ᠭᠡᠷ ᠬᠥᠷᠥᠩᠭᠡ᠎ᠪᠠᠨ ᠦᠷ᠎ᠡ ᠬᠡᠦᠬᠡᠳ᠎ᠲᠤ᠎ᠪᠠᠨ ᠰᠢᠯᠵᠢᠭᠦᠯᠦᠨ ᠦᠭᠭᠦᠭᠰᠡᠨ᠎ᠤ ᠲᠠᠷᠠᠭ᠎ᠠ ᠦᠷ᠎ᠡ ᠬᠡᠦᠬᠡᠳ᠎ᠨᠢ ᠭᠡᠷ ᠬᠥᠷᠥᠩᠭᠡ ᠵᠢ᠎ᠨᠢ ᠬᠤᠳᠠᠯᠳᠤᠪᠠᠯ ᠬᠡᠷᠬᠢᠨ ᠡᠷᠬᠡ᠎ᠪᠠᠨ ᠬᠠᠮᠠᠭ᠋ᠠᠯᠠᠬᠤ ᠪᠣᠶ?
2024-05-09

     ᠣᠳᠣᠬᠠᠨ᠎ᠳᠤ᠂ 《ᠬᠡᠷ ᠪᠠᠶ᠋ᠢᠰᠢᠩ ᠵᠶ᠋ᠠᠷ ᠨᠠᠰᠤᠵᠢᠯ᠎ᠤᠨ ᠠᠰᠠᠷᠠᠮᠵᠢ》 ᠪᠤᠯᠭ᠋ᠠᠬᠤ᠎ᠨᠢ ᠴᠥᠭᠡᠨ ᠪᠤᠰᠤ ᠬᠥᠮᠦᠨ᠎ᠤ ᠨᠠᠰᠤᠵᠢᠯ᠎ᠤᠨ ᠠᠰᠠᠷᠠᠮᠵᠢ ᠵᠢᠨ ᠪᠠᠲᠤᠯᠠᠭ᠎ᠠ ᠵᠢᠨ ᠠᠷᠭ᠎ᠠ ᠮᠠᠶᠢᠭ ᠪᠤᠯᠵᠠᠢ᠂ ᠨᠠᠰᠤᠲᠠᠶ᠋ᠢᠴᠤᠳ ᠦᠪᠡᠷ᠎ᠤᠨ ᠬᠡᠷ ᠪᠠᠶ᠋ᠢᠰᠢᠩ ᠵᠶ᠋ᠠᠨ ᠦᠷ᠎ᠡ ᠬᠡᠤᠬᠡᠳ ᠪᠤᠶᠤ ᠲᠥᠷᠥᠯ ᠰᠠᠳᠤᠨ᠎ᠳᠠᠭᠠᠨ ᠰᠢᠯᠵᠢᠭᠦᠯᠦᠨ ᠦᠭᠬᠦ᠎ᠪᠠᠷ ᠳᠠᠮᠵᠢᠭᠤᠯᠤᠨ ᠬᠤᠪᠢ᠎ᠪᠠᠨ ᠠᠰᠠᠷᠠᠨ ᠲᠡᠵᠢᠭᠡᠯᠭᠡᠬᠦ ᠪᠣᠯᠪᠠ᠃ ᠭᠡᠪᠡᠴᠦ ᠦᠷ᠎ᠡ ᠬᠡᠤᠬᠡᠳ᠎ᠲᠡᠭᠡᠨ ᠭᠡᠷ ᠪᠠᠶ᠋ᠢᠰᠢᠩ ᠵᠶ᠋ᠡᠨ ᠰᠢᠯᠵᠢᠭᠦᠯᠦᠨ ᠦᠭᠭᠦᠭᠰᠡᠨ᠎ᠤ  ᠳᠠᠷᠠᠭ᠎ᠠ  ᠦᠷ᠎ᠡ ᠬᠡᠤᠬᠡᠳ᠎ᠨᠢ ᠠᠰᠠᠷᠠᠨ ᠲᠡᠵᠢᠭᠡᠬᠦ ᠡᠭᠦᠷᠭᠡ᠎ᠪᠠᠨ ᠭᠦᠢ᠍ᠴᠡᠳᠭᠡᠬᠦ ᠦᠭᠡᠢ᠂ ᠡᠰᠡᠬᠦᠯ᠎ᠡ ᠨᠠᠰᠤᠲᠠᠨ  ᠨᠠᠰᠤ ᠪᠠᠷᠠᠵᠤ ᠭᠡᠷ ᠪᠦᠯᠢ ᠵᠢᠨ ᠪᠦᠲᠦᠴᠡ᠎ᠳᠤ ᠬᠤᠪᠢᠷᠠᠯᠲᠠ ᠭᠠᠷᠪᠠᠯ᠂ ᠨᠠᠰᠤᠲᠠᠶ᠋ᠢᠴᠤᠳ᠎ᠤᠨ ᠡᠷᠬᠡ ᠠᠰᠢᠭ᠎ᠢ  ᠬᠡᠷᠬᠢᠨ ᠪᠠᠲᠤᠯᠠᠬᠤ ᠪᠤᠢ? ᠬᠡᠷᠬᠢᠨ ᠡᠷᠬᠡ᠎ᠪᠠᠨ ᠬᠠᠮᠠᠭ᠋ᠠᠯᠠᠬᠤ ᠪᠤᠢ?

    2021 ᠣᠨ᠎ᠤ 2  ᠳ᠋ᠤᠭ᠋ᠠᠷ ᠰᠠᠷ᠎ᠠ᠎ᠳᠤ᠂ ᠵᠠᠩ ᠣᠪᠣᠭᠲᠤ ᠥᠬᠢᠨ ᠴᠢᠨ ᠣᠪᠣᠭ᠎ᠲᠠᠢ 《ᠠᠮᠠᠯᠠᠯᠲᠠ ᠵᠢᠨ ᠪᠢᠴᠢᠭ》 ᠲᠣᠭᠲᠠᠵᠤ᠂ 《ᠡᠵᠢ ᠵᠠᠩ ᠣᠪᠣᠭᠲᠤ ᠰᠠᠶ᠋ᠢᠨ ᠳᠤᠷ᠎ᠠ᠎ᠠᠴᠠ᠎ᠪᠠᠨ ᠥᠪᠡᠷ᠎ᠤᠨ  ᠬᠡᠷ ᠪᠠᠶ᠋ᠢᠰᠢᠩ ᠵᠶ᠋ᠠᠨ ᠦᠨ᠎ᠡ ᠲᠥᠯᠥᠪᠦᠷᠢ ᠥᠬᠡᠶ  ᠬᠦᠷᠭᠡᠨ ᠥᠭᠬᠦ ᠬᠡᠯᠪᠡᠷᠢ᠎ᠪᠠᠷ ᠥᠬᠢᠨ ᠴᠢᠨ ᠣᠪᠣᠭᠲᠤ᠎ᠳᠤ  ᠰᠢᠯᠵᠢᠭᠦᠯᠦᠨ ᠦᠭᠭᠦᠨ᠎ᠡ᠂ ᠭᠡᠪᠡᠴᠦ ᠠᠮᠢᠳᠦ ᠶᠠᠪᠤᠭ᠎ᠠ ᠦᠶ᠎ᠡ᠎ᠳᠤ ᠡᠨᠡᠬᠦ  ᠰᠢᠯᠵᠢᠭᠦᠯᠦᠨ ᠦᠭᠭᠦᠭᠰᠡᠨ ᠣᠷᠣᠨ ᠰᠠᠭᠤᠴᠠ᠎ᠳᠤ  ᠡᠭᠦᠷᠢᠳᠡ ᠰᠠᠭᠤᠬᠤ ᠡᠷᠬᠡ᠎ᠲᠠᠢ ᠭᠡᠵᠤ ᠭᠡᠷ᠎ᠡ ᠲᠤᠭᠳᠠᠪᠠ᠃ ᠪᠡᠯᠡᠭᠯᠡᠭᠴᠢ ᠵᠢᠨ ᠥᠬᠢᠨ ᠴᠢᠨ ᠣᠪᠣᠭᠲᠤ ᠄  ᠰᠢᠯᠵᠢᠭᠦᠯᠦᠨ ᠥᠭᠭᠦᠭᠰᠡᠨ᠎ᠤ ᠳᠠᠷᠠᠭ᠎ᠠ ᠳᠠᠷᠤᠢ ᠡᠬᠡ ᠵᠠᠩ ᠣᠪᠣᠭᠲᠤ ᠵᠢᠨ ᠨᠠᠰᠤ ᠪᠠᠷᠠᠳᠠᠯ᠎ᠠ ᠠᠰᠠᠷᠠᠨ ᠲᠡᠵᠢᠭᠡᠬᠦ ᠪᠠ ᠰᠠᠶ᠋ᠢᠲᠤᠷ ᠦᠢ᠍ᠯᠡᠴᠢᠯᠡᠬᠦ ᠡᠭᠦᠷᠭᠡ ᠵᠢ ᠡᠭᠦᠷᠭᠡᠯᠡᠵᠦ᠂ ᠵᠠᠩ ᠣᠪᠣᠭᠲᠤ  ᠰᠢᠯᠵᠢᠭᠦᠯᠦᠨ ᠦᠭᠭᠦᠭᠰᠡᠨ ᠣᠷᠣᠨ ᠰᠠᠭᠤᠴᠠ᠎ᠳᠤ ᠡᠭᠦᠷᠢᠳᠡ ᠰᠠᠭᠤᠬᠤ ᠡᠷᠬᠡ᠎ᠲᠠᠢ ᠁》 ᠭᠡᠵᠦ ᠲᠥᠪ ᠴᠢᠩᠭ᠎ᠠ᠎ᠪᠠᠷ ᠠᠮᠠᠯᠠᠵᠠᠢ᠃  ᠵᠠᠩ ᠣᠪᠣᠭᠲᠤ᠂ ᠴᠢᠨ ᠣᠪᠣᠭᠲᠤ ᠠᠮᠠᠯᠠᠭᠴᠢ ᠵᠢᠨ ᠬᠤᠪᠢ᠎ᠪᠠᠷ ᠭᠠᠷ᠎ᠤᠨ ᠦᠰᠦᠭ  ᠵᠢᠷᠤᠵᠠᠢ᠃ 2021 ᠣᠨ᠎ᠤ 3 ᠳ᠋ᠤᠭ᠋ᠠᠷ ᠰᠠᠷ᠎ᠠ᠎ᠳᠤ᠂ ᠵᠠᠩ ᠣᠪᠣᠭᠲᠤ ᠪᠣᠯᠤᠨ ᠴᠢᠨ ᠣᠪᠣᠭᠲᠤ 《ᠪᠡᠯᠡᠭᠯᠡᠬᠦ ᠭᠡᠷ᠎ᠡ》 ᠲᠣᠭᠲᠠᠵᠤ᠂ ᠵᠠᠩ ᠣᠪᠣᠭᠲᠤ ᠵᠢᠨ  ᠰᠢᠯᠵᠢᠭᠦᠯᠦᠨ ᠦᠭᠭᠦᠭᠰᠡᠨ  ᠭᠡᠷ ᠪᠠᠶ᠋ᠢᠰᠢᠩ᠎ᠢ ᠴᠢᠨ ᠣᠪᠣᠭᠲᠤ᠎ᠳᠤ ᠪᠡᠯᠡᠭᠯᠡᠬᠦ᠎ᠪᠠᠷ ᠪᠣᠯᠵᠣᠨ ᠲᠣᠭᠲᠠᠭᠰᠠᠨ ᠪᠥᠭᠡᠳ ᠲᠤᠰ ᠡᠳᠦᠷ᠎ᠲᠤ  ᠰᠢᠯᠵᠢᠭᠦᠯᠦᠨ ᠦᠭᠭᠦᠭᠰᠡᠨ ᠭᠡᠷ ᠪᠠᠶ᠋ᠢᠰᠢᠩ᠎ᠢ ᠴᠢᠨ ᠤᠪᠤᠭᠳᠤ ᠵᠢᠨ ᠨᠡᠷᠡᠨ ᠎ᠳᠤ ᠰᠢᠯᠵᠢᠭᠦᠯᠵᠦ᠂ ᠰᠠᠭᠤᠬᠤ ᠡᠷᠬᠡ ᠵᠢᠨ ᠳᠡᠩᠰᠡᠯᠡᠯᠲᠡ ᠵᠢ ᠭᠦᠢ᠍ᠴᠡᠳᠬᠡᠭᠰᠡᠨ ᠥᠬᠡᠶ᠃

     ᠭᠡᠲᠡᠯ᠎ᠡ ᠬᠤᠶᠠᠷ ᠰᠠᠷ᠎ᠠ ᠵᠢᠨ ᠳᠠᠷᠠᠭ᠎ᠠ᠂ ᠴᠢᠨ ᠣᠪᠣᠭᠲᠤ ᠪᠣᠯᠤᠨ  ᠵᠦ᠍ ᠣᠪᠣᠭᠲᠤ ᠭᠡᠷ ᠪᠠᠶ᠋ᠢᠰᠢᠩ᠎ᠤᠨ ᠬᠤᠳᠠᠯᠳᠤᠭ᠋ᠠᠨ᠎ᠤ ᠭᠡᠷ᠎ᠡ ᠲᠣᠭᠲᠠᠵᠤ᠂  ᠰᠢᠯᠵᠢᠭᠦᠯᠦᠨ ᠦᠭᠭᠦᠭᠰᠡᠨ ᠭᠡᠷ ᠪᠠᠶ᠋ᠢᠰᠢᠩ᠎ᠢ ᠵᠦ᠍ ᠣᠪᠣᠭᠲᠤ᠎ᠳᠤ ᠬᠤᠳᠠᠯᠳᠤᠬᠤ᠎ᠪᠠᠷ ᠪᠣᠯᠵᠣᠨ ᠲᠣᠭᠲᠠᠵᠠᠶ᠃ ᠰᠡᠭᠦᠯᠡᠷ᠎ᠨᠢ ᠲᠣᠰ ᠬᠡᠷᠡᠭ᠎ᠲᠤ ᠬᠤᠯᠪᠣᠭᠳᠠᠭᠰᠠᠨ ᠥᠮᠴᠢᠯᠡᠬᠦ ᠡᠷᠬᠡ ᠵᠢᠨ ᠵᠢᠭᠤᠷᠠᠯᠳᠤᠭ᠋ᠠᠨ᠎ᠠᠴᠠ ᠪᠣᠯᠵᠣ᠂  ᠬᠡᠷᠡᠭ᠎ᠲᠤ ᠬᠤᠯᠪᠣᠭᠳᠠᠭᠰᠠᠨ  ᠬᠡᠷ ᠪᠠᠶ᠋ᠢᠰᠢᠩ᠎ᠢ ᠰᠢᠭᠦᠬᠦ ᠬᠤᠷᠢᠶ᠎ᠠ  ᠪᠢᠲᠡᠭᠦᠮᠵᠢᠯᠡᠵᠦ᠂ ᠰᠦᠯᠵᠢᠶᠡᠨ ᠳᠡᠭᠡᠷ᠎ᠡ ᠭᠠᠷ᠎ᠤᠨ ᠥᠰᠥᠭ ᠵᠢᠷᠤᠬᠤ ᠵᠢᠴᠢ ᠥᠯᠥ ᠬᠥᠳᠡᠯᠬᠦ ᠬᠥᠷᠥᠩᠭᠡ ᠵᠢᠨ ᠰᠢᠯᠵᠢᠭᠦᠯᠬᠦ ᠳᠡᠩᠰᠡᠯᠡᠯᠲᠡ ᠵᠢᠨ ᠭᠠᠷᠳᠠᠮ᠎ᠢ ᠭᠦᠢ᠍ᠴᠡᠳᠭᠡᠬᠦ ᠵᠢᠨ ᠠᠷᠭ᠎ᠠ ᠥᠬᠡᠶ ᠪᠤᠯᠵᠠᠢ᠂ ᠵᠦ᠍ ᠣᠪᠣᠭᠲᠤ ᠬᠡᠷ ᠪᠠᠶ᠋ᠢᠰᠢᠩ ᠬᠤᠳᠠᠯᠳᠤᠭ᠋ᠠᠯᠠᠬᠤ ᠭᠡᠷ᠎ᠡ ᠵᠢᠨ ᠵᠢᠭᠤᠷᠠᠯᠳᠤᠭ᠋ᠠᠨ ᠵᠶ᠋ᠠᠷ ᠰᠢᠭᠦᠬᠦ ᠬᠤᠷᠢᠶᠠᠨ᠎ᠳᠤ ᠴᠢᠨ ᠣᠪᠣᠭᠲᠤ ᠵᠢ ᠵᠠᠭ᠋ᠠᠯᠳᠤᠵᠠᠢ᠂ ᠰᠢᠭᠦᠬᠦ ᠬᠤᠷᠢᠶ᠎ᠠ᠎ᠠᠴᠠ ᠭᠡᠷ᠎ᠡ ᠵᠢ ᠬᠦᠴᠦᠨ ᠥᠬᠡᠶ ᠪᠣᠯᠭ᠋ᠠᠬᠤ᠎ᠪᠠᠷ ᠰᠢᠭᠦᠨ ᠲᠠᠰᠤᠯᠵᠤ᠂ ᠴᠢᠨ ᠣᠪᠣᠭᠲᠤ᠎ᠠᠴᠠ ᠵᠦ᠍ ᠣᠪᠣᠭᠲᠤ ᠵᠢᠨ ᠪᠣᠯᠵᠣᠭ᠎ᠠ ᠵᠢᠨ ᠮᠥᠩᠭᠦ᠂  ᠭᠡᠷ᠎ᠡ ᠵᠥᠷᠢᠴᠡᠭᠰᠡᠨ ᠮᠥᠩᠭᠦ ᠵᠢᠴᠢ ᠵᠠᠪᠰᠠᠷ᠎ᠤᠨ ᠦᠢ᠍ᠯᠡᠴᠢᠯᠡᠭᠡᠨ᠎ᠤ ᠰᠦᠢ᠍ᠳᠬᠡᠯ᠎ᠤᠨ ᠬᠤᠬᠢᠷᠠᠯ᠎ᠢ ᠲᠥᠯᠥᠭᠦᠯᠬᠦ᠎ᠪᠠᠷ ᠰᠢᠭᠦᠨ ᠲᠠᠰᠤᠯᠤᠭ᠋ᠠᠳ ᠨᠢᠭᠡᠨᠲᠡ ᠬᠦᠴᠦᠨ᠎ᠲᠠᠢ ᠪᠣᠯᠤᠭᠰᠠᠨ ᠪᠠᠶ᠋ᠢᠨ᠎ᠠ᠃

     ᠵᠠᠩ ᠣᠪᠣᠭᠲᠤ ᠲᠤᠰ ᠬᠡᠷᠡᠭ ᠪᠤᠯ ᠲᠠᠭ᠋ᠠᠯᠳᠤᠭᠤᠯᠤᠯ ᠡᠭᠦᠷᠭᠡ᠎ᠲᠠᠢ  ᠪᠡᠯᠡᠭᠯᠡᠬᠦ ᠭᠡᠷ᠎ᠡ ᠮᠦᠨ᠂ ᠴᠢᠨ ᠣᠪᠣᠭᠲᠤ ᠠᠰᠠᠷᠠᠨ ᠲᠡᠵᠢᠭᠡᠬᠦ ᠡᠭᠦᠷᠭᠡ᠎ᠪᠠᠨ ᠭᠦᠢ᠍ᠴᠡᠳᠬᠡᠬᠦ ᠵᠢᠴᠢ ᠵᠠᠩ ᠣᠪᠣᠭᠲᠤ ᠵᠢᠨ ᠬᠡᠷᠡᠭ᠎ᠲᠤ ᠬᠤᠯᠪᠣᠭᠳᠠᠭᠰᠠᠨ ᠭᠡᠷ ᠪᠠᠶ᠋ᠢᠰᠢᠩ᠎ᠳᠤ  ᠡᠭᠦᠷᠢᠳᠡ ᠰᠠᠭᠤᠬᠤ ᠡᠷᠬᠡ ᠠᠰᠢᠭ᠎ᠢ ᠪᠠᠲᠤᠯᠠᠬᠤ ᠴᠢᠬᠤᠯᠠᠲᠠᠶ ᠂ ᠭᠡᠪᠡᠴᠦ  ᠴᠢᠨ ᠣᠪᠣᠭᠲᠤ ᠵᠠᠩ ᠣᠪᠣᠭᠲᠤ ᠵᠢ ᠠᠰᠠᠷᠠᠨ ᠲᠡᠵᠢᠭᠡᠬᠦ ᠡᠭᠦᠷᠭᠡ᠎ᠪᠠᠨ ᠭᠦᠢ᠍ᠴᠡᠳᠬᠡᠭᠰᠡᠨ ᠦᠭᠡᠢ ᠪᠥᠭᠡᠳ  ᠬᠡᠷᠡᠭ᠎ᠲᠤ ᠬᠤᠯᠪᠣᠭᠳᠠᠭᠰᠠᠨ ᠭᠡᠷ ᠪᠠᠶ᠋ᠢᠰᠢᠩ᠎ᠢ ᠬᠤᠳᠤᠯᠳᠠᠭ᠋ᠠᠯᠠᠵᠤ ᠰᠢᠭᠦᠬᠦ ᠬᠤᠷᠢᠶᠠᠨ᠎ᠳᠤ ᠵᠠᠭ᠋ᠠᠯᠳᠤᠭᠳᠠᠵᠠᠢ᠂ ᠬᠡᠷᠡᠭ᠎ᠲᠤ ᠬᠤᠯᠪᠣᠭᠳᠠᠭᠰᠠᠨ ᠭᠡᠷ ᠪᠠᠶ᠋ᠢᠰᠢᠩ᠎ᠤᠨ ᠪᠡᠯᠡᠭᠡᠯᠡᠬᠦ ᠭᠡᠷ᠎ᠡ ᠵᠢ ᠬᠦᠴᠦᠨ ᠦᠭᠡᠢ ᠪᠣᠯᠭ᠋ᠠᠬᠤ᠂ ᠴᠢᠨ ᠣᠪᠣᠭᠲᠤ ᠵᠠᠩ ᠣᠪᠣᠭᠲᠤ ᠵᠢᠨ ᠬᠡᠷᠡᠭ᠎ᠲᠤ ᠬᠤᠯᠪᠣᠭᠳᠠᠭᠰᠠᠨ ᠭᠡᠷ ᠪᠠᠶ᠋ᠢᠰᠢᠩ᠎ᠢ ᠪᠤᠴᠠᠭ᠋ᠠᠬᠤ ᠮᠦᠷᠳᠡᠭᠡᠨ ᠥᠮᠴᠢᠯᠡᠬᠦ ᠡᠷᠬᠡ ᠵᠢᠨ ᠬᠤᠪᠢᠷᠠᠭᠤᠯᠬᠤ ᠳᠡᠩᠰᠡᠯᠡᠯᠲᠡ ᠵᠢᠨ ᠭᠠᠷ ᠭᠦᠢ᠍ᠴᠡᠳᠬᠡᠯ᠎ᠢ ᠬᠠᠮᠵᠢᠯᠴᠠᠨ ᠭᠦᠢ᠍ᠴᠡᠳᠭᠡᠬᠦ ᠵᠢ ᠱᠠᠭ᠋ᠠᠷᠳᠠᠪᠠ᠃

     ᠳᠡᠰ ᠳᠡᠪᠰᠢᠭᠰᠡᠨ ᠬᠠᠷᠢᠶᠠᠯᠠᠯ᠎ᠤᠨ ᠪᠠᠶ᠋ᠢᠳᠠᠯ᠄ ᠲᠤᠰ ᠬᠡᠷᠡᠭ᠎ᠢ ᠡᠬᠢᠨ᠎ᠳᠤ᠎ᠪᠠᠨ ᠪᠡᠭᠡᠵᠢᠩ ᠬᠤᠲᠠ ᠵᠢᠨ ᠹᠠᠩ ᠱᠠᠨ ᠲᠣᠭᠤᠷᠢᠭ᠎ᠤᠨ ᠠᠷᠠᠳ᠎ᠤᠨ ᠰᠢᠭᠦᠬᠦ ᠬᠤᠷᠢᠶ᠎ᠠ᠎ᠠᠴᠠ ᠬᠦᠯᠢᠶᠡᠨ ᠠᠪᠴᠤ ᠰᠢᠢ᠍ᠳᠪᠦᠷᠢᠯᠡᠵᠡᠢ᠂ ᠲᠤᠰ ᠬᠤᠷᠢᠶ᠎ᠠ ᠰᠢᠭᠦᠨ ᠰᠢᠢ᠍ᠳᠪᠦᠷᠢᠯᠡᠬᠦ ᠶᠠᠪᠤᠴᠠ᠎ᠳᠤ ᠂ ᠪᠦᠬᠦ ᠤᠯᠤᠰ᠎ᠤᠨ ᠰᠢᠭᠦᠬᠦ ᠬᠤᠷᠢᠶ᠎ᠠ ᠪᠠ ᠪᠡᠭᠡᠵᠢᠩ᠎ᠤᠨ ᠬᠠᠷᠢᠶ᠎ᠠ ᠲᠣᠭᠤᠷᠢᠭ᠎ᠤᠨ ᠡᠯ᠎ᠡ ᠦᠨᠳᠦᠰᠦᠨ ᠱᠠᠲᠤᠨ᠎ᠤ ᠰᠢᠭᠦᠬᠦ ᠬᠤᠷᠢᠶ᠎ᠠ᠎ᠨᠢ ᠡᠶ᠋ᠢᠮᠦᠷᠭᠦᠦ ᠬᠡᠷᠡᠭ᠎ᠢ ᠰᠢᠢ᠍ᠳᠪᠦᠷᠢᠯᠡᠬᠦ᠎ᠳᠡᠭᠡᠨ᠂  ᠲᠠᠭ᠋ᠠᠯᠳᠤᠭᠤᠯᠤᠯ  ᠡᠭᠦᠷᠭᠡ᠎ᠲᠠᠢ ᠪᠡᠯᠡᠭᠯᠡᠬᠦ ᠭᠡᠷ᠎ᠡ ᠵᠢ ᠬᠤᠪᠢᠷᠠᠭᠤᠯᠬᠤ᠂ ᠬᠦᠴᠦᠨ ᠦᠭᠡᠢ ᠪᠣᠯᠭ᠋ᠠᠬᠤ ᠬᠤᠯᠪᠣᠭᠳᠠᠯ ᠪᠦᠬᠦᠢ ᠬᠠᠤᠯᠢ ᠴᠠᠭ᠋ᠠᠵᠠ ᠵᠢᠨ ᠲᠣᠭᠲᠠᠭ᠋ᠠᠯ᠎ᠤᠨ ᠲᠤᠬᠠᠢ ᠣᠶ᠋ᠢᠯᠠᠭ᠋ᠠᠯᠲᠠ᠎ᠨᠢ ᠨᠢᠭᠡᠳᠦᠯ ᠦᠭᠡᠢ ᠂ ᠠᠳᠠᠯᠢ ᠪᠤᠰᠤ ᠲᠠᠰᠤᠯᠤᠨ ᠲᠣᠭᠲᠠᠭ᠋ᠠᠬᠤ ᠪᠠᠷᠢᠮᠵᠢᠶ᠎ᠠ ᠣᠷᠣᠰᠢᠵᠤ ᠪᠠᠶ᠋ᠢᠬᠤ ᠵᠢ ᠣᠯᠵᠤ ᠮᠡᠳᠡᠵᠡᠢ᠃ ᠪᠡᠭᠡᠵᠢᠩ ᠬᠤᠲᠠ ᠵᠢᠨ ᠹᠠᠩ ᠱᠠᠨ ᠲᠣᠭᠤᠷᠢᠭ᠎ᠤᠨ ᠠᠷᠠᠳ᠎ᠤᠨ ᠰᠢᠭᠦᠬᠦ ᠬᠤᠷᠢᠶ᠎ᠠ ᠵᠢᠨ ᠦᠵᠡᠬᠦ᠎ᠪᠠᠷ᠂ ᠬᠥᠮᠦᠨ ᠠᠮᠠ ᠵᠢᠨ ᠨᠠᠰᠤᠵᠢᠯ᠎ᠤᠨ ᠬᠠᠨᠳᠤᠰᠢ ᠨᠡᠮᠡᠭᠳᠡᠬᠦ ᠵᠢ ᠳᠠᠭ᠋ᠠᠯᠳᠤᠨ᠂ ᠨᠠᠰᠤᠵᠢᠯ᠎ᠤᠨ ᠵᠢᠭᠤᠷᠠᠯᠳᠤᠭ᠋ᠠᠨ ᠠᠯᠬᠤᠮ ᠠᠯᠬᠤᠮ ᠵᠶ᠋ᠠᠷ ᠨᠡᠮᠡᠭᠳᠡᠵᠦ᠂ ᠡᠶ᠋ᠢᠮᠦᠷᠬᠦᠦ ᠬᠡᠷᠡᠭ᠎ᠤᠨ ᠲᠠᠰᠤᠯᠤᠨ ᠲᠣᠭᠲᠠᠭ᠋ᠠᠯᠲᠠ ᠵᠢᠨ ᠪᠠᠷᠢᠮᠵᠢᠶ᠎ᠠ᠎ᠨᠢ ᠭᠡᠷ ᠪᠠᠶ᠋ᠢᠰᠢᠩ᠎ᠢ ᠰᠢᠯᠵᠢᠭᠦᠯᠦᠨ ᠦᠭᠴᠦ ᠨᠠᠰᠤᠵᠢᠯ᠎ᠤᠨ ᠪᠤᠯᠭ᠋ᠠᠬᠤ ᠵᠢᠭᠤᠷᠠᠯᠳᠤᠭ᠋ᠠᠨ᠎ᠢ ᠪᠦᠲᠦᠮᠵᠢᠲᠡᠶ ᠰᠢᠢ᠍ᠳᠪᠦᠷᠢᠯᠡᠬᠦ᠎ᠳᠤ ᠠᠰᠢᠭᠲᠠᠶ ᠂ ᠳᠡᠭᠡᠳᠦ ᠱᠠᠲᠤᠨ᠎ᠤ ᠠᠷᠠᠳ᠎ᠤᠨ ᠰᠢᠭᠦᠬᠦ ᠬᠤᠷᠢᠶ᠎ᠠ᠎ᠠᠴᠠ ᠲᠠᠰ ᠳᠡᠪᠰᠢᠭᠦᠯᠦᠨ ᠬᠠᠮᠢᠶᠠᠷᠬᠤ ᠴᠢᠬᠤᠯᠠᠲᠠᠶ ᠪᠣᠯᠬᠤᠷ ᠪᠡᠭᠡᠵᠢᠩ ᠬᠤᠲᠠ ᠵᠢᠨ ᠬᠤᠶᠠᠳᠤᠭ᠋ᠠᠷ ᠲᠤᠮᠳᠠ ᠵᠡᠷᠭᠡ ᠵᠢᠨ ᠠᠷᠠᠳ᠎ᠤᠨ ᠰᠢᠭᠦᠬᠦ ᠬᠤᠷᠢᠶ᠎ᠠ᠎ᠳᠤ ᠲᠠᠰ ᠳᠡᠪᠰᠢᠭᠦᠯᠦᠨ ᠬᠠᠷᠢᠶᠠᠯᠠᠭᠤᠯᠪᠠ᠃ ᠪᠡᠭᠡᠵᠢᠩ ᠬᠤᠲᠠ ᠵᠢᠨ ᠬᠤᠶᠠᠳᠤᠭ᠋ᠠᠷ  ᠳᠤᠮᠳᠠ ᠵᠡᠷᠭᠡ ᠵᠢᠨ ᠠᠷᠠᠳ᠎ᠤᠨ ᠰᠢᠭᠦᠬᠦ ᠬᠤᠷᠢᠶ᠎ᠠ ᠬᠢᠨᠠᠨ ᠪᠠᠶ᠋ᠢᠴᠠᠭ᠋ᠠᠭ᠋ᠠᠳ᠂ ᠲᠣᠰ ᠬᠡᠷᠡᠭ᠎ᠨᠢ ᠲᠠᠰ ᠳᠡᠪᠰᠢᠭᠦᠯᠦᠨ ᠬᠠᠮᠢᠶᠠᠷᠬᠤ ᠬᠤᠯᠪᠣᠭᠳᠠᠯ ᠪᠥᠬᠦᠶ ᠲᠣᠭᠲᠠᠭ᠋ᠠᠯ᠎ᠤᠨ ᠪᠠᠶ᠋ᠢᠳᠠᠯ᠎ᠳᠤ ᠨᠡᠶ᠋ᠢᠴᠡᠵᠦ᠂ 2023 ᠣᠨ᠎ᠤ 3  ᠳ᠋ᠤᠭ᠋ᠠᠷ ᠰᠠᠷ᠎ᠠ ᠵᠢᠨ 29᠎ᠤ ᠡᠳᠦᠷ ᠲᠣᠰ ᠬᠡᠷᠡᠭ᠎ᠢ ᠲᠠᠰ ᠳᠡᠪᠰᠢᠭᠦᠯᠦᠨ ᠰᠢᠭᠦᠬᠦ᠎ᠪᠠᠷ ᠬᠢᠨᠠᠨ ᠲᠠᠰᠤᠯᠪᠠ᠃

ᠲᠠᠰᠤᠯᠤᠨ ᠲᠣᠭᠲᠠᠭ᠋ᠠᠭᠰᠠᠨ ᠦᠷ᠎ᠡ ᠳ᠋ᠦᠩ᠄

     ᠪᠡᠬᠡᠵᠢᠩ ᠬᠤᠳᠠ ᠵᠢᠨ ᠬᠤᠶᠠᠳᠤᠭ᠋ᠠᠷ ᠲᠤᠮᠳᠠ ᠵᠡᠷᠬᠡ ᠵᠢᠨ ᠠᠷᠠᠳ᠎ᠤᠨ ᠰᠢᠬᠦᠬᠦ ᠬᠤᠷᠢᠶ᠎ᠠ ᠰᠢᠬᠦᠨ ᠰᠢᠢ᠍ᠳᠪᠤᠷᠢᠯᠡᠭᠰᠡᠨ᠎ᠤ ᠲᠠᠷᠠᠭ᠎ᠠ᠂ ᠲᠤᠰ ᠭᠡᠷᠡᠭ᠎ᠤᠨ ᠮᠠᠷᠭᠤᠯᠳᠤᠭ᠋ᠠᠨ᠎ᠤ ᠲᠦᠪᠯᠡᠷᠡᠯ᠎ᠤᠨ ᠲᠦᠪ᠎ᠨᠢ ᠬᠤᠶᠠᠷ ᠪᠠᠶ᠋ᠢᠨ᠎ᠠ᠄ ᠨᠢᠬᠡ᠂ 《ᠠᠮᠠᠯᠠᠯᠳᠠ ᠵᠢᠨ ᠪᠢᠴᠢᠭ》 ᠪᠤᠯᠤᠨ 《ᠪᠡᠯᠡᠭᠯᠡᠬᠦ ᠭᠡᠷ᠎ᠡ》 ᠵᠢᠨ ᠬᠠᠷᠢᠴᠠᠭ᠎ᠠ ᠵᠢ ᠬᠡᠷᠬᠢᠨ ᠲᠤᠭᠳᠠᠭ᠋ᠠᠬᠤ ᠪᠤᠢ? ᠬᠤᠶᠠᠷ᠎ᠲᠤ᠂ ᠵᠠᠩ ᠣᠪᠣᠭᠲᠤ ᠵᠢᠨ ᠪᠡᠯᠡᠭᠡᠯᠡᠬᠦ ᠭᠡᠷ᠎ᠡ ᠵᠢ ᠬᠦᠴᠦᠨ ᠦᠭᠡᠢ ᠪᠣᠯᠭ᠋ᠠᠬᠤ᠎ᠪᠠᠷ ᠵᠤᠷᠢᠵᠤ ᠪᠠᠢ᠌ᠭ᠎ᠠ᠎ᠨᠢ ᠪᠣᠳᠠᠲᠤ ᠬᠡᠷᠡᠭ ᠪᠠ ᠬᠠᠤᠯᠢ ᠴᠠᠭ᠋ᠠᠵᠠ ᠵᠢᠨ ᠦᠨᠳᠦᠰᠦᠯᠡᠯ᠎ᠲᠠᠢ ᠤᠤ ᠦᠭᠡᠢ ᠤᠤ?

     ᠮᠠᠷᠭᠤᠭ᠋ᠠᠨ᠎ᠤ ᠲᠥᠪᠯᠡᠷᠡᠯ᠎ᠤᠨ ᠴᠡᠭ ᠨᠢᠭᠡ᠂ ᠵᠠᠩ ᠣᠪᠣᠭᠲᠤ ᠪᠣᠯᠤᠨ ᠴᠢᠨ ᠣᠪᠣᠭᠲᠤ ᠭᠠᠷ᠎ᠤᠨ ᠦᠰᠦᠭ ᠵᠢᠷᠤᠵᠤ ᠣᠷᠣᠨ ᠰᠠᠭᠤᠴᠠ ᠪᠡᠯᠡᠭᠡᠯᠬᠦ 《ᠠᠮᠠᠯᠠᠯᠲᠠ ᠵᠢᠨ ᠪᠢᠴᠢᠭ》᠎ᠨᠢ ᠬᠤᠶᠠᠷ ᠲᠠᠯ᠎ᠠ ᠵᠢᠨ ᠦᠨᠡᠨ ᠰᠡᠳᠬᠢᠯ᠎ᠤᠨ ᠢᠯᠡᠷᠬᠡᠶ᠋ᠢᠯᠡᠯᠲᠡ ᠪᠠᠶ᠋ᠢᠵᠤ᠂ ᠬᠠᠤᠯᠢ ᠶᠣᠰᠣᠨ᠎ᠤ ᠬᠦᠴᠦᠨ᠎ᠲᠠᠢ ᠃ ᠴᠢᠨ ᠣᠪᠣᠭᠲᠤ ᠵᠠᠩ ᠣᠪᠣᠭᠲᠤ ᠵᠢᠨ ᠠᠰ᠎ᠲᠤᠨᠢ ᠭᠠᠷ᠎ᠤᠨ ᠦᠰᠦᠭ ᠵᠢᠷᠤᠭᠰᠠᠨ 《ᠪᠡᠯᠡᠭᠯᠡᠬᠦ ᠭᠡᠷ᠎ᠡ》᠎ᠨᠢ ᠬᠡᠯᠪᠡᠷᠢ ᠵᠢᠨ ᠲᠠᠯ᠎ᠠ᠎ᠪᠠᠷ ᠳᠦᠷᠢᠮᠵᠢᠭᠰᠡᠨ ᠭᠡᠷ᠎ᠡ ᠪᠣᠯᠭ᠋ᠠᠵᠤ᠂  ᠭᠠᠷ᠎ᠤᠨ ᠦᠰᠦᠭ ᠵᠢᠷᠤᠭᠰᠠᠨ ᠴᠠᠭ᠎ᠲᠠᠢ ᠤᠶᠠᠯᠳᠤᠭᠤᠯᠤᠨ᠂ ᠭᠡᠷ ᠪᠠᠶ᠋ᠢᠰᠢᠩ ᠰᠢᠯᠵᠢᠭᠦᠯᠬᠦ᠎ᠳᠤ ᠬᠠᠮᠵᠢᠯᠴᠠᠭᠰᠠᠨ ᠬᠠᠤᠯᠢ ᠴᠠᠭ᠋ᠠᠵᠠ ᠵᠢᠨ ᠦᠢ᠍ᠯᠡ ᠠᠵᠢᠯᠯᠠᠭ᠎ᠠ᠎ᠳᠤ ᠬᠠᠷᠢᠶᠠᠯᠠᠭᠳᠠᠨ᠎ᠠ᠂ ᠡᠭᠦᠨ ᠵᠶ᠋ᠠᠷ 《ᠠᠮᠠᠯᠠᠯᠲᠠ ᠵᠢᠨ ᠪᠢᠴᠢᠭ》᠎ᠲᠤ ᠪᠣᠯᠵᠣᠨ ᠲᠣᠭᠲᠠᠭᠰᠠᠨ ᠠᠭᠤᠯᠭ᠎ᠠ ᠵᠢ ᠦᠭᠡᠶ᠋ᠢᠰᠬᠡᠵᠦ ᠪᠣᠯᠬᠤ ᠦᠭᠡᠢ᠂ ᠬᠤᠶᠠᠭᠤᠯᠠ ᠵᠢᠨ ᠬᠤᠭᠤᠷᠣᠨᠳᠣ ᠭᠡᠷ ᠪᠠᠶ᠋ᠢᠰᠢᠩ᠎ᠲᠠᠢ ᠬᠤᠯᠪᠣᠭᠳᠠᠭᠰᠠᠨ ᠦᠨᠡᠨ ᠪᠣᠳᠠᠲᠠᠶ ᠠᠭᠤᠯᠭ᠎ᠠ ᠵᠢᠴᠢ ᠡᠷᠬᠡ ᠡᠭᠦᠷᠭᠡ ᠵᠢᠨ ᠬᠠᠷᠢᠴᠠᠭ᠎ᠠ ᠵᠢ ᠮᠥᠨ 《ᠠᠮᠠᠯᠠᠯᠲᠠ ᠵᠢᠨ ᠪᠢᠴᠢᠭ》 ᠵᠶ᠋ᠠᠷ ᠪᠠᠷᠢᠮᠵᠢᠶ᠎ᠠ ᠪᠣᠯᠭ᠋ᠠᠬᠤ ᠬᠡᠷᠡᠭᠲᠡᠶ᠃

     ᠮᠠᠷᠭᠤᠭ᠋ᠠᠨ᠎ᠤ ᠲᠥᠪᠯᠡᠷᠡᠯ᠎ᠤᠨ ᠴᠡᠭ ᠬᠤᠶᠠᠷ ᠂ ᠡᠮᠦᠨ᠎ᠡ ᠳᠤᠷᠠᠳᠤᠭᠰᠠᠨ ᠮᠠᠷᠭᠤᠯᠳᠤᠭ᠋ᠠᠨ᠎ᠤ ᠲᠥᠪᠯᠡᠷᠡᠯ᠎ᠤᠨ ᠴᠡᠭ᠎ᠤᠨ ᠥᠭᠦᠯᠡᠯᠲᠡ ᠵᠢ ᠦᠨᠳᠦᠰᠦᠯᠡᠪᠡᠯ᠂ ᠵᠠᠩ ᠣᠪᠣᠭᠲᠤ ᠬᠡᠷᠡᠭ᠎ᠲᠤ ᠬᠤᠯᠪᠣᠭᠳᠠᠭᠰᠠᠨ ᠬᠡᠷ ᠪᠠᠶ᠋ᠢᠰᠢᠩ ᠎ᠢ ᠪᠡᠯᠡᠭᠯᠡᠵᠦ ᠥᠭᠬᠦ᠎ᠳᠤ ᠲᠠᠭ᠋ᠠᠯᠳᠤᠭᠤᠯᠤᠯ  ᠡᠭᠦᠷᠭᠡ᠎ᠲᠠᠢ᠂ 《ᠠᠮᠠᠯᠠᠯᠲᠠ ᠵᠢᠨ ᠪᠢᠴᠢᠭ》᠎ᠤᠨ ᠪᠣᠯᠵᠣᠨ ᠲᠣᠭᠲᠠᠭᠰᠠᠨ᠎ᠢ ᠦᠨᠳᠦᠰᠦᠯᠡᠪᠡᠯ᠂  ᠲᠠᠭ᠋ᠠᠯᠳᠤᠭᠤᠯᠤᠯ ᠡᠭᠦᠷᠭᠡ᠎ᠨᠢ ᠴᠢᠨ ᠣᠪᠣᠭᠲᠤ ᠵᠢᠨ ᠵᠠᠩ ᠣᠪᠣᠭᠲᠤ ᠵᠢ ᠠᠰᠠᠷᠠᠨ ᠲᠡᠵᠢᠭᠡᠬᠦ ᠡᠭᠦᠷᠭᠡ᠎ᠲᠠᠢ ᠪᠥᠭᠡᠳ ᠬᠡᠷᠡᠭ᠎ᠲᠤ ᠬᠤᠯᠪᠣᠭᠳᠠᠭᠰᠠᠨ ᠬᠡᠷ ᠪᠠᠶ᠋ᠢᠰᠢᠩ᠎ᠳᠤ ᠣᠷᠣᠰᠢᠨ ᠰᠠᠭᠤᠬᠤ ᠡᠷᠬᠡ ᠵᠢ ᠦᠨᠡᠨ ᠬᠦ᠌ ᠪᠠᠲᠤᠯᠠᠨ᠎ᠠ᠃ ᠭᠡᠪᠡᠴᠦ  ᠴᠢᠨ ᠣᠪᠣᠭᠲᠤ  ᠭᠡᠷ ᠪᠠᠶ᠋ᠢᠰᠢᠩ ᠰᠢᠯᠵᠢᠭᠦᠯᠦᠨ ᠠᠪᠴᠦ ᠪᠠ ᠳᠠᠩᠰᠠᠯᠠᠭᠰᠠᠨ᠎ᠤ ᠳᠠᠷᠠᠭ᠎ᠠ ᠲᠡᠮᠡᠢ ᠤᠳᠠᠭᠰᠠᠨ ᠦᠭᠡᠢ  ᠪᠤᠰᠤᠳ  ᠬᠦᠮᠦᠨ᠎ᠲᠠᠢ ᠭᠡᠷ ᠪᠠᠶ᠋ᠢᠰᠢᠩ ᠬᠤᠳᠠᠯᠳᠤᠭ᠋ᠠᠯᠠᠬᠤ ᠭᠡᠷ᠎ᠡ ᠵᠢ ᠲᠣᠭᠲᠠᠭ᠋ᠠᠵᠤ᠂  ᠲᠠᠭ᠋ᠠᠯᠳᠤᠭᠤᠯᠤᠯ ᠡᠭᠦᠷᠭᠡ᠎ᠲᠠᠢ ᠭᠡᠷ᠎ᠡ ᠵᠢ ᠵᠥᠷᠢᠴᠡᠭᠰᠡᠨ ᠤᠴᠢᠷ᠎ᠠᠴᠠ᠂ ᠵᠠᠩ ᠣᠪᠣᠭᠲᠤ ᠪᠡᠯᠡᠭᠡᠯᠡᠵᠦ  ᠥᠭᠬᠦ ᠵᠢ ᠬᠦᠴᠦᠨ ᠦᠭᠡᠢ ᠪᠣᠯᠭ᠋ᠠᠬᠤ  ᠪᠣᠳᠠᠲᠤ ᠬᠡᠷᠡᠭ ᠪᠠ ᠬᠠᠤᠯᠢ ᠴᠠᠭ᠋ᠠᠵᠠ ᠵᠢᠨ ᠦᠨᠳᠦᠰᠦᠯᠡᠯ᠎ᠲᠠᠢ  ᠪᠤᠯᠬᠤᠷ  ᠳᠡᠮᠵᠢᠯᠭᠡ ᠦᠵᠡᠭᠦᠯᠦᠨ᠎ᠡ᠃ ᠰᠢᠭᠦᠨ ᠲᠠᠰᠤᠯᠤᠭᠰᠠᠨ᠎ᠤ ᠳᠠᠷᠠᠭ᠎ᠠ ᠲᠤᠬᠠᠢ ᠵᠢᠨ ᠬᠥᠮᠦᠨ᠎ᠨᠢ ᠲᠡᠭᠡᠭᠰᠢ ᠵᠠᠭ᠋ᠠᠯᠲᠤᠭᠰᠠᠨ ᠦᠭᠡᠢ ᠮᠥᠷᠲᠡᠭᠡᠨ ᠨᠢᠭᠡᠳᠦᠭᠡᠷ ᠰᠢᠭᠦᠯᠲᠡ ᠵᠢᠨ ᠰᠢᠭᠦᠨ ᠲᠠᠰᠤᠯᠤᠯᠲᠠ᠎ᠨᠢ ᠬᠠᠤᠯᠢ ᠵᠢᠨ ᠬᠦᠴᠦᠨ᠎ᠲᠠᠢ ᠪᠤᠯᠵᠠᠢ᠃

ᠨᠡᠶ᠋ᠢᠲᠡᠯᠢᠭ ᠠᠴᠢ ᠬᠤᠯᠪᠣᠭᠳᠠᠯ᠄

     ᠣᠳᠣᠬᠠᠨ᠎ᠳᠤ 《ᠭᠡᠷ ᠪᠠᠢ᠌ᠰᠢᠩ ᠵᠶ᠋ᠠᠷ ᠨᠠᠰᠤᠵᠢᠯ᠎ᠤᠨ ᠠᠰᠠᠷᠠᠮᠵᠢ》 ᠪᠤᠯᠭ᠋ᠠᠬᠤ᠎ᠨᠢ ᠴᠢᠬᠤᠯᠠ ᠨᠠᠰᠤᠵᠢᠯ᠎ᠤᠨ ᠠᠷᠭ᠎ᠠ ᠮᠠᠶ᠋ᠢᠭ ᠪᠣᠯᠭ᠋ᠠᠭᠰᠠᠨ ᠠᠬᠤᠢ ᠪᠠᠢ᠌ᠳᠠᠯ ᠳᠣᠣᠷ᠎ᠠ᠂ 《ᠭᠡᠷ ᠪᠠᠢ᠌ᠰᠢᠩ ᠰᠢᠯᠵᠢᠭᠦᠯᠦᠨ ᠥᠭᠴᠦ  ᠨᠠᠰᠤᠵᠢᠯ᠎ᠤᠨ ᠠᠰᠠᠷᠠᠮᠵᠢ》 ᠪᠤᠯᠭ᠋ᠠᠬᠤ᠎ᠳᠤ  ᠬᠣᠯᠪᠣᠭᠳᠠᠭᠰᠠᠨ ᠬᠡᠷᠡᠭ ᠲᠠᠰᠤᠷᠠᠯᠲᠠ ᠦᠭᠡᠢ ᠨᠡᠮᠡᠭᠳᠡᠵᠦ᠂ ᠢᠯᠠᠩᠭᠤᠶ᠎ᠠ ᠡᠴᠢᠭᠡ ᠡᠬᠡ᠎ᠨᠢ ᠦᠷ᠎ᠡ ᠬᠡᠦᠬᠡᠳ᠎ᠲᠡᠭᠡᠨ ᠭᠡᠷ  ᠪᠠᠢ᠌ᠰᠢᠩ ᠵᠶ᠋ᠡᠨ ᠪᠡᠯᠡᠭᠡᠯᠡᠭᠰᠡᠨ᠎ᠤ ᠲᠠᠷᠠᠭ᠎ᠠ ᠰᠠᠭᠤᠬᠤ  ᠡᠷᠬᠡ᠎ᠪᠠᠨ ᠦᠯᠡᠳᠡᠭᠡᠬᠦ  ᠭᠡᠷ᠎ᠡ ᠵᠢᠨ ᠵᠢᠭᠤᠷᠠᠯᠳᠤᠭ᠋ᠠᠨ ᠬᠠᠮᠤᠭ᠎ᠤᠨ ᠨᠡᠢ᠍ᠲᠡᠯᠢᠭ ᠵᠢᠱ᠌ᠢᠶ᠎ᠡ ᠪᠣᠯᠵᠤ ᠪᠠᠢ᠌ᠨ᠎ᠠ᠃ ᠡᠢ᠍ᠮᠦᠷᠬᠦ ᠵᠢᠭᠤᠷᠠᠯᠳᠤᠭ᠋ᠠᠨ᠎ᠨᠢ ᠶᠡᠷᠦ᠎ᠨᠢ ᠲᠠᠭ᠋ᠠᠯᠳᠤᠭᠤᠯᠤᠯ  ᠡᠭᠦᠷᠭᠡ᠎ᠲᠠᠢ ᠪᠡᠯᠡᠭᠯᠡᠬᠦ ᠭᠡᠷ᠎ᠡ ᠵᠢᠨ ᠬᠤᠪᠢᠷᠠᠯᠳᠠ᠂ ᠬᠦᠴᠦᠨ ᠥᠬᠡᠢ ᠪᠣᠯᠭ᠋ᠠᠬᠤ ᠬᠠᠤᠯᠢ ᠴᠠᠭ᠋ᠠᠵᠠ᠎ᠳᠤ ᠬᠡᠷᠡᠭᠯᠡᠬᠦ᠎ᠳᠤ ᠬᠣᠯᠪᠣᠭᠳᠠᠵᠤ᠂ ᠬᠠᠤᠯᠢ ᠴᠠᠭ᠋ᠠᠵᠠ ᠵᠢᠨ ᠦᠢ᠍ᠯᠡᠳᠦᠯᠭᠡ᠎ᠳᠤ ᠨᠡᠯᠢᠶᠡᠳ ᠶᠡᠬᠡ ᠵᠥᠷᠢᠯᠳᠦᠭᠡᠨ ᠤᠷᠤᠰᠢᠵᠤ᠂ ᠬᠡᠷᠪᠡ ᠨᠢᠭᠡᠳᠦᠯᠲᠡᠢ ᠪᠠᠷᠢᠮᠵᠢᠶ᠎ᠠ ᠲᠣᠳᠣᠷᠬᠠᠢ ᠦᠭᠡᠢ ᠪᠣᠯ ᠨᠠᠰᠤᠲᠠᠢ᠍ᠴᠤᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠣᠬᠢᠷᠠᠭᠤᠯᠵᠤ᠂ ᠭᠡᠷ ᠪᠦᠯᠢ ᠵᠢᠨ ᠡᠶ᠎ᠡ ᠵᠣᠬᠢᠴᠠᠯ᠎ᠢ ᠨᠥᠯᠥᠭᠡᠯᠡᠬᠦ ᠪᠣᠯᠤᠨ᠎ᠠ᠃ ᠲᠤᠰ ᠬᠡᠷᠡᠭ᠎ᠢ ᠳᠡᠰ ᠳᠡᠪᠰᠢᠭᠦᠯᠦᠨ ᠰᠢᠭᠦᠬᠦ᠎ᠪᠠᠷ ᠳᠠᠮᠵᠢᠭᠤᠯᠵᠤ᠂ ᠭᠡᠷ ᠪᠠᠶ᠋ᠢᠰᠢᠩ᠎ᠤᠨ ᠣᠷᠣᠨ ᠰᠠᠭᠤᠴᠠ ᠵᠢᠨ ᠡᠷᠬᠡ ᠵᠢ  ᠰᠢᠯᠵᠢᠭᠦᠯᠦᠨ ᠦᠭᠬᠦ ᠭᠡᠷ᠎ᠡ ᠵᠢᠨ ᠵᠢᠭᠤᠷᠠᠯᠳᠤᠭ᠋ᠠᠨ᠎ᠢ  ᠲᠠᠭ᠋ᠠᠯᠳᠤᠭᠤᠯᠤᠯ  ᠡᠭᠦᠷᠭᠡ᠎ᠲᠠᠢ ᠭᠡᠷ᠎ᠡ ᠪᠣᠯᠭ᠋ᠠᠨ ᠬᠤᠪᠢᠷᠠᠭᠤᠯᠬᠤ  ᠬᠠᠤᠯᠢ ᠴᠠᠭ᠋ᠠᠵᠠ ᠵᠢᠨ ᠲᠣᠬᠢᠷᠠᠬᠤ ᠳᠦᠷᠢᠮ ᠪᠣᠯᠬᠤ ᠵᠢ ᠲᠤᠳᠤᠷᠬᠠᠢ᠌ᠯᠠᠵᠠᠢ᠂ ᠲᠤᠬᠠᠶ᠋ᠢᠯᠠᠪᠠᠯ ᠲᠤᠬᠠᠢ ᠵᠢᠨ ᠬᠥᠮᠦᠨ᠎ᠨᠢ ᠤᠷᠢᠳᠠᠪᠠᠷ  ᠲᠠᠭ᠋ᠠᠯᠳᠤᠭᠤᠯᠤᠯ  ᠡᠭᠦᠷᠭᠡ᠎ᠲᠠᠢ ᠪᠡᠯᠡᠭᠯᠡᠵᠦ ᠥᠭᠬᠦ ᠭᠡᠷ᠎ᠡ ᠲᠣᠭᠲᠠᠭᠰᠠᠨ᠎ᠤ ᠳᠠᠷᠠᠭ᠎ᠠ ᠭᠡᠷ ᠪᠠᠶ᠋ᠢᠰᠢᠩ᠎ᠤᠨ ᠥᠮᠴᠢᠯᠡᠬᠦ ᠡᠷᠬᠡ ᠵᠢ ᠬᠤᠪᠢᠷᠠᠭᠤᠯᠬᠤ ᠦᠶ᠎ᠡ᠎ᠳᠤ ᠰᠢᠯᠵᠢᠭᠦᠯᠦᠨ ᠥᠭᠬᠦ ᠭᠡᠷ᠎ᠡ ᠲᠣᠭᠲᠠᠭ᠋ᠠᠨ᠎ᠠ᠂ ᠲᠤᠰ ᠰᠢᠯᠵᠢᠭᠦᠯᠦᠨ ᠥᠭᠬᠦ ᠭᠡᠷ᠎ᠡ ᠵᠢᠨ ᠠᠭᠤᠯᠭ᠎ᠠ᠎ᠨᠢ  ᠲᠠᠭ᠋ᠠᠯᠳᠤᠭᠤᠯᠤᠯ  ᠡᠭᠦᠷᠭᠡ᠎ᠲᠠᠢ ᠭᠡᠷ᠎ᠡ ᠵᠢᠨ  ᠬᠡᠰᠡᠭ᠎ᠤᠨ ᠠᠭᠤᠯᠭ᠎ᠠ᠎ᠲᠠᠢ ᠠᠳᠠᠯᠢ᠂ ᠲᠤᠬᠠᠢ ᠵᠢᠨ ᠬᠥᠮᠦᠨ  ᠲᠠᠭ᠋ᠠᠯᠳᠤᠭᠤᠯᠤᠯ  ᠡᠭᠦᠷᠭᠡ᠎ᠲᠠᠢ ᠪᠡᠯᠡᠭᠡᠯᠡᠬᠦ ᠭᠡᠷ᠎ᠡ ᠵᠢ ᠬᠤᠪᠢᠷᠠᠭᠤᠯᠬᠤ ᠦᠶ᠎ᠡ᠎ᠳᠤ  ᠬᠠᠤᠯᠢ ᠵᠢᠨ ᠬᠦᠴᠦᠨ᠎ᠲᠠᠢ  ᠪᠠᠢ᠌ᠪᠠᠯ ᠠᠷᠠᠳ᠎ᠤᠨ ᠰᠢᠭᠦᠬᠦ ᠬᠣᠷᠢᠶ᠎ᠠ ᠳᠡᠮᠵᠢᠬᠦ ᠬᠡᠷᠡᠭᠲᠡᠢ᠃  ᠪᠡᠯᠡᠭᠯᠡᠭᠴᠢ᠎ᠠᠴᠠ ᠭᠡᠷ ᠪᠠᠢ᠌ᠰᠢᠩ ᠵᠶ᠋ᠠᠨ ᠪᠡᠯᠡᠭᠡᠯᠡᠨ ᠦᠭᠭᠦᠭᠰᠡᠨ᠎ᠤ ᠲᠠᠷᠠᠭ᠎ᠠ ᠦᠷᠭᠦᠯᠵᠢᠯᠡᠨ  ᠨᠠᠰᠤ ᠪᠠᠷᠠᠳᠠᠯ᠎ᠠ ᠰᠠᠭᠤᠬᠤ ᠡᠷᠬᠡ᠎ᠲᠠᠢ ᠃  ᠬᠦᠯᠢᠶᠡᠵᠦ ᠠᠪᠤᠭᠴᠢ ᠰᠢᠯᠵᠢᠭᠦᠯᠦᠨ ᠠᠪᠤᠭᠰᠠᠨ᠎ᠤ ᠳᠠᠷᠠᠭ᠎ᠠ᠂ ᠪᠤᠰᠤᠳ ᠬᠥᠮᠦᠨ᠎ᠯᠦᠭᠡ ᠭᠡᠷ  ᠪᠠᠢ᠌ᠰᠢᠩ᠎ᠢ ᠬᠤᠳᠠᠯᠳᠤᠭ᠋ᠠᠯᠠᠬᠤ ᠭᠡᠷ᠎ᠡ ᠲᠤᠭᠳᠠᠪᠠᠯ ᠪᠡᠯᠡᠭᠯᠡᠭᠴᠢ᠎ᠠᠴᠠ ᠪᠡᠯᠡᠭᠯᠡᠵᠦ ᠥᠭᠬᠦ ᠵᠢ ᠬᠦᠴᠦᠨ ᠦᠭᠡᠢ ᠪᠣᠯᠭ᠋ᠠᠬᠤ᠎ᠪᠠᠷ ᠵᠣᠷᠢᠪᠠᠯ ᠠᠷᠠᠳ᠎ᠤᠨ ᠰᠢᠭᠦᠬᠦ ᠬᠣᠷᠢᠶ᠎ᠠ ᠳᠡᠮᠵᠢᠬᠦ ᠬᠡᠷᠡᠭᠲᠡᠢ ᠃

     ᠲᠠᠰᠤᠯᠤᠨ ᠲᠣᠭᠲᠠᠭ᠋ᠠᠯᠲᠠ᠎ᠨᠢ ᠬᠦᠴᠦᠨ᠎ᠲᠠᠢ ᠪᠣᠯᠤᠭᠰᠠᠨ᠎ᠤ ᠲᠠᠷᠠᠭ᠎ᠠ᠂ ᠪᠡᠭᠡᠵᠢᠩ ᠬᠤᠳᠠ ᠵᠢᠨ ᠬᠤᠶᠠᠳᠤᠭ᠋ᠠᠷ ᠳᠤᠮᠳᠠ ᠵᠡᠷᠭᠡ ᠵᠢᠨ ᠠᠷᠠᠳ᠎ᠤᠨ ᠰᠢᠭᠦᠬᠦ ᠬᠤᠷᠢᠶ᠎ᠠ᠎ᠠᠴᠠ ᠲᠤᠰ ᠬᠡᠷᠡᠭ᠎ᠨᠢ ᠨᠡᠯᠢᠶᠡᠳ ᠴᠢᠩᠭ᠎ᠠ ᠨᠡᠶ᠋ᠢᠲᠡᠯᠢᠭ ᠴᠢᠨᠠᠷ᠎ᠲᠠᠢ ᠂ ᠪᠡᠭᠡᠵᠢᠩ ᠬᠤᠳᠠ ᠵᠢᠨ ᠬᠠᠷᠢᠶ᠎ᠠ ᠣᠷᠣᠨ᠎ᠳᠠᠬᠢ ᠶᠡᠭᠡ ᠬᠡᠮᠵᠢᠶᠡᠨ᠎ᠤ ᠡᠶ᠋ᠢᠮᠦᠷᠬᠦ ᠵᠢᠭᠤᠷᠠᠯᠳᠤᠭ᠋ᠠᠨ᠎ᠢ ᠵᠢᠯᠣᠭᠤᠳᠬᠤ ᠠᠴᠢ ᠬᠤᠯᠪᠣᠭᠳᠠᠯ᠎ᠲᠠᠢ ᠪᠤᠯᠬᠤᠷ ᠂ ᠪᠡᠭᠡᠵᠢᠩ ᠬᠤᠳᠠ ᠵᠢᠨ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠤᠷᠢᠶ᠎ᠠ᠎ᠳᠤ ᠮᠡᠳᠡᠭᠦᠯᠦᠨ ᠪᠡᠭᠡᠵᠢᠩ᠎ᠤᠨ ᠰᠢᠭᠦᠬᠦ ᠬᠤᠷᠢᠶ᠎ᠠ ᠵᠢᠨ ᠰᠢᠰᠲ᠋ᠧᠮ᠎ᠤᠨ  ᠬᠡᠷᠡᠭ᠎ᠤᠨ ᠵᠢᠱ᠌ᠢᠶ᠎ᠡ᠎ᠳᠤ ᠣᠷᠣᠭᠤᠯᠬᠤ᠎ᠪᠠᠷ ᠮᠡᠳᠡᠭᠦᠯᠪᠡ᠃ ᠪᠡᠭᠡᠵᠢᠩ ᠬᠤᠲᠠ ᠵᠢᠨ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠤᠷᠢᠶᠠᠨ᠎ᠤ ᠰᠢᠭᠦᠨ ᠲᠠᠰᠤᠯᠬᠤ ᠵᠥᠪᠯᠡᠯ ᠨᠠᠷᠢᠨ ᠬᠢᠨᠠᠮᠠᠭ᠋ᠠᠶ ᠰᠤᠳᠤᠯᠤᠨ ᠶᠠᠷᠢᠯᠴᠠᠭᠰᠠᠨ᠎ᠤ ᠳᠠᠷᠠᠭ᠎ᠠ᠂ ᠲᠣᠰ ᠬᠡᠷᠡᠭ᠎ᠢ ᠪᠡᠭᠡᠵᠢᠩ᠎ᠤᠨ ᠰᠢᠭᠦᠬᠦ ᠬᠤᠷᠢᠶᠠᠨ᠎ᠤ ᠭᠤᠴᠢᠳᠤᠭ᠋ᠠᠷ ᠪᠦᠯᠦᠭ᠎ᠤᠨ ᠯᠠᠪᠯᠠᠯᠳᠠ ᠵᠢᠨ  ᠬᠡᠷᠡᠭ᠎ᠤᠨ ᠵᠢᠱ᠌ᠢᠶ᠎ᠡ ᠪᠣᠯᠭ᠋ᠠᠬᠤ᠎ᠪᠠᠷ ᠲᠣᠭᠲᠠᠭ᠋ᠠᠭᠰᠠᠨ ᠪᠥᠭᠡᠳ ᠬᠠᠷᠢᠶ᠎ᠠ ᠣᠷᠣᠨ᠎ᠤ ᠡᠯ᠎ᠡ ᠰᠢᠭᠦᠬᠦ ᠬᠤᠷᠢᠶ᠎ᠠ᠎ᠳᠤ ᠳᠡᠭᠡᠷ᠎ᠡ ᠳᠤᠷᠠᠳᠤᠭᠰᠠᠨ ᠲᠠᠰᠤᠯᠤᠨ ᠲᠣᠭᠲᠠᠭ᠋ᠠᠯᠲᠠ ᠵᠢᠨ ᠳᠦᠷᠢᠮ᠎ᠢ ᠨᠡᠶ᠋ᠢᠲᠡᠯᠡᠵᠦ᠂ ᠬᠠᠷᠢᠶ᠎ᠠ ᠣᠷᠣᠨ᠎ᠤ ᠰᠢᠭᠦᠬᠦ ᠬᠤᠷᠢᠶ᠎ᠠ  ᠵᠢᠨ ᠭᠡᠷ ᠪᠠᠶ᠋ᠢᠰᠢᠩ᠎ᠤᠨ ᠣᠷᠣᠰᠢᠨ ᠰᠠᠭᠤᠬᠤ ᠡᠷᠬᠡ ᠵᠢ ᠦᠯᠡᠳᠡᠭᠡᠬᠦ ᠭᠡᠷ᠎ᠡ ᠵᠢᠨ ᠬᠡᠷᠡᠭ᠎ᠤᠨ ᠲᠠᠰᠤᠯᠤᠨ ᠲᠣᠭᠲᠠᠭ᠋ᠠᠬᠤ ᠪᠠᠷᠢᠮᠵᠢᠶ᠎ᠠ ᠵᠢ ᠨᠢᠭᠡᠳᠬᠡᠵᠦ᠂ ᠪᠦᠬᠦ ᠬᠤᠲᠠ ᠵᠢᠨ ᠰᠢᠭᠦᠬᠦ  ᠬᠤᠷᠢᠶ᠎ᠠ  ᠵᠢᠨ ᠡᠶ᠋ᠢᠮᠦᠷᠬᠦ ᠬᠡᠷᠡᠭ᠎ᠢ ᠰᠢᠢ᠍ᠳᠪᠦᠷᠢᠯᠡᠬᠦ᠎ᠳᠤ ᠪᠦᠲᠦᠮᠵᠢᠲᠡᠶ ᠵᠢᠯᠣᠭᠤᠳᠣᠯᠭ᠎ᠠ ᠪᠠ ᠴᠢᠬᠤᠯᠠ ᠯᠠᠪᠯᠠᠯᠲᠠ ᠪᠣᠯᠭ᠋ᠠᠵᠤ᠂ 《ᠥᠲᠡᠯᠪᠡᠯ ᠣᠷᠣᠨ ᠰᠠᠭᠤᠴᠠ᠎ᠲᠠᠢ᠂ ᠥᠲᠡᠯᠪᠡᠯ ᠠᠰᠠᠷᠠᠮᠵᠢ᠎ᠲᠠᠢ ᠪᠠᠶ᠋ᠢᠬᠤ》 ᠢᠯᠡ ᠲᠣᠳᠣ ᠥᠷᠲᠡᠭ᠎ᠤᠨ ᠤᠳᠤᠷᠢᠳᠤᠮᠵᠢ ᠵᠢ ᠬᠠᠤᠯᠢ ᠶᠣᠰᠣᠭ᠋ᠠᠷ ᠪᠠᠲᠤᠯᠠᠪᠠ᠃

 

ᠢᠷᠡᠯᠲᠡ᠄ ᠲᠥᠪ ᠲᠧᠯᠸᠢᠰ᠎ᠤᠨ ᠰᠣᠨᠢᠨ ᠮᠡᠳᠡᠭᠡ