ᠥᠪᠥᠷ ᠵᠠᠰᠠᠭ ᠲᠠᠷᠬᠠᠭ᠋ᠠᠭᠰᠠᠨ [ 2023] 167 ᠳ᠋ᠤᠭ᠋ᠠᠷ ᠲᠣᠭ᠋ᠠᠲᠤ
ᠡᠯ᠎ᠡ ᠠᠶ᠋ᠢᠮᠠᠭ ᠬᠤᠲᠠ (ᠮᠠᠨᠵᠤᠤᠷ ᠬᠤᠲᠠ᠂ ᠡᠷᠢᠶᠡᠨ ᠬᠤᠲᠠ) ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠣᠪᠴᠢᠶ᠎ᠠ᠂ ᠬᠠᠮᠢᠶ᠎ᠠ ᠪᠦᠬᠦᠢ ᠠᠵᠤ ᠠᠬᠤᠶ᠋ᠢᠯᠠᠯ᠎ᠳᠤ᠄
《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠂ ᠪᠠᠷᠢᠯᠭ᠎ᠠ ᠪᠠᠷᠢᠬᠤ ᠠᠵᠤ ᠠᠬᠤᠶ᠋ᠢᠯᠠᠯ᠎ᠤᠨ ᠠᠶᠤᠯᠭᠦᠢ ᠦᠢ᠍ᠯᠡᠳᠪᠦᠷᠢᠯᠡᠯ᠎ᠤᠨ ᠨᠥᠬᠦᠴᠡᠯ᠎ᠢ ᠵᠢᠷᠤᠮᠵᠢᠭᠤᠯᠤᠨ᠂ ᠪᠠᠷᠢᠯᠭ᠎ᠠ ᠪᠠᠷᠢᠬᠤ ᠠᠵᠤ ᠠᠬᠤᠶ᠋ᠢᠯᠠᠯ᠎ᠤᠨ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠵᠢᠨ ᠲᠤᠰᠠᠳᠠ᠂ ᠡᠳᠦᠭᠡ ᠮᠠᠨ᠎ᠤ ᠣᠷᠣᠨ᠎ᠤ ᠪᠠᠷᠢᠯᠭ᠎ᠠ ᠪᠠᠷᠢᠬᠤ ᠠᠵᠤ ᠠᠬᠤᠶ᠋ᠢᠯᠠᠯ᠎ᠤᠨ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ (ᠳᠣᠷᠣᠭᠰᠢ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ ᠭᠡᠵᠦ ᠲᠣᠪᠴᠢᠯᠠᠨ᠎ᠠ)᠎ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠵᠢᠷᠤᠮᠵᠢᠭᠤᠯᠬᠤ ᠬᠠᠮᠢᠶ᠎ᠠ ᠪᠥᠬᠦᠶ ᠵᠦᠢ᠍ᠯᠡᠰ᠎ᠢ ᠳᠣᠤᠷᠠᠬᠢ ᠮᠡᠲᠦ ᠮᠡᠳᠡᠭᠳᠡᠶ᠎ᠡ᠄
ᠨᠢᠭᠡ᠂ ᠨᠠᠶ᠋ᠢᠳᠠᠵᠤ ᠬᠢᠨᠠᠨ ᠪᠠᠶ᠋ᠢᠴᠠᠭ᠋ᠠᠬᠤ ᠵᠢ ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠶᠠᠪᠤᠴᠠ ᠵᠢ ᠳᠥᠭᠦᠮᠴᠢᠯᠡᠬᠦ ᠬᠡᠷᠡᠭᠲᠡᠶ
《ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠪᠠᠨ ᠰᠢᠯᠢᠳᠡᠭᠵᠢᠭᠦᠯᠵᠦ ᠠᠵᠢᠯ᠎ᠤᠨ ᠶᠠᠪᠤᠴᠠ ᠵᠢ ᠰᠢᠯᠢᠳᠡᠭᠵᠢᠭᠦᠯᠬᠦ》 ᠲᠤᠰᠬᠠᠶ ᠠᠵᠢᠯᠯᠠᠭ᠎ᠠ ᠵᠢᠨ ᠦᠷ᠎ᠡ ᠪᠦᠲᠦᠭᠡᠯ᠎ᠢ ᠪᠠᠬᠢᠵᠢᠭᠦᠯᠵᠦ᠂ ᠬᠢᠨᠠᠨ ᠵᠥᠪᠰᠢᠶᠡᠷᠡᠬᠦ ᠶᠠᠪᠤᠴᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠠᠵᠤ ᠠᠬᠤᠶ᠋ᠢᠯᠠᠯ᠎ᠤᠨ ᠬᠠᠷᠢᠶ᠎ᠠ ᠭᠠᠵᠠᠷ᠎ᠲᠤ᠎ᠪᠠᠨ ᠭᠤᠶᠤᠴᠢᠯᠠᠨ ᠮᠡᠳᠡᠭᠦᠯᠬᠦ᠎ᠳᠤ ᠲᠥᠬᠦᠮ ᠦᠵᠡᠭᠦᠯᠬᠦ ᠵᠢᠨ ᠲᠤᠰᠠᠳᠠ᠂ 2023 ᠣᠨ᠎ᠤ 10 ᠳ᠋ᠤᠭ᠋ᠠᠷ ᠰᠠᠷ᠎ᠠ ᠵᠢᠨ 7᠎ᠤ ᠡᠳᠦᠷ᠎ᠠᠴᠠ ᠡᠬᠢᠯᠡᠨ᠂ ᠮᠠᠨ᠎ᠤ ᠲᠢᠩᠬᠢᠮ᠎ᠤᠨ ᠬᠢᠨᠠᠨ ᠵᠥᠪᠰᠢᠶᠡᠷᠡᠬᠦ ᠡᠷᠬᠡ ᠵᠢᠨ ᠬᠢᠵᠠᠭ᠋ᠠᠷ ᠳᠣᠲᠣᠷᠠᠬᠢ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ ᠠᠩᠬ᠎ᠠ ᠤᠳᠠᠭ᠎ᠠ ᠡᠯ᠎ᠡ ᠠᠶ᠋ᠢᠮᠠᠭ ᠬᠤᠲᠠ ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠭᠤᠤᠯᠴᠢᠯᠠᠨ ᠬᠠᠮᠢᠶᠠᠷᠴᠤ ᠪᠦᠬᠦᠢ ᠰᠠᠯᠠᠭ᠎ᠠ ᠮᠥᠴᠢᠷ᠎ᠲᠤ ᠨᠠᠶ᠋ᠢᠳᠠᠨ ᠭᠥᠯᠢᠶᠡᠨ ᠠᠪᠴᠤ ᠬᠢᠨᠠᠨ ᠪᠠᠶ᠋ᠢᠴᠠᠭ᠋ᠠᠯᠭ᠋ᠠᠬᠤ᠎ᠪᠠᠷ ᠭᠤᠶᠤᠴᠢᠯᠠᠪᠠ᠂ ᠮᠠᠨ᠎ᠤ ᠲᠢᠩᠬᠢᠮ ᠬᠢᠨᠠᠨ ᠪᠠᠶ᠋ᠢᠴᠠᠭ᠋ᠠᠭᠰᠠᠨ ᠰᠠᠨᠠᠯ᠎ᠢ ᠣᠯᠤᠭᠰᠠᠨ᠎ᠤ ᠳᠠᠷᠠᠭ᠎ᠠ ᠵᠠᠷᠯᠠᠯ ᠨᠡᠶ᠋ᠢᠲᠡᠯᠡᠬᠦ ᠵᠢᠨ ᠬᠠᠮᠲᠤ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ ᠬᠢᠨᠠᠨ ᠣᠯᠭᠤᠨ᠎ᠠ᠃
ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠤᠨ ᠬᠤᠭᠤᠴᠠᠭ᠎ᠠ ᠤᠷᠲᠤᠳᠬᠠᠬᠤ ᠵᠢ ᠳᠠᠬᠢᠨ ᠬᠢᠨᠠᠨ ᠪᠠᠶ᠋ᠢᠴᠠᠭ᠋ᠠᠬᠤ ᠪᠠ ᠬᠤᠭᠤᠴᠠᠭ᠎ᠠ ᠤᠷᠲᠤᠳᠬᠠᠬᠤ ᠵᠢ ᠬᠢᠨᠠᠨ ᠪᠠᠶ᠋ᠢᠴᠠᠭ᠋ᠠᠬᠤ ᠦᠭᠡᠢ ᠵᠢ ᠮᠥᠨ ᠬᠦ᠌ ᠠᠶ᠋ᠢᠮᠠᠭ ᠬᠤᠲᠠ ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠤᠣᠯᠴᠢᠯᠠᠨ ᠬᠠᠮᠢᠷᠴᠤ ᠪᠦᠬᠦᠢ ᠰᠠᠯᠠᠭ᠎ᠠ ᠮᠥᠴᠢᠷ᠎ᠠᠴᠠ ᠠᠵᠤ ᠠᠬᠤᠶ᠋ᠢᠯᠠᠯ᠎ᠤᠨ ᠠᠶᠤᠯᠭᠦᠢ ᠦᠢ᠍ᠯᠡᠳᠪᠦᠷᠢᠯᠡᠯ᠎ᠤᠨ ᠨᠥᠬᠦᠴᠡᠯ᠂ ᠠᠶᠤᠯᠭᠦᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠤᠯᠲᠠ ᠵᠢ ᠰᠢᠯᠭ᠋ᠠᠨ ᠦᠨᠡᠯᠡᠭᠰᠡᠨ ᠪᠠᠶ᠋ᠢᠳᠠᠯ ᠵᠢᠴᠢ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠋ᠠᠨ᠎ᠳᠤ ᠬᠠᠮᠢᠶ᠎ᠠ ᠪᠦᠬᠦᠢ ᠠᠶᠤᠯᠭᠦᠢ ᠦᠢ᠍ᠯᠡᠳᠪᠦᠷᠢᠯᠡᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠴᠢᠩᠭ᠎ᠠ ᠵᠢᠷᠤᠮᠯᠠᠭᠰᠠᠨ ᠡᠰᠡᠬᠦ᠂ ᠠᠮᠤᠷ ᠲᠦᠪᠰᠢᠨ᠎ᠤ ᠠᠳᠡᠯ ᠭᠠᠷᠤᠭᠰᠠᠨ ᠡᠰᠡᠬᠦ ᠵᠡᠷᠭᠡ ᠠᠭᠤᠯᠭ᠎ᠠ ᠵᠢ ᠬᠢᠨᠠᠨ ᠬᠠᠷᠭᠤᠭᠤᠯᠤᠭᠰᠠᠨ᠎ᠤ ᠳᠠᠷᠠᠭ᠎ᠠ ᠪᠢᠴᠢᠭ ᠵᠶ᠋ᠠᠷ ᠰᠠᠨᠠᠯ ᠭᠠᠷᠭ᠋ᠠᠵᠤ ᠥᠭᠭᠦᠨ᠎ᠡ᠃
ᠬᠤᠶᠠᠷ᠂ ᠠᠵᠢᠯᠲᠠᠨ᠎ᠤ ᠬᠢᠨᠠᠨ ᠰᠢᠯᠭ᠋ᠠᠯᠲᠠ ᠵᠢ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠶ
ᠲᠤᠭ᠎ᠠ ᠪᠠᠷᠢᠮᠲᠠ ᠵᠢ ᠬᠠᠮᠲᠤ᠎ᠪᠠᠷ ᠡᠳ᠋ᠯᠡᠬᠦ᠎ᠳᠤ ᠲᠦᠰᠢᠭᠯᠡᠨ᠂ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ ᠬᠢᠭᠡᠳ ᠪᠠᠷᠢᠯᠭ᠎ᠠ ᠪᠠᠷᠢᠬᠤ ᠠᠵᠤ ᠠᠬᠤᠶ᠋ᠢᠯᠠᠯ᠎ᠤᠨ ᠭᠤᠣᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠠ ᠲᠤᠰᠬᠠᠢ ᠲᠤᠰᠢᠶᠠᠯᠲᠤ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ (ᠳᠣᠷᠣᠭᠰᠢ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ ᠭᠡᠵᠦ ᠲᠣᠪᠴᠢᠯᠠᠨ᠎ᠠ)᠎ᠤ ᠬᠤᠭᠤᠷᠣᠨᠳᠤᠬᠢ ᠲᠤᠭ᠎ᠠ ᠪᠠᠷᠢᠮᠲᠠ ᠵᠢᠨ ᠮᠡᠳᠡᠭᠡ ᠵᠠᠩᠭᠢ ᠵᠢᠨ ᠬᠠᠷᠢᠯᠴᠠᠨ ᠨᠡᠪᠲᠡᠷᠡᠯᠴᠡᠯ ᠵᠢ ᠴᠢᠩᠭ᠋ᠠᠳᠬᠠᠵᠤ᠂ ᠠᠵᠤ ᠠᠬᠤᠶ᠋ᠢᠯᠠᠯ᠎ᠤᠨ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ ᠪᠠ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠦᠨᠡᠮᠯᠡᠯ᠎ᠢ ᠭᠤᠶᠤᠴᠢᠯᠠᠬᠤ ᠦᠶ᠎ᠡ᠎ᠳᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠲᠤ ᠡᠷᠬᠡ ᠣᠯᠭᠤᠵᠤ ᠬᠢᠨᠠᠨ ᠵᠥᠪᠰᠢᠶᠡᠷᠡᠭᠦᠯᠬᠦ ᠵᠢᠨ ᠬᠠᠮᠲᠤ ᠠᠵᠤ ᠠᠬᠤᠶ᠋ᠢᠯᠠᠯ ᠵᠢᠴᠢ ᠬᠣᠯᠪᠤᠭᠳᠠᠯ ᠪᠦᠬᠦᠢ ᠬᠥᠮᠥᠰ᠎ᠤᠨ ᠨᠡᠶ᠋ᠢᠭᠡᠮ᠎ᠤᠨ ᠪᠠᠲᠤᠯᠠᠭ᠎ᠠ ᠵᠢᠨ ᠮᠡᠳᠡᠭᠡ ᠵᠠᠩᠭᠢ ᠵᠢ ᠠᠦ᠋ᠲ᠋ᠣ᠋ ᠬᠠᠷᠢᠴᠠᠭᠤᠯᠤᠨ ᠬᠠᠷᠭᠤᠭᠤᠯᠬᠤ ᠵᠢᠨ ᠬᠠᠮᠲᠤ᠂ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ ᠲᠣᠬᠢᠷᠠᠭᠤᠯᠬᠤ ᠬᠣᠯᠪᠤᠭᠳᠠᠯ ᠪᠦᠬᠦᠢ ᠲᠣᠭᠲᠠᠭ᠋ᠠᠯ ᠶᠣᠰᠣᠭ᠋ᠠᠷ ᠵᠣᠬᠢᠴᠠᠭᠤᠯᠬᠤ ᠬᠡᠷᠡᠭᠲᠡᠢ᠃ ᠠᠵᠤ ᠠᠬᠤᠶ᠋ᠢᠯᠠᠯ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ ᠭᠤᠶᠤᠴᠢᠯᠠᠬᠤ᠎ᠳᠤ᠎ᠪᠠᠨ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠢᠷᠢ ᠭᠡᠮ᠎ᠤᠨ ᠬᠠᠮᠤᠭ᠎ᠤᠨ ᠥᠨᠳᠥᠷ ᠲᠥᠷᠥᠯ ᠢᠯᠭ᠋ᠠᠯ᠎ᠤᠨ ᠵᠡᠷᠭᠡ ᠳᠡᠰ᠎ᠢ ᠰᠢᠯᠭ᠋ᠠᠨ ᠬᠢᠨᠠᠬᠤ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠣᠯᠣᠨ ᠠᠶᠤᠯᠭᠦᠢ ᠦᠢ᠍ᠯᠡᠳᠪᠦᠷᠢᠯᠡᠯ᠎ᠤᠨ ᠨᠥᠬᠥᠴᠡᠯ ᠶᠤᠰᠤᠭ᠋ᠠᠷ ᠶᠠᠪᠤᠭᠳᠠᠭᠤᠯᠤᠨ᠎ᠠ (ᠣᠯᠠᠨ ᠠᠳᠠᠯᠢ ᠨᠢᠭᠡᠨ ᠬᠢᠷᠢ ᠬᠡᠮ᠎ᠤᠨ ᠳᠡᠰ᠎ᠲᠠᠢ᠎ᠨᠢ ᠪᠦᠲᠦᠭᠡᠨ ᠪᠠᠶ᠋ᠢᠭᠤᠯᠤᠭᠴᠢ ᠵᠢᠨ ᠳᠠᠩᠰᠠᠯᠠᠯᠲᠠ ᠵᠢᠨ ᠲᠤᠭ᠎ᠠ᠎ᠪᠠᠷ ᠬᠠᠮᠤᠭ᠎ᠤᠨ ᠣᠯᠠᠨ ᠲᠥᠷᠥᠯ ᠢᠯᠭ᠋ᠠᠯ᠎ᠤᠨ ᠱᠠᠭ᠋ᠠᠷᠳᠠᠯᠭ᠎ᠠ ᠶᠤᠰᠤᠭ᠋ᠠᠷ ᠰᠢᠯᠭ᠋ᠠᠨ ᠬᠢᠨᠠᠭᠤᠯᠤᠨ᠎ᠠ)᠃
ᠭᠤᠷᠪᠠ᠂ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠵᠢ ᠴᠢᠩᠭ᠋ᠠᠳᠬᠠᠵᠤ᠂ ᠠᠪᠤᠷᠠᠨ ᠲᠤᠰᠠᠯᠠᠬᠤ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠶ
ᠠᠵᠤ ᠠᠬᠤᠶ᠋ᠢᠯᠠᠯ᠎ᠤᠳ ᠦᠢ᠍ᠯᠡᠳᠪᠦᠷᠢᠯᠡᠯ᠎ᠤᠨ ᠠᠶᠤᠯᠭᠦᠢ ᠵᠢᠨ ᠡᠨᠳᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠤᠷᠢᠳᠴᠢᠯᠠᠨ ᠨᠠᠢ᠌ᠷᠠᠭᠤᠯᠤᠨ ᠵᠣᠬᠢᠶᠠᠭᠰᠠᠨ ᠲᠥᠰᠦᠯ᠎ᠤᠨ ᠶᠣᠰᠣᠭ᠋ᠠᠷ᠂ ᠠᠵᠤ ᠠᠬᠤᠶ᠋ᠢᠯᠠᠯ᠎ᠤᠨ ᠠᠶᠤᠯᠭᠦᠢ ᠵᠢᠨ ᠬᠠᠮᠢᠶᠠᠷᠤᠯᠲᠠ ᠵᠢᠨ ᠠᠵᠢᠯᠲᠠᠨ ᠪᠣᠯᠤᠨ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠠᠵᠢᠯᠲᠠᠳ᠎ᠢ ᠵᠣᠬᠢᠶᠠᠨ ᠪᠠᠶ᠋ᠢᠭᠤᠯᠤᠨ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠰᠣᠷᠢᠯᠲᠠ ᠵᠢ ᠥᠷᠨᠢᠭᠦᠯᠬᠦ ᠵᠢᠨ ᠬᠠᠮᠲᠤ ᠭᠡᠷᠡᠯ ᠵᠢᠷᠤᠭ᠎ᠤᠨ ᠮᠠᠲ᠋ᠧᠷᠢᠶᠠᠯ ᠵᠶ᠋ᠠᠨ ᠦᠯᠡᠳᠡᠭᠡᠨ ᠬᠠᠳᠠᠭ᠋ᠠᠯᠠᠵᠤ᠂ ᠰᠣᠷᠢᠯᠲᠠ ᠵᠢᠨ ᠶᠠᠪᠤᠴᠠ ᠵᠢ ᠨᠠᠷᠢᠨ ᠲᠣᠳᠣᠷᠬᠠᠶ ᠲᠡᠮᠳᠡᠭᠯᠡᠬᠦ ᠬᠡᠷᠡᠭᠲᠡᠶ᠃ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ ᠭᠤᠶᠤᠴᠢᠯᠠᠬᠤ ᠦᠶ᠎ᠡ᠎ᠳᠤ ᠲᠤᠰᠢᠶᠠᠭᠰᠠᠨ ᠪᠠᠴᠢᠮ ᠪᠠᠶ᠋ᠢᠳᠠᠯ᠎ᠢ ᠠᠷᠭ᠋ᠠᠴᠠᠬᠤ᠎ᠳᠠᠬᠢ ᠠᠪᠤᠷᠠᠨ ᠲᠤᠰᠠᠯᠠᠬᠤ ᠰᠣᠷᠢᠯᠲᠠ ᠵᠢᠨ ᠲᠡᠮᠳᠡᠭᠯᠡᠯ᠎ᠳᠤ᠂ ᠪᠠᠴᠢᠮ ᠪᠠᠶ᠋ᠢᠳᠠᠯ᠎ᠢ ᠠᠷᠭ᠋ᠠᠴᠠᠬᠤ᠎ᠳᠠᠬᠢ ᠠᠪᠤᠷᠠᠨ ᠲᠤᠰᠠᠯᠠᠬᠤ ᠰᠣᠷᠢᠯᠲᠠ ᠵᠢᠨ ᠲᠡᠮᠳᠡᠭᠯᠡᠯ᠎ᠤᠨ ᠬᠦᠰᠦᠨᠦᠭᠲᠦ᠂ ᠠᠵᠢᠯᠲᠠᠨ᠎ᠤ ᠭᠠᠷᠤᠨ ᠦᠰᠦᠭ ᠵᠢᠷᠤᠭᠰᠠᠨ ᠬᠦᠰᠦᠨᠦᠭᠲᠦ ᠵᠢᠴᠢ ᠳᠦᠷᠰᠦ ᠰᠢᠩᠭᠡᠭᠡᠯᠲᠡ ᠵᠢᠨ ᠮᠠᠲ᠋ᠧᠷᠢᠶᠠᠯ ᠵᠡᠷᠭᠡ ᠬᠣᠯᠪᠤᠭᠳᠠᠯ ᠪᠦᠬᠦᠢ ᠮᠠᠲ᠋ᠧᠷᠢᠶᠠᠯ᠎ᠢ ᠪᠠᠭᠲᠠᠭ᠋ᠠᠨ᠎ᠠ᠂ ᠭᠡᠷᠡᠯ ᠵᠢᠷᠤᠭ᠎ᠤᠨ ᠮᠠᠲ᠋ᠧᠷᠢᠶᠠᠯ᠎ᠳᠤ ᠰᠣᠷᠢᠯᠲᠠ ᠵᠢᠨ ᠴᠠᠭ ᠪᠠ ᠰᠣᠷᠢᠯᠲᠠ᠎ᠳᠤ ᠣᠷᠣᠯᠴᠠᠭᠰᠠᠳ᠎ᠤᠨ ᠣᠪᠣᠭ ᠨᠡᠷ᠎ᠡ ᠵᠢ ᠲᠣᠳᠣᠷᠬᠠᠶ᠋ᠢᠯᠠᠬᠤ ᠬᠡᠷᠡᠭᠲᠡᠶ᠃ ᠠᠵᠤ ᠠᠬᠤᠶ᠋ᠢᠯᠠᠯ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ ᠣᠯᠤᠭᠰᠠᠨ᠎ᠤ ᠳᠠᠷᠠᠭ᠎ᠠ᠂ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠤᠨ ᠰᠣᠷᠢᠯᠲᠠ ᠵᠢᠨ ᠲᠥᠯᠥᠪᠯᠡᠭᠡ ᠲᠣᠭᠲᠠᠭ᠋ᠠᠬᠤ ᠵᠢᠨ ᠬᠠᠮᠲᠤ ᠬᠢᠵᠦ ᠪᠠᠶ᠋ᠢᠭ᠎ᠠ ᠪᠠᠷᠢᠯᠭ᠎ᠠ ᠵᠢᠨ ᠠᠵᠢᠯ᠎ᠤᠨ ᠦᠢ᠍ᠯᠡᠳᠪᠦᠷᠢᠯᠡᠯ᠎ᠤᠨ ᠠᠶᠤᠯᠭᠦᠢ ᠵᠢᠨ ᠡᠨᠳᠡᠯ᠎ᠤᠨ ᠲᠦᠭᠰᠢᠭᠦᠷᠢ ᠵᠢᠨ ᠣᠨᠴᠠᠯᠢᠭ ᠵᠶ᠋ᠠᠨ ᠦᠨᠳᠦᠰᠦᠯᠡᠨ᠂ ᠦᠢ᠍ᠯᠡᠳᠪᠦᠷᠢᠯᠡᠯ᠎ᠤᠨ ᠠᠶᠤᠯᠭᠦᠢ ᠵᠢᠨ ᠡᠨᠳᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠰᠣᠷᠢᠯᠲᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠶ᠋ᠢᠭᠤᠯᠵᠤ᠂ ᠬᠡᠷᠡᠭᠴᠡᠭᠡ᠎ᠪᠠᠨ ᠦᠨᠳᠦᠰᠦᠯᠡᠨ ᠦᠢ᠍ᠯᠡᠳᠪᠦᠷᠢᠯᠡᠯ᠎ᠤᠨ ᠠᠶᠤᠯᠭᠦᠢ ᠵᠢᠨ ᠡᠨᠳᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠳᠤ ᠴᠠᠭ ᠲᠤᠬᠠᠶ᠎ᠳᠤᠨᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠦᠢ᠍ᠯᠡᠳᠪᠦᠷᠢᠯᠡᠯ᠎ᠤᠨ ᠠᠶᠤᠯᠭᠦᠢ ᠵᠢᠨ ᠡᠨᠳᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠴᠢᠳᠠᠪᠤᠷᠢ᠎ᠪᠠᠨ ᠳᠡᠭᠡᠭᠰᠢᠯᠡᠬᠦᠯᠦᠨ᠎ᠡ᠃
ᠳᠥᠷᠪᠡ᠂ ᠨᠢᠭᠤᠷᠲᠠᠨ ᠠᠰᠠᠭᠤᠬᠤ ᠳᠦᠷᠢᠮ᠎ᠢ ᠪᠠᠶ᠋ᠢᠭᠤᠯᠵᠤ᠂ ᠬᠢᠨᠠᠨ ᠪᠠᠶ᠋ᠢᠴᠠᠭ᠋ᠠᠬᠤ ᠠᠷᠭ᠎ᠠ ᠬᠡᠯᠪᠡᠷᠢ᠎ᠪᠠᠨ ᠰᠢᠯᠢᠳᠡᠭᠵᠢᠭᠦᠯᠬᠦ ᠬᠡᠷᠡᠭᠲᠡᠶ
ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠨᠢ ᠠᠵᠤ ᠠᠬᠤᠶ᠋ᠢᠯᠠᠯ᠎ᠤᠨ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠲᠠᠢ ᠬᠤᠯᠪᠣᠭᠳᠠᠬᠤ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠵᠡᠷᠭᠡ ᠠᠰᠠᠭᠤᠳᠠᠯ᠎ᠤᠨ ᠲᠤᠬᠠᠶ ᠠᠵᠤ ᠠᠬᠤᠶ᠋ᠢᠯᠠᠯ᠎ᠤᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠪᠤᠶᠤ ᠲᠡᠭᠦᠨ᠎ᠤ ᠡᠷᠬᠡ ᠣᠯᠭᠤᠭᠰᠠᠨ ᠠᠵᠤ ᠠᠬᠤᠶ᠋ᠢᠯᠠᠯ᠎ᠤᠨ ᠪᠤᠰᠤᠳ ᠭᠤᠣᠯ ᠬᠠᠷᠢᠭᠤᠴᠠᠯᠭ᠋ᠠᠲᠠᠨ (ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ A ᠦᠨᠡᠮᠯᠡᠯ) (ᠳᠣᠷᠣᠭᠰᠢ ᠯᠠᠪᠯᠠᠨ ᠠᠰᠠᠭᠤᠭᠳᠠᠬᠤ ᠬᠥᠮᠦᠰ ᠭᠡᠵᠦ ᠶᠡᠷᠦᠩᠬᠡᠶ᠋ᠢᠯᠡᠨ ᠨᠡᠷᠡᠶ᠋ᠢᠳᠦᠨ᠎ᠡ)᠎ᠠᠴᠠ ᠨᠢᠭᠤᠷᠳᠠᠨ ᠯᠠᠪᠯᠠᠵᠤ ᠠᠰᠠᠭᠤᠵᠤ ᠪᠣᠯᠤᠨ᠎ᠠ᠂ ᠯᠠᠪᠯᠠᠨ ᠠᠰᠠᠭᠤᠭᠳᠠᠬᠤ ᠬᠥᠮᠦᠰ ᠲᠣᠭᠲᠠᠭᠰᠠᠨ ᠴᠠᠭ᠎ᠲᠤ ᠲᠤᠬᠠᠶ ᠵᠢᠨ ᠭᠠᠵᠠᠷ᠎ᠲᠤᠨᠢ ᠬᠦᠷᠬᠦ ᠵᠢᠨ ᠬᠠᠮᠲᠤ ᠬᠠᠮᠢᠶ᠎ᠠ ᠪᠦᠬᠦᠢ ᠠᠰᠠᠭᠤᠳᠠᠯ᠎ᠳᠤ ᠦᠨᠡᠨ ᠪᠣᠳᠠᠲᠠᠶ᠎ᠪᠠᠷ ᠲᠣᠳᠣᠷᠬᠠᠶ᠋ᠢᠯᠠᠯᠲᠠ ᠬᠢᠬᠦ ᠬᠡᠷᠡᠭᠲᠡᠶ᠃ ᠨᠢᠭᠤᠷᠳᠠᠨ ᠯᠠᠪᠯᠠᠨ ᠠᠰᠠᠭᠤᠬᠤ᠎ᠪᠠᠷ ᠳᠠᠮᠵᠢᠭ᠋ᠠᠳ᠂ ᠠᠵᠤ ᠠᠬᠤᠶ᠋ᠢᠯᠠᠯ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ ᠭᠤᠶᠤᠴᠢᠯᠠᠬᠤ ᠦᠶ᠎ᠡ᠎ᠳᠤ ᠬᠠᠩᠭ᠋ᠠᠭᠰᠠᠨ ᠮᠡᠳᠡᠭᠦᠯᠬᠦ ᠮᠠᠲ᠋ᠧᠷᠢᠶᠠᠯ᠎ᠨᠢ ᠦᠨᠡᠨ ᠪᠣᠳᠠᠲᠠᠢ ᠪᠢᠰᠢ ᠭᠡᠵᠦ ᠵᠥᠪᠰᠢᠶᠡᠷᠡᠭᠰᠡᠨ ᠪᠠᠶ᠋ᠢᠪᠠᠯ᠂ ᠵᠥᠪᠰᠢᠶᠡᠷᠡᠭᠰᠡᠨ ᠦᠭᠡᠢ᠎ᠪᠠᠷ ᠰᠢᠢ᠍ᠳᠪᠦᠷᠢᠯᠡᠵᠦ ᠳᠠᠭᠤᠰᠬᠠᠨ᠎ᠠ᠃
ᠲᠠᠪᠤ᠂ ᠮᠡᠳᠡᠭᠡ ᠵᠠᠩᠭᠢ ᠵᠢᠨ ᠬᠠᠷᠢᠴᠠᠭᠤᠯᠤᠯ᠎ᠢ ᠴᠢᠩᠭ᠋ᠠᠳᠬᠠᠵᠤ᠂ ᠢᠲᠡᠭᠡᠮᠵᠢ ᠵᠢᠨ ᠬᠠᠮᠢᠶᠠᠷᠤᠯᠲᠠ ᠵᠢ ᠴᠢᠩᠭ᠋ᠠᠷᠠᠭᠤᠯᠬᠤ ᠬᠡᠷᠡᠭᠲᠡᠶ
ᠠᠵᠤ ᠠᠬᠤᠶ᠋ᠢᠯᠠᠯ᠎ᠤᠨ ᠮᠡᠳᠡᠭᠦᠯᠦᠨ ᠬᠦᠷᠭᠡᠭᠰᠡᠨ ᠠᠶᠤᠯᠭᠦᠢ ᠵᠢᠨ ᠬᠠᠮᠢᠶᠠᠷᠤᠯᠲᠠ ᠵᠢᠨ ᠠᠵᠢᠯᠲᠠᠨ ᠪᠣᠯᠤᠨ ᠣᠨᠴᠠ ᠲᠥᠷᠥᠯ᠎ᠤᠨ ᠠᠵᠢᠯᠯᠠᠭᠰᠠᠳ ᠵᠡᠷᠭᠡ ᠮᠡᠳᠡᠭᠡ ᠵᠠᠩᠭᠢ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠲᠠᠪᠴᠠᠩ (ᠳᠣᠷᠣᠭᠰᠢ ᠬᠢᠨᠠᠨ ᠵᠥᠪᠰᠢᠶᠡᠷᠡᠬᠦ ᠲᠠᠪᠴᠠᠩ ᠭᠡᠵᠦ ᠲᠣᠪᠴᠢᠯᠠᠨ᠎ᠠ)᠎ᠤᠨ ᠬᠠᠮᠢᠶᠠᠷᠤᠯᠲᠠ᠎ᠳᠤ ᠣᠷᠣᠭᠤᠯᠵᠤ᠂ ᠬᠠᠮᠢᠶ᠎ᠠ ᠪᠦᠬᠦᠢ ᠮᠡᠳᠡᠭᠡ ᠵᠠᠩᠭᠢ ᠵᠢ ᠠᠦ᠋ᠲ᠋ᠣ᠋ ᠬᠢᠨᠠᠨ ᠰᠢᠯᠭ᠋ᠠᠨ᠎ᠠ᠃ ᠠᠳᠠᠯᠢ ᠪᠤᠰᠤ ᠠᠵᠤ ᠠᠬᠤᠶ᠋ᠢᠯᠠᠯ᠎ᠤᠨ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ ᠠᠪᠬᠤ᠎ᠪᠠᠷ ᠭᠤᠶᠤᠴᠢᠯᠠᠭᠰᠠᠨ ᠬᠥᠮᠦᠰ᠎ᠤᠨ ᠮᠡᠳᠡᠭᠡ ᠵᠠᠩᠭᠢ ᠵᠢ ᠬᠢᠨᠠᠨ ᠵᠥᠪᠰᠢᠶᠡᠷᠡᠬᠦ ᠲᠠᠪᠴᠠᠩ᠎ᠳᠤ ᠰᠠᠨᠠᠭᠤᠯᠭ᠎ᠠ ᠪᠢᠴᠢᠵᠦ᠂ ᠬᠢᠨᠠᠨ ᠵᠥᠪᠰᠢᠶᠡᠷᠡᠬᠦ ᠦᠶ᠎ᠡ᠎ᠳᠤ ᠴᠢᠩᠭ᠎ᠠ ᠬᠢᠨᠠᠨ ᠬᠠᠷᠭᠤᠭᠤᠯᠤᠨ᠎ᠠ᠃ ᠭᠤᠶᠤᠴᠢᠯᠠᠯ᠎ᠳᠤ ᠪᠠᠶ᠋ᠢᠨ ᠳᠠᠬᠢᠨ ᠢᠯᠡᠷᠡᠭᠰᠡᠨ ᠬᠣᠯᠪᠤᠭᠳᠠᠯ ᠪᠥᠬᠦᠶ ᠬᠥᠮᠦᠰ᠎ᠲᠤ ᠠᠵᠤ ᠠᠬᠤᠶ᠋ᠢᠯᠠᠯ ᠪᠠ ᠠᠵᠢᠯᠲᠠᠨ᠎ᠤ ᠬᠥᠳᠡᠯᠮᠦᠷᠢ ᠵᠢᠨ ᠬᠠᠷᠢᠴᠠᠭ᠎ᠠ ᠵᠢ ᠴᠢᠩᠭ᠎ᠠ ᠬᠢᠨᠠᠨ ᠪᠠᠶ᠋ᠢᠴᠠᠭ᠋ᠠᠵᠤ᠂ ᠭᠤᠤᠯᠳᠠᠯᠭ᠎ᠠ᠎ᠲᠠᠢ ᠬᠢᠨᠠᠨ ᠬᠠᠮᠢᠶᠠᠷᠬᠤ ᠨᠡᠷ᠎ᠡ ᠵᠢᠨ ᠪᠦᠷᠢᠳᠭᠡᠯ᠎ᠳᠤ ᠣᠷᠣᠭᠤᠯᠤᠨ᠎ᠠ᠃
ᠠᠵᠤ ᠠᠬᠤᠶ᠋ᠢᠯᠠᠯ ᠬᠠᠮᠢᠶ᠎ᠠ ᠪᠦᠬᠦᠢ ᠪᠠᠶ᠋ᠢᠳᠠᠯ ᠵᠶ᠋ᠠᠨ ᠨᠢᠭᠤᠨ ᠳᠠᠯᠳᠠᠯᠠᠬᠤ ᠪᠤᠶᠤ ᠬᠤᠳᠠᠯ ᠬᠠᠭᠤᠷᠮᠠᠭ ᠮᠠᠲ᠋ᠧᠷᠢᠶᠠᠯ ᠬᠠᠩᠭ᠋ᠠᠵᠤ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ ᠭᠤᠶᠤᠴᠢᠯᠠᠪᠠᠯ᠂ 1 ᠵᠢᠯ᠎ᠤᠨ ᠳᠣᠲᠣᠷ᠎ᠠ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ ᠭᠤᠶᠤᠴᠢᠯᠠᠵᠤ ᠪᠣᠯᠬᠤ ᠦᠭᠡᠢ᠃ ᠠᠵᠤ ᠠᠬᠤᠶ᠋ᠢᠯᠠᠯ ᠬᠤᠳᠠᠯ ᠵᠶ᠋ᠠᠷ ᠵᠣᠬᠢᠶᠠᠬᠤ᠂ ᠬᠠᠭᠤᠷᠮᠠᠭ ᠵᠶ᠋ᠠᠷ ᠵᠣᠬᠢᠶᠠᠬᠤ ᠵᠡᠷᠭᠡ ᠮᠡᠬᠡᠯᠡᠬᠦ ᠠᠷᠭ᠎ᠠ ᠪᠠᠷᠢᠯ ᠵᠶ᠋ᠠᠷ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ ᠣᠯᠣᠭᠰᠠᠨ ᠪᠠᠶ᠋ᠢᠪᠠᠯ᠂ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ᠎ᠨᠢ ᠬᠠᠤᠯᠢ ᠶᠣᠰᠣᠭ᠋ᠠᠷ ᠬᠦᠴᠦᠨ ᠦᠭᠡᠢ ᠪᠣᠯᠭ᠋ᠠᠵᠤ᠂ 3 ᠵᠢᠯ᠎ᠤᠨ ᠳᠣᠲᠣᠷ᠎ᠠ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ ᠳᠠᠬᠢᠨᠲᠠ ᠭᠤᠶᠤᠴᠢᠯᠠᠵᠤ ᠪᠣᠯᠬᠤ ᠦᠭᠡᠢ ᠪᠥᠭᠡᠳ ᠬᠠᠤᠯᠢ ᠲᠣᠭᠲᠠᠭ᠋ᠠᠯ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠬᠡᠯ ᠣᠯᠭᠤᠨ᠎ᠠ᠃ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ ᠬᠦᠴᠦᠨ ᠦᠭᠡᠶ ᠪᠣᠯᠭ᠋ᠠᠬᠤ᠎ᠠᠴᠠ ᠪᠣᠯᠣᠭᠰᠠᠨ ᠠᠯᠢᠪᠠ ᠲᠦᠭᠰᠢᠭᠦᠷᠢ ᠵᠢᠴᠢ ᠬᠠᠤᠯᠢ ᠴᠠᠭ᠋ᠠᠵᠠ ᠵᠢᠨ ᠦᠷ᠎ᠡ ᠳ᠋ᠦᠩ᠎ᠢ ᠭᠤᠶᠤᠴᠢᠯᠠᠭᠴᠢ ᠡᠭᠦᠷᠭᠡᠯᠡᠨ᠎ᠡ᠃ ᠬᠣᠯᠪᠤᠭᠳᠠᠯ ᠪᠥᠬᠦᠶ ᠠᠵᠤ ᠠᠬᠤᠶ᠋ᠢᠯᠠᠯ ᠪᠠ ᠬᠠᠷᠢᠭᠤᠴᠠᠯᠭ᠎ᠠ᠎ᠲᠠᠢ ᠬᠥᠮᠦᠨ᠎ᠢ ᠭᠤᠤᠯᠳᠠᠯᠭ᠎ᠠ᠎ᠲᠠᠢ ᠬᠢᠨᠠᠨ ᠬᠠᠮᠢᠶᠠᠷᠬᠤ ᠡᠲᠡᠭᠡᠳ᠎ᠲᠤ ᠵᠢᠭᠰᠠᠭ᠋ᠠᠨ ᠣᠷᠣᠭᠤᠯᠬᠤ ᠵᠢᠨ ᠬᠠᠮᠲᠤ ᠬᠣᠯᠪᠤᠭᠳᠠᠯ ᠪᠥᠬᠦᠶ ᠲᠠᠪᠴᠠᠩ᠎ᠳᠤ ᠳᠡᠮᠳᠡᠭᠯᠡᠨ᠎ᠡ᠃
ᠵᠢᠷᠭᠤᠭ᠎ᠠ᠂ ᠬᠦᠳᠡᠯᠦᠩᠬᠦᠢ᠎ᠪᠠᠷ ᠬᠠᠷᠭᠤᠭᠤᠯᠤᠨ ᠪᠠᠶ᠋ᠢᠴᠠᠭ᠋ᠠᠬᠤ ᠵᠢ ᠴᠢᠩᠭ᠋ᠠᠷᠠᠭᠤᠯᠵᠤ᠂ ᠠᠵᠢᠯᠲᠠᠨ᠎ᠤ ᠪᠠᠷᠢᠮᠵᠢᠶ᠎ᠠ ᠵᠢ ᠪᠠᠲᠤᠯᠠᠬᠤ ᠬᠡᠷᠡᠭᠲᠡᠢ
ᠠᠵᠤ ᠠᠬᠤᠶ᠋ᠢᠯᠠᠯ᠎ᠤᠨ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ ᠪᠣᠯᠤᠨ ᠣᠨᠴᠠ ᠲᠥᠷᠥᠯ᠎ᠤᠨ ᠠᠵᠢᠯᠯᠠᠭᠰᠠᠳ ᠡᠷᠬᠡᠪᠰᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠬᠣᠯᠪᠤᠭᠳᠠᠯ ᠪᠦᠬᠦᠢ ᠲᠣᠭᠲᠠᠭ᠋ᠠᠯ᠎ᠢ ᠬᠠᠩᠭ᠋ᠠᠵᠤ᠂ ᠬᠢᠨᠠᠨ ᠵᠥᠪᠰᠢᠶᠡᠷᠡᠬᠦ ᠲᠠᠪᠴᠠᠩ᠎ᠳᠤ ᠲᠦᠰᠢᠭᠯᠡᠨ ᠳᠡᠭᠡᠷ᠎ᠡ ᠳᠤᠷᠠᠳᠤᠭᠰᠠᠨ ᠠᠵᠢᠯᠲᠠᠨ᠎ᠳᠤ ᠬᠥᠳᠡᠯᠦᠩᠭᠦᠶ᠎ᠪᠠᠷ ᠬᠢᠨᠠᠯᠲᠠ ᠬᠠᠮᠢᠶᠠᠷᠤᠯᠲᠠ ᠬᠢᠵᠦ᠂ ᠬᠦᠷᠦᠯᠴᠡᠬᠦ ᠦᠭᠡᠶ ᠲᠠᠯ᠎ᠠ ᠭᠠᠷᠪᠠᠯ᠂ ᠠᠵᠤ ᠠᠬᠤᠶ᠋ᠢᠯᠠᠯ᠎ᠳᠤ ᠴᠡᠭᠴᠡᠯᠡᠨ ᠰᠠᠶ᠋ᠢᠵᠢᠷᠠᠭᠤᠯᠬᠤ ᠵᠢ ᠰᠠᠨᠠᠭᠤᠯᠵᠤ᠂ ᠴᠡᠭᠴᠡᠯᠡᠨ ᠰᠠᠶ᠋ᠢᠵᠢᠷᠠᠭᠤᠯᠬᠤ ᠬᠤᠭᠤᠴᠠᠭ᠎ᠠ ᠳᠠᠭᠤᠰᠤᠭᠰᠠᠨ᠎ᠤ ᠳᠠᠷᠠᠭ᠎ᠠ᠂ ᠮᠥᠨ ᠬᠦ᠌ ᠪᠠᠷᠢᠮᠵᠢᠶ᠎ᠠ ᠵᠢᠨ ᠱᠠᠭ᠋ᠠᠷᠳᠠᠯᠭ᠎ᠠ᠎ᠳᠤ ᠬᠦᠷᠦᠭᠡᠳᠦᠶ ᠪᠣᠯ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ᠎ᠨᠢ ᠬᠠᠤᠯᠢ ᠶᠣᠰᠣᠭ᠋ᠠᠷ ᠪᠤᠴᠠᠭ᠋ᠠᠨ ᠠᠪᠤᠨ᠎ᠠ᠃
ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ ᠨᠢᠭᠡᠨᠲᠡ ᠣᠯᠤᠭᠰᠠᠨ ᠠᠵᠤ ᠠᠬᠤᠶ᠋ᠢᠯᠠᠯ᠂ ᠲᠥᠷᠥᠯ ᠵᠦᠢ᠍ᠯ ᠨᠡᠮᠡᠭᠳᠡᠭᠦᠯᠬᠦ ᠪᠤᠶᠤ ᠳᠡᠰ ᠳᠡᠪᠰᠢᠭᠦᠯᠦᠨ ᠪᠤᠰᠤᠳ ᠲᠥᠷᠥᠯ ᠢᠯᠭ᠋ᠠᠯ ᠪᠠ ᠵᠡᠷᠭᠡ ᠳᠡᠰ ᠣᠯᠤᠭᠰᠠᠨ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠢᠷᠢ ᠭᠡᠮ᠎ᠢ ᠣᠯᠤᠭᠰᠠᠨ᠎ᠤ ᠳᠠᠷᠠᠭ᠎ᠠ᠂ 1 ᠰᠠᠷ᠎ᠠ ᠵᠢᠨ ᠳᠣᠲᠣᠷ᠎ᠠ ᠡᠵᠡᠩᠨᠡᠯᠲᠡ ᠵᠢᠨ ᠬᠡᠪᠴᠢᠶ᠎ᠡ᠂ ᠲᠥᠬᠥᠭᠡᠷᠦᠮᠵᠢ ᠵᠢᠨ ᠬᠠᠮᠢᠶᠠᠷᠤᠯᠲᠠ ᠪᠠ ᠦᠢ᠍ᠯᠡᠳᠪᠦᠷᠢᠯᠡᠯ᠎ᠤᠨ ᠬᠡᠷᠡᠭᠴᠡᠭᠡ᠎ᠲᠠᠢ ᠤᠶᠠᠯᠳᠤᠭᠤᠯᠵᠤ᠂ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠢ ᠲᠣᠬᠢᠷᠠᠭᠤᠯᠬᠤ ᠬᠣᠯᠪᠤᠭᠳᠠᠯ ᠪᠦᠬᠦᠢ ᠲᠣᠭᠲᠠᠭ᠋ᠠᠯ ᠶᠣᠰᠣᠭ᠋ᠠᠷ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠢ ᠭᠦᠢ᠍ᠴᠡᠳ ᠲᠣᠬᠢᠷᠠᠭᠤᠯᠵᠤ᠂ ᠬᠤᠭᠤᠴᠠᠭ᠎ᠠ᠎ᠨᠢ ᠬᠡᠲᠦᠷᠡᠲᠡᠯ᠎ᠡ ᠲᠣᠬᠢᠷᠠᠭᠤᠯᠤᠭᠰᠠᠨ ᠦᠭᠡᠶ ᠵᠢ᠎ᠨᠢ ᠬᠠᠤᠯᠢ ᠶᠣᠰᠣᠭ᠋ᠠᠷ ᠲᠡᠭᠦᠨ᠎ᠤ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ᠎ᠨᠢ ᠪᠤᠴᠠᠭ᠋ᠠᠨ ᠠᠪᠤᠨ᠎ᠠ᠃
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠷᠤᠨ ᠰᠠᠭᠤᠴᠠ ᠪᠠ ᠬᠤᠲᠠ ᠬᠦᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ
2023 ᠣᠨ᠎ᠤ 9 ᠳ᠋ᠦ᠍ᠭᠡᠷ ᠰᠠᠷ᠎ᠠ ᠵᠢᠨ 22᠎ᠤ ᠡᠳᠦᠷ