ᠪᠦᠲᠦᠭᠡᠨ ᠪᠠᠢ᠍ᠭᠤᠯᠤᠯᠲᠠ ᠵᠢᠨ ᠪᠠᠷᠢᠯᠭ᠎ᠠ ᠵᠢᠨ ᠠᠵᠤ ᠠᠬᠤᠢ᠍ᠯᠠᠯ᠎ᠤᠨ ᠬᠢᠷᠢ ᠭᠡᠮ᠎ᠤᠨ ᠦᠨᠡᠮᠯᠡᠯ ᠰᠣᠯᠢᠬᠤ ᠬᠣᠯᠪᠣᠭᠳᠠᠯ ᠪᠦᠬᠦᠢ ᠠᠰᠠᠭᠤᠳᠠᠯ (ᠭᠤᠷᠪᠠ)) (2024 ᠣᠨ᠎ᠤ ᠳᠥᠷᠪᠡᠳᠦᠭᠡᠷ ᠬᠤᠭᠤᠴᠠᠭ᠎ᠠ)
2024-06-01

     ᠠᠰᠠᠭ᠋ᠠᠯᠲᠠ 1᠄ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ ᠠᠵᠤ ᠠᠬᠤᠶ᠋ᠢᠯᠠᠯ᠎ᠤᠨ ᠦᠨᠡᠮᠯᠡᠯ ᠰᠣᠯᠢᠬᠤ ᠭᠤᠶᠤᠴᠢᠯᠠᠯ᠎ᠢ ᠪᠤᠴᠠᠭ᠋ᠠᠭᠰᠠᠨ᠎ᠤ ᠰᠢᠯᠳᠠᠭ᠋ᠠᠨ᠎ᠨᠢ ᠶᠠᠭᠤ ᠪᠣᠶ?

     ᠨᠡᠪᠲᠡᠷᠡᠯᠴᠡᠬᠦ᠎ᠪᠠᠷ ᠳᠠᠮᠵᠢᠨ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠶᠠᠮᠤᠨ᠎ᠠᠴᠠ ᠦᠨᠡᠮᠯᠡᠯ ᠰᠣᠯᠢᠬᠤ ᠭᠤᠶᠤᠴᠢᠯᠠᠯ᠎ᠢ ᠲᠦᠷ ᠪᠤᠴᠠᠭ᠋ᠠᠨ ᠥᠭᠴᠦ᠂ ᠬᠦᠯᠢᠶᠡᠨ ᠠᠪᠴᠤ ᠰᠢᠢ᠍ᠳᠪᠦᠷᠢᠯᠡᠬᠦ ᠨᠥᠬᠦᠴᠡᠯ᠎ᠢ ᠪᠦᠷᠢᠯᠳᠦᠭᠦᠯᠦᠭᠰᠡᠨ᠎ᠤ ᠳᠠᠷᠠᠭ᠎ᠠ ᠠᠵᠤ ᠠᠬᠤᠶ᠋ᠢᠯᠠᠯ᠎ᠠᠴᠠ ᠦᠨᠡᠮᠯᠡᠯ ᠰᠣᠯᠢᠬᠤ ᠭᠤᠶᠤᠴᠢᠯᠠᠯ ᠵᠶ᠋ᠠᠨ ᠳᠠᠬᠢᠨ ᠲᠤᠰᠢᠶᠠᠨ᠎ᠠ᠂ ᠠᠵᠤ ᠠᠬᠤᠶ᠋ᠢᠯᠠᠯ᠎ᠠᠴᠠ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠶᠠᠮᠤᠨ᠎ᠤ ᠬᠠᠮᠢᠶ᠎ᠠ ᠪᠦᠬᠦᠢ ᠮᠡᠳᠡᠭᠳᠡᠯ ᠪᠤᠶᠤ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠎ᠤᠨ ᠨᠡᠢ᠌ᠳᠡᠯᠡᠬᠦ ᠪᠠᠶ᠋ᠢᠩᠭᠤ ᠲᠣᠬᠢᠶᠠᠯᠳᠤᠬᠤ ᠠᠰᠠᠭᠤᠳᠠᠯ᠎ᠢ ᠴᠠᠭ ᠲᠤᠬᠠᠢ᠎ᠳᠤ᠎ᠨᠢ ᠠᠩᠬᠠᠷᠤᠭ᠋ᠠᠷᠠᠢ᠃

 

     ᠠᠰᠠᠭ᠋ᠠᠯᠲᠠ 2᠄ ᠦᠨᠡᠮᠯᠡᠯ ᠰᠣᠯᠢᠭᠰᠠᠨ᠎ᠤ ᠳᠠᠷᠠᠭ᠋ᠠᠬᠢ ᠬᠢᠷᠢ ᠬᠡᠮ᠎ᠤᠨ ᠮᠡᠳᠡᠭᠡ ᠵᠠᠩᠭᠢ᠎ᠨᠢ ᠶᠠᠭ᠋ᠠᠬᠢᠭ᠋ᠠᠳ ᠪᠥᠬᠦ ᠤᠯᠤᠰ᠎ᠤᠨ ᠪᠠᠷᠢᠯᠭ᠎ᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠠᠪᠴᠠᠩ᠎ᠳᠤ ᠢᠯᠡᠷᠡᠭᠦᠯᠬᠦ ᠥᠬᠡᠶ ᠪᠣᠶ?

     ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ ᠵᠢ ᠢᠯᠭ᠋ᠠᠬᠤ ᠵᠢᠨ ᠲᠥᠯᠥᠭᠡ᠂ ᠦᠨᠡᠮᠯᠡᠯ᠎ᠢ ᠰᠣᠯᠢᠵᠤ ᠣᠯᠭᠤᠭᠰᠠᠨ᠎ᠤ ᠳᠠᠷᠠᠭ᠎ᠠ ᠦᠨᠡᠮᠯᠡᠯ᠎ᠤᠨ ᠳ᠋ᠤᠭ᠋ᠠᠷ᠎ᠢ ᠬᠤᠪᠢᠷᠠᠭᠤᠯᠬᠤ ᠦᠭᠡᠢ (D3᠎ᠪᠠᠷ ᠡᠬᠢᠯᠡᠨ᠎ᠡ)᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠶᠠᠮᠤᠨ᠎ᠤ ᠣᠲᠣ ᠵᠢᠨ ᠬᠡᠷᠡᠭᠵᠢᠭᠦᠯᠵᠦ ᠪᠠᠶ᠋ᠢᠭ᠎ᠠ ᠲᠤᠭ᠎ᠠ ᠪᠠᠷᠢᠮᠲᠠ ᠬᠦᠷᠭᠡᠬᠦ ᠳᠦᠷᠢᠮ ᠶᠣᠰᠣᠭ᠋ᠠᠷ᠂ ᠦᠨᠡᠮᠯᠡᠯ ᠰᠣᠯᠢᠭᠰᠠᠨ᠎ᠤ ᠳᠠᠷᠠᠭ᠋ᠠᠬᠢ ᠪᠠᠷᠢᠯᠭ᠎ᠠ ᠵᠢᠨ ᠶᠡᠷᠦᠩᠬᠡᠢ ᠳᠠᠭ᠋ᠠᠭ᠋ᠠᠴᠢᠯᠠᠯᠲᠠ᠂ ᠲᠤᠰᠬᠠᠢ ᠠᠵᠢᠯ᠎ᠤᠨ ᠳᠠᠭ᠋ᠠᠭ᠋ᠠᠴᠢᠯᠠᠯᠲᠠ ᠵᠢᠨ ᠬᠤᠶᠠᠳᠤᠭ᠋ᠠᠷ ᠳᠡᠰ᠎ᠤᠨ ᠬᠢᠷᠢ ᠬᠡᠮ᠎ᠢ ᠪᠥᠬᠦ ᠤᠯᠤᠰ᠎ᠤᠨ ᠪᠠᠷᠢᠯᠭ᠎ᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠠᠪᠴᠠᠩ᠎ᠳᠤ ᠲᠦᠷ ᠬᠦᠷᠭᠡᠬᠦ ᠵᠢᠨ ᠠᠷᠭ᠎ᠠ ᠦᠭᠡᠢ ᠪᠣᠯᠵᠤ᠂ ᠬᠦᠷᠭᠡᠬᠦ ᠪᠠᠷᠢᠮᠵᠢᠶ᠎ᠠ ᠵᠢ ᠲᠣᠬᠢᠷᠠᠭᠤᠯᠤᠭᠰᠠᠨ᠎ᠤ ᠳᠠᠷᠠᠭ᠎ᠠ ᠳᠠᠷᠤᠢ ᠬᠡᠪ᠎ᠤᠨ ᠪᠠᠶ᠋ᠢᠳᠠᠯ ᠵᠶ᠋ᠠᠷ ᠢᠯᠡᠷᠡᠨ᠎ᠡ᠃

 

     ᠠᠰᠠᠭ᠋ᠠᠯᠲᠠ 3᠄ ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠬᠢᠷᠢ ᠬᠡᠮ᠎ᠨᠢ 1 ᠵᠢᠯ᠎ᠤᠨ ᠬᠤᠭᠤᠴᠠᠭ᠎ᠠ᠎ᠲᠠᠢ ᠬᠢᠷᠢ ᠬᠡᠮ᠎ᠤᠨ ᠦᠨᠡᠮᠯᠡᠯ ᠰᠣᠯᠢᠵᠤ ᠠᠪᠤᠭᠰᠠᠨ᠎ᠤ ᠳᠠᠷᠠᠭ᠎ᠠ ᠬᠡᠷᠬᠢᠨ 5 ᠵᠢᠯ᠎ᠤᠨ ᠬᠦᠴᠦᠨ᠎ᠲᠠᠢ ᠬᠢᠷᠢ ᠬᠡᠮ᠎ᠤᠨ ᠦᠨᠡᠮᠯᠡᠯ᠎ᠢ ᠤᠯᠬᠤ ᠪᠣᠶ?

     ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠠᠵᠤ ᠠᠬᠤᠶ᠋ᠢᠯᠠᠯ 1 ᠵᠢᠯ᠎ᠤᠨ ᠬᠦᠴᠦᠨ᠎ᠲᠠᠢ ᠬᠤᠭᠤᠴᠠᠭ᠎ᠠ᠎ᠲᠠᠢ ᠬᠢᠷᠢ ᠬᠡᠮ᠎ᠤᠨ ᠦᠨᠡᠮᠯᠡᠯ ᠵᠶ᠋ᠠᠨ ᠰᠣᠯᠢᠵᠤ ᠠᠪᠤᠭᠰᠠᠨ᠎ᠤ ᠳᠠᠷᠠᠭ᠎ᠠ᠂ ᠲᠦᠷᠦᠯ ᠵᠦᠢ᠍ᠯ ᠨᠡᠮᠡᠬᠦ᠎ᠪᠠᠷ ᠳᠠᠮᠵᠢᠭᠤᠯᠤᠨ ᠠᠳᠠᠯᠢ ᠲᠥᠷᠥᠯ᠎ᠤᠨ ᠬᠢᠷᠢ ᠬᠡᠮ᠎ᠢ ᠭᠤᠶᠤᠴᠢᠯᠠᠵᠤ ᠪᠣᠯᠬᠤ ᠦᠭᠡᠶ᠂ ᠬᠣᠯᠪᠣᠭᠳᠠᠯ ᠪᠦᠬᠦᠢ ᠬᠢᠷᠢ ᠭᠡᠮ᠎ᠤᠨ ᠬᠠᠮᠢᠶᠠᠷᠤᠯᠲᠠ ᠵᠢᠨ ᠲᠣᠭᠲᠠᠭ᠋ᠠᠯ ᠪᠠ ᠬᠢᠷᠢ ᠭᠡᠮ᠎ᠤᠨ ᠪᠠᠷᠢᠮᠵᠢᠶ᠎ᠠ ᠶᠣᠰᠣᠭ᠋ᠠᠷ ᠦᠷᠭᠦᠯᠵᠢᠯᠡᠭᠦᠯᠬᠦ᠎ᠪᠠᠷ ᠭᠤᠶᠤᠴᠢᠯᠠᠵᠤ᠂ ᠬᠢᠨᠠᠨ ᠪᠠᠶ᠋ᠢᠴᠠᠭ᠋ᠠᠭ᠋ᠠᠳ ᠬᠢᠷᠢ ᠲᠡᠩᠴᠡᠭᠰᠡᠨ᠎ᠤ ᠳᠠᠷᠠᠭ᠎ᠠ 5 ᠵᠢᠯ᠎ᠤᠨ ᠬᠦᠴᠦᠨ᠎ᠲᠠᠢ ᠪᠦᠬᠦᠢ ᠬᠢᠷᠢ ᠭᠡᠮ᠎ᠤᠨ ᠦᠨᠡᠮᠯᠡᠯ ᠤᠯᠭᠤᠨ᠎ᠠ᠃

     ᠠᠩᠬᠠᠷ᠄ ᠦᠨᠡᠮᠯᠡᠯ ᠰᠤᠯᠢᠭᠰᠠᠨ᠎ᠤ ᠳᠠᠷᠠᠭ᠎ᠠ ᠦᠷᠭᠦᠯᠵᠢᠯᠡᠭᠦᠯᠬᠦ ᠪᠠ ᠲᠦᠷᠦᠯ ᠵᠦᠢ᠍ᠯ ᠨᠡᠮᠡᠬᠦ ᠱᠠᠭ᠋ᠠᠷᠳᠠᠯᠭ᠎ᠠ᠎ᠨᠢ ᠦᠨᠳᠦᠰᠦᠨ᠎ᠳᠡᠭᠡᠨ ᠨᠢᠭᠡᠳᠦᠯᠲᠡᠢ᠃

 

     ᠠᠰᠠᠭ᠋ᠠᠯᠲᠠ 4᠄ ᠬᠢᠷᠢ ᠬᠡᠮ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ ᠳᠠᠭᠤᠰᠤᠭᠰᠠᠨ᠎ᠤ ᠳᠠᠷᠠᠭ᠎ᠠ ᠦᠨᠡᠮᠯᠡᠯ ᠰᠣᠯᠢᠬᠤ ᠭᠤᠶᠤᠴᠢᠯᠠᠯ ᠵᠶ᠋ᠠᠨ ᠲᠤᠰᠢᠶᠠᠪᠠᠯ ᠪᠠᠰᠠ ᠦᠨᠡᠮᠯᠡᠯ ᠰᠣᠯᠢᠵᠤ ᠪᠣᠯᠤᠨ᠎ᠠ ᠤᠤ?

     ᠪᠣᠯᠬᠤ ᠦᠭᠡᠢ᠃ ᠬᠢᠷᠢ ᠭᠡᠮ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠨᠢ ᠳᠦᠭᠦᠷᠬᠦ᠎ᠠᠴᠠ ᠡᠮᠦᠨ᠎ᠡ ᠵᠣᠬᠢᠴᠠᠩᠭᠤᠶ ᠬᠢᠷᠢ ᠭᠡᠮ᠎ᠤᠨ ᠦᠨᠡᠮᠯᠡᠯ᠎ᠢ ᠰᠣᠯᠢᠵᠤ ᠠᠪᠬᠤ᠎ᠪᠠᠷ ᠭᠤᠶᠤᠴᠢᠯᠠᠭᠰᠠᠨ ᠦᠭᠡᠶ ᠪᠣᠯ ᠬᠤᠭᠤᠴᠠᠭ᠎ᠠ ᠦᠩᠭᠡᠷᠡᠪᠡᠯ ᠠᠶᠠᠨᠳᠠᠭ᠋ᠠᠨ ᠬᠦᠴᠦᠨ ᠦᠭᠡᠶ ᠪᠣᠯᠤᠨ᠎ᠠ᠃

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ