ᠥᠪᠥᠷ ᠪᠥᠲᠥᠭᠡᠨ ᠪᠠᠶ᠋ᠢᠭᠤᠯᠤᠯᠲᠠ ᠳᠠᠭ᠋ᠠᠭ᠋ᠠᠴᠢᠯᠠᠯᠲᠠ ᠵᠢᠨ ᠵᠠᠬᠢᠳᠠᠯ [2020] 342 ᠳ᠋ᠤᠭ᠋ᠠᠷ ᠲᠣᠭ᠋ᠠᠲᠤ
ᠡᠯ᠎ᠡ ᠠᠢ᠌ᠮᠠᠭ ᠬᠣᠲᠠ ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠣᠪᠴᠢᠶ᠎ᠠ᠂ ᠬᠣᠷᠢᠨᠭᠡᠷ ᠰᠢᠨ᠎ᠡ ᠲᠣᠭᠣᠷᠢᠭ᠎ᠤᠨ ᠲᠥᠯᠦᠪᠵᠢᠭᠦᠯᠭᠡ ᠪᠦᠲᠦᠭᠡᠨ ᠪᠠᠶ᠋ᠢᠭᠤᠯᠤᠯᠲᠠ ᠵᠢᠨ ᠲᠣᠪᠴᠢᠶ᠎ᠠ᠄
ᠮᠠᠨ᠎ᠤ ᠣᠷᠣᠨ᠎ᠤ ᠨᠢᠭᠡᠨᠲᠡ ᠪᠠᠢ᠌ᠭ᠎ᠠ ᠣᠷᠣᠨ ᠰᠠᠭᠤᠴᠠ ᠵᠢᠨ ᠪᠠᠷᠢᠯᠭ᠎ᠠ ᠵᠢᠨ ᠡᠨᠧᠷᠭᠢ ᠠᠷᠪᠢᠯᠠᠬᠤ ᠥᠭᠡᠷᠡᠴᠢᠯᠡᠯᠲᠡ ᠵᠢᠨ ᠲᠥᠷᠥᠯ ᠵᠦᠢ᠍ᠯ᠎ᠤᠨ ᠤᠷᠤᠭᠰᠢᠲᠠᠶ ᠶᠠᠪᠤᠭᠳᠠᠬᠤ ᠵᠢ ᠪᠠᠲᠤᠯᠠᠵᠤ᠂ ᠵᠠᠷᠢᠮ ᠭᠠᠵᠠᠷ ᠣᠷᠣᠨ᠎ᠤ ᠲᠥᠷᠥᠯ ᠵᠦᠢ᠍ᠯ᠎ᠢ ᠬᠡᠷᠡᠭᠵᠢᠭᠦᠯᠬᠦ ᠶᠠᠪᠤᠴᠠ᠎ᠳᠤ ᠲᠤᠯᠭ᠋ᠠᠷᠠᠵᠤ ᠪᠠᠢ᠌ᠭ᠎ᠠ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ᠂ ᠶᠠᠰᠤ ᠴᠢᠨᠠᠷ᠎ᠢ ᠡᠵᠡᠮᠳᠡᠬᠦ ᠵᠡᠷᠭᠡ ᠮᠡᠷᠭᠡᠵᠢᠯ᠎ᠤᠨ ᠬᠦᠴᠦᠨ ᠬᠦᠷᠦᠯᠴᠡᠬᠦ ᠦᠭᠡᠶ ᠠᠰᠠᠭᠤᠳᠠᠯ᠎ᠢ ᠰᠢᠢ᠍ᠳᠪᠦᠷᠢᠯᠡᠬᠦ ᠵᠢᠨ ᠲᠤᠰᠠᠲᠠ ᠡᠳᠦᠭᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠥᠲᠦᠭᠡᠨ ᠪᠠᠢ᠌ᠭᠤᠯᠤᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠢ ᠨᠡᠭᠡᠭᠡᠨ ᠬᠥᠭᠵᠢᠭᠦᠯᠵᠦ ᠳᠡᠯᠭᠡᠷᠡᠭᠦᠯᠬᠦ ᠲᠥᠪ᠎ᠲᠤ ᠨᠠᠶ᠋ᠢᠳᠠᠵᠤ 《ᠮᠡᠷᠭᠡᠵᠢᠯ᠎ᠢ ᠬᠥᠳᠡᠭᠡ ᠪᠠᠭᠤᠯᠭ᠋ᠠᠬᠤ᠂ ᠮᠡᠷᠭᠡᠵᠢᠯ᠎ᠤᠨ ᠦᠢ᠍ᠯᠡᠴᠢᠯᠡᠭᠡ ᠬᠢᠬᠦ》 ᠯᠠᠪᠯᠠᠯᠭ᠎ᠠ ᠥᠭᠴᠦ ᠵᠢᠯᠣᠭᠣᠳᠬᠤ ᠠᠵᠢᠯ᠎ᠢ ᠥᠷᠨᠢᠭᠦᠯᠬᠦ᠎ᠪᠠᠷ ᠲᠣᠭᠲᠠᠪᠠ᠃ ᠤᠳᠤ ᠬᠣᠯᠪᠣᠭᠳᠠᠯ ᠪᠦᠬᠦᠢ ᠤᠴᠢᠷ ᠶᠠᠪᠤᠳᠠᠯ᠎ᠢ ᠵᠠᠬᠢᠳᠠᠯ ᠵᠶ᠋ᠠᠷ ᠮᠡᠳᠡᠭᠳᠡᠶ᠎ᠡ᠄
ᠨᠢᠭᠡ᠂ ᠮᠡᠷᠭᠡᠵᠢᠯ᠎ᠤᠨ ᠵᠢᠯᠣᠭᠣᠳᠤᠯᠭ᠎ᠠ ᠵᠢᠨ ᠦᠢ᠍ᠯᠡᠴᠢᠯᠡᠭᠡᠨ᠎ᠤ ᠠᠭᠤᠯᠭ᠎ᠠ
(ᠨᠢᠭᠡ) ᠲᠥᠷᠥᠯ ᠵᠦᠢ᠍ᠯ᠎ᠢ ᠬᠡᠷᠡᠭᠵᠢᠭᠦᠯᠬᠦ ᠡᠮᠦᠨᠡᠬᠢ ᠬᠤᠭᠤᠴᠠᠭ᠋ᠠᠨ᠎ᠤ ᠪᠡᠯᠡᠳᠬᠡᠯ ᠠᠵᠢᠯ;
(ᠬᠣᠶᠠᠷ) ᠲᠥᠷᠥᠯ ᠵᠦᠢ᠍ᠯ ᠮᠡᠳᠡᠭᠦᠯᠬᠦ ᠱᠠᠭ᠋ᠠᠷᠳᠠᠯᠭ᠎ᠠ ᠪᠠ ᠶᠠᠪᠤᠴᠠ ᠵᠢᠨ ᠬᠠᠮᠢᠶᠠᠷᠤᠯᠲᠠ;
(ᠭᠤᠷᠪᠠ) ᠡᠨᠧᠷᠭᠢ ᠠᠷᠪᠢᠯᠠᠬᠤ ᠪᠠᠷᠢᠮᠵᠢᠶ᠎ᠠ ᠵᠢ ᠬᠡᠷᠡᠭᠵᠢᠭᠦᠯᠦᠭᠰᠡᠨ ᠪᠠᠶ᠋ᠢᠳᠠᠯ᠂ ᠵᠢᠷᠤᠭᠯᠠᠨ ᠲᠥᠯᠥᠪᠯᠡᠭᠰᠡᠨ ᠪᠢᠴᠢᠭ ᠮᠠᠲ᠋ᠧᠷᠢᠶᠠᠯ᠎ᠳᠠᠬᠢ ᠢᠯᠴᠢ ᠵᠢᠨ ᠠᠵᠢᠯ᠎ᠤᠨ ᠴᠢᠳᠠᠮᠵᠢ ᠵᠢᠨ ᠱᠠᠭ᠋ᠠᠷᠳᠠᠯᠭ᠎ᠠ᠂ ᠵᠠᠩᠭᠢᠶᠠᠰᠤ ᠵᠢᠨ ᠨᠠᠷᠢᠨ ᠵᠢᠷᠤᠭ ᠲᠥᠯᠦᠪᠯᠡᠭᠡ᠂ ᠨᠠᠷᠢᠯᠢᠭ ᠬᠡᠰᠡᠭ᠎ᠤᠨ ᠪᠥᠲᠦᠴᠡ ᠵᠡᠷᠭᠡ;
(ᠳᠥᠷᠪᠡ) ᠪᠠᠷᠢᠯᠭ᠎ᠠ ᠪᠠᠷᠢᠬᠤ ᠲᠤᠬᠠᠶ ᠵᠢᠨ ᠭᠠᠵᠠᠷ᠎ᠤᠨ ᠪᠠᠷᠢᠯᠭ᠎ᠠ ᠵᠢᠨ ᠶᠠᠰᠤ ᠴᠢᠨᠠᠷ᠎ᠢ ᠪᠠᠲᠤᠯᠠᠬᠤ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ;
(ᠲᠠᠪᠤ) ᠭᠠᠳᠠᠷ ᠬᠡᠷᠡᠮ᠎ᠤᠨ ᠳᠤᠯᠠᠭ᠋ᠠᠨ᠎ᠢ ᠬᠠᠮᠠᠭ᠋ᠠᠯᠠᠬᠤ ᠪᠠᠷᠢᠯᠭ᠎ᠠ ᠵᠢᠨ ᠦᠨᠳᠦᠰᠦᠨ ᠰᠢᠢ᠍ᠳᠪᠦᠷᠢᠯᠡᠯᠲᠡ᠂ ᠲᠡᠷᠢᠭᠦᠨ ᠳᠠᠪᠬᠤᠷᠭ᠎ᠠ ᠵᠢᠨ ᠰᠡᠷᠭᠡᠶ᠋ᠢᠯᠡᠯᠲᠡ᠂ ᠭᠠᠯ᠎ᠢ ᠰᠡᠷᠭᠡᠶ᠋ᠢᠯᠡᠬᠦ ᠲᠤᠰᠠᠭ᠋ᠠᠷᠯᠠᠭᠰᠠᠨ ᠪᠦᠰᠡ ᠪᠠᠢ᠌ᠭᠤᠯᠬᠤ᠂ ᠬᠡᠷᠡᠮ ᠴᠣᠬᠤᠢ᠌ᠳᠠᠵᠤ ᠵᠦᠢ᠍ᠢ᠍ᠬᠦ᠂ ᠡᠭᠦᠳᠡ ᠴᠣᠩᠬᠤᠨ᠎ᠤ ᠵᠠᠢ ᠵᠠᠪᠰᠠᠷ ᠵᠢᠴᠢ ᠪᠤᠰᠤᠳ ᠬᠡᠰᠡᠭ᠎ᠤᠨ ᠨᠠᠷᠢᠯᠢᠭ ᠬᠡᠰᠡᠭ᠎ᠢ ᠰᠢᠢ᠍ᠳᠪᠦᠷᠢᠯᠡᠬᠦ ᠵᠡᠷᠭᠡ;
(ᠵᠢᠷᠭᠤᠭ᠎ᠠ) ᠭᠡᠷ᠎ᠤᠨ ᠨᠢᠭᠤᠷ᠎ᠤᠨ ᠳᠤᠯᠠᠭ᠋ᠠᠨ᠎ᠢ ᠬᠠᠮᠠᠭ᠋ᠠᠯᠠᠬᠤ ᠵᠢᠴᠢ ᠤᠰᠤ ᠰᠡᠷᠭᠡᠶ᠋ᠢᠯᠡᠬᠦ ᠪᠠᠷᠢᠯᠭ᠎ᠠ ᠵᠢᠨ ᠤᠤᠯ᠎ᠤᠨ ᠪᠠᠶ᠋ᠢᠭᠰᠠᠨ ᠭᠡᠷ᠎ᠤᠨ ᠨᠢᠭᠤᠷ᠎ᠢ ᠰᠢᠢ᠍ᠳᠪᠦᠷᠢᠯᠡᠬᠦ᠂ ᠬᠠᠮᠠᠭ᠋ᠠᠯᠠᠬᠤ ᠳᠠᠪᠬᠤᠷᠭ᠎ᠠ ᠪᠠᠶ᠋ᠢᠷᠢᠯᠠᠭᠤᠯᠬᠤ᠂ ᠤᠰᠤ ᠰᠡᠷᠭᠡᠶ᠋ᠢᠯᠡᠬᠦ ᠳᠠᠪᠬᠤᠷᠭ᠎ᠠ ᠳᠡᠪᠢᠰᠬᠦ ᠵᠢᠴᠢ ᠪᠤᠰᠤᠳ ᠬᠡᠰᠡᠭ᠎ᠤᠨ ᠨᠠᠷᠢᠯᠢᠭ ᠬᠡᠰᠡᠭ᠎ᠢ ᠰᠢᠢ᠍ᠳᠪᠦᠷᠢᠯᠡᠬᠦ ᠵᠡᠷᠭᠡ;
(ᠳᠣᠯᠣᠭ᠎ᠠ) ᠭᠠᠳᠠᠷ ᠴᠣᠩᠬᠣ ᠵᠢᠨ ᠡᠨᠧᠷᠭᠢ ᠠᠷᠪᠢᠯᠠᠬᠤ ᠵᠢᠴᠢ ᠠᠰᠠᠷ ᠪᠠᠶ᠋ᠢᠰᠢᠩ᠎ᠤᠨ ᠨᠢᠭᠡᠴᠢ ᠵᠢᠨ ᠡᠭᠦᠳᠡ ᠵᠢ ᠥᠭᠡᠷᠡᠴᠢᠯᠡᠨ ᠵᠠᠰᠠᠬᠤ ᠢᠨᠵᠧᠨᠧᠷᠢᠩ᠎ᠤᠨ ᠡᠭᠦᠳᠡ ᠴᠣᠩᠬᠣ ᠵᠢᠨ ᠵᠠᠢ ᠵᠠᠪᠰᠠᠷ᠎ᠢ ᠪᠢᠲᠡᠭᠦᠮᠵᠢᠯᠡᠨ ᠪᠥᠭᠯᠡᠬᠦ ᠪᠠ ᠨᠠᠷᠢᠯᠢᠭ ᠵᠦᠢ᠍ᠯ᠎ᠢ ᠰᠢᠢ᠍ᠳᠪᠦᠷᠢᠯᠡᠬᠦ ᠵᠡᠷᠭᠡ;
(ᠨᠠᠢ᠍ᠮᠠ) ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠳᠡᠰ ᠳᠠᠷᠠᠭ᠋ᠠᠯᠠᠯ᠎ᠤᠨ ᠵᠢᠯᠤᠭᠤᠳᠤᠯᠭ᠎ᠠ ᠵᠡᠷᠭᠡ;
ᠬᠣᠶᠠᠷ᠂ ᠮᠡᠷᠭᠡᠵᠢᠯ᠎ᠤᠨ ᠵᠢᠯᠣᠭᠣᠳᠤᠯᠭ᠎ᠠ ᠵᠢᠨ ᠦᠢ᠍ᠯᠡᠴᠢᠯᠡᠭᠡᠨ᠎ᠤ ᠠᠷᠭ᠎ᠠ ᠮᠠᠶᠢᠭ
ᠳ᠋ᠢᠶᠠᠩᠬᠤᠸᠠ᠎ᠪᠠᠷ ᠯᠠᠪᠯᠠᠯᠭ᠎ᠠ ᠥᠭᠬᠦ᠂ ᠲᠤᠬᠠᠶ ᠵᠢᠨ ᠭᠠᠵᠠᠷ᠎ᠲᠤᠨᠢ ᠬᠦᠷᠴᠤ ᠵᠢᠭ᠋ᠠᠨ ᠵᠢᠯᠣᠭᠣᠳᠬᠤ ᠵᠡᠷᠭᠡ ᠠᠷᠭ᠎ᠠ ᠮᠠᠶᠢᠭ᠎ᠢ ᠠᠪᠴᠤ᠂ ᠰᠦᠢ᠍ᠳᠬᠡᠯ ᠬᠤᠷᠢᠶᠠᠬᠤ ᠦᠭᠡᠢ᠃
ᠭᠤᠷᠪᠠ᠂ ᠬᠣᠯᠪᠣᠭᠳᠠᠯ ᠪᠦᠬᠦᠢ ᠱᠠᠭ᠋ᠠᠷᠳᠠᠯᠭ᠎ᠠ
ᠮᠡᠷᠭᠡᠵᠢᠯ᠎ᠤᠨ ᠦᠢ᠍ᠯᠡᠴᠢᠯᠡᠭᠡᠨ᠎ᠤ ᠠᠵᠢᠯᠲᠠᠨ ᠬᠠᠮᠢᠶ᠎ᠠ ᠪᠥᠬᠥᠶ ᠭᠠᠵᠠᠷ ᠣᠷᠣᠨ᠎ᠲᠠᠢ ᠢᠳᠡᠪᠬᠢᠲᠡᠶ ᠬᠠᠮᠵᠢᠯᠴᠠᠨ ᠮᠡᠷᠭᠡᠵᠢᠯ᠎ᠤᠨ ᠵᠢᠯᠣᠭᠣᠳᠣᠯᠭ᠎ᠠ ᠵᠢᠨ ᠬᠠᠮᠢᠶ᠎ᠠ ᠪᠥᠬᠥᠶ ᠠᠵᠢᠯ᠎ᠢ ᠥᠷᠨᠢᠭᠦᠯᠵᠦ᠂ ᠲᠥᠪ᠎ᠤᠨ 《ᠨᠠᠢ᠍ᠮᠠᠨ ᠵᠣᠷᠪᠤᠰ ᠲᠣᠭᠲᠠᠭ᠋ᠠᠯ》᠂ ᠥᠪᠡᠷᠲᠡᠭᠡᠨ ᠵᠠᠰᠠᠬᠤ ᠣᠷᠣᠨ᠎ᠤ 28 ᠵᠦᠢ᠍ᠯ᠎ᠤᠨ ᠢᠵᠢ ᠪᠦᠷᠢᠳᠦᠭᠰᠡᠨ ᠲᠣᠭᠲᠠᠭ᠋ᠠᠯ ᠵᠢᠴᠢ ᠬᠡᠷᠡᠭᠵᠢᠭᠦᠯᠬᠦ ᠠᠷᠭ᠎ᠠ ᠵᠢᠨ ᠬᠣᠯᠪᠣᠭᠳᠠᠯ ᠪᠥᠬᠥᠶ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠎ᠠ᠃
ᠪᠠᠷᠢᠮᠵᠢᠶᠠᠲᠤ ᠨᠣᠷᠮ᠎ᠠ ᠬᠢᠭᠡᠳ ᠡᠨᠧᠷᠭᠢ ᠠᠷᠪᠢᠯᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠭᠠᠵᠠᠷ᠄
ᠬᠠᠷᠢᠯᠴᠠᠬᠤ ᠬᠥᠮᠦᠨ᠄ ᠬᠦᠰᠡᠯ ᠬᠠᠷᠢᠯᠴᠠᠬᠤ ᠤᠲᠠᠰᠤ᠄ 0471 — 6945602
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠥᠲᠦᠭᠡᠨ ᠪᠠᠢ᠌ᠭᠤᠯᠤᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠢ ᠨᠡᠭᠡᠭᠡᠨ ᠬᠥᠭᠵᠢᠭᠦᠯᠵᠦ ᠳᠡᠯᠭᠡᠷᠡᠭᠦᠯᠬᠦ ᠲᠥᠪ᠄
ᠬᠠᠷᠢᠯᠴᠠᠬᠤ ᠬᠥᠮᠦᠨ᠄ ᠢᠦᠶ ᠶᠠᠩ ᠬᠠᠷᠢᠯᠴᠠᠬᠤ ᠤᠲᠠᠰᠤ᠄ 0471-3240934
2020 ᠣᠨ᠎ᠤ 7 ᠰᠠᠷ᠎ᠠ ᠵᠢᠨ 2᠎ᠤᠨ ᠡᠳᠦᠷ