ᠬᠠᠮᠢᠶ᠎ᠠ ᠪᠥᠬᠥᠶ ᠵᠦᠢ᠍ᠯᠡᠰ᠄ ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠶ᠋ᠢᠴᠠᠭ᠋ᠠᠨ ᠰᠢᠯᠭ᠋ᠠᠬᠤ ᠨᠢᠭᠡᠴᠡ ᠵᠢᠨ ᠬᠢᠷᠢ ᠬᠡᠮ᠎ᠢ ᠬᠢᠨᠠᠨ ᠵᠥᠪᠰᠢᠶᠡᠷᠡᠬᠦ
ᠠᠰᠠᠭᠤᠯᠲᠠ ᠠᠰᠠᠭᠤᠭᠰᠠᠨ ᠴᠠᠭ᠄ 2020 — 07 — 14
ᠬᠠᠶ᠋ᠢᠨ ᠪᠠᠶ᠋ᠢᠴᠠᠭ᠋ᠠᠬᠤ᠂ ᠵᠢᠷᠤᠵᠤ ᠲᠦᠰᠦᠪᠯᠡᠬᠦ ᠬᠢᠷᠢ ᠬᠡᠮ᠎ᠢ ᠭᠦᠢ᠍ᠴᠡᠳᠭᠡᠬᠦ ᠱᠠᠭ᠋ᠠᠷᠳᠠᠯᠭ᠎ᠠ ᠵᠢᠴᠢ ᠠᠩᠬᠠᠷᠬᠤ ᠵᠦᠢ᠍ᠯ᠎ᠨᠢ ᠶᠠᠭᠤ ᠪᠣᠶ?
ᠬᠠᠷᠢᠭᠤᠯᠤᠭᠰᠠᠨ᠎ᠨᠢ᠄ ᠬᠢᠨᠠᠨ ᠵᠥᠪᠰᠢᠶᠡᠷᠡᠬᠦ ᠭᠠᠵᠠᠷ
ᠬᠠᠷᠢᠭᠤ ᠥᠭᠬᠦ ᠴᠠᠭ᠄ 2020 — 07 — 14
ᠪᠠᠷᠢᠯᠭ᠎ᠠ ᠵᠢᠨ ᠬᠠᠶ᠋ᠢᠨ ᠪᠠᠶ᠋ᠢᠴᠠᠭ᠋ᠠᠵᠤ ᠵᠢᠷᠤᠵᠤ ᠲᠦᠰᠦᠪᠯᠡᠬᠦ ᠠᠵᠤ ᠠᠬᠤᠶ᠋ᠢᠯᠠᠯ᠎ᠤᠨ ᠬᠢᠷᠢ ᠬᠡᠮ ᠭᠤᠶᠤᠴᠢᠯᠠᠬᠤ ᠨᠦᠬᠦᠴᠡᠯ᠎ᠢ
《ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠬᠠᠶ᠋ᠢᠨ ᠪᠠᠶ᠋ᠢᠴᠠᠭ᠋ᠠᠵᠤ ᠵᠢᠷᠤᠵᠤ ᠲᠦᠰᠦᠪᠯᠡᠬᠦ ᠬᠢᠷᠢ ᠭᠡᠮ᠎ᠤᠨ ᠬᠠᠮᠢᠶᠠᠷᠤᠯᠲᠠ ᠵᠢᠨ ᠲᠣᠭᠲᠠᠭ᠋ᠠᠯ》᠂ 《ᠪᠠᠷᠢᠯᠭ᠎ᠠ ᠵᠢᠨ ᠬᠠᠶ᠋ᠢᠨ ᠪᠠᠶ᠋ᠢᠴᠠᠭ᠋ᠠᠬᠤ ᠬᠢᠷᠢ ᠬᠡᠮ᠎ᠤᠨ ᠪᠠᠷᠢᠮᠵᠢᠶ᠎ᠠ》᠂ 《ᠪᠠᠷᠢᠯᠭ᠎ᠠ ᠵᠢᠨ ᠵᠢᠷᠤᠭ ᠲᠥᠯᠥᠪᠯᠡᠭᠡ ᠵᠢᠨ ᠬᠢᠷᠢ ᠬᠡᠮ᠎ᠤᠨ ᠪᠠᠷᠢᠮᠵᠢᠶ᠎ᠠ》 ᠵᠡᠷᠭᠡ ᠵᠢ ᠪᠠᠢ᠌ᠴᠠᠭ᠋ᠠᠨ ᠯᠠᠪᠯᠠᠵᠤ ᠪᠣᠯᠤᠨ᠎ᠠ᠃
ᠳᠣᠣᠷᠠᠬᠢ ᠬᠡᠳᠦᠨ ᠲᠠᠯ᠎ᠠ ᠵᠢ ᠣᠨᠴᠠᠭ᠋ᠠᠶ᠋ᠢᠯᠠᠨ ᠠᠩᠬᠠᠷᠤᠨ᠎ᠠ᠄
1᠂ ᠪᠡᠶ᠎ᠡ᠎ᠪᠠᠨ ᠳᠠᠭ᠋ᠠᠭ᠋ᠠᠭᠰᠠᠨ ᠠᠵᠤ ᠠᠬᠤᠶ᠋ᠢᠯᠠᠯ᠎ᠤᠨ ᠬᠠᠤᠯᠢ ᠵᠢᠨ ᠬᠥᠮᠦᠨ᠎ᠤ ᠬᠢᠷᠢ ᠬᠡᠮ᠎ᠲᠠᠢ
2᠂ ᠤᠯᠤᠰ᠎ᠤᠨ ᠲᠤᠰᠬᠠᠶ ᠮᠡᠷᠭᠡᠵᠢᠯ᠎ᠤᠨ ᠠᠵᠢᠯᠲᠠᠨ᠎ᠤ ᠨᠠᠰᠤ ᠵᠢ ᠪᠦᠬᠦᠯᠢ 60 ᠨᠠᠰᠤ ᠵᠢᠴᠢ ᠲᠡᠭᠦᠨ᠎ᠠᠴᠠ ᠳᠣᠭᠣᠭᠰᠢ ᠬᠢᠵᠠᠭ᠋ᠠᠷᠯᠠᠨ᠎ᠠ;
3᠂ ᠪᠠᠷᠢᠯᠭ᠎ᠠ ᠵᠢᠨ ᠬᠠᠶ᠋ᠢᠨ ᠪᠠᠶ᠋ᠢᠴᠠᠭ᠋ᠠᠯᠲᠠ ᠵᠢᠨ ᠬᠥᠬᠡ ᠲᠡᠰ᠎ᠤᠨ ᠬᠢᠷᠢ ᠬᠡᠮ᠂ ᠪᠠᠷᠢᠯᠭ᠎ᠠ ᠵᠢᠨ ᠵᠢᠷᠤᠭ ᠲᠥᠯᠦᠪᠯᠡᠭᠡ ᠵᠢᠨ ᠬᠥᠬᠡ ᠲᠡᠰ᠎ᠤᠨ ᠬᠢᠷᠢ ᠬᠡᠮ᠎ᠢ ᠭᠤᠶᠤᠴᠢᠯᠠᠵᠤ᠂ ᠵᠢᠴᠢ ᠲᠡᠮᠦᠷ ᠵᠠᠮ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠮᠡᠳᠡᠭᠡ ᠵᠠᠩᠭᠢ ᠵᠢᠨ ᠠᠵᠤ ᠦᠢ᠍ᠯᠡᠰ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠡᠷᠭᠡ ᠲᠠᠯ᠎ᠠ ᠵᠢᠨ ᠪᠠᠷᠢᠯᠭ᠎ᠠ ᠵᠢᠨ ᠵᠢᠷᠤᠭ ᠲᠥᠯᠦᠪᠯᠡᠭᠡ ᠵᠢᠨ ᠬᠥᠬᠡᠭᠴᠢᠨ ᠳᠡᠰ᠎ᠤᠨ ᠬᠢᠷᠢ ᠬᠡᠮ᠎ᠳᠤ ᠬᠣᠯᠪᠣᠭᠳᠠᠬᠤ ᠠᠵᠤ ᠠᠬᠤᠶ᠋ᠢᠯᠠᠯ᠂ ᠠᠶ᠋ᠢᠮᠠᠭ ᠬᠣᠲᠠ ᠵᠢᠨ ᠮᠡᠳᠡᠭᠦᠯᠦᠯᠳᠡ ᠵᠢᠨ ᠪᠢᠴᠢᠭ ᠮᠠᠲ᠋ᠧᠷᠢᠶᠠᠯ᠎ᠢ ᠣᠯᠤᠭᠰᠠᠨ᠎ᠤ ᠳᠠᠷᠠᠭ᠎ᠠ ᠴᠠᠭ᠋ᠠᠰᠤᠨ ᠬᠦᠰᠦᠨᠦᠭᠲᠦ᠎ᠪᠠᠨ ᠮᠡᠳᠡᠭᠦᠯᠦᠨ ᠬᠦᠷᠭᠡᠬᠦ ᠬᠡᠷᠡᠭᠲᠡᠶ᠃ ᠲᠡᠷᠡᠴᠢᠯᠡᠨ ᠰᠢᠰᠲ᠋ᠧᠮ ᠳᠣᠲᠣᠷ᠎ᠠ ᠲᠣᠭ᠎ᠠ ᠪᠠᠷᠢᠮᠲᠠ ᠵᠢᠨ ᠪᠣᠭᠣᠯᠲᠠ ᠵᠢ ᠳᠠᠮᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ ᠲᠣᠭ᠎ᠠ ᠪᠠᠷᠢᠮᠲᠠ ᠵᠢᠨ ᠪᠣᠭᠣᠯᠲᠠ ᠵᠢ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ ᠠᠮᠵᠢᠯᠲᠠ ᠣᠯᠤᠭᠰᠠᠨ᠎ᠤ ᠳᠠᠷᠠᠭ᠎ᠠ ᠮᠡᠳᠡᠭᠦᠯᠦᠯᠳᠡ ᠵᠢᠨ ᠪᠢᠴᠢᠭ ᠮᠠᠲ᠋ᠧᠷᠢᠶᠠᠯ ᠭᠠᠷᠭ᠋ᠠᠵᠤ ᠥᠭᠭᠦᠨ᠎ᠡ᠃