ᠪᠥᠲᠥᠭᠡᠨ ᠪᠠᠶ᠋ᠢᠭᠤᠯᠤᠯᠲᠠ ᠵᠢᠨ ᠢᠨᠵᠸᠨ᠋ᠸᠷᠢᠩ᠎ᠤᠨ ᠠᠵᠤ ᠠᠬᠤᠶ᠋ᠢᠯᠠᠯ᠎ᠤᠨ ᠬᠢᠷᠢ ᠬᠡᠮ᠎ᠢ ᠦᠷᠭᠦᠯᠵᠢᠯᠡᠭᠦᠯᠬᠦ ᠬᠠᠮᠢᠶ᠎ᠠ ᠪᠥᠬᠦᠶ ᠵᠦᠢ᠍ᠯᠡᠰ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠮᠡᠳᠡᠭᠳᠡᠯ
2023-11-16

ᠡᠯ᠎ᠡ ᠠᠶ᠋ᠢᠮᠠᠭ ᠬᠤᠲᠠ (ᠮᠠᠨᠵᠤᠤᠷ ᠬᠤᠲᠠ᠂ ᠡᠷᠢᠶᠡᠨ ᠬᠤᠲᠠ) ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠣᠪᠴᠢᠶ᠎ᠠ᠂ ᠬᠥᠬᠡᠬᠤᠲᠠ ᠵᠢᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠂ ᠬᠢᠩᠭ᠋ᠠᠨ ᠠᠶ᠋ᠢᠮᠠᠭ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠂ ᠲᠦᠩᠯᠢᠶᠣᠤ ᠬᠤᠲᠠ ᠵᠢᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠂ ᠣᠷᠳᠣᠰ ᠬᠤᠲᠠ ᠵᠢᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠂ ᠮᠠᠨᠵᠤᠤᠷ ᠬᠤᠲᠠ ᠵᠢᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠂ ᠬᠤᠯᠪᠣᠭᠳᠠᠯ ᠪᠦᠬᠦᠢ ᠠᠵᠤ ᠠᠬᠤᠶ᠋ᠢᠯᠠᠯ᠎ᠳᠤ᠄

    《ᠪᠥᠲᠥᠭᠡᠨ ᠪᠠᠶ᠋ᠢᠭᠤᠯᠤᠯᠲᠠ ᠵᠢᠨ ᠢᠨᠵᠸᠨ᠋ᠸᠷᠢᠩ᠎ᠤᠨ ᠠᠵᠤ ᠠᠬᠤᠶ᠋ᠢᠯᠠᠯ᠎ᠤᠨ ᠬᠢᠷᠢ ᠬᠡᠮ᠎ᠢ ᠦᠷᠭᠦᠯᠵᠢᠯᠡᠭᠦᠯᠬᠦ ᠬᠠᠮᠢᠶ᠎ᠠ ᠪᠥᠬᠦᠶ ᠵᠦᠢ᠍ᠯᠡᠰ᠎ᠤᠨ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠎ᠤ ᠪᠠᠷᠢᠯᠭ᠎ᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠵᠤᠷᠭ᠋ᠠᠨ᠎ᠤ ᠮᠡᠳᠡᠭᠳᠡᠯ》 (ᠪᠥᠲᠥᠭᠡᠨ ᠪᠠᠶ᠋ᠢᠭᠤᠯᠤᠯᠲᠠ ᠵᠤᠷᠭ᠋ᠠᠨ ᠲᠣᠪᠴᠢᠶ᠎ᠠ ᠵᠢᠨ ᠵᠠᠬᠢᠳᠠᠯ ᠬᠤᠲᠠ [ 2023] 116 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠪᠥᠲᠥᠭᠡᠨ ᠪᠠᠶ᠋ᠢᠭᠤᠯᠤᠯᠲᠠ ᠵᠢᠨ ᠢᠨᠵᠸᠨ᠋ᠸᠷᠢᠩ᠎ᠤᠨ ᠠᠵᠤ ᠠᠬᠤᠶ᠋ᠢᠯᠠᠯ᠎ᠤᠨ ᠬᠢᠷᠢ ᠬᠡᠮ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ ᠵᠢ ᠤᠷᠲᠤᠳᠬᠠᠬᠤ ᠠᠵᠢᠯ᠎ᠢ ᠨᠢᠭᠡᠳᠦᠯᠲᠡᠶ ᠲᠥᠯᠥᠪᠯᠡᠨ ᠰᠠᠶ᠋ᠢᠲᠤᠷ ᠬᠢᠵᠦ᠂ ᠠᠵᠤ ᠠᠬᠤᠶ᠋ᠢᠯᠠᠯ᠎ᠤᠨ ᠬᠡᠪ᠎ᠤᠨ ᠦᠢ᠍ᠯᠡᠳᠪᠦᠷᠢᠯᠡᠯ ᠡᠵᠡᠩᠨᠡᠯᠲᠡ ᠵᠢ ᠪᠠᠲᠤᠯᠠᠨ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠬᠦ ᠵᠢᠨ ᠲᠤᠰᠠᠳᠠ᠂ ᠡᠳᠦᠭᠡ ᠮᠠᠨ᠎ᠤ ᠣᠷᠣᠨ᠎ᠤ ᠪᠥᠲᠥᠭᠡᠨ ᠪᠠᠶ᠋ᠢᠭᠤᠯᠤᠯᠲᠠ ᠵᠢᠨ ᠢᠨᠵᠸᠨ᠋ᠸᠷᠢᠩ᠎ᠤᠨ ᠠᠵᠤ ᠠᠬᠤᠶ᠋ᠢᠯᠠᠯ᠎ᠤᠨ ᠬᠢᠷᠢ ᠬᠡᠮ᠎ᠢ ᠦᠷᠭᠦᠯᠵᠢᠯᠡᠭᠦᠯᠬᠦ ᠬᠠᠮᠢᠶ᠎ᠠ ᠪᠥᠬᠦᠶ ᠵᠦᠢ᠍ᠯᠡᠰ᠎ᠢ ᠳᠣᠤᠷᠠᠬᠢ ᠮᠡᠲᠦ ᠮᠡᠳᠡᠭᠳᠡᠶ᠎ᠡ᠄

     ᠨᠢᠭᠡ᠂ ᠮᠠᠨ᠎ᠤ ᠲᠢᠩᠬᠢᠮ᠎ᠠᠴᠠ ᠬᠠᠷᠭᠤᠭᠤᠯᠤᠨ ᠣᠯᠭᠤᠭᠰᠠᠨ ᠢᠨᠵᠸᠨ᠋ᠸᠷᠢᠩ᠎ᠤᠨ ᠬᠠᠶ᠋ᠢᠨ ᠪᠠᠢ᠌ᠴᠠᠭ᠋ᠠᠯᠲᠠ᠂ ᠢᠨᠵᠸᠨ᠋ᠸᠷᠢᠩ᠎ᠤᠨ ᠵᠢᠷᠤᠭ ᠲᠦᠯᠦᠪᠯᠡᠭᠡ᠂ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠂ ᠢᠨᠵᠸᠨ᠋ᠸᠷᠢᠩ᠎ᠤᠨ ᠬᠢᠨᠠᠨ ᠬᠠᠮᠢᠶᠠᠷᠤᠯᠲᠠ ᠵᠢᠨ ᠠᠵᠤ ᠠᠬᠤᠶ᠋ᠢᠯᠠᠯ᠎ᠤᠨ ᠬᠢᠷᠢ ᠬᠡᠮ (ᠳᠣᠷᠣᠭᠰᠢ ᠠᠵᠤ ᠠᠬᠤᠶ᠋ᠢᠯᠠᠯ᠎ᠤᠨ ᠬᠢᠷᠢ ᠬᠡᠮ ᠭᠡᠵᠦ ᠲᠣᠪᠴᠢᠯᠠᠨ᠎ᠠ)᠂ ᠬᠢᠷᠢ ᠬᠡᠮ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠨᠢ 2023 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ ᠡᠮᠦᠨ᠎ᠡ ᠲᠤᠯᠪᠠᠯ᠂ 2023 ᠣᠨ᠎ᠤ 11 ᠳ᠋ᠤᠭᠡᠷ ᠰᠠᠷ᠎ᠠ ᠵᠢᠨ 20᠎ᠤ ᠡᠳᠦᠷ᠎ᠠᠴᠠ ᠡᠬᠢᠯᠡᠨ ᠥᠪᠥᠷ ᠮᠣᠩᠭᠤᠯ᠎ᠤᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠰᠢᠰᠲ᠋ᠧᠮ ᠵᠶ᠋ᠠᠷ ᠳᠠᠮᠵᠢᠭᠤᠯᠤᠨ ᠮᠠᠨ᠎ᠤ ᠲᠢᠩᠬᠢᠮ᠎ᠳᠤ ᠬᠢᠷᠢ ᠬᠡᠮ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠪᠠᠨ ᠤᠷᠲᠤᠳᠬᠠᠵᠤ ᠪᠣᠯᠤᠨ᠎ᠠ᠃ ᠬᠢᠷᠢ ᠬᠡᠮ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠨᠢ 2023 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ ᠰᠡᠭᠦᠯᠡᠷ ᠲᠤᠯᠪᠠᠯ᠂ ᠬᠢᠷᠢ ᠬᠡᠮ᠎ᠤᠨ ᠬᠠᠮᠢᠶᠠᠷᠤᠯᠲᠠ ᠵᠢᠨ ᠬᠠᠮᠢᠶ᠎ᠠ ᠪᠥᠬᠦᠶ ᠲᠣᠭᠲᠠᠭ᠋ᠠᠯ ᠶᠣᠰᠣᠭ᠋ᠠᠷ ᠮᠠᠨ᠎ᠤ ᠲᠢᠩᠬᠢᠮ᠎ᠳᠤ ᠬᠢᠷᠢ ᠬᠡᠮ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠪᠠᠨ ᠤᠷᠲᠤᠳᠬᠠᠬᠤ᠎ᠪᠠᠷ ᠭᠤᠶᠤᠴᠢᠯᠠᠬᠤ ᠬᠡᠷᠡᠭᠲᠡᠢ᠃ ᠠᠵᠤ ᠠᠬᠤᠶ᠋ᠢᠯᠠᠯ᠂ ᠬᠢᠷᠢ ᠬᠡᠮ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠨᠢ ᠲᠤᠯᠤᠭᠰᠠᠨ᠎ᠤ ᠬᠣᠢ᠌ᠨ᠎ᠠ ᠬᠢᠷᠢ ᠬᠡᠮ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠪᠠᠨ ᠤᠷᠲᠤᠳᠬᠠᠬᠤ᠎ᠪᠠᠷ ᠭᠤᠶᠤᠴᠢᠯᠠᠪᠠᠯ᠂ ᠮᠠᠨ᠎ᠤ ᠲᠢᠩᠬᠢᠮ ᠬᠦᠯᠢᠶᠡᠨ ᠠᠪᠴᠤ ᠰᠢᠢ᠍ᠳᠪᠦᠷᠢᠯᠡᠬᠦ ᠦᠭᠡᠢ᠃

     ᠬᠤᠶᠠᠷ᠂ ᠬᠢᠷᠢ ᠬᠡᠮ ᠵᠶ᠋ᠠᠨ ᠦᠷᠭᠦᠯᠵᠢᠯᠡᠭᠦᠯᠬᠦ᠎ᠪᠠᠷ ᠭᠤᠶᠤᠴᠢᠯᠠᠬᠤ ᠠᠵᠤ ᠠᠬᠤᠶ᠋ᠢᠯᠠᠯ ᠬᠠᠮᠢᠶ᠎ᠠ ᠪᠦᠬᠦᠢ ᠬᠢᠷᠢ ᠬᠡᠮ᠎ᠤᠨ ᠬᠠᠮᠢᠶᠠᠷᠤᠯᠲᠠ ᠵᠢᠨ ᠲᠣᠭᠲᠠᠭ᠋ᠠᠯ ᠵᠢᠴᠢ ᠬᠢᠷᠢ ᠬᠡᠮ᠎ᠤᠨ ᠪᠠᠷᠢᠮᠵᠢᠶ᠎ᠠ ᠵᠢᠨ ᠬᠠᠮᠢᠶ᠎ᠠ ᠪᠦᠬᠦᠢ ᠱᠠᠭ᠋ᠠᠷᠳᠠᠯᠭ᠎ᠠ ᠶᠣᠰᠣᠭ᠋ᠠᠷ ᠭᠤᠶᠤᠴᠢᠯᠠᠯ ᠵᠶ᠋ᠠᠨ ᠳᠡᠪᠰᠢᠭᠦᠯᠵᠦ᠂ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠂ ᠬᠠᠤᠯᠢ ᠶᠣᠰᠣᠴᠢ ᠴᠢᠨᠠᠷ᠎ᠲᠤ ᠠᠮᠠᠯᠠᠯᠲᠠ ᠬᠢᠬᠦ ᠵᠢᠨ ᠬᠠᠮᠲᠤ ᠠᠮᠠᠯᠠᠯᠲᠠ ᠵᠢᠨ ᠠᠭᠤᠯᠭ᠎ᠠ᠎ᠳᠤ᠎ᠪᠠᠨ ᠬᠠᠷᠢᠭᠤᠴᠠᠵᠤ᠂ ᠬᠠᠤᠯᠢ ᠴᠠᠭ᠋ᠠᠵᠠ ᠵᠢᠨ ᠪᠦᠬᠦᠢ᠌ᠯᠡ ᠬᠠᠷᠢᠭᠤᠴᠠᠯᠭ᠎ᠠ ᠵᠢ ᠡᠭᠦᠷᠭᠡᠯᠡᠨ᠎ᠡ᠃ ᠠᠵᠤ ᠠᠬᠤᠶ᠋ᠢᠯᠠᠯ᠎ᠤᠨ ᠬᠢᠷᠢ ᠴᠢᠳᠠᠮᠵᠢ ᠵᠢᠨ ᠦᠷᠭᠦᠯᠵᠢᠯᠡᠭᠦᠯᠬᠦ ᠭᠤᠶᠤᠴᠢᠯᠠᠯ᠎ᠢ ᠣᠯᠤᠭᠰᠠᠨ᠎ᠤ ᠳᠠᠷᠠᠭ᠎ᠠ᠂ ᠮᠠᠨ᠎ᠤ ᠲᠢᠩᠬᠢᠮ ᠬᠢᠷᠢ ᠭᠡᠮ᠎ᠤᠨ ᠪᠠᠷᠢᠮᠵᠢᠶ᠎ᠠ ᠶᠣᠰᠣᠭ᠋ᠠᠷ ᠠᠵᠤ ᠠᠬᠤᠶ᠋ᠢᠯᠠᠯ᠎ᠤᠨ ᠳᠠᠩᠰᠠᠯᠠᠭᠤᠯᠤᠭᠰᠠᠨ ᠬᠥᠮᠦᠰ ᠵᠡᠷᠭᠡ ᠠᠭᠤᠯᠭ᠎ᠠ᠎ᠳᠤ ᠬᠢᠨᠠᠨ ᠪᠠᠶ᠋ᠢᠴᠠᠭ᠋ᠠᠯᠲᠠ ᠬᠢᠵᠦ᠂ ᠬᠢᠨᠠᠨ ᠪᠠᠶ᠋ᠢᠴᠠᠭ᠋ᠠᠭ᠋ᠠᠳ ᠬᠢᠷᠢ ᠲᠡᠩᠴᠡᠭᠰᠡᠨ ᠪᠣᠯ ᠦᠷᠭᠦᠯᠵᠢᠯᠡᠭᠦᠯᠬᠦ ᠵᠢ ᠵᠥᠪᠰᠢᠶᠡᠷᠡᠨ᠎ᠡ᠃

     ᠭᠤᠷᠪᠠ᠂ 《〈ᠦᠨᠡᠮᠯᠡᠯ ᠪᠠ ᠭᠡᠷᠡᠴᠢ ᠵᠢ ᠰᠠᠯᠭ᠋ᠠᠬᠤ〉 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭᠵᠢᠭᠡᠬᠦ ᠲᠤᠬᠠᠶ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠮᠡᠳᠡᠭᠳᠡᠯ》 (ᠲᠥᠷᠥ ᠲᠠᠷᠬᠠᠭ᠋ᠠᠭᠰᠠᠨ [ 2021] 7 ᠳ᠋ᠤᠭ᠋ᠠᠷ ᠲᠣᠭ᠋ᠠᠲᠤ)᠎ᠠᠴᠠ ᠪᠥᠲᠥᠭᠡᠨ ᠪᠠᠶ᠋ᠢᠭᠤᠯᠤᠯᠲᠠ ᠵᠢᠨ ᠢᠨᠵᠸᠨ᠋ᠸᠷᠢᠩ᠎ᠤᠨ ᠠᠵᠤ ᠠᠬᠤᠶ᠋ᠢᠯᠠᠯ᠎ᠤᠨ ᠬᠢᠷᠢ ᠬᠡᠮ᠎ᠢ ᠬᠦᠴᠦᠨ ᠥᠬᠡᠶ ᠪᠣᠯᠭ᠋ᠠᠬᠤ᠎ᠪᠠᠷ ᠲᠤᠭᠳᠠᠭ᠋ᠠᠭᠰᠠᠨ ᠬᠠᠮᠢᠶ᠎ᠠ ᠪᠥᠬᠦᠶ ᠤᠴᠢᠷ᠎ᠢ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠎ᠠᠴᠠ ᠬᠣᠯᠪᠤᠭᠳᠠᠯ ᠪᠥᠬᠦᠶ ᠮᠡᠳᠡᠭᠳᠡᠯ ᠨᠡᠶ᠋ᠢᠲᠡᠯᠡᠭᠰᠡᠨ᠎ᠤ ᠳᠠᠷᠠᠭ᠎ᠠ ᠠᠰᠲᠠᠭ᠋ᠠᠨ ᠮᠡᠳᠡᠭᠳᠡᠨ᠎ᠡ᠃

 

    2023 ᠣᠨ᠎ᠤ 11 ᠳ᠋ᠦ᠍ᠭᠡᠷ ᠰᠠᠷ᠎ᠠ ᠵᠢᠨ 14᠎ᠤ ᠡᠳᠦᠷ

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ