ᠪᠥᠲᠥᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠠᠵᠤ ᠠᠬᠤᠶ᠋ᠢᠯᠠᠯ᠎ᠤᠨ ᠬᠢᠷᠢ ᠴᠢᠳᠠᠮᠵᠢ᠎ᠪᠠᠷ ᠦᠨᠡᠮᠯᠡᠯ ᠰᠣᠯᠢᠬᠤ ᠬᠤᠯᠪᠣᠭᠳᠠᠯ ᠪᠥᠬᠦᠶ ᠠᠵᠢᠯ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠰᠠᠨᠠᠭᠤᠯᠤᠮᠵᠢ
2024-03-23

     ᠠᠵᠤ ᠠᠬᠤᠶ᠋ᠢᠯᠠᠯ᠎ᠳᠤ ᠠᠰᠢᠭ ᠬᠦᠷᠲᠡᠭᠡᠵᠦ ᠠᠷᠠᠳ᠎ᠲᠤ ᠠᠰᠢᠭ ᠬᠦᠷᠲᠡᠭᠡᠬᠦ ᠵᠠᠷᠴᠢᠮ ᠶᠣᠰᠣᠭ᠋ᠠᠷ᠂ ᠣᠶ᠋ᠢᠷ᠎ᠠ ᠵᠢᠨ ᠬᠤᠭᠤᠴᠠᠭ᠋ᠠᠨ᠎ᠳᠤ ᠮᠠᠨ᠎ᠤ ᠣᠷᠣᠨ᠎ᠤ ᠪᠥᠲᠥᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠠᠵᠤ ᠠᠬᠤᠶ᠋ᠢᠯᠠᠯ᠎ᠤᠨ ᠬᠢᠷᠢ ᠬᠡᠮ᠎ᠤᠨ ᠦᠨᠡᠮᠯᠡᠯ ᠰᠣᠯᠢᠬᠤ ᠠᠵᠢᠯ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠮᠠᠨ᠎ᠤ ᠲᠢᠩᠬᠢᠮ᠎ᠤᠨ ᠰᠣᠯᠢᠵᠤ ᠣᠯᠭᠤᠬᠤ ᠬᠡᠪᠴᠢᠶᠡᠨ ᠳᠣᠲᠣᠷᠠᠬᠢ ᠢᠨᠵᠧᠨᠧᠷᠢᠩ᠎ᠤᠨ ᠬᠠᠶ᠋ᠢᠨ ᠪᠠᠶ᠋ᠢᠴᠠᠭ᠋ᠠᠬᠤ᠂ ᠢᠨᠵᠧᠨᠧᠷᠢᠩ᠎ᠤᠨ ᠵᠢᠷᠤᠭ ᠲᠥᠯᠥᠪᠯᠡᠭᠡ᠂ ᠢᠨᠵᠧᠨᠧᠷᠢᠩ᠎ᠤᠨ ᠦᠢ᠍ᠯᠡᠰ᠎ᠤᠨ ᠠᠵᠤ ᠠᠬᠤᠶ᠋ᠢᠯᠠᠯ᠂ ᠢᠨᠵᠧᠨᠧᠷᠢᠩ᠎ᠤᠨ ᠬᠢᠨᠠᠨ ᠬᠠᠮᠢᠶᠠᠷᠬᠤ ᠠᠵᠤ ᠠᠬᠤᠶ᠋ᠢᠯᠠᠯ᠎ᠤᠨ ᠬᠢᠷᠢ ᠬᠡᠮ᠂ ᠬᠢᠷᠢ ᠬᠡᠮ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠨᠢ 2024 ᠣᠨ᠎ᠤ 3 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ ᠡᠮᠦᠨ᠎ᠡ ᠬᠤᠭᠤᠴᠠᠭ᠎ᠠ᠎ᠨᠢ ᠳᠦᠭᠦᠷᠦᠭᠰᠡᠨ ᠪᠣᠯᠪᠠᠴᠤ ᠦᠨᠡᠮᠯᠡᠯ ᠰᠣᠯᠢᠬᠤ ᠭᠤᠶᠤᠴᠢᠯᠠᠯ ᠵᠶ᠋ᠠᠨ ᠬᠠᠷᠠᠬᠠᠨ ᠲᠤᠰᠢᠶᠠᠭ᠋ᠠᠳᠤᠢ ᠠᠵᠤ ᠠᠬᠤᠶ᠋ᠢᠯᠠᠯ ᠮᠠᠨ᠎ᠤ ᠲᠢᠩᠬᠢᠮ᠎ᠤᠨ 2024 ᠣᠨ᠎ᠤ 1 ᠳ᠋ᠦ᠍ᠭᠡᠷ ᠰᠠᠷ᠎ᠠ ᠵᠢᠨ 4᠎ᠤ ᠡᠳᠦᠷ ᠨᠡᠶ᠋ᠢᠲᠡᠯᠡᠭᠰᠡᠨ 《ᠬᠤᠯᠪᠣᠭᠳᠠᠯ ᠪᠥᠬᠦᠶ ᠪᠥᠲᠥᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠠᠵᠤ ᠠᠬᠤᠶ᠋ᠢᠯᠠᠯ᠎ᠤᠨ ᠬᠢᠷᠢ ᠬᠡᠮ᠎ᠤᠨ ᠦᠨᠡᠮᠯᠡᠯ᠎ᠢ ᠰᠣᠯᠢᠵᠤ ᠠᠪᠬᠤ ᠠᠵᠢᠯ᠎ᠢ ᠰᠠᠶ᠋ᠢᠲᠤᠷ ᠬᠢᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠮᠡᠳᠡᠭᠳᠡᠯ》 (ᠥᠪᠥᠷ ᠪᠥᠲᠥᠭᠡᠨ ᠵᠠᠰᠠᠭ ᠵᠠᠬᠢᠳᠠᠯ [2024] 4 ᠳ᠋ᠤᠭᠡᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ 2024 ᠣᠨ᠎ᠤ 3 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ ᠡᠮᠦᠨ᠎ᠡ ᠦᠨᠡᠮᠯᠡᠯ ᠰᠣᠯᠢᠬᠤ ᠭᠤᠶᠤᠴᠢᠯᠠᠯ ᠵᠶ᠋ᠠᠨ ᠲᠤᠰᠢᠶᠠᠵᠤ᠂ ᠲᠣᠰ ᠬᠢᠷᠢ ᠬᠡᠮ᠎ᠤᠨ ᠲᠥᠷᠥᠯ ᠵᠦᠢ᠍ᠯ᠎ᠨᠢ 2024 ᠣᠨ᠎ᠤ 1 ᠳ᠋ᠦ᠍ᠭᠡᠷ ᠰᠠᠷ᠎ᠠ ᠵᠢᠨ 31᠎ᠤ ᠡᠳᠦᠷ᠎ᠠᠴᠠ ᠦᠨᠡᠮᠯᠡᠯ ᠰᠣᠯᠢᠬᠤ ᠠᠯᠪᠠᠨ ᠵᠠᠷ᠎ᠠᠴᠠ ᠡᠮᠦᠨ᠎ᠡ ᠬᠦᠴᠦᠨ ᠥᠬᠡᠶ ᠪᠣᠯᠤᠨ᠎ᠠ᠃ ᠦᠨᠡᠮᠯᠡᠯ ᠰᠣᠯᠢᠬᠤ ᠴᠢᠬᠤᠯᠠᠲᠠᠶ ᠠᠵᠤ ᠠᠬᠤᠶ᠋ᠢᠯᠠᠯ᠎ᠨᠢ ᠦᠨᠡᠮᠯᠡᠯ ᠰᠣᠯᠢᠬᠤ ᠭᠤᠶᠤᠴᠢᠯᠠᠯ ᠵᠶ᠋ᠠᠨ ᠴᠠᠭ ᠲᠤᠬᠠᠶ᠎ᠳᠤᠨᠢ ᠲᠤᠰᠢᠶᠠᠬᠤ ᠵᠢᠨ ᠬᠠᠮᠲᠤ᠂ ᠦᠨᠡᠮᠯᠡᠯ ᠰᠣᠯᠢᠬᠤ ᠴᠢᠬᠤᠯᠠᠲᠠᠶ ᠪᠣᠯᠪᠠᠴᠤ ᠬᠦᠴᠦᠨ᠎ᠲᠠᠢ ᠬᠤᠭᠤᠴᠠᠭ᠎ᠠ᠎ᠨᠢ ᠬᠠᠷᠠᠬᠠᠨ ᠳᠠᠭᠤᠰᠤᠭ᠋ᠠᠳᠤᠶ ᠠᠵᠤ ᠠᠬᠤᠶ᠋ᠢᠯᠠᠯ᠎ᠨᠢ ᠦᠨᠡᠮᠯᠡᠯ᠎ᠤᠨ ᠮᠡᠳᠡᠭᠡ ᠵᠠᠩᠭᠢ ᠵᠢ ᠴᠠᠭ ᠲᠤᠬᠠᠶ᠎ᠳᠤᠨᠢ ᠠᠩᠬᠠᠷᠴᠤ᠂ ᠡᠷᠬᠡᠪᠰᠢ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠨᠢ ᠳᠠᠭᠤᠰᠬᠤ᠎ᠠᠴᠠ ᠡᠮᠦᠨ᠎ᠡ ᠦᠨᠡᠮᠯᠡᠯ ᠰᠣᠯᠢᠬᠤ ᠭᠤᠶᠤᠴᠢᠯᠠᠯ ᠵᠶ᠋ᠠᠨ ᠲᠤᠰᠢᠶᠠᠬᠤ ᠬᠡᠷᠡᠭᠲᠡᠶ᠂ 2024 ᠣᠨ᠎ᠤ 3 ᠰᠠᠷ᠎ᠠ ᠵᠢᠨ 31᠎ᠤ ᠡᠳᠦᠷ᠎ᠠᠴᠠ ᠳᠠᠷᠠᠭ᠎ᠠ ᠮᠠᠨ᠎ᠤ ᠣᠷᠣᠨ᠎ᠤ ᠡᠯ᠎ᠡ ᠱᠠᠲᠤᠨ᠎ᠤ ᠪᠥᠲᠥᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠠᠵᠤ ᠠᠬᠤᠶ᠋ᠢᠯᠠᠯ᠎ᠤᠨ ᠬᠢᠷᠢ ᠬᠡᠮ᠎ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠠᠴᠠ ᠬᠦᠴᠦᠨ᠎ᠲᠠᠢ ᠬᠤᠭᠤᠴᠠᠭ᠎ᠠ ᠳᠦᠭᠦᠷᠦᠭᠰᠡᠨ ᠬᠢᠷᠢ ᠬᠡᠮ᠎ᠤᠨ ᠦᠨᠡᠮᠯᠡᠯ ᠰᠣᠯᠢᠬᠤ ᠭᠤᠶᠤᠴᠢᠯᠠᠯ᠎ᠢ ᠳᠠᠭᠢᠵᠤ ᠭᠥᠯᠢᠶᠡᠨ ᠠᠪᠴᠤ ᠰᠢᠢ᠍ᠳᠪᠦᠷᠢᠯᠡᠬᠦ ᠥᠬᠡᠶ᠃

 

    2024  ᠣᠨ᠎ᠤ 3 ᠳ᠋ᠤᠭ᠋ᠠᠷ ᠰᠠᠷ᠎ᠠ ᠵᠢᠨ 18᠎ᠤ ᠡᠳᠦᠷ

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ