ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠎ᠤ ᠵᠤᠬᠢᠶᠠᠨ ᠪᠠᠢ᠌ᠭᠤᠯᠤᠭᠰᠠᠨ ᠠᠯᠪᠠᠳᠠᠯᠭ᠎ᠠ ᠵᠢᠨ ᠴᠢᠨᠠᠷᠲᠠᠶ ᠢᠨᠵᠧᠨᠧᠷᠢᠩ᠎ᠤᠨ ᠪᠥᠲᠥᠭᠡᠨ ᠵᠢᠨ ᠵᠢᠷᠤᠮᠵᠢᠭᠤᠯᠬᠤ ᠸᠢᠳᠢᠤ᠋ ᠪᠤᠯᠪᠠᠰᠤᠷᠠᠯ᠎ᠳᠤ ᠤᠷᠤᠯᠴᠠᠪᠠ
2021-11-15

      ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠪᠠᠷᠢᠮᠵᠢᠶᠠᠵᠢᠭᠤᠯᠬᠤ ᠠᠵᠢᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠠᠯᠪᠠᠳᠠᠯᠭ᠎ᠠ ᠵᠢᠨ ᠴᠢᠨᠠᠷᠲᠠᠶ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠵᠢᠷᠤᠮᠵᠢᠭᠤᠯᠬᠤ ᠥᠭᠡᠷᠡᠴᠢᠯᠡᠯᠲᠡ ᠬᠢᠭᠡᠳ ᠬᠡᠷᠡᠭᠵᠢᠭᠦᠯᠬᠦ ᠠᠵᠢᠯ᠎ᠢ ᠰᠠᠶ᠋ᠢᠲᠤᠷ ᠬᠢᠬᠦ ᠵᠢᠨ ᠲᠤᠰᠠᠳᠠ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ 11 ᠳ᠋ᠤᠭᠡᠷ ᠰᠠᠷ᠎ᠠ ᠵᠢᠨ 11᠎ᠤ ᠡᠳᠦᠷ᠎ᠠᠴᠠ 12᠎ᠤᠨ ᠡᠳᠦᠷ ᠪᠣᠯᠲᠠᠯ᠎ᠠ ᠠᠯᠪᠠᠳᠠᠯᠭ᠎ᠠ ᠵᠢᠨ ᠴᠢᠨᠠᠷᠲᠠᠶ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠵᠢᠷᠤᠮᠵᠢᠭᠤᠯᠬᠤ ᠪᠣᠯᠪᠠᠰᠤᠷᠠᠭᠤᠯᠤᠯ᠎ᠢ ᠵᠣᠬᠢᠶᠠᠨ  ᠪᠠᠢ᠌ᠭᠤᠯᠪᠠ᠃ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠪᠠᠷᠢᠮᠵᠢᠶᠠᠯᠠᠨ ᠲᠣᠭᠲᠠᠭ᠋ᠠᠬᠤ ᠭᠠᠵᠠᠷ᠂ ᠬᠣᠲᠠ ᠵᠢᠨ ᠪᠥᠲᠥᠭᠡᠨ ᠪᠠᠶ᠋ᠢᠭᠤᠯᠤᠯᠲᠠ ᠵᠢᠨ ᠭᠠᠵᠠᠷ᠂ ᠬᠣᠲᠠ ᠵᠢᠨ ᠬᠠᠮᠢᠶᠠᠷᠤᠯᠲᠠ ᠵᠢᠨ ᠭᠠᠵᠠᠷ᠂ ᠶᠠᠰᠤ ᠴᠢᠨᠠᠷ᠎ᠤᠨ ᠠᠮᠤᠷ ᠲᠦᠪᠰᠢᠨ᠎ᠤ ᠭᠠᠵᠠᠷ᠂ ᠵᠢᠵᠢᠭ ᠲᠣᠭᠣᠷᠢᠭ᠎ᠤᠨ ᠠᠳᠠᠯ ᠠᠬᠤᠶ ᠵᠢᠨ ᠭᠠᠵᠠᠷ᠂ ᠪᠠᠷᠢᠯᠭ᠎ᠠ ᠵᠢᠨ ᠵᠠᠬ᠎ᠠ ᠳᠡᠯᠭᠡᠭᠦᠷ᠎ᠤᠨ ᠭᠠᠵᠠᠷ᠂ ᠬᠡᠷ ᠬᠥᠷᠥᠩᠭᠡ ᠵᠢᠨ ᠭᠠᠵᠠᠷ᠂ ᠲᠣᠰᠬᠣᠨ ᠪᠠᠯᠭ᠋ᠠᠰᠤ ᠵᠢᠨ ᠭᠠᠵᠠᠷ ᠵᠡᠷᠭᠡ ᠭᠠᠵᠠᠷ ᠬᠡᠷ ᠵᠢᠴᠢ ᠥᠪᠡᠷᠲᠡᠭᠡᠨ ᠵᠠᠰᠠᠬᠤ ᠣᠷᠣᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠮᠡᠷᠭᠡᠵᠢᠯ᠎ᠤᠨ ᠦᠢ᠍ᠯᠡᠴᠢᠯᠡᠭᠡᠨ᠎ᠤ ᠲᠥᠪ᠂ ᠥᠪᠡᠷᠲᠡᠭᠡᠨ ᠵᠠᠰᠠᠬᠤ ᠣᠷᠣᠨ᠎ᠤ ᠣᠷᠣᠯᠠᠨ ᠪᠠᠶ᠋ᠢᠭᠤᠯᠬᠤ ᠲᠥᠪ᠎ᠤᠨ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠪᠠ ᠪᠠᠷᠢᠮᠵᠢᠶ᠎ᠠ ᠵᠢᠨ ᠦᠢ᠍ᠯᠡᠴᠢᠯᠡᠭᠡᠨ᠎ᠤ ᠭᠠᠵᠠᠷ᠂ ᠥᠪᠥᠷ ᠮᠣᠩᠭᠣᠯ᠎ᠤᠨ ᠾᠧᠩ ᠵᠢᠶ ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠪᠠᠷᠢᠯᠭ᠎ᠠ ᠵᠢᠨ ᠵᠢᠷᠤᠭ᠎ᠢ ᠬᠢᠨᠠᠨ ᠪᠠᠶ᠋ᠢᠴᠠᠭ᠋ᠠᠬᠤ ᠬᠢᠵᠠᠭ᠋ᠠᠷᠲᠤ ᠺᠣᠮᠫᠠᠨᠢ ᠵᠢᠨ ᠠᠵᠢᠯᠲᠠᠨ ᠸᠢᠳᠢᠤ᠋ ᠪᠣᠯᠪᠠᠰᠤᠷᠠᠭᠤᠯᠤᠯ᠎ᠳᠤ ᠤᠷᠤᠯᠴᠠᠵᠦ᠂ ᠡᠯ᠎ᠡ ᠠᠶ᠋ᠢᠮᠠᠭ ᠬᠣᠲᠠ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢᠨ ᠠᠵᠢᠯᠲᠠᠨ ᠲᠤᠬᠠᠶ ᠵᠢᠨ ᠭᠠᠵᠠᠷ᠎ᠤᠨ ᠰᠦᠯᠵᠢᠶᠡᠨ ᠳᠡᠭᠡᠷ᠎ᠡ᠎ᠠᠴᠠ ᠸᠢᠳᠢᠤ᠋ ᠵᠢ ᠦᠵᠡᠵᠦ᠂ ᠪᠥᠬᠥ ᠣᠷᠣᠨ᠎ᠳᠤ ᠨᠡᠶ᠋ᠢᠲᠡ 325 ᠬᠥᠮᠦᠨ ᠲᠣᠰ ᠤᠳᠠᠭ᠋ᠠᠨ᠎ᠤ ᠪᠣᠯᠪᠠᠰᠤᠷᠠᠭᠤᠯᠤᠯ᠎ᠳᠤ ᠣᠷᠣᠯᠴᠠᠵᠠᠶ᠃


qz.jpg


      ᠲᠤᠰ ᠤᠳᠠᠭ᠋ᠠᠨ᠎ᠤ ᠪᠣᠯᠪᠠᠰᠤᠷᠠᠭᠤᠯᠤᠯ᠎ᠳᠤ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠠᠯᠪᠠᠳᠠᠯᠭ᠎ᠠ ᠵᠢᠨ ᠴᠢᠨᠠᠷᠲᠠᠶ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠵᠢᠷᠤᠮᠵᠢᠭᠤᠨ ᠪᠠᠷᠢᠮᠵᠢᠶᠠᠵᠢᠭᠤᠯᠬᠤ ᠥᠭᠡᠷᠡᠴᠢᠯᠡᠯᠲᠡ ᠵᠢᠨ ᠠᠵᠢᠯ᠎ᠤᠨ ᠪᠠᠶ᠋ᠢᠳᠠᠯ ᠪᠠ ᠣᠷᠣᠨ ᠲᠣᠭ᠎ᠠ ᠵᠢᠨ ᠪᠠᠶ᠋ᠢᠳᠠᠯ᠎ᠤᠨ ᠲᠤᠬᠠᠶ ᠨᠠᠷᠢᠨ ᠲᠠᠨᠢᠯᠴᠠᠭᠤᠯᠭ᠎ᠠ ᠬᠢᠵᠦ᠂ ᠬᠣᠲᠠ ᠪᠠᠯᠭ᠋ᠠᠰᠤ ᠵᠢᠨ ᠰᠢᠲᠠᠮᠠᠬᠠᠶ ᠬᠡᠶ ᠵᠢᠨ ᠢᠨᠵᠧᠨᠧᠷᠢᠩ᠎ᠤᠨ ᠲᠥᠷᠥᠯ ᠵᠦᠢ᠍ᠯ᠎ᠤᠨ ᠵᠢᠷᠤᠮᠵᠢᠯ᠂ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠳᠠᠬᠢᠨ ᠡᠭᠦᠰᠴᠦ ᠪᠣᠯᠬᠤ ᠡᠨᠧᠷᠭᠢ ᠵᠢᠨ ᠠᠰᠢᠭᠯᠠᠯᠲᠠ ᠵᠢᠨ ᠨᠡᠶ᠋ᠢᠳᠡᠮ ᠬᠡᠷᠡᠭᠯᠡᠬᠦ ᠵᠢᠷᠤᠮᠵᠢᠯ᠂ ᠠᠮᠢᠳᠤᠷᠠᠯ᠎ᠤᠨ ᠬᠣᠭ ᠨᠣᠪᠰᠢ ᠵᠢ ᠰᠢᠢ᠍ᠳᠪᠦᠷᠢᠯᠡᠬᠦ ᠢᠨᠵᠧᠨᠧᠷᠢᠩ᠎ᠤᠨ ᠲᠥᠷᠥᠯ ᠵᠦᠢ᠍ᠯ᠎ᠤᠨ ᠵᠢᠷᠤᠮᠵᠢᠯ᠂ ᠪᠠᠷᠢᠯᠭ᠎ᠠ ᠵᠢᠨ ᠣᠷᠴᠢᠨ ᠲᠣᠭᠣᠷᠢᠨ᠎ᠤ ᠨᠡᠶ᠋ᠢᠳᠡᠮ ᠬᠡᠷᠡᠭᠯᠡᠬᠦ ᠵᠢᠷᠤᠮᠵᠢᠯ᠂ ᠪᠠᠷᠢᠯᠭ᠎ᠠ ᠬᠢᠭᠡᠳ ᠬᠣᠲᠠ ᠵᠢᠨ ᠶᠠᠪᠤᠳᠠᠯ᠎ᠤᠨ ᠢᠨᠵᠧᠨᠧᠷᠢᠩ᠎ᠤᠨ ᠰᠠᠭ᠋ᠠᠳ ᠥᠬᠡᠶ ᠨᠡᠶ᠋ᠢᠳᠡᠮ ᠬᠡᠷᠡᠭᠯᠡᠬᠦ ᠵᠢᠷᠤᠮᠵᠢᠯ᠂ ᠨᠢᠭᠡᠨᠲᠡ ᠪᠠᠶ᠋ᠢᠭ᠎ᠠ ᠪᠠᠷᠢᠯᠭ᠎ᠠ ᠵᠢᠨ ᠬᠠᠮᠠᠭ᠋ᠠᠯᠠᠯᠲᠠ ᠪᠠ ᠥᠭᠡᠷᠡᠴᠢᠯᠡᠯᠲᠡ ᠵᠢᠨ ᠨᠡᠶ᠋ᠢᠳᠡᠮ ᠬᠡᠷᠡᠭᠯᠡᠬᠦ ᠵᠢᠷᠤᠮᠵᠢᠯ ᠵᠡᠷᠭᠡ 22 ᠠᠯᠪᠠᠳᠠᠯᠭ᠎ᠠ ᠵᠢᠨ ᠴᠢᠨᠠᠷᠲᠠᠶ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠵᠢᠷᠤᠮᠵᠢᠯ᠎ᠳᠤ ᠴᠢᠭᠯᠡᠭᠦᠯᠦᠨ ᠬᠢᠴᠢᠶᠡᠯ ᠣᠷᠣᠵᠤ ᠲᠠᠶ᠋ᠢᠯᠤᠮᠵᠢ ᠬᠢᠪᠡ᠃ ᠡᠭᠦᠨ᠎ᠤ ᠬᠠᠮᠲᠤ ᠲᠤᠤᠱᠯᠠᠭᠤᠯᠤᠨ ᠬᠡᠷᠡᠭᠵᠢᠭᠦᠯᠬᠦ ᠲᠠᠯ᠎ᠠ᠎ᠪᠠᠷ ᠪᠣᠳᠠᠲᠠᠶ ᠱᠠᠭ᠋ᠠᠷᠳᠠᠯᠭ᠎ᠠ ᠳᠤᠷᠠᠳᠤᠭᠰᠠᠨ ᠪᠠᠶ᠋ᠢᠨ᠎ᠠ᠃


qz1.jpg


      ᠪᠣᠯᠪᠠᠰᠤᠷᠠᠭᠤᠯᠤᠯ ᠵᠶ᠋ᠠᠷ ᠳᠡᠮᠵᠢᠨ᠂ ᠮᠠᠨ᠎ᠤ ᠣᠷᠣᠨ᠎ᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢᠨ ᠠᠵᠢᠯᠲᠠᠨ᠎ᠨᠢ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠪᠠᠷᠢᠮᠵᠢᠶᠠᠵᠢᠭᠤᠯᠬᠤ ᠠᠵᠢᠯ᠎ᠤᠨ ᠥᠭᠡᠷᠡᠴᠢᠯᠡᠯᠲᠡ ᠪᠠ ᠠᠯᠪᠠᠳᠠᠯᠭ᠎ᠠ ᠵᠢᠨ ᠴᠢᠨᠠᠷᠲᠠᠶ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠵᠢᠷᠤᠮᠵᠢᠯ᠎ᠳᠤ ᠨᠠᠩ ᠭᠦᠨᠵᠡᠭᠡᠶ᠂ ᠪᠥᠬᠥ ᠲᠠᠯ᠎ᠠ ᠵᠢᠨ ᠣᠶ᠋ᠢᠯᠠᠭ᠋ᠠᠯᠲᠠ᠎ᠲᠠᠢ ᠪᠣᠯᠵᠣ᠂ ᠲᠤᠰᠬᠠᠶ ᠮᠡᠷᠭᠡᠵᠢᠯ᠎ᠤᠨ ᠬᠢᠷᠢ ᠬᠡᠮᠵᠢᠶ᠎ᠡ᠎ᠨᠢ ᠤᠯᠠᠮ ᠨᠢᠭᠡ ᠠᠯᠬᠤᠮ ᠳᠡᠭᠡᠭᠰᠢᠯᠡᠪᠡ᠃ ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠠᠴᠠ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠎ᠤ ᠱᠠᠭ᠋ᠠᠷᠳᠠᠯᠭ᠎ᠠ ᠶᠣᠰᠣᠭ᠋ᠠᠷ ᠠᠯᠪᠠᠳᠠᠯᠭ᠎ᠠ ᠵᠢᠨ ᠴᠢᠨᠠᠷᠲᠠᠶ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠵᠢᠷᠤᠮᠵᠢᠭᠤᠯᠤᠨ ᠪᠣᠯᠪᠠᠰᠤᠷᠠᠭᠤᠯᠬᠤ᠂ ᠤᠬᠠᠭᠤᠯᠤᠨ ᠲᠤᠤᠱᠯᠠᠭᠤᠯᠬᠤ ᠠᠵᠢᠯ᠎ᠢ ᠰᠠᠢ᠌ᠳᠤᠷ ᠬᠢᠬᠦ ᠪᠤᠯᠤᠨ᠎ᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ