ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ 《ᠬᠣᠲᠠ ᠵᠢᠨ ᠠᠮᠢ ᠨᠠᠰᠤᠨ᠎ᠤ ᠱᠤᠭᠤᠮ᠎ᠤᠨ ᠠᠮᠤᠷ ᠲᠦᠪᠰᠢᠨ᠎ᠤ ᠢᠨᠵᠧᠨᠧᠷᠢᠩ》᠎ᠢ ᠪᠠᠶ᠋ᠢᠷᠢᠯᠠᠭᠤᠯᠤᠨ ᠠᠬᠢᠭᠤᠯᠬᠤ ᠬᠤᠷᠠᠯ ᠬᠤᠷᠠᠯᠳᠤᠭᠤᠯᠪᠠ
2021-11-04

      11 ᠳ᠋ᠤᠭᠡᠷ ᠰᠠᠷ᠎ᠠ ᠵᠢᠨ 2᠎ᠤᠨ ᠡᠳᠦᠷ᠎ᠤᠨ ᠦᠳᠡ ᠵᠢᠨ ᠬᠣᠶ᠋ᠢᠨ᠎ᠠ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ ᠬᠤᠷᠠᠯ ᠬᠤᠷᠠᠯᠳᠤᠭᠤᠯᠵᠤ᠂ ᠮᠠᠨ᠎ᠤ ᠣᠷᠣᠨ᠎ᠤ 《ᠬᠣᠲᠠ ᠵᠢᠨ ᠠᠮᠢ ᠨᠠᠰᠤᠨ᠎ᠤ ᠱᠤᠭᠤᠮ᠎ᠤᠨ ᠠᠮᠤᠷ ᠲᠦᠪᠰᠢᠨ᠎ᠤ ᠢᠨᠵᠧᠨᠧᠷᠢᠩ》᠎ᠤᠨ ᠬᠠᠮᠢᠶ᠎ᠠ ᠪᠥᠬᠥᠶ ᠠᠵᠢᠯ᠎ᠢ ᠪᠠᠶ᠋ᠢᠷᠢᠯᠠᠭᠤᠯᠤᠨ ᠠᠬᠢᠭᠤᠯᠬᠤ ᠬᠤᠷᠠᠯ ᠬᠤᠷᠠᠯᠳᠤᠭᠤᠯᠪᠠ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠯᠢᠦ ᠵᠢᠶᠠᠨ ᠬᠤᠸᠠ ᠬᠤᠷᠠᠯ᠎ᠢ ᠡᠷᠭᠢᠯᠡᠵᠦ᠂ ᠲᠢᠩᠬᠢᠮ᠎ᠤᠨ ᠬᠠᠮᠢᠶ᠎ᠠ ᠪᠥᠬᠥᠶ ᠭᠠᠵᠠᠷ ᠬᠡᠷ᠎ᠤᠨ ᠬᠠᠷᠢᠭᠤᠴᠠᠯᠭ᠋ᠠᠲᠠᠨ ᠨᠥᠬᠥᠳ ᠣᠷᠣᠯᠴᠠᠵᠠᠶ᠃


c.jpg


      ᠬᠤᠷᠠᠯ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠲᠠ ᠵᠢᠨ ᠠᠮᠢ ᠨᠠᠰᠤᠨ᠎ᠤ ᠱᠤᠭᠤᠮ᠎ᠤᠨ ᠠᠮᠤᠷ ᠲᠦᠪᠰᠢᠨ᠎ᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠬᠡᠷᠡᠭᠵᠢᠭᠦᠯᠬᠦ ᠲᠥᠰᠦᠯ (ᠠᠩᠬᠠᠨ᠎ᠤ ᠨᠣᠤᠷᠠᠭ)》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠲᠠ ᠵᠢᠨ ᠠᠮᠢ ᠨᠠᠰᠤᠨ᠎ᠤ ᠱᠤᠭᠤᠮ᠎ᠤᠨ ᠠᠮᠤᠷ ᠲᠦᠪᠰᠢᠨ᠎ᠤ ᠬᠢᠨᠠᠨ ᠬᠡᠮᠵᠢᠯᠲᠡ ᠵᠢᠨ ᠲᠠᠪᠴᠠᠩ᠎ᠤᠨ ᠪᠥᠲᠥᠭᠡᠨ ᠪᠠᠶ᠋ᠢᠭᠤᠯᠤᠯᠲᠠ ᠵᠢᠨ ᠲᠥᠰᠦᠯ (ᠠᠩᠬᠠᠨ᠎ᠤ ᠨᠣᠤᠷᠠᠭ)》᠎ᠢ ᠭᠦᠨᠵᠡᠭᠡᠶ ᠶᠠᠷᠢᠯᠴᠠᠵᠤ᠂ ᠵᠠᠰᠠᠪᠤᠷᠢ ᠣᠷᠣᠭᠤᠯᠬᠤ ᠰᠠᠨᠠᠭᠤᠯᠭ᠎ᠠ ᠵᠢ ᠳᠤᠷᠠᠳᠤᠭᠰᠠᠨ ᠪᠥᠭᠡᠳ ᠲᠠᠷᠠᠭ᠋ᠠᠴᠢ ᠵᠢᠨ ᠠᠯᠬᠤᠮ᠎ᠤᠨ ᠠᠵᠢᠯ᠎ᠳᠤ ᠪᠠᠶ᠋ᠢᠷᠢᠯᠠᠭᠤᠯᠤᠯᠲᠠ ᠬᠢᠵᠡᠶ᠃


c1.jpg

 
      ᠬᠤᠷᠠᠯ᠎ᠠᠴᠠ ᠱᠠᠭ᠋ᠠᠷᠳᠠᠭᠰᠠᠨ᠎ᠨᠢ᠂ ᠵᠠᠰᠠᠪᠤᠷᠢ ᠣᠷᠣᠭᠤᠯᠬᠤ ᠰᠠᠨᠠᠭᠤᠯᠭ᠎ᠠ ᠶᠣᠰᠣᠭ᠋ᠠᠷ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠲᠠ ᠵᠢᠨ ᠠᠮᠢ ᠨᠠᠰᠤᠨ᠎ᠤ ᠱᠤᠭᠤᠮ᠎ᠤᠨ ᠠᠮᠤᠷ ᠲᠦᠪᠰᠢᠨ᠎ᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠬᠡᠷᠡᠭᠵᠢᠭᠦᠯᠬᠦ ᠲᠥᠰᠦᠯ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠲᠠ ᠵᠢᠨ ᠠᠮᠢ ᠨᠠᠰᠤᠨ᠎ᠤ ᠱᠤᠭᠤᠮ᠎ᠤᠨ ᠠᠮᠤᠷ ᠲᠦᠪᠰᠢᠨ᠎ᠤ ᠬᠢᠨᠠᠨ  ᠬᠡᠮᠵᠢᠯᠳᠡ ᠵᠢᠨ ᠲᠠᠪᠴᠠᠩ᠎ᠤᠨ ᠪᠥᠲᠥᠭᠡᠨ ᠪᠠᠶ᠋ᠢᠭᠤᠯᠤᠯᠲᠠ ᠵᠢᠨ ᠲᠥᠰᠦᠯ》᠎ᠢ ᠲᠦᠷᠭᠡᠬᠡᠨ ᠵᠠᠰᠠᠵᠤ ᠲᠡᠭᠦᠯᠳᠡᠷᠵᠢᠭᠦᠯᠬᠦ ᠬᠡᠷᠡᠭᠲᠡᠶ; ᠠᠵᠢᠯ᠎ᠤᠨ ᠲᠤᠰᠬᠠᠶ ᠠᠩᠭᠢ ᠵᠢ ᠲᠦᠷᠭᠡᠬᠡᠨ ᠪᠠᠶ᠋ᠢᠭᠤᠯᠵᠤ᠂ 《ᠬᠣᠲᠠ ᠵᠢᠨ ᠠᠮᠢ ᠨᠠᠰᠤᠨ᠎ᠤ ᠱᠤᠭᠤᠮ᠎ᠤᠨ ᠠᠮᠤᠷ ᠲᠦᠪᠰᠢᠨ᠎ᠤ ᠢᠨᠵᠧᠨᠧᠷᠢᠩ》᠎ᠤᠨ ᠬᠠᠮᠢᠶ᠎ᠠ ᠪᠥᠬᠥᠶ ᠠᠵᠢᠯ᠎ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ; ᠣᠲᠣ ᠵᠢᠨ ᠪᠠᠶ᠋ᠢᠭ᠎ᠠ ᠰᠢᠲᠠᠮᠠᠬᠠᠶ ᠬᠡᠶ᠂ ᠬᠥᠭᠥᠷᠭᠡ᠂ ᠤᠰᠤ ᠬᠠᠩᠭ᠋ᠠᠬᠤ ᠤᠰᠤ ᠵᠠᠯᠠᠬᠤ᠂ ᠪᠠᠷᠢᠯᠭ᠎ᠠ ᠵᠢᠨ ᠠᠵᠢᠯ᠎ᠤᠨ ᠨᠢᠭᠡᠨᠲᠡ ᠪᠠᠶ᠋ᠢᠭᠤᠯᠤᠭᠰᠠᠨ ᠪᠠᠶ᠋ᠢᠴᠠᠭ᠋ᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠵᠢᠴᠢ ᠬᠢᠨᠠᠨ ᠡᠵᠡᠮᠳᠡᠬᠦ ᠡᠬᠢ ᠪᠠᠶᠠᠯᠢᠭ᠎ᠢ ᠪᠥᠬᠥ ᠲᠠᠯ᠎ᠠ᠎ᠪᠠᠷ ᠡᠮᠬᠢᠯᠡᠬᠦ ᠬᠡᠷᠡᠭᠲᠡᠶ ᠭᠡᠪᠡ᠃
      ᠬᠤᠷᠠᠯ᠎ᠠᠴᠠ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠬᠣᠯᠪᠣᠭᠳᠠᠯ ᠪᠥᠬᠥᠶ ᠨᠢᠭᠡᠴᠡ ᠪᠣᠯᠤᠨ ᠠᠵᠢᠯᠲᠠᠳ ᠸᠢᠳᠢᠤ᠋ ᠬᠡᠯᠪᠡᠷᠢ᠎ᠪᠠᠷ ᠬᠤᠷᠠᠯ᠎ᠳᠤ ᠣᠷᠣᠯᠴᠠᠵᠠᠶ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ