《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠢ᠌ᠯᠠᠯ᠎ᠤᠨ ᠴᠠᠯᠢᠩ᠎ᠤᠨ ᠪᠠᠲᠤᠯᠠᠭ᠎ᠠ ᠵᠢᠨ ᠮᠥᠩᠭᠥ ᠵᠢᠨ ᠪᠠᠩᠬᠢ ᠵᠢᠨ ᠪᠠᠲᠤᠯᠠᠯᠲᠠ ᠵᠢᠨ ᠪᠢᠴᠢᠭ ᠪᠣᠯᠤᠨ ᠪᠠᠲᠤᠯᠠᠭ᠎ᠠ ᠵᠢᠨ ᠳᠠᠭ᠋ᠠᠳᠬᠠᠯ᠎ᠤᠨ ᠬᠡᠷᠡᠭᠵᠢᠭᠦᠯᠬᠦ ᠠᠷᠭ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠡᠷᠲᠡᠭᠡᠨ ᠵᠠᠰᠠᠬᠤ ᠣᠷᠤᠨ᠎ᠤ ᠣᠷᠤᠨ ᠰᠠᠭᠤᠴᠠ ᠪᠠ ᠬᠤᠲᠠ ᠬᠦᠳᠡᠭᠡ ᠵᠢᠨ ᠪᠥᠲᠦᠭᠡᠨ ᠪᠠᠢ᠌ᠭᠤᠯᠤᠯᠲᠠ ᠵᠢᠨ ᠲᠢᠩᠬᠢᠮ ᠥᠪᠡᠷᠲᠡᠭᠡᠨ ᠵᠠᠰᠠᠬᠤ ᠣᠷᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ ᠳᠤᠮᠳᠠᠳᠤ ᠤᠯᠤᠰ᠎ᠤᠨ ᠪᠠᠩᠬᠢ ᠵᠢᠨ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠥᠪᠦᠷ ᠮᠣᠩᠭᠤᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠮᠡᠳᠡᠭᠳᠡᠯ
2020-12-07

            ᠥᠪᠥᠷ ᠪᠥᠲᠦᠭᠡᠨ ᠪᠠᠢ᠌ᠭᠤᠯᠤᠯᠲᠠ ᠬᠣᠲᠠ [2020] 138 ᠳ᠋ᠤᠭ᠋ᠠᠷ ᠲᠣᠭ᠋ᠠᠲᠤ

     

ᠡᠯ᠎ᠡ ᠠᠶ᠋ᠢᠮᠠᠭ ᠬᠣᠲᠠ ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠣᠪᠴᠢᠶ᠎ᠠ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠪᠠᠩᠬᠢ ᠵᠢᠨ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠬᠤᠪᠢᠶᠠᠷᠢ ᠲᠣᠪᠴᠢᠶ᠎ᠠ᠄
      ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠳᠠᠷᠤᠭ᠋ᠠᠰᠤ ᠵᠢ ᠦᠨᠡᠨᠬᠦ ᠬᠥᠩᠭᠡᠷᠡᠭᠦᠯᠵᠦ᠂ ᠪᠠᠷᠢᠯᠭ᠎ᠠ ᠵᠢᠨ ᠠᠵᠢᠯᠴᠢᠨ᠎ᠤ ᠬᠠᠤᠯᠢ ᠶᠣᠰᠣᠨ᠎ᠤ ᠡᠷᠬᠡ ᠠᠰᠢᠭ᠎ᠢ   ᠬᠠᠮᠠᠭ᠋ᠠᠯᠠᠵᠤ᠂ ᠪᠠᠷᠢᠯᠭ᠎ᠠ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠵᠢᠨ ᠲᠤᠰᠠᠲᠠ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠳᠤᠮᠳᠠᠳᠤ ᠤᠯᠤᠰ᠎ᠤᠨ ᠪᠠᠩᠬᠢ ᠵᠢᠨ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠥᠪᠥᠷ ᠮᠣᠩᠭᠣᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠢ᠌ᠯᠠᠯ᠎ᠤᠨ ᠴᠠᠯᠢᠩ᠎ᠤᠨ ᠪᠠᠲᠤᠯᠠᠭ᠎ᠠ ᠵᠢᠨ ᠮᠥᠩᠭᠥ ᠵᠢᠨ ᠪᠠᠩᠬᠢ ᠵᠢᠨ ᠪᠠᠲᠤᠯᠠᠯᠲᠠ ᠵᠢᠨ ᠪᠢᠴᠢᠭ ᠪᠣᠯᠤᠨ ᠪᠠᠲᠤᠯᠠᠭ᠎ᠠ ᠵᠢᠨ ᠳᠠᠭ᠋ᠠᠳᠬᠠᠯ᠎ᠤᠨ ᠬᠡᠷᠡᠭᠵᠢᠭᠦᠯᠬᠦ ᠠᠷᠭ᠎ᠠ (ᠲᠤᠷᠰᠢᠨ ᠬᠡᠷᠡᠭᠵᠢᠭᠦᠯᠬᠦ)》 ᠵᠢ ᠲᠣᠭᠲᠠᠭ᠋ᠠᠵᠤ᠂ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠃ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ᠎ᠤᠨ ᠵᠶ᠋ᠠᠨ ᠪᠣᠳᠠᠲᠤ ᠪᠠᠢ᠌ᠳᠠᠯ᠎ᠲᠠᠢ ᠤᠶᠠᠯᠳᠤᠭᠤᠯᠤᠨ ᠬᠢᠨᠠᠮᠠᠭ᠋ᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃ ᠲᠣᠰ ᠮᠡᠳᠡᠭᠳᠡᠯ᠎ᠢ ᠳᠠᠷᠤᠮᠠᠯᠯᠠᠨ ᠶᠠᠪᠤᠭᠤᠯᠬᠤ᠎ᠠᠴᠠ ᠡᠮᠦᠨ᠎ᠡ᠂ ᠴᠠᠯᠢᠩ᠎ᠤᠨ ᠪᠠᠲᠤᠯᠠᠭ᠎ᠠ ᠵᠢᠨ ᠮᠥᠩᠭᠥ ᠵᠢᠨ ᠪᠠᠩᠬᠢ ᠵᠢᠨ ᠪᠠᠲᠤᠯᠠᠯᠲᠠ ᠵᠢᠨ ᠪᠢᠴᠢᠭ ᠪᠠ ᠪᠠᠲᠤᠯᠠᠭ᠎ᠠ ᠵᠢᠨ ᠳᠠᠭ᠋ᠠᠳᠬᠠᠯ᠎ᠤᠨ ᠬᠣᠯᠪᠣᠭᠳᠠᠯ ᠪᠦᠬᠦᠢ ᠨᠢᠭᠡᠴᠡ ᠪᠠ ᠬᠠᠮᠢᠶ᠎ᠠ ᠪᠦᠬᠦᠢ ᠪᠠᠩᠬᠢ ᠵᠢ ᠨᠢᠭᠡᠨᠲᠡ ᠥᠷᠨᠢᠭᠦᠯᠪᠡ᠂ ᠲᠣᠰ ᠮᠡᠳᠡᠭᠳᠡᠯ᠎ᠤᠨ ᠱᠠᠭ᠋ᠠᠷᠳᠠᠯᠭ᠎ᠠ ᠶᠣᠰᠣᠭ᠋ᠠᠷ ᠬᠠᠮᠢᠶ᠎ᠠ ᠪᠦᠬᠦᠢ ᠵᠣᠯᠭ᠋ᠠᠭᠤᠯᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃


ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠤᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ
ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ

ᠳᠤᠮᠳᠠᠳᠤ ᠤᠯᠤᠰ᠎ᠤᠨ ᠪᠠᠩᠬᠢ ᠵᠢᠨ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠥᠪᠥᠷ ᠮᠣᠩᠭᠣᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ

                                      2020 ᠣᠨ᠎ᠤ 7 ᠳ᠋ᠤᠭ᠋ᠠᠷ ᠰᠠᠷ᠎ᠠ ᠵᠢᠨ 21᠎ᠤ ᠡᠳᠦᠷ



      《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠢ᠌ᠯᠠᠯ᠎ᠤᠨ ᠴᠠᠯᠢᠩ᠎ᠤᠨ ᠪᠠᠲᠤᠯᠠᠭ᠎ᠠ ᠵᠢᠨ ᠮᠥᠩᠭᠥ ᠵᠢᠨ ᠪᠠᠩᠬᠢ ᠵᠢᠨ ᠪᠠᠲᠤᠯᠠᠯᠲᠠ ᠵᠢᠨ ᠪᠢᠴᠢᠭ ᠪᠣᠯᠤᠨ ᠪᠠᠲᠤᠯᠠᠭ᠎ᠠ ᠵᠢᠨ ᠳᠠᠭ᠋ᠠᠳᠬᠠᠯ᠎ᠤᠨ ᠬᠡᠷᠡᠭᠵᠢᠭᠦᠯᠬᠦ ᠠᠷᠭ᠎ᠠ (ᠲᠤᠷᠰᠢᠨ ᠬᠡᠷᠡᠭᠵᠢᠭᠦᠯᠬᠦ)》


ᠨᠢᠭᠡᠳᠦᠭᠡᠷ ᠪᠦᠯᠦᠭ   ᠶᠡᠷᠦᠩᠬᠡᠢ ᠲᠥᠷᠢᠮ
      ᠨᠢᠭᠡᠳᠦᠭᠡᠷ ᠵᠦᠢ᠍ᠯ   ᠪᠠᠷᠢᠯᠭ᠎ᠠ ᠵᠢᠨ ᠦᠢ᠍ᠯᠡᠰ᠎ᠤᠨ ᠠᠵᠤ ᠠᠬᠤᠢ᠌ᠯᠠᠯ᠎ᠤᠨ ᠳᠠᠷᠤᠭ᠋ᠠᠰᠤ ᠵᠢ ᠦᠨᠡᠨᠬᠦ ᠬᠥᠩᠭᠡᠷᠡᠭᠦᠯᠵᠤ᠂ ᠪᠠᠷᠢᠯᠭ᠎ᠠ ᠵᠢᠨ ᠠᠵᠢᠯᠴᠢᠳ᠎ᠤᠨ ᠬᠠᠤᠯᠢ ᠶᠣᠰᠣᠨ ᠎ᠤ ᠡᠷᠬᠡ ᠠᠰᠢᠭ᠎ᠢ ᠬᠠᠮᠠᠭ᠋ᠠᠯᠠᠬᠤ ᠵᠢᠨ ᠲᠤᠰᠠᠳᠠ᠂ 《ᠬᠦᠴᠦ ᠶᠠᠪᠤᠭᠴᠢ ᠮᠠᠯᠴᠢᠨ ᠲᠠᠷᠢᠶᠠᠴᠢᠨ᠎ᠤ ᠴᠠᠯᠢᠩ ᠥᠭᠬᠦ ᠵᠢ ᠪᠠᠲᠤᠯᠠᠬᠤ ᠳᠦᠷᠢᠮ》 (ᠲᠥᠷᠦ ᠵᠢᠨ ᠶᠠᠪᠤᠳᠠᠯ᠎ᠤᠨ ᠬᠣᠷᠢᠶ᠎ᠠ ᠵᠠᠷᠯᠢᠭ 724 ᠳ᠋ᠦ᠍ᠭᠡᠷ ᠲᠣᠭ᠋ᠠᠲᠤ) 《ᠭᠡᠷ ᠪᠠᠢ᠌ᠰᠢᠩ᠎ᠤᠨ ᠪᠠᠷᠢᠯᠭ᠎ᠠ ᠪᠠ ᠬᠣᠲᠠ ᠵᠢᠨ ᠰᠠᠭᠤᠷᠢ ᠪᠡᠯᠡᠳᠬᠡᠮᠵᠢ ᠵᠢᠨ ᠢᠨᠵᠸᠨ᠋ᠸᠷᠢᠩ᠎ᠳᠤ ᠢᠨᠵᠸᠨ᠋ᠸᠷᠢᠩ᠎ᠤᠨ ᠳᠠᠭ᠋ᠠᠯᠲᠠ ᠳᠦᠷᠢᠮ᠎ᠢ ᠬᠡᠷᠡᠭᠵᠢᠭᠦᠯᠬᠦ ᠵᠢ ᠲᠥᠷᠭᠡᠪᠴᠢᠯᠡᠨ ᠠᠬᠢᠭᠤᠯᠬᠤ ᠲᠤᠬᠠᠢ ᠣᠷᠤᠨ ᠰᠠᠭᠤᠴᠠ ᠪᠠ ᠬᠣᠲᠠ ᠬᠦᠳᠡᠭᠡ ᠵᠢᠨ ᠪᠥᠲᠦᠭᠡᠨ ᠪᠠᠢ᠌ᠭᠤᠯᠤᠯᠲᠠ ᠵᠢᠨ ᠶᠠᠮᠤᠨ ᠵᠡᠷᠭᠡ ᠰᠠᠯᠠᠭ᠎ᠠ ᠮᠦᠴᠢᠷ᠎ᠤᠨ ᠵᠢᠯᠤᠭᠤᠳᠬᠤ ᠰᠠᠨᠠᠯ》 (ᠪᠥᠲᠦᠭᠡᠨ ᠪᠠᠢ᠌ᠭᠤᠯᠤᠯᠲᠠ ᠬᠣᠲᠠ [2019] 68 ᠳ᠋ᠤᠭ᠋ᠠᠷ ᠲᠣᠭ᠋ᠠᠲᠤ) 《 〈ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠪᠠᠷᠢᠯᠭ᠎ᠠ ᠵᠢᠨ ᠠᠵᠢᠯᠴᠢᠨ᠎ᠤ ᠦᠨᠡᠨ ᠨᠡᠷ᠎ᠡ ᠵᠢᠨ ᠳᠦᠷᠢᠮ ᠪᠠ ᠴᠠᠯᠢᠩ ᠥᠭᠬᠦ ᠬᠠᠮᠢᠶᠠᠷᠤᠯᠲᠠ ᠵᠢᠨ ᠠᠷᠭ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠣᠷᠤᠨ ᠰᠠᠭᠤᠴᠠ ᠪᠠ ᠬᠣᠲᠠ ᠬᠦᠳᠡᠭᠡ ᠵᠢᠨ ᠪᠥᠲᠦᠭᠡᠨ ᠪᠠᠢ᠌ᠭᠤᠯᠤᠯᠲᠠ ᠵᠢᠨ ᠲᠢᠩᠬᠢᠮ   ᠥᠪᠡᠷᠲᠡᠭᠡᠨ ᠵᠠᠰᠠᠬᠤ ᠣᠷᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ   ᠥᠪᠡᠷᠲᠡᠭᠡᠨ ᠵᠠᠰᠠᠬᠤ ᠣᠷᠤᠨ᠎ᠤ ᠳᠣᠲᠤᠭ᠋ᠠᠳᠤ ᠵᠢ ᠬᠠᠮᠠᠭ᠋ᠠᠯᠠᠬᠤ ᠲᠢᠩᠬᠢᠮ   ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ   ᠥᠪᠡᠷᠲᠡᠭᠡᠨ ᠵᠠᠰᠠᠬᠤ ᠣᠷᠤᠨ᠎ᠤ ᠶᠡᠷᠦᠩᠬᠡᠢ ᠠᠵᠢᠯᠴᠢᠨ᠎ᠤ ᠡᠪᠯᠡᠯ   ᠥᠪᠡᠷᠲᠡᠭᠡᠨ ᠵᠠᠰᠠᠬᠤ ᠣᠷᠣᠨ᠎ᠤ ᠴᠢᠮᠡᠭᠡ ᠬᠣᠯᠪᠣᠭ᠋ᠠᠨ᠎ᠤ ᠬᠠᠮᠢᠶᠠᠷᠤᠯᠲᠠ ᠵᠢᠨ ᠲᠣᠪᠴᠢᠶ᠎ᠠ     ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠬᠦᠬᠡᠬᠤᠲᠠ ᠵᠢᠨ ᠲᠥᠪ ᠰᠠᠯᠪᠤᠷᠢ ᠪᠠᠩᠬᠢ ᠵᠢᠨ ᠮᠡᠳᠡᠭᠳᠡᠯ》 (ᠥᠪᠦᠷ ᠪᠥᠲᠦᠭᠡᠨ ᠪᠠᠢ᠌ᠭᠤᠯᠤᠯᠲᠠ ᠠᠵᠢᠯᠴᠢᠨ [2018] 370 ᠳ᠋ᠤᠭ᠋ᠠᠷ ᠲᠣᠭ᠋ᠠᠲᠤ)  (ᠳᠣᠷᠤᠭᠰᠢ 《ᠠᠷᠭ᠎ᠠ》 ᠭᠡᠵᠤ ᠲᠣᠪᠴᠢᠯᠠᠨ᠎ᠠ) 《 〈ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠪᠠᠷᠢᠯᠭ᠎ᠠ ᠵᠢᠨ ᠠᠵᠢᠯᠴᠢᠨ᠎ᠤ ᠦᠨᠡᠨ ᠨᠡᠷ᠎ᠡ ᠵᠢᠨ ᠳᠦᠷᠢᠮ ᠪᠠ ᠴᠠᠯᠢᠩ ᠥᠭᠬᠦ ᠬᠠᠮᠢᠶᠠᠷᠤᠯᠲᠠ ᠵᠢᠨ ᠠᠷᠭ᠎ᠠ ᠵᠢ ᠬᠡᠷᠡᠭᠵᠢᠭᠦᠯᠬᠦ ᠲᠤᠬᠠᠢ ᠨᠠᠷᠢᠨ ᠳᠦᠷᠢᠮ〉 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠣᠷᠤᠨ ᠰᠠᠭᠤᠴᠠ ᠪᠠ ᠬᠣᠲᠠ ᠬᠦᠳᠡᠭᠡ ᠵᠢᠨ ᠪᠥᠲᠦᠭᠡᠨ ᠪᠠᠢ᠌ᠭᠤᠯᠤᠯᠲᠠ ᠵᠢᠨ ᠲᠢᠩᠬᠢᠮ   ᠥᠪᠡᠷᠲᠡᠭᠡᠨ ᠵᠠᠰᠠᠬᠤ ᠣᠷᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ   ᠥᠪᠡᠷᠲᠡᠭᠡᠨ ᠵᠠᠰᠠᠬᠤ ᠣᠷᠤᠨ᠎ᠤ ᠳᠣᠲᠤᠭ᠋ᠠᠳᠤ ᠵᠢ ᠬᠠᠮᠠᠭ᠋ᠠᠯᠠᠬᠤ ᠲᠢᠩᠬᠢᠮ   ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ   ᠥᠪᠡᠷᠲᠡᠭᠡᠨ ᠵᠠᠰᠠᠬᠤ ᠣᠷᠤᠨ᠎ᠤ ᠶᠡᠷᠦᠩᠬᠡᠢ ᠠᠵᠢᠯᠴᠢᠨ᠎ᠤ ᠡᠪᠯᠡᠯ   ᠥᠪᠡᠷᠲᠡᠭᠡᠨ ᠵᠠᠰᠠᠬᠤ ᠣᠷᠣᠨ᠎ᠤ ᠴᠢᠮᠡᠭᠡ ᠬᠣᠯᠪᠣᠭ᠋ᠠᠨ᠎ᠤ ᠬᠠᠮᠢᠶᠠᠷᠤᠯᠲᠠ ᠵᠢᠨ ᠲᠣᠪᠴᠢᠶ᠎ᠠ     ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠬᠦᠬᠡᠬᠤᠲᠠ ᠵᠢᠨ ᠲᠥᠪ ᠰᠠᠯᠪᠤᠷᠢ ᠪᠠᠩᠬᠢ ᠵᠢᠨ ᠮᠡᠳᠡᠭᠳᠡᠯ》 (ᠥᠪᠦᠷ ᠪᠥᠲᠦᠭᠡᠨ ᠪᠠᠢ᠌ᠭᠤᠯᠤᠯᠲᠠ ᠠᠵᠢᠯᠴᠢᠨ [2018] 738 ᠳ᠋ᠤᠭ᠋ᠠᠷ ᠲᠣᠭ᠋ᠠᠲᠤ) (ᠳᠣᠷᠤᠭᠰᠢ 《ᠨᠠᠷᠢᠨ ᠳᠦᠷᠢᠮ》 ᠭᠡᠵᠤ ᠲᠣᠪᠴᠢᠯᠠᠨ᠎ᠠ)   ᠪᠠ 《ᠭᠡᠷ ᠪᠠᠢ᠌ᠰᠢᠩ᠎ᠤᠨ ᠪᠠᠷᠢᠯᠭ᠎ᠠ ᠪᠠ ᠬᠣᠲᠠ ᠵᠢᠨ ᠶᠠᠪᠤᠳᠠᠯ᠎ᠤᠨ ᠢᠨᠵᠸᠨ᠋ᠸᠷᠢᠩ᠎ᠤᠨ ᠪᠠᠲᠤᠯᠠᠭ᠎ᠠ ᠵᠢᠨ ᠳᠠᠭ᠋ᠠᠳᠬᠠᠯ᠎ᠢ   ᠶᠠᠪᠤᠭᠤᠯᠬᠤ ᠲᠤᠬᠠᠢ ᠥᠪᠡᠷᠲᠡᠭᠡᠨ ᠵᠠᠰᠠᠬᠤ ᠣᠷᠤᠨ᠎ᠤ ᠣᠷᠤᠨ ᠰᠠᠭᠤᠴᠠ ᠪᠠ ᠬᠣᠲᠠ ᠬᠦᠳᠡᠭᠡ ᠵᠢᠨ ᠪᠥᠲᠦᠭᠡᠨ ᠪᠠᠢ᠌ᠭᠤᠯᠤᠯᠲᠠ ᠵᠢᠨ ᠲᠢᠩᠬᠢᠮ   ᠥᠪᠡᠷᠲᠡᠭᠡᠨ ᠵᠠᠰᠠᠬᠤ ᠣᠷᠤᠨ᠎ᠤ ᠬᠥᠮᠦᠨ᠎ᠤ ᠬᠦᠴᠦᠨ᠎ᠤ ᠡᠯᠳᠡᠪ ᠬᠣᠶᠠᠷ ᠵᠢᠡᠷ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ     ᠳᠤᠮᠳᠠᠳᠤ ᠤᠯᠤᠰ᠎ᠤᠨ ᠪᠠᠩᠬᠢ ᠵᠢᠨ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠥᠪᠦᠷ ᠮᠣᠩᠭᠤᠯ᠎ᠤᠨ ᠬᠠᠮᠢᠶᠠᠷᠤᠯᠲᠠ ᠵᠢᠨ ᠵᠥᠪᠯᠡᠯ᠎ᠤᠨ ᠮᠡᠳᠡᠭᠳᠡᠯ》 (  ᠥᠪᠦᠷ ᠪᠥᠲᠦᠭᠡᠨ ᠪᠠᠢ᠌ᠭᠤᠯᠤᠯᠲᠠ ᠬᠣᠲᠠ [2019] 110 ᠳ᠋ᠤᠭ᠋ᠠᠷ ᠲᠣᠭ᠋ᠠᠲᠤ) ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠤᠨ᠎ᠤ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠲᠤᠰ ᠠᠷᠭ᠎ᠠ ᠵᠢ ᠲᠣᠭᠲᠠᠭ᠋ᠠᠪᠠ᠃
      ᠬᠣᠶᠠᠳᠤᠭ᠋ᠠᠷ ᠵᠦᠢ᠍ᠯ   ᠲᠤᠰ ᠠᠷᠭ᠎ᠠ᠎ᠨᠢ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷ᠎ᠠ ᠭᠡᠷ ᠪᠠᠶ᠋ᠢᠰᠢᠩ᠎ᠤᠨ ᠪᠠᠷᠢᠯᠭ᠎ᠠ ᠪᠠ ᠬᠣᠲᠠ ᠵᠢᠨ ᠶᠠᠪᠤᠳᠠᠯ᠎ᠤᠨ ᠰᠠᠭᠤᠷᠢ ᠪᠡᠯᠡᠳᠬᠡᠮᠵᠢ ᠵᠢᠨ ᠢᠨᠵᠸᠨ᠋ᠸᠷᠢᠩ (ᠳᠣᠷᠣᠭᠰᠢ ᠢᠨᠵᠸᠨ᠋ᠸᠷᠢᠩ ᠭᠡᠵᠦ ᠲᠣᠪᠴᠢᠯᠠᠨ᠎ᠠ)᠎ᠤᠨ ᠪᠦᠲᠦᠭᠡᠨ ᠪᠠᠶ᠋ᠢᠭᠤᠯᠤᠯᠲᠠ ᠬᠢᠵᠦ ᠪᠠᠶ᠋ᠢᠭ᠎ᠠ ᠪᠠᠷᠢᠯᠭ᠎ᠠ ᠵᠢᠨ   ᠦᠢ᠍ᠯᠡᠰ᠎ᠤᠨ ᠠᠵᠤ ᠠᠬᠤᠢ᠌ᠯᠠᠯ᠂ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠯᠤᠭ᠎ᠠ ᠬᠥᠳᠡᠯᠮᠦᠷᠢ ᠵᠢᠨ ᠬᠠᠷᠢᠴᠠᠭ᠎ᠠ ᠪᠠᠶ᠋ᠢᠭᠤᠯᠤᠭᠰᠠᠨ ᠪᠥᠭᠡᠳ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠦᠢ᠍ᠯᠡᠰ᠎ᠤᠨ ᠠᠵᠢᠯᠲᠠᠳ᠎ᠤᠨ ᠦᠨᠡᠨ ᠨᠡᠷ᠎ᠡ ᠵᠢᠨ ᠳᠦᠷᠢᠮ᠎ᠤᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠮᠡᠳᠡᠭᠡ ᠵᠠᠩᠭᠢ ᠵᠢᠨ ᠲᠠᠪᠴᠠᠩ》 (ᠳᠣᠷᠣᠭᠰᠢ ᠦᠨᠡᠨ ᠨᠡᠷ᠎ᠡ ᠵᠢᠨ ᠳᠦᠷᠢᠮ᠎ᠤᠨ ᠮᠡᠳᠡᠭᠡ ᠵᠠᠩᠭᠢ ᠵᠢᠨ ᠲᠠᠪᠴᠠᠩ ᠭᠡᠵᠦ ᠲᠣᠪᠴᠢᠯᠠᠨ᠎ᠠ)᠎ᠳᠤ ᠬᠠᠮᠢᠶᠠᠷᠴᠤ ᠪᠠᠶ᠋ᠢᠭ᠎ᠠ ᠪᠠᠷᠢᠯᠭ᠎ᠠ ᠵᠢᠨ ᠠᠵᠢᠯᠴᠢᠨ (  ᠬᠦᠴᠦ ᠶᠠᠪᠤᠭᠴᠢ ᠮᠠᠯᠴᠢᠨ ᠲᠠᠷᠢᠶᠠᠴᠢᠨ ᠪᠠ ᠪᠤᠰᠤᠳ ᠬᠦᠴᠦ ᠶᠠᠪᠤᠭᠰᠠᠳ ᠪᠠᠭᠲᠠᠨ᠎ᠠ᠂ ᠳᠣᠷᠣᠭᠰᠢ ᠪᠠᠷᠢᠯᠭ᠎ᠠ ᠵᠢᠨ ᠠᠵᠢᠯᠴᠢᠨ ᠭᠡᠵᠦ ᠲᠣᠪᠴᠢᠯᠠᠨ᠎ᠠ)᠂ ᠠᠵᠤ ᠠᠬᠤᠶ᠋ᠢᠯᠠᠯ᠎ᠤᠨ ᠴᠠᠯᠢᠩ᠎ᠢ ᠣᠷᠣᠯᠠᠨ ᠣᠯᠭᠣᠬᠤ ᠲᠤᠰᠬᠠᠶ ᠳᠠᠩᠰᠠᠨ ᠡᠷᠦᠬᠡ ᠵᠢᠨ ᠬᠠᠮᠢᠶᠠᠷᠤᠯᠲᠠ ᠵᠢᠨ ᠪᠠᠩᠬᠢ᠂ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠴᠠᠯᠢᠩ᠎ᠤᠨ ᠪᠠᠲᠤᠯᠠᠭ᠎ᠠ ᠵᠢᠨ ᠮᠥᠩᠭᠥ ᠵᠢᠨ ᠪᠠᠩᠬᠢ ᠵᠢᠨ ᠪᠠᠲᠤᠯᠠᠯᠲᠠ ᠵᠢᠨ ᠪᠢᠴᠢᠭ᠎ᠤᠨ ᠲᠤᠬᠠᠶ᠋ᠢᠯᠠᠭᠰᠠᠨ ᠠᠵᠢᠯ᠎ᠢ ᠳᠠᠭ᠋ᠠᠭ᠋ᠠᠨ ᠠᠪᠤᠭᠰᠠᠨ ᠪᠠᠩᠬᠢ᠂ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠴᠠᠯᠢᠩ᠎ᠤᠨ ᠪᠠᠲᠤᠯᠠᠭ᠎ᠠ ᠵᠢᠨ ᠮᠥᠩᠭᠥ ᠵᠢᠨ ᠳᠠᠭ᠋ᠠᠳᠬᠠᠯ᠎ᠤᠨ ᠲᠤᠬᠠᠶ᠋ᠢᠯᠠᠭᠰᠠᠨ ᠠᠵᠢᠯ᠎ᠢ ᠳᠠᠭ᠋ᠠᠭ᠋ᠠᠨ ᠠᠪᠤᠭᠰᠠᠨ ᠳᠠᠭ᠋ᠠᠳᠬᠠᠯ᠎ᠤᠨ ᠪᠠᠶ᠋ᠢᠭᠤᠯᠤᠮᠵᠢ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ (ᠳᠣᠷᠣᠭᠰᠢ ᠣᠷᠣᠨ ᠰᠠᠭᠤᠴᠠ ᠪᠦᠲᠦᠭᠡᠨ ᠪᠠᠶ᠋ᠢᠭᠤᠯᠤᠯᠲᠠ ᠵᠢᠨ ᠰᠠᠯᠠᠭ᠎ᠠ ᠮᠥᠴᠢᠷ ᠭᠡᠵᠦ ᠲᠣᠪᠴᠢᠯᠠᠨ᠎ᠠ)᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ (ᠳᠣᠷᠣᠭᠰᠢ ᠬᠥᠮᠦᠨ᠎ᠤ ᠬᠦᠴᠦᠨ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠭᠡᠵᠦ ᠲᠣᠪᠴᠢᠯᠠᠨ᠎ᠠ)᠂ ᠳᠤᠮᠳᠠᠳᠤ ᠤᠯᠤᠰ᠎ᠤᠨ ᠪᠠᠩᠬᠢ ᠵᠢᠨ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠥᠪᠥᠷ ᠮᠣᠩᠭᠣᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠪᠣᠯᠤᠨ ᠡᠯ᠎ᠡ ᠠᠶ᠋ᠢᠮᠠᠭ ᠬᠣᠲᠠ ᠵᠢᠨ ᠪᠠᠩᠬᠢ ᠵᠢᠨ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠬᠤᠪᠢᠶᠠᠷᠢ ᠲᠣᠪᠴᠢᠶ᠎ᠠ (ᠳᠣᠷᠣᠭᠰᠢ ᠪᠠᠩᠬᠢ ᠵᠢᠨ ᠳᠠᠭ᠋ᠠᠳᠬᠠᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠭᠡᠵᠦ ᠲᠣᠪᠴᠢᠯᠠᠨ᠎ᠠ) ᠵᠢᠴᠢ ᠬᠠᠮᠢᠶ᠎ᠠ ᠪᠦᠬᠦᠢ ᠠᠵᠢᠯᠯᠠᠭ᠎ᠠ᠎ᠳᠤ ᠲᠣᠬᠢᠷᠠᠨ᠎ᠠ᠃
      ᠭᠤᠷᠪᠠᠳᠤᠭ᠋ᠠᠷ ᠵᠦᠢ᠍ᠯ     ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ 《ᠠᠷᠭ᠎ᠠ》 ᠪᠣᠯᠤᠨ 《ᠨᠠᠷᠢᠨ ᠳᠦᠷᠢᠮ》᠎ᠤᠨ ᠲᠣᠭᠲᠠᠭ᠋ᠠᠯ ᠶᠣᠰᠣᠭ᠋ᠠᠷ ᠲᠤᠰ ᠠᠵᠤ ᠠᠬᠤᠶ᠋ᠢᠯᠠᠯ᠎ᠤᠨ ᠴᠠᠯᠢᠩ᠎ᠢ ᠣᠷᠣᠯᠠᠨ ᠲᠠᠷᠬᠠᠭ᠋ᠠᠬᠤ ᠲᠤᠰᠬᠠᠶ ᠳᠠᠩᠰᠠᠨ ᠡᠷᠦᠬᠡ᠎ᠳᠤ ᠬᠠᠳᠠᠭ᠋ᠠᠯᠠᠬᠤ ᠶᠣᠰᠣᠲᠠᠶ ᠴᠠᠯᠢᠩ᠎ᠤᠨ ᠪᠠᠲᠤᠯᠠᠭ᠎ᠠ ᠵᠢᠨ ᠮᠥᠩᠭᠥ ᠵᠢ ᠬᠠᠳᠠᠭ᠋ᠠᠯᠠᠵᠤ᠂ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠴᠠᠯᠢᠩ᠎ᠤᠨ ᠪᠠᠲᠤᠯᠠᠭ᠎ᠠ ᠵᠢᠨ ᠮᠥᠩᠭᠥ ᠵᠢᠨ ᠪᠠᠩᠬᠢ ᠵᠢᠨ ᠪᠠᠲᠤᠯᠠᠯᠲᠠ ᠵᠢᠨ ᠪᠢᠴᠢᠭ (ᠳᠣᠷᠣᠭᠰᠢ ᠪᠠᠩᠬᠢ ᠵᠢᠨ   ᠪᠠᠲᠤᠯᠠᠯᠲᠠ ᠵᠢᠨ ᠪᠢᠴᠢᠭ ᠭᠡᠵᠦ ᠲᠣᠪᠴᠢᠯᠠᠨ᠎ᠠ) ᠵᠶ᠋ᠠᠷ ᠣᠷᠤᠯᠠᠭᠤᠯᠵᠤ᠂ ᠶᠡᠷᠦᠩᠬᠡᠶ ᠢᠲᠡᠭᠡᠮᠵᠢ ᠵᠢᠨ ᠵᠢᠭᠡᠯᠡᠯᠭᠡ ᠣᠯᠭᠣᠬᠤ᠎ᠳᠤ ᠣᠷᠤᠭᠤᠯᠵᠤ ᠪᠣᠯᠤᠨ᠎ᠠ᠂ ᠪᠠᠷᠢᠯᠭ᠎ᠠ ᠵᠢᠨ   ᠦᠢ᠍ᠯᠡᠰ᠎ᠤᠨ ᠠᠵᠤ ᠠᠬᠤᠶ᠋ᠢᠯᠠᠯ᠎ᠤᠨ ᠴᠠᠯᠢᠩ᠎ᠤᠨ ᠪᠠᠲᠤᠯᠠᠭ᠎ᠠ ᠵᠢᠨ ᠮᠥᠩᠭᠥ ᠵᠢᠨ ᠪᠠᠲᠤᠯᠠᠭ᠎ᠠ ᠵᠢᠨ ᠳᠠᠭ᠋ᠠᠳᠬᠠᠯ (ᠳᠣᠷᠣᠭᠰᠢ ᠪᠠᠲᠤᠯᠠᠭ᠎ᠠ ᠵᠢᠨ ᠳᠠᠭ᠋ᠠᠳᠬᠠᠯ ᠭᠡᠵᠦ ᠲᠣᠪᠴᠢᠯᠠᠨ᠎ᠠ) ᠵᠶ᠋ᠠᠷ ᠣᠷᠣᠯᠠᠭᠤᠯᠤᠭᠰᠠᠨ ᠴᠤ᠌ ᠪᠣᠯᠤᠨ᠎ᠠ᠃
      ᠳᠥᠷᠪᠡᠳᠦᠭᠡᠷ ᠵᠦᠢ᠍ᠯ     ᠪᠠᠩᠬᠢ ᠵᠢᠨ ᠪᠠᠲᠤᠯᠠᠯᠲᠠ ᠵᠢᠨ ᠪᠢᠴᠢᠭ ᠪᠣᠯᠤᠨ ᠪᠠᠲᠤᠯᠠᠭ᠎ᠠ ᠵᠢᠨ ᠳᠠᠭ᠋ᠠᠳᠬᠠᠯ᠎ᠤᠨ ᠳᠠᠭ᠋ᠠᠬᠤ ᠵᠣᠭᠣᠰ᠎ᠤᠨ ᠲᠣᠭ᠎ᠠ᠎ᠨᠢ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ 《ᠠᠷᠭ᠎ᠠ》 ᠪᠣᠯᠤᠨ 《ᠨᠠᠷᠢᠨ ᠳᠦᠷᠢᠮ》 ᠎ᠳᠤ ᠲᠣᠭᠲᠠᠭ᠋ᠠᠭᠰᠠᠨ ᠬᠠᠳᠠᠭ᠋ᠠᠯᠠᠬᠤ ᠶᠣᠰᠣᠲᠠᠶ ᠴᠠᠯᠢᠩ᠎ᠤᠨ ᠪᠠᠲᠤᠯᠠᠭ᠎ᠠ ᠵᠢᠨ ᠮᠥᠩᠭᠥ ᠵᠢᠨ ᠲᠣᠭ᠎ᠠ᠎ᠠᠴᠠ ᠳᠣᠤᠷ᠎ᠠ ᠪᠠᠶ᠋ᠢᠵᠤ ᠪᠣᠯᠬᠤ ᠦᠭᠡᠢ᠃
      ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠨᠢ 《ᠠᠷᠭ᠎ᠠ》 ᠪᠣᠯᠤᠨ 《ᠨᠠᠷᠢᠨ ᠳᠦᠷᠢᠮ》᠎ᠤᠨ ᠲᠣᠭᠲᠠᠭ᠋ᠠᠯ ᠶᠣᠰᠣᠭ᠋ᠠᠷ ᠴᠠᠯᠢᠩ᠎ᠤᠨ ᠪᠠᠲᠤᠯᠠᠭ᠎ᠠ ᠵᠢᠨ ᠮᠥᠩᠭᠥ᠎ᠪᠠᠨ ᠬᠠᠳᠠᠭ᠋ᠠᠯᠠᠵᠤ᠂ ᠪᠠᠰᠠ ᠪᠠᠩᠬᠢ ᠵᠢᠨ ᠪᠠᠲᠤᠯᠠᠯᠲᠠ ᠵᠢᠨ ᠪᠢᠴᠢᠭ ᠪᠤᠶᠤ ᠪᠠᠲᠤᠯᠠᠭ᠎ᠠ ᠵᠢᠨ ᠳᠠᠭ᠋ᠠᠳᠬᠠᠯ᠎ᠢ ᠬᠡᠷᠡᠭᠯᠡᠭᠰᠡᠨ ᠪᠠᠢ᠌ᠪᠠᠯ᠂ ᠴᠠᠯᠢᠩ᠎ᠤᠨ ᠪᠠᠲᠤᠯᠠᠭ᠎ᠠ ᠵᠢᠨ ᠮᠥᠩᠭᠥ ᠵᠢᠨ ᠬᠢᠨᠠᠯᠲᠠ ᠬᠠᠮᠢᠶᠠᠷᠤᠯᠲᠠ ᠵᠢᠨ ᠡᠷᠬᠡ ᠮᠡᠳᠡᠯ᠎ᠲᠠᠢ ᠣᠷᠣᠨ ᠰᠠᠭᠤᠴᠠ ᠪᠠ ᠪᠦᠲᠦᠭᠡᠨ ᠪᠠᠶ᠋ᠢᠭᠤᠯᠬᠤ ᠰᠠᠯᠠᠭ᠎ᠠ ᠮᠥᠴᠢᠷ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠠᠴᠠ ᠴᠠᠯᠢᠩ᠎ᠤᠨ ᠪᠠᠲᠤᠯᠠᠭ᠎ᠠ ᠵᠢᠨ ᠮᠥᠩᠭᠥ ᠵᠢᠨ ᠬᠢᠨᠠᠯᠲᠠ ᠬᠠᠮᠢᠶᠠᠷᠤᠯᠲᠠ ᠵᠢ ᠬᠦᠴᠦᠨ ᠦᠭᠡᠢ ᠪᠣᠯᠭ᠋ᠠᠬᠤ᠎ᠪᠠᠷ ᠭᠤᠶᠤᠴᠢᠯᠠᠵᠤ ᠪᠣᠯᠤᠨ᠎ᠠ᠃


ᠬᠣᠶᠠᠳᠤᠭ᠋ᠠᠷ ᠪᠦᠯᠦᠭ     ᠪᠠᠩᠬᠢ ᠵᠢᠨ ᠪᠠᠲᠤᠯᠠᠯᠲᠠ ᠵᠢᠨ ᠪᠢᠴᠢᠭ ᠪᠠ ᠪᠠᠲᠤᠯᠠᠭ᠎ᠠ ᠵᠢᠨ ᠳᠠᠭ᠋ᠠᠳᠬᠠᠯ᠎ᠢ ᠭᠦᠢ᠍ᠴᠡᠳᠬᠡᠬᠦ ᠪᠠ ᠬᠦᠴᠦᠨ ᠥᠭᠡᠢ ᠪᠣᠯᠭ᠋ᠠᠬᠤ

     

      ᠲᠠᠪᠤᠳᠤᠭ᠋ᠠᠷ ᠵᠦᠢ᠍ᠯ     ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠨᠢ ᠪᠠᠩᠬᠢ ᠵᠢᠨ ᠪᠠᠲᠤᠯᠠᠯᠲᠠ ᠵᠢᠨ ᠪᠢᠴᠢᠭ᠎ᠢ ᠬᠡᠷᠡᠭᠯᠡᠭᠰᠡᠨ ᠪᠣᠯ ᠵᠠᠷᠴᠢᠮ ᠳᠡᠭᠡᠷ᠎ᠡ᠎ᠪᠠᠨ ᠬᠦᠴᠦ ᠶᠠᠪᠤᠭᠴᠢ ᠮᠠᠯᠴᠢᠨ ᠲ᠋ᠠᠷᠢᠶᠠᠴᠢᠨ᠎ᠤ ᠴᠠᠯᠢᠩ᠎ᠤᠨ ᠲᠤᠰᠬᠠᠶ ᠳᠠᠩᠰᠠᠨ ᠡᠷᠦᠬᠡ ᠵᠢ ᠰᠣᠩᠭᠣᠵᠤ ᠪᠠᠩᠬᠢ ᠪᠠᠶ᠋ᠢᠭᠤᠯᠬᠤ ᠪᠤᠶᠤ ᠦᠨᠳᠦᠰᠦᠨ ᠳᠠᠩᠰᠠ ᠨᠡᠭᠡᠭᠡᠭᠰᠡᠨ ᠪᠠᠩᠬᠢ ᠵᠢ ᠰᠣᠩᠭᠣᠵᠤ ᠪᠠᠩᠬᠢ ᠵᠢᠨ ᠪᠠᠲᠤᠯᠠᠯᠲᠠ ᠵᠢᠨ ᠪᠢᠴᠢᠭ ᠭᠠᠷᠭ᠋ᠠᠨ ᠥᠭᠴᠦ᠂ ᠪᠠᠩᠬᠢ ᠵᠢᠨ ᠪᠠᠲᠤᠯᠠᠯᠲᠠ ᠵᠢᠨ ᠪᠢᠴᠢᠭ᠎ᠲᠤ ᠴᠥᠮ ᠡᠷᠢᠵᠦ ᠣᠯᠤᠮᠠᠭᠴᠠ ᠥᠭᠬᠦ ᠴᠢᠨᠠᠷᠲᠠᠢ ᠲᠤᠰᠠᠭ᠋ᠠᠷ   ᠪᠠᠲᠤᠯᠠᠯᠲᠠ ᠵᠢᠨ ᠪᠢᠴᠢᠭ᠎ᠢ ᠬᠡᠷᠡᠭᠯᠡᠨ᠎ᠡ᠃ ᠪᠤᠰᠤᠳ ᠬᠣᠲᠠ ᠵᠢᠨ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠠᠴᠠ ᠭᠠᠳᠠᠨᠠᠬᠢ ᠬᠤᠳᠠᠯᠳᠤᠭ᠋ᠠᠨ᠎ᠤ ᠪᠠᠩᠬᠢ ᠵᠢ ᠰᠣᠩᠭᠣᠵᠤ ᠪᠠᠩᠬᠢ ᠵᠢᠨ ᠪᠠᠲᠤᠯᠠᠯᠲᠠ ᠵᠢᠨ ᠪᠢᠴᠢᠭ ᠭᠠᠷᠭ᠋ᠠᠵᠤ ᠪᠣᠯᠤᠨ᠎ᠠ᠂ ᠭᠡᠪᠡᠴᠦ ᠲᠡᠭᠦᠨ᠎ᠤ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷ᠎ᠠ ᠪᠠᠶ᠋ᠢᠭᠤᠯᠤᠭᠰᠠᠨ ᠴᠠᠯᠢᠩ᠎ᠢ ᠣᠷᠣᠯᠠᠨ ᠲᠠᠷᠬᠠᠭ᠋ᠠᠬᠤ ᠲᠤᠰᠬᠠᠶ ᠳᠠᠩᠰᠠᠨ ᠡᠷᠦᠬᠡ ᠵᠢᠨ ᠬᠠᠮᠢᠶᠠᠷᠤᠯᠲᠠ ᠵᠢᠨ ᠪᠠᠩᠬᠢ᠎ᠨᠢ ᠠᠳᠠᠯᠢ ᠨᠢᠭᠡᠨ ᠰᠢᠰᠲ᠋ᠧᠮ᠎ᠤᠨ ᠪᠠᠩᠬᠢ ᠪᠠᠢ᠌ᠬᠤ ᠬᠡᠷᠡᠭᠲᠡᠢ᠃
      ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠨᠢ ᠪᠠᠲᠤᠯᠠᠭ᠎ᠠ ᠵᠢᠨ ᠳᠠᠭ᠋ᠠᠳᠬᠠᠯ᠎ᠢ ᠬᠡᠷᠡᠭᠯᠡᠭᠰᠡᠨ ᠪᠠᠢ᠌ᠪᠠᠯ᠂ ᠥᠪᠡᠷ᠎ᠲᠡᠭᠡᠨ ᠳᠠᠭ᠋ᠠᠳᠬᠠᠯ᠎ᠤᠨ ᠪᠠᠶ᠋ᠢᠭᠤᠯᠤᠮᠵᠢ ᠵᠢ ᠰᠣᠩᠭᠣᠵᠤ ᠳᠠᠭ᠋ᠠᠳᠬᠠᠭᠤᠯᠤᠨ᠎ᠠ᠂ ᠲᠡᠷᠡᠴᠢᠯᠡᠨ ᠳᠠᠭ᠋ᠠᠳᠬᠠᠯ᠎ᠤᠨ ᠪᠠᠶ᠋ᠢᠭᠤᠯᠤᠮᠵᠢ᠎ᠯᠤᠭ᠎ᠠ ᠪᠠᠲᠤᠯᠠᠭ᠎ᠠ ᠵᠢᠨ ᠳᠠᠭ᠋ᠠᠳᠬᠠᠯ᠎ᠤᠨ ᠭᠡᠷ᠎ᠡ ᠲᠣᠭᠲᠠᠵᠤ᠂ ᠳᠠᠭ᠋ᠠᠳᠬᠠᠯ᠎ᠤᠨ ᠪᠠᠶ᠋ᠢᠭᠤᠯᠤᠮᠵᠢ᠎ᠠᠴᠠ ᠬᠠᠮᠢᠶ᠎ᠠ ᠪᠦᠬᠦᠢ ᠪᠠᠲᠤᠯᠠᠭ᠎ᠠ ᠵᠢᠨ ᠳᠠᠭ᠋ᠠᠳᠬᠠᠯ᠎ᠤᠨ ᠬᠠᠭᠤᠳᠠᠰᠤ ᠵᠢ ᠭᠠᠷᠭ᠋ᠠᠵᠤ ᠥᠭᠬᠦ ᠬᠡᠷᠡᠭᠲᠡᠶ᠃
      ᠵᠢᠷᠭᠤᠳᠤᠭ᠋ᠠᠷ ᠵᠦᠢ᠍ᠯ     ᠪᠠᠩᠬᠢ ᠵᠢᠨ ᠪᠠᠲᠤᠯᠠᠯᠲᠠ ᠵᠢᠨ ᠪᠢᠴᠢᠭ ᠪᠣᠯᠤᠨ ᠪᠠᠲᠤᠯᠠᠭ᠎ᠠ ᠵᠢᠨ ᠳᠠᠭ᠋ᠠᠳᠬᠠᠯ᠎ᠤᠨ ᠪᠠᠷᠢᠮᠲᠠ ᠵᠢᠨ ᠬᠦᠴᠦᠨ᠎ᠲᠠᠢ ᠬᠤᠭᠤᠴᠠᠭ᠎ᠠ᠎ᠨᠢ ᠵᠠᠷᠴᠢᠮ ᠳᠡᠭᠡᠷ᠎ᠡ᠎ᠪᠠᠨ ᠨᠢᠭᠡ ᠵᠢᠯ᠎ᠠᠴᠠ ᠳᠤᠲᠠᠭᠤ ᠦᠭᠡᠶ ᠪᠠᠢ᠌ᠵᠤ᠂ ᠳᠠᠭ᠋ᠠᠳᠬᠠᠬᠤ ᠬᠡᠪᠴᠢᠶ᠎ᠡ᠎ᠨᠢ ᠲᠤᠰ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ ᠳᠣᠲᠣᠷ᠎ᠠ ᠳᠠᠭ᠋ᠠᠭ᠋ᠠᠨ ᠪᠠᠶ᠋ᠢᠭᠤᠯᠤᠭᠰᠠᠨ ᠦᠨᠡᠨ ᠨᠡᠷ᠎ᠡ ᠵᠢᠨ ᠳᠦᠷᠢᠮ᠎ᠤᠨ ᠮᠡᠳᠡᠭᠡ ᠵᠠᠩᠭᠢ ᠵᠢᠨ ᠲᠠᠪᠴᠠᠩ᠎ᠳᠤ ᠬᠠᠮᠢᠶᠠᠷᠤᠯᠲᠠ ᠶᠠᠪᠤᠭᠤᠯᠬᠤ ᠪᠤᠶ ᠪᠦᠬᠦᠢ ᠪᠠᠷᠢᠯᠭ᠎ᠠ ᠵᠢ ᠬᠠᠮᠤᠷᠤᠨ᠎ᠠ᠃
      ᠪᠠᠩᠬᠢ ᠵᠢᠨ ᠪᠠᠲᠤᠯᠠᠯᠲᠠ ᠵᠢᠨ ᠪᠢᠴᠢᠭ ᠪᠠ ᠪᠠᠲᠤᠯᠠᠭ᠎ᠠ ᠵᠢᠨ ᠳᠠᠭ᠋ᠠᠳᠬᠠᠯ᠎ᠤᠨ ᠬᠤᠭᠤᠴᠠᠭ᠎ᠠ᠎ᠨᠢ ᠭᠦᠢ᠍ᠴᠡᠭᠰᠡᠨ᠎ᠤ ᠳᠠᠷᠠᠭ᠎ᠠ᠂ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ ᠮᠥᠨ ᠯᠡ ᠪᠠᠩᠬᠢ ᠵᠢᠨ ᠪᠠᠲᠤᠯᠠᠯᠲᠠ ᠵᠢᠨ ᠪᠢᠴᠢᠭ ᠪᠠ ᠪᠠᠲᠤᠯᠠᠭ᠎ᠠ ᠵᠢᠨ ᠳᠠᠭ᠋ᠠᠳᠬᠠᠯ᠎ᠢ ᠬᠡᠷᠡᠭᠯᠡᠭᠰᠡᠨ ᠪᠠᠶ᠋ᠢᠪᠠᠯ᠂ ᠬᠦᠴᠦᠨ᠎ᠲᠠᠢ ᠬᠤᠭᠤᠴᠠᠭ᠎ᠠ ᠭᠦᠢ᠍ᠴᠡᠬᠦ᠎ᠠᠴᠠ 30 ᠡᠳᠦᠷ᠎ᠤᠨ ᠡᠮᠦᠨ᠎ᠡ ᠬᠤᠭᠤᠴᠠᠭ᠎ᠠ ᠵᠢ ᠤᠷᠲᠤᠳᠬᠠᠬᠤ᠎ᠪᠠᠷ ᠭᠤᠶᠤᠴᠢᠯᠠᠬᠤ ᠬᠡᠷᠡᠭᠲᠡᠶ; ᠬᠤᠭᠤᠴᠠᠭ᠎ᠠ ᠵᠢ ᠤᠷᠲᠤᠳᠬᠠᠬᠤ᠎ᠪᠠᠷ ᠭᠤᠶᠤᠴᠢᠯᠠᠭᠰᠠᠨ ᠦᠭᠡᠢ ᠪᠣᠯ᠂ ᠴᠠᠯᠢᠩ᠎ᠤᠨ ᠪᠠᠲᠤᠯᠠᠭ᠎ᠠ ᠵᠢᠨ ᠮᠥᠩᠭᠥ ᠵᠢ ᠬᠢᠨᠠᠨ ᠬᠠᠮᠢᠶᠠᠷᠬᠤ ᠡᠷᠬᠡ ᠮᠡᠳᠡᠯ᠎ᠲᠠᠢ ᠣᠷᠣᠨ ᠰᠠᠭᠤᠴᠠ ᠪᠠ ᠪᠦᠲᠦᠭᠡᠨ ᠪᠠᠶ᠋ᠢᠭᠤᠯᠬᠤ ᠰᠠᠯᠠᠭ᠎ᠠ ᠮᠥᠴᠢᠷ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ 《ᠠᠷᠭ᠎ᠠ》 ᠪᠠ 《ᠨᠠᠷᠢᠨ ᠳᠦᠷᠢᠮ》᠎ᠤᠨ ᠲᠣᠭᠲᠠᠭ᠋ᠠᠯ ᠶᠣᠰᠣᠭ᠋ᠠᠷ ᠴᠠᠯᠢᠩ᠎ᠤᠨ ᠪᠠᠲᠤᠯᠠᠭ᠎ᠠ ᠵᠢᠨ ᠮᠥᠩᠭᠥ ᠵᠢ ᠴᠠᠭ ᠲᠤᠬᠠᠶ᠎ᠳᠤᠨᠢ ᠭᠦᠢ᠍ᠴᠡᠳ ᠲᠣᠭ᠎ᠠ᠎ᠪᠠᠷ ᠬᠠᠳᠠᠭ᠋ᠠᠯᠠᠬᠤ ᠪᠤᠶᠤ ᠪᠠᠩᠬᠢ ᠵᠢᠨ ᠪᠠᠲᠤᠯᠠᠯᠲᠠ ᠵᠢᠨ ᠪᠢᠴᠢᠭ᠂ ᠪᠠᠲᠤᠯᠠᠭ᠎ᠠ ᠵᠢᠨ ᠳᠠᠭ᠋ᠠᠳᠬᠠᠯ᠎ᠤᠨ ᠪᠠᠷᠢᠮᠲᠠ ᠵᠢ ᠲᠤᠰᠢᠶᠠᠬᠤ ᠬᠡᠷᠡᠭᠲᠡᠶ᠃
      ᠳᠣᠯᠣᠳᠤᠭ᠋ᠠᠷ ᠵᠦᠢ᠍ᠯ     ᠪᠠᠷᠢᠯᠭ᠎ᠠ ᠵᠢᠨ ᠠᠵᠢᠯ ᠬᠢᠬᠦ ᠵᠥᠪᠰᠢᠶᠡᠷᠡᠯ ᠣᠯᠭᠣᠬᠤ᠎ᠠᠴᠠ ᠡᠮᠦᠨ᠎ᠡ᠂ ᠪᠠᠩᠬᠢ ᠵᠢᠨ ᠪᠠᠲᠤᠯᠠᠯᠲᠠ ᠵᠢᠨ ᠪᠢᠴᠢᠭ ᠠᠪᠤᠭᠰᠠᠨ ᠪᠠᠷᠢᠯᠭ᠎ᠠ ᠵᠢᠨ   ᠦᠢ᠍ᠯᠡᠰ᠎ᠤᠨ ᠠᠵᠤ ᠠᠬᠤᠶ᠋ᠢᠯᠠᠯ᠎ᠨᠢ ᠪᠠᠩᠬᠢ᠎ᠳᠤ ᠪᠠᠩᠬᠢ ᠵᠢᠨ ᠪᠠᠲᠤᠯᠠᠯᠲᠠ ᠵᠢᠨ ᠪᠢᠴᠢᠭ ᠨᠡᠭᠡᠭᠡᠬᠦ᠎ᠪᠠᠷ ᠭᠤᠶᠤᠴᠢᠯᠠᠬᠤ ᠵᠢᠨ ᠬᠠᠮᠲᠤ ᠪᠠᠩᠬᠢ ᠵᠢᠨ ᠪᠠᠲᠤᠯᠠᠯᠲᠠ ᠵᠢᠨ ᠪᠢᠴᠢᠭ ᠵᠶ᠋ᠠᠨ ᠲᠤᠰ ᠠᠵᠤ ᠠᠬᠤᠶ᠋ᠢᠯᠠᠯ᠎ᠤᠨ ᠴᠠᠯᠢᠩ᠎ᠤᠨ ᠲᠤᠰᠬᠠᠶ ᠳᠠᠩᠰᠠᠨ ᠡᠷᠦᠬᠡ ᠵᠢ ᠣᠷᠣᠯᠠᠨ ᠲᠠᠷᠬᠠᠭ᠋ᠠᠬᠤ ᠬᠠᠮᠢᠶᠠᠷᠤᠯᠲᠠ ᠵᠢᠨ ᠪᠠᠩᠬᠢ᠎ᠳᠤ ᠲᠤᠰᠢᠶᠠᠬᠤ ᠬᠡᠷᠡᠭᠲᠡᠶ᠃ ᠴᠠᠯᠢᠩ᠎ᠢ ᠣᠷᠣᠯᠠᠨ ᠲᠠᠷᠬᠠᠭ᠋ᠠᠬᠤ ᠲᠤᠰᠬᠠᠶ ᠲᠠᠩᠰᠠᠨ ᠡᠷᠦᠬᠡ ᠵᠢᠨ ᠬᠠᠮᠢᠶᠠᠷᠤᠯᠲᠠ ᠵᠢᠨ ᠪᠠᠩᠬᠢ᠎ᠠᠴᠠ ᠬᠢᠨᠠᠨ ᠪᠠᠢ᠌ᠴᠠᠭ᠋ᠠᠭᠰᠠᠨ᠎ᠤ ᠳᠠᠷᠠᠭ᠎ᠠ ᠪᠠᠩᠬᠢ ᠵᠢᠨ ᠪᠠᠲᠤᠯᠠᠯᠲᠠ ᠵᠢᠨ ᠪᠢᠴᠢᠭ᠎ᠤᠨ ᠮᠡᠳᠡᠭᠡ ᠵᠠᠩᠭᠢ ᠵᠢ ᠦᠨᠡᠨ ᠨᠡᠷ᠎ᠡ ᠵᠢᠨ ᠲᠦᠷᠢᠮ᠎ᠤᠨ ᠮᠡᠳᠡᠭᠡ ᠵᠠᠩᠭᠢ ᠵᠢᠨ ᠲᠠᠪᠴᠠᠩ᠎ᠳᠤ ᠬᠠᠷᠢᠭᠤ ᠲᠤᠰᠬᠠᠨ᠎ᠠ; ᠪᠠᠲᠤᠯᠠᠭ᠎ᠠ ᠵᠢᠨ ᠳᠠᠭ᠋ᠠᠳᠬᠠᠯ ᠠᠪᠤᠭᠰᠠᠨ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠢ᠌ᠯᠠᠯ᠎ᠨᠢ ᠳᠠᠭ᠋ᠠᠳᠬᠠᠯ᠎ᠤᠨ ᠪᠠᠢ᠌ᠭᠤᠯᠤᠮᠵᠢ᠎ᠲᠠᠢ ᠳᠠᠭ᠋ᠠᠳᠬᠠᠯ᠎ᠤᠨ ᠭᠡᠷ᠎ᠡ ᠲᠣᠭᠲᠠᠵᠤ᠂ ᠳᠠᠭ᠋ᠠᠳᠬᠠᠯ᠎ᠤᠨ ᠪᠠᠢ᠌ᠭᠤᠯᠤᠮᠵᠢ᠎ᠠᠴᠠ ᠳᠠᠭ᠋ᠠᠳᠬᠠᠯ᠎ᠤᠨ ᠬᠠᠭᠤᠳᠠᠰᠤ ᠵᠢ ᠦᠨᠡᠨ ᠨᠡᠷ᠎ᠡ ᠵᠢᠨ ᠳᠦᠷᠢᠮ᠎ᠤᠨ ᠮᠡᠳᠡᠭᠡ ᠵᠠᠩᠬᠢ ᠵᠢᠨ ᠲᠠᠪᠴᠠᠩ᠎ᠳᠤ ᠬᠦᠷᠭᠡᠨ᠎ᠡ᠃ ᠦᠨᠡᠨ ᠨᠡᠷ᠎ᠡ ᠵᠢᠨ ᠳᠦᠷᠢᠮ᠎ᠤᠨ ᠮᠡᠳᠡᠭᠡ ᠵᠠᠩᠭᠢ ᠵᠢᠨ ᠲᠠᠪᠴᠠᠩ ᠳᠡᠭᠡᠷᠡᠬᠢ ᠮᠡᠳᠡᠭᠡ ᠵᠠᠩᠭᠢ ᠵᠢ ᠣᠯᠤᠮᠠᠭᠴᠠ ᠲᠣᠰ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠯᠤᠭ᠎ᠠ ᠠᠳᠠᠯᠢ᠎ᠪᠠᠷ ᠴᠠᠯᠢᠩ᠎ᠢ ᠣᠷᠣᠯᠠᠨ ᠲᠠᠷᠬᠠᠭ᠋ᠠᠬᠤ ᠲᠤᠰᠬᠠᠶ ᠳᠠᠮᠨᠠᠭᠰᠠᠨ ᠡᠷᠦᠬᠡ᠎ᠳᠤ ᠴᠠᠯᠢᠩ᠎ᠤᠨ ᠪᠠᠲᠤᠯᠠᠭ᠎ᠠ ᠵᠢᠨ ᠮᠥᠩᠭᠥ ᠵᠢ ᠭᠦᠢ᠍ᠴᠡᠳ ᠲᠣᠭ᠎ᠠ᠎ᠪᠠᠷ ᠬᠠᠳᠠᠭ᠋ᠠᠯᠠᠵᠤ ᠲᠠᠯᠪᠢᠨ᠎ᠠ᠃
      ᠨᠠᠢ᠍ᠮᠠᠳᠤᠭ᠋ᠠᠷ ᠵᠦᠢ᠍ᠯ     ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ ᠨᠢᠭᠡᠨᠲᠡ ᠴᠠᠯᠢᠩ᠎ᠤᠨ ᠪᠠᠲᠤᠯᠠᠭ᠎ᠠ ᠵᠢᠨ ᠮᠥᠩᠭᠦ ᠵᠢ ᠬᠠᠳᠠᠭ᠋ᠠᠯᠠᠭᠰᠠᠨ ᠪᠥᠭᠡᠳ ᠪᠠᠩᠬᠢ ᠵᠢᠨ   ᠪᠠᠲᠤᠯᠠᠯᠲᠠ ᠵᠢᠨ ᠪᠢᠴᠢᠭ ᠪᠤᠶᠤ ᠪᠠᠲᠤᠯᠠᠭ᠎ᠠ ᠵᠢᠨ ᠳᠠᠭ᠋ᠠᠳᠬᠠᠯ᠎ᠢ ᠬᠡᠷᠡᠭᠯᠡᠭᠰᠡᠨ ᠪᠠᠢ᠌ᠪᠠᠯ᠂ ᠦᠨᠡᠨ ᠨᠡᠷ᠎ᠡ ᠵᠢᠨ ᠳᠦᠷᠢᠮ᠎ᠤᠨ ᠮᠡᠳᠡᠭᠡ ᠵᠠᠩᠭᠢ ᠵᠢᠨ ᠲᠠᠪᠴᠠᠩ᠎ᠠᠴᠠ 《ᠴᠠᠯᠢᠩ ᠎ᠤᠨ ᠪᠠᠲᠤᠯᠠᠭ᠎ᠠ ᠵᠢᠨ ᠮᠥᠩᠭᠥ ᠵᠢᠨ ᠬᠢᠨᠠᠯᠲᠠ ᠬᠠᠮᠢᠶᠠᠷᠤᠯᠲᠠ ᠵᠢ ᠬᠦᠴᠦᠨ ᠦᠭᠡᠢ ᠪᠣᠯᠭ᠋ᠠᠬᠤ ᠭᠤᠶᠤᠴᠢᠯᠠᠯ᠎ᠤᠨ ᠪᠢᠴᠢᠭ》 (ᠳᠠᠭ᠋ᠠᠯᠳᠤᠭᠤᠯᠤᠯ 1᠎ᠢ ᠦᠵᠡ) ᠎ᠢ ᠳᠡᠪᠰᠢᠭᠦᠯᠵᠦ᠂ ᠴᠠᠯᠢᠩ᠎ᠤᠨ ᠪᠠᠲᠤᠯᠠᠭ᠎ᠠ ᠵᠢᠨ ᠮᠥᠩᠭᠥ ᠵᠢᠨ ᠬᠢᠨᠠᠯᠲᠠ ᠬᠠᠮᠢᠶᠠᠷᠤᠯᠲᠠ ᠵᠢᠨ ᠡᠷᠬᠡ ᠮᠡᠳᠡᠯ᠎ᠲᠠᠢ ᠣᠷᠣᠨ ᠰᠠᠭᠤᠴᠠ ᠪᠠ ᠪᠦᠲᠦᠭᠡᠨ ᠪᠠᠢ᠌ᠭᠤᠯᠤᠯᠲᠠ ᠵᠢᠨ ᠰᠠᠯᠠᠭ᠎ᠠ ᠮᠥᠴᠢᠷ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠵᠶ᠋ᠠᠷ ᠬᠢᠨᠠᠨ ᠵᠥᠪᠰᠢᠶᠡᠷᠡᠭᠦᠯᠦᠭᠰᠡᠨ᠎ᠤ ᠳᠠᠷᠠᠭ᠎ᠠ᠂ ᠴᠠᠯᠢᠩ᠎ᠤᠨ ᠪᠠᠲᠤᠯᠠᠭ᠎ᠠ ᠵᠢᠨ ᠮᠥᠩᠭᠥ ᠵᠢᠨ ᠬᠢᠨᠠᠯᠲᠠ ᠬᠠᠮᠢᠶᠠᠷᠤᠯᠲᠠ ᠵᠢ ᠬᠦᠴᠦᠨ ᠦᠭᠡᠢ ᠪᠤᠯᠭ᠋ᠠᠵᠤ᠂ ᠬᠠᠳᠠᠭ᠋ᠠᠯᠠᠵᠤ ᠪᠠᠢ᠌ᠭ᠎ᠠ ᠴᠠᠯᠢᠩ᠎ᠤᠨ ᠪᠠᠲᠤᠯᠠᠭ᠎ᠠ ᠵᠢᠨ ᠮᠥᠩᠭᠥ ᠵᠢ ᠲᠣᠰ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ ᠥᠪᠡᠰᠦᠪᠡᠨ ᠡᠵᠡᠮᠰᠢᠨ᠎ᠡ᠃
      ᠶᠢᠰᠦᠳᠦᠭᠡᠷ ᠵᠦᠢ᠍ᠯ     ᠪᠠᠷᠢᠯᠭ᠎ᠠ ᠵᠢᠨ ᠦᠢ᠍ᠯᠡᠰ᠎ᠤᠨ ᠠᠵᠤ ᠠᠬᠤᠢ᠌ᠯᠠᠯ᠎ᠤᠨ ᠳᠠᠭ᠋ᠠᠭ᠋ᠠᠨ ᠪᠠᠶ᠋ᠢᠭᠤᠯᠤᠭᠰᠠᠨ ᠪᠠᠷᠢᠯᠭ᠎ᠠ᠎ᠨᠢ ᠴᠥᠮ ᠪᠠᠷᠢᠯᠭ᠎ᠠ ᠳᠠᠭᠤᠰᠤᠭᠰᠠᠨ ᠪᠥᠭᠡᠳ ᠴᠠᠯᠢᠩ   ᠥᠷᠢᠲᠦᠭᠰᠡᠨ ᠶᠠᠪᠤᠳᠠᠯ ᠣᠷᠣᠰᠢᠬᠤ ᠥᠭᠡᠢ ᠪᠣᠯ ᠪᠠᠩᠬᠢ ᠵᠢᠨ ᠪᠠᠲᠤᠯᠠᠯᠲᠠ ᠵᠢᠨ ᠪᠢᠴᠢᠭ ᠪᠤᠶᠤ ᠪᠠᠲᠤᠯᠠᠭ᠎ᠠ ᠵᠢᠨ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢ ᠬᠦᠴᠦᠨ ᠦᠭᠡᠢ ᠪᠤᠯᠭ᠋ᠠᠬᠤ᠎ᠪᠠᠷ ᠭᠤᠶᠤᠴᠢᠯᠠᠵᠤ ᠪᠣᠯᠤᠨ᠎ᠠ᠂ ᠦᠨᠡᠨ ᠨᠡᠷ᠎ᠡ ᠵᠢᠨ ᠳᠦᠷᠢᠮ᠎ᠤᠨ ᠮᠡᠳᠡᠭᠡ ᠵᠠᠩᠭᠢ ᠵᠢᠨ ᠲᠠᠪᠴᠠᠩ᠎ᠠᠴᠠ 《ᠪᠠᠩᠬᠢ ᠵᠢᠨ ᠪᠠᠲᠤᠯᠠᠯᠲᠠ ᠵᠢᠨ ᠪᠢᠴᠢᠭ ᠪᠤᠶᠤ   ᠪᠠᠲᠤᠯᠠᠭ᠎ᠠ ᠵᠢᠨ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢ ᠬᠦᠴᠦᠨ ᠦᠭᠡᠢ ᠪᠤᠯᠭ᠋ᠠᠬᠤ ᠭᠤᠶᠤᠴᠢᠯᠠᠯ᠎ᠤᠨ ᠪᠢᠴᠢᠭ》 (ᠳᠠᠭ᠋ᠠᠯᠳᠤᠭᠤᠯᠤᠯ 2᠎ᠢ ᠦᠵᠡ)᠎ᠢ ᠲᠤᠰᠢᠶᠠᠵᠤ᠂ ᠴᠠᠯᠢᠩ᠎ᠤᠨ ᠪᠠᠲᠤᠯᠠᠭ᠎ᠠ ᠵᠢᠨ ᠮᠥᠩᠭᠥ ᠵᠢᠨ ᠬᠢᠨᠠᠯᠲᠠ ᠬᠠᠮᠢᠶᠠᠷᠤᠯᠲᠠ ᠵᠢᠨ ᠡᠷᠬᠡ ᠮᠡᠳᠡᠯ᠎ᠲᠠᠢ ᠣᠷᠣᠨ ᠰᠠᠭᠤᠴᠠ ᠪᠠ ᠪᠥᠲᠥᠭᠡᠨ ᠪᠠᠶ᠋ᠢᠭᠤᠯᠤᠯᠲᠠ ᠵᠢᠨ ᠰᠠᠯᠠᠭ᠎ᠠ ᠮᠥᠴᠢᠷ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ ᠬᠢᠨᠠᠯᠲᠠ ᠬᠠᠮᠢᠶᠠᠷᠤᠯᠲᠠ ᠵᠢ ᠬᠦᠴᠦᠨ ᠥᠬᠡᠶ ᠪᠣᠯᠭ᠋ᠠᠨ᠎ᠠ᠃

          

ᠭᠤᠷᠪᠠᠳᠤᠭ᠋ᠠᠷ ᠪᠦᠯᠦᠭ     ᠪᠠᠩᠬᠢ ᠵᠢᠨ ᠪᠠᠲᠤᠯᠠᠯᠲᠠ ᠵᠢᠨ ᠪᠢᠴᠢᠭ ᠪᠠ ᠪᠠᠲᠤᠯᠠᠭ᠎ᠠ ᠵᠢᠨ ᠳᠠᠭ᠋ᠠᠳᠬᠠᠯ᠎ᠤᠨ ᠬᠡᠷᠡᠭᠯᠡᠯᠲᠡ

     

      ᠠᠷᠪᠠᠳᠤᠭ᠋ᠠᠷ ᠵᠦᠢ᠍ᠯ   ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠨᠢ ᠬᠥᠳᠡᠯᠮᠦᠷᠢ ᠬᠦᠴᠦᠨ ᠬᠡᠷᠡᠭᠯᠡᠬᠦ ᠭᠡᠷ᠎ᠡ ᠵᠢ ᠵᠢᠷᠤᠮᠯᠠᠭᠰᠠᠨ ᠦᠭᠡᠢ ᠪᠤᠶᠤ ᠪᠠᠷᠢᠯᠭ᠎ᠠ ᠵᠢᠨ ᠠᠵᠢᠯᠴᠢᠨ᠎ᠤ ᠴᠠᠯᠢᠩ᠎ᠢ ᠲᠤᠭᠲᠠᠭᠰᠠᠨ ᠴᠠᠭ᠎ᠲᠤ᠎ᠨᠢ ᠥᠭᠭᠦᠭᠰᠡᠨ ᠦᠭᠡᠶ᠎ᠠᠴᠠ ᠪᠣᠯᠵᠤ ᠴᠠᠯᠢᠩ ᠥᠷᠢᠲᠦᠭᠰᠡᠨ᠎ᠳᠤ ᠴᠠᠯᠢᠩ᠎ᠤᠨ ᠪᠠᠲᠤᠯᠠᠭ᠎ᠠ ᠵᠢᠨ ᠮᠥᠩᠭᠥ ᠵᠢ ᠬᠡᠷᠡᠭᠯᠡᠬᠦ ᠨᠥᠬᠥᠴᠡᠯ᠎ᠳᠤ ᠨᠡᠶ᠋ᠢᠴᠡᠪᠡᠯ᠂ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠠᠴᠠ ᠦᠨᠡᠨ ᠨᠡᠷ᠎ᠡ ᠵᠢᠨ ᠳᠦᠷᠢᠮ᠎ᠤᠨ ᠮᠡᠳᠡᠭᠡ ᠵᠠᠩᠭᠢ ᠵᠢᠨ ᠲᠠᠪᠴᠠᠩ᠎ᠳᠤ 《ᠪᠠᠩᠬᠢ ᠵᠢᠨ   ᠪᠠᠲᠤᠯᠠᠯᠲᠠ ᠵᠢᠨ ᠪᠢᠴᠢᠭ᠎ᠤᠨ ᠪᠡᠯᠡ ᠮᠥᠩᠭᠥ ᠵᠢ ᠬᠡᠷᠡᠭᠯᠡᠬᠦ ᠭᠤᠶᠤᠴᠢᠯᠠᠯ᠎ᠤᠨ ᠪᠢᠴᠢᠭ》 (ᠳᠠᠭ᠋ᠠᠯᠳᠤᠭᠤᠯᠤᠯ 3᠎ᠳᠤ ᠦᠵᠡ) ᠪᠤᠶᠤ 《ᠪᠠᠲᠤᠯᠠᠭ᠎ᠠ ᠵᠢᠨ ᠳᠠᠭ᠋ᠠᠳᠬᠠᠯ᠎ᠤᠨ ᠲᠥᠯᠥᠪᠦᠷᠢ ᠵᠢ ᠡᠬᠢᠯᠡᠭᠦᠯᠬᠦ ᠭᠤᠶᠤᠴᠢᠯᠠᠯ᠎ᠤᠨ ᠪᠢᠴᠢᠭ》 (ᠳᠠᠭ᠋ᠠᠯᠳᠤᠭᠤᠯᠤᠯ 4᠎ᠳᠤ ᠦᠵᠡ) ᠲᠤᠰᠢᠶᠠᠬᠤ ᠬᠡᠷᠡᠭᠲᠡᠶ᠃ ᠪᠠᠷᠢᠯᠭ᠎ᠠ ᠵᠢᠨ ᠪᠠᠶ᠋ᠢᠭ᠎ᠠ ᠭᠠᠵᠠᠷ᠎ᠤᠨ ᠣᠷᠣᠨ ᠰᠠᠭᠤᠴᠠ ᠪᠠ ᠪᠦᠲᠦᠭᠡᠨ ᠪᠠᠶ᠋ᠢᠭᠤᠯᠤᠯᠲᠠ ᠵᠢᠨ ᠰᠠᠯᠠᠭ᠎ᠠ ᠮᠥᠴᠢᠷ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠬᠢᠨᠠᠨ ᠪᠠᠢ᠌ᠴᠠᠭ᠋ᠠᠵᠤ ᠮᠠᠭ᠋ᠠᠳᠯᠠᠨ ᠵᠥᠪᠰᠢᠶᠡᠷᠡᠭᠰᠡᠨ᠎ᠤ ᠳᠠᠷᠠᠭ᠎ᠠ᠂ ᠦᠨᠡᠨ ᠨᠡᠷ᠎ᠡ ᠵᠢᠨ ᠳᠦᠷᠢᠮ᠎ᠤᠨ ᠮᠡᠳᠡᠭᠡ ᠵᠠᠩᠭᠢ ᠵᠢᠨ ᠲᠠᠪᠴᠠᠩ᠎ᠠᠴᠠ ᠪᠠᠩᠬᠢ ᠪᠤᠶᠤ ᠳᠠᠭ᠋ᠠᠳᠬᠠᠯ᠎ᠤᠨ ᠪᠠᠶ᠋ᠢᠭᠤᠯᠤᠮᠵᠢ᠎ᠳᠤ 《ᠪᠠᠩᠬᠢ ᠵᠢᠨ   ᠪᠠᠲᠤᠯᠠᠯᠲᠠ ᠵᠢᠨ ᠪᠢᠴᠢᠭ᠎ᠤᠨ ᠪᠡᠯᠡ ᠮᠥᠩᠭᠦ ᠵᠢ ᠬᠡᠷᠡᠭᠯᠡᠬᠦ ᠮᠡᠳᠡᠭᠳᠡᠯ᠎ᠤᠨ ᠪᠢᠴᠢᠭ》 (ᠳᠠᠭ᠋ᠠᠯᠳᠤᠭᠤᠯᠤᠯ 5᠎ᠳᠤ ᠦᠵᠡ) ᠪᠤᠶᠤ 《ᠪᠠᠲᠤᠯᠠᠭ᠎ᠠ ᠵᠢᠨ ᠳᠠᠭ᠋ᠠᠳᠬᠠᠯ᠎ᠤᠨ   ᠲᠥᠯᠥᠪᠦᠷᠢ ᠵᠢ ᠡᠬᠢᠯᠡᠭᠦᠯᠬᠦ ᠮᠡᠳᠡᠭᠳᠡᠯ᠎ᠤᠨ ᠪᠢᠴᠢᠭ》 (ᠳᠠᠭ᠋ᠠᠯᠳᠤᠭᠤᠯᠤᠯ 6᠎ᠳᠤ ᠦᠵᠡ) ᠲᠤᠰᠢᠶᠠᠬᠤ ᠬᠡᠷᠡᠭᠲᠡᠶ᠃
      ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ ᠴᠠᠯᠢᠩ ᠵᠶ᠋ᠠᠨ ᠥᠷᠢᠲᠦᠵᠦ᠂ ᠵᠠᠶ᠋ᠢᠯᠠᠵᠤ ᠳᠠᠯᠳᠠᠯᠠᠭᠰᠠᠨ ᠪᠤᠶᠤ ᠥᠭᠬᠦ ᠵᠢ ᠲᠡᠪᠴᠢᠭᠰᠡᠨ ᠪᠣᠯ᠂ ᠪᠠᠷᠢᠯᠭ᠎ᠠ ᠵᠢᠨ ᠪᠠᠢ᠌ᠭ᠎ᠠ ᠭᠠᠵᠠᠷ᠎ᠤᠨ ᠣᠷᠣᠨ ᠰᠠᠭᠤᠴᠠ ᠪᠠ ᠪᠦᠲᠦᠭᠡᠨ ᠪᠠᠶ᠋ᠢᠭᠤᠯᠤᠯᠲᠠ ᠵᠢᠨ ᠰᠠᠯᠠᠭ᠎ᠠ ᠮᠥᠴᠢᠷ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠦᠴᠢᠷ᠎ᠨᠢ ᠦᠨᠡᠨ ᠨᠡᠷ᠎ᠡ ᠵᠢᠨ ᠳᠦᠷᠢᠮ᠎ᠤᠨ ᠮᠡᠳᠡᠭᠡ ᠵᠠᠩᠭᠢ ᠵᠢᠨ ᠲᠠᠪᠴᠠᠩ᠎ᠠᠴᠠ 《ᠪᠠᠩᠬᠢ ᠵᠢᠨ ᠪᠠᠲᠤᠯᠠᠯᠲᠠ ᠵᠢᠨ ᠪᠢᠴᠢᠭ᠎ᠤᠨ ᠪᠡᠯᠡ ᠮᠥᠩᠭᠥ ᠵᠢ ᠬᠡᠷᠡᠭᠯᠡᠬᠦ ᠮᠡᠳᠡᠭᠳᠡᠯ᠎ᠤᠨ ᠪᠢᠴᠢᠭ》 ᠪᠤᠶᠤ 《ᠪᠠᠲᠤᠯᠠᠭ᠎ᠠ ᠵᠢᠨ ᠳᠠᠭ᠋ᠠᠳᠬᠠᠯ᠎ᠤᠨ ᠲᠥᠯᠥᠪᠦᠷᠢ ᠵᠢ ᠡᠬᠢᠯᠡᠭᠦᠯᠬᠦ ᠮᠡᠳᠡᠭᠳᠡᠯ᠎ᠤᠨ ᠪᠢᠴᠢᠭ》᠎ᠢ ᠲᠤᠰᠢᠶᠠᠬᠤ ᠬᠡᠷᠡᠭᠲᠡᠶ᠃
      ᠠᠷᠪᠠᠨ ᠨᠢᠭᠡᠳᠦᠭᠡᠷ ᠵᠦᠢ᠍ᠯ   ᠪᠠᠩᠬᠢ ᠵᠢᠨ ᠪᠠᠲᠤᠯᠠᠯᠲᠠ ᠵᠢᠨ ᠪᠢᠴᠢᠭ ᠭᠠᠷᠭ᠋ᠠᠵᠤ ᠥᠭᠬᠦ ᠪᠠᠩᠬᠢ᠎ᠨᠢ ᠪᠠᠷᠢᠯᠭ᠎ᠠ ᠵᠢᠨ ᠪᠠᠶ᠋ᠢᠭ᠎ᠠ ᠭᠠᠵᠠᠷ᠎ᠤᠨ ᠣᠷᠣᠨ ᠰᠠᠭᠤᠴᠠ ᠪᠠ ᠪᠦᠲᠦᠭᠡᠨ ᠪᠠᠶ᠋ᠢᠭᠤᠯᠤᠯᠲᠠ ᠵᠢᠨ ᠰᠠᠯᠠᠭ᠎ᠠ ᠮᠥᠴᠢᠷ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠠᠴᠠ ᠭᠠᠷ᠎ᠤᠨ ᠦᠰᠦᠭ ᠵᠢᠷᠤᠵᠤ ᠲᠠᠮᠠᠭ᠎ᠠ ᠳᠠᠷᠤᠭᠰᠠᠨ 《ᠪᠠᠩᠬᠢ ᠵᠢᠨ ᠪᠠᠲᠤᠯᠠᠯᠲᠠ ᠵᠢᠨ ᠪᠢᠴᠢᠭ᠎ᠤᠨ ᠪᠡᠯᠡ ᠮᠥᠩᠭᠥ ᠵᠢ ᠬᠡᠷᠡᠭᠯᠡᠬᠦ ᠮᠡᠳᠡᠭᠳᠡᠯ᠎ᠤᠨ ᠪᠢᠴᠢᠭ》᠎ᠢ ᠣᠯᠤᠭᠰᠠᠨ᠎ᠤ ᠳᠠᠷᠠᠭ᠎ᠠ ᠪᠡᠯᠡ ᠮᠥᠩᠭᠦ ᠵᠢ 3 ᠠᠵᠢᠯᠯᠠᠬᠤ ᠡᠳᠦᠷ᠎ᠤᠨ ᠳᠣᠲᠣᠷ᠎ᠠ ᠲᠤᠰ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠦᠴᠦ ᠶᠠᠪᠤᠭᠴᠢ ᠮᠠᠯᠴᠢᠨ ᠲᠠᠷᠢᠶᠠᠴᠢᠨ᠎ᠤ ᠴᠠᠯᠢᠩ᠎ᠤᠨ ᠲᠤᠰᠬᠠᠶ ᠳᠠᠩᠰᠠᠨ ᠡᠷᠦᠬᠡ ᠎ᠳᠤ ᠣᠷᠤᠭᠤᠯᠵᠤ᠂ ᠥᠷᠢᠲᠦᠵᠦ ᠪᠠᠢ᠌ᠭ᠎ᠠ ᠪᠠᠷᠢᠯᠭ᠎ᠠ ᠵᠢᠨ ᠠᠵᠢᠯᠴᠢᠨ᠎ᠤ ᠴᠠᠯᠢᠩ᠎ᠢ ᠣᠯᠭᠣᠬᠤ᠎ᠳᠤ ᠬᠡᠷᠡᠭᠯᠡᠬᠦ ᠵᠢᠨ ᠬᠠᠮᠲᠤ ᠥᠭᠭᠦᠭᠰᠡᠨ ᠪᠠᠶ᠋ᠢᠳᠠᠯ ᠵᠶ᠋ᠠᠨ ᠪᠠᠷᠢᠯᠭ᠎ᠠ ᠵᠢᠨ ᠪᠠᠢ᠌ᠭ᠎ᠠ ᠭᠠᠵᠠᠷ᠎ᠤᠨ ᠣᠷᠣᠨ ᠰᠠᠭᠤᠴᠠ ᠪᠠ ᠪᠦᠲᠦᠭᠡᠨ ᠪᠠᠢ᠌ᠭᠤᠯᠤᠯᠲᠠ ᠵᠢᠨ ᠰᠠᠯᠠᠭ᠎ᠠ ᠮᠦᠴᠢᠷ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠲᠤ ᠮᠡᠳᠡᠭᠳᠡᠬᠦ ᠬᠡᠷᠡᠭᠲᠡᠶ᠃
      ᠳᠠᠭ᠋ᠠᠳᠬᠠᠯ᠎ᠤᠨ ᠪᠠᠶ᠋ᠢᠭᠤᠯᠤᠮᠵᠢ᠎ᠨᠢ ᠪᠠᠷᠢᠯᠭ᠎ᠠ ᠵᠢᠨ ᠪᠠᠢ᠌ᠭ᠎ᠠ ᠭᠠᠵᠠᠷ᠎ᠤᠨ ᠣᠷᠣᠨ ᠰᠠᠭᠤᠴᠠ ᠪᠠ ᠪᠦᠲᠦᠭᠡᠨ ᠪᠠᠢ᠌ᠭᠤᠯᠤᠯᠲᠠ ᠵᠢᠨ ᠰᠠᠯᠠᠭ᠎ᠠ ᠮᠥᠴᠢᠷ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠭᠠᠷ᠎ᠤᠨ ᠦᠰᠦᠭ ᠵᠢᠷᠤᠵᠤ ᠲᠠᠮᠠᠭ᠎ᠠ ᠳᠠᠷᠤᠭᠰᠠᠨ 《ᠪᠠᠲᠤᠯᠠᠭ᠎ᠠ ᠵᠢᠨ ᠳᠠᠭ᠋ᠠᠳᠬᠠᠯ᠎ᠤᠨ ᠲᠥᠯᠥᠪᠦᠷᠢ ᠵᠢ   ᠡᠬᠢᠯᠡᠭᠦᠯᠬᠦ ᠮᠡᠳᠡᠭᠳᠡᠯ᠎ᠤᠨ ᠪᠢᠴᠢᠭ》᠎ᠢ ᠣᠯᠤᠭᠰᠠᠨ᠎ᠤ ᠳᠠᠷᠠᠭ᠎ᠠ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠳᠠᠭ᠋ᠠᠳᠬᠠᠯ᠎ᠤᠨ ᠬᠠᠤᠯᠢ》 ᠵᠢᠨ ᠲᠣᠭᠲᠠᠭ᠋ᠠᠯ ᠶᠣᠰᠣᠭ᠋ᠠᠷ ᠴᠠᠭ ᠲᠤᠬᠠᠶ᠎ᠳᠤᠨᠢ ᠬᠢᠨᠠᠨ ᠲᠣᠭᠲᠠᠭ᠋ᠠᠯᠲᠠ ᠬᠢᠵᠦ᠂ ᠳᠠᠭ᠋ᠠᠳᠬᠠᠯ᠎ᠤᠨ ᠬᠠᠷᠢᠭᠤᠴᠠᠯᠭ᠎ᠠ᠎ᠳᠤ ᠬᠠᠷᠢᠶᠠᠯᠠᠭᠳᠠᠪᠠᠯ᠂ ᠲᠥᠯᠥᠬᠦ ᠡᠭᠦᠷᠭᠡ᠎ᠪᠠᠨ ᠴᠠᠭ ᠲᠤᠬᠠᠶ᠎ᠳᠤᠨᠢ ᠭᠦᠢ᠍ᠴᠡᠳᠬᠡᠵᠤ᠂ ᠲᠥᠯᠥᠪᠦᠷᠢ ᠵᠢᠨ ᠪᠡᠯᠡ ᠮᠥᠩᠭᠥ ᠵᠢ ᠲᠤᠰ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠦᠴᠦ ᠶᠠᠪᠤᠭᠴᠢ ᠮᠠᠯᠴᠢᠨ ᠲᠠᠷᠢᠶᠠᠴᠢᠨ᠎ᠤ ᠴᠠᠯᠢᠩ᠎ᠤᠨ ᠲᠤᠰᠬᠠᠶ ᠳᠠᠩᠰᠠᠨ᠎ᠳᠤ ᠰᠢᠯᠵᠢᠭᠦᠯᠦᠨ ᠥᠭᠴᠦ᠂ ᠥᠷᠢᠲᠦᠵᠦ ᠪᠠᠶ᠋ᠢᠭ᠎ᠠ ᠪᠠᠷᠢᠯᠭ᠎ᠠ ᠵᠢᠨ ᠠᠵᠢᠯᠴᠢᠨ᠎ᠤ ᠴᠠᠯᠢᠩ᠎ᠢ ᠥᠭᠬᠦ᠎ᠳᠤ ᠬᠡᠷᠡᠭᠯᠡᠨ᠎ᠡ᠃ ᠡᠭᠦᠨ᠎ᠤ ᠬᠠᠮᠲᠤ ᠲᠥᠯᠥᠪᠦᠷᠢ ᠵᠢᠨ ᠪᠠᠶ᠋ᠢᠳᠠᠯ ᠵᠶ᠋ᠠᠨ ᠪᠠᠷᠢᠯᠭ᠎ᠠ ᠵᠢᠨ ᠪᠠᠶ᠋ᠢᠭ᠎ᠠ ᠭᠠᠵᠠᠷ᠎ᠤᠨ ᠣᠷᠣᠨ ᠰᠠᠭᠤᠴᠠ ᠪᠠ ᠪᠦᠲᠦᠭᠡᠨ ᠪᠠᠶ᠋ᠢᠭᠤᠯᠤᠯᠲᠠ ᠵᠢᠨ ᠰᠠᠯᠠᠭ᠎ᠠ ᠮᠥᠴᠢᠷ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠲᠤ ᠴᠠᠭ ᠲᠤᠬᠠᠶ᠎ᠳᠤᠨᠢ ᠮᠡᠳᠡᠭᠳᠡᠬᠦ ᠬᠡᠷᠡᠭᠲᠡᠶ᠃
      ᠪᠠᠩᠬᠢ ᠵᠢᠨ ᠪᠠᠲᠤᠯᠠᠯᠲᠠ ᠵᠢᠨ ᠪᠢᠴᠢᠭ᠎ᠤᠨ ᠵᠣᠭᠤᠰ ᠲᠤᠰᠢᠶᠠᠬᠤ ᠲᠣᠭ᠎ᠠ ᠪᠣᠶᠤ ᠪᠤᠶᠤ ᠪᠠᠲᠤᠯᠠᠭ᠎ᠠ ᠵᠢᠨ ᠳᠠᠭ᠋ᠠᠳᠬᠠᠯ᠎ᠤᠨ ᠲᠥᠯᠦᠪᠦᠷᠢ ᠵᠢᠨ ᠲᠣᠭ᠎ᠠ᠎ᠨᠢ ᠥᠷᠢᠲᠦᠵᠦ ᠪᠠᠢ᠌ᠭ᠎ᠠ ᠴᠠᠯᠢᠩ ᠵᠢ ᠥᠭᠴᠦ ᠳᠡᠢ᠌ᠯᠬᠦ ᠦᠭᠡᠢ ᠪᠣᠯ᠂ ᠳᠤᠲᠠᠭᠳᠠᠵᠤ ᠪᠠᠢ᠌ᠭ᠎ᠠ ᠬᠡᠰᠡᠭ᠎ᠢ ᠴᠠᠯᠢᠩ᠎ᠢ ᠥᠷᠢᠲᠦᠭᠰᠡᠨ ᠬᠠᠷᠢᠭᠤᠴᠠᠯᠭ᠋ᠠᠲᠤ ᠨᠢᠭᠡᠴᠡ᠎ᠠᠴᠠ ᠬᠠᠤᠯᠢ ᠶᠣᠰᠣᠭ᠋ᠠᠷ ᠰᠢᠳᠪᠦᠷᠢᠯᠡᠵᠤ᠂ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠨᠢ ᠰᠢᠢ᠍ᠳᠪᠦᠷᠢᠯᠡᠭᠰᠡᠨ ᠪᠠᠶ᠋ᠢᠳᠠᠯ ᠵᠶ᠋ᠠᠨ ᠪᠠᠷᠢᠯᠭ᠎ᠠ ᠵᠢᠨ ᠪᠠᠢ᠌ᠭ᠎ᠠ ᠭᠠᠵᠠᠷ᠎ᠤᠨ ᠣᠷᠣᠨ ᠰᠠᠭᠤᠴᠠ ᠪᠠ ᠪᠦᠲᠦᠭᠡᠨ ᠪᠠᠶ᠋ᠢᠭᠤᠯᠤᠯᠲᠠ ᠵᠢᠨ ᠰᠠᠯᠠᠭ᠎ᠠ ᠮᠥᠴᠢᠷ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠲᠤ ᠴᠠᠭ ᠲᠤᠬᠠᠶ᠎ᠳᠤᠨᠢ ᠮᠡᠳᠡᠭᠳᠡᠬᠦ ᠬᠡᠷᠡᠭᠲᠡᠶ᠃
      ᠠᠷᠪᠠᠨ ᠬᠣᠶᠠᠳᠤᠭ᠋ᠠᠷ ᠵᠦᠢ᠍ᠯ     ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠦᠴᠦ ᠶᠠᠪᠤᠭᠴᠢ ᠮᠠᠯᠴᠢᠨ ᠲᠠᠷᠢᠶᠠᠴᠢᠨ᠎ᠤ᠎ᠤᠨ ᠴᠠᠯᠢᠩ᠎ᠤᠨ ᠲᠤᠰᠬᠠᠶ ᠳᠠᠩᠰᠠᠨ ᠡᠷᠦᠬᠡ ᠵᠢᠨ ᠬᠠᠮᠢᠶᠠᠷᠤᠯᠲᠠ ᠵᠢᠨ ᠪᠠᠩᠬᠢ᠎ᠨᠢ ᠪᠠᠩᠬᠢ ᠵᠢᠨ ᠪᠠᠲᠤᠯᠠᠯᠲᠠ ᠵᠢᠨ ᠪᠢᠴᠢᠭ ᠭᠠᠷᠭ᠋ᠠᠵᠤ ᠥᠭᠭᠦᠭᠰᠡᠨ ᠪᠠᠩᠬᠢ ᠪᠤᠶᠤ ᠳᠠᠭ᠋ᠠᠳᠬᠠᠯ᠎ᠤᠨ ᠪᠠᠶ᠋ᠢᠭᠤᠯᠤᠮᠵᠢ ᠵᠢᠨ ᠪᠠᠭᠤᠯᠭ᠋ᠠᠭᠰᠠᠨ ᠪᠡᠯᠡ ᠮᠥᠩᠭᠦ ᠵᠢ ᠣᠯᠤᠭᠰᠠᠨ᠎ᠤ ᠳᠠᠷᠠᠭ᠎ᠠ᠂ 《ᠪᠠᠩᠬᠢ ᠵᠢᠨ ᠪᠠᠲᠤᠯᠠᠯᠲᠠ ᠵᠢᠨ ᠪᠢᠴᠢᠭ᠎ᠤᠨ ᠪᠡᠯᠡ ᠮᠥᠩᠭᠥ ᠵᠢ ᠬᠡᠷᠡᠭᠯᠡᠬᠦ ᠮᠡᠳᠡᠭᠳᠡᠯ᠎ᠤᠨ ᠪᠢᠴᠢᠭ》 ᠪᠤᠶᠤ 《ᠪᠠᠲᠤᠯᠠᠭ᠎ᠠ ᠵᠢᠨ ᠳᠠᠭ᠋ᠠᠳᠬᠠᠯ᠎ᠤᠨ ᠲᠥᠯᠥᠪᠦᠷᠢ ᠵᠢ ᠡᠬᠢᠯᠡᠭᠦᠯᠬᠦ ᠮᠡᠳᠡᠭᠳᠡᠯ᠎ᠤᠨ ᠪᠢᠴᠢᠭ》 ᠪᠣᠯᠤᠨ ᠪᠠᠷᠢᠯᠭ᠎ᠠ ᠵᠢᠨ ᠠᠵᠢᠯᠴᠢᠨ᠎ᠳᠤ ᠥᠷᠢᠲᠦᠭᠰᠡᠨ ᠴᠠᠯᠢᠩ᠎ᠤᠨ ᠨᠠᠷᠢᠨ ᠪᠠᠶ᠋ᠢᠳᠠᠯ᠎ᠢ ᠦᠨᠳᠦᠰᠦᠯᠡᠵᠦ᠂ ᠴᠠᠯᠢᠩ᠎ᠢ ᠪᠠᠷᠢᠯᠭ᠎ᠠ ᠵᠢᠨ ᠠᠵᠢᠯᠴᠢᠨ᠎ᠤ ᠴᠠᠯᠢᠩ᠎ᠤᠨ ᠪᠠᠩᠬᠢ ᠵᠢᠨ ᠺᠠᠷᠲ᠎ᠳᠤ ᠰᠢᠭᠤᠳ ᠰᠢᠯᠵᠢᠭᠦᠯᠦᠨ ᠥᠭᠬᠦ ᠵᠢᠨ ᠬᠠᠮᠲᠤ ᠴᠠᠯᠢᠩ᠎ᠢ ᠬᠤᠪᠢᠶᠠᠷᠢᠯᠠᠨ ᠥᠭᠭᠦᠭᠰᠡᠨ ᠪᠠᠶ᠋ᠢᠳᠠᠯ ᠵᠶ᠋ᠠᠨ ᠪᠠᠷᠢᠯᠭ᠎ᠠ ᠵᠢᠨ ᠪᠠᠢ᠌ᠭ᠎ᠠ ᠭᠠᠵᠠᠷ᠎ᠤᠨ ᠣᠷᠣᠨ ᠰᠠᠭᠤᠴᠠ ᠪᠠ ᠪᠦᠲᠦᠭᠡᠨ ᠪᠠᠶ᠋ᠢᠭᠤᠯᠤᠯᠲᠠ ᠵᠢᠨ ᠰᠠᠯᠠᠭ᠎ᠠ ᠮᠥᠴᠢᠷ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠲᠤ ᠴᠠᠭ ᠲᠤᠬᠠᠶ᠎ᠳᠤᠨᠢ ᠮᠡᠳᠡᠭᠳᠡᠬᠦ ᠬᠡᠷᠡᠭᠲᠡᠶ᠃


ᠳᠥᠷᠪᠡᠳᠦᠭᠡᠷ ᠪᠦᠯᠦᠭ     ᠬᠠᠷᠢᠭᠤᠴᠠᠯᠭ᠎ᠠ᠎ᠪᠠᠨ ᠭᠦᠢ᠍ᠴᠡᠳᠬᠡᠬᠦ ᠪᠠ ᠬᠢᠨᠠᠯᠲᠠ ᠲᠠᠯᠪᠢᠵᠤ ᠬᠠᠮᠢᠶᠠᠷᠬᠤ

     

      ᠠᠷᠪᠠᠨ ᠭᠤᠷᠪᠠᠳᠤᠭ᠋ᠠᠷ ᠵᠦᠢ᠍ᠯ   ᠣᠷᠣᠨ ᠰᠠᠭᠤᠴᠠ ᠪᠠ ᠪᠥᠲᠥᠭᠡᠨ ᠪᠠᠶ᠋ᠢᠭᠤᠯᠤᠯᠲᠠ ᠵᠢᠨ ᠰᠠᠯᠠᠭ᠎ᠠ ᠮᠥᠴᠢᠷ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠂ ᠪᠠᠩᠬᠢ ᠪᠠ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠬᠠᠮᠢᠶᠠᠷᠤᠯᠲᠠ ᠵᠢᠨ ᠡᠷᠬᠡ ᠬᠡᠪᠴᠢᠶ᠎ᠡ ᠶᠣᠰᠣᠭ᠋ᠠᠷ᠂ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠂ ᠪᠠᠩᠬᠢ᠂ ᠳᠠᠭ᠋ᠠᠳᠬᠠᠯ᠎ᠤᠨ ᠪᠠᠶ᠋ᠢᠭᠤᠯᠤᠮᠵᠢ ᠪᠠ ᠲᠤᠬᠠᠢ᠌ᠯᠠᠭᠰᠠᠨ ᠠᠵᠢᠯᠲᠠᠨ ᠵᠢᠴᠢ ᠲᠤᠬᠠᠶ᠋ᠢᠯᠠᠭᠰᠠᠨ ᠠᠵᠢᠯ ᠡᠷᠬᠢᠯᠡᠭᠰᠡᠨ ᠪᠠ ᠲᠥᠯᠥᠪᠦᠷᠢ ᠥᠭᠬᠦ ᠦᠢ᠍ᠯᠡᠴᠢᠯᠡᠭᠡᠨ᠎ᠤ ᠪᠠᠢ᠌ᠳᠠᠯ᠎ᠳᠤ ᠲᠤᠰ ᠲᠤᠰ ᠵᠢᠯᠣᠭᠣᠳᠣᠯᠭ᠎ᠠ ᠪᠠ ᠬᠢᠨᠠᠯᠲᠠ ᠬᠠᠮᠢᠶᠠᠷᠤᠯᠲᠠ ᠶᠠᠪᠤᠭᠤᠯᠬᠤ ᠵᠢ ᠬᠠᠷᠢᠭᠤᠴᠠᠵᠤ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠪᠠᠷᠢᠯᠭ᠎ᠠ ᠵᠢᠨ ᠠᠵᠤ ᠠᠬᠤᠶ᠋ᠢᠯᠠᠯ᠂ ᠪᠠᠩᠬᠢ᠂ ᠳᠠᠭ᠋ᠠᠳᠬᠠᠯ᠎ᠤᠨ ᠪᠠᠢ᠌ᠭᠤᠯᠤᠮᠵᠢ ᠪᠣᠯᠤᠨ ᠲᠤᠬᠠᠢ᠌ᠯᠠᠭᠰᠠᠨ ᠠᠵᠢᠯᠲᠠᠨ᠎ᠢ ᠬᠠᠤᠯᠢ ᠲᠣᠭᠲᠠᠭ᠋ᠠᠯ ᠶᠣᠰᠣᠭ᠋ᠠᠷ   ᠰᠢᠢ᠍ᠳᠪᠦᠷᠢᠯᠡᠨ᠎ᠡ; ᠪᠠᠩᠬᠢ᠂ ᠳᠠᠭ᠋ᠠᠳᠬᠠᠯ᠎ᠤᠨ ᠪᠠᠶ᠋ᠢᠭᠤᠯᠤᠮᠵᠢ ᠪᠣᠯᠤᠨ ᠲᠤᠬᠠᠢ᠌ᠯᠠᠭᠰᠠᠨ ᠠᠵᠢᠯᠲᠠᠨ᠎ᠤ ᠵᠦᠶ ᠪᠤᠰᠤ ᠥᠷᠢᠰᠥᠯᠳᠦᠭᠡᠨ᠂ ᠭᠡᠷ᠎ᠡ᠎ᠪᠠᠨ ᠴᠢᠩᠭ᠎ᠠ ᠭᠦᠢ᠍ᠴᠡᠳᠬᠡᠭᠰᠡᠨ   ᠦᠭᠡᠢ ᠵᠡᠷᠭᠡ ᠦᠢ᠍ᠯᠡ ᠠᠵᠢᠯᠯᠠᠭ᠎ᠠ᠎ᠳᠤ ᠬᠠᠤᠯᠢ ᠲᠣᠭᠲᠠᠭ᠋ᠠᠯ ᠶᠣᠰᠣᠭ᠋ᠠᠷ ᠵᠣᠬᠢᠴᠠᠩᠭᠤᠶ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠠᠪᠬᠤ ᠵᠢᠨ ᠬᠠᠮᠲᠤ ᠢᠲᠡᠭᠡᠯ ᠵᠶ᠋ᠠᠨ ᠠᠯᠳᠠᠭᠰᠠᠨ ᠠᠵᠤ ᠠᠬᠤᠶ᠋ᠢᠯᠠᠯ᠎ᠤᠨ ᠨᠡᠷᠡᠰ᠎ᠲᠤ ᠵᠢᠭᠰᠠᠭ᠋ᠠᠨ ᠣᠷᠤᠭᠤᠯᠤᠨ᠎ᠠ᠃
      ᠠᠷᠪᠠᠨ ᠳᠥᠷᠪᠡᠳᠦᠭᠡᠷ ᠵᠦᠢ᠍ᠯ     ᠪᠠᠩᠬᠢ ᠵᠢᠨ ᠪᠠᠲᠤᠯᠠᠯᠲᠠ ᠵᠢᠨ ᠪᠢᠴᠢᠭ ᠬᠢᠵᠦ ᠥᠭᠭᠦᠭᠰᠡᠨ ᠪᠠᠩᠬᠢ᠎ᠨᠢ ᠬᠠᠤᠯᠢ ᠶᠣᠰᠤᠭ᠋ᠠᠷ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠳᠤ ᠪᠠᠩᠬᠢ ᠵᠢᠨ ᠪᠠᠲᠤᠯᠠᠯᠲᠠ ᠵᠢᠨ ᠪᠢᠴᠢᠭ ᠬᠢᠵᠦ ᠥᠭᠬᠦ ᠬᠡᠷᠡᠭᠲᠡᠢ᠃ ᠲᠡᠷᠡᠴᠢᠯᠡᠨ ᠵᠣᠭᠣᠰ ᠥᠭᠬᠦ ᠠᠮᠠᠯᠠᠯᠲᠠ᠎ᠪᠠᠨ ᠴᠠᠭ ᠲᠤᠬᠠᠶ᠎ᠳᠤᠨᠢ ᠪᠡᠶᠡᠯᠡᠭᠦᠯᠦᠨ᠎ᠡ᠃
      ᠬᠦᠴᠦ ᠶᠠᠪᠤᠭᠴᠢ ᠮᠠᠯᠴᠢᠨ ᠲᠠᠷᠢᠶᠠᠴᠢᠨ᠎ᠤ ᠴᠠᠯᠢᠩ᠎ᠤᠨ ᠲᠤᠰᠬᠠᠶ ᠳᠠᠩᠰᠠᠨ ᠡᠷᠦᠬᠡ ᠪᠠᠶ᠋ᠢᠭᠤᠯᠤᠭᠰᠠᠨ ᠪᠠᠩᠬᠢ᠎ᠨᠢ ᠴᠠᠯᠢᠩ᠎ᠤᠨ ᠪᠠᠲᠤᠯᠠᠭ᠎ᠠ ᠵᠢᠨ ᠮᠥᠩᠭᠥ ᠵᠢᠨ ᠬᠢᠨᠠᠯᠲᠠ ᠬᠠᠮᠢᠶᠠᠷᠤᠯᠲᠠ ᠵᠢᠨ ᠡᠷᠬᠡ ᠮᠡᠳᠡᠯ᠎ᠲᠠᠢ ᠣᠷᠣᠨ ᠰᠠᠭᠤᠴᠠ ᠪᠠ ᠪᠦᠲᠦᠭᠡᠨ ᠪᠠᠶ᠋ᠢᠭᠤᠯᠤᠯᠲᠠ ᠵᠢᠨ ᠰᠠᠯᠠᠭ᠎ᠠ ᠮᠥᠴᠢᠷ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠮᠥᠩᠭᠥ ᠵᠢᠨ ᠬᠢᠨᠠᠯᠲᠠ ᠬᠠᠮᠢᠶᠠᠷᠤᠯᠲᠠ ᠵᠢ ᠬᠦᠴᠦᠨ ᠦᠭᠡᠶ ᠪᠣᠯᠭ᠋ᠠᠬᠤ ᠵᠢ ᠬᠢᠨᠠᠨ ᠵᠥᠪᠰᠢᠶᠡᠷᠡᠭᠰᠡᠨ ᠴᠠᠯᠢᠩ᠎ᠤᠨ ᠪᠠᠲᠤᠯᠠᠭ᠎ᠠ ᠵᠢᠨ ᠮᠥᠩᠭᠥ ᠵᠢ ᠪᠠᠷᠢᠯᠭ᠎ᠠ ᠵᠢᠨ   ᠦᠢ᠍ᠯᠡᠰ᠎ᠤᠨ ᠠᠵᠤ ᠠᠬᠤᠶ᠋ᠢᠯᠠᠯ᠎ᠳᠤ ᠴᠠᠭ ᠲᠤᠬᠠᠶ᠎ᠳᠤᠨᠢ ᠪᠤᠴᠠᠭ᠋ᠠᠵᠤ ᠥᠭᠬᠦ ᠬᠡᠷᠡᠭᠲᠡᠶ᠃
      ᠠᠷᠪᠠᠨ ᠲᠠᠪᠤᠳᠤᠭ᠋ᠠᠷ ᠵᠦᠢ᠍ᠯ     ᠪᠠᠲᠤᠯᠠᠭ᠎ᠠ ᠵᠢᠨ ᠳᠠᠭ᠋ᠠᠳᠬᠠᠯ᠎ᠤᠨ ᠲᠤᠬᠠᠢ᠌ᠯᠠᠭᠰᠠᠨ ᠠᠵᠢᠯ᠎ᠢ ᠳᠠᠭ᠋ᠠᠭ᠋ᠠᠨ ᠠᠪᠤᠭᠰᠠᠨ ᠳᠠᠭ᠋ᠠᠳᠬᠠᠯ᠎ᠤᠨ ᠪᠠᠢ᠌ᠭᠤᠯᠤᠮᠵᠢ᠎ᠨᠢ ᠲᠦᠭᠰᠢᠭᠦᠷᠢ   ᠭᠠᠷᠤᠭ᠋ᠠᠳ ᠲᠥᠯᠥᠭᠰᠡᠨ ᠪᠠᠶ᠋ᠢᠳᠠᠯ ᠵᠢᠴᠢ ᠣᠨᠳᠣᠣ ᠠᠵᠢᠯᠯᠠᠭ᠎ᠠ ᠵᠢᠨ ᠲᠦᠭᠰᠢᠭᠦᠷᠢ ᠵᠢᠨ ᠪᠠᠶ᠋ᠢᠳᠠᠯ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠬᠥᠳᠡᠯᠦᠩᠭᠦᠢ ᠬᠢᠨᠠᠨ ᠬᠡᠮᠵᠢᠯᠲᠡ ᠬᠢᠵᠤ᠂ ᠳᠠᠭ᠋ᠠᠳᠬᠠᠯ᠎ᠳᠤ ᠣᠷᠣᠬᠤ᠂ ᠦᠷᠭᠦᠯᠵᠢᠯᠡᠨ ᠳᠠᠭ᠋ᠠᠳᠬᠠᠬᠤ᠂ ᠲᠥᠯᠥᠪᠦᠷᠢ ᠥᠭᠬᠦ ᠪᠠ ᠳᠠᠭ᠋ᠠᠳᠬᠠᠯ᠎ᠢ ᠬᠦᠴᠦᠨ ᠦᠭᠡᠢ ᠪᠤᠯᠭ᠋ᠠᠬᠤ ᠵᠡᠷᠭᠡ ᠮᠡᠳᠡᠭᠡ ᠵᠠᠩᠭᠢ ᠵᠢ ᠴᠠᠭ᠎ᠲᠤᠨᠢ ᠲᠤᠬᠢᠷᠠᠭᠤᠯᠤᠨ ᠦᠨᠡᠨ ᠨᠡᠷ᠎ᠡ ᠵᠢᠨ ᠳᠦᠷᠢᠮ᠎ᠤᠨ ᠮᠡᠳᠡᠭᠡ ᠵᠠᠩᠭᠢ ᠵᠢᠨ ᠲᠠᠪᠴᠠᠩ᠎ᠤᠨ ᠲᠣᠭ᠎ᠠ ᠪᠠᠷᠢᠮᠲᠠ᠎ᠯᠤᠭ᠎ᠠ ᠬᠠᠮᠲᠤᠪᠠᠷ ᠡᠳ᠋ᠯᠡᠬᠦ ᠵᠢ ᠪᠡᠶᠡᠯᠡᠭᠦᠯᠵᠦ᠂ ᠣᠷᠣᠨ ᠰᠠᠭᠤᠴᠠ ᠪᠠ ᠪᠦᠲᠦᠭᠡᠨ ᠪᠠᠶ᠋ᠢᠭᠤᠯᠤᠯᠲᠠ ᠵᠢᠨ ᠰᠠᠯᠠᠭ᠎ᠠ ᠮᠥᠴᠢᠷ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠂ ᠪᠠᠩᠬᠢ ᠪᠠ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠲᠦᠭᠰᠢᠭᠦᠷᠢ ᠵᠢ ᠬᠢᠨᠠᠨ ᠬᠡᠮᠵᠢᠭᠰᠡᠨ ᠮᠡᠳᠡᠭᠦᠯᠦᠯᠲᠡ᠎ᠪᠠᠨ ᠤᠯᠠᠷᠢᠯ ᠵᠶ᠋ᠠᠷ ᠲᠤᠰᠢᠶᠠᠨ᠎ᠠ᠃
      ᠠᠷᠪᠠᠨ ᠵᠢᠷᠭᠤᠳᠤᠭ᠋ᠠᠷ ᠵᠦᠢ᠍ᠯ     ᠬᠠᠮᠢᠶ᠎ᠠ ᠪᠥᠬᠥᠢ ᠠᠵᠢᠯ ᠲᠥᠷᠥᠯ᠎ᠤᠨ ᠨᠡᠢ᠌ᠭᠡᠮᠯᠢᠭ᠎ᠤᠨ ᠡᠵᠡᠩᠨᠡᠯᠲᠡ ᠵᠢᠨ ᠥᠪᠡᠷ᠎ᠢ᠎ᠪᠠᠨ ᠱᠠᠭ᠋ᠠᠷᠳᠠᠬᠤ ᠵᠢᠷᠤᠮᠵᠢᠯ᠂ ᠥᠪᠡᠷ᠎ᠢ᠎ᠪᠠᠨ ᠱᠠᠭ᠋ᠠᠷᠳᠠᠬᠤ ᠨᠡᠶ᠋ᠢᠲᠡ ᠵᠢᠨ ᠭᠡᠷ᠎ᠡ ᠪᠣᠯᠤᠨ ᠠᠵᠢᠯ ᠮᠡᠷᠭᠡᠵᠢᠯ᠎ᠤᠨ ᠶᠣᠰᠣ ᠮᠣᠷᠠᠯ᠎ᠤᠨ ᠪᠠᠷᠢᠮᠵᠢᠶ᠎ᠠ ᠵᠢ ᠪᠠᠶ᠋ᠢᠭᠤᠯᠤᠨ ᠪᠥᠷᠢᠨᠰᠢᠬᠥᠯᠬᠥ ᠵᠢ ᠵᠣᠷᠢᠭᠵᠢᠭᠤᠯᠤᠨ᠎ᠠ᠃ ᠠᠵᠢᠯ ᠲᠥᠷᠥᠯ᠎ᠤᠨ ᠥᠪᠡᠷᠲᠡᠭᠡᠨ ᠵᠠᠰᠠᠬᠤ ᠬᠢᠷᠢ ᠲᠦᠪᠰᠢᠨ᠎ᠢ ᠳᠡᠭᠡᠭᠰᠢᠯᠡᠭᠦᠯᠵᠦ᠂ ᠡᠷᠬᠡ ᠠᠰᠢᠭ᠎ᠢ ᠬᠠᠮᠠᠭ᠋ᠠᠯᠠᠬᠤ᠂ ᠵᠢᠭᠤᠷᠠᠯᠳᠤᠭ᠋ᠠᠨ᠎ᠢ ᠰᠢᠢ᠍ᠳᠪᠦᠷᠢᠯᠡᠬᠦ᠂ ᠠᠵᠢᠯ ᠲᠥᠷᠥᠯ᠎ᠤᠨ ᠢᠲᠡᠭᠡᠮᠵᠢ ᠵᠢᠨ ᠪᠠᠢ᠌ᠭᠤᠯᠤᠯᠲᠠ ᠪᠣᠯᠤᠨ ᠢᠲᠡᠭᠡᠮᠵᠢ ᠵᠢᠨ ᠬᠠᠮᠢᠶᠠᠷᠤᠯᠲᠠ ᠵᠡᠷᠭᠡ ᠲᠠᠯ᠎ᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠂ ᠪᠠᠩᠬᠢ᠂ ᠳᠠᠭ᠋ᠠᠳᠬᠠᠯ᠎ᠤᠨ ᠪᠠᠶ᠋ᠢᠭᠤᠯᠤᠮᠵᠢ᠎ᠳᠤ ᠴᠢᠨᠠᠷ   ᠰᠠᠢ᠌ᠲᠠᠢ ᠦᠢ᠍ᠯᠡᠴᠢᠯᠡᠭᠡᠨ ᠬᠠᠩᠭ᠋ᠠᠬᠤ ᠬᠡᠷᠡᠭᠲᠡᠶ᠃
      ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠳᠠᠭ᠋ᠠᠳᠬᠠᠯ᠎ᠤᠨ ᠬᠣᠯᠪᠣᠭᠳᠠᠯ ᠪᠦᠬᠦᠢ ᠦᠢ᠍ᠯᠡᠴᠢᠯᠡᠭᠡ ᠵᠢ ᠪᠠᠲᠤᠯᠠᠵᠤ ᠴᠢᠳᠠᠬᠤ ᠤᠷᠢᠲᠠᠯ ᠳᠣᠣᠷ᠎ᠠ᠂ ᠳᠠᠭ᠋ᠠᠳᠬᠠᠯ᠎ᠤᠨ ᠪᠠᠶ᠋ᠢᠭᠤᠯᠤᠮᠵᠢ ᠪᠤᠶᠤ ᠭᠤᠷᠪᠠᠳᠠᠬᠢ ᠡᠲᠡᠭᠡᠳ᠎ᠤᠨ ᠲᠠᠪᠴᠠᠩ ᠬᠢᠭᠡᠳ ᠦᠨᠡᠨ ᠨᠡᠷ᠎ᠡ ᠵᠢᠨ ᠳᠦᠷᠢᠮ᠎ᠤᠨ ᠮᠡᠳᠡᠭᠡ ᠵᠠᠩᠭᠢ ᠵᠢᠨ ᠲᠠᠪᠴᠠᠩ᠎ᠢ ᠵᠣᠯᠭ᠋ᠠᠭᠤᠯᠬᠤ ᠵᠢ ᠵᠣᠷᠢᠭᠵᠢᠭᠤᠯᠵᠤ᠂   ᠪᠠᠲᠤᠯᠠᠭ᠎ᠠ ᠵᠢᠨ ᠳᠠᠭ᠋ᠠᠳᠬᠠᠯ᠎ᠤᠨ ᠪᠠᠷᠢᠮᠲᠠ ᠵᠢᠨ ᠲᠠᠪᠴᠠᠩ᠎ᠤᠨ ᠦᠨᠡᠨ᠎ᠢ ᠰᠢᠯᠭ᠋ᠠᠬᠤ ᠪᠠ ᠮᠡᠳᠡᠭᠡ ᠵᠠᠩᠭᠢ ᠵᠢ ᠬᠠᠮᠲᠤᠪᠠᠷ ᠡᠳ᠋ᠯᠡᠬᠦ ᠵᠢ ᠪᠡᠶᠡᠯᠡᠭᠦᠯᠦᠨ᠎ᠡ᠃


ᠲᠠᠪᠤᠳᠤᠭ᠋ᠠᠷ ᠪᠦᠯᠦᠭ     ᠳᠠᠭ᠋ᠠᠯᠳᠤᠭᠤᠯᠤᠯ ᠲᠥᠷᠢᠮ


      ᠠᠷᠪᠠᠨ ᠳᠣᠯᠣᠳᠤᠭ᠋ᠠᠷ ᠵᠦᠢ᠍ᠯ     ᠲᠣᠰ ᠠᠷᠭ᠎ᠠ ᠵᠢ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠳᠤᠮᠳᠠᠳᠤ ᠤᠯᠤᠰ᠎ᠤᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠥᠪᠥᠷ ᠮᠣᠩᠭᠣᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠲᠣᠰ ᠲᠣᠰ ᠬᠠᠷᠢᠭᠤᠴᠠᠨ ᠲᠠᠶ᠋ᠢᠯᠪᠤᠷᠢᠯᠠᠨ᠎ᠠ᠃
      ᠠᠷᠪᠠᠨ ᠨᠠᠢ᠍ᠮᠠᠳᠤᠭ᠋ᠠᠷ ᠵᠦᠢ᠍ᠯ     ᠲᠣᠰ ᠠᠷᠭ᠎ᠠ ᠵᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃


ᠢᠷᠡᠯᠲᠡ᠄ ᠣᠷᠣᠨ ᠰᠠᠭᠤᠴᠠ ᠪᠠ ᠬᠣᠲᠠ ᠬᠦᠳᠡᠭᠡ ᠵᠢᠨ ᠪᠦᠲᠦᠭᠡᠨ ᠪᠠᠢ᠌ᠭᠣᠯᠣᠯᠲᠠ ᠵᠢᠨ ᠲᠢᠩᠬᠢᠮ