ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠠᠵᠤ ᠠᠬᠤᠢ᠌ᠯᠠᠯ᠎ᠤᠨ ᠬᠢᠷᠢ ᠬᠡᠮ᠎ᠤᠨ ᠦᠨᠡᠮᠯᠡᠯ ᠰᠣᠯᠢᠬᠤ ᠬᠣᠯᠪᠣᠭᠳᠠᠯ ᠪᠦᠬᠦᠢ ᠠᠰᠠᠭᠤᠳᠠᠯ (ᠳᠥᠷᠪᠡ) (2024 ᠣᠨ᠎ᠤ ᠲᠠᠪᠤᠳᠤᠭ᠋ᠠᠷ ᠬᠤᠭᠤᠴᠠᠭ᠎ᠠ)
2024-06-18

     ᠠᠰᠠᠭᠤᠯᠲᠠ 1᠄ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠎ᠤ ᠦᠨᠡᠮᠯᠡᠯ ᠰᠣᠯᠢᠬᠤ ᠭᠤᠶᠤᠴᠢᠯᠠᠯ᠎ᠢ ᠬᠡᠪ᠎ᠤᠨ ᠶᠣᠰᠣᠭ᠋ᠠᠷ ᠲᠤᠰᠢᠶᠠᠵᠤ ᠪᠣᠯᠣᠨ᠎ᠠ ᠤᠤ?

     ᠰᠠᠨᠠᠯ ᠰᠤᠯᠢᠯᠴᠠᠨ  ᠨᠡᠪᠲᠡᠷᠡᠯᠴᠡᠬᠦ᠎ᠪᠠᠷ ᠳᠡᠮᠵᠢᠨ᠂ ᠦᠨᠡᠮᠯᠡᠯ ᠰᠣᠯᠢᠬᠤ ᠭᠤᠶᠤᠴᠢᠯᠠᠯ᠎ᠢ  ᠨᠢᠭᠡᠨᠲᠡ ᠬᠡᠪ᠎ᠤᠨ ᠶᠣᠰᠣᠭ᠋ᠠᠷ ᠲᠤᠰᠢᠶᠠᠵᠤ ᠪᠣᠯᠣᠨ᠎ᠠ᠂ ᠬᠤᠯᠪᠤᠭ᠋ᠠᠰᠤ ᠵᠢ ᠳᠠᠷᠤᠵᠤ ᠪᠣᠳᠠᠲᠠᠢ ᠶᠠᠪᠤᠴᠠ ᠵᠢ ᠪᠠᠢ᠌ᠴᠠᠭ᠋ᠠᠨ ᠦᠵᠡᠵᠦ ᠪᠣᠯᠣᠨ᠎ᠠ᠃ 《ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠵᠥᠪᠯᠡᠯᠭᠡ ᠥᠭᠬᠦ ᠦᠢ᠍ᠯᠡᠴᠢᠯᠡᠭᠡ》 ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠠᠵᠤ ᠠᠬᠤᠢ᠌ᠯᠠᠯ᠎ᠤᠨ ᠬᠢᠷᠢ ᠬᠡᠮ ᠎ᠤᠨ ᠦᠨᠡᠮᠯᠡᠯ ᠰᠣᠯᠢᠬᠤ ᠬᠣᠯᠪᠣᠭᠳᠠᠯ ᠪᠦᠬᠦᠢ ᠠᠰᠠᠭᠤᠳᠠᠯ (ᠬᠣᠶᠠᠷ) — ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠪᠠᠢ᠌ᠩᠭᠤ ᠲᠣᠬᠢᠶᠠᠯᠳᠤᠬᠤ ᠠᠰᠠᠭᠤᠳᠠᠯ᠎ᠤᠨ ᠬᠠᠷᠢᠭᠤᠯᠲᠠ (2024 ᠣᠨ᠎ᠤ ᠬᠣᠶᠠᠳᠤᠭ᠋ᠠᠷ ᠬᠤᠭᠤᠴᠠᠭ᠎ᠠ)᠃

     ᠡᠭᠦᠨ᠎ᠤ ᠬᠠᠮᠲᠤ᠂ ᠠᠵᠤ ᠠᠬᠤᠢ᠌ᠯᠠᠯ᠎ᠳᠤ ᠠᠩᠬᠠᠷᠤᠭᠤᠯᠬᠤ᠎ᠨᠢ᠄ ᠲᠤᠭ᠎ᠠ ᠪᠠᠷᠢᠮᠳᠠ᠎ᠪᠠᠨ  ᠡᠷᠬᠡᠪᠰᠢ zbb ᠬᠡᠯᠪᠡᠷᠢ᠎ᠲᠠᠢ ᠪᠠᠢ᠌ᠬᠤ ᠬᠡᠷᠡᠭᠲᠡᠢ ᠪᠥᠭᠡᠳ U ᠳ᠋ᠠᠢ᠍ᠢ᠍ᠰᠺ᠎ᠲᠤ ᠬᠠᠳᠠᠭ᠋ᠠᠯᠠᠵᠤ ᠪᠠᠢ᠌ᠬᠤ ᠬᠡᠷᠡᠭᠲᠡᠢ᠂ ᠭᠡᠷᠡᠯᠯᠢᠭ ᠲᠠᠪᠠᠭ᠎ᠲᠤ ᠬᠠᠳᠠᠭ᠋ᠠᠯᠠᠵᠤ ᠪᠠᠢ᠌ᠭ᠎ᠠ  ᠲᠤᠭ᠎ᠠ ᠪᠠᠷᠢᠮᠳᠠ ᠵᠢ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠎ᠶᠢᠨ ᠶᠠᠮᠤᠨ᠎ᠤ ᠬᠢᠷᠢ ᠬᠡᠮ ᠭᠤᠶᠤᠴᠢᠯᠠᠨ ᠮᠡᠳᠡᠭᠦᠯᠬᠦ ᠬᠠᠮᠢᠶᠠᠷᠤᠯᠲᠠ ᠵᠢᠨ ᠲᠠᠪᠴᠠᠩ᠎ᠳᠤ ᠳᠠᠮᠵᠢᠭᠤᠯᠵᠤ ᠳᠡᠶ᠋ᠢᠯᠬᠦ ᠦᠭᠡᠢ᠃

     ᠠᠰᠠᠭᠤᠯᠲᠠ 2᠄ ᠠᠵᠤ ᠠᠬᠤᠢ᠌ᠯᠠᠯ ᠵᠡᠷᠭᠡ ᠳᠡᠰ ᠬᠤᠪᠢᠶᠠᠬᠤ ᠦᠭᠡᠢ ᠬᠢᠷᠢ ᠬᠡᠮ᠎ᠢ ᠦᠨᠡᠮᠯᠡᠯ ᠰᠣᠯᠢᠬᠤ ᠴᠢᠬᠤᠯᠠᠳᠠᠢ ᠤᠤ?

     ᠴᠢᠬᠤᠯᠠ ᠦᠭᠡᠢ᠃  ᠵᠡᠷᠭᠡ  ᠲᠠᠰ ᠬᠤᠪᠢᠶᠠᠬᠤ ᠦᠭᠡᠢ ᠬᠢᠷᠢ ᠬᠡᠮ᠎ᠨᠢ 《〈ᠦᠨᠡᠮᠯᠡᠯ ᠪᠠ ᠭᠡᠷᠡᠴᠢ ᠵᠢ ᠰᠠᠯᠭ᠋ᠠᠬᠤ〉 ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭᠵᠢᠭᠡᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠮᠡᠳᠡᠭᠳᠡᠯ》 (ᠲᠥᠷᠥ ᠲᠠᠷᠬᠠᠭ᠋ᠠᠭᠰᠠᠨ [2021] 7 ᠳ᠋ᠤᠭ᠋ᠠᠷ ᠲᠣᠭ᠋ᠠᠲᠤ)᠎ᠳᠤ ᠬᠦᠴᠦᠨ ᠦᠭᠡᠢ ᠪᠣᠯᠭ᠋ᠠᠬᠤ᠎ᠪᠠᠷ ᠲᠣᠭᠲᠠᠭ᠋ᠠᠭᠰᠠᠨ ᠪᠠᠢ᠌ᠨ᠎ᠠ ᠃  ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠠᠵᠤ ᠠᠬᠤᠢ᠌ᠯᠠᠯ᠎ᠤᠨ ᠬᠢᠷᠢ ᠬᠡᠮ᠎ᠳᠤ ᠬᠠᠷᠢᠶᠠᠯᠠᠭᠳᠠᠬᠤ ᠦᠭᠡᠢ᠂ ᠠᠵᠤ ᠠᠬᠤᠢ᠌ᠯᠠᠯ  ᠵᠡᠷᠭᠡ ᠲᠠᠰ ᠬᠤᠪᠢᠶᠠᠬᠤ ᠦᠭᠡᠢ ᠬᠢᠷᠢ ᠬᠡᠮ᠎ᠢ ᠲᠦᠷ ᠦᠨᠡᠮᠯᠡᠯ ᠰᠣᠯᠢᠬᠤ ᠴᠢᠬᠤᠯᠠ ᠦᠭᠡᠢ᠂ ᠲᠠᠷᠠᠭ᠋ᠠᠴᠢ᠎ᠪᠠᠷ ᠬᠣᠯᠪᠣᠭᠳᠠᠯ ᠪᠦᠬᠦᠢ ᠬᠢᠷᠢ ᠬᠡᠮ᠎ᠤᠨ ᠬᠠᠮᠢᠶᠠᠷᠤᠯᠲᠠ ᠵᠢᠨ ᠲᠣᠭᠲᠠᠭ᠋ᠠᠯ ᠪᠠ ᠬᠢᠷᠢ ᠬᠡᠮ᠎ᠤᠨ ᠪᠠᠷᠢᠮᠵᠢᠶ᠎ᠠ᠎ᠪᠠᠷ ᠦᠷᠭᠦᠯᠵᠢᠯᠡᠨ ᠭᠤᠶᠤᠴᠢᠯᠠᠨ᠎ᠠ᠃

     ᠠᠰᠠᠭᠤᠯᠲᠠ 3᠄  ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠠᠴᠠ ᠳᠣᠷᠣᠭᠰᠢ ᠪᠠᠭᠤᠯᠭ᠋ᠠᠭᠰᠠᠨ  ᠡᠯᠧᠺᠲᠷᠣᠨ ᠪᠠ ᠣᠶᠤᠨᠴᠢᠯᠠᠭᠰᠠᠨ ᠢᠨᠵᠧᠨᠧᠷᠢᠩ᠂ ᠭᠠᠯ ᠤᠨᠲᠠᠷᠠᠭ᠋ᠠᠬᠤ ᠪᠡᠯᠡᠳᠬᠡᠮᠵᠢ ᠵᠢᠨ ᠢᠨᠵᠧᠨᠧᠷᠢᠩ᠂ ᠤᠰᠤ ᠰᠡᠷᠭᠡᠢ᠌ᠯᠡᠬᠦ ᠳᠤᠯᠠᠭ᠋ᠠᠨ᠎ᠢ ᠬᠠᠮᠠᠭ᠋ᠠᠯᠠᠬᠤ ᠢᠨᠵᠧᠨᠧᠷᠢᠩ᠂ ᠪᠠᠷᠢᠯᠭ᠎ᠠ ᠵᠢᠨ ᠵᠠᠰᠠᠯ ᠴᠢᠮᠡᠭᠯᠡᠯ᠎ᠤᠨ ᠢᠨᠵᠧᠨᠧᠷᠢᠩ᠂ ᠪᠠᠷᠢᠯᠭ᠎ᠠ ᠵᠢᠨ ᠮᠠᠰᠢᠨ ᠴᠠᠬᠢᠯᠭ᠋ᠠᠨ᠎ᠤ ᠤᠭᠰᠠᠷᠠᠭᠤᠯᠬᠤ ᠢᠨᠵᠧᠨᠧᠷᠢᠩ᠂ ᠪᠠᠷᠢᠯᠭ᠎ᠠ ᠵᠢᠨ ᠬᠥᠰᠢᠭᠡ ᠬᠡᠷᠡᠮ᠎ᠤᠨ ᠢᠨᠵᠧᠨᠧᠷᠢᠩ᠂ ᠬᠣᠲᠠ ᠵᠢᠴᠢ ᠵᠠᠮ᠎ᠤᠨ ᠭᠡᠷᠡᠯᠲᠦᠭᠦᠯᠭᠡ ᠵᠢᠨ ᠢᠨᠵᠧᠨᠧᠷᠢᠩ᠎ᠤᠨ ᠬᠣᠶᠠᠳᠤᠭ᠋ᠠᠷ ᠳᠡᠰ᠎ᠤᠨ ᠬᠢᠷᠢ ᠬᠡᠮ ᠵᠡᠷᠭᠡ 7 ᠵᠦᠢ᠍ᠯ᠎ᠤᠨ ᠬᠢᠷᠢ ᠬᠡᠮ᠎ᠢ ᠠᠯᠢ ᠱᠠᠲᠤᠨ᠎ᠤ ᠬᠢᠨᠠᠨ ᠵᠦᠪᠰᠢᠶᠡᠷᠡᠯ᠎ᠤᠨ ᠪᠠᠢ᠌ᠭᠤᠯᠭ᠎ᠠ᠎ᠳᠤ ᠦᠷᠭᠦᠯᠵᠢᠯᠡᠭᠦᠯᠬᠦ ᠭᠤᠶᠤᠴᠢᠯᠠᠯ ᠭᠠᠷᠭ᠋ᠠᠬᠤ ᠪᠣᠶ?

     ᠳᠡᠭᠡᠷ᠎ᠡ ᠳᠤᠷᠠᠳᠤᠭᠰᠠᠨ 7 ᠵᠦᠢ᠍ᠯ᠎ᠤᠨ ᠬᠢᠷᠢ ᠬᠡᠮ᠎ᠨᠢ᠂ ᠬᠡᠷᠪᠡ D2᠎ᠠᠴᠠ ᠡᠬᠢᠯᠡᠭᠰᠡᠨ ᠦᠨᠡᠮᠯᠡᠯ  ᠪᠠᠢ᠌ᠪᠠᠯ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠳᠤ ᠦᠷᠭᠦᠯᠵᠢᠯᠡᠭᠦᠯᠬᠦ ᠭᠤᠶᠤᠴᠢᠯᠠᠯ ᠵᠶ᠋ᠠᠨ ᠳᠤᠷᠠᠳᠴᠤ᠂ ᠬᠢᠷᠢ ᠬᠡᠮ᠎ᠨᠢ D3᠎ᠠᠴᠠ ᠡᠬᠢᠯᠡᠭᠰᠡᠨ ᠦᠨᠡᠮᠯᠡᠯ  ᠪᠠᠢ᠌ᠪᠠᠯ ᠠᠢ᠌ᠮᠠᠭ ᠬᠣᠲᠠ ᠵᠢᠨ ᠬᠢᠷᠢ ᠬᠡᠮ᠎ᠢ ᠬᠢᠨᠠᠨ  ᠵᠦᠪᠰᠢᠶᠡᠷᠡᠯ᠎ᠤᠨ ᠰᠠᠯᠠᠭ᠎ᠠ ᠮᠥᠴᠢᠷ᠎ᠲᠤ ᠦᠷᠭᠦᠯᠵᠢᠯᠡᠭᠦᠯᠬᠦ ᠭᠤᠶᠤᠴᠢᠯᠠᠯ ᠵᠶ᠋ᠠᠨ ᠭᠠᠷᠭ᠋ᠠᠨ᠎ᠠ᠃

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ