11 ᠳ᠋ᠤᠭᠡᠷ ᠰᠠᠷ᠎ᠠ ᠵᠢᠨ 29᠎ᠤ ᠡᠳᠦᠷ᠎ᠠᠴᠠ 30᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ ᠪᠥᠬᠥ ᠤᠯᠤᠰ᠎ᠤᠨ ᠪᠣᠬᠢᠷᠲᠤᠯ ᠥᠬᠡᠶ ᠪᠠᠷᠢᠯᠭ᠎ᠠ ᠵᠢᠨ ᠬᠥᠭᠵᠢᠯᠲᠡ᠂ ᠪᠠᠷᠢᠯᠭ᠎ᠠ ᠵᠢᠨ ᠡᠨᠧᠷᠭᠢ ᠠᠷᠪᠢᠯᠠᠬᠤ ᠵᠢᠴᠢ ᠰᠢᠨ᠎ᠡ ᠬᠡᠯᠪᠡᠷᠢ ᠵᠢᠨ ᠪᠠᠷᠢᠯᠭ᠎ᠠ ᠵᠢᠨ ᠠᠵᠤ ᠦᠢ᠍ᠯᠡᠳᠪᠦᠷᠢᠵᠢᠯᠳᠡ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢᠨ ᠸᠢᠳᠢᠤ᠋ ᠬᠤᠷᠠᠯ᠎ᠳᠤ ᠤᠷᠤᠯᠴᠠᠵᠦ᠂ ᠣᠷᠣᠨ ᠰᠠᠭᠤᠴᠠ ᠪᠣᠯᠤᠨ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠶᠠᠮᠤᠨ᠎ᠤ ᠪᠠᠷᠢᠮᠵᠢᠶ᠎ᠠ ᠨᠣᠷᠮ᠎ᠠ ᠵᠢᠨ ᠵᠤᠷᠭ᠋ᠠᠨ᠎ᠤ ᠳᠡᠳ᠋ ᠳᠠᠷᠤᠭ᠎ᠠ ᠪᠠᠶ ᠵᠧᠩ ᠱᠧᠩ ᠬᠤᠷᠠᠯ᠎ᠢ ᠡᠷᠭᠢᠯᠡᠵᠦ᠂ ᠵᠤᠷᠭ᠋ᠠᠨ᠎ᠤ ᠳᠠᠷᠤᠭ᠎ᠠ ᠲᠢᠶᠠᠨ ᠭᠦᠸᠧ ᠮᠢᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠶ᠃

ᠬᠤᠷᠠᠯ᠎ᠠᠴᠠ ᠪᠦᠬᠦ ᠤᠯᠤᠰ᠎ᠤᠨ ᠡᠯ᠎ᠡ ᠮᠤᠵᠢ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠬᠣᠲᠠ᠂ 5 ᠲᠤᠰᠠᠭ᠋ᠠᠷ ᠲᠥᠯᠥᠪᠯᠡᠭᠡᠲᠦ ᠬᠤᠳᠠ᠂ ᠰᠢᠨᠵᠢᠶᠠᠩ᠎ᠤᠨ ᠦᠢ᠍ᠯᠡᠳᠪᠦᠷᠢᠯᠡᠯ ᠪᠦᠳᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠳᠦᠭᠡᠨ ᠪᠠᠶ᠋ᠢᠭᠤᠯᠤᠯᠲᠠ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ 2021 ᠣᠨ᠎ᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠂ ᠪᠣᠬᠢᠷᠲᠤᠯ ᠦᠭᠡᠢ ᠪᠠᠷᠢᠯᠭ᠎ᠠ᠂ ᠪᠠᠷᠢᠯᠭ᠎ᠠ ᠵᠢᠨ ᠡᠨᠧᠷᠭᠢ ᠠᠷᠪᠢᠯᠠᠬᠤ᠂ ᠤᠭᠰᠠᠷᠠᠮᠠᠯ ᠮᠠᠶᠢᠭ᠎ᠤᠨ ᠪᠠᠷᠢᠯᠭ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠢ ᠠᠬᠢᠭᠤᠯᠤᠭᠰᠠᠨ ᠪᠠᠶ᠋ᠢᠳᠠᠯ ᠵᠢᠴᠢ 2022 ᠣᠨ᠎ᠤ ᠠᠵᠢᠯ᠎ᠤᠨ ᠲᠤᠬᠢᠷᠠᠭᠤᠯᠤᠯᠳᠠ ᠵᠢᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠴᠠᠢ᠃ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠎ᠤ ᠪᠠᠷᠢᠮᠵᠢᠶ᠎ᠠ ᠨᠣᠷᠮ᠎ᠠ ᠵᠢᠨ ᠵᠤᠷᠭ᠋ᠠᠨ᠎ᠤ ᠪᠠᠷᠢᠯᠭ᠎ᠠ ᠵᠢᠨ ᠡᠨᠧᠷᠭᠢ ᠠᠷᠪᠢᠯᠠᠬᠤ ᠭᠠᠵᠠᠷ᠂ ᠤᠭᠰᠠᠷᠠᠬᠤ ᠭᠠᠵᠠᠷ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠭᠠᠵᠠᠷ ᠲᠣᠰ ᠲᠣᠰ ᠪᠥᠬᠥ ᠤᠯᠤᠰ᠎ᠤᠨ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠂ ᠪᠣᠬᠢᠷᠲᠤᠯ ᠥᠬᠡᠶ ᠪᠠᠷᠢᠯᠭ᠎ᠠ᠂ ᠪᠠᠷᠢᠯᠭ᠎ᠠ ᠵᠢᠨ ᠡᠨᠧᠷᠭᠢ ᠠᠷᠪᠢᠯᠠᠬᠤ᠂ ᠤᠭᠰᠠᠷᠠᠮᠠᠯ ᠮᠠᠶᠢᠭ᠎ᠤᠨ ᠪᠠᠷᠢᠯᠭ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠤᠨ ᠠᠬᠢᠴᠠ ᠵᠢᠴᠢ 2022 ᠣᠨ᠎ᠤ ᠠᠵᠢᠯ᠎ᠤᠨ ᠲᠥᠯᠥᠪᠯᠡᠭᠡ ᠵᠢ ᠨᠠᠷᠢᠨ ᠲᠠᠨᠢᠯᠴᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠪᠠᠷᠢᠮᠵᠢᠶ᠎ᠠ ᠨᠣᠷᠮ᠎ᠠ ᠬᠢᠭᠡᠳ ᠡᠨᠧᠷᠭᠢ ᠠᠷᠪᠢᠯᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠭᠠᠵᠠᠷ ᠵᠢᠴᠢ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠰᠤᠳᠤᠯᠭ᠋ᠠᠨ᠎ᠤ ᠬᠥᠭᠵᠢᠯᠲᠡ ᠵᠢᠨ ᠲᠥᠪ ᠬᠠᠷᠢᠭᠤ ᠮᠡᠳᠡᠭᠦᠯᠦᠯᠲᠡ ᠵᠢᠨ ᠶᠠᠷᠢᠶ᠎ᠠ ᠲᠠᠯᠪᠢᠪᠠ᠃

ᠬᠤᠷᠠᠯ᠎ᠠᠴᠠ ᠱᠠᠭ᠋ᠠᠷᠳᠠᠭᠰᠠᠨ᠎ᠨᠢ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠬᠦ ᠲᠠᠯ᠎ᠠ᠎ᠪᠠᠷ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠤᠯᠤᠰ᠎ᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠪᠠ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠣᠷᠭᠢᠯ᠎ᠳᠤ ᠬᠦᠷᠴᠦ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠰᠠᠭ᠋ᠠᠷᠮᠠᠭᠵᠢᠭᠤᠯᠬᠤ ᠠᠵᠢᠯᠯᠠᠭ᠋ᠠᠨ᠎ᠤ ᠲᠥᠰᠦᠯ᠎ᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠪᠣᠬᠢᠷᠲᠤᠯ ᠥᠬᠡᠶ ᠬᠥᠭᠵᠢᠯᠲᠡ ᠵᠢ ᠠᠬᠢᠭᠤᠯᠬᠤ ᠲᠤᠬᠠᠶ ᠰᠠᠨᠠᠯ᠂ ᠪᠣᠬᠢᠷᠲᠤᠯ ᠥᠬᠡᠶ ᠪᠠᠷᠢᠯᠭ᠎ᠠ ᠵᠢᠨ ᠢᠯᠭ᠋ᠠᠬᠤ ᠲᠡᠮᠳᠡᠭ᠎ᠤᠨ ᠬᠠᠮᠢᠶᠠᠷᠤᠯᠲᠠ ᠵᠢᠨ ᠠᠷᠭ᠎ᠠ ᠵᠡᠷᠭᠡ ᠬᠠᠮᠢᠶ᠎ᠠ ᠪᠥᠬᠥᠶ ᠰᠠᠨᠠᠯ᠂ ᠵᠢᠷᠤᠮᠵᠢᠯ᠂ ᠠᠷᠭ᠎ᠠ ᠵᠢᠨ ᠤᠬᠠᠭᠤᠯᠭ᠎ᠠ᠂ ᠪᠣᠯᠪᠠᠰᠤᠷᠠᠭᠤᠯᠤᠯ᠎ᠤᠨ ᠠᠵᠢᠯ᠎ᠢ ᠴᠢᠩᠭ᠋ᠠᠳᠬᠠᠵᠤ᠂ ᠪᠣᠬᠢᠷᠲᠤᠯ ᠥᠬᠡᠶ ᠪᠠᠷᠢᠯᠭ᠎ᠠ᠂ ᠤᠭᠰᠠᠷᠠᠮᠠᠯ ᠮᠠᠶᠢᠭ᠎ᠤᠨ ᠪᠠᠷᠢᠯᠭ᠎ᠠ ᠵᠢ ᠶᠡᠬᠡᠪᠡᠷ ᠠᠬᠢᠭᠤᠯᠤᠨ᠂ ᠪᠣᠬᠢᠷᠲᠤᠯ ᠥᠬᠡᠶ ᠪᠠᠷᠢᠯᠭ᠎ᠠ ᠵᠢᠨ ᠬᠥᠭᠵᠢᠯᠲᠡ ᠵᠢ ᠴᠢᠩᠭ᠋ᠠᠳᠬᠠᠵᠤ᠂ ᠪᠣᠬᠢᠷᠲᠤᠯ ᠥᠬᠡᠶ ᠪᠠᠷᠢᠯᠭ᠎ᠠ ᠵᠢᠨ ᠮᠠᠲ᠋ᠧᠷᠢᠶᠠᠯ᠎ᠤᠨ ᠲᠥᠷᠥᠯ ᠵᠦᠢ᠍ᠯ᠎ᠢ ᠥᠷᠭᠡᠳᠬᠡᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠬᠢ ᠪᠠᠶᠠᠯᠢᠭ᠎ᠢ ᠰᠢᠯᠢᠳᠡᠭᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠳᠡᠯᠭᠡᠷᠡᠭᠦᠯᠦᠨ ᠬᠡᠷᠡᠭᠯᠡᠬᠦ ᠵᠢ ᠠᠬᠢᠭᠤᠯᠤᠨ᠎ᠠ ᠭᠡᠪᠡ᠃
ᠳᠠᠷᠠᠭ᠎ᠠ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠠᠴᠠ ᠥᠪᠥᠷ ᠮᠣᠩᠭᠣᠯ᠎ᠤᠨ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠪᠣᠬᠢᠷᠲᠤᠯ ᠥᠬᠡᠶ ᠬᠥᠭᠵᠢᠯᠲᠡ ᠵᠢᠨ ᠬᠡᠷᠡᠭᠵᠢᠭᠦᠯᠬᠦ ᠲᠥᠰᠦᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦᠲᠥ᠋ᠷᠥᠭᠴᠢ ᠵᠢ ᠣᠷᠭᠢᠯ᠎ᠳᠤ ᠬᠦᠷᠭᠡᠬᠦ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠬᠡᠷᠡᠭᠵᠢᠭᠦᠯᠬᠦ ᠲᠥᠰᠦᠯ ᠵᠢᠴᠢ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠵᠣᠬᠢᠶᠠᠨ ᠪᠠᠶ᠋ᠢᠭᠤᠯᠤᠨ ᠲᠣᠭᠲᠠᠭ᠋ᠠᠵᠤ᠂ ᠬᠣᠯᠪᠣᠭᠳᠠᠯ ᠪᠥᠬᠥᠶ ᠭᠠᠵᠠᠷ ᠬᠡᠷ ᠨᠢᠭᠡᠴᠡ᠎ᠲᠠᠢ ᠬᠠᠮᠲᠤᠷᠠᠨ ᠬᠦᠴᠦ᠎ᠪᠠᠨ ᠬᠠᠮᠲᠤᠳᠬᠠᠨ ᠠᠵᠢᠯ ᠵᠶ᠋ᠠᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠂ ᠪᠣᠬᠢᠷᠲᠤᠯ ᠥᠬᠡᠶ ᠪᠠᠷᠢᠯᠭ᠎ᠠ᠂ ᠪᠠᠷᠢᠯᠭ᠎ᠠ ᠵᠢᠨ ᠡᠨᠧᠷᠭᠢ ᠠᠷᠪᠢᠯᠠᠬᠤ᠂ ᠤᠭᠰᠠᠷᠠᠮᠠᠯ ᠮᠠᠶᠢᠭ᠎ᠤᠨ ᠪᠠᠷᠢᠯᠭ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠡᠯ᠎ᠡ ᠵᠦᠢ᠍ᠯ᠎ᠤᠨ ᠠᠵᠢᠯ᠎ᠳᠤ ᠰᠢᠨ᠎ᠡ ᠦᠷ᠎ᠡ ᠪᠦᠲᠦᠮᠵᠢ ᠣᠯᠭᠣᠨ᠎ᠠ᠃
ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠎ᠤᠨ ᠪᠠᠷᠢᠮᠵᠢᠶ᠎ᠠ ᠨᠣᠷᠮ᠎ᠠ ᠪᠠ ᠡᠨᠧᠷᠭᠢ ᠠᠷᠪᠢᠯᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠭᠠᠵᠠᠷ᠂ ᠲᠦᠯᠦᠪᠯᠡᠯᠭᠡᠳᠦ ᠡᠳ᠋᠎ᠤᠨ ᠶᠠᠪᠤᠳᠠᠯ᠎ᠤᠨ ᠭᠠᠵᠠᠷ᠂ ᠬᠣᠲᠠ ᠵᠢᠨ ᠪᠥᠲᠥᠭᠡᠨ ᠪᠠᠶ᠋ᠢᠭᠤᠯᠤᠯᠲᠠ ᠵᠢᠨ ᠭᠠᠵᠠᠷ᠂ ᠬᠣᠲᠠ ᠵᠢᠨ ᠬᠠᠮᠢᠶᠠᠷᠤᠯᠲᠠ ᠵᠢᠨ ᠭᠠᠵᠠᠷ᠂ ᠪᠠᠷᠢᠯᠭ᠎ᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠭᠠᠵᠠᠷ᠂ ᠪᠠᠷᠢᠯᠭ᠎ᠠ ᠵᠢᠨ ᠶᠠᠰᠤ ᠴᠢᠨᠠᠷ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠭᠠᠵᠠᠷ᠂ ᠵᠢᠵᠢᠭ ᠲᠣᠭᠣᠷᠢᠭ ᠬᠢᠭᠡᠳ ᠠᠳᠠᠯ ᠠᠬᠤᠶ ᠵᠢᠨ ᠬᠠᠮᠢᠶᠠᠷᠤᠯᠲᠠ ᠵᠢᠨ ᠭᠠᠵᠠᠷ᠂ ᠬᠡᠷ ᠪᠠᠶ᠋ᠢᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠭᠠᠵᠠᠷ᠂ ᠲᠣᠰᠬᠣᠨ ᠪᠠᠯᠭ᠋ᠠᠰᠤ ᠵᠢᠨ ᠪᠥᠲᠥᠭᠡᠨ ᠪᠠᠶ᠋ᠢᠭᠤᠯᠤᠯᠲᠠ ᠵᠢᠨ ᠭᠠᠵᠠᠷ ᠵᠡᠷᠭᠡ ᠭᠠᠵᠠᠷ ᠬᠡᠷ ᠵᠢᠴᠢ ᠥᠪᠡᠷᠲᠡᠭᠡᠨ ᠵᠠᠰᠠᠬᠤ ᠣᠷᠣᠨ᠎ᠤ ᠣᠷᠣᠯᠠᠨ ᠪᠠᠶ᠋ᠢᠭᠤᠯᠬᠤ ᠲᠥᠪ᠂ ᠪᠣᠬᠢᠷᠲᠤᠯ ᠥᠬᠡᠶ ᠰᠤᠳᠤᠯᠭ᠋ᠠᠨ᠎ᠤ ᠬᠥᠭᠵᠢᠯᠲᠡ ᠵᠢᠨ ᠲᠥᠪ᠂ ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠶ᠋ᠢᠴᠠᠭ᠋ᠠᠨ ᠰᠢᠯᠭ᠋ᠠᠬᠤ ᠪᠠ ᠡᠨᠧᠷᠭᠢ ᠵᠢᠨ ᠠᠰᠢᠭᠯᠠᠮᠵᠢ ᠵᠢ ᠰᠢᠯᠭ᠋ᠠᠨ ᠲᠣᠭᠲᠠᠭ᠋ᠠᠬᠤ ᠲᠥᠪ᠎ᠤᠨ ᠬᠠᠮᠢᠶ᠎ᠠ ᠪᠥᠬᠥᠶ ᠠᠵᠢᠯᠲᠠᠨ ᠬᠤᠷᠠᠯ᠎ᠳᠤ ᠤᠷᠤᠯᠴᠠᠪᠠ᠃