ᠨᠢᠭᠡᠳᠦᠭᠡᠷ ᠪᠦᠯᠦᠭ ᠵᠡᠷᠦᠩᠬᠡᠶ ᠲᠦᠷᠢᠮ
ᠨᠢᠭᠡᠳᠦᠭᠡᠷ ᠵᠦᠢ᠍ᠯ ᠪᠦᠬᠦ ᠣᠷᠣᠨ᠎ᠤ ᠣᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠤᠨ ᠬᠠᠮᠢᠶᠠᠷᠤᠯᠲᠠ᠂ ᠣᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠤᠨ ᠦᠢ᠍ᠯᠡᠴᠢᠯᠡᠭᠡᠨ᠎ᠤ ᠠᠵᠢᠯᠯᠠᠭ᠎ᠠ ᠵᠢᠴᠢ ᠲᠡᠷᠭᠡ ᠵᠣᠭᠰᠣᠬᠤ ᠡᠮᠬᠢ ᠳᠢᠭᠯᠢᠮ᠎ᠢ ᠵᠢᠷᠤᠮᠵᠢᠭᠤᠯᠬᠤ ᠵᠢᠨ ᠲᠦᠯᠦᠭᠡ᠂ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠣᠲᠠ ᠬᠥᠳᠡᠭᠡ ᠵᠢᠨ ᠲᠥᠯᠥᠪᠵᠢᠭᠦᠯᠭᠡ ᠵᠢᠨ ᠬᠠᠤᠯᠢ ᠵᠢ ᠦᠨᠳᠦᠰᠦᠯᠡᠨ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠶ ᠵᠢᠨ ᠬᠠᠮᠢᠶᠠᠷᠤᠯᠲᠠ ᠵᠢᠨ ᠠᠷᠭ᠎ᠠ》 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ》 《ᠬᠣᠲᠠ ᠵᠢᠨ ᠶᠠᠪᠤᠳᠠᠯ᠎ᠤᠨ ᠣᠯᠠᠨ ᠨᠡᠶ᠋ᠢᠲᠡ ᠵᠢᠨ ᠡᠬᠢ ᠪᠠᠶᠠᠯᠢᠭ᠎ᠢ ᠲᠥᠯᠥᠪᠦᠷᠢ᠎ᠲᠠᠢ ᠬᠡᠷᠡᠭᠯᠡᠬᠦ᠎ᠳᠤ ᠤᠷᠤᠭᠤᠯᠬᠤ ᠬᠠᠮᠢᠶᠠᠷᠤᠯᠲᠠ ᠵᠢᠨ ᠠᠷᠭ᠎ᠠ》 (ᠡᠳ᠋ ᠵᠠᠰᠠᠭ ᠭᠠᠶ᠋ᠢᠯᠢ [2016] 116 ᠳ᠋ᠤᠭ᠋ᠠᠷ ᠲᠣᠭ᠋ᠠᠲᠤ)᠂ 《ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠵᠡᠷᠭᠡ ᠰᠠᠯᠠᠭ᠎ᠠ ᠮᠥᠴᠢᠷ᠎ᠤᠨ 〈ᠬᠣᠲᠠ ᠵᠢᠨ ᠲᠡᠷᠭᠡ ᠵᠣᠭᠰᠣᠭ᠋ᠠᠬᠤ ᠲᠦᠭᠦᠭᠡᠷᠦᠮᠵᠢ ᠵᠢᠨ ᠬᠥᠭᠵᠢᠯᠲᠡ ᠵᠢ ᠳᠥᠯᠭᠢᠨ ᠠᠬᠢᠭᠤᠯᠬᠤ ᠲᠤᠬᠠᠶ ᠰᠠᠨᠠᠯ〉᠎ᠢ ᠤᠯᠠᠮᠵᠢᠯᠠᠨ ᠲᠠᠷᠬᠠᠭ᠋ᠠᠬᠤ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠵᠠᠬᠢᠳᠠᠯ [2021] 46 ᠳ᠋ᠤᠭ᠋ᠠᠷ ᠲᠣᠭ᠋ᠠᠲᠤ) ᠵᠡᠷᠭᠡ ᠤᠯᠤᠰ᠎ᠤᠨ ᠬᠣᠯᠪᠣᠭᠳᠠᠯ ᠪᠥᠬᠥᠶ ᠬᠠᠤᠯᠢ ᠴᠠᠭ᠋ᠠᠵᠠ᠂ ᠪᠢᠴᠢᠭ ᠮᠠᠲ᠋ᠧᠷᠢᠶᠠᠯ᠎ᠤᠨ ᠬᠣᠯᠪᠣᠭᠳᠠᠯ ᠪᠥᠬᠥᠶ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ᠂ ᠲᠣᠰ ᠠᠷᠭ᠎ᠠ ᠵᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠲᠤᠰ ᠠᠷᠭ᠎ᠠ᠎ᠳᠤ ᠬᠡᠯᠡᠵᠦ ᠪᠠᠶ᠋ᠢᠭ᠎ᠠ ᠤᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ ᠭᠡᠳᠡᠭ᠎ᠨᠢ ᠬᠤᠳᠠ ᠪᠣᠯᠤᠨ ᠬᠤᠳᠠ ᠵᠢᠨ ᠬᠠᠷᠢᠶ᠎ᠠ ᠪᠠᠯᠭ᠋ᠠᠰᠤ (ᠳᠣᠷᠣᠭᠰᠢ ᠬᠤᠳᠠ ᠭᠡᠵᠦ ᠶᠡᠷᠦᠩᠬᠡᠶ᠋ᠢᠯᠡᠨ ᠨᠡᠷᠡᠯᠡᠨ᠎ᠡ) ᠵᠢᠨ ᠪᠠᠶ᠋ᠢᠭᠤᠯᠤᠭᠰᠠᠨ ᠣᠷᠣᠨ᠎ᠤ ᠳᠣᠲᠣᠷ᠎ᠠ ᠪᠠᠶ᠋ᠢᠭᠤᠯᠤᠭᠰᠠᠨ (ᠪᠠᠶ᠋ᠢᠷᠢᠯᠠᠭᠤᠯᠤᠭᠰᠠᠨ) ᠭᠣᠣᠯᠳᠠᠭᠤ ᠨᠡᠶ᠋ᠢᠭᠡᠮ᠎ᠤᠨ ᠮᠠᠰᠢᠨ ᠲᠡᠷᠭᠡᠨ᠎ᠳᠤ ᠦᠢ᠍ᠯᠡᠴᠢᠯᠡᠭᠡ ᠬᠠᠩᠭ᠋ᠠᠬᠤ ᠲᠡᠷᠭᠡᠨ ᠵᠣᠭᠰᠣᠭ᠋ᠠᠯ (ᠵᠠᠮ᠎ᠤᠨ ᠬᠠᠵᠠᠭᠤᠳᠡᠬᠢ ᠲᠡᠷᠭᠡ ᠵᠣᠭᠰᠣᠭ᠋ᠠᠬᠤ ᠵᠣᠭᠰᠣᠭ᠋ᠠᠯ ᠪᠠᠭᠲᠠᠨ᠎ᠠ)᠎ᠢ ᠵᠢᠭ᠋ᠠᠵᠤ ᠪᠤᠢ᠃
ᠭᠤᠷᠪᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠤᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠢ ᠲᠥᠯᠥᠪᠵᠢᠭᠦᠯᠬᠦ᠂ ᠬᠢᠨᠠᠨ ᠵᠥᠪᠰᠢᠶᠡᠷᠡᠬᠦ᠂ ᠪᠥᠳᠥᠭᠡᠨ ᠪᠠᠶ᠋ᠢᠭᠤᠯᠬᠤ᠂ ᠰᠢᠯᠭ᠋ᠠᠨ ᠠᠪᠬᠤ᠂ ᠡᠵᠡᠩᠨᠡᠬᠦ ᠪᠠ ᠬᠢᠨᠠᠨ ᠬᠠᠯᠢᠶᠠᠷᠤᠯᠳᠠᠳᠤ ᠲᠤᠰ ᠠᠷᠭ᠎ᠠ ᠲᠤᠬᠢᠷᠠᠨ᠎ᠠ᠃
ᠳᠥᠷᠪᠡᠳᠦᠭᠡᠷ ᠵᠦᠢ᠍ᠯ ᠤᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠢ ᠲᠥᠯᠥᠪᠵᠢᠭᠦᠯᠬᠦ᠂ ᠬᠢᠨᠠᠨ ᠵᠥᠪᠰᠢᠶᠡᠷᠡᠬᠦ᠂ ᠪᠥᠳᠥᠭᠡᠨ ᠪᠠᠶ᠋ᠢᠭᠤᠯᠬᠤ᠂ ᠰᠢᠯᠭ᠋ᠠᠨ ᠠᠪᠬᠤ᠂ ᠡᠵᠡᠩᠨᠡᠬᠦ ᠪᠠ ᠬᠢᠨᠠᠨ ᠬᠠᠮᠢᠶᠠᠷᠬᠤ᠎ᠳᠠᠭᠠᠨ ᠵᠠᠮ ᠬᠠᠷᠢᠯᠴᠠᠭ᠋ᠠᠨ᠎ᠤ ᠰᠠᠭ᠋ᠠᠳ ᠥᠭᠡᠢ ᠪᠥᠭᠡᠳ ᠡᠮᠬᠢ ᠵᠢᠷᠤᠮ᠎ᠲᠠᠢ ᠪᠠᠶ᠋ᠢᠬᠤ ᠵᠢ ᠪᠠᠲᠤᠯᠠᠬᠤ᠂ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠬᠤ᠎ᠪᠠᠷ ᠵᠣᠷᠢᠯᠭ᠎ᠠ ᠪᠣᠯᠭ᠋ᠠᠨ᠂ ᠵᠠᠰᠠᠭ᠎ᠤᠨ ᠣᠷᠳᠣᠨ ᠲᠥᠯᠬᠢᠨ ᠠᠬᠢᠭᠤᠯᠬᠤ᠂ ᠵᠠᠬ᠎ᠠ ᠳᠡᠯᠭᠡᠭᠦᠷ ᠵᠶ᠋ᠠᠷ ᠭᠣᠣᠯ ᠴᠣᠭᠴᠠ ᠪᠣᠯᠭ᠋ᠠᠬᠤ᠂ ᠨᠢᠭᠡᠳᠦᠯᠲᠡᠶ ᠲᠥᠯᠥᠪᠵᠢᠭᠦᠯᠬᠦ᠂ ᠬᠡᠪᠴᠢᠶ᠎ᠡ ᠵᠦᠢ ᠵᠣᠬᠢᠰᠲᠠᠶ᠂ ᠵᠣᠬᠢᠴᠠᠩᠭᠤᠶ᠎ᠪᠠᠷ ᠬᠥᠭᠵᠢᠭᠦᠯᠬᠦ᠂ ᠤᠯᠠᠨ ᠲᠦᠮᠡᠨ᠎ᠳᠤ ᠲᠥᠭᠥᠮ ᠦᠵᠡᠭᠦᠯᠬᠦ᠂ ᠵᠢᠷᠤᠮᠵᠢᠯ᠎ᠲᠠᠢ ᠬᠠᠮᠢᠶᠠᠷᠤᠯᠳᠠ ᠵᠢᠨ ᠵᠠᠷᠴᠢᠮ᠎ᠢ ᠵᠢᠷᠤᠮᠯᠠᠨ᠎ᠠ᠃
ᠲᠠᠪᠤᠳᠤᠭ᠋ᠠᠷ ᠵᠦᠢ᠍ᠯ ᠬᠣᠲᠠ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ ᠪᠣᠯ ᠲᠤᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠣᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ᠎ᠠ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠪᠣᠯ ᠲᠤᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠵᠠᠮ᠎ᠤᠨ ᠬᠠᠵᠠᠭᠤᠳᠡᠬᠢ ᠲᠡᠷᠭᠡᠨ ᠵᠤᠭᠰᠤᠭ᠋ᠠᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ᠎ᠠ᠂ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠤᠯᠭ᠎ᠠ ᠳᠣᠤᠷ᠎ᠠ᠂ ᠬᠥᠭᠵᠢᠭᠦᠯᠦᠯᠲᠡ ᠥᠭᠡᠷᠡᠴᠢᠯᠡᠯᠲᠡ ᠵᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠡᠳ᠋᠎ᠤᠨ ᠵᠠᠰᠠᠭ᠂ ᠪᠠᠶ᠋ᠢᠭ᠋ᠠᠯᠢ ᠵᠢᠨ ᠡᠬᠢ ᠪᠠᠶᠠᠯᠢᠭ᠂ ᠣᠷᠣᠨ ᠰᠠᠭᠤᠴᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠠᠷᠠᠳ᠎ᠤᠨ ᠠᠭ᠋ᠠᠷ᠎ᠤᠨ ᠰᠡᠷᠭᠡᠶ᠋ᠢᠯᠡᠯᠲᠡ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ᠂ ᠭᠠᠶ᠋ᠢᠯᠢ ᠵᠢᠨ ᠶᠠᠪᠤᠳᠠᠯ ᠪᠠ ᠲᠣᠮᠣ ᠳ᠋ᠠᠶ᠋ᠢᠲ᠋ᠠ ᠵᠡᠷᠭᠡ ᠰᠠᠯᠠᠭ᠎ᠠ ᠮᠥᠴᠢᠷ᠎ᠤᠳ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ᠂ ᠣᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠤᠨ ᠲᠥᠯᠥᠪᠵᠢᠭᠦᠯᠭᠡ᠂ ᠬᠢᠨᠠᠨ ᠵᠥᠪᠰᠢᠶᠡᠷᠡᠬᠦ᠂ ᠪᠥᠲᠥᠭᠡᠨ ᠪᠠᠶ᠋ᠢᠭᠤᠯᠬᠤ ᠪᠠ ᠬᠢᠨᠠᠯᠲᠠ ᠲᠠᠯᠪᠢᠵᠤ ᠬᠠᠮᠢᠶᠠᠷᠤᠯᠳᠠ ᠵᠡᠷᠭᠡ ᠬᠠᠮᠢᠶ᠎ᠠ ᠪᠥᠬᠥᠶ ᠠᠵᠢᠯ᠎ᠢ ᠰᠠᠶ᠋ᠢᠲᠤᠷ ᠬᠢᠨ᠎ᠠ᠃
ᠬᠣᠶᠠᠳᠤᠭ᠋ᠠᠷ ᠪᠦᠯᠦᠭ ᠲᠦᠯᠦᠪᠵᠢᠭᠦᠯᠭᠡ ᠪᠠ ᠪᠦᠳᠦᠭᠡᠨ ᠪᠠᠢ᠌ᠭᠤᠯᠤᠯᠳᠠ
ᠵᠢᠷᠭᠤᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠣᠲᠠ ᠵᠢᠨ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ᠂ ᠬᠣᠲᠠ ᠵᠢᠨ ᠶᠡᠷᠦᠩᠬᠡᠶ᠋ᠢᠯᠡᠭᠰᠡᠨ ᠵᠠᠮ ᠬᠠᠷᠢᠯᠴᠠᠭ᠋ᠠᠨ᠎ᠤ ᠰᠢᠰᠲ᠋ᠧᠮ᠎ᠤᠨ ᠲᠥᠯᠥᠪᠵᠢᠭᠦᠯᠭᠡ ᠵᠢᠴᠢ ᠵᠠᠮ ᠬᠠᠷᠢᠯᠴᠠᠭ᠋ᠠᠨ᠎ᠤ ᠬᠦᠭᠵᠢᠯᠳᠡ ᠥᠭᠡᠷᠡᠴᠢᠯᠡᠯᠲᠡ᠂ ᠡᠳ᠋᠎ᠤᠨ ᠵᠠᠰᠠᠭ᠂ ᠪᠠᠶ᠋ᠢᠭ᠋ᠠᠯᠢ ᠵᠢᠨ ᠡᠬᠢ ᠪᠠᠶᠠᠯᠢᠭ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ᠂ ᠠᠷᠠᠳ᠎ᠤᠨ ᠠᠭ᠋ᠠᠷ᠎ᠤᠨ ᠰᠡᠷᠭᠡᠶ᠋ᠢᠯᠡᠯᠲᠡ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ᠂ ᠬᠣᠲᠠ ᠵᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠣᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠤᠨ ᠲᠤᠰᠬᠠᠶ ᠵᠦᠢ᠍ᠯ᠎ᠤᠨ ᠲᠥᠯᠥᠪᠵᠢᠭᠦᠯᠭᠡ ᠪᠠ ᠣᠨ᠎ᠤ ᠪᠥᠲᠥᠭᠡᠨ ᠪᠠᠶ᠋ᠢᠭᠤᠯᠤᠯᠲᠠ ᠵᠢᠨ ᠲᠥᠯᠥᠪᠯᠡᠭᠡ ᠵᠢ ᠨᠠᠶ᠋ᠢᠷᠠᠭᠤᠯᠤᠨ ᠵᠣᠬᠢᠶᠠᠵᠤ᠂ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠵᠦ ᠬᠡᠷᠡᠭᠵᠢᠭᠦᠯᠦᠨ᠎ᠡ; ᠪᠠᠶ᠋ᠢᠭ᠋ᠠᠯᠢ ᠵᠢᠨ ᠡᠬᠢ ᠪᠠᠶᠠᠯᠢᠭ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠠᠷᠠᠳ᠎ᠤᠨ ᠠᠭ᠋ᠠᠷ᠎ᠤᠨ ᠰᠡᠷᠭᠡᠶ᠋ᠢᠯᠡᠯᠲᠡ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ᠂ ᠬᠣᠲᠠ ᠵᠢᠨ ᠬᠠᠮᠢᠶᠠᠷᠤᠯᠲᠠ ᠵᠡᠷᠭᠡ ᠬᠠᠮᠢᠶ᠎ᠠ ᠪᠥᠬᠥᠶ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠵᠤ ᠪᠠᠶ᠋ᠢᠭ᠋ᠠᠳ ᠣᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ ᠵᠢᠴᠢ ᠳᠠᠭ᠋ᠠᠯᠲᠠ ᠲᠦᠭᠦᠭᠡᠷᠦᠮᠵᠢᠳᠤ ᠣᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠢ ᠠᠭᠤᠯᠤᠭᠰᠠᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠪᠠᠷᠢᠯᠭ᠎ᠠ ᠳᠠᠭᠤᠰᠴᠤ ᠬᠠᠮᠲᠤᠷᠠᠨ ᠰᠢᠯᠭ᠋ᠠᠨ ᠠᠪᠬᠤ ᠵᠢ ᠥᠷᠨᠢᠭᠦᠯᠦᠨ᠎ᠡ᠃
ᠣᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠤᠨ ᠲᠤᠰᠬᠠᠶ ᠵᠦᠢ᠍ᠯ᠎ᠤᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠎ᠳᠤ ᠠᠳᠠᠯᠢ ᠪᠤᠰᠤ ᠬᠣᠲᠠ ᠵᠢᠴᠢ ᠠᠳᠠᠯᠢ ᠪᠤᠰᠤ ᠣᠷᠣᠨ ᠪᠦᠰᠡ ᠵᠢᠨ ᠴᠢᠳᠠᠮᠵᠢ ᠵᠢᠨ ᠱᠠᠭ᠋ᠠᠷᠳᠠᠯᠭ᠎ᠠ ᠵᠢ ᠢᠯᠭ᠋ᠠᠵᠤ᠂ ᠵᠦᠷᠢᠶᠡᠴᠢᠯᠡᠭᠰᠡᠨ ᠬᠠᠩᠭ᠋ᠠᠯᠭ᠎ᠠ ᠵᠢᠨ ᠠᠷᠭ᠎ᠠ ᠪᠣᠳᠣᠯᠭ᠎ᠠ ᠪᠠ ᠡᠷᠴᠢᠮᠯᠢᠭ ᠠᠪᠰᠠᠷᠬᠠᠨ ᠬᠥᠭᠵᠢᠯᠲᠡ ᠵᠢᠨ ᠵᠠᠭᠪᠤᠷ ᠶᠣᠰᠣᠭ᠋ᠠᠷ᠂ ᠭᠠᠵᠠᠷ ᠳᠡᠭᠡᠷᠡᠬᠢ ᠪᠠ ᠭᠠᠵᠠᠷ ᠳᠣᠤᠷᠠᠬᠢ ᠣᠷᠣᠨ ᠵᠠᠶ ᠵᠢᠨ ᠠᠰᠢᠭᠯᠠᠯᠲᠠ ᠵᠢ ᠨᠢᠭᠡᠳᠦᠯᠲᠡᠶ ᠲᠥᠯᠥᠪᠯᠡᠨ᠂ ᠲᠡᠷᠭᠡᠨ ᠵᠣᠭᠰᠣᠭ᠋ᠠᠯ᠎ᠤᠨ ᠪᠠᠶ᠋ᠢᠷᠢᠰᠢᠭᠤᠯᠤᠯᠲᠠ᠂ ᠪᠥᠲᠥᠭᠡᠨ ᠪᠠᠶ᠋ᠢᠭᠤᠯᠬᠤ ᠬᠡᠪᠴᠢᠶ᠎ᠡ ᠪᠠ ᠪᠥᠲᠥᠭᠡᠨ ᠪᠠᠶ᠋ᠢᠭᠤᠯᠬᠤ ᠪᠠᠷᠢᠮᠵᠢᠶ᠎ᠠ ᠵᠡᠷᠭᠡ ᠠᠭᠤᠯᠭ᠎ᠠ ᠵᠢ ᠲᠤᠳᠤᠷᠬᠠᠢ᠌ᠯᠠᠨ᠎ᠠ᠃ ᠬᠤᠳᠠ ᠵᠢᠨ ᠰᠢᠨ᠎ᠡ ᠲᠣᠭᠣᠷᠢᠭ᠎ᠢ ᠨᠡᠭᠡᠭᠡᠨ ᠬᠥᠭᠵᠢᠭᠦᠯᠬᠦ᠂ ᠬᠠᠭᠤᠴᠢᠨ ᠲᠣᠭᠣᠷᠢᠭ᠎ᠢ ᠥᠭᠡᠷᠡᠴᠢᠯᠡᠨ ᠪᠠᠶ᠋ᠢᠭᠤᠯᠬᠤ ᠪᠠ ᠬᠤᠳᠠ ᠵᠢᠨ ᠵᠠᠮ᠎ᠢ ᠪᠦᠳᠦᠭᠡᠨ ᠪᠠᠶ᠋ᠢᠭᠤᠯᠬᠤ᠎ᠳᠠᠭᠠᠨ ᠤᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠢ ᠬᠠᠮᠲᠤᠳᠤᠨᠢ ᠲᠥᠯᠥᠪᠵᠢᠭᠦᠯᠦᠨ ᠪᠦᠳᠦᠭᠡᠨ ᠪᠠᠢ᠌ᠭᠤᠯᠤᠨ᠎ᠠ᠃
ᠳᠣᠯᠣᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠤᠳ ᠤᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠤᠨ ᠲᠤᠰᠬᠠᠶ ᠵᠦᠢ᠍ᠯ᠎ᠤᠨ ᠲᠥᠯᠥᠪᠵᠢᠭᠦᠯᠭᠡ ᠵᠢ ᠬᠤᠳᠠ ᠵᠢᠨ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ᠎ᠳᠤ ᠣᠷᠣᠭᠤᠯᠵᠤ᠂ ᠤᠯᠤᠰ᠎ᠤᠨ ᠬᠠᠮᠢᠶ᠎ᠠ ᠪᠥᠬᠥᠢ ᠲᠣᠭᠲᠠᠭ᠋ᠠᠯ ᠶᠣᠰᠣᠭ᠋ᠠᠷ ᠤᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠤᠨ ᠲᠥᠯᠥᠪᠵᠢᠭᠦᠯᠭᠡ ᠵᠢ ᠬᠢᠨᠠᠨ ᠵᠥᠪᠰᠢᠶᠡᠷᠡᠬᠦ ᠨᠥᠬᠥᠴᠡᠯ᠂ ᠬᠡᠷᠡᠭᠯᠡᠬᠦ ᠭᠠᠵᠠᠷ᠎ᠤᠨ ᠰᠢᠨᠵᠢ ᠴᠢᠨᠠᠷ᠎ᠢ ᠲᠤᠳᠤᠷᠬᠠᠢ᠌ᠯᠠᠨ᠎ᠠ᠃ ᠡᠵᠡᠮᠳᠡᠬᠦ ᠴᠢᠨᠠᠷᠲᠠᠶ ᠨᠠᠷᠢᠨ ᠲᠥᠯᠥᠪᠵᠢᠭᠦᠯᠭᠡ ᠵᠢᠨ ᠱᠠᠲᠤᠨ᠎ᠳᠤ ᠬᠣᠲᠠ ᠵᠢᠨ ᠣᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠤᠨ ᠬᠡᠷᠡᠭᠯᠡᠬᠦ ᠭᠠᠵᠠᠷ᠎ᠤᠨ ᠪᠠᠶ᠋ᠢᠷᠢᠰᠢᠭᠤᠯᠤᠯᠲᠠ ᠵᠢ ᠡᠵᠡᠮᠳᠡᠬᠦ ᠭᠦᠢ᠍ᠴᠡᠳᠭᠡᠯ ᠲᠣᠭ᠎ᠠ ᠪᠠ ᠪᠠᠷᠢᠯᠭ᠎ᠠ ᠵᠢᠨ ᠵᠢᠷᠤᠭ ᠲᠥᠯᠥᠪᠯᠡᠭᠡ ᠵᠢᠨ ᠵᠠᠷᠴᠢᠮ᠎ᠢ ᠲᠣᠭᠲᠠᠭ᠋ᠠᠨ᠎ᠠ; ᠣᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠤᠨ ᠭᠠᠵᠠᠷ ᠰᠢᠷᠣᠶ ᠬᠡᠷᠡᠭᠯᠡᠬᠦ ᠬᠤᠭᠤᠴᠠᠭ᠎ᠠ ᠵᠢ ᠬᠠᠤᠯᠢ ᠶᠣᠰᠣᠭ᠋ᠠᠷ ᠲᠣᠭᠲᠠᠭ᠋ᠠᠵᠤ᠂ ᠭᠠᠵᠠᠷ ᠰᠢᠷᠣᠶ ᠬᠠᠩᠭ᠋ᠠᠬᠤ ᠲᠥᠯᠥᠪᠯᠡᠭᠡ ᠵᠢ ᠨᠠᠶ᠋ᠢᠷᠠᠭᠤᠯᠤᠨ ᠵᠣᠬᠢᠶᠠᠵᠤ᠂ ᠭᠠᠵᠠᠷ ᠰᠢᠷᠣᠶ ᠬᠠᠩᠭ᠋ᠠᠬᠤ ᠲᠥᠷᠥ ᠵᠢᠨ ᠪᠣᠳᠣᠯᠭ᠎ᠠ ᠵᠢ ᠨᠠᠷᠢᠯᠢᠬ᠍ᠵᠢᠭᠤᠯᠤᠨ᠂ ᠣᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠤᠨ ᠪᠥᠲᠥᠭᠡᠨ ᠪᠠᠶ᠋ᠢᠭᠤᠯᠤᠯᠲᠠ᠎ᠳᠤ ᠭᠠᠵᠠᠷ ᠰᠢᠷᠣᠶ ᠬᠡᠷᠡᠭᠯᠡᠬᠦ ᠪᠠᠲᠤᠯᠠᠭ᠎ᠠ ᠬᠠᠩᠭ᠋ᠠᠨ᠎ᠠ; ᠭᠠᠵᠠᠷ ᠰᠢᠷᠣᠶ ᠵᠢ ᠬᠠᠩᠭ᠋ᠠᠭᠰᠠᠨ᠎ᠤ ᠳᠠᠷᠠᠭ᠋ᠠᠬᠢ ᠬᠠᠮᠢᠶᠠᠷᠤᠯᠲᠠ ᠵᠢ ᠵᠢᠷᠤᠮᠵᠢᠭᠤᠯᠵᠤ᠂ ᠤᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠤᠨ ᠥᠮᠴᠢᠯᠡᠯ᠎ᠤᠨ ᠡᠷᠬᠡ ᠵᠢ ᠳᠠᠩᠰᠠᠯᠠᠬᠤ ᠠᠵᠢᠯ᠎ᠢ ᠬᠠᠤᠯᠢ ᠲᠣᠭᠲᠠᠭ᠋ᠠᠯ ᠶᠣᠰᠣᠭ᠋ᠠᠷ ᠥᠷᠨᠢᠭᠦᠯᠵᠦ᠂ ᠭᠠᠵᠠᠷ ᠬᠡᠷᠡᠭᠯᠡᠬᠦ᠎ᠳᠤ ᠬᠢᠨᠠᠯᠲᠠ ᠲᠠᠯᠪᠢᠬᠤ ᠵᠢ ᠴᠢᠩᠭ᠋ᠠᠳᠬᠠᠨ᠎ᠠ᠃
ᠨᠠᠢ᠍ᠮᠠᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠤᠳᠠ ᠵᠢᠨ ᠬᠠᠮᠢᠶᠠᠷᠤᠯᠲᠠ (ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ) ᠵᠢᠨ ᠰᠠᠯᠠᠭ᠎ᠠ ᠮᠥᠴᠢᠷ᠎ᠤᠳ ᠤᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠤᠨ ᠪᠥᠳᠥᠭᠡᠨ ᠪᠠᠶ᠋ᠢᠭᠤᠯᠤᠯᠲᠠ ᠵᠢᠨ ᠪᠠᠷᠢᠮᠵᠢᠶ᠎ᠠ᠂ ᠬᠤᠳᠠ ᠵᠢᠨ ᠵᠠᠮ ᠬᠠᠷᠢᠯᠴᠠᠭ᠋ᠠᠨ᠎ᠤ ᠬᠥᠭᠵᠢᠯᠲᠡ ᠵᠢᠨ ᠪᠠᠶ᠋ᠢᠳᠠᠯ ᠪᠣᠯᠤᠨ ᠤᠯᠤᠰ᠎ᠤᠨ ᠬᠣᠯᠪᠣᠭᠳᠠᠯ ᠪᠥᠬᠥᠢ ᠲᠣᠭᠲᠠᠭ᠋ᠠᠯ᠎ᠢ ᠦᠨᠳᠦᠰᠦᠯᠡᠨ᠂ ᠤᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠤᠨ ᠪᠥᠳᠥᠭᠡᠨ ᠪᠠᠶ᠋ᠢᠭᠤᠯᠤᠯᠲᠠ ᠵᠢ ᠬᠢᠨᠠᠨ ᠵᠥᠪᠰᠢᠶᠡᠷᠡᠬᠦ ᠵᠢᠨ ᠬᠠᠮᠲᠤ ᠬᠢᠨᠠᠨ ᠵᠥᠪᠰᠢᠶᠡᠷᠡᠬᠦ ᠴᠠᠭ ᠬᠤᠭᠤᠴᠠᠭ᠎ᠠ᠂ ᠲᠡᠰ ᠳᠠᠷᠠᠭ᠋ᠠᠯᠠᠯ᠎ᠢ ᠨᠡᠶ᠋ᠢᠭᠡᠮ᠎ᠳᠤ ᠨᠡᠢ᠌ᠳᠡᠯᠡᠨ᠎ᠡ᠃ ᠵᠠᠰᠠᠭ᠎ᠤᠨ ᠣᠷᠳᠣᠨ᠎ᠠᠴᠠ ᠦᠨ᠎ᠡ ᠬᠠᠩᠰᠢ ᠲᠣᠭᠲᠠᠭ᠋ᠠᠬᠤ ᠵᠢ ᠬᠡᠷᠡᠭᠵᠢᠭᠦᠯᠬᠦ ᠶᠣᠰᠣᠲᠠᠶ ᠲᠡᠷᠭᠡᠨ ᠵᠣᠭᠰᠣᠭ᠋ᠠᠯ᠎ᠳᠤ ᠲᠡᠷᠭᠡᠨ ᠵᠣᠭᠰᠣᠭ᠋ᠠᠯ᠎ᠢ ᠬᠢᠨᠠᠨ ᠵᠥᠪᠰᠢᠶᠡᠷᠡᠭᠰᠡᠨ᠎ᠤ ᠳᠠᠷᠠᠭ᠎ᠠ 30 ᠡᠳᠦᠷ᠎ᠤᠨ ᠳᠣᠲᠣᠷ᠎ᠠ ᠠᠳᠠᠯᠢ ᠱᠠᠲᠤᠨ᠎ᠤ ᠦᠨ᠎ᠡ ᠬᠠᠩᠰᠢ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠬᠦᠷᠴᠦ ᠦᠨ᠎ᠡ ᠬᠠᠩᠰᠢ ᠲᠣᠭᠲᠠᠭ᠋ᠠᠬᠤ ᠵᠢᠷᠤᠮ᠎ᠢ ᠭᠦᠢ᠍ᠴᠡᠳᠭᠡᠨ᠎ᠡ᠃ ᠲᠦᠷ ᠴᠠᠭ᠎ᠤᠨ ᠣᠯᠠᠨ ᠨᠡᠶ᠋ᠢᠲᠡ ᠵᠢᠨ ᠲᠡᠷᠭᠡ ᠵᠣᠭᠰᠣᠭ᠋ᠠᠬᠤ ᠲᠦᠭᠦᠭᠡᠷᠦᠮᠵᠢ ᠵᠢ ᠬᠣᠲᠠ ᠵᠢᠨ ᠵᠠᠰᠠᠭ᠎ᠤᠨ ᠣᠷᠳᠣᠨ᠎ᠤ ᠪᠥᠲᠥᠭᠡᠨ ᠪᠠᠶ᠋ᠢᠭᠤᠯᠤᠯᠲᠠ ᠪᠠ ᠲᠥᠯᠥᠪᠵᠢᠭᠦᠯᠭᠡ ᠵᠡᠷᠭᠡ ᠬᠠᠮᠢᠶ᠎ᠠ ᠪᠥᠬᠥᠶ ᠰᠠᠯᠠᠭ᠎ᠠ ᠮᠥᠴᠢᠷ᠎ᠠᠴᠠ ᠬᠠᠮᠲᠤᠷᠠᠭᠰᠠᠨ ᠬᠤᠷᠠᠯ (ᠪᠤᠶᠤ ᠬᠠᠮᠢᠶ᠎ᠠ ᠪᠥᠬᠥᠶ ᠶᠡᠷᠦᠩᠬᠡᠶ᠋ᠢᠯᠡᠨ ᠵᠣᠬᠢᠴᠠᠭᠤᠯᠬᠤ ᠲᠦᠷᠢᠮ) ᠵᠶ᠋ᠠᠷ ᠳᠡᠮᠵᠢᠨ ᠬᠢᠨᠠᠨ ᠲᠣᠭᠲᠠᠭ᠋ᠠᠵᠤ ᠪᠣᠯᠤᠨ᠎ᠠ᠂ ᠬᠠᠮᠢᠶ᠎ᠠ ᠪᠥᠬᠥᠶ ᠬᠢᠨᠠᠨ ᠵᠥᠪᠰᠢᠶᠡᠷᠡᠭᠦᠯᠬᠦ ᠭᠠᠷᠳᠠᠮ᠎ᠢ ᠭᠦᠢ᠍ᠴᠡᠳᠭᠡᠬᠦ ᠴᠢᠬᠤᠯᠠ ᠥᠬᠡᠶ᠃
ᠶᠢᠰᠦᠳᠦᠭᠡᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠪᠠᠶ᠋ᠢᠭ᠋ᠠᠯᠢ ᠵᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠳᠠ ᠬᠥᠳᠡᠭᠡ ᠵᠢᠨ ᠪᠥᠳᠥᠭᠡᠨ ᠪᠠᠶ᠋ᠢᠭᠤᠯᠤᠯᠲᠠ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠵᠠᠮ᠎ᠤᠨ ᠬᠠᠵᠠᠭᠤᠳᠡᠬᠢ ᠲᠡᠷᠭᠡᠨ ᠵᠤᠭᠰᠤᠭ᠋ᠠᠯ ᠪᠠᠶ᠋ᠢᠷᠢᠯᠠᠭᠤᠯᠬᠤ ᠵᠢᠨ ᠬᠠᠮᠲᠤ ᠵᠠᠮ᠎ᠤᠨ ᠬᠠᠵᠠᠭᠤᠳᠡᠬᠢ ᠲᠡᠷᠭᠡᠨ ᠵᠤᠭᠰᠤᠭ᠋ᠠᠯ᠎ᠤᠨ ᠪᠠᠶ᠋ᠢᠷᠢ᠂ ᠵᠣᠭᠰᠣᠬᠤ ᠵᠢ ᠵᠥᠪᠰᠢᠶᠡᠷᠡᠭᠰᠡᠨ ᠴᠠᠭ ᠵᠡᠷᠭᠡ ᠮᠡᠳᠡᠭᠡ ᠵᠠᠩᠭᠢ ᠵᠢ ᠨᠡᠶ᠋ᠢᠭᠡᠮ᠎ᠳᠤ ᠨᠡᠶ᠋ᠢᠲᠡᠯᠡᠵᠦ᠂ ᠰᠦᠢ᠍ᠳᠬᠡᠯ ᠬᠤᠷᠢᠶᠠᠬᠤ ᠲᠡᠷᠭᠡᠨ ᠵᠤᠭᠰᠤᠭ᠋ᠠᠯ᠎ᠤᠨ ᠰᠦᠢ᠍ᠳᠬᠡᠯ ᠬᠤᠷᠢᠶᠠᠬᠤ ᠪᠠᠷᠢᠮᠵᠢᠶ᠎ᠠ᠎ᠪᠠᠨ ᠨᠡᠶ᠋ᠢᠭᠡᠮ᠎ᠳᠤ ᠨᠡᠢ᠌ᠳᠡᠯᠡᠨ᠎ᠡ᠃ ᠵᠠᠮ᠎ᠤᠨ ᠬᠠᠵᠠᠭᠤᠳᠡᠬᠢ ᠲᠡᠷᠭᠡᠨ ᠵᠤᠭᠰᠤᠭ᠋ᠠᠯ᠎ᠤᠨ ᠨᠢᠭᠡᠳᠦᠯᠲᠡᠶ ᠲᠡᠮᠳᠡᠭ᠂ ᠫᠠᠢ᠌ᠰᠠ ᠵᠢ ᠪᠠᠶ᠋ᠢᠭᠤᠯᠬᠤ ᠬᠡᠷᠡᠭᠲᠡᠶ᠃
ᠠᠷᠪᠠᠳᠤᠭ᠋ᠠᠷ ᠵᠦᠢ᠍ᠯ ᠵᠠᠮ᠎ᠤᠨ ᠬᠠᠵᠠᠭᠤᠳᠡᠬᠢ ᠲᠡᠷᠭᠡᠨ ᠵᠤᠭᠰᠤᠭ᠋ᠠᠯ ᠳᠣᠣᠷᠠᠬᠢ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠄
(ᠨᠢᠭᠡ) ᠶᠠᠪᠠᠭ᠋ᠠᠨ ᠬᠥᠮᠦᠨ᠂ ᠲᠡᠷᠭᠡ ᠬᠥᠰᠬᠡ ᠵᠢᠨ ᠨᠡᠪᠲᠡᠷᠡᠬᠦ ᠪᠠ ᠠᠮᠤᠷ ᠲᠦᠪᠰᠢᠨ᠎ᠢ ᠪᠠᠲᠤᠯᠠᠨ᠎ᠠ;
(ᠬᠣᠶᠠᠷ) ᠣᠷᠣᠨ ᠪᠦᠰᠡ ᠵᠢᠨ ᠵᠠᠮ ᠬᠠᠷᠢᠯᠴᠠᠭ᠋ᠠᠨ᠎ᠤ ᠲᠡᠷᠭᠡ ᠬᠥᠰᠬᠡ ᠵᠣᠭᠰᠣᠭ᠋ᠠᠬᠤ ᠶᠡᠷᠦᠩᠬᠡᠶ ᠬᠡᠮᠵᠢᠶᠡᠨ᠎ᠤ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ;
(ᠭᠤᠷᠪᠠ) ᠣᠷᠣᠨ ᠪᠦᠰᠡ ᠵᠢᠨ ᠲᠡᠷᠭᠡ ᠬᠥᠰᠬᠡ ᠵᠢᠨ ᠬᠠᠩᠭ᠋ᠠᠯᠭ᠎ᠠ ᠬᠡᠷᠡᠭᠴᠡᠭᠡᠨ᠎ᠤ ᠪᠠᠶ᠋ᠢᠳᠠᠯ᠂ ᠲᠡᠷᠭᠡ ᠬᠥᠰᠬᠡ ᠵᠢᠨ ᠨᠡᠪᠲᠡᠷᠡᠬᠦ ᠨᠥᠬᠥᠴᠡᠯ ᠪᠣᠯᠤᠨ ᠵᠠᠮ᠎ᠤᠨ ᠳᠠᠭ᠋ᠠᠭ᠋ᠠᠴᠠ ᠵᠢᠨ ᠴᠢᠳᠠᠪᠤᠷᠢ᠎ᠯᠤᠭ᠎ᠠ ᠵᠣᠬᠢᠴᠠᠭᠤᠯᠤᠨ᠎ᠠ;
(ᠲᠦᠷᠪᠡ) ᠦᠶᠡᠷ᠎ᠢ ᠰᠡᠷᠭᠡᠶ᠋ᠢᠯᠡᠬᠦ᠂ ᠭᠠᠯ ᠰᠡᠷᠭᠡᠶ᠋ᠢᠯᠡᠨ ᠤᠨᠲᠠᠷᠠᠭ᠋ᠠᠬᠤ ᠵᠡᠷᠭᠡ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠭᠰᠠᠨ ᠪᠠᠶ᠋ᠢᠳᠠᠯ᠎ᠢ ᠦᠨᠡᠯᠡᠨ ᠵᠢᠱ᠌ᠢᠵᠦ ᠤᠷᠢᠳᠴᠢᠯᠠᠨ ᠰᠡᠷᠭᠡᠶ᠋ᠢᠯᠡᠬᠦ;
(ᠲᠠᠪᠤ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠵᠢᠴᠢ ᠪᠤᠰᠤᠳ ᠬᠣᠯᠪᠣᠭᠳᠠᠯ ᠪᠦᠬᠦᠢ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ᠃
ᠠᠷᠪᠠᠨ ᠨᠢᠭᠡᠳᠦᠭᠡᠷ ᠵᠦᠢ᠍ᠯ ᠲᠡᠷᠭᠡᠨ ᠵᠣᠭᠰᠣᠭ᠋ᠠᠯ᠎ᠤᠨ ᠪᠥᠳᠥᠭᠡᠨ ᠪᠠᠶ᠋ᠢᠭᠤᠯᠬᠤ ᠨᠢᠭᠡᠴᠡ ᠤᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠢ ᠪᠥᠳᠥᠭᠡᠨ ᠪᠠᠶ᠋ᠢᠭᠤᠯᠬᠤ᠎ᠳᠤ᠂ ᠲᠡᠷᠭᠡᠨ ᠵᠣᠭᠰᠣᠭ᠋ᠠᠯ᠎ᠤᠨ ᠲᠤᠬᠠᠶ ᠵᠢᠨ ᠴᠠᠭ᠎ᠤᠨ ᠬᠥᠳᠡᠯᠦᠩᠭᠦᠶ ᠮᠡᠳᠡᠭᠡ ᠵᠠᠩᠭᠢ ᠵᠢᠨ ᠰᠢᠰᠲᠸᠮ᠎ᠢ ᠵᠡᠷᠭᠡᠲᠤᠨᠢ ᠲᠣᠬᠢᠷᠠᠭᠤᠯᠤᠨ ᠪᠠᠢ᠌ᠭᠤᠯᠤᠨ᠎ᠠ᠃ ᠤᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠢ ᠨᠢᠭᠡᠨᠲᠡ ᠪᠠᠶ᠋ᠢᠭᠤᠯᠤᠭᠰᠠᠨ ᠪᠠᠶ᠋ᠢᠪᠠᠯ᠂ ᠲᠡᠷᠭᠡᠨ ᠵᠣᠭᠰᠣᠭ᠋ᠠᠯ᠎ᠤᠨ ᠡᠵᠡᠩᠨᠡᠯᠲᠡ ᠬᠠᠮᠢᠶᠠᠷᠤᠯᠲᠠ ᠵᠢᠨ ᠨᠢᠭᠡᠴᠢ᠎ᠨᠢ ᠲᠡᠷᠭᠡᠨ ᠵᠣᠭᠰᠣᠭ᠋ᠠᠯ᠎ᠤᠨ ᠲᠤᠬᠠᠶ ᠵᠢᠨ ᠴᠠᠭ᠎ᠤᠨ ᠬᠥᠳᠡᠯᠦᠩᠭᠦᠶ ᠮᠡᠳᠡᠭᠡ ᠵᠠᠩᠭᠢ ᠵᠢᠨ ᠰᠢᠰᠲ᠋ᠧᠮ᠎ᠢ ᠨᠥᠬᠥᠨ ᠪᠠᠶ᠋ᠢᠭᠤᠯᠬᠤ ᠬᠡᠷᠡᠭᠲᠡᠶ᠃ ᠲᠡᠷᠭᠡᠨ ᠵᠣᠭᠰᠣᠭ᠋ᠠᠯ᠎ᠤᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠎ᠨᠢ ᠣᠶᠤᠨᠴᠢᠯᠠᠭᠰᠠᠨ ᠬᠠᠮᠢᠶᠠᠷᠤᠯᠲᠠ ᠵᠢᠨ ᠴᠢᠳᠠᠮᠵᠢ ᠵᠢ ᠪᠦᠷᠢᠳᠦᠭᠦᠯᠵᠦ᠂ ᠰᠦᠯᠵᠢᠶᠡᠨ ᠳᠡᠭᠡᠷ᠎ᠡ ᠡᠯᠧᠺᠲᠷᠣᠨ ᠵᠶ᠋ᠠᠷ ᠨᠢᠭᠡᠳᠦᠯᠲᠡᠶ ᠲᠣᠭ᠋ᠠᠴᠠᠭ᠎ᠠ ᠬᠢᠬᠦ᠂ ᠪᠡᠯᠡᠨ ᠵᠣᠭᠣᠰ ᠵᠶ᠋ᠠᠷ ᠲᠣᠭ᠋ᠠᠴᠠᠭ᠎ᠠ ᠬᠢᠬᠦ ᠵᠡᠷᠭᠡ ᠣᠯᠠᠨ ᠵᠦᠢ᠍ᠯ᠎ᠤᠨ ᠲᠣᠭ᠋ᠠᠴᠠᠭ᠎ᠠ ᠬᠢᠬᠦ ᠠᠷᠭ᠎ᠠ ᠮᠠᠶᠢᠭ᠎ᠢ ᠪᠡᠶᠡᠯᠡᠭᠦᠯᠬᠦ ᠬᠡᠷᠡᠭᠲᠡᠶ᠃ ᠣᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠤᠨ ᠲᠤᠬᠠᠶ ᠵᠢᠨ ᠴᠠᠭ᠎ᠤᠨ ᠬᠥᠳᠡᠯᠦᠩᠭᠦᠶ ᠮᠡᠳᠡᠭᠡ ᠵᠠᠩᠭᠢ ᠵᠢᠨ ᠰᠢᠰᠲ᠋ᠧᠮ᠎ᠢ ᠲᠣᠰ ᠭᠠᠵᠠᠷ ᠣᠷᠣᠨ᠎ᠤ᠎ᠪᠠᠨ ᠲᠡᠷᠭᠡ ᠵᠣᠭᠰᠣᠭ᠋ᠠᠬᠤ ᠰᠠᠭᠤᠷᠢ ᠳ᠋ᠠᠶ᠋ᠢᠲ᠋ᠠ ᠬᠦᠮᠦᠷᠭᠡ᠎ᠳᠤ ᠤᠷᠤᠭᠤᠯᠤᠨ᠎ᠠ᠃
ᠠᠷᠪᠠᠨ ᠬᠣᠶᠠᠳᠤᠭ᠋ᠠᠷ ᠵᠦᠢ᠍ᠯ ᠤᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠨᠢ ᠲᠤᠰᠬᠠᠶ ᠵᠦᠢ᠍ᠯ᠎ᠤᠨ ᠲᠥᠯᠥᠪᠵᠢᠭᠦᠯᠭᠡ ᠵᠢᠨ ᠪᠥᠳᠥᠭᠡᠨ ᠪᠠᠶ᠋ᠢᠭᠤᠯᠬᠤ ᠪᠠᠷᠢᠮᠵᠢᠶ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠂ ᠴᠠᠬᠢᠯᠭ᠋ᠠᠨ ᠴᠡᠨᠡᠭᠯᠡᠭᠦᠷ ᠪᠠᠶ᠋ᠢᠭᠤᠯᠬᠤ ᠪᠤᠶᠤ ᠪᠥᠳᠥᠭᠡᠨ ᠪᠠᠶ᠋ᠢᠭᠤᠯᠵᠤ ᠤᠭᠰᠠᠷᠠᠬᠤ ᠨᠥᠬᠥᠴᠡᠯ᠎ᠢ ᠤᠷᠢᠳᠴᠢᠯᠠᠨ ᠦᠯᠡᠳᠡᠭᠡᠭᠰᠡᠨ ᠲᠡᠷᠭᠡᠨ ᠵᠣᠭᠰᠣᠭ᠋ᠠᠯ᠎ᠤᠨ ᠬᠠᠷᠢᠴᠠᠯ᠎ᠢ 10%᠎ᠠᠴᠠ ᠳᠣᠣᠷ᠎ᠠ ᠪᠠᠶ᠋ᠢᠯᠭ᠋ᠠᠬᠤ ᠪᠤᠯᠬᠤ ᠦᠭᠡᠢ᠂ ᠨᠢᠭᠡᠨᠲᠡ ᠪᠠᠶ᠋ᠢᠭ᠎ᠠ ᠤᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠳᠤ ᠴᠠᠬᠢᠯᠭ᠋ᠠᠨ ᠴᠡᠨᠡᠭᠯᠡᠬᠦ ᠲᠦᠭᠦᠭᠡᠷᠦᠮᠵᠢ ᠲᠣᠬᠢᠷᠠᠭᠤᠯᠤᠨ ᠪᠠᠶ᠋ᠢᠭᠤᠯᠬᠤ᠎ᠳᠤ ᠴᠠᠬᠢᠯᠭ᠋ᠠᠨ ᠬᠥᠳᠡᠯᠭᠡᠭᠦᠷᠲᠦ ᠮᠠᠰᠢᠨ ᠲᠡᠷᠭᠡᠨ᠎ᠤ ᠴᠠᠬᠢᠯᠭ᠋ᠠᠨ ᠴᠡᠨᠡᠭᠯᠡᠬᠦ ᠬᠡᠷᠡᠭᠴᠡᠭᠡ ᠪᠣᠯᠤᠨ ᠴᠠᠬᠢᠯᠭ᠋ᠠᠨ ᠲᠣᠣᠷ᠎ᠤᠨ ᠣᠳᠣᠬᠢ ᠪᠠᠶ᠋ᠢᠳᠠᠯ᠎ᠲᠠᠢ ᠤᠶᠠᠯᠳᠤᠭᠤᠯᠤᠨ ᠵᠦᠢ ᠵᠣᠬᠢᠰᠲᠠᠶ ᠲᠥᠯᠥᠪᠵᠢᠭᠦᠯᠵᠦ᠂ ᠠᠯᠬᠤᠮ ᠬᠤᠪᠢᠶᠠᠨ ᠬᠡᠷᠡᠭᠵᠢᠭᠦᠯᠦᠨ᠎ᠡ᠃
ᠠᠷᠪᠠᠨ ᠭᠤᠷᠪᠠᠳᠤᠭ᠋ᠠᠷ ᠵᠦᠢ᠍ᠯ ᠤᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠢ ᠰᠠᠭ᠋ᠠᠳ ᠥᠭᠡᠢ ᠲᠦᠭᠦᠭᠡᠷᠦᠮᠵᠢ ᠵᠢᠨ ᠪᠠᠷᠢᠯᠭ᠎ᠠ ᠵᠢᠨ ᠪᠥᠳᠥᠭᠡᠨ ᠪᠠᠶ᠋ᠢᠭᠤᠯᠤᠯᠲᠠ ᠵᠢᠨ ᠪᠠᠷᠢᠮᠵᠢᠶ᠎ᠠ ᠶᠣᠰᠣᠭ᠋ᠠᠷ ᠪᠠᠶ᠋ᠢᠷᠢᠯᠠᠭᠤᠯᠬᠤ ᠵᠢᠨ ᠬᠠᠮᠲᠤ ᠰᠠᠭ᠋ᠠᠳ ᠥᠭᠡᠢ ᠲᠡᠷᠭᠡᠨ ᠵᠤᠭᠰᠤᠭ᠋ᠠᠯ᠎ᠤᠨ ᠪᠠᠶ᠋ᠢᠷᠢ ᠵᠢ ᠲᠤᠳᠤᠷᠬᠠᠢ᠌ᠯᠠᠨ᠎ᠠ᠃
ᠭᠤᠷᠪᠠᠳᠤᠭ᠋ᠠᠷ ᠪᠦᠯᠦᠭ ᠡᠵᠡᠩᠨᠡᠯᠳᠡ ᠪᠠ ᠬᠠᠮᠢᠶᠠᠷᠤᠯᠳᠠ
ᠠᠷᠪᠠᠨ ᠳᠥᠷᠪᠡᠳᠦᠭᠡᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠣᠲᠠ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠤᠯᠤᠰ᠎ᠤᠨ ᠬᠣᠯᠪᠣᠭᠳᠠᠯ ᠪᠦᠬᠦᠢ ᠵᠢᠷᠤᠮᠵᠢᠯ ᠪᠠ ᠪᠠᠷᠢᠮᠵᠢᠶ᠎ᠠ ᠵᠢ ᠦᠨᠳᠦᠰᠦᠯᠡᠵᠦ᠂ ᠬᠣᠲᠠ ᠵᠢᠨ ᠲᠣᠭᠣᠷᠢᠭ᠎ᠤᠨ ᠵᠠᠮ ᠲᠠᠭ᠋ᠠᠤ ᠴᠢᠯᠠᠭᠤ᠎ᠠᠴᠠ ᠬᠣᠶᠠᠷ ᠬᠠᠵᠠᠭᠤ ᠵᠢᠨ ᠬᠠᠤᠯᠢ ᠶᠣᠰᠣᠨ᠎ᠤ ᠪᠠᠷᠢᠯᠭ᠎ᠠ ᠵᠢᠨ ᠬᠣᠭᠣᠷᠣᠨᠳᠣᠬᠢ ᠣᠷᠣᠨ ᠪᠦᠰᠡ᠎ᠳᠤ ᠲᠡᠷᠭᠡ ᠵᠣᠭᠰᠣᠭ᠋ᠠᠬᠤ ᠪᠠᠶ᠋ᠢᠷᠢ ᠵᠢ ᠰᠢᠨᠵᠢᠯᠡᠬᠦ ᠤᠬᠠᠭ᠋ᠠᠨᠴᠢ᠎ᠪᠠᠷ ᠳᠣᠭᠢᠷᠠᠭᠤᠯᠵᠤ᠂ ᠣᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠤᠨ ᠠᠵᠢᠯᠯᠠᠭ᠋ᠠᠨ᠎ᠤ ᠡᠮᠬᠢ ᠳᠢᠭᠯᠢᠮ᠎ᠢ ᠵᠢᠷᠤᠮᠵᠢᠭᠤᠯᠤᠨ᠂ ᠣᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠤᠨ ᠡᠳᠦᠷ ᠲᠤᠲᠤᠮ᠎ᠤᠨ ᠡᠵᠡᠩᠨᠡᠯᠲᠡ᠎ᠳᠤ ᠬᠥᠳᠡᠯᠦᠩᠭᠦᠶ ᠬᠢᠨᠠᠯᠲᠠ ᠪᠠ ᠬᠠᠮᠢᠶᠠᠷᠤᠯᠲᠠ ᠵᠢᠨ ᠠᠵᠢᠯ᠎ᠢ ᠥᠷᠨᠢᠭᠦᠯᠵᠦ᠂ ᠮᠡᠳᠡᠭᠡ ᠵᠠᠩᠬᠢᠴᠢᠯᠠᠭᠰᠠᠨ᠂ ᠤᠶᠤᠨᠴᠢᠯᠠᠭᠰᠠᠨ ᠬᠠᠮᠢᠶᠠᠷᠤᠯᠲᠠ ᠵᠢᠨ ᠰᠢᠰᠲ᠋ᠧᠮᠵᠢ ᠵᠢ ᠪᠠᠶ᠋ᠢᠭᠤᠯᠤᠨ᠎ᠠ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠣᠲᠠ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠬᠣᠲᠠ ᠵᠢᠨ ᠲᠡᠷᠭᠡ ᠵᠣᠭᠰᠣᠭ᠋ᠠᠬᠤ ᠲᠦᠭᠦᠭᠡᠷᠦᠮᠵᠢ ᠵᠢᠨ ᠬᠠᠩᠭ᠋ᠠᠯᠭ᠎ᠠ ᠵᠢᠨ ᠴᠢᠳᠠᠪᠤᠷᠢ ᠵᠢ ᠦᠨᠡᠯᠡᠬᠦ ᠲᠦᠷᠢᠮ ᠪᠠ ᠲᠡᠷᠭᠡ ᠵᠣᠭᠰᠣᠭ᠋ᠠᠬᠤ ᠰᠠᠭᠤᠷᠢ ᠳ᠋ᠠᠶ᠋ᠢᠲ᠋ᠠ ᠬᠥᠮᠥᠷᠭᠡ ᠵᠢ ᠪᠠᠶ᠋ᠢᠭᠤᠯᠬᠤ ᠵᠢᠨ ᠬᠠᠮᠲᠤ᠂ ᠬᠣᠲᠠ ᠵᠢᠨ ᠠᠵᠢᠯᠯᠠᠭ᠋ᠠᠨ᠎ᠤ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠨᠢᠭᠡᠳᠦᠯᠲᠡᠶ ᠲᠡᠷᠭᠡ ᠵᠣᠭᠰᠣᠭ᠋ᠠᠬᠤ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠎ᠢ ᠪᠠᠶ᠋ᠢᠭᠤᠯᠵᠤ᠂ ᠣᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠤᠨ ᠲᠠᠷᠬᠠᠯᠲᠠ ᠵᠢᠨ ᠣᠷᠣᠨ ᠪᠠᠶ᠋ᠢᠷᠢ᠂ ᠲᠣᠭ᠎ᠠ ᠬᠡᠮᠵᠢᠶ᠎ᠡ ᠵᠢᠴᠢ ᠰᠦᠢ᠍ᠳᠭᠡᠯ ᠬᠤᠷᠢᠶᠠᠬᠤ ᠪᠠᠷᠢᠮᠵᠢᠶ᠎ᠠ ᠵᠡᠷᠭᠡ ᠮᠡᠳᠡᠭᠡ ᠵᠠᠩᠭᠢ ᠵᠢ ᠴᠠᠭ ᠲᠤᠬᠠᠶ᠎ᠳᠤᠨᠢ ᠨᠡᠶ᠋ᠢᠲᠡᠯᠡᠵᠦ᠂ ᠲᠡᠷᠭᠡ ᠵᠣᠭᠰᠣᠭ᠋ᠠᠬᠤ ᠲᠣᠭ᠎ᠠ ᠪᠠᠷᠢᠮᠲᠠ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠨᠡᠭᠡᠭᠡᠵᠦ᠂ ᠲᠡᠷᠭᠡ ᠵᠣᠭᠰᠣᠭ᠋ᠠᠬᠤ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠵᠢ ᠠᠬᠢᠭᠤᠯᠤᠨ᠎ᠠ᠃
ᠠᠷᠪᠠᠨ ᠲᠠᠪᠤᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠤᠳ ᠵᠠᠮ᠎ᠤᠨ ᠨᠥᠬᠥᠴᠡᠯ᠂ ᠵᠠᠮ ᠬᠠᠷᠢᠯᠴᠠᠭ᠋ᠠᠨ᠎ᠤ ᠴᠤᠪᠤᠷᠠᠯ ᠵᠢᠨ ᠬᠡᠮᠵᠢᠶ᠎ᠡ᠂ ᠲᠡᠷᠭᠡ ᠵᠣᠭᠰᠣᠬᠤ ᠬᠡᠷᠡᠭᠴᠡᠭᠡ ᠱᠠᠭ᠋ᠠᠷᠳᠠᠯᠭ᠎ᠠ ᠵᠢᠨ ᠬᠤᠪᠢᠷᠠᠯᠲᠠ ᠵᠡᠷᠭᠡ ᠪᠠᠶ᠋ᠢᠳᠠᠯ᠎ᠢ ᠦᠨᠳᠦᠰᠦᠯᠡᠨ᠂ ᠨᠡᠶ᠋ᠢᠭᠡᠮ᠎ᠤᠨ ᠤᠯᠠᠨ ᠨᠡᠶ᠋ᠢᠲᠡ ᠵᠢᠨ ᠰᠠᠨᠠᠯ᠎ᠲᠠᠢ ᠤᠶᠠᠯᠳᠤᠭᠤᠯᠤᠨ᠂ ᠵᠠᠮ᠎ᠤᠨ ᠬᠠᠵᠠᠭᠤᠳᠡᠬᠢ ᠲᠡᠷᠭᠡ ᠵᠣᠭᠰᠣᠬᠤ ᠭᠠᠵᠠᠷ᠎ᠢ ᠲᠣᠬᠢᠷᠠᠭᠤᠯᠬᠤ ᠪᠠ ᠬᠠᠮᠢᠶᠠᠷᠤᠨ᠎ᠠ᠃
ᠠᠷᠪᠠᠨ ᠵᠢᠷᠭᠤᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ 《ᠬᠣᠶᠠᠷ᠎ᠢ ᠲᠠᠰᠢᠷᠠᠮ ᠳᠠᠭ᠋ᠠᠤ᠂ ᠨᠢᠭᠡ ᠵᠢ ᠢᠯᠡ ᠪᠣᠯᠭ᠋ᠠᠬᠤ》 ᠱᠠᠭ᠋ᠠᠷᠳᠠᠯᠭ᠎ᠠ ᠶᠣᠰᠣᠭ᠋ᠠᠷ ᠤᠴᠢᠷ ᠶᠠᠪᠤᠳᠠᠯ᠎ᠤᠨ ᠳᠤᠮᠳᠠᠬᠢ ᠪᠠ ᠤᠴᠢᠷ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠵᠤ᠂ ᠤᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠳᠤ ᠲᠥᠯᠥᠪᠯᠡᠭᠡ ᠶᠣᠰᠣᠭ᠋ᠠᠷ ᠰᠤᠭᠤᠴᠠᠨ ᠪᠠᠶ᠋ᠢᠴᠠᠭ᠋ᠠᠬᠤ ᠵᠢ ᠥᠷᠨᠢᠭᠦᠯᠵᠦ᠂ ᠵᠠᠭ᠋ᠠᠯᠳᠤᠵᠤ ᠢᠯᠡᠴᠢᠯᠡᠨ ᠮᠡᠳᠡᠭᠦᠯᠬᠦ ᠵᠢ ᠰᠢᠢ᠍ᠳᠪᠦᠷᠢᠯᠡᠬᠦ ᠲᠣᠭᠲᠠᠴᠠ ᠵᠢ ᠪᠠᠶ᠋ᠢᠭᠤᠯᠤᠨ᠂ ᠬᠡᠷᠡᠭᠯᠡᠭᠴᠢᠳ ᠪᠣᠯᠤᠨ ᠡᠵᠡᠩᠨᠡᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ᠎ᠠ᠃
ᠠᠷᠪᠠᠨ ᠳᠣᠯᠣᠳᠤᠭ᠋ᠠᠷ ᠵᠦᠢ᠍ᠯ ᠬᠤᠳᠠ ᠵᠢᠨ ᠤᠯᠠᠨ ᠨᠡᠢ᠍ᠢ᠍ᠳᠡ ᠵᠢᠨ ᠲᠡᠷᠭᠡᠨ ᠵᠣᠭᠰᠣᠭ᠋ᠠᠯ᠎ᠤᠨ ᠰᠦᠢ᠍ᠳᠬᠡᠯ ᠬᠤᠷᠢᠶᠠᠬᠤ᠎ᠳᠤ ᠵᠠᠰᠠᠭ᠎ᠤᠨ ᠣᠷᠳᠣᠨ᠎ᠠᠴᠠ ᠦᠨ᠎ᠡ ᠲᠣᠭᠲᠠᠭ᠋ᠠᠬᠤ ᠪᠠ ᠵᠠᠬ᠎ᠠ ᠳᠡᠯᠭᠡᠭᠦᠷ ᠵᠶ᠋ᠠᠷ ᠲᠣᠬᠢᠷᠠᠭᠤᠯᠬᠤ ᠦᠨ᠎ᠡ ᠭᠡᠬᠦ ᠬᠣᠶᠠᠷ ᠵᠦᠢ᠍ᠯ᠎ᠤᠨ ᠦᠨ᠎ᠡ ᠬᠠᠩᠰᠢ ᠵᠢᠨ ᠬᠠᠮᠢᠶᠠᠷᠤᠯᠲᠠ ᠵᠢᠨ ᠠᠷᠭ᠎ᠠ ᠮᠠᠶᠢᠭ᠎ᠢ ᠬᠡᠷᠡᠭᠵᠢᠭᠦᠯᠦᠨ᠎ᠡ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠦᠨ᠎ᠡ ᠬᠠᠩᠰᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠤᠳᠠ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠠᠢ ᠬᠠᠮᠲᠤᠷᠠᠨ ᠬᠠᠷᠢᠶ᠎ᠠ ᠣᠷᠣᠨ᠎ᠤ ᠳᠣᠲᠣᠷᠠᠬᠢ ᠵᠠᠰᠠᠭ᠎ᠤᠨ ᠣᠷᠳᠣᠨ᠎ᠤ ᠦᠨ᠎ᠡ ᠲᠣᠭᠲᠠᠭ᠋ᠠᠬᠤ ᠬᠠᠮᠢᠶᠠᠷᠤᠯᠲᠠ ᠵᠢᠨ ᠬᠡᠪᠴᠢᠶᠡᠨ᠎ᠳᠤ ᠣᠷᠣᠭᠤᠯᠤᠭᠰᠠᠨ ᠤᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠤᠨ ᠲᠡᠷᠭᠡ ᠵᠣᠭᠰᠣᠭ᠋ᠠᠬᠤ ᠦᠢ᠍ᠯᠡᠴᠢᠯᠡᠭᠡᠨ᠎ᠤ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠲᠣᠭᠲᠠᠭ᠋ᠠᠬᠤ ᠵᠢ ᠬᠠᠷᠢᠭᠤᠴᠠᠨ᠎ᠠ᠃ ᠵᠠᠬ᠎ᠠ ᠳᠡᠯᠭᠡᠭᠦᠷ᠎ᠤᠨ ᠲᠣᠬᠢᠷᠠᠭᠤᠯᠤᠯᠲᠠ ᠵᠢᠨ ᠦᠨ᠎ᠡ ᠵᠢ ᠬᠡᠷᠡᠭᠵᠢᠭᠦᠯᠵᠦ ᠪᠠᠶ᠋ᠢᠭ᠎ᠠ ᠣᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠤᠨ ᠲᠡᠷᠭᠡ ᠵᠣᠭᠰᠣᠭ᠋ᠠᠬᠤ ᠰᠦᠢ᠍ᠳᠭᠡᠯ ᠬᠤᠷᠢᠶᠠᠬᠤ ᠪᠠᠷᠢᠮᠵᠢᠶ᠎ᠠ ᠵᠢ ᠲᠡᠷᠭᠡᠨ ᠵᠣᠭᠰᠣᠭ᠋ᠠᠯ᠎ᠤᠨ ᠡᠵᠡᠩᠨᠡᠭᠴᠢ᠎ᠠᠴᠠ ᠡᠵᠡᠩᠨᠡᠯᠲᠡ ᠵᠢᠨ ᠥᠪᠡᠷ᠎ᠤᠨ ᠥᠷᠲᠡᠭ ᠪᠠ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡ ᠵᠡᠷᠭᠡ ᠬᠦᠴᠦᠨ ᠵᠦᠶᠯ᠎ᠢ ᠦᠨᠳᠦᠰᠦᠯᠡᠨ᠂ ᠵᠦᠶ ᠵᠣᠬᠢᠰᠲᠠᠶ ᠥᠪᠡᠷ᠎ᠤᠨ ᠥᠷᠲᠡᠭ᠎ᠢ ᠨᠥᠬᠥᠪᠥᠷᠢᠯᠡᠬᠦ᠂ ᠵᠦᠶ ᠵᠣᠬᠢᠰᠲᠠᠶ ᠠᠰᠢᠭ ᠬᠣᠨᠵᠢᠪᠣᠷᠢ ᠤᠯᠬᠤ ᠵᠠᠷᠴᠢᠮ ᠶᠣᠰᠣᠭ᠋ᠠᠷ ᠪᠡᠶ᠎ᠡ᠎ᠪᠠᠨ ᠳᠠᠭ᠋ᠠᠭ᠋ᠠᠵᠤ ᠲᠣᠭᠲᠠᠭ᠋ᠠᠨ᠎ᠠ᠃
ᠠᠷᠪᠠᠨ ᠨᠠᠢ᠍ᠮᠠᠳᠤᠭ᠋ᠠᠷ ᠵᠦᠢ᠍ᠯ ᠬᠤᠳᠠ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠢᠨᠠᠨ ᠵᠥᠪᠰᠢᠶᠡᠷᠡᠭᠰᠡᠨ ᠵᠠᠰᠠᠭ᠎ᠤᠨ ᠣᠷᠳᠣᠨ᠎ᠠᠴᠠ ᠪᠡᠯᠡ ᠣᠷᠣᠭᠤᠯᠵᠤ ᠪᠠᠶ᠋ᠢᠭᠤᠯᠤᠭᠰᠠᠨ ᠤᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠤᠨ ᠰᠦᠢ᠍ᠳᠬᠡᠯ ᠬᠤᠷᠢᠶᠠᠬᠤ ᠵᠢᠴᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠢᠨᠠᠨ ᠵᠥᠪᠰᠢᠶᠡᠷᠡᠭᠰᠡᠨ ᠵᠠᠮ᠎ᠤᠨ ᠬᠠᠵᠠᠭᠤᠳᠡᠬᠢ ᠲᠡᠷᠭᠡ ᠵᠣᠭᠰᠣᠬᠤ ᠭᠠᠵᠠᠷ᠎ᠤᠨ ᠰᠦᠢ᠍ᠳᠬᠡᠯ ᠬᠤᠷᠢᠶᠠᠬᠤ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠰᠢᠨᠲᠤ ᠲᠡᠷᠭᠡ ᠵᠣᠭᠰᠣᠭ᠋ᠠᠬᠤ ᠦᠢ᠍ᠯᠡᠴᠢᠯᠡᠭᠡᠨ᠎ᠤ ᠰᠦᠢ᠍ᠳᠬᠡᠯ ᠬᠤᠷᠢᠶᠠᠬᠤ ᠬᠠᠮᠢᠶᠠᠷᠤᠯᠲᠠ ᠵᠢᠨ ᠠᠷᠭ᠎ᠠ》 ᠵᠢᠨ ᠶᠣᠰᠣᠭ᠋ᠠᠷ ᠬᠡᠷᠡᠭᠵᠢᠭᠦᠯᠦᠨ᠎ᠡ᠃
ᠠᠷᠪᠠ ᠶᠢᠰᠦᠳᠦᠭᠡᠷ ᠵᠦᠢ᠍ᠯ 《ᠪᠡᠯᠡ ᠤᠷᠤᠭᠤᠯᠤᠯᠳᠠ᠂ ᠪᠥᠳᠥᠭᠡᠨ ᠪᠠᠢ᠌ᠭᠤᠯᠤᠯᠳᠠ᠂ ᠡᠵᠡᠩᠨᠡᠯᠳᠡ》 ᠵᠢ ᠨᠢᠭᠡ ᠴᠤᠭᠴᠠᠵᠢᠭᠤᠯᠤᠭᠰᠠᠨ ᠤᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠤᠨ ᠵᠠᠬ᠎ᠠ ᠳᠡᠯᠭᠡᠭᠦᠷᠴᠢᠯᠡᠭᠰᠡᠨ ᠠᠵᠢᠯᠯᠠᠭ᠋ᠠᠨ᠎ᠤ ᠲᠣᠭᠲᠠᠴᠠ ᠵᠢ ᠪᠠᠶ᠋ᠢᠭᠤᠯᠤᠨ ᠪᠥᠷᠢᠨᠰᠢᠬᠥᠯᠬᠥ ᠵᠢ ᠵᠣᠷᠢᠭᠵᠢᠭᠤᠯᠤᠨ᠎ᠠ᠃ ᠨᠢᠭᠡᠴᠢ ᠪᠠ ᠬᠤᠪᠢ ᠬᠥᠮᠦᠨ᠎ᠤ ᠪᠡᠯᠡ ᠣᠷᠣᠭᠤᠯᠵᠤ ᠪᠠᠶ᠋ᠢᠭᠤᠯᠤᠭᠰᠠᠨ ᠤᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠢ ᠥᠮᠴᠢᠯᠡᠯ᠎ᠤᠨ ᠡᠷᠬᠡᠲᠦ ᠬᠥᠮᠦᠨ ᠥᠪᠡᠷ ᠵᠶ᠋ᠠᠨ ᠡᠵᠡᠩᠨᠡᠵᠦ ᠪᠣᠯᠤᠨ᠎ᠠ᠃
ᠬᠣᠷᠢᠳᠤᠭ᠋ᠠᠷ ᠵᠦᠢ᠍ᠯ ᠨᠢᠭᠡᠴᠡ ᠵᠢᠴᠢ ᠨᠥᠬᠥᠴᠡᠯ᠎ᠲᠠᠢ ᠣᠷᠣᠨ ᠰᠠᠭᠤᠴᠠ ᠵᠢᠨ ᠬᠤᠷᠤᠭ᠋ᠠᠯᠠᠯᠤᠨ ᠳᠣᠲᠣᠭ᠋ᠠᠳᠤ ᠵᠢᠨ ᠲᠡᠷᠭᠡᠨ ᠵᠣᠭᠰᠣᠭ᠋ᠠᠯ ᠵᠶ᠋ᠠᠨ ᠨᠡᠭᠡᠭᠡᠵᠦ᠂ ᠲᠡᠷᠭᠡ ᠵᠣᠭᠰᠣᠬᠤ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠵᠢ ᠵᠣᠷᠢᠭᠵᠢᠭᠤᠯᠤᠨ᠎ᠠ᠃ ᠬᠠᠮᠢᠶᠠᠷᠤᠯᠲᠠ ᠵᠢ ᠵᠢᠷᠤᠮᠵᠢᠭᠤᠯᠵᠤ᠂ ᠵᠦᠢ ᠵᠣᠬᠢᠰᠲᠠᠶ᠎ᠪᠠᠷ ᠰᠦᠢ᠍ᠳᠬᠡᠯ ᠬᠤᠷᠢᠶᠠᠬᠤ ᠪᠠᠶ᠋ᠢᠳᠠᠯ᠎ᠤᠨ ᠳᠣᠣᠷ᠎ᠠ᠂ ᠬᠤᠳᠠ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠳᠠᠩᠰᠠᠯᠠᠭᠤᠯᠤᠭᠰᠠᠨ᠎ᠤ ᠲᠡᠷᠡᠭ᠎ᠠ ᠲᠥᠯᠥᠪᠦᠷᠢ᠎ᠲᠠᠢ᠎ᠪᠠᠷ ᠬᠡᠷᠡᠭᠯᠡᠭᠦᠯᠦᠨ᠎ᠡ᠃
ᠬᠣᠷᠢᠨ ᠨᠢᠭᠡᠳᠦᠭᠡᠷ ᠵᠦᠢ᠍ᠯ ᠤᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠤᠨ ᠡᠵᠡᠩᠨᠡᠯᠲᠡ ᠵᠢᠨ ᠨᠢᠭᠡᠴᠢ ᠤᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠤᠨ ᠡᠳᠦᠷ ᠲᠤᠳᠤᠮ᠎ᠤᠨ ᠠᠵᠢᠯᠯᠠᠭ᠋ᠠᠨ᠎ᠤ ᠡᠮᠬᠢ ᠵᠢᠷᠤᠮ᠎ᠢ ᠬᠠᠷᠢᠭᠤᠴᠠᠨ ᠬᠠᠮᠠᠭ᠋ᠠᠯᠠᠬᠤ᠎ᠳᠤ ᠳᠣᠣᠷᠠᠬᠢ ᠲᠣᠭᠲᠠᠭ᠋ᠠᠯ᠎ᠤᠳ᠎ᠢ ᠵᠢᠷᠤᠮᠯᠠᠬᠤ ᠬᠡᠷᠡᠭᠲᠡᠶ᠄
(ᠨᠢᠭᠡ) ᠲᠡᠷᠭᠡᠨ ᠵᠣᠭᠰᠣᠭ᠋ᠠᠯ᠎ᠤᠨ ᠲᠡᠮᠳᠡᠭ᠂ ᠵᠢᠷᠤᠭ᠋ᠠᠰᠤ᠎ᠨᠢ ᠲᠣᠳᠣᠷᠬᠠᠶ ᠪᠠᠢ᠌ᠬᠤ ᠵᠢ ᠪᠠᠲᠤᠯᠠᠵᠤ᠂ ᠲᠡᠷᠭᠡ ᠵᠣᠭᠰᠣᠭ᠋ᠠᠬᠤ ᠡᠯ᠎ᠡ ᠲᠥᠷᠥᠯ᠎ᠤᠨ ᠲᠦᠭᠦᠭᠡᠷᠦᠮᠵᠢ᠎ᠨᠢ ᠪᠦᠷᠢᠨ ᠪᠦᠲᠦᠨ᠂ ᠤᠰᠤ ᠵᠠᠯᠠᠬᠤ ᠵᠢ ᠰᠠᠭ᠋ᠠᠳ ᠥᠭᠡᠢ ᠨᠡᠪᠲᠡᠷᠡᠭᠦᠯᠵᠦ᠂ ᠵᠠᠮ᠎ᠤᠨ ᠭᠠᠳᠠᠷᠭᠤ ᠵᠢ ᠴᠡᠪᠡᠷ ᠲᠡᠭᠰᠢ ᠪᠠᠶ᠋ᠢᠯᠭ᠋ᠠᠬᠤ ᠵᠢ ᠪᠠᠲᠤᠯᠠᠨ᠎ᠠ;
(ᠬᠣᠶᠠᠷ) ᠬᠠᠮᠢᠶᠠᠷᠤᠯᠲᠠ ᠵᠢᠨ ᠲᠦᠷᠢᠮ᠂ ᠬᠢᠨᠠᠯᠲᠠ ᠲᠠᠯᠪᠢᠬᠤ ᠤᠳᠠᠰᠦ᠂ ᠡᠵᠡᠩᠨᠡᠯᠲᠡ ᠵᠢᠨ ᠦᠨᠡᠮᠯᠡᠯ ᠵᠢᠴᠢ ᠰᠦᠢ᠍ᠳᠭᠡᠯ ᠬᠤᠷᠢᠶᠠᠬᠤ ᠪᠠᠷᠢᠮᠵᠢᠶ᠎ᠠ᠂ ᠰᠦᠢ᠍ᠳᠭᠡᠯ ᠪᠤᠳᠤᠬᠤ ᠠᠷᠭ᠎ᠠ᠂ ᠰᠦᠢ᠍ᠳᠭᠡᠯ ᠬᠤᠷᠢᠶᠠᠬᠤ ᠦᠨᠳᠦᠰᠦᠯᠡᠯ᠂ ᠰᠦᠢ᠍ᠳᠭᠡᠯ ᠬᠤᠷᠢᠶᠠᠬᠤ ᠥᠬᠡᠶ ᠲᠣᠭᠲᠠᠭ᠋ᠠᠯ᠂ ᠵᠠᠭ᠋ᠠᠯᠳᠤᠵᠤ ᠢᠯᠡᠴᠢᠯᠡᠨ ᠮᠡᠳᠡᠭᠦᠯᠬᠦ ᠤᠳᠠᠰᠦ ᠵᠡᠷᠭᠡ ᠠᠭᠤᠯᠭ᠎ᠠ ᠵᠢ ᠲᠣᠭᠲᠠᠭ᠋ᠠᠯ ᠶᠣᠰᠣᠭ᠋ᠠᠷ ᠢᠯᠡ ᠭᠠᠵᠠᠷ᠎ᠲᠤ ᠢᠯᠡ ᠨᠡᠶ᠋ᠢᠲᠡᠯᠡᠵᠦ᠂ ᠨᠡᠶ᠋ᠢᠭᠡᠮ᠎ᠤᠨ ᠬᠢᠨᠠᠯᠲᠠ ᠵᠢ ᠥᠷᠭᠡᠨ ᠵᠶ᠋ᠠᠷ ᠬᠦᠯᠢᠶᠡᠨ᠎ᠡ;
(ᠭᠤᠷᠪᠠ) ᠭᠠᠯ ᠤᠨᠲᠠᠷᠠᠭ᠋ᠠᠬᠤ ᠵᠡᠮ᠎ᠤᠨ ᠰᠠᠭ᠋ᠠᠳ ᠤᠢ᠍ᠭᠡᠢ ᠨᠡᠪᠲᠡᠷᠡᠬᠦ ᠵᠢ ᠪᠠᠲᠤᠯᠠᠵᠤ᠂ ᠭᠠᠯ ᠤᠨᠲᠠᠷᠠᠭ᠋ᠠᠬᠤ ᠬᠡᠷᠡᠭᠰᠡᠯ᠎ᠢ ᠲᠣᠭᠲᠠᠭ᠋ᠠᠯ ᠶᠣᠰᠣᠭ᠋ᠠᠷ ᠲᠣᠬᠢᠷᠠᠭᠤᠯᠬᠤ;
(ᠲᠥᠷᠪᠡ) ᠲᠡᠷᠭᠡᠨ ᠵᠣᠭᠰᠣᠭ᠋ᠠᠯ᠎ᠳᠤ ᠤᠭᠰᠠᠷᠠᠭᠤᠯᠤᠨ ᠬᠡᠷᠡᠭᠯᠡᠬᠦ ᠲᠡᠷᠭᠡ ᠵᠣᠭᠰᠣᠭ᠋ᠠᠬᠤ ᠴᠠᠭ ᠪᠤᠳᠤᠬᠤ ᠡᠯᠸᠺᠲᠷᠣᠨ ᠰᠦᠢ᠍ᠳᠬᠡᠯ ᠬᠤᠷᠢᠶᠠᠬᠤ ᠬᠦᠰᠦᠨᠦᠭᠲᠦ᠂ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠴᠠᠬᠢᠯᠭ᠋ᠠᠨ ᠴᠡᠨᠡᠭᠯᠡᠭᠦᠷᠢ ᠬᠠᠤᠯᠢ ᠶᠣᠰᠣᠭ᠋ᠠᠷ ᠰᠢᠯᠭ᠋ᠠᠨ ᠲᠣᠭᠲᠠᠭ᠋ᠠᠵᠤ᠂ ᠬᠢᠷᠢ ᠲᠡᠩᠴᠡᠭᠰᠡᠨ᠎ᠤ ᠲᠠᠷᠠᠭ᠎ᠠ ᠬᠦᠴᠦᠨ᠎ᠲᠠᠢ ᠬᠤᠭᠤᠴᠠᠭ᠋ᠠᠨ᠎ᠳᠤ ᠬᠡᠷᠡᠭᠯᠡᠬᠦ ᠬᠡᠷᠡᠭᠲᠡᠶ;
(ᠲᠠᠪᠤ) ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠡᠳ᠋᠎ᠤᠨ ᠵᠠᠰᠠᠭ᠎ᠤᠨ ᠫᠢᠶᠣᠣ ᠪᠠᠷᠢᠮᠲᠠ ᠪᠤᠶᠤ ᠭᠠᠶ᠋ᠢᠯᠢ ᠵᠢᠨ ᠶᠠᠪᠤᠳᠠᠯ᠎ᠤᠨ ᠪᠠᠷᠢᠮᠲᠠ ᠵᠢ ᠬᠡᠷᠡᠭᠯᠡᠬᠦ;
(ᠵᠢᠷᠭᠤᠭ᠎ᠠ) ᠬᠢᠨᠠᠨ ᠵᠥᠪᠰᠢᠶᠡᠷᠡᠭᠦᠯᠦᠭᠰᠡᠨ ᠦᠭᠡᠢ ᠪᠣᠯ ᠲᠡᠷᠭᠡᠨ ᠵᠣᠭᠰᠣᠭ᠋ᠠᠯ᠎ᠤᠨ ᠬᠡᠷᠡᠭᠯᠡᠬᠦ ᠰᠢᠨᠵᠢ ᠴᠢᠨᠠᠷ᠂ ᠬᠦᠷᠢᠶ᠎ᠡ ᠬᠡᠪᠴᠢᠶ᠎ᠡ ᠵᠢ ᠳᠤᠷ᠎ᠠ᠎ᠪᠠᠷ ᠵᠶ᠋ᠠᠨ ᠬᠤᠪᠢᠷᠠᠭᠤᠯᠬᠤ ᠪᠤᠶᠤ ᠲᠡᠷᠭᠡᠨ ᠵᠣᠭᠰᠣᠭ᠋ᠠᠯ᠎ᠢ ᠪᠤᠰᠤᠳ ᠵᠦᠢ᠍ᠯ᠎ᠳᠤ ᠨᠡᠭᠦᠯᠭᠡᠨ ᠬᠡᠷᠡᠭᠯᠡᠵᠦ ᠪᠣᠯᠬᠤ ᠦᠭᠡᠢ;
(ᠲᠤᠯᠤᠭ᠎ᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠵᠢᠷᠤᠮᠯᠠᠬᠤ ᠶᠤᠰᠤᠳᠠᠢ ᠪᠤᠰᠤᠳ ᠥᠢ᠍ᠯᠡ ᠠᠵᠢᠯᠯᠠᠭ᠎ᠠ᠃
ᠬᠣᠷᠢᠨ ᠬᠣᠶᠠᠳᠤᠭ᠋ᠠᠷ ᠵᠦᠢ᠍ᠯ ᠮᠠᠰᠢᠨᠲᠤ ᠲᠡᠷᠭᠡᠨ᠎ᠤ ᠵᠢᠯᠣᠭᠣᠴᠢ ᠤᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠳᠤ ᠣᠷᠣᠬᠤ᠎ᠳᠠᠭᠠᠨ ᠳᠣᠣᠷᠠᠬᠢ ᠲᠣᠭᠲᠠᠭ᠋ᠠᠯ᠎ᠤᠳ᠎ᠢ ᠵᠢᠷᠤᠮᠯᠠᠬᠤ ᠬᠡᠷᠡᠭᠲᠡᠶ᠄
(ᠨᠢᠭᠡ) ᠲᠡᠷᠭᠡ ᠵᠣᠭᠰᠣᠭ᠋ᠠᠬᠤ ᠬᠠᠮᠢᠶᠠᠷᠤᠯᠲᠠ ᠵᠢᠨ ᠠᠵᠢᠯᠳᠠᠨ᠎ᠤ ᠲᠤᠬᠢᠷᠠᠭᠤᠯᠭ᠎ᠠ ᠵᠢ ᠰᠣᠨᠣᠰᠴᠤ᠂ ᠤᠬᠠᠮᠰᠠᠷ᠎ᠠᠴᠠ᠎ᠪᠠᠨ ᠪᠣᠯᠪᠠᠰᠤᠨ ᠵᠶ᠋ᠠᠷ ᠲᠡᠷᠭᠡ ᠵᠣᠭᠰᠣᠭ᠋ᠠᠬᠤ;
(ᠬᠣᠶᠠᠷ) ᠲᠣᠭᠲᠠᠭ᠋ᠠᠭᠰᠠᠨ ᠪᠠᠷᠢᠮᠵᠢᠶ᠎ᠠ ᠶᠣᠰᠣᠭ᠋ᠠᠷ ᠲᠡᠷᠭᠡ ᠵᠣᠭᠰᠣᠭ᠋ᠠᠬᠤ ᠰᠦᠢ᠍ᠳᠬᠡᠯ ᠲᠤᠰᠢᠶᠠᠬᠤ;
(ᠭᠤᠷᠪᠠ) ᠠᠶᠦᠯᠭᠦᠢ ᠵᠢᠨ ᠭᠠᠯ ᠰᠡᠷᠭᠡᠶ᠋ᠢᠯᠡᠬᠦ ᠲᠣᠭᠲᠠᠭ᠋ᠠᠯ᠎ᠢ ᠴᠢᠩᠭ᠎ᠠ ᠵᠢᠷᠤᠮᠯᠠᠨ᠂ ᠨᠣᠴᠣᠮᠠᠲᠠᠭ᠋ᠠᠶ᠂ ᠳᠡᠯᠪᠡᠷᠡᠮᠡᠲᠡᠭᠡᠶ᠂ ᠬᠣᠣᠷᠲᠠᠢ᠂ ᠬᠥᠨᠥᠭᠡᠯ᠎ᠲᠠᠢ ᠵᠡᠷᠭᠡ ᠠᠶᠤᠯᠲᠠᠢ ᠪᠣᠳᠠᠰ ᠵᠢᠴᠢ ᠴᠠᠭ᠋ᠠᠵᠠ᠎ᠲᠠᠢ ᠪᠣᠳᠠᠰ ᠲᠡᠭᠡᠭᠡᠭᠰᠡᠨ ᠲᠡᠷᠭᠡ ᠬᠥᠰᠬᠡ ᠵᠢᠨ ᠤᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠳᠤ ᠣᠷᠣᠬᠤ ᠵᠢ ᠴᠢᠩᠭ᠎ᠠ ᠴᠠᠭ᠋ᠠᠵᠠᠯᠠᠨ᠎ᠠ;
(ᠳᠥᠷᠪᠡ) ᠲᠡᠮᠳᠡᠭ ᠫᠠᠶ᠋ᠢᠰᠠ᠂ ᠤᠶᠤᠨᠲᠤ ᠵᠠᠮ᠎ᠤᠨ ᠬᠠᠭ᠋ᠠᠯᠲᠠ ᠵᠡᠷᠭᠡ ᠲᠡᠷᠭᠡᠨ ᠵᠣᠭᠰᠣᠭ᠋ᠠᠯ᠎ᠤᠨ ᠲᠦᠭᠦᠭᠡᠷᠦᠮᠵᠢ ᠵᠢ ᠡᠪᠳᠡᠵᠦ ᠪᠣᠯᠬᠤ ᠥᠬᠡᠶ;
(ᠲᠠᠪᠤ) ᠲᠡᠷᠭᠡᠨ ᠵᠣᠭᠰᠣᠭ᠋ᠠᠯ᠎ᠤᠨ ᠬᠠᠮᠢᠶᠠᠷᠤᠯᠲᠠ ᠵᠢ ᠬᠠᠷᠰᠢᠯᠠᠬᠤ ᠪᠤᠰᠤᠳ ᠦᠢ᠍ᠯᠡ ᠠᠵᠢᠯᠯᠠᠭ᠎ᠠ᠎ᠲᠠᠢ ᠪᠠᠶ᠋ᠢᠵᠤ ᠪᠣᠯᠬᠤ ᠦᠭᠡᠢ᠃
ᠬᠣᠷᠢᠨ ᠭᠤᠷᠪᠠᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠥᠭᠵᠢᠭᠦᠯᠦᠯᠲᠡ ᠥᠭᠡᠷᠡᠴᠢᠯᠡᠯᠲᠡ᠂ ᠡᠳ᠋᠎ᠤᠨ ᠵᠠᠰᠠᠭ᠂ ᠪᠠᠶ᠋ᠢᠭ᠋ᠠᠯᠢ ᠵᠢᠨ ᠡᠬᠢ ᠪᠠᠶᠠᠯᠢᠭ᠂ ᠣᠷᠣᠨ ᠰᠠᠭᠤᠴᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠠᠷᠠᠳ᠎ᠤᠨ ᠠᠭ᠋ᠠᠷ᠎ᠤᠨ ᠰᠡᠷᠭᠡᠶ᠋ᠢᠯᠡᠯᠲᠡ᠂ ᠬᠣᠲᠠ ᠵᠢᠨ ᠬᠠᠮᠢᠶᠠᠷᠤᠯᠲᠠ᠂ ᠭᠠᠶ᠋ᠢᠯᠢ ᠵᠢᠨ ᠶᠠᠪᠤᠳᠠᠯ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ᠂ ᠲᠣᠮᠣ ᠳ᠋ᠠᠶ᠋ᠢᠲ᠋ᠠ ᠵᠡᠷᠭᠡ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠤᠨ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠠᠵᠢᠯ᠎ᠤᠨ ᠲᠣᠭᠲᠠᠴᠠ ᠵᠢ ᠪᠠᠶ᠋ᠢᠭᠤᠯᠵᠤ᠂ ᠮᠡᠳᠡᠭᠡ ᠵᠠᠩᠭᠢ ᠵᠢ ᠬᠠᠮᠲᠤ᠎ᠪᠠᠷ ᠭᠥᠷᠳᠡᠬᠦ ᠵᠢ ᠪᠡᠶᠡᠯᠡᠭᠦᠯᠦᠨ᠎ᠡ᠃ ᠣᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠢ ᠲᠥᠯᠥᠪᠵᠢᠭᠦᠯᠬᠦ᠂ ᠬᠢᠨᠠᠨ ᠵᠥᠪᠰᠢᠶᠡᠷᠡᠬᠦ᠂ ᠪᠥᠲᠥᠭᠡᠨ ᠪᠠᠶ᠋ᠢᠭᠤᠯᠬᠤ᠂ ᠰᠢᠯᠭ᠋ᠠᠨ ᠠᠪᠬᠤ᠂ ᠡᠵᠡᠩᠨᠡᠯᠳᠡ ᠪᠠ ᠬᠠᠮᠢᠶᠠᠷᠤᠯᠳᠠ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠴᠢᠩᠭ᠋ᠠᠳᠬᠠᠨ᠎ᠠ; ᠬᠤᠯᠪᠤᠭ᠋ᠠᠯᠠᠨ ᠬᠠᠤᠯᠢ ᠬᠡᠷᠡᠭᠵᠢᠭᠦᠯᠬᠦ ᠲᠣᠭᠲᠠᠴᠠ ᠵᠢ ᠪᠠᠶ᠋ᠢᠭᠤᠯᠵᠤ᠂ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢ ᠬᠠᠤᠯᠢ ᠶᠣᠰᠣᠭ᠋ᠠᠷ ᠴᠠᠭ ᠲᠤᠬᠠᠶ᠎ᠳᠤᠨᠢ ᠪᠠᠶ᠋ᠢᠴᠠᠭ᠋ᠠᠨ ᠰᠢᠢ᠍ᠳᠪᠦᠷᠢᠯᠡᠨ᠎ᠡ᠃
ᠳᠥᠷᠪᠡᠳᠦᠭᠡᠷ ᠪᠦᠯᠦᠭ ᠲᠠᠭ᠋ᠠᠯᠳᠤᠭᠤᠯᠤᠯ ᠲᠦᠷᠢᠮ
ᠬᠣᠷᠢᠨ ᠳᠥᠷᠪᠡᠳᠦᠭᠡᠷ ᠵᠦᠢ᠍ᠯ ᠲᠣᠰ ᠠᠷᠭ᠎ᠠ ᠵᠢ 2022 ᠣᠨ᠎ᠤ 1 ᠳ᠋ᠤᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃