ᠳᠤᠮᠳᠠᠳᠤ ᠤᠯᠤᠰ᠎ᠤᠨ ᠪᠠᠩᠬᠢ ᠪᠠ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ 《ᠪᠠᠩᠬᠢ ᠪᠠ ᠳᠠᠭ᠋ᠠᠳᠬᠠᠯ᠎ᠤᠨ ᠪᠠᠢ᠌ᠭᠤᠯᠤᠮᠵᠢ ᠵᠢᠨ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢᠨ ᠬᠥᠭᠵᠢᠯᠲᠡ ᠵᠢ ᠳᠡᠮᠵᠢᠬᠦ ᠲᠤᠬᠠᠢ ᠵᠢᠯᠤᠭᠣᠳᠬᠤ ᠰᠠᠨᠠᠯ》᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
2022-03-01

      ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢ ᠬᠥᠭᠵᠢᠭᠦᠯᠬᠦ ᠲᠤᠬᠠᠢ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠵᠦ᠂ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢᠨ ᠪᠦᠲᠦᠭᠡᠨ ᠪᠠᠢ᠌ᠭᠤᠯᠤᠯᠲᠠ ᠡᠵᠡᠩᠨᠡᠯᠲᠡ᠎ᠳᠤ ᠮᠥᠩᠭᠥᠨ ᠭᠦᠢ᠍ᠯᠭᠡᠭᠡᠨ᠎ᠤ ᠳᠡᠮᠵᠢᠯᠭᠡ ᠦᠵᠡᠭᠦᠯᠬᠦ ᠵᠢ ᠤᠯᠠᠮ ᠨᠢᠭᠡ ᠠᠯᠬᠤᠮ ᠴᠢᠩᠭ᠋ᠠᠳᠬᠠᠬᠤ ᠵᠢᠨ ᠲᠦᠯᠦᠭᠡ᠂ ᠳᠤᠮᠳᠠᠳᠤ ᠤᠯᠤᠰ᠎ᠤᠨ ᠪᠠᠩᠬᠢ ᠪᠠ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ ᠬᠠᠮᠲᠤᠷᠠᠨ 《ᠪᠠᠩᠬᠢ ᠪᠠ ᠳᠠᠭ᠋ᠠᠳᠬᠠᠯ᠎ᠤᠨ ᠪᠠᠢ᠌ᠭᠤᠯᠤᠮᠵᠢ ᠵᠢᠨ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢᠨ ᠬᠥᠭᠵᠢᠯᠲᠡ ᠵᠢ ᠳᠡᠮᠵᠢᠬᠦ ᠲᠤᠬᠠᠢ ᠵᠢᠯᠤᠭᠣᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠪᠠ᠂ ᠨᠠᠷᠢᠨ ᠪᠠᠢ᠌ᠳᠠᠯ (ᠳᠣᠷᠣᠭᠰᠢ 《ᠵᠢᠯᠤᠭᠣᠳᠬᠤ ᠰᠠᠨᠠᠯ》 ᠭᠡᠵᠦ ᠲᠣᠪᠴᠢᠯᠠᠨ᠎ᠠ)᠎ᠢ ᠲᠤᠪᠴᠢᠳᠠᠵᠦ ᠤᠢ᠌ᠯᠠᠭ᠋ᠠᠭ᠋ᠠᠷᠠᠢ᠃ ᠣᠢ᠌ᠷ᠎ᠠ᠎ᠳᠤ᠂ ᠳᠤᠮᠳᠠᠳᠤ ᠤᠯᠤᠰ᠎ᠤᠨ ᠪᠠᠩᠬᠢ ᠪᠠ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
ᠠᠰᠠᠭᠤᠯᠳᠠ᠄
      《ᠵᠢᠯᠤᠭᠣᠳᠬᠤ ᠰᠠᠨᠠᠯ》᠎ᠢ ᠨᠡᠢ᠌ᠲᠡᠯᠡᠭᠰᠡᠨ ᠠᠬᠤᠢ ᠪᠠᠢ᠌ᠳᠠᠯ᠎ᠨᠢ ᠶᠠᠭᠤ ᠪᠤᠶ?
ᠬᠠᠷᠢᠭᠤᠯᠳᠠ᠄
      ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠰᠢᠨ᠎ᠡ ᠬᠣᠲᠠ ᠵᠢᠨ ᠠᠷᠠᠳ᠂ ᠵᠠᠯᠠᠭᠤᠴᠤᠳ ᠵᠡᠷᠭᠡ ᠬᠥᠮᠥᠰ᠎ᠤᠨ ᠣᠷᠣᠨ ᠰᠠᠭᠤᠴᠠ ᠵᠢᠨ ᠬᠦᠴᠢᠷᠳᠡᠯ᠎ᠤᠨ ᠠᠰᠠᠭᠤᠳᠠᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠦ ᠪᠠᠢ᠌ᠨ᠎ᠠ᠃ ᠶᠡᠷᠦᠩᠬᠡᠢ ᠱᠦᠵᠢ ᠰᠢ ᠵᠢᠨ ᠫᠢᠩ ᠵᠢᠭ᠋ᠠᠵᠤ ᠭᠠᠷᠭ᠋ᠠᠭᠰᠠᠨ᠎ᠨᠢ᠂ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢᠨ ᠪᠦᠲᠦᠭᠡᠨ ᠪᠠᠢ᠌ᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠬᠤ ᠬᠡᠷᠡᠭᠲᠡᠢ᠃ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ᠎ᠳᠤ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢᠨ ᠬᠠᠩᠭ᠋ᠠᠯᠭ᠎ᠠ ᠵᠢ ᠦᠨᠡᠨ ᠬᠦ᠌ ᠨᠡᠮᠡᠭᠳᠡᠭᠦᠯᠬᠦ᠎ᠪᠠᠷ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠣᠷᠣᠨ ᠰᠠᠭᠤᠴᠠ ᠵᠢᠨ ᠪᠦᠲᠦᠭᠡᠨ ᠪᠠᠢ᠌ᠭᠤᠯᠤᠯᠲᠠ ᠵᠢᠨ ᠭᠣᠣᠯᠳᠠᠯᠭ᠎ᠠ᠎ᠲᠠᠢ ᠡᠭᠦᠷᠭᠡ ᠪᠣᠯᠭ᠋ᠠᠨ᠎ᠠ᠃ 2021 ᠣᠨ᠎ᠤ 6 ᠳ᠋ᠤᠭ᠋ᠠᠷ ᠰᠠᠷ᠎ᠠ᠎ᠳᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢᠨ ᠬᠥᠭᠵᠢᠯᠲᠡ ᠵᠢ ᠲᠦᠷᠭᠡᠳᠬᠡᠬᠦ ᠲᠤᠬᠠᠢ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠡᠭᠦᠨ᠎ᠳᠤ ᠮᠥᠩᠭᠥᠨ ᠭᠦᠢ᠍ᠯᠭᠡᠭᠡᠨ᠎ᠤ ᠳᠡᠮᠵᠢᠯᠭᠡ ᠵᠢ ᠤᠯᠠᠮ ᠨᠢᠭᠡ ᠠᠯᠬᠤᠮ ᠴᠢᠩᠭ᠋ᠠᠳᠬᠠᠬᠤ ᠬᠡᠷᠡᠭᠲᠡᠢ ᠭᠡᠵᠦ ᠲᠣᠳᠣᠷᠬᠠᠢ ᠱᠠᠭ᠋ᠠᠷᠳᠠᠵᠠᠢ᠃
      ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢ ᠬᠥᠭᠵᠢᠭᠦᠯᠬᠦ ᠲᠤᠬᠠᠢ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠬᠤ ᠵᠢᠨ ᠲᠥᠯᠥᠭᠡ᠂ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢᠨ ᠬᠥᠭᠵᠢᠯᠲᠡ᠎ᠳᠤ ᠦᠵᠡᠭᠦᠯᠬᠦ ᠮᠥᠩᠭᠥᠨ ᠭᠦᠢ᠍ᠯᠭᠡᠭᠡᠨ᠎ᠤ ᠳᠡᠮᠵᠢᠯᠭᠡ ᠵᠢ ᠨᠡᠮᠡᠭᠳᠡᠭᠦᠯᠵᠦ᠂ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢᠨ ᠬᠠᠩᠭ᠋ᠠᠯᠭ᠎ᠠ ᠵᠢ ᠥᠷᠭᠡᠳᠬᠡᠬᠦ᠎ᠳᠤ ᠬᠦᠴᠦᠨ ᠨᠡᠮᠡᠷᠢᠯᠡᠵᠦ᠂ ᠰᠢᠨ᠎ᠡ ᠬᠣᠲᠠ ᠵᠢᠨ ᠠᠷᠠᠳ᠂ ᠵᠠᠯᠠᠭᠤᠴᠤᠳ ᠵᠡᠷᠭᠡ ᠵᠢᠨ ᠣᠷᠣᠨ ᠰᠠᠭᠤᠴᠠ ᠵᠢᠨ ᠬᠦᠴᠢᠷᠳᠡᠯ᠎ᠢ ᠨᠠᠮᠳᠠᠭᠤᠯᠬᠤ᠎ᠳᠤ ᠬᠠᠮᠤᠭ᠎ᠤᠨ ᠶᠡᠬᠡ ᠴᠢᠷᠮᠠᠢ᠌ᠯᠭ᠎ᠠ ᠭᠠᠷᠭ᠋ᠠᠵᠤ᠂ ᠳᠤᠮᠳᠠᠳᠤ ᠤᠯᠤᠰ᠎ᠤᠨ ᠪᠠᠩᠬᠢ ᠪᠠ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ ᠬᠠᠮᠲᠤᠷᠠᠨ 《ᠵᠢᠯᠤᠭᠣᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠪᠠ᠃
ᠠᠰᠠᠭᠤᠯᠳᠠ᠄
      《ᠵᠢᠯᠤᠭᠣᠳᠬᠤ ᠰᠠᠨᠠᠯ》᠎ᠳᠤ ᠪᠠᠩᠬᠢ ᠪᠠ ᠳᠠᠭ᠋ᠠᠳᠬᠠᠯ᠎ᠤᠨ ᠪᠠᠢ᠌ᠭᠤᠯᠤᠮᠵᠢ᠎ᠳᠤ ᠶᠠᠮᠠᠷ ᠶᠠᠮᠠᠷ ᠱᠠᠭ᠋ᠠᠷᠳᠠᠯᠭ᠎ᠠ ᠳᠤᠷᠠᠳᠤᠭᠰᠠᠨ ᠪᠣᠶ?
ᠬᠠᠷᠢᠭᠤᠯᠳᠠ᠄
      《ᠵᠢᠯᠤᠭᠣᠳᠬᠤ ᠰᠠᠨᠠᠯ》᠎ᠳᠤ ᠠᠷᠠᠳ ᠲᠦᠮᠡᠨ ᠵᠶ᠋ᠡᠷ ᠭᠣᠣᠯ ᠪᠣᠯᠭ᠋ᠠᠬᠤ᠂ ᠵᠠᠬ᠎ᠠ ᠳᠡᠯᠭᠡᠭᠦᠷᠴᠢᠯᠡᠬᠦ᠎ᠪᠠᠷ ᠤᠳᠤᠷᠢᠳᠤᠮᠵᠢ ᠪᠣᠯᠭ᠋ᠠᠬᠤ᠂ ᠲᠦᠭᠰᠢᠭᠦᠷᠢ ᠵᠢ ᠡᠵᠡᠮᠳᠡᠵᠦ ᠪᠣᠯᠬᠤ᠎ᠪᠠᠷ ᠤᠷᠢᠲᠠᠯ ᠪᠣᠯᠭ᠋ᠠᠬᠤ᠂ ᠣᠯᠠᠨ ᠲᠠᠯ᠎ᠠ ᠵᠢᠨ ᠬᠠᠮᠵᠢᠯᠴᠠᠭ᠎ᠠ᠎ᠪᠠᠷ ᠪᠠᠲᠤᠯᠠᠭ᠎ᠠ ᠪᠣᠯᠭ᠋ᠠᠬᠤ ᠵᠢ ᠪᠠᠷᠢᠮᠲᠠᠯᠠᠵᠤ᠂ ᠳᠣᠣᠷᠠᠬᠢ ᠱᠠᠭ᠋ᠠᠷᠳᠠᠯᠭ᠎ᠠ ᠵᠢ ᠳᠤᠷᠠᠳᠪᠠ᠃
      ᠨᠢᠭᠡ᠎ᠳᠤ᠂ ᠡᠯ᠎ᠡ ᠲᠦᠷᠦᠯ᠎ᠤᠨ ᠪᠠᠢ᠌ᠭᠤᠯᠤᠮᠵᠢ ᠵᠢᠨ ᠲᠤᠰ ᠪᠡᠶ᠎ᠡ ᠵᠢᠨ ᠲᠠᠪᠠᠭᠤᠯᠢᠭ᠎ᠢ ᠪᠠᠳᠠᠷᠠᠭᠤᠯᠤᠨ᠎ᠠ᠃ ᠤᠯᠤᠰ᠎ᠤᠨ ᠨᠡᠭᠡᠭᠡᠨ ᠬᠥᠭᠵᠢᠭᠦᠯᠦᠯᠲᠡ ᠵᠢᠨ ᠪᠠᠩᠬᠢ᠂ ᠬᠤᠳᠠᠯᠳᠤᠭ᠋ᠠᠨ᠎ᠤ ᠪᠠᠩᠬᠢ᠂ ᠳᠠᠭ᠋ᠠᠳᠬᠠᠯ᠎ᠤᠨ ᠪᠠᠢ᠌ᠭᠤᠯᠤᠮᠵᠢ᠂ ᠢᠳᠡᠭᠡᠮᠵᠢᠳᠦ ᠺᠣᠮᠫᠠᠨᠢ ᠵᠡᠷᠭᠡ᠎ᠨᠢ ᠳᠠᠪᠠᠭᠤᠯᠢᠭ ᠵᠶ᠋ᠠᠨ ᠭᠦᠢ᠍ᠴᠡᠳ ᠪᠠᠳᠠᠷᠠᠭᠤᠯᠵᠤ᠂ ᠲᠣᠰ ᠪᠡᠶ᠎ᠡ ᠵᠢᠨ ᠲᠤᠬᠠᠢ᠌ᠯᠠᠭᠰᠠᠨ ᠠᠵᠢᠯ᠎ᠤᠨ ᠣᠨᠴᠠᠯᠢᠭ᠎ᠲᠤ᠎ᠪᠠᠨ ᠰᠠᠭᠤᠷᠢᠯᠠᠨ᠂ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢᠨ ᠮᠥᠩᠭᠥᠨ ᠭᠦᠢ᠍ᠯᠭᠡᠭᠡᠨ᠎ᠤ ᠳᠡᠮᠵᠢᠯᠭᠡ ᠵᠢᠨ ᠡᠷᠴᠢᠮ ᠵᠶ᠋ᠡᠨ ᠴᠢᠩᠭ᠋ᠠᠷᠠᠭᠤᠯᠤᠨ᠎ᠠ᠃
      ᠬᠣᠶᠠᠷ᠎ᠲᠤ᠂ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢᠨ ᠪᠡᠯᠡ ᠲᠣᠬᠢᠷᠠᠭᠤᠯᠭ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠣᠨᠴᠠᠯᠢᠭ᠎ᠢ ᠡᠵᠡᠮᠰᠢᠨ᠎ᠡ᠃ ᠪᠠᠩᠬᠢ ᠳᠠᠭ᠋ᠠᠳᠬᠠᠯ᠎ᠤᠨ ᠪᠠᠢ᠌ᠭᠤᠯᠤᠮᠵᠢ᠎ᠨᠤᠭᠤᠳ ᠥᠪᠡᠷ ᠵᠶ᠋ᠠᠨ ᠡᠵᠡᠮᠰᠢᠬᠦ ᠲᠥᠷᠥᠯ ᠪᠠ ᠥᠪᠡᠷ᠎ᠤᠨ ᠥᠮᠴᠢᠯᠡᠯ᠎ᠤᠨ ᠪᠤᠰᠤ ᠥᠮᠴᠢᠯᠡᠬᠦ ᠡᠷᠬᠡ ᠵᠢᠨ ᠲᠥᠷᠥᠯ᠎ᠤᠨ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢᠨ ᠣᠨᠴᠠᠯᠢᠭ᠎ᠢ ᠦᠨᠳᠦᠰᠦᠯᠡᠨ᠂ ᠬᠡᠷᠡᠭᠴᠡᠭᠡ ᠱᠠᠭ᠋ᠠᠷᠳᠠᠯᠭ᠎ᠠ᠎ᠯᠤᠭ᠎ᠠ ᠬᠠᠷᠢᠯᠴᠠᠨ ᠵᠣᠬᠢᠴᠠᠭᠰᠠᠨ ᠮᠥᠩᠭᠥᠨ ᠭᠦᠢ᠍ᠯᠭᠡᠭᠡᠨ᠎ᠤ ᠳᠡᠮᠵᠢᠯᠭᠡ ᠵᠢ ᠲᠣᠰ ᠲᠣᠰ ᠬᠠᠩᠭ᠋ᠠᠨ᠎ᠠ᠃ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢᠨ ᠣᠨᠴᠠᠯᠢᠭ᠎ᠲᠤ ᠨᠡᠶ᠋ᠢᠴᠡᠬᠦ  ᠪᠠᠳᠤᠯᠠᠯᠳᠠ ᠵᠢᠨ ᠠᠷᠭ᠎ᠠ ᠮᠠᠶᠢᠭ᠎ᠢ ᠰᠦᠪᠡᠭᠴᠢᠯᠡᠨ᠎ᠡ᠃
      ᠭᠤᠷᠪᠠ᠎ᠳᠤ᠂ ᠳᠣᠲᠣᠭ᠋ᠠᠳᠤ ᠵᠢᠨ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠦᠨ᠎ᠡ᠃ ᠪᠠᠩᠬᠢ ᠳᠠᠭ᠋ᠠᠳᠬᠠᠯ᠎ᠤᠨ ᠪᠠᠢ᠌ᠭᠤᠯᠤᠮᠵᠢ᠎ᠨᠤᠭᠤᠳ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ ᠵᠢᠨ ᠪᠦᠲᠦᠴᠡ ᠵᠢ ᠰᠢᠯᠢᠳᠡᠭᠵᠢᠭᠦᠯᠦᠨ᠂ ᠤᠷᠮᠠᠰᠢᠭᠤᠯᠬᠤ ᠪᠠ ᠬᠢᠵᠠᠭ᠋ᠠᠷᠯᠠᠬᠤ ᠲᠣᠭᠲᠠᠴᠠ ᠵᠢ ᠲᠡᠭᠦᠯᠳᠡᠷᠵᠢᠭᠦᠯᠵᠦ᠂ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢᠨ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠲᠤᠰᠬᠠᠢ᠌ᠵᠢᠭᠰᠠᠨ ᠴᠢᠳᠠᠪᠤᠷᠢ ᠪᠠ ᠬᠢᠷᠢ ᠲᠦᠪᠰᠢᠨ᠎ᠢ ᠲᠡᠭᠡᠭᠰᠢᠯᠡᠭᠦᠯᠦᠨ᠎ᠡ᠃
      ᠳᠥᠷᠪᠡ᠎ᠳᠤ᠂ ᠠᠶᠤᠯ ᠲᠦᠭᠰᠢᠭᠦᠷᠢ ᠵᠢᠨ ᠬᠠᠮᠢᠶᠠᠷᠤᠯᠲᠠ ᠵᠢ ᠴᠢᠩᠭ᠋ᠠᠳᠬᠠᠨ᠎ᠠ᠃ ᠬᠢᠨᠠᠭᠤᠷ ᠪᠣᠯᠭᠣᠮᠵᠢᠲᠠᠢ ᠯᠠᠪᠳᠠᠭᠤᠨ ᠲᠣᠭᠲᠠᠭᠤᠨ ᠪᠠ ᠠᠮᠤᠷ ᠲᠦᠪᠰᠢᠨ ᠪᠠᠢ᠌ᠬᠤ ᠵᠠᠷᠴᠢᠮ᠎ᠢ ᠵᠢᠷᠤᠮᠯᠠᠨ᠂ ᠪᠡᠯᠡ ᠲᠣᠬᠢᠷᠠᠭᠤᠯᠭ᠎ᠠ ᠵᠢᠨ ᠭᠣᠣᠯ ᠴᠣᠭᠴᠠ ᠵᠢᠨ ᠡᠬᠢᠯᠡᠨ ᠵᠥᠪᠰᠢᠶᠡᠷᠡᠬᠦ ᠬᠠᠮᠢᠶᠠᠷᠤᠯᠲᠠ ᠵᠢ ᠰᠠᠢ᠌ᠲᠤᠷ ᠬᠢᠵᠦ᠂ ᠲᠥᠷᠥᠯ ᠵᠦᠢ᠍ᠯ᠎ᠤᠨ ᠲᠦᠭᠰᠢᠭᠦᠷᠢ ᠵᠢ ᠰᠠᠢ᠌ᠲᠤᠷ ᠡᠵᠡᠮᠳᠡᠵᠦ᠂ ᠲᠥᠷᠥᠯ ᠵᠦᠢ᠍ᠯ᠎ᠤᠨ ᠵᠠᠯᠭ᠋ᠠᠮᠵᠢ ᠮᠥᠷᠳᠡᠯᠲᠡ ᠵᠢᠨ ᠬᠠᠮᠢᠶᠠᠷᠤᠯᠲᠠ ᠵᠢ ᠴᠢᠩᠭ᠋ᠠᠳᠬᠠᠨ᠂ ᠲᠦᠭᠰᠢᠭᠦᠷᠢ ᠵᠢᠨ ᠬᠣᠷᠢᠭ᠎ᠠ ᠱᠤᠭᠤᠮ᠎ᠢ ᠴᠢᠩᠭ᠎ᠠ ᠰᠠᠬᠢᠨ᠎ᠠ᠃
ᠠᠰᠠᠭᠤᠯᠳᠠ
      《ᠵᠢᠯᠤᠭᠣᠳᠬᠤ ᠰᠠᠨᠠᠯ》᠎ᠨᠢ ᠡᠯ᠎ᠡ ᠭᠠᠵᠠᠷ᠎ᠤᠨ᠎ᠬᠢᠨ᠎ᠳᠤ ᠶᠠᠮᠠᠷ ᠱᠠᠭ᠋ᠠᠷᠳᠠᠯᠭ᠎ᠠ ᠳᠤᠷᠠᠳᠤᠭᠰᠠᠨ ᠪᠣᠶ?
ᠬᠠᠷᠢᠭᠤᠯᠳᠠ
      《ᠵᠢᠯᠤᠭᠣᠳᠬᠤ ᠰᠠᠨᠠᠯ》᠎ᠳᠤ ᠡᠯ᠎ᠡ ᠭᠠᠵᠠᠷ᠎ᠤᠨ᠎ᠬᠢᠨ᠎ᠳᠤ ᠳᠣᠣᠷᠠᠬᠢ ᠮᠡᠲᠦ ᠱᠠᠭ᠋ᠠᠷᠳᠠᠯᠭ᠎ᠠ ᠳᠤᠷᠠᠳᠪᠠ᠃
      ᠨᠢᠭᠡ᠎ᠳᠤ᠂ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢᠨ ᠬᠣᠯᠪᠣᠭᠳᠠᠯ ᠪᠦᠬᠦᠢ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠵᠢ ᠲᠦᠷᠭᠡᠬᠡᠨ ᠨᠠᠢ᠌ᠳᠠᠪᠤᠷᠢᠵᠢᠭᠤᠯᠬᠤ ᠵᠢ ᠠᠬᠢᠭᠤᠯᠤᠨ᠎ᠠ᠃ ᠡᠯ᠎ᠡ ᠭᠠᠵᠠᠷ᠎ᠤᠨ᠎ᠬᠢᠨ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢ ᠬᠥᠭᠵᠢᠭᠦᠯᠬᠦ ᠪᠣᠳᠠᠲᠠᠢ ᠠᠷᠭ᠎ᠠ ᠵᠢ ᠲᠦᠷᠭᠡᠬᠡᠨ ᠨᠡᠢ᠌ᠲᠡᠯᠡᠵᠦ᠂ ᠲᠤᠰ ᠭᠠᠵᠠᠷ ᠣᠷᠣᠨ᠎ᠤ᠎ᠪᠠᠨ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠠᠶ᠋ᠢᠭᠤᠯᠬᠤ᠎ᠪᠠᠷ ᠭᠤᠶᠤᠴᠢᠯᠠᠬᠤ ᠨᠥᠬᠥᠴᠡᠯ᠂ ᠴᠤᠪᠤᠷᠠᠯ ᠬᠢᠭᠡᠳ ᠠᠵᠢᠯ᠎ᠤᠨ ᠱᠠᠭ᠋ᠠᠷᠳᠠᠯᠭ᠎ᠠ ᠵᠡᠷᠭᠡ ᠵᠢ ᠲᠤᠳᠤᠷᠬᠠᠢ᠌ᠯᠠᠨ᠎ᠠ᠃
      ᠬᠣᠶᠠᠷ᠎ᠲᠤ᠂ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢᠨ ᠲᠦᠷᠦᠯ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃ ᠡᠯ᠎ᠡ ᠭᠠᠵᠠᠷ᠎ᠤᠨ᠎ᠬᠢᠨ ᠣᠷᠣᠨ ᠰᠠᠭᠤᠴᠠ ᠵᠢᠨ ᠲᠦᠷᠢᠶᠡᠰᠦ ᠵᠢᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠠᠪᠴᠠᠩ᠎ᠢ ᠲᠦᠷᠭᠡᠳᠬᠡᠨ ᠪᠠᠢ᠌ᠭᠤᠯᠤᠨ ᠪᠦᠷᠢᠨᠰᠢᠭᠦᠯᠵᠦ᠂ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢᠨ ᠪᠦᠲᠦᠭᠡᠨ ᠪᠠᠢ᠌ᠭᠤᠯᠤᠯᠲᠠ᠂ ᠲᠦᠷᠢᠶᠡᠰᠦᠯᠡᠭᠦᠯᠬᠦ ᠪᠠ ᠡᠵᠡᠩᠨᠡᠯᠲᠡ ᠬᠠᠮᠢᠶᠠᠷᠤᠯᠲᠠ ᠵᠢᠨ ᠪᠥᠬᠥ ᠶᠠᠪᠤᠴᠠ᠎ᠳᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠨ᠎ᠠ᠃ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢᠨ ᠨᠡᠷ᠎ᠡ᠎ᠪᠠᠷ ᠪᠠᠩᠬᠢ ᠳᠠᠭ᠋ᠠᠳᠬᠠᠯ᠎ᠤᠨ ᠪᠠᠢ᠌ᠭᠤᠯᠤᠮᠵᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠮᠡᠬᠡᠯᠡᠨ ᠠᠪᠬᠤ ᠦᠢᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ᠃
      ᠭᠤᠷᠪᠠ᠎ᠳᠤ᠂ ᠲᠥᠷᠥᠯ ᠵᠦᠢ᠍ᠯ᠎ᠤᠨ ᠵᠥᠪᠰᠢᠶᠡᠷᠡᠯ᠎ᠤᠨ ᠬᠠᠮᠢᠶᠠᠷᠤᠯᠲᠠ ᠵᠢ ᠰᠠᠢ᠌ᠲᠤᠷ ᠬᠢᠨ᠎ᠡ᠃ ᠡᠯ᠎ᠡ ᠭᠠᠵᠠᠷ᠎ᠤᠨ᠎ᠬᠢᠨ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢᠨ ᠲᠥᠷᠥᠯ ᠵᠦᠢ᠍ᠯ᠎ᠤᠨ ᠨᠤᠳᠠᠯᠠᠯᠳᠠ ᠵᠢᠨ ᠪᠢᠴᠢᠭ᠎ᠤᠨ ᠳᠦᠷᠢᠮ᠎ᠢ ᠲᠣᠳᠣᠷᠬᠠᠢ᠌ᠯᠠᠵᠤ᠂ ᠪᠠᠩᠬᠢ ᠳᠠᠭ᠋ᠠᠳᠬᠠᠯ᠎ᠤᠨ ᠪᠠᠢ᠌ᠭᠤᠯᠤᠮᠵᠢ᠎ᠯᠤᠭ᠎ᠠ ᠲᠣᠰ ᠭᠠᠵᠠᠷ ᠣᠷᠣᠨ᠎ᠤ ᠪᠠᠲᠤᠯᠠᠭ᠎ᠠ ᠵᠢᠨ ᠴᠢᠨᠠᠷᠲᠠᠢ  ᠲᠦᠷᠢᠶᠡᠰᠦᠨ ᠣᠷᠣᠨ ᠰᠠᠭᠤᠴᠠ ᠵᠢᠨ ᠲᠥᠷᠥᠯ ᠵᠦᠢ᠍ᠯ᠎ᠤᠨ ᠮᠡᠳᠡᠭᠡ ᠵᠠᠩᠭᠢ ᠵᠢ ᠴᠠᠭ ᠲᠤᠬᠠᠢ᠎ᠳᠤ᠎ᠨᠢ ᠬᠠᠮᠲᠤ᠎ᠪᠠᠷ ᠡᠳ᠋ᠯᠡᠵᠦ᠂ ᠪᠠᠩᠬᠢ ᠳᠠᠭ᠋ᠠᠳᠬᠠᠯ᠎ᠤᠨ ᠪᠠᠢ᠌ᠭᠤᠯᠤᠮᠵᠢ᠎ᠳᠤ ᠬᠢᠷᠢ ᠲᠡᠩᠴᠡᠭᠰᠡᠨ ᠣᠷᠣᠨ ᠰᠠᠭᠤᠴᠠ ᠵᠢᠨ ᠲᠦᠷᠢᠶᠡᠰᠦᠨ ᠠᠵᠤ ᠠᠬᠤᠢ᠌ᠯᠠᠯ᠎ᠤᠨ ᠨᠡᠷᠡᠰ ᠪᠠ ᠠᠵᠤ ᠠᠬᠤᠢ᠌ᠯᠠᠯ᠎ᠤᠨ ᠡᠵᠡᠩᠨᠡᠯᠲᠡ ᠵᠢᠨ ᠮᠡᠳᠡᠭᠡ ᠵᠠᠩᠭᠢ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠢ᠌ᠲᠡᠯᠡᠵᠦ᠂ ᠪᠠᠩᠬᠢ ᠳᠠᠭ᠋ᠠᠳᠬᠠᠯ᠎ᠤᠨ ᠪᠠᠢ᠌ᠭᠤᠯᠤᠮᠵᠢ ᠵᠢᠨ ᠲᠤᠬᠠᠢ᠌ᠯᠠᠭᠰᠠᠨ ᠠᠵᠢᠯ ᠵᠶ᠋ᠠᠨ ᠥᠷᠨᠢᠭᠦᠯᠬᠦ᠎ᠳᠤ ᠳᠡᠮᠵᠢᠯᠭᠡ ᠬᠠᠩᠭ᠋ᠠᠬᠤ ᠬᠡᠷᠡᠭᠲᠡᠢ᠃ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢᠨ ᠲᠥᠷᠥᠯ ᠵᠦᠢ᠍ᠯ᠎ᠤᠨ ᠨᠤᠳᠠᠯᠠᠯᠳᠠ ᠵᠢᠨ ᠪᠢᠴᠢᠭ᠎ᠢ ᠣᠯᠣᠭᠰᠠᠨ ᠪᠠᠢ᠌ᠪᠠᠯ ᠰᠠᠶᠢ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢᠨ ᠬᠠᠮᠢᠶ᠎ᠠ ᠪᠦᠬᠦᠢ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠬᠡᠷᠡᠭᠯᠡᠵᠦ ᠪᠣᠯᠣᠨ᠎ᠠ᠃
ᠠᠰᠠᠭᠤᠯᠳᠠ᠄
      [ᠵᠢᠯᠤᠭᠣᠳᠬᠤ ᠰᠠᠨᠠᠯ] ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ  ᠵᠢᠨ ᠲᠠᠯ᠎ᠠ᠎ᠪᠠᠷ ᠶᠠᠮᠠᠷ ᠶᠠᠮᠠᠷ ᠳᠡᠮᠵᠢᠬᠦ ᠠᠷᠭ᠎ᠠ ᠬᠡᠮᠵᠢᠶ᠎ᠡ ᠠᠪᠤᠭᠰᠠᠨ ᠪᠤᠶ?
ᠬᠠᠷᠢᠭᠤᠯᠳᠠ᠄
      ᠪᠠᠩᠬᠢ ᠪᠠ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠨᠢ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ᠂ ᠪᠠᠩᠬᠢ ᠳᠠᠭ᠋ᠠᠳᠬᠠᠯ᠎ᠤᠨ ᠪᠠᠢ᠌ᠭᠤᠯᠤᠮᠵᠢ ᠵᠢ ᠬᠥᠲᠥᠯᠥᠨ ᠵᠢᠯᠤᠭᠣᠳᠴᠤ ᠪᠠᠢ᠌ᠭ᠋ᠠᠳ ᠬᠠᠤᠯᠢ ᠶᠣᠰᠣᠭ᠋ᠠᠷ ᠲᠣᠭᠲᠠᠭ᠋ᠠᠯ᠎ᠳᠤ ᠨᠡᠢ᠌ᠴᠡᠭᠦᠯᠬᠦ᠂ ᠲᠦᠭᠰᠢᠭᠦᠷᠢ ᠵᠢ ᠡᠵᠡᠮᠳᠡᠵᠦ ᠪᠣᠯᠬᠤ᠂ ᠬᠤᠳᠠᠯᠳᠤᠭ᠋ᠠᠨ᠎ᠤ ᠦᠢ᠍ᠯᠡᠰ᠎ᠢ ᠦᠷᠭᠦᠯᠵᠢᠯᠡᠭᠦᠯᠵᠦ ᠪᠣᠯᠬᠤ ᠵᠠᠷᠴᠢᠮ ᠶᠣᠰᠣᠭ᠋ᠠᠷ᠂ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢᠨ ᠬᠥᠭᠵᠢᠯᠲᠡ᠎ᠳᠤ ᠮᠥᠩᠭᠥᠨ ᠭᠦᠢ᠍ᠯᠭᠡᠭᠡᠨ᠎ᠤ ᠳᠡᠮᠵᠢᠯᠭᠡ ᠦᠵᠡᠭᠦᠯᠬᠦ ᠵᠢ ᠤᠯᠠᠮ ᠨᠢᠭᠡ ᠠᠯᠬᠤᠮ ᠴᠢᠩᠭ᠋ᠠᠳᠬᠠᠪᠠ᠃ ᠨᠢᠭᠡ᠎ᠳᠤ᠂ ᠪᠠᠩᠬᠢ ᠵᠢᠨ ᠦᠢ᠍ᠯᠡᠰ᠎ᠤᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠮᠥᠩᠭᠥᠨ ᠭᠦᠢ᠍ᠯᠭᠡᠭᠡᠨ᠎ᠤ ᠵᠢᠭᠡᠯᠡᠯᠭᠡ ᠵᠢᠨ ᠲᠡᠮᠳᠡᠭᠲᠦ ᠲᠠᠷᠬᠠᠭ᠋ᠠᠬᠤ ᠵᠢ ᠲᠡᠮᠵᠢᠵᠤ᠂ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢ ᠳᠡᠮᠵᠢᠬᠦ ᠪᠡᠯᠡ ᠮᠦᠩᠭᠦ ᠵᠢᠨ ᠢᠷᠡᠯᠳᠡ ᠵᠢ ᠦᠷᠭᠡᠳᠭᠡᠨ  ᠲᠡᠮᠵᠢᠪᠡ᠃ ᠬᠣᠶᠠᠷ᠎ᠲᠤ᠂ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢᠨ ᠬᠣᠯᠪᠣᠭᠳᠠᠯ ᠪᠦᠬᠦᠢ ᠵᠢᠭᠡᠯᠡᠯᠭᠡ ᠵᠢ ᠭᠡᠷ ᠪᠠᠢ᠌ᠰᠢᠩ ᠭᠠᠵᠠᠷ ᠬᠥᠷᠥᠩᠭᠡ ᠵᠢᠨ ᠵᠢᠭᠡᠯᠡᠯᠭᠡ ᠵᠢᠨ ᠲᠥᠪᠯᠡᠷᠡᠩᠭᠦᠢ ᠬᠠᠮᠢᠶᠠᠷᠤᠯᠲᠠ᠎ᠳᠤ ᠣᠷᠣᠭᠤᠯᠬᠤ ᠦᠭᠡᠢ᠃ ᠭᠤᠷᠪᠠ᠎ᠳᠤ᠂ ᠠᠶᠤᠯ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠵᠤ᠂ ᠬᠣᠯᠪᠣᠭᠳᠠᠯ ᠪᠦᠬᠦᠢ ᠮᠥᠩᠭᠥᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢ ᠰᠠᠢ᠌ᠲᠤᠷ ᠰᠡᠷᠭᠡᠢ᠌ᠯᠡᠪᠡ᠃



 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ