠰ ᠲᠥᠰᠦᠯ᠎ᠤᠨ ᠱᠠᠭ᠋ᠠᠷᠳᠠᠯᠭ᠎ᠠ᠎ᠪᠠᠷ ᠯᠠᠪᠯᠠᠯᠲᠠ ᠪᠣᠯᠭ᠋ᠠᠨ ᠬᠡᠷᠡᠭᠵᠢᠭᠦᠯᠵᠦ ᠪᠣᠯᠤᠨ᠎ᠠ᠃
     (ᠭᠤᠷᠪᠠ) ᠡᠭᠦᠷᠭᠡ ᠬᠠᠷᠠᠯᠲᠠ
     2020 ᠣᠨ᠎ᠤ ᠵᠢᠯ᠎ᠤᠨ ᠰᠡᠭᠦᠯᠴᠢ᠎ᠠᠴᠠ ᠡᠮᠦᠨ᠎ᠡ᠂ ᠡᠯ᠎ᠡ ᠲᠤᠷᠰᠢᠯᠲᠠ ᠵᠢᠨ ᠴᠡᠭ᠎ᠤᠨ ᠬᠣᠰᠢᠭᠤ ᠰᠢᠶᠠᠨ (ᠬᠣᠲᠠ᠂ ᠲᠣᠭᠣᠷᠢᠭ)᠎ᠨᠢ ᠨᠢᠭᠡ ᠪᠦᠯᠦᠭ ᠬᠠᠭᠤᠯᠪᠤᠷᠢᠯᠠᠨ ᠳᠡᠯᠭᠡᠷᠡᠭᠦᠯᠵᠦ ᠪᠣᠯᠬᠤ ᠮᠠᠯᠵᠢᠬᠤ ᠲᠠᠷᠢᠶᠠᠯᠠᠬᠤ ᠣᠷᠣᠨ᠎ᠤ ᠬᠣᠭ ᠨᠣᠪᠰᠢ ᠵᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠲᠤᠷᠰᠢᠯᠭ᠎ᠠ ᠠᠷᠭ᠎ᠠ ᠬᠢᠳᠡᠯ᠎ᠢ ᠪᠣᠶ ᠪᠣᠯᠭ᠋ᠠᠨ᠎ᠠ᠃ 2022 ᠣᠨ ᠪᠣᠯᠬᠤ᠎ᠳᠤ᠂ ᠲᠠᠷᠢᠶᠠᠯᠠᠬᠤ ᠮᠠᠯᠵᠢᠬᠤ ᠣᠷᠣᠨ᠎ᠤ ᠬᠣᠭ ᠨᠣᠪᠰᠢ ᠵᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠲᠤᠷᠰᠢᠯᠲᠠ ᠵᠢᠨ ᠴᠡᠭ᠎ᠤᠨ ᠲᠤᠷᠰᠢᠯᠭ᠎ᠠ ᠵᠢ ᠳᠡᠯᠭᠡᠷᠡᠭᠦᠯᠵᠦ᠂ ᠲᠠᠷᠢᠶᠠᠯᠠᠬᠤ ᠮᠠᠯᠵᠢᠬᠤ ᠣᠷᠣᠨ᠎ᠤ ᠬᠣᠭ ᠨᠣᠪᠰᠢ ᠵᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠠᠵᠢᠯ ᠢᠯᠡᠳᠲᠡ ᠦᠷ᠎ᠡ ᠪᠦᠲᠦᠮᠵᠢ ᠣᠯᠤᠨ᠎ᠠ᠃
      ᠬᠣᠶᠠᠷ᠂ ᠭᠣᠣᠯ ᠡᠭᠦᠷᠭᠡ
     (ᠨᠢᠭᠡ) ᠬᠣᠭ ᠨᠣᠪᠰᠢ ᠵᠢ ᠲᠥᠷᠥᠯ ᠬᠤᠪᠢᠶᠠᠬᠤ ᠵᠢ ᠵᠦᠢ ᠵᠣᠬᠢᠰᠲᠠᠢ ᠥᠷᠨᠢᠭᠦᠯᠦᠨ᠎ᠡ
      ᠲᠥᠷᠥᠯ ᠬᠤᠪᠢᠶᠠᠨ ᠲᠠᠯᠪᠢᠬᠤ᠂ ᠲᠥᠷᠥᠯ ᠬᠤᠪᠢᠶᠠᠨ ᠴᠤᠭᠯᠠᠭᠤᠯᠬᠤ᠂ ᠲᠥᠷᠥᠯ ᠬᠤᠪᠢᠶᠠᠨ ᠲᠡᠭᠡᠭᠡᠪᠦᠷᠢᠯᠡᠬᠦ᠂ ᠲᠥᠷᠦᠯ ᠬᠤᠪᠢᠶᠠᠨ ᠰᠢᠢ᠍ᠳᠪᠦᠷᠢᠯᠡᠬᠦ ᠳᠥᠷᠪᠡᠨ ᠭᠣᠭᠴᠣᠭ᠎ᠠ ᠵᠢ ᠡᠮᠦᠨ᠎ᠡ ᠬᠣᠶ᠋ᠢᠨ᠎ᠠ ᠬᠣᠯᠪᠣᠭᠳᠠᠬᠤ ᠰᠢᠰᠲ᠋ᠧᠮᠲᠦ ᠢᠨᠵᠸᠨ᠋ᠸᠷᠢᠭ ᠪᠣᠯᠭ᠋ᠠᠵᠤ᠂ ᠡᠬᠢ ᠡᠭᠦᠰᠦᠯ᠎ᠠᠴᠠ᠎ᠨᠢ ᠲᠥᠷᠥᠯ ᠬᠤᠪᠢᠶᠠᠬᠤ ᠪᠠ ᠳᠠᠭ᠋ᠠᠯᠲᠠ ᠲᠡᠭᠡᠭᠡᠪᠦᠷᠢᠯᠡᠬᠦ᠂ ᠰᠢᠢ᠍ᠳᠪᠦᠷᠢᠯᠡᠬᠦ ᠠᠷᠭ᠎ᠠ   ᠮᠠᠶᠢᠭ᠎ᠢ ᠬᠠᠷᠢᠯᠴᠠᠨ ᠨᠢᠭᠡᠳᠬᠡᠬᠦ ᠬᠡᠷᠡᠭᠲᠡᠶ᠃ ᠳᠣᠤᠷᠠᠬᠢ ᠮᠡᠲᠦ ᠬᠣᠭ ᠨᠣᠪᠰᠢ ᠵᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠵᠠᠭᠪᠤᠷ᠎ᠢ ᠠᠪᠴᠤ ᠪᠣᠯᠤᠨ᠎ᠠ᠄ ᠨᠢᠭᠡ᠎ᠳᠤ᠂ ᠡᠩ ᠲᠡᠷᠢᠭᠦᠨ᠎ᠳᠤ ᠦᠢ᠍ᠯᠡᠳᠪᠦᠷᠢᠯᠡᠯ᠎ᠤᠨ ᠬᠣᠭ ᠨᠣᠪᠰᠢ ᠪᠠ ᠠᠮᠢᠳᠤᠷᠠᠯ᠎ᠤᠨ ᠬᠣᠭ ᠨᠣᠪᠰᠢ ᠵᠢ ᠲᠥᠷᠥᠯ ᠬᠤᠪᠢᠶᠠᠨ ᠰᠢᠢ᠍ᠳᠪᠦᠷᠢᠯᠡᠵᠦ᠂ ᠲᠠᠷᠢᠮᠠᠯ᠎ᠤᠨ ᠡᠰᠢ ᠰᠦᠷᠡᠯ᠂ ᠮᠠᠯ ᠵᠢᠭᠦᠷᠲᠡᠨ᠎ᠤ ᠪᠠᠭ᠋ᠠᠰᠤ ᠰᠢᠭᠡᠰᠦ᠂ ᠲᠣᠭᠣᠭ᠋ᠠᠨ ᠭᠡᠷ᠎ᠤᠨ ᠦᠯᠡᠳᠡᠭᠳᠡᠯ ᠪᠣᠳᠠᠰ᠂ ᠬᠠᠶᠠᠭᠳᠠᠮᠠᠯ ᠨᠣᠭᠣᠭ᠎ᠠ ᠮᠣᠳᠣᠨ ᠨᠠᠪᠴᠢ ᠵᠡᠷᠭᠡ ᠵᠢ ᠬᠠᠷ᠎ᠠ ᠪᠣᠷᠳᠣᠭᠤᠷ᠎ᠤᠨ ᠬᠣᠭ ᠨᠣᠪᠰᠢ᠎ᠳᠤ ᠲᠥᠷᠦᠯᠵᠢᠭᠦᠯᠦᠨ᠂ ᠪᠣᠷᠳᠣᠭᠤᠷ ᠣᠪᠤᠭ᠋ᠠᠯᠠᠬᠤ ᠵᠡᠷᠭᠡ ᠠᠷᠭ᠎ᠠ᠎ᠪᠠᠷ ᠡᠬᠢ ᠪᠠᠶᠠᠯᠢᠭᠵᠢᠭᠤᠯᠤᠨ ᠠᠰᠢᠭᠯᠠᠨ᠎ᠠ᠃ ᠬᠣᠶᠠᠷ᠎ᠲᠤ᠂ ᠠᠮᠢᠳᠤᠷᠠᠯ᠎ᠤᠨ ᠬᠣᠭ ᠨᠣᠪᠰᠢ ᠵᠢᠨ ᠳᠣᠲᠣᠷᠠᠬᠢ ᠬᠠᠶᠠᠭᠳᠠᠮᠠᠯ ᠴᠠᠭ᠋ᠠᠰᠤ᠂ ᠰᠦᠯᠢᠶᠣᠣ ᠪᠦᠲᠦᠭᠡᠭᠳᠡᠬᠦᠨ᠂ ᠰᠢᠯ ᠵᠡᠷᠭᠡ ᠵᠢ ᠬᠣᠷᠢᠶᠠᠨ ᠠᠪᠴᠤ ᠪᠣᠯᠬᠤ ᠬᠣᠭ ᠨᠣᠪᠰᠢ᠎ᠳᠤ ᠲᠥᠷᠦᠯᠵᠢᠭᠦᠯᠦᠨ᠂ ᠡᠭᠡᠭᠦᠯᠦᠨ ᠬᠤᠷᠢᠶᠠᠬᠤ ᠰᠢᠰᠲ᠋ᠧᠮᠵᠢ ᠵᠢ ᠲᠡᠭᠦᠯᠳᠡᠷᠵᠢᠭᠦᠯᠵᠦ᠂ ᠳᠠᠬᠢᠯᠲᠠ ᠡᠬᠢ ᠪᠠᠶᠠᠯᠢᠭ ᠵᠶ᠋ᠡᠷ ᠡᠭᠡᠭᠦᠯᠦᠨ ᠬᠤᠷᠢᠶᠠᠨ ᠠᠰᠢᠭᠯᠠᠨ᠎ᠠ᠃ ᠪᠤᠰᠤᠳ ᠠᠮᠢᠳᠤᠷᠠᠯ᠎ᠤᠨ ᠬᠣᠭ ᠨᠣᠪᠰᠢ ᠵᠢ ᠬᠣᠰᠢᠭᠤ ᠰᠢᠶᠠᠨ (ᠬᠣᠲᠠ᠂ ᠲᠣᠭᠣᠷᠢᠭ)᠎ᠤ ᠠᠮᠢᠳᠤᠷᠠᠯ᠎ᠤᠨ ᠬᠣᠭ ᠨᠣᠪᠰᠢ ᠵᠢ ᠬᠣᠤᠷ ᠦᠭᠡᠢ᠌ᠳᠡᠭᠦᠯᠦᠨ ᠰᠢᠢ᠍ᠳᠪᠦᠷᠢᠯᠡᠬᠦ ᠦᠢ᠍ᠯᠡᠳᠪᠦᠷᠢ᠎ᠪᠠᠷ ᠳᠠᠮᠵᠢᠭᠤᠯᠤᠨ ᠪᠤᠯᠠᠵᠤ ᠰᠢᠢ᠍ᠳᠪᠦᠷᠢᠯᠡᠬᠦ ᠪᠣᠶᠤ ᠣᠶ᠋ᠢᠷ᠎ᠠ ᠬᠠᠪᠢ᠎ᠳᠤ᠎ᠨᠢ ᠭᠢᠯᠪᠠᠭ᠋ᠠᠲᠤ ᠨᠡᠷᠡᠯᠲᠡ ᠵᠢᠨ ᠡᠷᠦᠳᠡᠰᠵᠢᠭᠦᠯᠬᠦ ᠵᠤᠤᠬ᠎ᠠ ᠵᠡᠷᠭᠡ ᠪᠡᠯᠡᠳᠬᠡᠮᠵᠢ ᠵᠢ ᠠᠰᠢᠭᠯᠠᠨ ᠰᠢᠢ᠍ᠳᠪᠦᠷᠢᠯᠡᠨ᠎ᠡ᠃ ᠭᠤᠷᠪᠠ᠎ᠳᠤ᠂ ᠲᠠᠷᠢᠶᠠᠨ ᠡᠮ᠎ᠤᠨ ᠦᠯᠡᠳᠡᠭᠳᠡᠯ ᠡᠳ᠋᠂ ᠬᠠᠶᠠᠭᠳᠠᠮᠠᠯ ᠳ᠋ᠢᠶᠠᠨ ᡂᠢ ᠵᠡᠷᠭᠡ ᠵᠢ ᠬᠣᠣᠷᠲᠤ ᠬᠣᠭ ᠨᠣᠪᠰᠢ᠎ᠳᠤ ᠲᠥᠷᠦᠯᠵᠢᠭᠦᠯᠵᠤ᠂ ᠠᠵᠢᠯ ᠲᠥᠷᠥᠯ᠎ᠤᠨ ᠬᠠᠮᠢᠶᠠᠷᠤᠯᠲᠠ ᠵᠢᠨ ᠱᠠᠭ᠋ᠠᠷᠳᠠᠯᠭ᠎ᠠ ᠶᠣᠰᠣᠭ᠋ᠠᠷ ᠴᠤᠭᠯᠠᠭᠤᠯᠤᠨ ᠰᠢᠢ᠍ᠳᠪᠦᠷᠢᠯᠡᠨ᠎ᠡ᠃ ᠪᠠᠷᠢᠯᠭ᠎ᠠ ᠵᠢᠨ ᠬᠣᠭ ᠨᠣᠪᠰᠢ ᠵᠢ ᠵᠠᠮ ᠳᠡᠪᠢᠰᠬᠦ᠂ ᠨᠦᠬᠡ ᠪᠥᠭᠯᠡᠬᠦ ᠪᠤᠶᠤ ᠣᠢ᠌ᠷ᠎ᠠ ᠬᠠᠪᠢ᠎ᠳᠤ᠎ᠨᠢ ᠪᠤᠯᠠᠬᠤ᠎ᠳᠤ ᠬᠡᠷᠡᠭᠯᠡᠨ᠎ᠡ᠃ ᠪᠠᠰᠠ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠪᠤᠰᠤᠳ ᠳᠥᠭᠥᠮ ᠪᠥᠭᠡᠳ ᠶᠠᠪᠤᠭᠳᠠᠭᠤᠰᠢᠲᠠᠶ ᠬᠣᠭ ᠨᠣᠪᠰᠢ ᠵᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠵᠠᠭᠪᠤᠷ᠎ᠢ ᠰᠣᠩᠭᠣᠭᠰᠠᠨ ᠴᠤ᠌ ᠪᠣᠯᠤᠨ᠎ᠠ᠃
     (ᠬᠣᠶᠠᠷ) ᠬᠤᠷᠢᠶᠠᠬᠤ ᠲᠡᠭᠡᠭᠡᠪᠦᠷᠢᠯᠡᠬᠦ ᠰᠢᠢ᠍ᠳᠪᠦᠷᠢᠯᠡᠬᠦ ᠰᠢᠰᠲ᠋ᠧᠮ᠎ᠢ ᠪᠦᠷᠢᠨᠰᠢᠬᠦᠯᠦᠨ᠎ᠠ
      ᠬᠣᠭ ᠨᠣᠪᠰᠢ ᠵᠢ ᠬᠤᠷᠢᠶᠠᠬᠤ ᠲᠡᠭᠡᠭᠡᠪᠦᠷᠢᠯᠡᠬᠦ ᠰᠢᠢ᠍ᠳᠪᠦᠷᠢᠯᠡᠬᠦ ᠵᠠᠭᠪᠤᠷ᠎ᠢ ᠵᠦᠶ ᠵᠣᠬᠢᠰᠲᠠᠶ ᠲᠣᠭᠲᠠᠭ᠋ᠠᠵᠤ᠂ ᠨᠥᠬᠥᠴᠡᠯ᠎ᠲᠠᠢ ᠭᠠᠵᠠᠷ ᠣᠷᠣᠨ᠎ᠨᠤᠭᠤᠳ 《ᠮᠠᠯᠵᠢᠬᠤ ᠲᠠᠷᠢᠶᠠᠯᠠᠬᠤ ᠡᠷᠦᠬᠡ ᠲᠥᠷᠥᠯ ᠬᠤᠪᠢᠶᠠᠬᠤ᠂ ᠭᠠᠴᠠᠭ᠎ᠠ ᠲᠣᠰᠬᠣᠨ ᠴᠤᠭᠯᠠᠭᠤᠯᠬᠤ᠂ ᠰᠤᠮᠤ ᠰᠢᠶᠠᠩ ᠪᠠᠯᠭ᠋ᠠᠰᠤ ᠳᠠᠮᠵᠢᠭᠤᠯᠤᠨ ᠲᠡᠭᠡᠭᠡᠪᠦᠷᠢᠯᠡᠬᠦ᠂ ᠬᠣᠰᠢᠭᠤ ᠰᠢᠶᠠᠨ (ᠬᠣᠲᠠ᠂ ᠲᠣᠭᠣᠷᠢᠭ) ᠰᠢᠢ᠍ᠳᠪᠦᠷᠢᠯᠡᠬᠦ》 ᠬᠣᠲᠠ ᠬᠥᠳᠡᠭᠡ ᠵᠢ ᠨᠢᠭᠡ ᠴᠣᠭᠴᠠᠵᠢᠭᠤᠯᠤᠨ ᠵᠠᠰᠠᠬᠤ ᠵᠠᠭᠪᠤᠷ᠎ᠢ ᠠᠪᠴᠤ ᠪᠣᠯᠤᠨ᠎ᠠ᠃ ᠬᠣᠲᠠ ᠪᠠᠯᠭ᠋ᠠᠰᠤ᠎ᠠᠴᠠ ᠨᠡᠯᠢᠶᠡᠳ ᠬᠣᠯᠠ᠂ ᠬᠥᠮᠦᠨ ᠠᠮᠠ ᠬᠠᠷᠢᠴᠠᠩᠭᠤᠶ ᠲᠥᠪᠯᠡᠷᠡᠭᠰᠡᠨ ᠲᠣᠰᠬᠣᠨ ᠪᠠᠯᠭ᠋ᠠᠰᠤ᠎ᠳᠤ 《ᠮᠠᠯᠵᠢᠬᠤ ᠲᠠᠷᠢᠶᠠᠯᠠᠬᠤ ᠡᠷᠦᠬᠡ ᠲᠥᠷᠥᠯ ᠬᠤᠪᠢᠶᠠᠬᠤ᠂ ᠭᠠᠴᠠᠭ᠎ᠠ ᠲᠣᠰᠬᠣᠨ ᠴᠤᠭᠯᠠᠭᠤᠯᠬᠤ᠂ ᠰᠤᠮᠤ ᠰᠢᠶᠠᠩ ᠪᠠᠯᠭ᠋ᠠᠰᠤ (ᠣᠷᠣᠨ ᠪᠦᠰᠡ) ᠰᠢᠢ᠍ᠳᠪᠦᠷᠢᠯᠡᠬᠦ》 ᠲᠥᠪᠯᠡᠷᠡᠭᠦᠯᠦᠨ ᠵᠠᠰᠠᠬᠤ ᠵᠠᠭᠪᠤᠷ᠎ᠢ ᠠᠪᠴᠤ ᠪᠣᠯᠤᠨ᠎ᠠ᠃ ᠪᠤᠶ᠋ᠢᠳᠠ ᠪᠥᠭᠯᠡᠭᠦᠤ ᠵᠢᠴᠢ ᠬᠥᠮᠦᠨ ᠠᠮᠠ᠎ᠨᠢ ᠲᠠᠷᠠᠬᠠᠶ ᠪᠤᠲᠠᠷᠬᠠᠶ ᠭᠠᠴᠠᠭ᠎ᠠ ᠲᠣᠰᠬᠣᠨ᠎ᠨᠢ 《ᠮᠠᠯᠵᠢᠬᠤ ᠲᠠᠷᠢᠶᠠᠯᠠᠬᠤ ᠡᠷᠦᠬᠡ ᠲᠥᠷᠥᠯ ᠬᠤᠪᠢᠶᠠᠬᠤ᠂ ᠭᠠᠴᠠᠭ᠎ᠠ ᠲᠣᠰᠬᠣᠨ ᠴᠤᠭᠯᠠᠭᠤᠯᠬᠤ᠂ ᠭᠠᠴᠠᠭ᠎ᠠ ᠲᠣᠰᠬᠣᠨ ᠰᠢᠢ᠍ᠳᠪᠦᠷᠢᠯᠡᠬᠦ》 ᠲᠠᠷᠠᠬᠠᠶ ᠪᠤᠲᠠᠷᠬᠠᠶ ᠵᠠᠰᠠᠬᠤ ᠵᠠᠭᠪᠤᠷ᠎ᠢ ᠠᠪᠴᠤ ᠪᠣᠯᠤᠨ᠎ᠠ᠃ ᠨᠥᠬᠥᠴᠡᠯ ᠪᠦᠷᠢᠯᠳᠦᠭᠦᠯᠦᠭᠡᠳᠦᠶ᠎ᠨᠢ ᠲᠣᠬᠢᠲᠠᠶ ᠬᠠᠳᠠᠭ᠋ᠠᠯᠠᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠭᠠᠳᠠᠭᠰᠢ ᠲᠡᠭᠡᠭᠡᠪᠦᠷᠢᠯᠡᠨ ᠰᠢᠢ᠍ᠳᠪᠦᠷᠢᠯᠡᠬᠦ ᠬᠡᠷᠡᠭᠲᠡᠶ᠃
     (ᠭᠤᠷᠪᠠ) ᠬᠤᠷᠢᠶᠠᠬᠤ ᠲᠡᠭᠡᠭᠡᠪᠦᠷᠢᠯᠡᠬᠦ ᠰᠢᠢ᠍ᠳᠪᠦᠷᠢᠯᠡᠬᠦ ᠲᠥᠬᠥᠭᠡᠷᠦᠮᠵᠢ ᠵᠢ ᠲᠡᠭᠦᠯᠳᠡᠷᠵᠢᠭᠦᠯᠦᠨ᠎ᠡ
      ᠡᠯ᠎ᠡ ᠲᠤᠷᠰᠢᠯᠲᠠ ᠵᠢᠨ ᠴᠡᠭ᠎ᠤᠨ ᠬᠣᠰᠢᠭᠤ ᠰᠢᠶᠠᠨ (ᠬᠣᠲᠠ᠂ ᠲᠣᠭᠣᠷᠢᠭ)᠎ᠨᠢ ᠠᠶ᠋ᠢᠯ ᠲᠣᠰᠬᠣᠨ᠎ᠤ ᠬᠡᠪᠴᠢᠶ᠎ᠡ᠂ ᠵᠠᠮ ᠬᠠᠷᠢᠯᠴᠠᠭ᠋ᠠᠨ᠎ᠤ ᠣᠷᠣᠨ ᠪᠠᠶ᠋ᠢᠷᠢ ᠵᠡᠷᠭᠡ ᠬᠦᠴᠦᠨ ᠵᠦᠢ᠍ᠯ᠎ᠢ ᠦᠨᠳᠦᠰᠦᠯᠡᠨ᠂ ᠨᠢᠭᠡᠳᠦᠯᠲᠡᠶ ᠲᠥᠯᠥᠪᠵᠢᠭᠦᠯᠬᠦ᠂ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠬᠤ᠂ ᠲᠤᠬᠠᠶ ᠵᠢᠨ ᠭᠠᠵᠠᠷ᠎ᠲᠤᠨᠢ ᠰᠢᠢ᠍ᠳᠪᠦᠷᠢᠯᠡᠬᠦ ᠱᠠᠭ᠋ᠠᠷᠳᠠᠯᠭ᠎ᠠ ᠶᠣᠰᠣᠭ᠋ᠠᠷ᠂ ᠠᠮᠠᠷᠬᠠᠨ ᠢᠯᠵᠢᠷᠡᠬᠦ ᠬᠣᠭ ᠨᠣᠪᠰᠢ ᠵᠢ ᠪᠠᠭ᠋ᠠᠰᠬᠠᠬᠤ ᠪᠠ ᠡᠬᠢ ᠪᠠᠶᠠᠯᠢᠭᠵᠢᠭᠤᠯᠤᠨ ᠰᠢᠢ᠍ᠳᠪᠦᠷᠢᠯᠡᠬᠦ ᠪᠡᠯᠡᠳᠬᠡᠮᠵᠢ ᠵᠢᠨ ᠤᠷ᠎ᠠ ᠮᠡᠷᠭᠡᠰᠢᠯ ᠪᠣᠯᠤᠨ ᠬᠡᠪᠴᠢᠶ᠎ᠡ ᠵᠢ ᠰᠢᠨᠵᠢᠯᠡᠬᠦ ᠤᠬᠠᠭ᠋ᠠᠨᠴᠢ᠎ᠪᠠᠷ ᠲᠤᠭᠲᠠᠭ᠋ᠠᠵᠤ᠂ ᠨᠢᠭᠡ ᠲᠣᠰᠬᠣᠨ᠎ᠳᠤ ᠨᠢᠭᠡ ᠪᠠᠶ᠋ᠢᠭᠤᠯᠬᠤ ᠪᠤᠶᠤ ᠣᠯᠠᠨ ᠲᠣᠰᠬᠣᠨ᠎ᠳᠤ ᠬᠠᠮᠲᠤᠷᠠᠨ ᠪᠠᠶ᠋ᠢᠭᠤᠯᠵᠤ ᠪᠣᠯᠤᠨ᠎ᠠ᠃ ᠮᠡᠷᠭᠡᠵᠢᠯ᠎ᠤᠨ ᠪᠠᠷᠢᠮᠵᠢᠶ᠎ᠠ ᠪᠣᠯᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠭᠢᠯᠪᠠᠭ᠋ᠠᠲᠤ ᠨᠡᠷᠡᠯᠲᠡ ᠵᠢᠨ ᠡᠷᠦᠳᠡᠰᠵᠢᠭᠦᠯᠬᠦ ᠵᠤᠤᠬ᠎ᠠ ᠵᠡᠷᠭᠡ ᠪᠡᠯᠡᠳᠬᠡᠮᠵᠢ ᠵᠢ ᠬᠡᠷᠡᠭᠯᠡᠨ ᠲᠠᠷᠢᠶᠠᠯᠠᠬᠤ ᠮᠠᠯᠵᠢᠬᠤ ᠣᠷᠣᠨ᠎ᠤ ᠠᠮᠢᠳᠤᠷᠠᠯ᠎ᠤᠨ ᠬᠣᠭ ᠨᠣᠪᠰᠢ ᠵᠢ ᠰᠢᠢ᠍ᠳᠪᠦᠷᠢᠯᠡᠬᠦ ᠵᠢ ᠵᠣᠷᠢᠭᠵᠢᠭᠤᠯᠤᠨ᠎ᠠ᠃ ᠵᠠᠰᠠᠭ ᠵᠠᠬᠢᠷᠭ᠋ᠠᠨ᠎ᠤ ᠲᠣᠰᠬᠣᠨ (ᠭᠠᠴᠠᠭ᠎ᠠ) ᠨᠢᠭᠡᠪᠦᠷᠢ᠎ᠨᠢ ᠠᠳᠠᠭ᠎ᠲᠠᠭᠠᠨ ᠨᠢᠭᠡ ᠡᠭᠡᠭᠦᠯᠦᠨ ᠬᠤᠷᠢᠶᠠᠵᠤ ᠪᠣᠯᠬᠤ ᠪᠣᠳᠠᠰ᠎ᠢ ᠲᠥᠷᠥᠯ ᠬᠤᠪᠢᠶᠠᠨ ᠣᠪᠣᠭ᠋ᠠᠯᠠᠬᠤ ᠭᠠᠵᠠᠷ ᠭᠠᠷᠭ᠋ᠠᠵᠤ᠂ ᠠᠶ᠋ᠢᠯ ᠲᠣᠰᠬᠣᠨ ᠳᠤᠭᠤᠶ᠋ᠢᠯᠠᠩ ᠨᠢᠭᠡᠪᠦᠷᠢ᠎ᠨᠢ ᠲᠥᠷᠥᠯ ᠬᠤᠪᠢᠶᠠᠭᠰᠠᠨ ᠬᠣᠭ ᠨᠣᠪᠰᠢ ᠵᠢᠨ ᠬᠠᠶ᠋ᠢᠷᠴᠠᠭ (ᠰᠠᠭᠤᠯᠠᠭ᠎ᠠ)᠎ᠢ ᠵᠦᠶ ᠵᠣᠬᠢᠰᠲᠠᠶ ᠲᠣᠬᠢᠷᠠᠭᠤᠯᠬᠤ ᠬᠡᠷᠡᠭᠲᠡᠶ᠃ ᠡᠯ᠎ᠡ ᠵᠠᠰᠠᠭ ᠵᠠᠬᠢᠷᠭ᠋ᠠᠨ᠎ᠤ ᠲᠣᠰᠬᠣᠨ (ᠭᠠᠴᠠᠭ᠎ᠠ)᠎ᠨᠤᠭᠤᠳ ᠲᠣᠰᠬᠣᠨ᠎ᠳᠤ ᠣᠷᠣᠵᠤ ᠭᠠᠷᠬᠤ ᠡᠭᠦᠳᠡ ᠪᠣᠯᠤᠨ ᠲᠥᠪᠯᠡᠷᠡᠭᠰᠡᠨ ᠲᠣᠭᠣᠷᠢᠭ᠎ᠤᠨ ᠡᠷᠭᠢᠨ ᠲᠣᠭᠣᠷᠢᠨ᠎ᠳᠤ ᠠᠮᠢᠳᠤᠷᠠᠯ᠎ᠤᠨ ᠬᠣᠭ ᠨᠣᠪᠰᠢ ᠵᠢ ᠲᠥᠷᠥᠯ   ᠬᠣᠪᠢᠶᠠᠬᠤ ᠵᠢ ᠤᠬᠠᠭᠤᠯᠬᠤ ᠪᠤᠯᠤᠩ ᠪᠠᠶ᠋ᠢᠭᠤᠯᠬᠤ ᠬᠡᠷᠡᠭᠲᠡᠶ᠃
     (ᠲᠦᠷᠪᠡ) ᠬᠤᠷᠢᠶᠠᠨ ᠠᠪᠬᠤ ᠰᠢᠰᠲ᠋ᠧᠮ᠎ᠢ ᠪᠠᠶ᠋ᠢᠭᠤᠯᠤᠨ᠎ᠠ
      ᠳᠠᠬᠢᠯᠲᠠ ᠡᠬᠢ ᠪᠠᠶᠠᠯᠢᠭ᠎ᠢ ᠡᠭᠡᠭᠦᠯᠦᠨ ᠬᠤᠷᠢᠶᠠᠵᠤ ᠠᠰᠢᠭᠯᠠᠬᠤ ᠲᠣᠤᠷ ᠰᠦᠯᠵᠢᠶ᠎ᠡ ᠵᠢ ᠪᠦᠷᠢᠨᠰᠢᠭᠦᠯᠵᠦ᠂ ᠪᠠᠢ᠌ᠷᠢᠯᠠᠭᠤᠯᠤᠯᠲᠠ ᠵᠢᠨ ᠴᠡᠭ᠎ᠢ ᠵᠦᠶ ᠵᠣᠬᠢᠰᠲᠠᠶ ᠪᠠᠶ᠋ᠢᠷᠢᠯᠠᠭᠤᠯᠤᠨ᠂ ᠪᠦᠲᠦᠭᠡᠨ ᠪᠠᠶ᠋ᠢᠭᠤᠯᠬᠤ ᠪᠠᠷᠢᠮᠵᠢᠶ᠎ᠠ ᠵᠢ ᠳᠡᠭᠡᠭᠰᠢᠯᠡᠭᠦᠯᠦᠨ᠎ᠡ᠃ 《ᠬᠤᠪᠢ ᠬᠤᠷᠠᠮᠳᠤᠭᠤᠯᠬᠤ ᠬᠡᠲᠦ ᠳᠡᠯᠭᠡᠭᠦᠷ》᠎ᠠᠴᠠ ᠡᠳ᠋ ᠪᠣᠳᠠᠰ ᠱᠠᠩᠨᠠᠯ ᠵᠡᠷᠭᠡ ᠵᠢ ᠰᠣᠯᠢᠵᠤ ᠠᠪᠬᠤ ᠠᠷᠭ᠎ᠠ ᠮᠠᠶᠢᠭ ᠵᠶ᠋ᠠᠷ ᠳᠠᠮᠵᠢᠭᠤᠯᠤᠨ᠂ ᠬᠣᠭ ᠨᠣᠪᠰᠢ ᠵᠢ ᠡᠭᠡᠭᠦᠯᠦᠨ ᠬᠤᠷᠢᠶᠠᠬᠤ ᠨᠣᠷᠮ᠎ᠠ ᠵᠢ ᠳᠡᠭᠡᠭᠰᠢᠯᠡᠭᠦᠯᠦᠨ᠎ᠡ᠃ ᠬᠣᠭ ᠨᠣᠪᠰᠢ ᠬᠣᠷᠢᠶᠠᠨ ᠲᠡᠭᠡᠭᠡᠪᠦᠷᠢᠯᠡᠬᠦ ᠰᠢᠰᠲ᠋ᠧᠮ ᠬᠢᠭᠡᠳ ᠳᠠᠬᠢᠯᠲᠠ ᠡᠬᠢ ᠪᠠᠶᠠᠯᠢᠭ᠎ᠢ ᠡᠭᠡᠭᠦᠯᠦᠨ ᠬᠤᠷᠢᠶᠠᠵᠤ ᠠᠰᠢᠭᠯᠠᠬᠤ ᠰᠢᠰᠲ᠋ᠧᠮ᠎ᠢ ᠵᠣᠯᠭ᠋ᠠᠭᠤᠯᠬᠤ ᠵᠢ ᠠᠬᠢᠭᠤᠯᠵᠤ᠂ ᠬᠡᠷᠡᠭᠯᠡᠭᠡᠨ᠎ᠤ ᠴᠢᠨᠠᠷᠲᠠᠶ ᠡᠬᠢ ᠪᠠᠶᠠᠯᠢᠭ᠎ᠢ ᠡᠭᠡᠭᠦᠯᠦᠨ ᠬᠤᠷᠢᠶᠠᠵᠤ ᠠᠰᠢᠭᠯᠠᠬᠤ ᠳᠦᠷᠢᠮ᠎ᠢ ᠪᠠᠶ᠋ᠢᠭᠤᠯᠤᠨ᠎ᠠ᠃ ᠲᠤᠷᠰᠢᠯᠲᠠ ᠵᠢᠨ ᠴᠡᠭ᠎ᠤᠨ ᠬᠣᠰᠢᠭᠤ ᠰᠢᠶᠠᠨ (ᠬᠣᠲᠠ᠂ ᠲᠣᠭᠣᠷᠢᠭ)᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠳᠠᠭ᠋ᠠᠭ᠋ᠠᠴᠢᠯᠠᠯᠲᠠ ᠵᠠᠷᠯᠠᠬᠤ ᠵᠡᠷᠭᠡ ᠪᠦᠲᠦᠮᠵᠢᠲᠡᠶ ᠠᠷᠭ᠎ᠠ ᠮᠠᠶᠢᠭ ᠵᠶ᠋ᠠᠷ ᠳᠠᠮᠵᠢᠭᠤᠯᠤᠨ᠂ ᠬᠢᠷᠢ ᠬᠡᠮ᠎ᠲᠠᠢ᠂ ᠴᠢᠳᠠᠪᠤᠷᠢ᠎ᠲᠠᠢ ᠡᠯ᠎ᠡ ᠲᠥᠷᠥᠯ᠎ᠤᠨ ᠠᠵᠤ ᠠᠬᠤᠶ᠋ᠢᠯᠠᠯ᠎ᠤᠨ ᠮᠠᠯᠵᠢᠬᠤ ᠲᠠᠷᠢᠶᠠᠯᠠᠬᠤ ᠣᠷᠣᠨ᠎ᠤ ᠬᠣᠭ ᠨᠣᠪᠰᠢ ᠵᠢ ᠲᠥᠪᠯᠡᠷᠡᠭᠦᠯᠦᠨ ᠬᠣᠷᠢᠶᠠᠨ ᠠᠪᠴᠤ ᠰᠢᠢ᠍ᠳᠪᠦᠷᠢᠯᠡᠬᠦ ᠠᠵᠢᠯ᠎ᠳᠤ ᠢᠳᠡᠪᠬᠢᠲᠡᠢ ᠣᠷᠣᠯᠴᠠᠬᠤ ᠵᠢ ᠵᠣᠷᠢᠭᠵᠢᠭᠤᠯᠤᠨ ᠳᠠᠮᠵᠢᠵᠤ᠂ ᠳᠠᠬᠢᠯᠲᠠ ᠡᠬᠢ ᠪᠠᠶᠠᠯᠢᠭ᠎ᠢ ᠬᠣᠷᠢᠶᠠᠨ ᠠᠪᠴᠤ ᠠᠰᠢᠭᠯᠠᠬᠤ ᠮᠡᠳᠡᠭᠡ ᠵᠠᠩᠭᠢᠵᠢᠯᠲᠠ ᠵᠢᠨ ᠲᠠᠪᠴᠠᠩ᠎ᠢ ᠰᠦᠪᠡᠭᠴᠢᠯᠡᠨ ᠪᠠᠢ᠌ᠭᠤᠯᠵᠤ᠂ ᠡᠭᠡᠭᠦᠯᠦᠨ ᠬᠤᠷᠢᠶᠠᠬᠤ ᠲᠥᠷᠥᠯ ᠵᠦᠢ᠍ᠯ᠂ ᠠᠷᠠᠯᠵᠢᠶᠠᠯᠠᠬᠤ ᠦᠨ᠎ᠡ ᠬᠠᠩᠰᠢ᠂ ᠡᠭᠡᠭᠦᠯᠦᠨ ᠬᠤᠷᠢᠶᠠᠬᠤ ᠠᠷᠭ᠎ᠠ ᠮᠠᠶᠢᠭ ᠵᠡᠷᠭᠡ ᠮᠡᠳᠡᠭᠡ ᠵᠠᠩᠭᠢ ᠵᠢ ᠬᠠᠩᠭ᠋ᠠᠨ᠎ᠠ᠃
     (ᠲᠠᠪᠤ) ᠠᠷᠢᠭᠤᠨ ᠴᠡᠪᠡᠷ᠎ᠢ ᠬᠠᠮᠠᠭ᠋ᠠᠯᠠᠬᠤ ᠡᠩᠨᠡᠭᠡ ᠵᠢ ᠪᠠᠶ᠋ᠢᠭᠤᠯᠤᠨ᠎ᠠ
      ᠬᠣᠭ ᠨᠣᠪᠰᠢ ᠵᠢ ᠲᠥᠷᠥᠯ ᠬᠤᠪᠢᠶᠠᠨ ᠲᠠᠯᠪᠢᠬᠤ᠂ ᠴᠤᠭᠯᠠᠭᠤᠯᠬᠤ᠂ ᠲᠡᠭᠡᠭᠡᠪᠦᠷᠢᠯᠡᠬᠦ᠂ ᠰᠢᠢ᠍ᠳᠪᠦᠷᠢᠯᠡᠬᠦ ᠠᠵᠢᠯ᠎ᠤᠨ ᠠᠷᠭ᠎ᠠ ᠮᠠᠶᠢᠭ᠎ᠢ ᠦᠨᠳᠦᠰᠦᠯᠡᠨ᠂ ᠵᠣᠬᠢᠬᠤ ᠲᠣᠭ᠋ᠠᠨ᠎ᠤ ᠴᠡᠪᠡᠷᠯᠡᠭᠴᠢ ᠵᠢ ᠲᠣᠬᠢᠷᠠᠭᠤᠯᠵᠤ᠂ ᠴᠡᠪᠡᠷᠯᠡᠭᠴᠢ ᠡᠭᠡᠭᠦᠯᠦᠨ ᠬᠤᠷᠢᠶᠠᠵᠤ ᠪᠣᠯᠬᠤ ᠪᠣᠳᠠᠰ᠎ᠢ ᠢᠯᠭ᠋ᠠᠬᠤ ᠪᠠ ᠠᠮᠠᠷᠬᠠᠨ ᠢᠯᠵᠢᠷᠡᠬᠦ ᠬᠣᠭ ᠨᠣᠪᠰᠢ ᠵᠢ ᠲᠡᠭᠡᠭᠡᠪᠦᠷᠢᠯᠡᠬᠦ ᠠᠵᠢᠯ᠎ᠢ ᠬᠠᠪᠰᠤᠷᠭ᠋ᠠᠨ᠎ᠠ᠃ ᠡᠭᠡᠭᠦᠯᠦᠨ ᠬᠤᠷᠢᠶᠠᠵᠤ ᠪᠣᠯᠬᠤ ᠬᠣᠭ ᠨᠣᠪᠰᠢ ᠵᠢ ᠮᠠᠯᠵᠢᠬᠤ ᠲᠠᠷᠢᠶᠠᠯᠠᠬᠤ ᠣᠷᠣᠨ᠎ᠤ ᠴᠡᠪᠡᠷᠯᠡᠭᠴᠢ ᠠᠶ᠋ᠢᠯ ᠲᠣᠰᠬᠣᠨ (ᠳᠤᠭᠤᠢ᠌ᠯᠠᠩ)᠎ᠠᠴᠠ ᠵᠠᠰᠠᠭ ᠵᠠᠬᠢᠷᠭ᠋ᠠᠨ᠎ᠤ ᠲᠣᠰᠬᠣᠨ (ᠭᠠᠴᠠᠭ᠎ᠠ)᠎ᠤ ᠬᠤᠷᠢᠶᠠᠵᠤ ᠪᠣᠯᠬᠤ ᠬᠣᠭ ᠨᠣᠪᠰᠢ ᠵᠢ ᠲᠥᠷᠥᠯ ᠬᠤᠪᠢᠶᠠᠨ ᠣᠪᠣᠭ᠋ᠠᠯᠠᠬᠤ ᠭᠠᠵᠠᠷ ᠬᠦᠷᠲᠡᠯ᠎ᠡ ᠲᠡᠭᠡᠭᠡᠪᠦᠷᠢᠯᠡᠵᠤ᠂ ᠠᠮᠠᠷᠬᠠᠨ ᠢᠯᠵᠢᠷᠡᠬᠦ ᠬᠣᠭ ᠨᠣᠪᠰᠢ ᠵᠢ   ᠬᠣᠭ ᠨᠣᠪᠰᠢ ᠵᠢ ᠪᠠᠭ᠋ᠠᠰᠬᠠᠬᠤ ᠪᠠ ᠡᠬᠢ ᠪᠠᠶᠠᠯᠢᠭᠵᠢᠭᠤᠯᠤᠨ ᠰᠢᠢ᠍ᠳᠪᠦᠷᠢᠯᠡᠬᠦ ᠪᠡᠯᠡᠳᠬᠡᠮᠵᠢ ᠬᠦᠷᠲᠡᠯ᠎ᠡ ᠴᠡᠪᠡᠷᠯᠡᠨ ᠲᠡᠭᠡᠭᠡᠪᠦᠷᠢᠯᠡᠨ᠎ᠡ᠃ ᠬᠠᠶᠠᠭᠳᠠᠮᠠᠯ ᠬᠠᠭᠤᠴᠢᠨ ᠡᠳ᠋ ᠪᠣᠳᠠᠰ᠎ᠢ ᠡᠭᠡᠭᠦᠯᠦᠨ ᠬᠤᠷᠢᠶᠠᠭ᠋ᠠᠳ ᠬᠤᠳᠠᠯᠳᠤᠭᠰᠠᠨ ᠵᠣᠭᠣᠰ᠎ᠢ ᠲᠠᠷᠢᠶᠠᠯᠠᠬᠤ ᠮᠠᠯᠵᠢᠬᠤ ᠣᠷᠣᠨ᠎ᠤ ᠴᠡᠪᠡᠷᠯᠡᠭᠴᠢ ᠵᠢᠨ ᠬᠥᠳᠡᠯᠮᠦᠷᠢ ᠦᠢ᠍ᠯᠡᠴᠢᠯᠡᠭᠡᠨ᠎ᠤ ᠵᠠᠷᠤᠳᠠᠯ᠎ᠤᠨ ᠨᠥᠬᠥᠪᠥᠷᠢ ᠪᠣᠯᠭ᠋ᠠᠵᠤ ᠪᠣᠯᠤᠨ᠎ᠠ᠃
      ᠭᠤᠷᠪᠠ᠂ ᠠᠵᠢᠯ᠎ᠤᠨ ᠠᠯᠬᠤᠮ ᠳᠠᠷᠠᠭ᠎ᠠ
     (ᠨᠢᠭᠡ) ᠲᠤᠷᠰᠢᠯᠲᠠ ᠵᠢᠨ ᠴᠡᠭ᠎ᠢ ᠲᠣᠭᠲᠠᠭ᠋ᠠᠬᠤ
     2020 ᠣᠨ᠎ᠤ 2 ᠰᠠᠷ᠎ᠠ ᠵᠢᠨ 25᠎ᠤ ᠡᠳᠦᠷ᠎ᠠᠴᠠ ᠡᠮᠦᠨ᠎ᠡ᠂ ᠡᠯ᠎ᠡ ᠠᠶ᠋ᠢᠮᠠᠭ ᠬᠣᠲᠠ ᠵᠠᠷᠴᠢᠮ ᠳᠡᠭᠡᠷ᠎ᠡ᠎ᠪᠠᠨ ᠮᠠᠯᠵᠢᠬᠤ ᠲᠠᠷᠢᠶᠠᠯᠠᠬᠤ ᠣᠷᠣᠨ᠎ᠤ ᠣᠷᠣᠰᠢᠨ ᠰᠠᠭᠤᠬᠤ ᠣᠷᠴᠢᠨ ᠲᠣᠭᠤᠷᠢᠨ᠎ᠢ ᠴᠡᠭᠴᠡᠯᠡᠨ ᠵᠠᠰᠠᠬᠤ ᠨᠢᠭᠡᠳᠦᠭᠡᠷ᠂ ᠬᠣᠶᠠᠳᠤᠭ᠋ᠠᠷ ᠲᠥᠷᠥᠯ᠎ᠤᠨ ᠬᠣᠰᠢᠭᠤ ᠰᠢᠶᠠᠨ (ᠬᠣᠲᠠ᠂ ᠲᠣᠭᠣᠷᠢᠭ) ᠳᠣᠲᠤᠷ᠎ᠠ᠎ᠠᠴᠠ ᠲᠤᠷᠰᠢᠯᠲᠠ ᠵᠢᠨ   ᠴᠡᠭ᠎ᠤᠨ ᠬᠣᠰᠢᠭᠤ ᠰᠢᠶᠠᠨ (ᠬᠣᠲᠠ᠂ ᠲᠣᠭᠣᠷᠢᠭ)᠎ᠢ ᠲᠣᠭᠲᠠᠭ᠋ᠠᠵᠤ᠂ ᠠᠶ᠋ᠢᠮᠠᠭ ᠬᠣᠲᠠ ᠨᠢᠭᠡᠪᠦᠷᠢ᠎ᠳᠤ 2 ᠲᠤᠷᠰᠢᠯᠲᠠ ᠵᠢᠨ ᠴᠡᠭ ᠲᠣᠭᠲᠠᠭ᠋ᠠᠬᠤ ᠪᠥᠭᠡᠳ ᠲᠤᠷᠰᠢᠯᠲᠠ ᠵᠢᠨ   ᠴᠡᠭ᠎ᠤᠨ ᠨᠡᠷᠡᠰ᠎ᠢ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠦᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ ᠵᠡᠷᠭᠡ ᠳᠥᠷᠪᠡᠨ ᠰᠠᠯᠠᠭ᠎ᠠ ᠮᠥᠴᠢᠷ᠎ᠲᠤ ᠮᠡᠳᠡᠭᠦᠯᠦᠨ᠎ᠡ᠃
     (ᠬᠣᠶᠠᠷ) ᠲᠥᠰᠦᠯ ᠲᠣᠭᠲᠠᠭ᠋ᠠᠬᠤ
     2020 ᠣᠨ᠎ᠤ 3 ᠰᠠᠷ᠎ᠠ ᠵᠢᠨ ᠰᠡᠭᠦᠯᠴᠢ᠎ᠠᠴᠠ ᠡᠮᠦᠨ᠎ᠡ᠂ ᠡᠯ᠎ᠡ ᠲᠤᠷᠰᠢᠯᠲᠠ ᠵᠢᠨ ᠴᠡᠭ᠎ᠤᠨ ᠬᠣᠰᠢᠭᠤ ᠰᠢᠶᠠᠨ (ᠬᠣᠲᠠ᠂ ᠲᠣᠭᠣᠷᠢᠭ)᠎ᠨᠢ ᠲᠤᠷᠰᠢᠯᠲᠠ ᠵᠢᠨ   ᠴᠡᠭ᠎ᠤᠨ ᠰᠢᠶᠠᠩ ᠪᠠᠯᠭ᠋ᠠᠰᠤ ᠪᠠ ᠵᠠᠰᠠᠭ ᠵᠠᠬᠢᠷᠭ᠋ᠠᠨ᠎ᠤ ᠲᠣᠰᠬᠣᠨ (ᠭᠠᠴᠠᠭ᠎ᠠ)᠎ᠢ ᠲᠣᠳᠣᠷᠬᠠᠶ᠋ᠢᠯᠠᠵᠤ᠂ ᠪᠣᠳᠠᠲᠠᠶ ᠬᠡᠷᠡᠭᠵᠢᠭᠦᠯᠬᠦ ᠲᠥᠰᠦᠯ᠎ᠢ ᠲᠣᠭᠲᠠᠭ᠋ᠠᠨ ᠨᠡᠶ᠋ᠢᠲᠡᠯᠡᠨ᠎ᠡ᠃ ᠡᠭᠦᠨ᠎ᠤ ᠬᠠᠮᠲᠤ ᠬᠡᠷᠡᠭᠵᠢᠭᠦᠯᠬᠦ ᠲᠥᠰᠦᠯ ᠵᠶ᠋ᠠᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠦᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ ᠵᠡᠷᠭᠡ ᠳᠥᠷᠪᠡᠨ ᠰᠠᠯᠠᠭ᠎ᠠ ᠮᠥᠴᠢᠷ᠎ᠲᠤ ᠮᠡᠳᠡᠭᠦᠯᠦᠨ ᠳᠠᠩᠰᠠᠯᠠᠭᠤᠯᠤᠨ᠎ᠠ᠃
     (ᠭᠤᠷᠪᠠ) ᠵᠣᠬᠢᠶᠠᠨ ᠪᠠᠶ᠋ᠢᠭᠤᠯᠤᠨ ᠬᠡᠷᠡᠭᠵᠢᠭᠦᠯᠬᠦ
     2020 ᠣᠨ᠎ᠤ 9 ᠳ᠋ᠦ᠍ᠭᠡᠷ ᠰᠠᠷ᠎ᠠ ᠵᠢᠨ ᠰᠡᠭᠦᠯᠴᠢ᠎ᠠᠴᠠ ᠡᠮᠦᠨ᠎ᠡ᠂ ᠮᠠᠯᠵᠢᠬᠤ ᠲᠠᠷᠢᠶᠠᠯᠠᠬᠤ ᠣᠷᠣᠨ᠎ᠤ ᠬᠣᠭ ᠨᠣᠪᠰᠢ ᠵᠢ ᠲᠥᠷᠥᠯ ᠬᠤᠪᠢᠶᠠᠨ ᠲᠠᠯᠪᠢᠬᠤ᠂ ᠴᠤᠭᠯᠠᠭᠤᠯᠬᠤ᠂ ᠲᠡᠭᠡᠭᠡᠪᠦᠷᠢᠯᠡᠬᠦ᠂ ᠰᠢᠢ᠍ᠳᠪᠦᠷᠢᠯᠡᠬᠦ ᠠᠵᠢᠯᠯᠠᠭ᠋ᠠᠨ᠎ᠤ ᠰᠢᠰᠲᠸᠮᠵᠢ ᠵᠢ ᠠᠩᠬ᠎ᠠ ᠠᠯᠬᠤᠮ ᠪᠠᠶ᠋ᠢᠭᠤᠯᠬᠤ ᠵᠢᠨ ᠬᠠᠮᠲᠤ ᠲᠣᠭᠲᠠᠭᠤᠨ ᠵᠶ᠋ᠠᠷ ᠠᠵᠢᠯᠯᠠᠭᠤᠯᠤᠨ᠎ᠠ᠃
     (ᠳᠥᠷᠪᠡ) ᠲᠤᠷᠰᠢᠯᠭ᠎ᠠ᠎ᠪᠠᠨ ᠳ᠋ᠦᠩᠨᠡᠬᠦ
     2020 ᠣᠨ᠎ᠤ ᠵᠢᠯ᠎ᠤᠨ ᠰᠡᠭᠦᠯᠴᠢ᠎ᠠᠴᠠ ᠡᠮᠦᠨ᠎ᠡ᠂ ᠲᠤᠷᠰᠢᠯᠲᠠ ᠵᠢᠨ ᠴᠡᠭ᠎ᠤᠨ ᠬᠣᠰᠢᠭᠤ ᠰᠢᠶᠠᠨ (ᠬᠣᠲᠠ᠂ ᠲᠣᠭᠣᠷᠢᠭ)᠎ᠤ ᠲᠤᠷᠰᠢᠯᠭ᠎ᠠ ᠬᠢᠳᠡᠯ᠎ᠢ ᠳ᠋ᠦᠩᠨᠡᠵᠦ᠂ ᠨᠥᠬᠥᠴᠡᠯ ᠪᠦᠷᠢᠯᠳᠦᠭᠦᠯᠦᠭᠰᠡᠨ ᠬᠣᠰᠢᠭᠤ ᠰᠢᠶᠠᠨ (ᠬᠣᠲᠠ᠂ ᠲᠣᠭᠣᠷᠢᠭ)᠎ᠳᠤ ᠮᠠᠯᠵᠢᠬᠤ ᠲᠠᠷᠢᠶᠠᠯᠠᠬᠤ ᠣᠷᠣᠨ᠎ᠤ ᠬᠣᠭ ᠨᠣᠪᠰᠢ ᠵᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠠᠵᠢᠯ᠎ᠢ ᠨᠡᠶ᠋ᠢᠳᠡᠮ ᠥᠷᠨᠢᠭᠦᠯᠦᠨ᠎ᠡ᠃
      ᠳᠥᠷᠪᠡ᠂ ᠪᠠᠲᠤᠯᠠᠭ᠎ᠠ ᠵᠢᠨ ᠠᠷᠭ᠎ᠠ ᠬᠡᠮᠵᠢᠶ᠎ᠡ
     (ᠨᠢᠭᠡ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠎ᠠ
      ᠡᠯ᠎ᠡ ᠭᠠᠵᠠᠷ ᠣᠷᠣᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠮᠠᠯᠵᠢᠬᠤ ᠲᠠᠷᠢᠶᠠᠯᠠᠬᠤ ᠣᠷᠣᠨ᠎ᠤ ᠬᠣᠭ ᠨᠣᠪᠰᠢ ᠵᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠲᠡᠭᠦᠨ᠎ᠢ ᠲᠠᠷᠢᠶᠠᠯᠠᠬᠤ ᠮᠠᠯᠵᠢᠬᠤ ᠣᠷᠣᠨ᠎ᠤ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠠᠵᠢᠯ᠎ᠢ ᠲᠦᠯᠬᠢᠨ ᠠᠬᠢᠭᠤᠯᠬᠤ ᠴᠢᠬᠤᠯᠠ ᠭᠠᠷᠳᠠᠴᠠ ᠪᠣᠯᠭ᠋ᠠᠬᠤ ᠬᠡᠷᠡᠭᠲᠡᠶ᠃ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠠᠴᠠ ᠬᠣᠭ ᠨᠣᠪᠰᠢ ᠵᠢ ᠵᠠᠰᠠᠬᠤ ᠵᠢ ᠬᠠᠷᠢᠭᠤᠴᠠᠵᠤ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠰᠠᠯᠠᠭ᠎ᠠ ᠮᠥᠴᠢᠷ᠎ᠠᠴᠠ ᠠᠮᠢᠳᠤᠷᠠᠯ᠎ᠤᠨ ᠬᠣᠭ ᠨᠣᠪᠰᠢ᠂ ᠪᠠᠷᠢᠯᠭ᠎ᠠ ᠵᠢᠨ ᠬᠣᠭ ᠨᠣᠪᠰᠢ ᠵᠢ ᠵᠠᠰᠠᠬᠤ ᠵᠢ ᠬᠠᠷᠢᠭᠤᠴᠠᠵᠤ᠂ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ ᠬᠥᠨᠥᠭᠡᠯᠲᠡᠶ ᠬᠣᠭ ᠨᠣᠪᠰᠢ ᠵᠢ ᠰᠢᠢ᠍ᠳᠪᠦᠷᠢᠯᠡᠬᠦ ᠭᠣᠭᠴᠣᠭ᠎ᠠ ᠵᠢᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠎ᠠ᠃ ᠬᠠᠩᠭ᠋ᠠᠨ ᠪᠣᠷᠣᠯᠠᠭᠤᠯᠬᠤ ᠬᠣᠷᠰᠢᠶ᠎ᠠ᠎ᠨᠢ ᠠᠰᠢᠭᠯᠠᠵᠤ ᠪᠣᠯᠬᠤ ᠬᠣᠭ ᠨᠣᠪᠰᠢ ᠵᠢ ᠡᠭᠡᠭᠦᠯᠦᠨ ᠬᠤᠷᠢᠶᠠᠬᠤ ᠠᠵᠢᠯ᠎ᠳᠤ ᠣᠷᠤᠯᠴᠠᠵᠤ᠂ ᠪᠤᠰᠤᠳ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠮᠢᠶ᠎ᠠ ᠪᠦᠬᠦᠢ ᠠᠵᠢᠯ᠎ᠢ ᠰᠠᠶ᠋ᠢᠲᠤᠷ ᠬᠢᠬᠦ ᠬᠡᠷᠡᠭᠲᠡᠶ᠃
     (ᠬᠣᠶᠠᠷ) ᠪᠠᠯᠠ ᠮᠥᠩᠭᠥ ᠵᠢᠨ ᠪᠠᠲᠤᠯᠠᠭ᠎ᠠ ᠵᠢ ᠨᠠᠶ᠋ᠢᠳᠠᠪᠤᠷᠢᠵᠢᠭᠤᠯᠤᠨ᠎ᠠ
      ᠡᠯ᠎ᠡ ᠲᠤᠷᠰᠢᠯᠲᠠ ᠵᠢᠨ ᠴᠡᠭ᠎ᠤᠨ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠭᠣᠤᠯ ᠴᠣᠭᠴᠠ ᠵᠢᠨ ᠬᠠᠷᠢᠭᠤᠴᠠᠯᠭ᠎ᠠ ᠵᠢ   ᠨᠠᠢ᠌ᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠬᠣᠭ ᠨᠣᠪᠰᠢ ᠵᠢ ᠲᠥᠷᠥᠯ ᠬᠤᠪᠢᠶᠠᠨ ᠰᠢᠢ᠍ᠳᠪᠦᠷᠢᠯᠡᠬᠦ ᠲᠥᠬᠥᠭᠡᠷᠦᠮᠵᠢ᠎ᠳᠠᠬᠢ ᠣᠷᠤᠭᠤᠯᠤᠯᠲᠠ ᠵᠢ ᠨᠡᠮᠡᠭᠳᠡᠭᠦᠯᠵᠦ᠂ ᠲᠥᠷᠥᠯ ᠵᠦᠢ᠍ᠯ᠎ᠤᠨ ᠪᠡᠯᠡ ᠮᠥᠩᠭᠥ ᠵᠢ ᠡᠮᠬᠢᠯᠡᠨ ᠨᠡᠶ᠋ᠢᠯᠡᠭᠦᠯᠵᠦ᠂ ᠣᠯᠠᠨ ᠠᠷᠭ᠎ᠠ ᠵᠠᠮ ᠵᠶ᠋ᠠᠷ ᠪᠡᠯᠡ ᠮᠥᠩᠭᠥ ᠴᠤᠭᠯᠠᠭᠤᠯᠵᠤ᠂ ᠠᠵᠢᠯ᠎ᠤᠨ ᠵᠠᠷᠤᠳᠠᠯ᠎ᠢ ᠨᠠᠶ᠋ᠢᠳᠠᠪᠤᠷᠢᠵᠢᠭᠤᠯᠤᠨ᠂ ᠱᠠᠩᠨᠠᠯ ᠵᠶ᠋ᠠᠷ ᠨᠥᠬᠥᠪᠥᠷᠢ ᠵᠢ ᠣᠷᠣᠯᠠᠭᠤᠯᠬᠤ ᠵᠡᠷᠭᠡ ᠣᠯᠠᠨ ᠵᠢᠯ᠎ᠤᠨ ᠠᠷᠭ᠎ᠠ ᠮᠠᠶᠢᠭ ᠵᠶ᠋ᠠᠷ ᠳᠠᠮᠵᠢᠭᠤᠯᠤᠨ ᠮᠠᠯᠵᠢᠬᠤ ᠲᠠᠷᠢᠶᠠᠯᠠᠬᠤ ᠣᠷᠣᠨ᠎ᠤ ᠬᠣᠭ ᠨᠣᠪᠰᠢ ᠵᠢ ᠲᠥᠷᠥᠯ ᠬᠤᠪᠢᠶᠠᠨ ᠤᠷᠲᠤ ᠬᠤᠭᠤᠴᠠᠭ᠎ᠠ᠎ᠪᠠᠷ ᠪᠦᠲᠦᠮᠵᠢᠲᠡᠶ ᠬᠠᠮᠢᠶᠠᠷᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠬᠦ ᠵᠢ ᠠᠬᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠬᠣᠭ ᠨᠣᠪᠰᠢ ᠵᠢ ᠰᠢᠢ᠍ᠳᠪᠦᠷᠢᠯᠡᠬᠦ ᠲᠤᠰᠠᠯᠠᠮᠵᠢ ᠵᠢᠨ ᠪᠠᠯᠠ ᠮᠥᠩᠭᠥ ᠵᠢ ᠲᠤᠷᠰᠢᠯᠲᠠ ᠵᠢᠨ ᠴᠡᠭ᠎ᠤᠨ ᠭᠠᠵᠠᠷ ᠣᠷᠣᠨ ᠲᠡᠰᠢ ᠬᠡᠯᠪᠡᠶ᠋ᠢᠯᠭᠡᠨ᠎ᠡ᠃
     (ᠭᠤᠷᠪᠠ) ᠤᠬᠠᠭᠤᠯᠵᠤ ᠬᠥᠲᠥᠯᠦᠨ ᠵᠢᠯᠣᠭᠣᠳᠬᠤ ᠵᠢ ᠴᠢᠩᠭ᠋ᠠᠳᠬᠠᠨ᠎ᠠ
      ᠡᠯ᠎ᠡ ᠲᠤᠷᠰᠢᠯᠲᠠ ᠵᠢᠨ ᠴᠡᠭ᠎ᠤᠨ ᠬᠣᠰᠢᠭᠤ ᠰᠢᠶᠠᠨ (ᠬᠣᠲᠠ᠂ ᠲᠣᠭᠣᠷᠢᠭ)᠎ᠨᠤᠭᠤᠳ ᠮᠠᠯᠵᠢᠬᠤ ᠲᠠᠷᠢᠶᠠᠯᠠᠬᠤ ᠣᠷᠣᠨ᠎ᠤ ᠬᠣᠭ ᠨᠣᠪᠰᠢ ᠵᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠵᠢ ᠤᠬᠠᠭᠤᠯᠵᠤ ᠬᠥᠲᠥᠯᠥᠨ ᠵᠢᠯᠣᠭᠣᠳᠬᠤ᠎ᠪᠠᠨ ᠴᠢᠩᠭ᠋ᠠᠳᠬᠠᠵᠤ᠂ ᠬᠣᠭ ᠨᠣᠪᠰᠢ ᠵᠢ ᠲᠥᠷᠥᠯ ᠬᠤᠪᠢᠶᠠᠨ ᠤᠬᠠᠭᠤᠯᠬᠤ ᠰᠠᠮᠪᠠᠷ᠎ᠠ ᠭᠠᠷᠭ᠋ᠠᠬᠤ᠂ ᠬᠣᠭ ᠨᠣᠪᠰᠢ ᠵᠢ ᠲᠥᠷᠥᠯ ᠬᠤᠪᠢᠶᠠᠨ ᠤᠬᠠᠭᠤᠯᠬᠤ ᠮᠠᠲ᠋ᠧᠷᠢᠶᠠᠯ ᠲᠠᠷᠬᠠᠭ᠋ᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠤᠬᠠᠭᠤᠯᠭ᠎ᠠ ᠬᠢᠵᠦ᠂ ᠥᠷᠭᠡᠨ ᠣᠯᠠᠨ ᠮᠠᠯᠴᠢᠨ ᠲᠠᠷᠢᠶᠠᠴᠢᠨ᠎ᠤ ᠬᠣᠭ ᠨᠣᠪᠰᠢ ᠵᠢ ᠲᠥᠷᠥᠯ ᠬᠤᠪᠢᠶᠠᠬᠤ᠎ᠳᠤ ᠬᠥᠮᠦᠨ ᠪᠦᠬᠦᠨ ᠬᠠᠷᠢᠭᠤᠴᠠᠯᠭ᠎ᠠ᠎ᠲᠠᠢ ᠬᠡᠮᠡᠬᠦ ᠣᠷᠴᠢᠨ ᠲᠣᠭᠣᠷᠢᠨ᠎ᠢ ᠬᠠᠮᠠᠭ᠋ᠠᠯᠠᠬᠤ ᠣᠶ᠋ᠢᠯᠠᠭ᠋ᠠᠭᠳᠠᠬᠤᠨ᠎ᠢ ᠪᠣᠶ ᠪᠣᠯᠭ᠋ᠠᠨ᠎ᠠ᠃ ᠣᠯᠠᠨ ᠵᠦᠢ᠍ᠯ᠎ᠤᠨ ᠬᠡᠯᠪᠡᠷᠢ ᠵᠢᠨ ᠤᠬᠠᠭᠤᠯᠭ᠎ᠠ ᠬᠥᠮᠦᠵᠢᠯ᠎ᠢ ᠢᠳᠡᠪᠬᠢᠲᠡᠢ ᠥᠷᠨᠢᠭᠦᠯᠵᠦ᠂ ᠬᠣᠭ ᠨᠣᠪᠰᠢ ᠵᠢ ᠲᠥᠷᠥᠯ ᠬᠤᠪᠢᠶᠠᠬᠤ ᠮᠡᠳᠡᠯᠭᠡ ᠵᠢ ᠲᠦᠭᠡᠮᠡᠯᠵᠢᠭᠦᠯᠦᠨ᠂ ᠣᠯᠠᠨ ᠨᠡᠶ᠋ᠢᠲᠡ ᠵᠢ ᠬᠥᠲᠥᠯᠥᠨ ᠵᠢᠯᠣᠭᠣᠳᠴᠤ ᠪᠠᠶ᠋ᠢᠭ᠋ᠠᠳ ᠳᠡᠷᠭᠡᠳᠡ᠎ᠠᠴᠠ᠎ᠪᠠᠨ ᠡᠬᠢᠯᠡᠨ᠂ ᠵᠢᠵᠢᠭ ᠰᠠᠵᠢᠭ ᠵᠦᠢ᠍ᠯ᠎ᠠᠴᠠ ᠡᠬᠢᠯᠡᠨ ᠬᠢᠯᠭᠡᠬᠦ ᠬᠡᠷᠡᠭᠲᠡᠶ᠃ ᠰᠣᠨᠢᠨ ᠮᠡᠳᠡᠭᠡᠨ᠎ᠤ ᠵᠠᠭᠤᠴᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠣᠭ ᠨᠣᠪᠰᠢ ᠵᠢ ᠲᠥᠷᠥᠯ ᠬᠤᠪᠢᠶᠠᠬᠤ ᠠᠵᠢᠯ᠎ᠢ ᠬᠡᠷᠡᠭᠵᠢᠭᠦᠯᠦᠭᠰᠡᠨ ᠪᠠᠶ᠋ᠢᠳᠠᠯ ᠪᠣᠯᠤᠨ ᠨᠡᠶ᠋ᠢᠲᠡᠯᠢᠭ ᠲᠤᠷᠰᠢᠯᠭ᠎ᠠ ᠵᠢ   ᠮᠡᠳᠡᠭᠡᠯᠡᠨ᠎ᠡ᠃ ᠨᠡᠶ᠋ᠢᠭᠡᠮ᠎ᠤᠨ ᠡᠯ᠎ᠡ ᠡᠲᠡᠭᠡᠳ ᠪᠣᠯᠤᠨ ᠥᠷᠭᠡᠨ ᠣᠯᠠᠨ ᠮᠠᠯᠴᠢᠨ ᠲᠠᠷᠢᠶᠠᠴᠢᠳ᠎ᠤᠨ ᠠᠮᠢᠳᠤᠷᠠᠯ᠎ᠤᠨ ᠬᠣᠭ ᠨᠣᠪᠰᠢ ᠵᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠠᠵᠢᠯ᠎ᠤᠨ ᠮᠡᠳᠡᠬᠦ ᠨᠣᠷᠮ᠎ᠠ ᠪᠣᠯᠤᠨ ᠣᠷᠣᠯᠴᠠᠬᠤ ᠨᠣᠷᠮ᠎ᠠ ᠵᠢ ᠳᠡᠭᠡᠭᠰᠢᠯᠡᠭᠦᠯᠵᠦ᠂ ᠪᠦᠬᠦ ᠨᠡᠶ᠋ᠢᠭᠡᠮ ᠵᠶ᠋ᠠᠷ ᠵᠶ᠋ᠠᠨ ᠬᠠᠮᠲᠤᠪᠠᠷ ᠣᠷᠣᠯᠴᠠᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠤᠢ ᠪᠤᠯᠭ᠋ᠠᠨ᠎ᠠ᠃
     (ᠳᠥᠷᠪᠡ) ᠰᠢᠮᠳᠠᠭᠤᠯᠤᠨ ᠵᠢᠯᠣᠭᠣᠳᠬᠤ ᠵᠢ ᠴᠢᠩᠭ᠋ᠠᠳᠬᠠᠨ᠎ᠠ
      ᠡᠯ᠎ᠡ ᠬᠣᠯᠪᠣᠭᠳᠠᠯ ᠪᠦᠬᠦᠢ ᠠᠶ᠋ᠢᠮᠠᠭ ᠬᠣᠲᠠ᠎ᠨᠤᠭᠤᠳ ᠲᠣᠭᠲᠠᠮᠠᠯ ᠬᠤᠭᠤᠴᠠᠭ᠎ᠠ᠎ᠲᠠᠢ᠎ᠪᠠᠷ ᠰᠢᠮᠳᠠᠭᠤᠯᠤᠨ ᠵᠢᠯᠣᠭᠣᠳᠬᠤ ᠬᠡᠷᠡᠭᠲᠡᠶ᠃ ᠡᠯ᠎ᠡ ᠲᠤᠷᠰᠢᠯᠲᠠ ᠵᠢᠨ ᠴᠡᠭ᠎ᠤᠨ ᠬᠣᠰᠢᠭᠤ ᠰᠢᠶᠠᠨ (ᠬᠣᠲᠠ᠂ ᠲᠣᠭᠣᠷᠢᠭ)᠎ᠨᠤᠭᠤᠳ ᠦᠷ᠎ᠡ ᠪᠦᠲᠦᠮᠵᠢ᠎ᠪᠠᠷ ᠢᠯᠡᠷᠬᠡᠶ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠣᠨ ᠵᠢᠴᠢ ᠬᠤᠪᠢ ᠬᠥᠮᠦᠨ᠎ᠢ ᠱᠠᠩᠨᠠᠨ   ᠬᠥᠬᠢᠭᠦᠯᠵᠦ᠂ ᠲᠤᠷᠰᠢᠯᠲᠠ ᠵᠢᠨ ᠴᠡᠭ᠎ᠢ ᠢᠳᠡᠪᠬᠢᠲᠡᠢ ᠥᠷᠨᠢᠭᠦᠯᠦᠭᠰᠡᠨ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠣᠨ᠎ᠤ ᠣᠷᠴᠢᠨ ᠲᠣᠭᠣᠷᠢᠨ᠎ᠤ ᠡᠷᠡᠭᠦᠯ ᠬᠠᠮᠠᠭ᠋ᠠᠯᠠᠯ᠎ᠤᠨ ᠪᠡᠯᠡᠳᠬᠡᠮᠵᠢ ᠲᠣᠬᠢᠷᠠᠭᠤᠯᠬᠤ᠎ᠳᠤ ᠵᠣᠬᠢᠬᠤ ᠬᠠᠷᠠᠭ᠋ᠠᠯᠵᠠᠯ ᠦᠵᠡᠭᠦᠯᠦᠨ᠎ᠡ᠃

ᠢᠷᠡᠯᠲᠡ᠄ ᠣᠷᠣᠨ ᠰᠠᠭᠤᠴᠠ ᠪᠠ ᠬᠣᠲᠠ ᠬᠦᠳᠡᠭᠡ ᠵᠢᠨ ᠪᠦᠲᠦᠭᠡᠨ ᠪᠠᠢ᠌ᠭᠣᠯᠣᠯᠲᠠ ᠵᠢᠨ ᠲᠢᠩᠬᠢᠮ