ᠸᠠᠩ ᠭ᠋ᠸᠨ ᠰᠢᠶᠤᠤ ᠬᠣᠷᠢᠨᠭᠡᠷ ᠰᠢᠶᠠᠨ᠎ᠳᠤ ᠬᠦᠷᠴᠦ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠢ ᠬᠢᠨᠠᠨ ᠵᠥᠪᠰᠢᠶᠡᠷᠡᠬᠦ ᠳᠦᠷᠢᠮ᠎ᠤᠨ ᠥᠭᠡᠷᠡᠴᠢᠯᠡᠯᠲᠡ ᠵᠢᠨ ᠠᠵᠢᠯ᠎ᠢ ᠪᠠᠶ᠋ᠢᠴᠠᠭ᠋ᠠᠨ ᠰᠤᠳᠤᠯᠪᠠ
2021-11-21

      2021 ᠣᠨ᠎ᠤ 11 ᠳ᠋ᠤᠭᠡᠷ ᠰᠠᠷ᠎ᠠ ᠵᠢᠨ 17᠎ᠤ ᠡᠳᠦᠷ᠎ᠤᠨ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠢᠨᠠᠨ ᠵᠥᠪᠰᠢᠶᠡᠷᠡᠬᠦ ᠲᠦᠷᠢᠮ᠎ᠤᠨ ᠥᠭᠡᠷᠡᠴᠢᠯᠡᠯᠲᠡ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠬᠡᠷ᠎ᠤᠨ ᠳᠡᠳ᠋ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠨᠢᠭᠡᠳᠦᠭᠡᠷ ᠳᠡᠰ᠎ᠤᠨ ᠲᠣᠭᠣᠷᠢᠨ ᠪᠠᠶ᠋ᠢᠴᠠᠭ᠋ᠠᠭᠴᠢ ᠸᠠᠩ ᠭ᠋ᠸᠨ ᠰᠢᠶᠤᠤ ᠬᠣᠷᠢᠨᠭᠡᠷ ᠰᠢᠶᠠᠨ᠎ᠳᠤ ᠬᠦᠷᠴᠦ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠢᠨᠠᠨ ᠵᠥᠪᠰᠢᠶᠡᠷᠡᠬᠦ ᠲᠦᠷᠢᠮ᠎ᠤᠨ ᠥᠭᠡᠷᠡᠴᠢᠯᠡᠯᠲᠡ ᠵᠢᠨ ᠠᠵᠢᠯ᠎ᠳᠤ ᠪᠠᠶ᠋ᠢᠴᠠᠭ᠋ᠠᠨ ᠰᠤᠳᠤᠯᠤᠯᠲᠠ ᠬᠢᠪᠠ᠃ ᠬᠣᠷᠢᠨᠭᠡᠷ ᠰᠢᠶᠠᠨ᠎ᠤ ᠳᠡᠳ᠋ ᠳᠠᠷᠤᠭ᠎ᠠ ᠵᠣᠣ ᠵᠢᠶᠠᠨ ᠴᠢᠩ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ ᠵᠢᠨ ᠳᠠᠷᠤᠭ᠎ᠠ ᠰᠢᠤᠸᠠᠢ ᠵᠢᠶᠠᠩ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ ᠳᠠᠷᠤᠭ᠎ᠠ ᠵᠠᠩ ᠭᠦᠸᠧ ᠬᠤᠸᠠ ᠵᠡᠷᠭᠡ ᠬᠣᠯᠪᠣᠭᠳᠠᠯ ᠪᠥᠬᠥᠶ ᠨᠥᠬᠥᠳ ᠪᠠᠷ᠎ᠠ ᠪᠣᠯᠵᠣ ᠪᠠᠶ᠋ᠢᠴᠠᠭ᠋ᠠᠨ ᠰᠤᠳᠤᠯᠤᠯᠲᠠ ᠬᠢᠪᠠ᠃


wg.jpg


      ᠸᠠᠩ ᠭ᠋ᠸᠨ ᠰᠢᠶᠤᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠳᠤ ᠭᠦᠨᠵᠡᠭᠡᠶ᠋ᠢᠷᠡᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠶᠡᠬᠡ ᠲᠢᠩᠬᠢᠮ᠎ᠤᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠶᠡᠷᠦᠩᠬᠡᠶ᠋ᠢᠯᠡᠭᠰᠡᠨ ᠴᠤᠩᠬᠤᠪᠴᠢ ᠲᠣᠬᠢᠷᠠᠭᠤᠯᠤᠭᠰᠠᠨ᠂ ᠠᠵᠢᠯ ᠶᠠᠪᠤᠳᠠᠯ᠎ᠤᠨ ᠠᠵᠢᠯᠠᠭᠤᠯᠵᠦ ᠪᠠᠢ᠌ᠭ᠎ᠠ ᠪᠠᠶ᠋ᠢᠳᠠᠯ᠂ ᠶᠡᠬᠡ ᠲᠢᠩᠬᠢᠮ᠎ᠤᠨ ᠬᠢᠨᠠᠨ ᠵᠥᠪᠰᠢᠶᠡᠷᠡᠬᠦ ᠠᠵᠢᠯᠲᠠᠨ᠎ᠠᠴᠠ ᠲᠤᠬᠠᠶ᠋ᠢᠯᠠᠭᠰᠠᠨ ᠠᠵᠢᠯ᠎ᠤᠨ ᠭᠦᠢ᠍ᠴᠡᠳᠭᠡᠬᠦ ᠶᠠᠪᠤᠴᠠ᠂ ᠬᠢᠨᠠᠨ ᠵᠥᠪᠰᠢᠶᠡᠷᠡᠬᠦ ᠴᠠᠭ᠎ᠤᠨ ᠬᠢᠵᠠᠭ᠋ᠠᠷ᠂ ᠡᠯᠧᠺᠲᠷᠣᠨ ᠦᠨᠡᠮᠯᠡᠯ᠎ᠤᠨ ᠬᠡᠷᠡᠭᠯᠡᠯᠲᠡ᠂ ᠬᠠᠮᠲᠤᠷᠠᠨ ᠰᠢᠯᠭ᠋ᠠᠨ ᠠᠪᠬᠤ ᠵᠢ ᠥᠷᠨᠢᠭᠦᠯᠬᠦ᠂ ᠰᠢᠰᠲ᠋ᠧᠮ᠎ᠤᠨ ᠬᠣᠯᠪᠣᠯᠳᠤᠨ ᠨᠡᠪᠲᠡᠷᠡᠯᠴᠡᠬᠦ ᠵᠡᠷᠭᠡ ᠬᠣᠯᠪᠣᠭᠳᠠᠯ ᠪᠥᠬᠥᠶ ᠪᠠᠶ᠋ᠢᠳᠠᠯ ᠵᠢᠴᠢ ᠬᠢᠨᠠᠨ ᠵᠥᠪᠰᠢᠶᠡᠷᠡᠬᠦ ᠶᠠᠪᠤᠴᠠ᠎ᠳᠤ ᠣᠷᠣᠰᠢᠵᠤ ᠪᠠᠶ᠋ᠢᠭ᠎ᠠ ᠲᠦᠭᠵᠢᠷᠡᠯ᠎ᠤᠨ  ᠴᠢᠭ᠂ ᠬᠦᠴᠢᠷ ᠠᠰᠠᠭᠤᠳᠠᠯ ᠵᠡᠷᠭᠡ ᠠᠰᠠᠭᠤᠳᠠᠯ᠎ᠢ ᠨᠠᠷᠢᠨ ᠣᠶ᠋ᠢᠯᠠᠭ᠋ᠠᠬᠤ ᠵᠢᠨ ᠬᠠᠮᠲᠤ᠂ ᠬᠣᠯᠪᠣᠭᠳᠠᠯ ᠪᠥᠬᠥᠶ ᠲᠤᠬᠠᠶ᠋ᠢᠯᠠᠭᠰᠠᠨ ᠠᠵᠢᠯ᠎ᠤᠨ ᠲᠤᠬᠠᠢ ᠲᠤᠬᠠᠶ ᠵᠢᠨ ᠲᠠᠯᠠᠪᠤᠷ᠎ᠲᠤ ᠵᠢᠯᠣᠭᠣᠳᠣᠯᠭ᠎ᠠ ᠬᠢᠪᠡ᠃
      ᠸᠠᠩ ᠭ᠋ᠸᠨ ᠰᠢᠶᠤᠤ ᠬᠣᠷᠢᠨᠭᠡᠷ ᠰᠢᠶᠠᠨ᠎ᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠤᠨ ᠬᠢᠨᠠᠨ ᠵᠥᠪᠰᠢᠶᠡᠷᠡᠬᠦ ᠳᠦᠷᠢᠮ᠎ᠤᠨ ᠥᠭᠡᠷᠡᠴᠢᠯᠡᠯᠲᠡ ᠵᠢᠨ ᠠᠵᠢᠯ᠎ᠢ ᠠᠬᠢᠭᠤᠯᠬᠤ ᠶᠠᠪᠤᠴᠠ᠎ᠳᠠᠬᠢ ᠵᠠᠷᠢᠮ ᠠᠷᠭ᠎ᠠ ᠬᠢᠳᠡᠯ ᠵᠢᠴᠢ ᠬᠢᠯᠠᠰ  ᠴᠢᠭ᠎ᠢ ᠭᠦᠢ᠍ᠴᠡᠳ ᠨᠤᠲᠠᠯᠠᠪᠠ᠃
      ᠸᠠᠩ ᠭ᠋ᠸᠨ ᠰᠢᠶᠤᠤ ᠵᠢᠭ᠋ᠠᠵᠤ ᠭᠠᠷᠭ᠋ᠠᠭᠰᠠᠨ᠎ᠨᠢ᠂ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠤᠨ ᠬᠢᠨᠠᠨ ᠵᠥᠪᠰᠢᠶᠡᠷᠡᠬᠦ ᠲᠦᠷᠢᠮ᠎ᠤᠨ ᠥᠭᠡᠷᠡᠴᠢᠯᠡᠯᠲᠡ ᠪᠣᠯ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠲᠤᠬᠠᠶ ᠴᠢᠬᠤᠯᠠ ᠶᠡᠬᠡ ᠰᠢᠢ᠍ᠳᠪᠦᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠮᠥᠨ᠃ ᠬᠣᠷᠢᠨᠭᠡᠷ ᠰᠢᠶᠠᠨ᠎ᠤ᠎ᠬᠢᠨ ᠦᠵᠡᠯ ᠰᠠᠨᠠᠭ᠋ᠠᠨ᠎ᠤ ᠲᠠᠯ᠎ᠠ᠎ᠪᠠᠷ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠢᠨᠠᠨ ᠵᠥᠪᠰᠢᠶᠡᠷᠡᠬᠦ ᠲᠦᠷᠢᠮ᠎ᠤᠨ ᠥᠭᠡᠷᠡᠴᠢᠯᠡᠯᠲᠡ ᠵᠢᠨ ᠠᠵᠢᠯ᠎ᠤᠨ ᠴᠢᠬᠤᠯᠠ ᠴᠢᠨᠠᠷ᠎ᠢ ᠭᠦᠢ᠍ᠴᠡᠳ ᠲᠠᠨᠢᠵᠤ᠂ ᠠᠵᠤ ᠠᠬᠤᠶ᠋ᠢᠯᠠᠯ ᠪᠠ ᠣᠯᠠᠨ ᠲᠦᠮᠡᠨ᠎ᠤ ᠠᠵᠢᠯ ᠶᠠᠪᠤᠳᠠᠯ ᠰᠢᠢ᠍ᠳᠪᠦᠷᠢᠯᠡᠬᠦ᠎ᠳᠤ ᠲᠥᠬᠥᠮ ᠦᠵᠡᠭᠦᠯᠬᠦ᠎ᠪᠠᠷ ᠭᠣᠤᠯᠯᠠᠭᠤᠯᠤᠨ᠂ ᠠᠯᠬᠤᠮ ᠳᠠᠷᠠᠭ᠎ᠠ ᠵᠢ ᠤᠯᠠᠮ ᠨᠢᠭᠡ ᠠᠯᠬᠤᠮ ᠳᠥᠭᠥᠮᠴᠢᠯᠡᠨ᠂ ᠬᠡᠷᠡᠭ ᠶᠠᠪᠤᠳᠠᠯ᠎ᠢ ᠴᠣᠮᠬᠠᠳᠬᠠᠵᠤ᠂ ᠪᠠᠲᠤᠳᠬᠠᠨ ᠨᠠᠷᠢᠯᠢᠭ ᠬᠢᠵᠦ᠂ ᠥᠭᠡᠷᠡᠴᠢᠯᠡᠯᠲᠡ ᠵᠢᠨ ᠠᠵᠢᠯ᠎ᠤᠨ ᠭᠦᠨᠵᠡᠭᠡᠶ᠋ᠢᠷᠡᠨ ᠪᠣᠳᠠᠲᠠᠶ᠋ᠢᠵᠢᠬᠤ ᠵᠢ ᠦᠨᠡᠨ ᠬᠦ᠌ ᠪᠠᠲᠤᠯᠠᠬᠤ ᠵᠢ ᠬᠦᠰᠡᠵᠦ ᠪᠠᠶ᠋ᠢᠨ᠎ᠠ ᠭᠡᠵᠡᠶ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ