[ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠯᠠᠪᠯᠠᠭ᠎ᠠ ᠦᠢ᠍ᠯᠡᠴᠢᠯᠡᠭᠡ] ᠪᠠᠷᠢᠯᠭ᠎ᠠ ᠪᠠᠷᠢᠬᠤ ᠠᠵᠤ ᠠᠬᠤᠢ᠌ᠯᠠᠯ᠎ᠤᠨ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ ᠭᠦᠢ᠍ᠴᠡᠳᠬᠡᠬᠦ ᠬᠣᠯᠪᠣᠭᠳᠠᠯ ᠪᠦᠬᠦᠢ ᠠᠰᠠᠭᠤᠳᠠᠯ᠎ᠢ ᠰᠢᠯᠢᠳᠡᠭᠵᠢᠭᠦᠯᠦᠨ ᠵᠢᠷᠤᠮᠵᠢᠭᠤᠯᠪᠠ (2023 ᠣᠨ᠎ᠤ ᠠᠷᠪᠠᠨ ᠳᠥᠷᠪᠡᠳᠦᠭᠡᠷ ᠬᠤᠭᠤᠴᠠᠭ᠎ᠠ)
2023-10-27

     ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠪᠠᠢ᠌ᠩᠭᠤ ᠲᠣᠬᠢᠶᠠᠯᠳᠤᠳᠠᠭ ᠠᠰᠠᠭᠤᠳᠠᠯ᠎ᠤᠨ ᠬᠠᠷᠢᠭᠤᠯᠲᠠ ( 2023 ᠣᠨ᠎ᠤ ᠠᠷᠪᠠᠨ ᠳᠥᠷᠪᠡᠳᠦᠭᠡᠷ ᠬᠤᠭᠤᠴᠠᠭ᠎ᠠ )

     ᠪᠠᠷᠢᠯᠭ᠎ᠠ ᠪᠠᠷᠢᠬᠤ ᠠᠵᠤ ᠠᠬᠤᠢ᠌ᠯᠠᠯ᠎ᠤᠨ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ  ᠎ᠢ ᠭᠦᠢ᠍ᠴᠡᠳᠬᠡᠬᠦ ᠬᠣᠯᠪᠣᠭᠳᠠᠯ ᠪᠦᠬᠦᠢ ᠠᠰᠠᠭᠤᠳᠠᠯ

     ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠠᠴᠠ 《ᠪᠠᠷᠢᠯᠭ᠎ᠠ ᠪᠠᠷᠢᠬᠤ ᠠᠵᠤ ᠠᠬᠤᠢ᠌ᠯᠠᠯ᠎ᠤᠨ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ ᠭᠦᠢ᠍ᠴᠡᠳᠬᠡᠬᠦ ᠬᠣᠯᠪᠣᠭᠳᠠᠯ ᠪᠦᠬᠦᠢ ᠵᠦᠢ᠍ᠯᠡᠰ᠎ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠵᠢᠷᠤᠮᠵᠢᠭᠤᠯᠬᠤ ᠲᠤᠬᠠᠢ ᠮᠡᠳᠡᠭᠳᠡᠯ》᠎ᠢ ᠨᠡᠢ᠌ᠲᠡᠯᠡᠵᠦ᠂ ᠪᠠᠷᠢᠯᠭ᠎ᠠ ᠪᠠᠷᠢᠬᠤ ᠠᠵᠤ ᠠᠬᠤᠢ᠌ᠯᠠᠯ᠎ᠤᠨ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ ᠮᠡᠳᠡᠭᠦᠯᠬᠦ ᠬᠣᠯᠪᠣᠭᠳᠠᠯ ᠪᠦᠬᠦᠢ ᠵᠦᠢ᠍ᠯᠡᠰ᠎ᠢ ᠲᠣᠳᠣᠷᠬᠠᠢ ᠲᠣᠭᠲᠠᠭ᠋ᠠᠵᠠᠢ᠃

     ᠥᠷᠭᠡᠨ ᠣᠯᠠᠨ ᠠᠵᠤ ᠠᠬᠤᠢ᠌ᠯᠠᠯ᠂ ᠣᠯᠠᠨ ᠲᠦᠮᠡᠨ᠎ᠳᠤ ᠪᠢᠴᠢᠭ ᠮᠠᠲ᠋ᠧᠷᠢᠶᠠᠯ᠎ᠤᠨ ᠠᠭᠤᠯᠭ᠎ᠠ ᠵᠢ ᠤᠯᠠᠮ ᠨᠢᠭᠡ ᠠᠯᠬᠤᠮ ᠣᠢ᠌ᠯᠠᠭ᠋ᠠᠭᠤᠯᠬᠤ ᠵᠢᠨ ᠲᠥᠯᠥᠭᠡ᠂ ᠳᠣᠣᠷ᠎ᠠ ᠪᠢᠴᠢᠭ ᠮᠠᠲ᠋ᠧᠷᠢᠶᠠᠯ᠎ᠤᠨ ᠬᠠᠮᠢᠶ᠎ᠠ ᠪᠦᠬᠦᠢ ᠠᠭᠤᠯᠭ᠎ᠠ ᠵᠢ  ᠲᠠᠢ᠌ᠯᠪᠦᠷᠢ ᠬᠢᠶ᠎ᠡ᠃

     ᠨᠢᠭᠡ ᠂ ᠨᠠᠢ᠌ᠳᠠᠵᠤ ᠬᠢᠨᠠᠨ ᠪᠠᠢ᠌ᠴᠠᠭ᠋ᠠᠯᠭ᠋ᠠᠬᠤ ᠵᠢ ᠬᠡᠷᠡᠭᠵᠢᠭᠦᠯᠵᠦ ᠂ ᠬᠢᠨᠠᠨ ᠵᠥᠪᠰᠢᠶᠡᠷᠡᠯ᠎ᠤᠨ ᠶᠠᠪᠤᠴᠠ ᠵᠢ ᠳᠥᠭᠥᠮᠴᠢᠯᠡᠨ᠎ᠡ ᠃

ᠪᠠᠷᠢᠯᠭ᠎ᠠ ᠪᠠᠷᠢᠬᠤ ᠠᠵᠤ ᠠᠬᠤᠢ᠌ᠯᠠᠯ᠎ᠤᠨ ᠠᠶᠦᠯᠭᠦᠢ  ᠦᠢ᠍ᠯᠡᠳᠪᠦᠷᠢᠯᠡᠯ᠎ᠤᠨ  ᠵᠥᠪᠰᠢᠶᠡᠷᠡᠯ᠎ᠤᠨ ᠦᠨᠡᠮᠯᠡᠯ᠎ᠤᠨ  ᠠᠩᠬ᠎ᠠ ᠤᠳᠠᠭ᠎ᠠ ᠭᠤᠶᠤᠴᠢᠯᠠᠭᠰᠠᠨ᠎ᠢ  ᠭᠥᠯᠢᠶᠡᠨ ᠠᠪᠴᠤ ᠰᠢᠢ᠍ᠳᠪᠦᠷᠢᠯᠡᠬᠦ ᠪᠠ ᠬᠢᠨᠠᠨ ᠪᠠᠢ᠌ᠴᠠᠭ᠋ᠠᠬᠤ ᠶᠠᠪᠤᠳᠠᠯ᠎ᠢ  ᠡᠯ᠎ᠡ ᠠᠢ᠌ᠮᠠᠭ ᠬᠤᠳᠠ ᠵᠢᠨ ᠣᠷᠣᠨ ᠰᠠᠭᠤᠴᠠ ᠪᠣᠯᠣᠨ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠷᠢᠭᠤᠴᠠᠨ᠎ᠠ ᠃

    1 ᠂  ᠠᠩᠬ᠎ᠠ ᠤᠳᠠᠭ᠎ᠠ ᠭᠤᠶᠤᠴᠢᠯᠠᠨ ᠮᠡᠳᠡᠭᠦᠯᠬᠦ᠄ ᠠᠵᠤ ᠠᠬᠤᠢ᠌ᠯᠠᠯ ᠎ᠤᠨ ᠪᠠᠢ᠌ᠭ᠎ᠠ ᠠᠢ᠌ᠮᠠᠭ᠎ᠤᠨ ᠬᠣᠲᠠ ᠵᠢᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶ᠎ᠡ᠎ᠳᠤ ᠣᠷᠣᠵᠤ᠂ 《ᠪᠠᠷᠢᠯᠭ᠎ᠠ ᠪᠠᠷᠢᠬᠤ ᠠᠵᠤ ᠠᠬᠤᠢ᠌ᠯᠠᠯ᠎ᠤᠨ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ ᠠᠩᠬ᠎ᠠ ᠤᠳᠠᠭ᠎ᠠ ᠭᠤᠶᠤᠴᠢᠯᠠᠬᠤ (ᠨᠠᠢ᠌ᠳᠠᠵᠤ ᠬᠢᠨᠠᠨ ᠪᠠᠢ᠌ᠴᠠᠭ᠋ᠠᠯᠭ᠋ᠠᠬᠤ)》 ᠵᠦᠢ᠍ᠯᠡᠰ᠎ᠢ ᠰᠣᠩᠭᠣᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠲᠠᠪᠴᠠᠩ》᠎ᠳᠤ ᠭᠤᠶᠤᠴᠢᠯᠠᠯ᠎ᠤᠨ ᠮᠠᠲ᠋ᠧᠷᠢᠶᠠᠯ᠎ᠢ  ᠲᠠᠮᠵᠢᠭᠤᠯᠤᠨ᠎ᠠ ᠃

    2 ᠂  ᠪᠠᠷᠢᠯᠭ᠎ᠠ ᠪᠠᠷᠢᠬᠤ ᠠᠵᠤ ᠠᠬᠤᠢ᠌ᠯᠠᠯ᠎ᠤᠨ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ ᠲᠡᠬᠢᠵᠦ ᠬᠢᠨᠠᠨ ᠪᠠᠢ᠌ᠴᠠᠭ᠋ᠠᠵᠤ ᠬᠤᠭᠤᠴᠠᠭ᠎ᠠ ᠵᠢ᠎ᠨᠢ ᠤᠷᠲᠤᠳᠬᠠᠬᠤ ᠪᠠ ᠲᠡᠬᠢᠵᠦ ᠬᠢᠨᠠᠨ ᠪᠠᠢ᠌ᠴᠠᠭ᠋ᠠᠬᠤ  ᠦᠭᠡᠢ  ᠬᠤᠭᠤᠴᠠᠭ᠎ᠠ ᠵᠢ᠎ᠨᠢ ᠤᠷᠲᠤᠳᠬᠠᠬᠤ᠎ᠪᠠᠷ ᠮᠡᠳᠡᠭᠦᠯᠬᠦ ᠠᠷᠭ᠎ᠠ ᠮᠠᠶᠢᠭ  ᠬᠤᠪᠢᠷᠠᠯᠳᠠ ᠦᠭᠡᠢ᠃

     ᠬᠣᠶᠠᠷ᠂ ᠠᠵᠢᠯᠲᠠᠨ᠎ᠤ ᠬᠠᠷᠭᠤᠭᠤᠯᠤᠨ ᠪᠠᠢ᠌ᠴᠠᠭ᠋ᠠᠬᠤ ᠵᠢ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃

    1 ᠂  ᠮᠡᠳᠡᠭᠦᠯᠬᠦ ᠠᠵᠤ ᠠᠬᠤᠢ᠌ᠯᠠᠯ᠎ᠨᠢ ᠬᠠᠤᠯᠢ ᠶᠣᠰᠣᠭ᠋ᠠᠷ ᠠᠵᠤ ᠠᠬᠤᠢ᠌ᠯᠠᠯ᠎ᠤᠨ ᠭᠣᠣᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ᠂ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠲᠤᠰᠬᠠᠢ ᠲᠤᠰᠢᠶᠠᠯᠲᠤ ᠠᠵᠢᠯᠲᠠᠨ (ᠳᠣᠷᠣᠭᠰᠢ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ ᠭᠡᠵᠦ ᠲᠣᠪᠴᠢᠯᠠᠨ᠎ᠠ) ᠪᠠ ᠣᠨᠴᠠ ᠲᠥᠷᠥᠯ᠎ᠤᠨ ᠠᠵᠢᠯ ᠬᠢᠭᠰᠡᠳ᠎ᠲᠤ ᠨᠡᠢ᠌ᠭᠡᠮ᠎ᠤᠨ ᠳᠠᠭ᠋ᠠᠳᠬᠠᠯ᠎ᠢ  ᠲᠤᠰᠢᠶᠠᠭᠰᠠᠨ ᠂ ᠡᠷᠬᠡ  ᠤᠯᠭᠤᠭᠰᠠ  ᠬᠢᠨᠠᠨ ᠵᠥᠪᠰᠢᠶᠡᠷᠡᠯ᠎ᠤᠨ ᠰᠠᠯᠠᠭ᠎ᠠ ᠮᠥᠴᠢᠷ᠎ᠤᠨ  ᠨᠡᠢ᠌ᠭᠡᠮ᠎ᠤᠨ ᠳᠠᠭ᠋ᠠᠳᠬᠠᠯ᠎ᠤᠨ ᠲᠤᠰᠢᠶᠠᠭᠰᠠᠨ ᠪᠠᠢ᠌ᠳᠠᠯ᠎ᠢ ᠬᠠᠷᠢᠴᠠᠭᠤᠯᠤᠨ ᠬᠠᠷᠭᠤᠭᠤᠯᠤᠨ  ᠪᠠᠢ᠌ᠴᠠᠭ᠋ᠠᠨ᠎ᠠ ᠃

    2 ᠂  ᠠᠵᠤ ᠠᠬᠤᠢ᠌ᠯᠠᠯ᠎ᠤᠨ  ᠠᠶᠤᠯᠭᠦᠢ ᠦᠢ᠍ᠯᠡᠳᠪᠦᠷᠢᠯᠡᠯ᠎ᠤᠨ  ᠵᠥᠪᠰᠢᠶᠡᠷᠡᠯ᠎ᠤᠨ  ᠦᠨᠡᠮᠯᠡᠯ ᠭᠤᠶᠤᠴᠢᠯᠠᠬᠤ ᠎ᠲᠤ ᠲᠡᠭᠦᠨ᠎ᠤ  ᠪᠠᠷᠢᠯᠭ᠎ᠠ ᠵᠢᠨ  ᠦᠢ᠍ᠯᠡᠰ᠎ᠤᠨ  ᠠᠵᠤ ᠠᠬᠤᠢ᠌ᠯᠠᠯ᠎ᠤᠨ ᠬᠢᠷᠢ ᠬᠡᠮ᠎ᠤᠨ  ᠬᠠᠮᠤᠭ᠎ᠤᠨ  ᠳᠡᠭᠡᠳᠦ ᠲᠥᠷᠥᠯ ᠢᠯᠭ᠋ᠠᠯ᠎ᠤᠨ  ᠵᠡᠷᠭᠡ ᠳᠡᠰ᠎ᠤᠨ  ᠱᠠᠭ᠋ᠠᠷᠳᠠᠯᠭ᠎ᠠ ᠶᠣᠰᠣᠭ᠋ᠠᠷ ᠳᠠᠩᠰᠠᠯᠠᠭᠤᠯᠤᠭᠰᠠᠨ ᠪᠠᠷᠢᠯᠭ᠎ᠠ ᠪᠠᠷᠢᠭᠴᠢ ᠵᠢᠨ ᠲᠣᠭ᠎ᠠ ᠬᠡᠮᠵᠢᠶ᠎ᠡ ᠵᠢ ᠦᠨᠳᠦᠰᠦᠯᠡᠨ ᠂ ᠲᠥᠷᠥᠯ ᠵᠦᠢ᠍ᠯ᠎ᠤᠨ  ᠬᠠᠷᠢᠭᠤᠴᠠᠯᠭ᠋ᠠᠲᠠᠨ ( B ᠦᠨᠡᠮᠯᠡᠯ ) ᠲᠣᠭ᠎ᠠ᠎ᠪᠠᠷ ᠭᠤᠶᠤᠴᠢᠯᠠᠨ᠎ᠠ᠃

     ᠵᠢᠱ᠌ᠢᠶᠡᠯᠡᠪᠡᠯ ᠄ ᠠᠵᠤ ᠠᠬᠤᠢ᠌ᠯᠠᠯ᠎ᠨᠢ ᠪᠠᠷᠢᠯᠭ᠎ᠠ ᠵᠢᠨ ᠠᠵᠢᠯ᠎ᠤᠨ ᠶᠡᠷᠦᠩᠬᠡᠢ ᠳᠠᠭ᠋ᠠᠭ᠋ᠠᠴᠢᠯᠠᠯᠲᠠ ᠵᠢᠨ ᠬᠣᠶᠠᠳᠤᠭ᠋ᠠᠷ ᠳᠡᠰ᠎ᠤᠨ ᠬᠢᠷᠢ ᠬᠡᠮ ( 12 ᠪᠠᠷᠢᠯᠭ᠎ᠠ ᠵᠢᠨ ᠠᠵᠢᠯᠲᠠᠨ ) ᠪᠠ ᠵᠠᠰᠠᠮᠠᠯ ᠵᠠᠮ᠎ᠤᠨ ᠪᠠᠷᠢᠯᠭ᠎ᠠ ᠵᠢᠨ ᠠᠵᠢᠯ᠎ᠤᠨ ᠶᠡᠷᠦᠩᠬᠡᠢ ᠳᠠᠭ᠋ᠠᠭ᠋ᠠᠴᠢᠯᠠᠯᠲᠠ ᠵᠢᠨ ᠬᠣᠶᠠᠳᠤᠭ᠋ᠠᠷ ᠳᠡᠰ᠎ᠤᠨ ᠬᠢᠷᠢ ᠬᠡᠮ ( 15 ᠪᠠᠷᠢᠯᠭ᠎ᠠ ᠵᠢᠨ ᠠᠵᠢᠯᠲᠠᠨ )᠎ᠢ ᠬᠠᠮᠲᠤ᠎ᠳᠤᠨᠢ ᠡᠵᠡᠮᠰᠢᠵᠦ ᠪᠠᠢ᠌ᠪᠠᠯ ᠂ 15  ᠨᠡᠷᠡᠰ  ᠬᠠᠷᠢᠭᠤᠴᠠᠯᠭ᠋ᠠᠲᠠᠨ ( B ᠦᠨᠡᠮᠯᠡᠯ ) ᠲᠣᠬᠢᠷᠠᠭᠤᠯᠬᠤ ᠬᠡᠷᠡᠭᠲᠡᠢ ᠃

     ᠭᠤᠷᠪᠠ᠂ ᠪᠠᠴᠢᠮ ᠪᠠᠢ᠌ᠳᠠᠯ᠎ᠢ ᠠᠷᠭ᠋ᠠᠴᠠᠬᠤ ᠰᠣᠷᠢᠯᠲᠠ ᠵᠢ ᠴᠢᠩᠭ᠋ᠠᠳᠬᠠᠵᠤ᠂ ᠠᠪᠤᠷᠠᠨ ᠲᠤᠰᠠᠯᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃

    1 ᠂  ᠪᠠᠷᠢᠯᠭ᠎ᠠ ᠪᠠᠷᠢᠬᠤ ᠠᠵᠤ ᠠᠬᠤᠢ᠌ᠯᠠᠯ᠎ᠨᠢ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠪᠠᠢ᠌ᠭᠤᠯᠤᠮᠵᠢ ᠵᠢ ᠬᠠᠤᠯᠢ ᠶᠣᠰᠣᠭ᠋ᠠᠷ ᠪᠠᠢ᠌ᠭᠤᠯᠵᠤ ᠂ ᠠᠵᠤ ᠠᠬᠤᠢ᠌ᠯᠠᠯ᠎ᠤᠨ ᠭᠣᠣᠯ ᠬᠠᠷᠢᠭᠤᠴᠠᠯᠭ᠋ᠠᠲᠠᠨ ( A ᠲᠦᠷᠦᠯ )᠎ᠤ ᠤᠳᠤᠷᠢᠳᠤᠯᠭ᠎ᠠ ᠵᠢᠨ ᠳᠣᠣᠷ᠎ᠠ ᠲᠤᠰ ᠠᠵᠤ ᠠᠬᠤᠢ᠌ᠯᠠᠯ᠎ᠤᠨ ᠵᠶ᠋ᠠᠨ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯ᠎ᠢ ᠥᠷᠨᠢᠭᠦᠯᠬᠦ ᠬᠡᠷᠡᠭᠲᠡᠢ ᠃

    2 ᠂  ᠠᠶᠤᠯᠭᠦᠢ ᠦᠢ᠍ᠯᠡᠳᠪᠦᠷᠢᠯᠡᠯ᠎ᠤᠨ  ᠵᠥᠪᠰᠢᠶᠡᠷᠡᠯ᠎ᠤᠨ  ᠦᠨᠡᠮᠯᠡᠯ᠎ᠢ  ᠭᠤᠶᠤᠴᠢᠯᠠᠬᠤ᠎ᠠᠴᠠ ᠡᠮᠦᠨ᠎ᠡ ᠂ ᠠᠵᠤ ᠠᠬᠤᠢ᠌ᠯᠠᠯ᠎ᠤᠨ  ᠭᠣᠣᠯ ᠬᠠᠷᠢᠭᠤᠴᠠᠯᠭ᠋ᠠᠲᠠᠨ᠎ᠠᠴᠠ ᠨᠠᠢ᠌ᠷᠠᠭᠤᠯᠤᠨ ᠵᠣᠬᠢᠶᠠᠭᠰᠠᠨ ᠪᠠᠴᠢᠮ ᠪᠠᠢ᠌ᠳᠠᠯ᠎ᠢ  ᠠᠷᠭ᠋ᠠᠴᠠᠵᠤ ᠠᠪᠤᠷᠠᠨ ᠲᠤᠰᠠᠯᠠᠬᠤ ᠪᠡᠯᠡᠳᠬᠡᠯ ᠲᠥᠰᠥᠯ᠎ᠤᠨ  ᠶᠣᠰᠣᠭ᠋ᠠᠷ ᠪᠠᠴᠢᠮ ᠪᠠᠢ᠌ᠳᠠᠯ᠎ᠢ  ᠠᠷᠭ᠋ᠠᠴᠠᠵᠤ ᠠᠪᠤᠷᠠᠨ ᠲᠤᠰᠠᠯᠠᠬᠤ ᠰᠣᠷᠢᠯᠲᠠ ᠵᠢ ᠵᠣᠬᠢᠶᠠᠨ ᠪᠠᠢ᠌ᠭᠤᠯᠤᠨ ᠥᠷᠨᠢᠭᠦᠯᠵᠦ ᠂ ᠠᠵᠤ ᠠᠬᠤᠢ᠌ᠯᠠᠯ᠎ᠤᠨ  ᠠᠶᠤᠯᠭᠦᠢ  ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠪᠠᠢ᠌ᠭᠤᠯᠤᠮᠵᠢ ᠵᠢᠨ ᠪᠦᠷᠢᠯᠳᠦᠭᠦᠨ ᠪᠣᠯᠣᠨ ᠪᠠᠴᠢᠮ ᠪᠠᠢ᠌ᠳᠠᠯ᠎ᠢ  ᠠᠷᠭ᠋ᠠᠴᠠᠵᠤ ᠠᠪᠤᠷᠠᠨ ᠲᠤᠰᠠᠯᠠᠬᠤ ᠪᠡᠯᠡᠳᠬᠡᠯ ᠲᠥᠰᠥᠯ᠎ᠤᠨ  ᠨᠠᠢ᠌ᠷᠠᠭᠤᠯᠤᠨ ᠵᠣᠬᠢᠶᠠᠭᠰᠠᠨ ᠠᠪᠤᠷᠠᠨ ᠲᠤᠰᠠᠯᠠᠬᠤ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠮᠵᠢ ᠵᠢᠨ ᠠᠵᠢᠯᠲᠠᠳ᠎ᠨᠢ ᠪᠠᠴᠢᠮ ᠪᠠᠢ᠌ᠳᠠᠯ᠎ᠢ  ᠠᠷᠭ᠋ᠠᠴᠠᠵᠤ ᠠᠪᠤᠷᠠᠨ ᠲᠤᠰᠠᠯᠠᠬᠤ ᠰᠣᠷᠢᠯᠲᠠ᠎ᠳᠤ ᠪᠥᠬᠥ ᠬᠥᠮᠥᠰ ᠣᠷᠣᠯᠴᠠᠬᠤ ᠬᠡᠷᠡᠭᠲᠡᠢ ᠃

3     ᠂ ᠪᠠᠴᠢᠮ ᠪᠠᠢ᠌ᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠰᠣᠷᠢᠯᠲᠠ ᠵᠢᠨ ᠲᠡᠮᠳᠡᠭᠯᠡᠯ᠎ᠳᠤ᠄ ᠪᠠᠴᠢᠮ ᠪᠠᠢ᠌ᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠰᠣᠷᠢᠯᠲᠠ ᠵᠢᠨ ᠲᠡᠮᠳᠡᠭᠯᠡᠯ᠎ᠤᠨ ᠬᠦᠰᠦᠨᠦᠭᠲᠦ᠂ ᠠᠵᠢᠯᠲᠠᠨ᠎ᠤ ᠭᠠᠷ᠎ᠤᠨ ᠥᠰᠥᠭ ᠵᠢᠷᠤᠭᠰᠠᠨ ᠬᠦᠰᠦᠨᠦᠭᠲᠦ ᠵᠢᠴᠢ ᠳᠦᠷᠰᠦ ᠰᠢᠩᠭᠡᠭᠡᠯᠲᠡ ᠵᠢᠨ ᠮᠠᠲ᠋ᠧᠷᠢᠶᠠᠯ ᠵᠡᠷᠭᠡ ᠬᠠᠮᠢᠶ᠎ᠠ ᠪᠦᠬᠦᠢ ᠮᠠᠲ᠋ᠧᠷᠢᠶᠠᠯ᠎ᠢ ᠪᠠᠭᠲᠠᠭ᠋ᠠᠵᠤ᠂ ᠳᠦᠷᠰᠦ ᠰᠢᠩᠭᠡᠭᠡᠯᠲᠡ ᠵᠢᠨ ᠮᠠᠲ᠋ᠧᠷᠢᠶᠠᠯ᠎ᠳᠤ ᠰᠣᠷᠢᠯᠲᠠ ᠵᠢᠨ ᠴᠠᠭ ᠬᠤᠭᠤᠴᠠᠭ᠎ᠠ ᠪᠠ ᠰᠣᠷᠢᠯᠲᠠ᠎ᠳᠤ ᠣᠷᠣᠯᠴᠠᠭᠰᠠᠳ᠎ᠤᠨ ᠣᠪᠣᠭ ᠨᠡᠷ᠎ᠡ ᠵᠢ ᠲᠣᠳᠣᠷᠬᠠᠢ᠌ᠯᠠᠬᠤ ᠬᠡᠷᠡᠭᠲᠡᠢ᠃

     ᠳᠥᠷᠪᠡ᠂ ᠨᠢᠭᠤᠷᠲᠠᠨ ᠠᠰᠠᠭᠤᠬᠤ ᠳᠦᠷᠢᠮ᠎ᠢ ᠪᠠᠢ᠌ᠭᠤᠯᠵᠤ᠂ ᠬᠠᠷᠭᠤᠭᠤᠯᠤᠨ ᠪᠠᠢ᠌ᠴᠠᠭ᠋ᠠᠬᠤ ᠠᠷᠭ᠎ᠠ ᠮᠠᠶᠢᠭ᠎ᠢ ᠰᠢᠯᠢᠳᠡᠭᠵᠢᠭᠦᠯᠦᠨ᠎ᠡ᠃

     ᠬᠢᠨᠠᠨ ᠵᠥᠪᠰᠢᠶᠡᠷᠡᠯ᠎ᠤᠨ ᠠᠵᠢᠯ᠎ᠤᠨ ᠬᠡᠷᠡᠭᠴᠡᠭᠡ ᠵᠢ ᠦᠨᠳᠦᠰᠦᠯᠡᠨ᠂ ᠬᠢᠨᠠᠨ ᠵᠥᠪᠰᠢᠶᠡᠷᠡᠯ᠎ᠤᠨ ᠰᠠᠯᠠᠭ᠎ᠠ ᠮᠥᠴᠢᠷ᠎ᠠᠴᠠ  ᠭᠤᠶᠤᠴᠢᠯᠠᠯ᠎ᠤᠨ ᠳᠤᠮᠳᠠᠬᠢ ᠠᠰᠠᠭᠤᠳᠠᠯ᠎ᠢ ᠨᠢᠭᠤᠷᠲᠠᠨ ᠠᠰᠠᠭᠤᠵᠤ᠂ ᠠᠵᠤ ᠠᠬᠤᠢ᠌ᠯᠠᠯ᠎ᠤᠨ ᠬᠠᠤᠯᠢ ᠵᠢᠨ ᠡᠷᠬᠡᠲᠡᠨ ᠪᠤᠶᠤ ᠬᠠᠤᠯᠢ ᠵᠢᠨ ᠡᠷᠬᠡᠲᠡᠨ᠎ᠠᠴᠠ ᠡᠷᠬᠡ ᠣᠯᠭᠣᠭᠰᠠᠨ ᠪᠤᠰᠤᠳ 《A ᠦᠨᠡᠮᠯᠡᠯ》᠎ᠢ ᠣᠯᠣᠭᠰᠠᠨ ᠬᠥᠮᠥᠰ ᠴᠠᠭ ᠲᠤᠬᠠᠢ᠎ᠳᠤᠨᠢ ᠲᠤᠬᠠᠢ ᠵᠢᠨ ᠲᠠᠯᠠᠪᠤᠷ᠎ᠲᠤ  ᠬᠦᠷᠬᠦ ᠬᠡᠷᠡᠭᠳᠡᠢ ᠃  ᠯᠠᠪᠯᠠᠨ ᠠᠰᠠᠭᠤᠬᠤ᠎ᠪᠠᠷ ᠳᠡᠮᠵᠢᠨ᠂ ᠠᠵᠤ ᠠᠬᠤᠢ᠌ᠯᠠᠯ᠎ᠤᠨ᠎ᠬᠢᠨ ᠦᠨᠡᠨ ᠪᠣᠳᠠᠲᠠᠢ ᠪᠤᠰᠤ ᠮᠡᠳᠡᠭᠦᠯᠦᠯᠲᠡ ᠵᠢᠨ ᠮᠠᠲ᠋ᠧᠷᠢᠶᠠᠯ ᠬᠠᠩᠭ᠋ᠠᠭᠰᠠᠨ ᠵᠶ᠋ᠠᠨ ᠮᠡᠳᠡᠷᠡᠭᠰᠡᠨ ᠪᠠᠢ᠌ᠪᠠᠯ᠂ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠶᠣᠰᠣᠭ᠋ᠠᠷ ᠵᠥᠪᠰᠢᠶᠡᠷᠡᠬᠦ ᠦᠭᠡᠢ᠃

     ᠲᠠᠪᠤ᠂ ᠮᠡᠳᠡᠭᠡ ᠵᠠᠩᠭᠢ ᠵᠢᠨ ᠠᠳᠠᠯᠢᠳᠬᠠᠯ᠎ᠢ ᠴᠢᠩᠭ᠋ᠠᠳᠬᠠᠵᠤ᠂ ᠢᠲᠡᠭᠡᠮᠵᠢ ᠵᠢᠨ ᠬᠠᠮᠢᠶᠠᠷᠤᠯᠲᠠ ᠵᠢ ᠴᠢᠩᠭ᠋ᠠᠷᠠᠭᠤᠯᠤᠨ᠎ᠠ᠃

ᠠᠵᠤ ᠠᠬᠤᠢ᠌ᠯᠠᠯ   ᠠᠶᠦᠯᠭᠦᠢ  ᠦᠢ᠍ᠯᠡᠳᠪᠦᠷᠢᠯᠡᠯ᠎ᠤᠨ  ᠵᠥᠪᠰᠢᠶᠡᠷᠡᠯ᠎ᠤᠨ  ᠦᠨᠡᠮᠯᠡᠯ᠎ᠢ  ᠭᠤᠶᠤᠴᠢᠯᠠᠬᠤ᠎ᠠᠴᠠ ᠡᠮᠦᠨ᠎ᠡ ᠂ ᠮᠡᠳᠡᠭᠦᠯᠦᠭᠰᠡᠨ ᠬᠥᠮᠥᠰ᠎ᠤᠨ  ᠦᠨᠡᠮᠯᠡᠯ᠎ᠲᠠᠢ ᠪᠠᠢ᠌ᠬᠤ ᠪᠠ ᠳᠠᠩᠰᠠᠯᠠᠭᠤᠯᠤᠭᠰᠠᠨ ᠪᠠᠢ᠌ᠳᠠᠯ᠎ᠢ  ᠥᠪᠡᠷ᠎ᠲᠡᠭᠡᠨ ᠬᠢᠨᠠᠨ ᠬᠠᠷᠭᠤᠭᠤᠯᠵᠤ ᠂   ᠠᠶᠦᠯᠭᠦᠢ ᠵᠢᠨ ᠬᠠᠮᠢᠶᠠᠷᠤᠯᠲᠠ ᠵᠢᠨ ᠠᠵᠢᠯᠲᠠᠨ ᠪᠣᠯᠣᠨ ᠣᠨᠴᠠ ᠲᠥᠷᠥᠯ᠎ᠤᠨ  ᠠᠵᠢᠯ ᠬᠢᠵᠦ ᠪᠠᠢ᠌ᠭ᠎ᠠ ᠬᠥᠮᠥᠰ᠎ᠲᠤ ᠤᠯᠠᠨ ᠠᠵᠤ ᠠᠬᠤᠢ᠌ᠯᠠᠯ᠎ᠤᠨ  ᠲᠤᠰᠢᠶᠠᠯ᠎ᠲᠤ ᠭᠠᠷᠬᠤ ᠪᠠ ᠪᠠᠢ᠌ᠨ ᠲᠠᠬᠢᠨ ᠰᠢᠯᠵᠢᠵᠦ ᠪᠠᠢ᠌ᠭ᠎ᠠ ᠥᠢ᠍ᠯᠡ ᠠᠵᠢᠯᠯᠠᠭ᠎ᠠ ᠣᠷᠣᠰᠢᠵᠤ ᠪᠠᠢ᠌ᠬᠤ ᠡᠰᠡᠬᠦ ᠵᠢ ᠥᠪᠡᠷ᠎ᠲᠡᠭᠡᠨ ᠪᠠᠢ᠌ᠴᠠᠭ᠋ᠠᠵᠤ ᠪᠣᠯᠣᠨ᠎ᠠ ᠃

     ᠠᠩᠬᠠᠷᠬᠤ᠎ᠨᠢ ᠄ ᠠᠵᠤ ᠠᠬᠤᠢ᠌ᠯᠠᠯ ᠬᠣᠯᠪᠣᠭᠳᠠᠯ ᠪᠦᠬᠦᠢ ᠪᠠᠢ᠌ᠳᠠᠯ ᠵᠶ᠋ᠠᠨ ᠨᠢᠭᠤᠨ ᠳᠠᠯᠳᠠᠯᠠᠵᠤ ᠂ ᠬᠤᠳᠠᠯ ᠬᠠᠭᠤᠷᠮᠠᠭ ᠮᠠᠲ᠋ᠧᠷᠢᠶᠠᠯ ᠬᠠᠩᠭ᠋ᠠᠵᠤ ᠭᠤᠶᠤᠴᠢᠯᠠᠯ ᠭᠠᠷᠭ᠋ᠠᠬᠤ ᠪᠤᠶᠤ ᠬᠠᠭᠤᠷᠮᠠᠭᠯᠠᠨ ᠵᠣᠬᠢᠶᠠᠬᠤ  ᠵᠡᠷᠭᠡ ᠮᠡᠬᠡᠯᠡᠬᠦ ᠠᠷᠭ᠎ᠠ᠎ᠪᠠᠷ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ ᠣᠯᠣᠭᠰᠠᠨ ᠪᠠᠢ᠌ᠪᠠᠯ ᠂ ᠬᠢᠨᠠᠨ ᠮᠠᠭ᠋ᠠᠳᠯᠠᠭᠰᠠᠨ᠎ᠤ ᠲᠠᠷᠠᠭ᠎ᠠ ᠂ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠴᠢᠩᠭ᠎ᠠ ᠵᠢᠷᠤᠮᠯᠠᠨ ᠰᠢᠢ᠍ᠳᠪᠦᠷᠢᠯᠡᠨ᠎ᠡ ᠂ ᠡᠭᠦᠨ᠎ᠠᠴᠠ ᠪᠣᠯᠤᠭᠰᠠᠨ ᠠᠯᠢᠪᠠ ᠠᠶᠤᠯ ᠲᠦᠭᠰᠢᠭᠦᠷᠢ ᠵᠢᠴᠢ ᠬᠠᠤᠯᠢ ᠵᠢᠨ ᠬᠠᠷᠢᠭᠤᠴᠠᠯᠭ᠎ᠠ ᠵᠢ ᠭᠤᠶᠤᠴᠢᠯᠠᠭᠴᠢ ᠡᠭᠦᠷᠭᠡᠯᠡᠨ᠎ᠡ ᠃  ᠬᠠᠮᠢᠶ᠎ᠠ ᠪᠦᠬᠦᠢ ᠠᠵᠤ ᠠᠬᠤᠢ᠌ᠯᠠᠯ ᠪᠠ ᠬᠠᠷᠢᠭᠤᠴᠠᠯᠭ᠎ᠠ᠎ᠲᠠᠢ ᠬᠥᠮᠥᠰ᠎ᠢ ᠭᠣᠣᠯᠳᠠᠯᠭ᠎ᠠ᠎ᠲᠠᠢ ᠬᠢᠨᠠᠨ ᠬᠠᠮᠢᠶᠠᠷᠬᠤ ᠡᠲᠡᠭᠡᠳ᠎ᠲᠤ ᠵᠢᠭᠰᠠᠭ᠋ᠠᠨ ᠣᠷᠣᠭᠤᠯᠬᠤ ᠵᠢᠨ ᠬᠠᠮᠲᠤ᠂ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠢᠲᠡᠭᠡᠮᠵᠢ ᠵᠢᠨ ᠲᠡᠮᠳᠡᠭᠯᠡᠯ᠎ᠳᠤ ᠲᠡᠮᠳᠡᠭᠯᠡᠨ ᠣᠷᠣᠭᠤᠯᠤᠨ᠎ᠠ᠃

     ᠵᠢᠷᠭᠤᠭ᠎ᠠ᠂ ᠬᠥᠳᠡᠯᠦᠩᠭᠦᠢ ᠬᠠᠷᠭᠤᠭᠤᠯᠤᠨ ᠪᠠᠢ᠌ᠴᠠᠭ᠋ᠠᠬᠤ ᠵᠢ ᠴᠢᠩᠭ᠋ᠠᠷᠠᠭᠤᠯᠵᠤ᠂ ᠠᠵᠢᠯᠲᠠᠨ᠎ᠤ ᠪᠠᠷᠢᠮᠵᠢᠶ᠎ᠠ ᠵᠢ ᠪᠠᠲᠤᠯᠠᠨ᠎ᠠ᠃

    1 ᠂  ᠠᠵᠤ ᠠᠬᠤᠢ᠌ᠯᠠᠯ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ ᠣᠯᠣᠭᠰᠠᠨ᠎ᠤ ᠲᠠᠷᠠᠭ᠎ᠠ ᠂ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ ᠪᠠ ᠣᠨᠴᠠ ᠲᠦᠷᠦᠯ᠎ᠤᠨ ᠠᠵᠢᠯ ᠬᠢᠭᠰᠡᠳ ᠪᠠᠷᠢᠮᠵᠢᠶ᠎ᠠ ᠵᠢᠨ ᠱᠠᠭ᠋ᠠᠷᠳᠠᠯᠭ᠎ᠠ ᠵᠢ ᠬᠥᠳᠡᠯᠦᠩᠭᠦᠢ ᠬᠠᠩᠭ᠋ᠠᠬᠤ ᠬᠡᠷᠡᠭᠲᠡᠢ ᠃

    2 ᠂ ᠠᠵᠤ ᠠᠬᠤᠢ᠌ᠯᠠᠯ᠎ᠤᠨ ᠲᠥᠷᠥᠯ ᠵᠦᠢ᠍ᠯ ᠵᠶ᠋ᠡᠨ ᠨᠡᠮᠡᠭᠳᠡᠭᠦᠯᠬᠦ ᠪᠤᠶᠤ ᠲᠠᠰ ᠳᠡᠪᠰᠢᠭᠦᠯᠦᠭᠡᠳ ᠪᠤᠰᠤᠳ ᠲᠥᠷᠥᠯ ᠢᠯᠭ᠋ᠠᠯ ᠪᠠ ᠵᠡᠷᠭᠡ ᠳᠡᠰ᠎ᠤᠨ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠢ᠌ᠯᠠᠯ᠎ᠤᠨ ᠬᠢᠷᠢ ᠬᠡᠮ᠎ᠢ ᠣᠯᠣᠭᠰᠠᠨ᠎ᠤ ᠳᠠᠷᠠᠭ᠎ᠠ᠂ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯᠲᠠᠨ᠎ᠢ ᠭᠦᠢ᠍ᠴᠡᠳ ᠪᠦᠷᠢᠨ ᠲᠣᠬᠢᠷᠠᠭᠤᠯᠬᠤ ᠬᠡᠷᠡᠭᠲᠡᠢ᠃

     ᠵᠢᠱ᠌ᠢᠶᠡᠯᠡᠪᠡᠯ᠄ ᠠᠵᠤ ᠠᠬᠤᠢ᠌ᠯᠠᠯ᠎ᠨᠢ ᠪᠠᠷᠢᠯᠭ᠎ᠠ ᠵᠢᠨ ᠬᠥᠳᠡᠯᠮᠦᠷᠢ ᠦᠢ᠍ᠯᠡᠴᠢᠯᠡᠭᠡᠨ᠎ᠤ ᠠᠵᠤ ᠠᠬᠤᠢ᠌ᠯᠠᠯ᠎ᠤᠨ ᠬᠢᠷᠢ ᠬᠡᠮ᠎ᠲᠠᠢ  ᠪᠠᠢ᠌ᠭ᠋ᠠᠳ ᠂ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ ᠭᠤᠶᠤᠴᠢᠯᠠᠨ  ᠤᠯᠵᠦ ᠂ 2023 ᠣᠨ᠎ᠤ 9  ᠳ᠋ᠤᠭᠡᠷ  ᠰᠠᠷ᠎ᠠ ᠵᠢᠨ 30᠎ᠤ ᠡᠳᠦᠷ ᠪᠠᠷᠢᠯᠭ᠎ᠠ ᠵᠢᠨ ᠠᠵᠢᠯ᠎ᠤᠨ ᠶᠡᠷᠦᠩᠬᠡᠢ ᠳᠠᠭ᠋ᠠᠭ᠋ᠠᠴᠢᠯᠠᠯᠲᠠ ᠵᠢᠨ ᠬᠣᠶᠠᠳᠤᠭ᠋ᠠᠷ ᠳᠡᠰ᠎ᠤᠨ ᠬᠢᠷᠢ ᠬᠡᠮ᠎ᠢ ᠨᠡᠮᠡᠵᠦ ᠣᠯᠣᠭᠰᠠᠨ ᠪᠠᠢ᠌ᠪᠠᠯ᠂ 2023 ᠣᠨ᠎ᠤ 10 ᠳ᠋ᠤᠭ᠋ᠠᠷ ᠰᠠᠷ᠎ᠠ ᠵᠢᠨ 30᠎ᠤ ᠡᠳᠦᠷ᠎ᠠᠴᠠ ᠡᠮᠦᠨ᠎ᠡ ᠡᠵᠡᠩᠨᠡᠯᠲᠡ ᠵᠢᠨ ᠬᠡᠪᠴᠢᠶ᠎ᠡ᠂ ᠲᠥᠬᠦᠭᠡᠷᠦᠮᠵᠢ ᠵᠢᠨ ᠬᠠᠮᠢᠶᠠᠷᠤᠯᠲᠠ ᠪᠠ ᠦᠢ᠍ᠯᠡᠳᠪᠦᠷᠢᠯᠡᠯ᠎ᠤᠨ ᠬᠡᠷᠡᠭᠴᠡᠭᠡ᠎ᠲᠠᠢ᠎ᠪᠠᠨ ᠤᠶᠠᠯᠳᠤᠭᠤᠯᠤᠨ᠂  ᠠᠶᠦᠯᠭᠦᠢ ᠵᠢᠨ ᠬᠠᠮᠢᠶᠠᠷᠤᠯᠲᠠ ᠵᠢᠨ ᠠᠵᠢᠯᠲᠠᠨ᠎ᠤ ᠲᠣᠬᠢᠷᠠᠭᠤᠯᠤᠯᠲᠠ ᠵᠢᠨ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠵᠣᠬᠢᠬᠤ A ᠲᠥᠷᠥᠯ᠂ B ᠲᠥᠷᠥᠯ᠂ C ᠲᠥᠷᠥᠯ᠎ᠤᠨ ᠠᠵᠢᠯᠲᠠᠨ᠎ᠢ ᠪᠠᠭᠲᠠᠭ᠋ᠠᠭᠰᠠᠨ  ᠠᠶᠦᠯᠭᠦᠢ ᠵᠢᠨ ᠬᠠᠮᠢᠶᠠᠷᠤᠯᠲᠠ ᠵᠢᠨ ᠠᠵᠢᠯᠲᠠᠨ᠎ᠢ ᠭᠦᠢ᠍ᠴᠡᠳ ᠪᠦᠷᠢᠨ  ᠲᠤᠬᠢᠷᠠᠭᠤᠯᠤᠨ᠎ᠠ ᠂ ᠬᠤᠭᠤᠴᠠᠭ᠎ᠠ ᠬᠡᠲᠦᠷᠡᠲᠡᠯ᠎ᠡ ᠲᠣᠬᠢᠷᠠᠭᠤᠯᠤᠭᠰᠠᠨ ᠦᠭᠡᠢ ᠪᠣᠯ   ᠠᠶᠦᠯᠭᠦᠢ ᠵᠢᠨ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ᠎ᠨᠢ ᠬᠠᠤᠯᠢ ᠶᠣᠰᠣᠭ᠋ᠠᠷ ᠬᠦᠴᠦᠨ ᠦᠭᠡᠢ ᠪᠣᠯᠭ᠋ᠠᠨ᠎ᠠ᠃

     ᠠᠰᠠᠭᠤᠨ  ᠯᠠᠪᠯᠠᠬᠤ ᠠᠷᠭ᠎ᠠ ᠬᠡᠯᠪᠡᠷᠢ

     ᠬᠡᠷᠪᠡ ᠰᠢᠢ᠍ᠳᠪᠦᠷᠢᠯᠡᠬᠦ ᠶᠠᠪᠤᠴᠠ᠎ᠳᠤ ᠪᠠᠰᠠ ᠬᠦᠴᠢᠷᠳᠡᠯ ᠲᠤᠯᠭ᠋ᠠᠷᠠᠪᠠᠯ᠂ ᠲᠠ ᠪᠠᠰᠠ ᠡᠢ᠌ᠮᠦ ᠠᠷᠭ᠎ᠠ᠎ᠪᠠᠷ ᠰᠢᠢ᠍ᠳᠪᠦᠷᠢᠯᠡᠵᠦ ᠪᠣᠯᠣᠨ᠎ᠠ᠄

    1᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠠᠯᠪᠠᠨ᠎ᠤ ᠰᠦᠯᠵᠢᠶ᠎ᠡ - ᠲᠤᠰᠬᠠᠢ ᠰᠡᠳᠦᠪ ᠲᠤᠰᠬᠠᠢ ᠪᠤᠯᠤᠩ - ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠠᠵᠤ ᠠᠬᠤᠢ᠌ᠯᠠᠯ᠎ᠤᠨ ᠬᠢᠷᠢ ᠬᠡᠮ᠎ᠤᠨ ᠵᠠᠰᠠᠭ ᠵᠠᠬᠢᠷᠭ᠋ᠠᠨ᠎ᠤ ᠬᠢᠨᠠᠨ ᠵᠦᠪᠰᠢᠶᠡᠷᠡᠯ᠎ᠤᠨ ᠲᠤᠰᠬᠠᠢ ᠪᠤᠯᠤᠩ - ᠪᠠᠢ᠌ᠩᠭᠤ ᠲᠣᠬᠢᠶᠠᠯᠳᠤᠬᠤ ᠠᠰᠠᠭᠤᠳᠠᠯ᠎ᠢ ᠲᠤᠪᠴᠢᠳᠠᠵᠦ᠂ ᠬᠣᠯᠪᠣᠭᠳᠠᠯ ᠪᠦᠬᠦᠢ ᠠᠭᠤᠯᠭ᠎ᠠ ᠵᠢ ᠪᠠᠢ᠌ᠴᠠᠭ᠋ᠠᠨ ᠯᠠᠪᠯᠠᠵᠤ ᠪᠤᠯᠤᠨ᠎ᠠ᠃

    2᠂ ᠠᠰᠠᠭᠤᠨ ᠯᠠᠪᠯᠠᠬᠤ ᠤᠲᠠᠰᠤ᠄

    0471—6945165  ᠂  6945002

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠵᠠᠰᠠᠭ ᠵᠠᠬᠢᠷᠭ᠋᠊