2025 ᠣᠨ᠎ᠤ ᠲᠠᠪᠤᠳᠤᠭ᠋ᠠᠷ ᠪᠦᠯᠦᠭ ᠬᠥᠮᠦᠰ᠎ᠤᠨ ᠬᠢᠷᠢ ᠬᠡᠮ᠎ᠤᠨ ᠲᠥᠷᠥᠯ᠎ᠤᠨ ᠬᠢᠨᠠᠨ ᠵᠥᠪᠰᠢᠶᠡᠷᠡᠬᠦ ᠵᠦᠢ᠍ᠯᠡᠰ᠎ᠢ ᠬᠢᠨᠠᠨ ᠵᠥᠪᠰᠢᠶᠡᠷᠡᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠵᠠᠷᠯᠠᠯ
2025-02-24

        [2025 ] 18 ᠳ᠋ᠤᠭ᠋ᠠᠷ  ᠲᠣᠭ᠋ᠠᠲᠤ

 

    《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 ᠵᠢᠴᠢ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠠᠵᠢᠯᠲᠠᠨ᠎ᠤ ᠬᠢᠷᠢ ᠬᠡᠮ᠎ᠤᠨ ᠬᠠᠮᠢᠶᠠᠷᠤᠯᠲᠠ ᠵᠢᠨ  ᠬᠣᠯᠪᠣᠭᠳᠠᠯ  ᠪᠥᠬᠦᠶ ᠬᠠᠤᠯᠢ ᠴᠠᠭ᠋ᠠᠵᠠ ᠲᠦᠷᠢᠮ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ᠂ ᠮᠠᠨ᠎ᠤ ᠲᠢᠩᠬᠢᠮ᠎ᠠᠴᠠ 2025  ᠣᠨ᠎ᠤ  ᠲᠠᠪᠤᠳᠤᠭ᠋ᠠᠷ ᠪᠦᠯᠦᠭ ᠠᠵᠢᠯᠲᠠᠨ᠎ᠤ ᠬᠢᠷᠢ ᠬᠡᠮ᠎ᠢ ᠬᠢᠨᠠᠨ ᠵᠥᠪᠰᠢᠶᠡᠷᠡᠬᠦ ᠵᠦᠢ᠍ᠯᠡᠰ᠎ᠲᠤ ᠬᠢᠨᠠᠨ ᠪᠠᠶ᠋ᠢᠴᠠᠭ᠋ᠠᠯᠲᠠ ᠬᠢᠵᠦ᠂ ᠣᠲᠣ  ᠬᠢᠨᠠᠨ ᠵᠥᠪᠰᠢᠶᠡᠷᠡᠭᠰᠡᠨ 682 ᠨᠡᠷ᠎ᠡ ᠪᠠᠷᠢᠯᠭ᠎ᠠ ᠵᠢᠨ ᠠᠵᠢᠯ᠎ᠤᠨ ᠠᠵᠤ ᠠᠬᠤᠶ᠋ᠢᠯᠠᠯ᠎ᠤᠨ 《ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠭᠴᠢ》 ᠵᠢᠨ ᠨᠡᠷᠡᠰ᠂ 262 ᠨᠡᠷ᠎ᠡ ᠬᠤᠶᠠᠳᠤᠭ᠋ᠠᠷ ᠳᠡᠰ᠎ᠤᠨ ᠳᠠᠩᠰᠠᠯᠠᠭᠤᠯᠤᠭᠰᠠᠨ  ᠪᠠᠢ᠌ᠭᠤᠯᠤᠭᠴᠢ ᠵᠢᠨ ᠨᠡᠷᠡᠰ᠂ 2 ᠨᠡᠷ᠎ᠡ ᠳᠠᠩᠰᠠᠯᠠᠭᠤᠯᠤᠭᠰᠠᠨ  ᠬᠤᠶᠠᠳᠤᠭ᠋ᠠᠷ ᠳᠡᠰ᠎ᠤᠨ  ᠥᠷᠳᠡᠭ᠎ᠤᠨ ᠢᠨᠵᠧᠨᠧᠷ ᠎ᠤᠨ  ᠨᠡᠷᠡᠰ ᠂ 1 ᠨᠡᠷ᠎ᠡ ᠬᠤᠶᠠᠳᠤᠭ᠋ᠠᠷ ᠳᠡᠰ᠎ᠤᠨ  ᠳᠠᠩᠰᠠᠯᠠᠭᠤᠯᠤᠭᠰᠠᠨ ᠪᠠᠷᠢᠯᠭ᠋ᠠᠴᠢᠨ᠎ᠤ  ᠨᠡᠷᠡᠰ ᠂ 3 ᠨᠡᠷ᠎ᠡ ᠳᠠᠩᠰᠠᠯᠠᠭᠤᠯᠤᠭᠰᠠᠨ  ᠬᠤᠶᠠᠳᠤᠭ᠋ᠠᠷ ᠳᠡᠰ᠎ᠤᠨ ᠪᠦᠲᠦᠴᠡ ᠵᠢᠨ ᠢᠨᠵᠧᠨᠧᠷ᠎ᠤᠨ  ᠨᠡᠷᠡᠰ ᠂ 64 ᠨᠡᠷ᠎ᠡ ᠪᠠᠷᠢᠯᠭ᠎ᠠ ᠵᠢᠨ ᠠᠵᠢᠯ᠎ᠤᠨ ᠣᠨᠴᠠᠭ᠋ᠠᠢ ᠠᠵᠢᠯᠯᠠᠭ᠋ᠠᠨ᠎ᠤ ᠠᠵᠢᠯᠯᠠᠬᠤ ᠬᠢᠷᠢ ᠬᠡᠮ᠎ᠤᠨ ᠰᠢᠯᠭ᠋ᠠᠨ ᠬᠢᠨᠠᠯᠲᠠ᠎ᠳᠤ ᠬᠢᠷᠢ ᠲᠡᠩᠴᠡᠭᠰᠡᠨ ᠬᠥᠮᠥᠰ᠎ᠤᠨ ᠨᠡᠷᠡᠰ᠎ᠢ ᠨᠡᠢ᠌ᠲᠡᠯᠡᠨ᠎ᠡ᠃ ᠬᠢᠨᠠᠨ ᠵᠥᠪᠰᠢᠶᠡᠷᠡᠭᠳᠡᠭᠰᠡᠨ ᠦᠭᠡᠢ᠂   ᠳᠠᠩᠰᠠᠯᠠᠭᠳᠠᠭᠰᠠᠨ ᠦᠭᠡᠢ ᠬᠥᠮᠦᠰ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠰᠦᠯᠵᠢᠶᠡᠨ᠎ᠤ 《  ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠲᠤᠰᠬᠠᠶ ᠪᠤᠯᠤᠩ — ᠬᠠᠮᠤᠭ᠎ᠤᠨ ᠰᠢᠨ᠎ᠡ ᠠᠬᠢᠴᠠ ᠵᠢ ᠪᠠᠶ᠋ᠢᠴᠠᠭ᠋ᠠᠨ ᠯᠠᠪᠯᠠᠬᠤ》 ᠪᠣᠯᠤᠩ ᠎ᠠᠴᠠ  ᠬᠢᠨᠠᠨ ᠵᠥᠪᠰᠢᠶᠡᠷᠡᠭᠳᠡᠭᠰᠡᠨ ᠦᠭᠡᠢ᠂ ᠳᠠᠩᠰᠠᠯᠠᠭᠳᠠᠭᠰᠠᠨ ᠦᠭᠡᠢ ᠰᠢᠯᠲᠠᠭ᠋ᠠᠨ᠎ᠢ ᠪᠠᠶ᠋ᠢᠴᠠᠭ᠋ᠠᠨ ᠯᠠᠪᠯᠠᠵᠤ ᠪᠣᠯᠤᠨ᠎ᠠ᠃

ᠣᠨᠴᠠᠭ᠋ᠠᠢ᠌ᠯᠠᠨ ᠵᠠᠷᠯᠠᠪᠠ᠃

 

ᠳᠠᠭ᠋ᠠᠯᠳᠤᠭᠤᠯᠤᠯ᠄

    1. ᠵᠠᠩ ᠲᠥᠩ ᠶᠠᠨ ᠵᠡᠷᠭᠡ ᠪᠠᠷᠢᠯᠭ᠎ᠠ ᠵᠢᠨ ᠠᠵᠢᠯ᠎ᠤᠨ ᠠᠵᠤ ᠠᠬᠤᠢ᠌ᠯᠠᠯ᠎ᠤᠨ 《ᠠᠶᠤᠯ ᠦᠭᠡᠢ  ᠦᠢ᠍ᠯᠡᠳᠪᠦᠷᠢᠯᠡᠭᠴᠢ ᠵᠢᠨ ᠬᠠᠮᠢᠶᠠᠷᠤᠭᠴᠢ》 ᠵᠢᠨ ᠠᠶᠤᠯ ᠦᠭᠡᠢ  ᠦᠢ᠍ᠯᠡᠳᠪᠦᠷᠢᠯᠡᠯ᠎ᠤᠨ ᠰᠢᠯᠭ᠋ᠠᠨ ᠬᠢᠨᠠᠯᠲᠠ᠎ᠳᠤ ᠬᠢᠷᠢ ᠲᠡᠩᠴᠡᠭᠰᠡᠨ 682 ᠠᠵᠢᠯᠲᠠᠨ᠎ᠤ ᠨᠡᠷᠡᠰ

    2. ᠷᠧᠨ ᠵᠢᠶᠠ ᠴᠢ ᠵᠡᠷᠭᠡ ᠬᠤᠶᠠᠲᠤᠭ᠋ᠠᠷ ᠲᠡᠰ᠎ᠤᠨ  ᠪᠠᠢ᠌ᠭᠤᠯᠤᠭᠴᠢ ᠵᠢᠨ ᠲᠠᠩᠰᠠᠯᠠᠬᠤ ᠨᠦᠭᠦᠴᠡᠯ᠎ᠳᠤ ᠨᠡᠶ᠋ᠢᠴᠡᠭᠰᠡᠨ 262 ᠠᠵᠢᠯᠲᠠᠨ᠎ᠤ ᠨᠡᠷᠡᠰ

    3. ᠭᠥᠸᠧ ᠱᠠ ᠵᠡᠷᠭᠡ ᠬᠤᠶᠠᠲᠤᠭ᠋ᠠᠷ ᠲᠡᠰ᠎ᠤᠨ  ᠪᠠᠢ᠌ᠭᠤᠯᠤᠭᠴᠢ ᠵᠢᠨ ᠲᠠᠩᠰᠠᠯᠠᠬᠤ ᠨᠦᠭᠦᠴᠡᠯ᠎ᠳᠤ ᠨᠡᠶ᠋ᠢᠴᠡᠭᠰᠡᠨ 2 ᠠᠵᠢᠯᠲᠠᠨ᠎ᠤ ᠨᠡᠷᠡᠰ

    4. ᠵᠢᠢ ᠫᠧᠩ ᠢᠦᠢ ᠵᠡᠷᠭᠡ ᠬᠤᠶᠠᠳᠤᠭ᠋ᠠᠷ ᠳᠡᠰ᠎ᠤᠨ  ᠳᠠᠩᠰᠠᠯᠠᠭᠤᠯᠤᠭᠰᠠᠨ ᠪᠠᠷᠢᠯᠭ᠋ᠠᠴᠢᠨ᠎ᠤ ᠲᠠᠩᠰᠠᠯᠠᠬᠤ ᠨᠦᠭᠦᠴᠡᠯ᠎ᠳᠤ ᠨᠡᠶ᠋ᠢᠴᠡᠭᠰᠡᠨ 1 ᠠᠵᠢᠯᠲᠠᠨ᠎ᠤ ᠨᠡᠷᠡᠰ

    5. ᠯᠢᠦᠢ ᠼᠦᠩ ᠵᠡᠷᠭᠡ ᠬᠤᠶᠠᠳᠤᠭ᠋ᠠᠷ ᠳᠡᠰ᠎ᠤᠨ ᠪᠦᠲᠦᠴᠡ ᠵᠢᠨ ᠢᠨᠵᠧᠨᠧᠷ᠎ᠤᠨ  ᠲᠠᠩᠰᠠᠯᠠᠬᠤ ᠨᠦᠭᠦᠴᠡᠯ᠎ᠳᠤ ᠨᠡᠶ᠋ᠢᠴᠡᠭᠰᠡᠨ 3 ᠠᠵᠢᠯᠲᠠᠨ᠎ᠤ ᠨᠡᠷᠡᠰ

    6. ᠵᠠᠩ ᡁᠢ ᠴᠢᠩ ᠵᠡᠷᠭᠡ ᠪᠠᠷᠢᠯᠭ᠎ᠠ ᠵᠢᠨ ᠠᠵᠢᠯ᠎ᠤᠨ ᠣᠨᠴᠠᠭ᠋ᠠᠢ ᠠᠵᠢᠯᠯᠠᠭ᠋ᠠᠨ᠎ᠤ ᠠᠵᠢᠯᠯᠠᠬᠤ ᠬᠢᠷᠢ ᠬᠡᠮ᠎ᠤᠨ ᠰᠢᠯᠭ᠋ᠠᠨ ᠬᠢᠨᠠᠯᠲᠠ᠎ᠳᠤ ᠬᠢᠷᠢ ᠲᠡᠩᠴᠡᠭᠰᠡᠨ 64 ᠠᠵᠢᠯᠲᠠᠨ᠎ᠤ ᠨᠡᠷᠡᠰ

 

        2025  ᠣᠨ᠎ᠤ 2 ᠳ᠋ᠤᠭ᠋ᠠᠷ  ᠰᠠᠷ᠎ᠠ ᠵᠢᠨ 21᠎ᠤ ᠡᠳᠦᠷ

 



ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ