ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠪᠠᠢ᠌ᠩᠭᠤ ᠲᠣᠬᠢᠶᠠᠯᠳᠤᠬᠤ ᠠᠰᠠᠭᠤᠳᠠᠯ᠎ᠤᠨ ᠬᠠᠷᠢᠭᠤᠯᠲᠠ (2024 ᠣᠨ᠎ᠤ ᠨᠢᠭᠡᠳᠦᠭᠡᠷ ᠬᠤᠭᠤᠴᠠᠭ᠎ᠠ)
2024-06-01

     ᠠᠰᠠᠭᠤᠯᠲᠠ 1᠄ ᠶᠠᠮᠠᠷ ᠶᠠᠮᠠᠷ ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠠᠵᠤ ᠠᠬᠤᠢ᠌ᠯᠠᠯ᠎ᠤᠨ ᠬᠢᠷᠢ ᠬᠡᠮ᠎ᠳᠤ ᠬᠢᠷᠢ ᠬᠡᠮ᠎ᠤᠨ ᠦᠨᠡᠮᠯᠡᠯ ᠰᠤᠯᠢᠬᠤ ᠴᠢᠬᠤᠯᠠᠲᠠᠢ ᠪᠣᠶ?

    《〈ᠦᠨᠡᠮᠯᠡᠯ ᠪᠠ ᠭᠡᠷᠡᠴᠢ ᠵᠢ ᠰᠠᠯᠭ᠋ᠠᠬᠤ〉 ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭᠵᠢᠭᠡᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠮᠡᠳᠡᠭᠳᠡᠯ》 (ᠲᠥᠷᠥ ᠲᠠᠷᠬᠠᠭ᠋ᠠᠭᠰᠠᠨ [2021] 7 ᠳ᠋ᠤᠭ᠋ᠠᠷ ᠲᠣᠭ᠋ᠠᠲᠤ)᠎ᠢ ᠦᠨᠳᠦᠰᠦᠯᠡᠪᠡᠯ᠂ ᠬᠦᠴᠦᠨ ᠦᠭᠡᠢ ᠪᠣᠯᠭ᠋ᠠᠬᠤ᠎ᠪᠠᠷ ᠲᠣᠭᠲᠠᠭᠰᠠᠨ ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠠᠵᠤ ᠠᠬᠤᠢ᠌ᠯᠠᠯ᠎ᠤᠨ ᠬᠢᠷᠢ ᠬᠡᠮ (ᠢᠨᠵᠧᠨᠧᠷᠢᠩ᠎ᠤᠨ ᠬᠠᠢ᠌ᠨ ᠪᠠᠢ᠌ᠴᠠᠭ᠋ᠠᠯᠲᠠ ᠵᠢᠨ ᠤᠯᠠᠭ᠋ᠠᠨ ᠲᠠᠰ᠎ᠤᠨ ᠬᠢᠷᠢ ᠬᠡᠮ; ᠪᠠᠷᠢᠯᠭ᠎ᠠ ᠵᠢᠨ ᠵᠢᠷᠤᠭ ᠲᠥᠯᠥᠪᠯᠡᠭᠡ ᠵᠢᠨ ᠤᠯᠠᠭ᠋ᠠᠨ ᠲᠡᠰ᠂ ᠤᠯᠠᠭ᠋ᠠᠭᠴᠢᠨ ᠲᠡᠰ᠎ᠤᠨ ᠬᠢᠷᠢ ᠬᠡᠮ; ᠪᠠᠷᠢᠯᠭ᠎ᠠ ᠵᠢᠨ ᠬᠢᠨᠠᠨ ᠬᠠᠮᠢᠶᠠᠷᠤᠯᠲᠠ ᠵᠢᠨ ᠤᠯᠠᠭ᠋ᠠᠨ ᠳᠡᠰ᠂ ᠬᠡᠷᠡᠭ ᠡᠷᠬᠢᠯᠡᠬᠦ ᠭᠠᠵᠠᠷ᠂ ᠵᠠᠰᠠᠮᠠᠯ ᠵᠠᠮ᠂ ᠤᠰᠤᠨ ᠠᠰᠢᠭᠯᠠᠯᠲᠠ ᠤᠰᠤᠨ ᠴᠠᠬᠢᠯᠭ᠋ᠠᠨ᠂ ᠭᠠᠷᠠᠮ ᠬᠢᠭᠡᠳ ᠤᠰᠤᠨ ᠠᠶᠠᠯᠠᠯ᠎ᠤᠨ ᠵᠠᠮ᠂ ᠲᠠᠷᠢᠶᠠᠯᠠᠩ ᠤᠢ ᠰᠢᠭᠤᠢ ᠵᠢᠨ ᠢᠨᠵᠧᠨᠧᠷᠢᠩ᠎ᠤᠨ ᠲᠤᠰᠬᠠᠢ ᠮᠡᠷᠭᠡᠵᠢᠯ᠎ᠤᠨ ᠬᠢᠷᠢ ᠬᠡᠮ; ᠪᠠᠷᠢᠯᠭ᠎ᠠ ᠵᠢᠨ ᠦᠢ᠍ᠯᠡᠰ᠎ᠤᠨ ᠠᠵᠤ ᠠᠬᠤᠢ᠌ᠯᠠᠯ᠎ᠤᠨ ᠭᠤᠷᠪᠠᠳᠤᠭ᠋ᠠᠷ ᠳᠡᠰ᠎ᠤᠨ ᠬᠢᠷᠢ ᠬᠡᠮ᠎ᠲᠠᠢ)᠎ᠤᠨ ᠠᠵᠤ ᠠᠬᠤᠢ᠌ᠯᠠᠯ᠎ᠨᠢ ᠬᠢᠷᠢ ᠭᠡᠮ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ ᠳᠦᠭᠦᠷᠬᠦ᠎ᠠᠴᠠ ᠡᠮᠦᠨ᠎ᠡ 1 ᠵᠢᠯ᠎ᠤᠨ ᠬᠦᠴᠦᠨ᠎ᠲᠠᠢ ᠬᠤᠭᠤᠴᠠᠭ᠎ᠠ᠎ᠲᠠᠢ ᠵᠣᠬᠢᠬᠤ ᠲᠤᠰᠬᠠᠢ ᠮᠡᠷᠭᠡᠵᠢᠯ᠎ᠤᠨ ᠬᠢᠷᠢ ᠭᠡᠮ᠎ᠤᠨ ᠦᠨᠡᠮᠯᠡᠯ᠎ᠢ ᠰᠣᠯᠢᠵᠤ ᠠᠪᠤᠨ᠎ᠠ᠃

     ᠠᠩᠬᠠᠷᠬᠤ᠎ᠨᠢ ᠄ ᠦᠨᠡᠮᠯᠡᠯ ᠰᠣᠯᠢᠬᠤ ᠴᠢᠬᠤᠯᠠᠲᠠᠢ ᠠᠵᠤ ᠠᠬᠤᠢ᠌ᠯᠠᠯ ᠡᠷᠬᠡᠪᠰᠢ ᠬᠢᠷᠢ ᠭᠡᠮ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ ᠳᠦᠭᠦᠷᠬᠦ᠎ᠠᠴᠠ ᠡᠮᠦᠨ᠎ᠡ ᠦᠨᠡᠮᠯᠡᠯ ᠰᠣᠯᠢᠬᠤ ᠭᠤᠶᠤᠴᠢᠯᠠᠯ ᠭᠠᠷᠭ᠋ᠠᠬᠤ ᠬᠡᠷᠡᠭᠲᠡᠢ᠂ ᠬᠢᠷᠢ ᠭᠡᠮ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ ᠳᠦᠭᠦᠷᠬᠦ᠎ᠠᠴᠠ ᠡᠮᠦᠨ᠎ᠡ ᠵᠣᠬᠢᠴᠠᠩᠭᠤᠢ ᠬᠢᠷᠢ ᠭᠡᠮ᠎ᠤᠨ ᠦᠨᠡᠮᠯᠡᠯ ᠰᠣᠯᠢᠵᠤ ᠠᠪᠬᠤ᠎ᠪᠠᠷ ᠭᠤᠶᠤᠴᠢᠯᠠᠭᠰᠠᠨ ᠦᠭᠡᠢ ᠪᠠᠢ᠌ᠪᠠᠯ᠂ ᠬᠤᠭᠤᠴᠠᠭ᠎ᠠ ᠬᠡᠲᠦᠷᠡᠪᠡᠯ ᠠᠶᠠᠨᠳᠠᠭ᠋ᠠᠨ ᠬᠦᠴᠦᠨ ᠦᠭᠡᠢ ᠪᠣᠯᠣᠨ᠎ᠠ᠃

 

     ᠠᠰᠠᠭᠤᠯᠲᠠ 2᠄ ᠪᠢᠴᠢᠭ ᠮᠠᠲ᠋ᠧᠷᠢᠶᠠᠯ᠎ᠢ ᠨᠡᠢ᠌ᠲᠡᠯᠡᠬᠦ ᠦᠶ᠎ᠡ᠎ᠳᠤ᠂ ᠬᠢᠷᠢ ᠬᠡᠮ᠎ᠤᠨ ᠦᠨᠡᠮᠯᠡᠯ᠎ᠤᠨ ᠬᠤᠭᠤᠴᠠᠭ᠎ᠠ᠎ᠨᠢ ᠬᠡᠳᠦᠷᠡᠭᠰᠡᠨ ᠪᠠᠢ᠌ᠪᠠᠯ ᠶᠠᠭ᠋ᠠᠬᠢᠬᠤ ᠪᠤᠶ?

     ᠬᠢᠷᠢ ᠭᠡᠮ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠨᠢ 2024 ᠣᠨ᠎ᠤ 1 ᠳ᠋ᠤᠭᠡᠷ ᠰᠠᠷ᠎ᠠ ᠵᠢᠨ 30 ᠎ᠤ ᠡᠳᠦᠷ᠎ᠠᠴᠠ ᠡᠮᠦᠨ᠎ᠡ ᠳᠠᠭᠤᠰᠪᠠᠯ᠂ 2024 ᠣᠨ᠎ᠤ 1 ᠳ᠋ᠤᠭᠡᠷ ᠰᠠᠷ᠎ᠠ ᠵᠢᠨ 31 ᠎ᠤ ᠡᠳᠦᠷ ᠪᠣᠯᠲᠠᠯ᠎ᠠ ᠨᠢᠭᠡᠳᠦᠯᠲᠡᠢ ᠤᠷᠲᠤᠳᠬᠠᠵᠤ᠂ ᠠᠵᠤ ᠠᠬᠤᠢ᠌ᠯᠠᠯ 2024 ᠣᠨ᠎ᠤ 1 ᠳ᠋ᠤᠭᠡᠷ ᠰᠠᠷ᠎ᠠ ᠵᠢᠨ 31 ᠎ᠤ ᠡᠳᠦᠷ᠎ᠠᠴᠠ ᠡᠮᠦᠨ᠎ᠡ ᠦᠨᠡᠮᠯᠡᠯ ᠰᠣᠯᠢᠬᠤ ᠭᠤᠶᠤᠴᠢᠯᠠᠯ ᠭᠠᠷᠭ᠋ᠠᠪᠠᠯ ᠪᠣᠯᠴᠢᠬᠠᠨ᠎ᠠ᠃

 

     ᠠᠰᠠᠭᠤᠯᠲᠠ 3᠄ ᠦᠨᠡᠮᠯᠡᠯ ᠰᠣᠯᠢᠬᠤ᠎ᠳᠤ ᠶᠠᠮᠠᠷ ᠶᠠᠮᠠᠷ ᠭᠦᠢ᠍ᠴᠡᠳᠬᠡᠯ ᠲᠣᠭ᠎ᠠ ᠵᠢ ᠬᠢᠨᠠᠨ ᠰᠢᠯᠭ᠋ᠠᠬᠤ ᠴᠢᠬᠤᠯᠠᠲᠠᠢ ᠪᠣᠶ?

ᠬᠦᠴᠦᠨ᠎ᠲᠠᠢ ᠬᠤᠭᠤᠴᠠᠭ᠎ᠠ᠎ᠨᠢ 1 ᠵᠢᠯ᠎ᠤᠨ ᠬᠢᠷᠢ ᠬᠡᠮ᠎ᠤᠨ ᠦᠨᠡᠮᠯᠡᠯ᠎ᠢ ᠰᠣᠯᠢᠵᠤ ᠠᠪᠬᠤ᠎ᠳᠤ ᠶᠠᠮᠠᠷ ᠴᠤ᠌ ᠭᠦᠢ᠍ᠴᠡᠳᠬᠡᠯ ᠲᠣᠭ᠎ᠠ ᠵᠢ ᠬᠢᠨᠠᠨ ᠰᠢᠯᠭ᠋ᠠᠬᠤ ᠴᠢᠬᠤᠯᠠ ᠦᠭᠡᠢ᠂ ᠪᠠᠷᠢᠯᠭ᠎ᠠ  ᠵᠢᠨ ᠶᠡᠷᠦᠩᠬᠡᠢ ᠳᠠᠭ᠋ᠠᠭ᠋ᠠᠴᠢᠯᠠᠯᠲᠠ᠂ ᠲᠤᠰᠬᠠᠢ ᠮᠡᠷᠭᠡᠵᠢᠯ᠎ᠤᠨ ᠳᠠᠭ᠋ᠠᠭ᠋ᠠᠴᠢᠯᠠᠯᠲᠠ ᠵᠢᠨ ᠭᠤᠷᠪᠠᠳᠤᠭ᠋ᠠᠷ ᠳᠡᠰ ᠎ᠤᠨ ᠬᠢᠷᠢ ᠬᠡᠮ ᠵᠶ᠋ᠡᠷ ᠠᠳᠠᠯᠢ ᠲᠤᠰᠬᠠᠢ ᠮᠡᠷᠭᠡᠵᠢᠯ᠎ᠤᠨ ᠬᠣᠶᠠᠳᠤᠭ᠋ᠠᠷ ᠳᠡᠰ᠎ᠤᠨ ᠬᠢᠷᠢ ᠬᠡᠮ᠎ᠤᠨ ᠦᠨᠡᠮᠯᠡᠯ᠎ᠢ ᠰᠣᠯᠢᠵᠤ ᠠᠪᠤᠨ᠎ᠠ; ᠢᠨᠵᠧᠨᠧᠷᠢᠩ᠎ᠤᠨ ᠬᠠᠢ᠌ᠨ ᠪᠠᠢ᠌ᠴᠠᠭ᠋ᠠᠵᠤ ᠵᠢᠷᠤᠵᠤ ᠲᠥᠯᠥᠪᠯᠡᠬᠦ ᠤᠯᠠᠭ᠋ᠠᠨ ᠲᠠᠰ᠂ ᠤᠯᠠᠭ᠋ᠠᠭᠴᠢᠨ ᠲᠠᠰ᠎ᠤᠨ ᠬᠢᠷᠢ ᠬᠡᠮ ᠵᠶ᠋ᠡᠷ ᠠᠳᠠᠯᠢ ᠲᠤᠰᠬᠠᠢ ᠮᠡᠷᠭᠡᠵᠢᠯ᠎ᠤᠨ ᠬᠥᠬᠡᠭᠴᠢᠨ ᠲᠠᠰ᠎ᠤᠨ ᠬᠢᠷᠢ ᠬᠡᠮ᠎ᠤᠨ ᠦᠨᠡᠮᠯᠡᠯ᠎ᠢ ᠰᠣᠯᠢᠵᠤ ᠠᠪᠤᠨ᠎ᠠ; ᠪᠠᠷᠢᠯᠭ᠎ᠠ ᠵᠢᠨ ᠬᠢᠨᠠᠨ ᠬᠠᠮᠢᠶᠠᠷᠬᠤ ᠠᠵᠤ ᠠᠬᠤᠢ᠌ᠯᠠᠯ᠎ᠤᠨ ᠬᠢᠷᠢ  ᠭᠡᠮ᠎ᠨᠢ 《ᠨᠢᠭᠡᠨᠲᠡ ᠬᠦᠴᠦᠨ ᠦᠭᠡᠢ ᠪᠣᠯᠭ᠋ᠠᠭᠰᠠᠨ ᠪᠠᠷᠢᠯᠭ᠎ᠠ ᠵᠢᠨ ᠬᠢᠨᠠᠨ ᠬᠠᠮᠢᠶᠠᠷᠬᠤ ᠠᠵᠤ ᠠᠬᠤᠢ᠌ᠯᠠᠯ᠎ᠤᠨ ᠬᠢᠷᠢ  ᠭᠡᠮ᠎ᠤᠨ ᠦᠨᠡᠮᠯᠡᠯ᠎ᠢ ᠰᠣᠯᠢᠵᠤ ᠠᠪᠬᠤ ᠬᠠᠷᠢᠴᠠᠭᠤᠯᠤᠭᠰᠠᠨ ᠬᠦᠰᠦᠨᠦᠭᠲᠦ》 ᠶᠣᠰᠣᠭ᠋ᠠᠷ ᠵᠣᠬᠢᠬᠤ ᠲᠤᠰᠬᠠᠢ ᠮᠡᠷᠭᠡᠵᠢᠯ᠎ᠤᠨ ᠲᠠᠰ᠎ᠤᠨ ᠬᠢᠷᠢ ᠭᠡᠮ᠎ᠤᠨ ᠦᠨᠡᠮᠯᠡᠯ᠎ᠢ ᠰᠣᠯᠢᠵᠤ ᠠᠪᠤᠨ᠎ᠠ᠃

 

     ᠠᠰᠠᠭᠤᠯᠲᠠ 4 ᠄ ᠰᠣᠯᠢᠵᠤ ᠠᠪᠤᠭᠰᠠᠨ᠎ᠤ ᠳᠠᠷᠠᠭ᠋ᠠᠬᠢ ᠬᠢᠷᠢ ᠭᠡᠮ᠎ᠤᠨ ᠦᠨᠡᠮᠯᠡᠯ᠎ᠤᠨ ᠬᠦᠴᠦᠨ ᠎ᠲᠠᠢ ᠬᠤᠭᠤᠴᠠᠭ᠎ᠠ ᠵᠢ ᠬᠡᠷᠬᠢᠨ ᠪᠣᠳᠣᠳᠠᠭ ᠪᠣᠢ?

     ᠰᠣᠯᠢᠵᠤ ᠠᠪᠤᠭᠰᠠᠨ᠎ᠤ ᠳᠠᠷᠠᠭ᠋ᠠᠬᠢ ᠬᠢᠷᠢ ᠭᠡᠮ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ ᠵᠢ ᠦᠨᠡᠮᠯᠡᠯ ᠰᠣᠯᠢᠬᠤ᠎ᠪᠠᠷ ᠭᠤᠶᠤᠴᠢᠯᠠᠭᠰᠠᠨ ᠡᠳᠦᠷ᠎ᠠᠴᠠ ᠡᠬᠢᠯᠡᠨ 1 ᠵᠢᠯ ᠬᠣᠢ᠌ᠰᠢᠯᠠᠭᠤᠯᠤᠨ᠎ᠠ᠃ ᠵᠢᠱ᠌ᠢᠶᠡᠯᠡᠪᠡᠯ ᠠᠵᠤ ᠠᠬᠤᠢ᠌ᠯᠠᠯ 2024 ᠣᠨ᠎ᠤ 1  ᠳ᠋ᠤᠭᠡᠷ ᠰᠠᠷ᠎ᠠ ᠵᠢᠨ 20᠎ᠤ ᠡᠳᠦᠷ ᠦᠨᠡᠮᠯᠡᠯ ᠰᠣᠯᠢᠬᠤ ᠭᠤᠶᠤᠴᠢᠯᠠᠯ ᠲᠡᠪᠰᠢᠭᠦᠯᠦᠭᠰᠡᠨ ᠪᠤᠯ᠂ ᠲᠣᠰ ᠠᠵᠤ ᠠᠬᠤᠢ᠌ᠯᠠᠯ᠎ᠤᠨ ᠬᠢᠷᠢ ᠬᠡᠮ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠨᠢ 2024 ᠣᠨ᠎ᠤ 1  ᠳ᠋ᠤᠭᠡᠷ ᠰᠠᠷ᠎ᠠ ᠵᠢᠨ 20᠎ᠤ ᠡᠳᠦᠷ᠎ᠠᠴᠠ 2025 ᠣᠨ᠎ᠤ 1  ᠳ᠋ᠤᠭᠡᠷ ᠰᠠᠷ᠎ᠠ ᠵᠢᠨ 19᠎ᠤ ᠡᠳᠦᠷ ᠪᠤᠯᠤᠨ᠎ᠠ᠃

     ᠠᠩᠬᠠᠷᠬᠤ᠎ᠨᠢ ᠄ ᠠᠵᠤ ᠠᠬᠤᠢ᠌ᠯᠠᠯ ᠦᠨᠡᠮᠯᠡᠯ ᠰᠣᠯᠢᠬᠤ ᠭᠤᠶᠤᠴᠢᠯᠠᠯ ᠲᠡᠪᠰᠢᠭᠦᠯᠪᠡᠯ᠂ ᠬᠦᠴᠦᠨ᠎ᠲᠠᠢ ᠬᠤᠭᠤᠴᠠᠭ᠎ᠠ ᠵᠢ ᠳᠡᠭᠡᠷ᠎ᠡ ᠳᠤᠷᠠᠳᠤᠭᠰᠠᠨ ᠵᠠᠷᠴᠢᠮ ᠵᠶ᠋ᠠᠷ ᠪᠤᠳᠤᠨ᠎ᠠ᠂ ᠤᠤᠯ᠎ᠤᠨ ᠬᠢᠷᠢ ᠭᠡᠮ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠲᠠᠢ ᠬᠠᠮᠢᠶ᠎ᠠ ᠦᠭᠡᠢ᠃

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ