2025 ᠣᠨ᠎ᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠢᠯ᠎ᠤᠨ ᠠᠷᠭ᠎ᠠ ᠭᠤᠶᠤᠴᠢᠯᠠᠨ ᠮᠡᠳᠡᠭᠦᠯᠬᠦ᠌ ᠪᠠ ᠱᠢᠯᠭᠠᠷᠠᠭᠤᠯᠬᠤ ᠠᠵᠢᠯ᠎ᠢ ᠥᠷᠨᠢᠭᠦᠯᠬᠦ᠌ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠎ᠤᠨ ᠮᠡᠳᠡᠭ᠌ᠳᠡᠯ
2025-11-28

ᠥᠪᠥᠷ ᠪᠠᠢᠭᠤᠯᠤᠯᠲᠠ ᠴᠢᠨᠠᠷ [ 2025 ] 162 ᠳ᠋ᠤᠭᠠᠷ ᠲᠣᠭᠠᠲᠤ

ᠡᠯ᠎ᠡ ᠠᠢᠮᠠᠭ ᠬᠤᠲᠠ᠎ᠶ᠋ᠢᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠣᠪᠴᠢᠶ᠎ᠠ᠂ ᠡᠯ᠎ᠡ ᠬᠤᠯᠪᠣᠭ᠍ᠳᠠᠯ ᠪᠦᠬᠦᠢ ᠪᠠᠷᠢᠯᠭ᠎ᠠ᠎ᠶ᠋ᠢᠨ ᠠᠵᠤ ᠠᠬᠤᠢᠯᠠᠯ᠎ᠳᠤ᠄

ᠮᠠᠨ᠎ᠤ ᠣᠷᠣᠨ᠎ᠤ ᠪᠠᠷᠢᠯᠭ᠎ᠠ᠎ᠶ᠋ᠢᠨ ᠦᠢᠯᠡᠰ᠎ᠤᠨ ᠠᠵᠤ ᠠᠬᠤᠢᠯᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠬᠦ᠌᠎ᠶ᠋ᠢ ᠠᠬᠢᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠬᠤᠪᠢᠷᠠᠭᠤᠯᠬᠤ᠎ᠶ᠋ᠢ ᠲᠦᠷᠭᠡᠳᠭᠡᠨ᠂ 《 ᠰᠠᠢᠨ ᠭᠡᠷ 》᠎ᠤᠨ ᠪᠦᠲᠦᠭᠡᠨ ᠪᠠᠢᠭᠤᠯᠤᠯᠲᠠ ᠪᠠ ᠪᠠᠷᠢᠯᠭ᠎ᠠ᠎ᠶ᠋ᠢᠨ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠳᠤ ᠠᠩᠬᠠᠷᠤᠯ᠎ᠢᠶᠠᠨ ᠲᠥᠪᠯᠡᠷᠡᠭᠦᠯᠬᠦ᠌᠎ᠶ᠋ᠢᠨ ᠲᠤᠰᠠᠳᠠ᠂ 《 ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠢᠨᠵᠸᠨ᠋ᠸᠷᠢᠩ᠎ᠦᠨ ᠪᠦᠲᠦᠭᠡᠨ ᠪᠠᠢᠭᠤᠯᠤᠯᠲᠠ᠎ᠶ᠋ᠢᠨ ᠠᠵᠢᠯ᠎ᠤᠨ ᠬᠠᠤᠯᠢ᠎ᠶ᠋ᠢᠨ ᠬᠠᠮᠢᠶᠠᠷᠤᠯᠲᠠ᠎ᠶ᠋ᠢᠨ ᠠᠷᠭ᠎ᠠ 》 ( ᠥᠪᠥᠷ ᠪᠠᠢᠭᠤᠯᠤᠯᠲᠠ ᠴᠢᠨᠠᠷ [ 2023 ] 185 ᠳ᠋ᠤᠭᠠᠷ ᠲᠣᠭᠠᠲᠤ )᠂ ( ᠳᠣᠷᠣᠭ᠍ᠰᠢ 《 ᠠᠷᠭ᠎ᠠ 》 ᠭᠡᠵᠦ᠍ ᠲᠣᠪᠴᠢᠯᠠᠨ᠎ᠠ ) ᠎ᠶ᠋ᠢ ᠦᠨᠳᠦᠰᠦᠯᠡᠨ᠂ 2025 ᠣᠨ᠎ᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠢᠯ᠎ᠤᠨ ᠠᠷᠭ᠎ᠠ ᠭᠤᠶᠤᠴᠢᠯᠠᠨ ᠮᠡᠳᠡᠭᠦᠯᠬᠦ᠌ ᠪᠠ ᠬᠢᠨᠠᠨ ᠲᠣᠭ᠍ᠲᠠᠭᠠᠬᠤ ᠠᠵᠢᠯ᠎ᠢ ᠥᠷᠨᠢᠭᠦᠯᠬᠦ᠌᠎ᠪᠠᠷ ᠲᠣᠭ᠍ᠲᠠᠪᠠ᠂ ᠡᠳᠦᠭᠡ ᠬᠤᠯᠪᠣᠭ᠍ᠳᠠᠯ ᠪᠦᠬᠦᠢ ᠵᠦᠢᠯᠡᠰ᠎ᠢ ᠳᠣᠤᠷᠠᠬᠢ ᠮᠡᠲᠦ ᠮᠡᠳᠡᠭ᠌ᠳᠡᠶ᠎ᠡ᠄

ᠨᠢᠭᠡ᠂ ᠭᠤᠶᠤᠴᠢᠯᠠᠨ ᠮᠡᠳᠡᠭᠦᠯᠬᠦ᠌ ᠨᠥᠬᠦᠴᠡᠯ ᠬᠢᠭᠡᠳ ᠮᠠᠲ᠋ᠧᠷᠢᠶᠠᠯ

ᠭᠤᠶᠤᠴᠢᠯᠠᠨ ᠮᠡᠳᠡᠭᠦᠯᠬᠦ᠌ ᠨᠥᠬᠦᠴᠡᠯ ᠬᠢᠭᠡᠳ ᠭᠤᠶᠤᠴᠢᠯᠠᠨ ᠮᠡᠳᠡᠭᠦᠯᠬᠦ᠌ ᠮᠠᠲ᠋ᠧᠷᠢᠶᠠᠯ᠎ᠢ  《 ᠠᠷᠭ᠎ᠠ 》᠎ᠶ᠋ᠢᠨ ᠬᠠᠮᠢᠶ᠎ᠠ ᠪᠦᠬᠦᠢ ᠲᠣᠭ᠍ᠲᠠᠭᠠᠯ ᠶᠣᠰᠣᠭᠠᠷ ᠬᠡᠷᠡᠭ᠌ᠵᠢᠭᠦᠯᠦᠨ᠎ᠡ᠃

《 ᠰᠠᠢᠨ ᠭᠡᠷ 》᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠬᠤ ᠪᠠ ᠪᠠᠷᠢᠯᠭ᠎ᠠ᠎ᠶ᠋ᠢᠨ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠲᠠᠯ᠎ᠠ᠎ᠪᠠᠷ᠎ᠬᠢ ᠠᠵᠢᠯ᠎ᠤᠨ ᠠᠷᠭ᠎ᠠ᠎ᠶᠢᠨ ᠬᠢᠨᠠᠨ ᠲᠣᠭ᠍ᠲᠠᠭᠠᠯᠲᠠ᠎ᠶ᠋ᠢ ᠡᠩ᠎ᠤᠨ ᠠᠵᠢᠯ᠎ᠤᠨ ᠠᠷᠭ᠎ᠠ᠎ᠶ᠋ᠢᠨ ᠰᠠᠭᠤᠷᠢᠨ ᠳᠡᠭᠡᠷ᠎ᠡ ᠱᠢᠨ᠎ᠡ᠎ᠪᠠᠷ ᠲᠠᠪᠤᠨ ᠵᠣᠷᠢᠭ᠍ᠵᠢᠭᠤᠯᠤᠨ ᠭᠤᠶᠤᠴᠢᠯᠠᠨ ᠮᠡᠳᠡᠭᠦᠯᠬᠦ᠌ ᠴᠢᠭ᠌ᠯᠡᠯ ᠨᠡᠮᠡᠵᠦ᠍᠂ ᠵᠢᠷᠭᠤᠭᠠᠨ ᠴᠢᠭ᠌ᠯᠡᠯ  ( ᠡᠩ᠎ᠤᠨ ᠠᠵᠢᠯ᠎ᠤᠨ ᠠᠷᠭ᠎ᠠ᠎ᠶ᠋ᠢᠨ ᠴᠢᠭ᠌ᠯᠡᠯ ᠪᠠᠭ᠍ᠲᠠᠨ᠎ᠠ )᠎ᠤᠨ ᠪᠣᠳᠠᠲᠠᠢ ᠠᠭᠤᠯᠭ᠎ᠠ᠎ᠶ᠋ᠢ ᠳᠠᠭᠠᠯᠳᠤᠭᠤᠯᠤᠯ᠎ᠳᠤ ᠨᠠᠷᠢᠨ ᠦᠵᠡᠭᠡᠷᠡᠶ᠃

ᠠᠵᠦ᠍ ᠠᠬᠤᠢᠯᠠᠯ᠎ᠤᠨ ᠭᠤᠶᠤᠴᠢᠯᠠᠨ ᠮᠡᠳᠡᠬᠦᠯᠬᠦ᠌᠎ᠶ᠋ᠢ ᠵᠣᠷᠢᠠᠠᠵᠢᠭᠤᠯᠬᠤ ᠴᠢᠭ᠌ᠯᠡᠯ᠎ᠤᠨ ᠭᠡᠪᠴᠢᠶᠡᠨ ᠳᠣᠳᠣᠷ᠎ᠠ ᠭᠡᠷᠡᠭ᠌ᠯᠡᠭᠡᠨ᠎ᠤ ᠠᠵᠢᠯ᠎ᠤᠨ ᠠᠷᠭ᠎ᠠ᠎ᠶ᠋ᠢ ᠢᠳᠡᠪᠬᠢᠳᠡᠢ᠎ᠪᠠᠷ ᠰᠣᠳᠣᠯᠥᠨ ᠨᠡᠭᠡᠭᠡᠨ ᠬᠦᠭ᠌ᠵᠢᠬᠦᠯᠬᠦ᠌᠎ᠶ᠋ᠢ ᠳᠡᠮᠵᠢᠵᠦ᠍᠂ ᠱᠢᠨᠵᠢᠯᠡᠬᠦ᠌ ᠣᠬᠠᠭᠠᠨ ᠲᠸᠭᠨᠢᠭ ᠮᠡᠷᠭᠡᠵᠢᠯ᠎ᠤᠨ ᠦᠷ᠎ᠠ ᠪᠦᠳᠦᠭᠡᠯ᠎ᠢ ᠤᠯᠠᠷᠢᠭᠤᠯᠬᠤ᠎ᠶ᠋ᠢ ᠳᠡᠮᠵᠢᠨ᠎ᠠ᠃ 《 ᠠᠷᠭ᠎ᠠ 》᠎ᠶ᠋ᠢᠨ ᠱᠠᠭᠠᠷᠳᠠᠯᠭ᠎ᠠ᠎ᠳᠤ ᠨᠡᠢᠴᠡᠭ᠌ᠰᠡᠨ ᠭᠤᠶᠤᠴᠢᠯᠠᠨ ᠮᠡᠳᠡᠭᠦᠯᠬᠦ᠌᠎ᠶ᠋ᠢ ᠵᠣᠷᠢᠭ᠍ᠵᠢᠭᠤᠯᠬᠤ ᠴᠢᠭ᠌ᠯᠡᠯ᠎ᠨᠢ ᠠᠵᠢᠯ᠎ᠤᠨ ᠠᠷᠭ᠎ᠠ᠎ᠶ᠋ᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠢᠯ᠎ᠤᠨ ᠠᠷᠭ᠎ᠠ᠎ᠪᠠᠷ ᠤᠷᠢᠳ᠎ᠢᠶᠠᠷ ᠲᠠᠨᠢᠯᠴᠠᠭᠤᠯᠤᠨ᠎ᠠ᠃ ᠭᠤᠶᠤᠴᠢᠯᠠᠨ ᠮᠡᠳᠡᠭᠦᠯᠬᠦ᠌ ᠠᠵᠤ ᠠᠬᠤᠢᠯᠠᠯ ᠨᠢ ᠠᠵᠢᠯ᠎ᠤᠨ ᠠᠷᠭ᠎ᠠ᠎ᠶ᠋ᠢᠨ ᠲᠸᠺᠰᠲ᠎ᠤᠨ ᠭᠠᠷᠴᠠᠭ᠎ᠤᠨ ᠶᠠᠭ ᠳᠣᠤᠷ᠎ᠠ ᠲᠠᠯ᠎ᠠ᠎ᠳᠤ ᠠᠵᠢᠯ᠎ᠤᠨ ᠠᠷᠭ᠎ᠠ᠎ᠶᠢᠨ ᠭᠤᠶᠤᠴᠢᠯᠠᠨ ᠮᠡᠳᠡᠭᠦᠯᠬᠦ᠌ ᠴᠢᠭ᠌ᠯᠡᠯ᠎ᠦᠨ ᠲᠥᠷᠥᠯ ᠵᠦᠢᠯ᠎ᠢᠶᠡᠨ ᠲᠣᠳᠣᠷᠬᠠᠢᠯᠠᠬᠤ ᠬᠡᠷᠡᠭ᠌ᠲᠡᠶ᠃

ᠬᠤᠶᠠᠷ᠂ ᠭᠤᠶᠤᠴᠢᠯᠠᠨ ᠮᠡᠳᠡᠭᠦᠯᠬᠦ᠌ ᠳᠡᠰ ᠳᠠᠷᠠᠭᠠᠯᠠᠯ

( ᠨᠢᠭᠡ ) ᠠᠵᠤ ᠠᠬᠤᠢᠯᠠᠯ ᠭᠤᠶᠤᠴᠢᠯᠠᠨ ᠮᠡᠳᠡᠭᠦᠯᠬᠦ᠌

ᠭᠤᠶᠤᠴᠢᠯᠠᠨ ᠮᠡᠳᠡᠭᠦᠯᠦᠭ᠌ᠰᠡᠨ ᠠᠵᠤ ᠠᠬᠤᠢᠯᠠᠯ᠎ᠨᠢ 《 ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠶᠤᠨᠲᠤ ᠪᠠᠷᠢᠯᠭ᠎ᠠ᠎ᠶ᠋ᠢᠨ ᠬᠠᠮᠢᠶᠠᠷᠤᠯᠲᠠ᠎ᠶ᠋ᠢᠨ ᠦᠢᠯᠡᠴᠢᠯᠡᠭᠡᠨ᠎ᠤ ᠮᠡᠳᠡᠭᠡ ᠵᠠᠩᠭᠢ᠎ᠶ᠋ᠢᠨ ᠲᠠᠪᠴᠠᠩ  ᠠᠵᠢᠯ᠎ᠤᠨ ᠠᠷᠭ᠎ᠠ᠎ᠪᠠᠷ ᠱᠢᠯᠭᠠᠷᠠᠭᠤᠯᠬᠤ 》 ( ᠳᠣᠷᠣᠭ᠍ᠰᠢ 《 ᠭᠤᠶᠤᠴᠢᠯᠠᠨ ᠮᠡᠳᠡᠭᠦᠯᠬᠦ᠌ ᠱᠢᠰᠲ᠋ᠧᠮ 》 ᠭᠡᠵᠦ᠍ ᠲᠣᠪᠴᠢᠯᠠᠨ᠎ᠠ )᠎ᠪᠠᠷ ᠳᠠᠮᠵᠢᠭᠤᠯᠤᠨ ᠠᠵᠢᠯ᠎ᠤᠨ ᠠᠷᠭ᠎ᠠ᠎ᠶ᠋ᠢᠨ ᠭᠤᠶᠤᠴᠢᠯᠠᠨ ᠮᠡᠳᠡᠭᠦᠯᠦᠭ᠌ᠰᠡᠨ ᠮᠡᠳᠡᠭᠡ ᠵᠠᠩᠭᠢ ᠪᠠ ᠬᠠᠮᠢᠶ᠎ᠠ ᠪᠥᠬᠦᠶ ᠳᠠᠭᠠᠯᠳᠤᠭᠤᠯᠤᠯ ᠮᠠᠲ᠋ᠧᠷᠢᠶᠠᠯ᠎ᠢ ᠲᠤᠱᠢᠶᠠᠬᠤ᠎ᠶ᠋ᠢᠨ ᠬᠠᠮᠲᠤ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠎ᠲᠤ ᠬᠠᠷᠢᠭᠤᠴᠠᠨ᠎ᠠ᠃ ᠪᠣᠳᠠᠲᠠᠶ ᠱᠢᠨ᠎ᠡ᠎ᠶ᠋ᠢ ᠡᠭᠦᠳᠬᠦ᠌ ᠠᠴᠢ ᠬᠣᠯᠪᠣᠭ᠍ᠳᠠᠯ ᠦᠭᠡᠶ ᠬᠠᠭᠤᠴᠢᠨ ᠠᠵᠢᠯ᠎ᠦᠨ ᠠᠷᠭ᠎ᠠ᠎ᠶ᠋ᠢ ᠪᠣᠭᠣᠳᠠᠯᠯᠠᠭ᠍ᠰᠠᠨ᠎ᠤ ᠳᠠᠷᠠᠭ᠎ᠠ ᠳᠠᠪᠬᠤᠷᠳᠠᠭᠤᠯᠤᠨ ᠭᠤᠶᠤᠴᠢᠯᠠᠨ ᠮᠡᠳᠡᠭᠦᠯᠵᠦ᠍ ᠪᠣᠯᠬᠤ ᠦᠭᠡᠶ᠃ ᠥᠩᠭᠡᠷᠡᠭ᠌ᠰᠡᠨ ᠵᠢᠯ᠎ᠦᠨ ᠡᠴᠦᠰ᠎ᠦᠨ ᠬᠢᠨᠠᠯᠲᠠ ᠨᠢ ᠪᠠᠲᠤᠯᠠᠭ᠍ᠳᠠᠭ᠍ᠰᠠᠨ ᠦᠭᠡᠶ ᠠᠵᠢᠯ᠎ᠤᠨ ᠠᠷᠭ᠎ᠠ᠎ᠶ᠋ᠢ ᠳᠠᠬᠢᠨᠲᠠ ᠭᠤᠶᠤᠴᠢᠯᠠᠨ ᠮᠡᠳᠡᠭᠦᠯᠵᠦ᠍ ᠪᠣᠯᠬᠤ ᠦᠭᠡᠶ᠃

ᠭᠤᠶᠤᠴᠢᠯᠠᠨ ᠮᠡᠳᠡᠭᠦᠯᠦᠭ᠌ᠰᠡᠨ ᠠᠵᠤ ᠠᠬᠤᠢᠯᠠᠯ᠎ᠤᠨ ᠳᠡᠭᠡᠭ᠌ᠰᠢ ᠭᠤᠶᠤᠴᠢᠯᠠᠨ ᠮᠡᠳᠡᠭᠦᠯᠦᠭ᠌ᠰᠡᠨ ᠠᠵᠢᠯ᠎ᠤᠨ ᠠᠷᠭ᠎ᠠ᠎ᠶ᠋ᠢᠨ ᠲᠸᠺᠰᠲ᠂ PPT ᠦᠵᠡᠭᠦᠯᠭᠡ᠂ ᠸᠢᠳᠢᠤ᠋ ᠪᠠ ᠬᠡᠷᠡᠯ ᠵᠢᠷᠤᠭ᠎ᠢ ᠪᠠᠭᠲᠠᠭ᠋ᠠᠵᠤ᠂ ᠡᠭᠦᠨ᠎ᠳᠦ ᠠᠭᠤᠯᠭ᠎ᠠ᠎ᠨᠢ ᠭᠤᠶᠤᠴᠢᠯᠠᠨ ᠮᠡᠳᠡᠭᠦᠯᠦᠭ᠌ᠰᠡᠨ ᠠᠵᠤ ᠠᠬᠤᠢᠯᠠᠯ᠎ᠤᠨ ᠨᠡᠷᠡᠢᠳᠦᠯ᠂ logo ᠲᠡᠮᠳᠡᠭ᠂ ᠠᠵᠢᠯ᠎ᠤᠨ ᠠᠷᠭ᠎ᠠ᠎ᠶ᠋ᠢ ᠪᠡᠶᠡᠯᠡᠭᠦᠯᠦᠭ᠌ᠰᠡᠨ ᠬᠥᠮᠦᠨ᠎ᠤ ᠣᠪᠣᠭ ᠨᠡᠷ᠎ᠡ᠂ ᠬᠡᠷᠡᠭ᠌ᠯᠡᠭᠡᠨ᠎ᠤ ᠲᠥᠷᠥᠯ ᠵᠦᠶ᠋ᠯ᠎ᠤᠨ ᠪᠣᠳᠠᠲᠠᠶ ᠨᠡᠷᠡᠢᠳᠦᠯ᠂ ᠪᠥᠲᠥᠭᠡᠨ ᠪᠠᠢᠭᠤᠯᠤᠯᠲᠠ᠎ᠳᠤ ᠣᠷᠣᠯᠴᠠᠭ᠍ᠰᠠᠨ ᠨᠢᠭᠡᠴᠢ᠎ᠶ᠋ᠢᠨ ᠨᠡᠷᠡᠢᠳᠦᠯ ᠵᠡᠷᠭᠡ ᠬᠤᠯᠪᠣᠭ᠍ᠳᠠᠯ ᠪᠥᠬᠦᠶ ᠵᠢᠷᠤᠭ ᠪᠢᠴᠢᠭ᠎ᠤᠨ ᠮᠡᠳᠡᠭᠡ ᠵᠠᠩᠭᠢ᠎ᠶ᠋ᠢ ᠪᠠᠭ᠍ᠲᠠᠭᠠᠵᠤ ᠪᠣᠯᠬᠤ ᠥᠬᠡᠶ᠂ ᠡᠰᠡ ᠲᠡᠭᠡᠪᠡᠯ ᠴᠥᠮ ᠥᠩᠭᠡᠷᠡᠬᠦ᠌ ᠥᠬᠡᠶ᠃ ᠠᠵᠢᠯ᠎ᠤᠨ ᠠᠷᠭ᠎ᠠ᠎ᠶᠢᠨ ᠪᠢᠴᠢᠭ᠎ᠢ᠋ ᠨᠠᠢᠷᠠᠭᠤᠯᠤᠨ ᠪᠢᠴᠢᠬᠦ᠌ ᠨᠢ 《 ᠠᠷᠭ᠎ᠠ 》᠎ᠶᠢᠨ ᠪᠣᠳᠠᠲᠠᠢ ᠱᠠᠭᠠᠷᠳᠠᠯᠭ᠎ᠠ᠎ᠶᠢ ᠬᠠᠩᠭᠠᠬᠤ ᠬᠡᠷᠡᠭ᠌ᠲᠡᠢ᠃ PPT ᠦᠵᠡᠭᠦᠯᠭᠡ᠂ ᠸᠢᠳᠢᠤ᠋᠎ᠶ᠋ᠢ ᠱᠢᠭᠤᠳ ᠠᠵᠢᠭ᠍ᠯᠠᠬᠤ᠂ ᠠᠵᠢᠯ᠎ᠤᠨ ᠠᠷᠭ᠎ᠠ᠎ᠶ᠋ᠢᠨ ᠦᠨᠳᠦᠰᠦᠯᠡᠯ᠂ ᠤᠷ᠎ᠠ ᠮᠡᠷᠭᠡᠵᠢᠯ᠎ᠦᠨ ᠶᠠᠪᠤᠴᠠ ᠵᠡᠷᠭᠡ ᠭᠤᠤᠯ ᠣᠨᠴᠠᠯᠢᠭ ᠪᠤᠶᠤ ᠬᠡᠷᠡᠭ᠌ᠵᠢᠭᠦᠯᠬᠦ᠌ ᠠᠬᠤᠢ ᠲᠠᠯᠠᠪᠠᠶ᠎ᠶ᠋ᠢᠨ ᠪᠣᠳᠠᠲᠠᠶ ᠪᠠᠢᠳᠠᠯ᠎ᠢ ᠠᠪᠰᠠᠷᠬᠠᠨ ᠲᠤᠰᠭᠠᠬᠤ ᠬᠡᠷᠡᠭ᠌ᠲᠡᠶ᠂ ᠠᠵᠢᠯ᠎ᠤᠨ ᠠᠷᠭ᠎ᠠ᠎ᠶᠢᠨ ᠲᠸᠺᠰᠲ᠎ᠢ ᠳᠠᠬᠢᠨ ᠨᠡᠭᠦᠯᠭᠡᠨ ᠬᠡᠷᠡᠭᠯᠡᠵᠦ ᠪᠣᠯᠬᠤ ᠦᠭᠡᠢ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ ᠪᠠᠢᠴᠠᠭᠠᠯᠲᠠ ᠬᠢᠬᠦ᠌ ᠴᠠᠭ᠎ᠨᠢ ᠠᠵᠤ ᠠᠬᠤᠢᠯᠠᠯ᠎ᠤᠨ ᠭᠤᠶᠤᠴᠢᠯᠠᠨ ᠮᠡᠳᠡᠭᠦᠯᠦᠯᠲᠡ ᠳᠠᠭᠤᠰᠭᠤ᠎ᠠᠴᠠ 1 ᠵᠢᠯ᠎ᠤᠨ ᠡᠮᠦᠨ᠎ᠡ ᠬᠦᠴᠦᠨ᠎ᠲᠠᠢ ᠭᠡᠵᠦ᠍ ᠦᠵᠡᠨ᠎ᠡ᠃

ᠠᠵᠤ ᠠᠬᠤᠢᠯᠠᠯ᠎ᠤᠨ ᠭᠤᠶᠤᠴᠢᠯᠠᠨ ᠮᠡᠳᠡᠭᠦᠯᠦᠯᠲᠡ ᠳᠠᠭᠤᠰᠬᠤ ᠬᠤᠭᠤᠴᠠᠭ᠎ᠠ᠎ᠨᠢ 2026 ᠣᠨ᠎ᠤ 1 ᠳ᠋ᠤᠭᠡᠷ ᠰᠠᠷ᠎ᠠ᠎ᠶ᠋ᠢᠨ 11 ᠎ᠤ ᠡᠳᠦᠷ ᠪᠣᠯᠤᠨ᠎ᠠ᠃ ᠭᠤᠶᠤᠴᠢᠯᠠᠨ ᠮᠡᠳᠡᠭᠦᠯᠬᠦ᠌ ᠱᠢᠰᠲ᠋ᠧᠮ᠎ᠤᠨ ᠳᠠᠩᠰᠠᠯᠠᠯ᠂ ᠠᠵᠢᠯᠯᠠᠬᠤ ᠭᠠᠷ ᠳᠡᠪᠲᠡᠷ ᠵᠢᠴᠢ ᠲᠠᠭᠯᠠᠨ ᠪᠢᠴᠢᠬᠦ ᠲᠣᠳᠣᠷᠬᠠᠢ᠌ᠯᠠᠯᠲᠠ᠎ᠶᠢ ᠪᠠᠭᠤᠯᠭᠠᠬᠤ ᠰᠦᠯᠵᠢᠶᠡᠨ᠎ᠤ ᠬᠠᠶᠢᠭ᠄

http://110.16.70.26:81/webserver/app/index.html

( ᠬᠤᠶᠠᠷ ) ᠠᠢᠮᠠᠭ ᠬᠤᠲᠠ᠎ᠶ᠋ᠢᠨ ᠠᠩᠬᠠᠨ᠎ᠤ ᠬᠢᠨᠠᠯᠲᠠ ᠵᠢᠴᠢ ᠲᠠᠨᠢᠯᠴᠠᠭᠤᠯᠭ᠎ᠠ

ᠡᠯ᠎ᠡ ᠠᠢᠮᠠᠭ ᠬᠤᠲᠠ᠎ᠶ᠋ᠢᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠣᠪᠴᠢᠶ᠎ᠠ᠎ᠨᠢ ᠲᠤᠰᠭᠠᠢ ᠬᠥᠮᠥᠨ ᠲᠣᠭ᠍ᠲᠠᠭᠠᠨ ᠠᠵᠢᠯ᠎ᠤᠨ ᠠᠷᠭ᠎ᠠ᠎ᠶᠢᠨ ᠠᠩᠬᠠᠨ᠎ᠤ ᠬᠢᠨᠠᠯᠲᠠ ᠪᠠ ᠲᠠᠨᠢᠯᠴᠠᠭᠤᠯᠬᠤ ᠠᠵᠢᠯ᠎ᠢ ᠬᠠᠷᠢᠭᠤᠴᠠᠭᠤᠯᠵᠤ᠂ 《 ᠠᠷᠭ᠎ᠠ 》᠎ᠶ᠋ᠢᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠭᠤᠶᠤᠴᠢᠯᠠᠨ ᠮᠡᠳᠡᠭᠦᠯᠬᠦ᠌ ᠠᠵᠢᠯ᠎ᠤᠨ ᠠᠷᠭ᠎ᠠ᠎ᠳᠤ ᠠᠩᠬᠠᠨ᠎ᠤ ᠬᠢᠨᠠᠯᠲᠠ ᠬᠢᠬᠦ᠌᠎ᠶ᠋ᠢᠨ ᠬᠠᠮᠲᠤ᠌᠂ ᠦᠢᠯᠡᠴᠢᠯᠡᠭᠡᠨ᠎ᠤ ᠵᠢᠯᠣᠭᠤᠳᠭᠤ ᠠᠵᠢᠯ᠎ᠢ ᠰᠠᠢᠲᠤᠷ ᠬᠢᠵᠦ᠍᠂ ᠨᠥᠬᠦᠴᠡᠯ᠎ᠳᠤ ᠨᠡᠢᠴᠡᠬᠦ᠌ ᠦᠭᠡᠢ ᠭᠤᠶᠤᠴᠢᠯᠠᠨ ᠮᠡᠳᠡᠭᠦᠯᠬᠦ᠌ ᠮᠠᠲ᠋ᠧᠷᠢᠶᠠᠯ᠎ᠢ ᠴᠠᠭ ᠲᠤᠬᠠᠢ᠎ᠳᠤ᠎ᠨᠢ ᠪᠤᠴᠠᠭᠠᠬᠤ᠎ᠶ᠋ᠢᠨ ᠬᠠᠮᠲᠤ ᠵᠠᠰᠠᠪᠤᠷᠢ ᠣᠷᠣᠭᠤᠯᠬᠤ ᠰᠠᠨᠠᠯ ᠭᠠᠷᠭᠠᠬᠤ ᠬᠡᠷᠡᠭ᠌ᠲᠡᠢ; ᠨᠥᠬᠦᠴᠡᠯ᠎ᠳᠤ ᠨᠡᠢᠴᠡᠬᠦ᠌ ᠠᠵᠢᠯ᠎ᠤᠨ ᠠᠷᠭ᠎ᠠ᠎ᠳᠤ ᠲᠠᠨᠢᠯᠴᠠᠭᠤᠯᠬᠤ ᠰᠠᠨᠠᠯ᠎ᠢ ᠨᠢᠭᠡᠳᠦᠯᠲᠡᠢ ᠭᠠᠷᠭᠠᠬᠤ ᠬᠡᠷᠡᠭ᠌ᠲᠡᠢ᠃ ᠠᠢᠮᠠᠭ ᠬᠤᠲᠠ᠎ᠶ᠋ᠢᠨ ᠲᠠᠨᠢᠯᠴᠠᠭᠤᠯᠭ᠎ᠠ ᠳᠠᠭᠤᠰᠬᠤ ᠬᠤᠭᠤᠴᠠᠭ᠎ᠠ᠎ᠨᠢ 2026 ᠣᠨ᠎ᠤ 1ᠳ᠋ᠤᠭᠡᠷ ᠰᠠᠷ᠎ᠠ᠎ᠶ᠋ᠢᠨ 18 ᠎ᠤ ᠡᠳᠦᠷ ᠪᠣᠯᠤᠨ᠎ᠠ᠂ ᠬᠤᠭᠤᠴᠠᠭ᠎ᠠ ᠬᠡᠲᠦᠷᠡᠪᠡᠯ ᠲᠠᠨᠢᠯᠴᠠᠭᠤᠯᠤᠨ ᠳᠡᠭᠡᠭᠰᠢ ᠮᠡᠳᠡᠭᠦᠯᠵᠦ ᠳᠡᠢ᠌ᠯᠬᠦ ᠦᠭᠡᠢ᠃

( ᠭᠤᠷᠪᠠ ) ᠠᠵᠢᠯ᠎ᠦᠨ ᠠᠷᠭ᠎ᠠ᠎ᠶ᠋ᠢᠨ ᠬᠢᠨᠠᠨ ᠲᠣᠭ᠍ᠲᠠᠭᠠᠯᠲᠠ

ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠎ᠨᠢ 《 ᠠᠷᠭ᠎ᠠ 》᠎ᠶ᠋ᠢᠨ ᠬᠠᠮᠢᠶ᠎ᠠ ᠪᠥᠬᠦᠶ ᠲᠣᠭ᠍ᠲᠠᠭᠠᠯ ᠶᠣᠰᠣᠭᠠᠷ᠂ ᠬᠡᠯᠪᠡᠷᠢ᠎ᠶ᠋ᠢᠨ ᠬᠢᠨᠠᠨ ᠪᠠᠢᠴᠠᠭᠠᠬᠤ᠂ ᠲᠤᠰᠭᠠᠶ ᠠᠵᠢᠯ᠎ᠤᠨ ᠳᠤᠭᠤᠢᠯᠠᠩ ᠬᠢᠨᠠᠨ ᠪᠠᠢᠴᠠᠭᠠᠬᠤ ᠪᠠ ᠱᠢᠯᠭᠠᠷᠠᠭᠤᠯᠬᠤ ᠺᠣᠮᠢᠰ᠎ᠢᠶᠠᠷ ᠬᠢᠨᠠᠨ ᠬᠠᠷᠭᠤᠭᠤᠯᠬᠤ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠬᠢᠨᠠᠨ ᠲᠣᠭ᠍ᠲᠠᠭᠠᠭ᠍ᠰᠠᠨ ᠦᠷ᠎ᠡ ᠳ᠋ᠦᠩ᠎ᠢ ᠲᠣᠭ᠍ᠲᠠᠭᠠᠯ ᠶᠣᠰᠣᠭᠠᠷ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠎ᠤᠨ ᠠᠯᠪᠠᠨ ᠰᠦᠯᠵᠢᠶᠡᠨ᠎ᠳᠤ ᠨᠡᠢᠲᠡᠯᠡᠵᠦ᠍᠂ ᠵᠠᠷᠯᠠᠨ ᠨᠡᠢᠲᠡᠯᠡᠨ᠎ᠡ᠃

ᠭᠤᠷᠪᠠ᠂ ᠪᠤᠰᠤᠳ ᠵᠦᠢᠯ

ᠡᠯ᠎ᠡ ᠠᠢᠮᠠᠭ ᠬᠤᠲᠠ᠎ᠶ᠋ᠢᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠣᠪᠴᠢᠶ᠎ᠠ᠎ᠨᠢ ᠲᠤᠰ ᠬᠠᠷᠢᠶ᠎ᠠ ᠣᠷᠣᠨ᠎ᠤ ᠬᠠᠮᠢᠶ᠎ᠠ ᠪᠦᠬᠦᠢ ᠪᠠᠷᠢᠯᠭ᠎ᠠ᠎ᠶ᠋ᠢᠨ ᠠᠵᠤ ᠠᠬᠤᠢᠯᠠᠯ᠎ᠳᠤ ᠴᠠᠭ ᠲᠤᠬᠠᠢ᠎ᠳᠤ ᠨᠢ ᠮᠡᠳᠡᠭ᠌ᠳᠡᠵᠦ᠍ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠠᠵᠢᠯ᠎ᠤᠨ ᠠᠷᠭ᠎ᠠ᠎ᠶ᠋ᠢ ᠢᠳᠡᠪᠬᠢᠲᠡᠢ ᠭᠤᠶᠤᠴᠢᠯᠠᠨ ᠮᠡᠳᠡᠭᠦᠯᠬᠦ᠌᠎ᠶ᠋ᠢᠨ ᠬᠠᠮᠲᠤ᠌᠂ ᠠᠩᠬᠠᠨ᠎ᠤ ᠬᠢᠨᠠᠯᠲᠠ᠂ ᠬᠤᠷᠢᠶᠠᠩᠭᠤᠢᠯᠠᠬᠤ᠂ ᠳᠡᠭᠡᠭ᠌ᠰᠢ ᠮᠡᠳᠡᠭᠦᠯᠬᠦ᠌ ᠵᠡᠷᠭᠡ ᠠᠵᠢᠯ᠎ᠢ ᠰᠠᠢᠲᠤᠷ ᠬᠢᠬᠦ᠌ ᠬᠡᠷᠡᠭ᠌ᠲᠡᠢ᠃

ᠠᠵᠤ ᠠᠬᠤᠢᠯᠠᠯ ᠭᠤᠶᠤᠴᠢᠯᠠᠨ ᠮᠡᠳᠡᠭᠦᠯᠬᠦ᠌᠎ᠳᠤ᠎ᠪᠠᠨ ᠦᠨᠡᠨ᠎ᠡᠴᠡ ᠵᠥᠪ᠎ᠢ ᠡᠷᠢᠬᠦ᠌ ᠬᠡᠷᠡᠭ᠌ᠲᠡᠶ᠂ ᠬᠤᠳᠠᠯ ᠬᠡᠯᠡᠵᠦ᠍ ᠬᠠᠭᠤᠷᠮᠠᠭ᠍ᠯᠠᠨ ᠦᠢᠯᠡᠳᠴᠦ᠍ ᠪᠣᠯᠬᠤ ᠦᠭᠡᠶ᠃ ᠬᠡᠷᠪᠡ ᠠᠵᠤ ᠠᠬᠤᠢᠯᠠᠯ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠵᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠢᠯ᠎ᠤᠨ ᠠᠷᠭ᠎ᠠ᠎ᠶᠢ ᠭᠤᠶᠤᠴᠢᠯᠠᠨ ᠮᠡᠳᠡᠭᠦᠯᠦᠭ᠌ᠰᠡᠨ ᠪᠠᠢᠪᠠᠯ᠂ ᠮᠡᠳᠡᠭᠦᠯᠬᠦ᠌ ᠬᠢᠷᠢ ᠭᠡᠮ ᠎ᠢ ᠨᠢ ᠴᠥᠮ ᠬᠦᠴᠦᠨ ᠦᠭᠡᠶ ᠪᠣᠯᠭ᠋ᠠᠵᠤ ( ᠨᠢᠭᠡᠨᠲᠡ ᠣᠯᠤᠭ᠍ᠰᠠᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠢᠯ᠎ᠤᠨ ᠠᠷᠭ᠎ᠠ᠎ᠶᠢ ᠂ ᠴᠣᠯᠠ᠎ᠶ᠋ᠢ ᠨᠢ ᠬᠦᠴᠦᠨ ᠦᠭᠡᠶ ᠪᠣᠯᠭᠠᠨ᠎ᠠ ) ᠂ 3 ᠵᠢᠯ᠎ᠦᠨ ᠳᠣᠲᠣᠷ᠎ᠠ ᠲᠡᠳᠡᠨ᠎ᠦ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠢᠯ᠎ᠤᠨ ᠠᠷᠭ᠎ᠠ᠎ᠶᠢᠨ ᠭᠤᠶᠤᠴᠢᠯᠠᠨ ᠮᠡᠳᠡᠭᠦᠯᠬᠦ᠌ ᠎ᠶᠢ ᠬᠦᠯᠢᠶᠡᠨ ᠠᠪᠴᠤ᠌ ᠱᠢᠶ᠋ᠳᠪᠦᠷᠢᠯᠡᠬᠦ᠌ ᠦᠭᠡᠶ ᠃

ᠠᠵᠢᠯ᠎ᠤᠨ ᠠᠷᠭ᠎ᠠ ᠭᠤᠶᠤᠴᠢᠯᠠᠨ ᠮᠡᠳᠡᠭᠦᠯᠬᠦ᠌ ᠪᠠ ᠬᠢᠨᠠᠨ ᠲᠣᠭ᠍ᠲᠠᠭᠠᠬᠤ ᠠᠵᠢᠯ᠎ᠳᠤ ᠶᠠᠮᠠᠷᠪᠠ ᠰᠦᠢᠳᠭᠡᠯ ᠬᠤᠷᠢᠶᠠᠬᠤ ᠦᠭᠡᠶ᠃

ᠬᠠᠷᠢᠯᠴᠠᠬᠤ ᠬᠥᠮᠥᠨ᠄ ᠺᠠᠩ ᠵᠢᠶᠠᠨ ᠸᠧᠢ᠂ ᠭᠤᠤ ᠲᠠᠨ᠎ᠠ

ᠬᠠᠷᠢᠯᠴᠠᠬᠤ ᠣᠳᠠᠰᠣ᠄

0471 - 3987087  ( ᠲᠤᠬᠠᠢ᠌ᠯᠠᠭᠰᠠᠨ ᠠᠵᠢᠯ᠎ᠤᠨ ᠵᠥᠪᠳᠡᠨ ᠯᠠᠪᠯᠠᠯᠲᠠ  )

0471 - 6945765 ( ᠬᠢᠨᠠᠯᠲᠠ ᠬᠠᠮᠢᠶᠠᠷᠤᠯᠲᠠ )

0471 - 5960169 ( ᠬᠥᠬᠡᠬᠣᠲᠠ )

0472 - 5220627 ( ᠪᠤᠭᠤᠲᠤ ᠬᠣᠲᠠ )

0470 - 8110883 ( ᠬᠥᠯᠥᠨ ᠪᠣᠢ᠌ᠷ ᠬᠣᠲᠠ )

0482 - 8266925 ( ᠬᠢᠩᠭ᠋ᠠᠨ ᠠᠢ᠌ᠮᠠᠭ )

0474 - 8323709 ( ᠤᠯᠠᠭ᠋ᠠᠨᠴᠠᠪ ᠬᠣᠲᠠ )

0475 - 8262778 ( ᠲᠦᠩᠯᠢᠶᠤᠤ ᠬᠣᠲᠠ )

0479 - 8224040 ( ᠰᠢᠯᠢ᠎ᠶᠢᠨ ᠭᠣᠣᠯ ᠠᠢ᠌ᠮᠠᠭ )

0476 - 5890763 ( ᠤᠯᠠᠭ᠋ᠠᠨᠬᠠᠳᠠ ᠬᠣᠲᠠ )

15049896215 ( ᠣᠷᠳᠣᠰ ᠬᠣᠲᠠ )

0473 - 6997773 ( ᠦᠬᠠᠢ ᠬᠣᠲᠠ )

0478 - 8738670 ( ᠪᠠᠶᠠᠨᠨᠠᠭᠤᠷ ᠬᠣᠲᠠ )

0483 - 8331267 ( ᠠᠯᠠᠱ᠌ᠠ ᠠᠢ᠌ᠮᠠᠭ )

0471 - 3953876 ᠂ 010 - 59450295( ᠭᠤᠶᠤᠴᠢᠯᠠᠨ ᠮᠡᠳᠡᠭᠦᠯᠬᠦ ᠰᠢᠰᠲᠸᠮ᠎ᠦᠨ ᠮᠡᠷᠭᠡᠵᠢᠯ᠎ᠦᠨ ᠦᠢ᠍ᠯᠡᠴᠢᠯᠡᠭᠡ )

ᠬᠠᠷᠢᠯᠴᠠᠬᠤ ᠬᠠᠶᠢᠭ᠄ ᠬᠥᠬᠡᠬᠤᠲᠠ᠎ᠶ᠋ᠢᠨ ᠱᠢᠨ᠎ᠡ ᠬᠤᠲᠠ ᠲᠣᠭᠤᠷᠢᠭ᠎ᠤᠨ ᠴᠢᠩᠭᠢᠰ ᠬᠠᠭᠠᠨ ᠵᠡᠭᠦᠨ ᠵᠡᠭᠡᠯᠢ᠎ᠶ᠋ᠢᠨ 15 ᠳ᠋ᠤᠭᠠᠷ ᠨᠣᠮᠸᠷᠲᠤ ᠪᠥᠲᠥᠭᠡᠨ ᠪᠠᠢᠭᠤᠯᠤᠯᠲᠠ᠎ᠶ᠋ᠢᠨ ᠲᠣᠮᠣ ᠠᠰᠠᠷ᠎ᠤᠨ 10 ᠳ᠋ᠤᠭᠠᠷ ᠳᠠᠪᠬᠤᠷ

ᠱᠢᠤᠳᠠᠨ᠎ᠤ ᠨᠣᠮᠧᠷ᠄ 010060

ᠰᠢᠤᠳᠠᠨ᠎ᠤ ᠬᠠᠢ᠌ᠷᠴᠠᠭ᠄ zazxzlfwk@163.com 

ᠳᠠᠭᠠᠯᠳᠤᠭᠤᠯᠤᠯ 1᠄ ᠭᠤᠶᠤᠴᠢᠯᠠᠨ ᠮᠡᠳᠡᠭᠦᠯᠬᠦ᠌ ᠴᠢᠭ᠌ᠯᠡᠯ᠎ᠦᠨ ᠲᠣᠳᠣᠷᠬᠠᠢᠯᠠᠯᠲᠠ

 

2025 ᠣᠨ᠎ᠤ 11 ᠳ᠋ᠤᠭᠡᠷ ᠰᠠᠷ᠎ᠠ᠎ᠶ᠋ᠢᠨ 19 ᠎ᠤ ᠡᠳᠦᠷ

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ