ᠣᠶ᠋ᠢᠷ᠎ᠠ ᠵᠢᠨ ᠵᠢᠯ᠎ᠳᠤ᠂ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ᠎ᠠᠴᠠ ᠪᠤᠯᠤᠭᠰᠠᠨ ᠭᠠᠯ᠎ᠤᠨ ᠭᠠᠮᠰᠢᠭ ᠲᠠᠰᠤᠷᠠᠯᠲᠠ ᠦᠭᠡᠶ ᠭᠠᠷᠴᠤ᠂ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢ 《 ᠠᠰᠠᠷ᠎ᠲᠤ ᠤᠷᠤᠭᠤᠯᠬᠤ》 ᠠᠰᠠᠭᠤᠳᠠᠯ᠎ᠨᠢ ᠨᠡᠶ᠋ᠢᠭᠡᠮ᠎ᠤᠨ ᠠᠩᠬᠠᠷᠤᠯ᠎ᠤᠨ ᠲᠥᠪ ᠪᠣᠯᠵᠠᠶ᠃
ᠭᠠᠯ᠎ᠤᠨ ᠭᠠᠮᠰᠢᠭ᠎ᠤᠨ ᠬᠤᠤᠷ ᠬᠥᠨᠥᠭᠡᠯ᠎ᠢ ᠤᠷᠢᠳᠴᠢᠯᠠᠨ ᠰᠡᠷᠭᠡᠶ᠋ᠢᠯᠡᠬᠦ ᠵᠢᠨ ᠲᠥᠯᠥᠭᠡ᠂ 2021 ᠣᠨ᠎ᠤ 8 ᠳ᠋ᠤᠭ᠋ᠠᠷ ᠰᠠᠷ᠎ᠠ ᠵᠢᠨ 1᠎ᠤ ᠡᠳᠦᠷ ᠨᠡᠶ᠋ᠢᠲᠡᠯᠡᠭᠰᠡᠨ 《ᠠᠷᠠᠳ᠎ᠤᠨ ᠬᠡᠷᠡᠭᠯᠡᠭᠡᠨ᠎ᠤ ᠥᠨᠳᠥᠷ ᠪᠠᠷᠢᠯᠭ᠎ᠠ ᠵᠢᠨ ᠭᠠᠯ ᠤᠨᠲᠠᠷᠠᠭ᠋ᠠᠬᠤ ᠠᠮᠤᠷ ᠲᠦᠪᠰᠢᠨ᠎ᠤ ᠬᠠᠮᠢᠶᠠᠷᠤᠯᠲᠠ ᠵᠢᠨ ᠲᠣᠭᠲᠠᠭ᠋ᠠᠯ》᠎ᠳᠤ ᠠᠷᠠᠳ᠎ᠤᠨ ᠬᠡᠷᠡᠭᠯᠡᠭᠡᠨ᠎ᠤ ᠥᠨᠳᠥᠷ ᠪᠠᠷᠢᠯᠭ᠎ᠠ ᠵᠢᠨ ᠨᠡᠶ᠋ᠢᠲᠡ ᠵᠢᠨ ᠡᠭᠦᠳᠡᠨ ᠲᠢᠩᠬᠢᠮ᠂ ᠲᠠᠷᠬᠠᠭ᠋ᠠᠬᠤ ᠵᠠᠮ᠂ ᠠᠰᠠᠷ᠎ᠤᠨ ᠱᠠᠲᠤᠨ᠎ᠤ ᠲᠠᠰᠤᠯᠭ᠎ᠠ᠂ ᠠᠮᠤᠷ ᠲᠦᠪᠰᠢᠨ ᠭᠠᠷᠤᠴᠠ᠎ᠳᠤ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠣᠭᠰᠣᠭ᠋ᠠᠬᠤ ᠪᠤᠶᠤ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡᠨ᠎ᠳᠤ ᠴᠠᠬᠢᠯᠭ᠋ᠠᠨ ᠴᠡᠨᠡᠭᠯᠡᠬᠦ ᠵᠢ ᠴᠠᠭ᠋ᠠᠵᠠᠯᠠᠨ᠎ᠠ ᠭᠡᠵᠤ ᠲᠤᠳᠤᠷᠬᠠᠢ᠌ᠯᠠᠪᠠ᠃ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠲᠣᠭᠲᠠᠭ᠋ᠠᠯ᠎ᠠᠴᠠ ᠵᠥᠷᠢᠴᠡᠨ ᠴᠠᠬᠢᠯᠭ᠋ᠠᠨ ᠴᠡᠨᠡᠭᠯᠡᠬᠦ᠎ᠠᠴᠠ ᠪᠣᠯᠤᠭᠰᠠᠨ ᠬᠤᠤᠷ ᠬᠥᠨᠥᠭᠡᠯ᠎ᠨᠢ ᠬᠥᠮᠦᠨ᠎ᠢ ᠰᠣᠴᠢᠭ᠋ᠠᠮ᠎ᠠ ᠪᠣᠯᠪᠠᠴᠤ ᠵᠠᠷᠢᠮ ᠬᠥᠮᠦᠰ ᠥᠪᠡᠷ᠎ᠤᠨ ᠲᠥᠬᠦᠮ᠎ᠤᠨ ᠲᠥᠯᠥᠭᠡ ᠠᠮᠤᠷ ᠲᠦᠪᠰᠢᠨ᠎ᠤ ᠳᠠᠯᠳᠠ ᠬᠡᠮ᠎ᠢ ᠬᠠᠢ᠌ᠬᠤᠷᠬᠤ ᠥᠬᠡᠶ ᠪᠠᠢ᠌ᠨ᠎ᠠ᠃
ᠱᠠᠩᠬᠠᠢ᠎ᠳᠤ ᠨᠢᠭᠡ ᠭᠠᠷᠠᠭ᠎ᠤᠨ ᠳᠣᠲᠣᠷ᠎ᠠ 3 ᠤᠳᠠᠭ᠎ᠠ ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡᠨ᠎ᠤ ᠭᠠᠯ᠎ᠤᠨ ᠭᠠᠮᠰᠢᠭ ᠭᠠᠷᠴᠠᠢ ᠂ ᠬᠡᠪᠡᠴᠤ ᠵᠠᠷᠢᠮ ᠬᠦᠮᠦᠨ ᠮᠦᠨ ᠯᠡ ᠠᠶᠤᠯᠲᠤ ᠵᠠᠮ ᠵᠶ᠋ᠠᠷ ᠵᠠᠮᠨᠠᠵᠤ ᠪᠠᠶ᠋ᠢᠨ᠎ᠠ
ᠤᠢ᠌ᠷ᠎ᠠ ᠵᠢᠨ ᠡᠳᠦᠷ ᠱᠠᠩᠬᠠᠢ᠎ᠳᠤ ᠨᠢᠭᠡ ᠭᠠᠷᠠᠭ᠎ᠤᠨ ᠳᠣᠲᠣᠷ᠎ᠠ ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡᠨ᠎ᠠᠴᠠ ᠪᠤᠯᠤᠭᠰᠠᠨ ᠭᠠᠯ᠎ᠤᠨ ᠭᠠᠮᠰᠢᠭ 3 ᠤᠳᠠᠭ᠎ᠠ ᠭᠠᠷᠴᠤ᠂ ᠬᠠᠤᠯᠢ ᠵᠢ ᠵᠥᠷᠢᠴᠡᠭᠰᠡᠨ ᠬᠥᠮᠦᠰ᠎ᠢ ᠪᠦᠷ ᠲᠦᠷ ᠬᠤᠷᠢᠬᠤ᠎ᠪᠠᠷ ᠰᠢᠢ᠍ᠳᠭᠡᠪᠡ᠃
ᠬᠡᠷᠡᠭ᠎ᠲᠤ ᠬᠤᠯᠪᠣᠭᠳᠠᠭᠰᠠᠨ ᠰᠠᠭᠤᠭ᠋ᠠᠯᠢ ᠠᠷᠠᠳ᠎ᠤᠨ ᠲᠣᠭᠤᠷᠢᠭ᠎ᠠᠴᠠ ᠣᠶ᠋ᠢᠯᠠᠭ᠋ᠠᠭᠰᠠᠨ ᠵᠶ᠋ᠠᠷ᠂ ᠠᠯᠢ ᠡᠷᠲᠡ 3 ᠵᠢᠯ᠎ᠤᠨ ᠡᠮᠦᠨ᠎ᠡ᠂ ᠰᠠᠭᠤᠭ᠋ᠠᠯᠢ ᠠᠷᠠᠳ᠎ᠤᠨ ᠲᠣᠭᠤᠷᠢᠭ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢᠨ ᠴᠠᠬᠢᠯᠭ᠋ᠠᠨ ᠴᠡᠨᠡᠭᠯᠡᠬᠦ᠎ᠳᠤ ᠬᠦᠴᠢᠷᠲᠡᠶ ᠪᠠᠶ᠋ᠢᠬᠤ ᠠᠰᠠᠭᠤᠳᠠᠯ᠎ᠢ ᠰᠢᠢ᠍ᠳᠪᠦᠷᠢᠯᠡᠬᠦ ᠵᠢᠨ ᠲᠥᠯᠥᠭᠡ᠂ ᠠᠰᠠᠷ ᠨᠢᠭᠡᠪᠦᠷᠢ᠎ᠳᠤ ᠨᠢᠭᠡ ᠮᠥᠷ ᠴᠠᠬᠢᠯᠭ᠋ᠠᠨ ᠴᠡᠨᠡᠭᠯᠡᠬᠦ ᠲᠥᠬᠦᠭᠡᠷᠦᠮᠵᠢ ᠨᠡᠮᠡᠵᠡᠶ᠃ ᠥᠭᠡᠷᠡᠴᠢᠯᠡᠨ ᠪᠠᠶ᠋ᠢᠭᠤᠯᠤᠭᠰᠠᠨ᠎ᠤ ᠳᠠᠷᠠᠭ᠎ᠠ᠂ ᠴᠥᠭᠡᠨ ᠪᠤᠰᠤ ᠰᠠᠭᠤᠭ᠋ᠠᠯᠢ ᠠᠷᠠᠳ ᠡᠯ᠎ᠡ ᠵᠦᠢ᠍ᠯ᠎ᠤᠨ ᠰᠢᠯᠲᠠᠭ᠋ᠠᠨ᠎ᠠᠴᠠ ᠪᠣᠯᠵᠤ᠂ ᠴᠡᠨᠡᠭᠯᠡᠭᠦᠷᠢ ᠭᠡᠷ᠎ᠲᠤ᠎ᠪᠠᠨ ᠠᠪᠠᠴᠢᠵᠤ ᠴᠠᠬᠢᠯᠭ᠋ᠠᠨ ᠴᠡᠨᠡᠭᠯᠡᠳᠡᠭ ᠃
ᠬᠡᠷᠡᠭ᠎ᠲᠤ ᠬᠤᠯᠪᠣᠭᠳᠠᠭᠰᠠᠨ ᠰᠠᠭᠤᠭ᠋ᠠᠯᠢ ᠠᠷᠠᠳ᠎ᠤᠨ ᠲᠣᠭᠣᠷᠢᠭ᠎ᠤᠨ ᠡᠰᠡᠷᠭᠦ ᠲᠠᠯ᠎ᠠ ᠪᠣᠯ ᠵᠢᠨ ᠪᠠᠩ ᠵᠢᠶᠠ ᠶᠤᠸᠠᠨ ᠪᠣᠯᠤᠨ᠎ᠠ᠂ ᠡᠨᠡ ᠪᠣᠯ ᠴᠠᠬᠢᠯᠭ᠋ᠠᠨ ᠱᠠᠲᠤ᠎ᠲᠠᠢ ᠵᠢᠵᠢᠭ ᠥᠨᠳᠥᠷ ᠪᠠᠷᠢᠯᠭ᠎ᠠ ᠪᠣᠯᠤᠨ᠎ᠠ᠂ ᠰᠠᠭᠤᠭ᠋ᠠᠯᠢ ᠠᠷᠠᠳ᠎ᠤᠨ ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡ᠎ᠪᠠᠨ ᠠᠰᠠᠷ᠎ᠤᠨ ᠬᠣᠩᠭᠢᠯ᠎ᠳᠤ ᠲᠠᠯᠪᠢᠬᠤ᠎ᠠᠴᠠ ᠰᠡᠷᠭᠡᠢ᠍ᠯᠡᠬᠦ ᠵᠢᠨ ᠲᠥᠯᠥᠭᠡ᠂ ᠴᠠᠬᠢᠯᠭ᠋ᠠᠨ ᠱᠠᠲᠤᠨ᠎ᠳᠤ 《 ᠡᠵᠡᠮᠳᠡᠬᠦ ᠰᠢᠰᠲᠸᠮ》 ᠨᠡᠮᠡᠵᠦ ᠤᠭᠰᠠᠷᠠᠵᠠᠢ᠂ ᠰᠠᠭᠤᠭ᠋ᠠᠯᠢ ᠠᠷᠠᠳ ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡ ᠵᠢ ᠴᠠᠬᠢᠯᠭ᠋ᠠᠨ ᠱᠠᠲᠤᠨ ᠳᠤ ᠲᠦᠯᠬᠢᠨ ᠤᠷᠤᠭᠤᠯᠪᠠᠯ ᠲᠠᠷᠤᠢ ᠴᠠᠬᠢᠯᠭ᠋ᠠᠨ ᠱᠠᠲᠤ ᠠᠵᠢᠯᠯᠠᠬᠤ᠎ᠪᠠᠨ ᠵᠤᠭᠰᠤᠨ᠎ᠠ᠃
ᠬᠡᠳᠦ᠋ᠢ᠍ᠪᠡᠷ 《ᠰᠢᠨᠵᠢᠯᠡᠭᠡ ᠮᠡᠷᠭᠡᠵᠢᠯ᠎ᠤᠨ ᠴᠢᠳᠠᠪᠤᠷᠢ 》᠎ᠲᠠᠢ ᠪᠣᠯᠪᠠᠴᠤ᠂ ᠣᠨᠴᠠ ᠵᠠᠷᠢᠮ ᠰᠠᠭᠤᠭ᠋ᠠᠯᠢ ᠠᠷᠠᠳ ᠮᠦᠨ ᠯᠡ 《ᠬᠢᠳᠤᠭ᠋ᠠᠨ ᠢᠷ ᠲᠡᠭᠡᠷ᠎ᠡ ᠠᠯᠬᠤᠨ᠎ᠠ》 ᠂ ᠵᠠᠷᠢᠮ ᠰᠠᠭᠤᠭ᠋ᠠᠯᠢ ᠠᠷᠠᠳ ᠴᠠᠬᠢᠯᠭ᠋ᠠᠨ ᠱᠠᠲᠤᠨ᠎ᠳᠤ ᠣᠷᠣᠬᠤ᠎ᠳᠠᠭᠠᠨ ᠵᠣᠷᠢᠭᠤᠳᠠ ᠪᠣᠷᠣᠭ᠋ᠠᠨ᠎ᠤ ᠰᠢᠬᠦᠷ ᠵᠶ᠋ᠠᠷ ᠲᠤᠷ᠎ᠠ᠎ᠨᠢ ᠬᠠᠯᠬᠠᠯᠠᠵᠤ᠂ ᠲᠤᠷᠠᠨᠳᠤᠭᠤᠷᠤᠨ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢ ᠣᠨᠣᠪᠴᠢᠲᠠᠶ ᠢᠯᠭ᠋ᠠᠨ ᠲᠠᠨᠢᠬᠤ᠎ᠠᠴᠠ ᠵᠠᠢ᠌ᠯᠠᠰᠬᠢᠪᠡ᠃
ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡ ᠵᠢᠨ ᠴᠠᠬᠢᠯᠭ᠋ᠠᠨ ᠴᠡᠨᠡᠭᠯᠡᠭᠦᠷ᠎ᠤᠨ ᠬᠢᠷᠢ ᠲᠡᠩᠴᠡᠬᠦ ᠦᠭᠡᠢ ᠨᠣᠷᠮ᠎ᠠ᠎ᠨᠢ ᠣᠶ᠋ᠢᠷ᠎ᠠ ᠵᠢᠨ ᠬᠡᠳᠦᠨ ᠵᠢᠯ᠎ᠳᠤ ᠨᠡᠯᠢᠶᠡᠳ ᠥᠨᠳᠥᠷ ᠪᠣᠯᠵᠠᠢ᠃
ᠮᠠᠨ᠎ᠤ ᠤᠯᠤᠰ ᠪᠣᠯ ᠪᠦᠬᠦ ᠪᠥᠮᠪᠥᠷᠴᠡᠭ᠎ᠤᠨ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢ ᠦᠢ᠍ᠯᠡᠳᠪᠦᠷᠢᠯᠡᠬᠦ ᠪᠠ ᠬᠡᠷᠡᠭᠯᠡᠬᠦ ᠨᠢᠭᠡᠳᠦᠭᠡᠷ ᠲᠣᠮᠣ ᠤᠯᠤᠰ ᠪᠠᠶ᠋ᠢᠵᠤ᠂ 4 ᠬᠥᠮᠦᠨ ᠪᠦᠷᠢ᠎ᠳᠤ ᠨᠢᠭᠡ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ᠎ᠲᠠᠢ᠃
ᠡᠭᠦᠨ᠎ᠤ ᠬᠠᠮᠲᠤ᠂ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡᠨ ᠠᠴᠠ ᠪᠤᠯᠤᠭᠰᠠᠨ ᠭᠠᠯ᠎ᠤᠨ ᠠᠶᠤᠯ᠎ᠤᠨ ᠭᠠᠮᠰᠢᠭ ᠵᠢᠯ ᠳᠠᠷᠠᠭ᠋ᠠᠯᠠᠨ ᠨᠡᠮᠡᠭᠳᠡᠵᠦ ᠪᠠᠢ᠌ᠨ᠎ᠠ᠃ ᠤᠯᠤᠰ᠎ᠤᠨ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠲᠣᠪᠴᠢᠶ᠎ᠠ ᠵᠢᠨ ᠪᠦᠷᠢᠳᠬᠡᠯ᠎ᠢ ᠦᠨᠳᠦᠰᠦᠯᠡᠪᠡᠯ᠂ 2023 ᠣᠨ᠎ᠳᠤ ᠪᠥᠬᠦ ᠤᠯᠤᠰ᠎ᠲᠤ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡᠨ᠎ᠤ ᠭᠠᠯ᠎ᠤᠨ ᠠᠶᠤᠯ᠎ᠢ ᠨᠡᠶ᠋ᠢᠲᠡ 2.1 ᠲᠦᠮᠡᠨ ᠤᠳᠠᠭ᠎ᠠ ᠭᠥᠯᠢᠶᠡᠨ ᠠᠪᠴᠤ᠂ 2022 ᠣᠨ᠎ᠲᠠᠢ ᠬᠠᠷᠢᠴᠠᠭᠤᠯᠪᠠᠯ 17.4% ᠳᠡᠭᠡᠭᠰᠢᠯᠡᠪᠡ᠃ ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡ ᠵᠢ 《ᠠᠰᠠᠷ᠎ᠲᠤ ᠤᠷᠤᠭᠤᠯᠵᠤ》 ᠴᠠᠬᠢᠯᠭ᠋ᠠᠨ ᠴᠡᠨᠡᠭᠯᠡᠬᠦ᠎ᠳᠤ ᠯᠤᠲᠤ ᠶᠡᠬᠡ ᠠᠮᠤᠷ ᠲᠦᠪᠰᠢᠨ᠎ᠤ ᠳᠠᠯᠳᠠ ᠭᠡᠮ ᠤᠷᠤᠰᠢᠵᠤ ᠪᠠᠢ᠌ᠨ᠎ᠠ ᠃
ᠣᠢ᠍ᠢ᠍ᠯᠠᠭ᠋ᠠᠬᠰᠠᠨ ᠵᠶ᠋ᠠᠷ᠂ ᠣᠢ᠍ᠢ᠍ᠷ᠎ᠠ ᠵᠢᠨ ᠬᠡᠲᠣᠠ ᠵᠢᠯ᠎ᠳᠤ ᠡᠯ᠎ᠠ ᠭᠠᠵᠠᠷ᠎ᠤᠨ ᠭᠠᠯ᠎ᠤᠨ ᠠᠲᠠᠯ᠎ᠤᠨ 80%᠎ᠨᠢ ᠬᠡᠳᠦᠷᠡᠳᠡᠯ᠎ᠡ ᠴᠠᠭᠢᠯᠭ᠋ᠠᠨ ᠴᠡᠨᠡᠭᠯᠡᠬᠦ ᠪᠤᠶᠤ ᠰᠦᠨᠢ ᠲᠤᠷᠰᠢ ᠴᠠᠭᠢᠯᠭ᠋ᠠᠨ ᠴᠡᠨᠡᠭᠯᠡᠬᠦ᠎ᠠᠴᠠ ᠪᠤᠯᠤᠭᠰᠠᠨ ᠶᠣᠮ᠃ ᠬᠡᠷᠡᠭᠯᠡᠭᠴᠢᠳ ᠦᠪᠡᠷ ᠵᠶ᠋ᠠᠨ ᠥᠭᠡᠷᠡᠴᠢᠯᠡᠨ ᠤᠭᠰᠠᠷᠠᠬᠤ᠂ ᠵᠣᠬᠢᠰ ᠥᠬᠡᠢ ᠴᠠᠭᠢᠯᠭ᠋ᠠᠨ ᠴᠡᠨᠡᠭᠯᠡᠬᠦ ᠦᠢ᠍ᠯᠡ ᠠᠵᠢᠯᠯᠠᠭ᠎ᠠ᠎ᠠᠴᠠ ᠭᠠᠳᠠᠨ᠎ᠠ᠂ ᠮᠠᠰᠢ ᠣᠯᠠᠨ ᠭᠠᠯ᠎ᠤᠨ ᠡᠨᠳᠡᠯ᠎ᠨᠢ ᠦᠨᠡᠨ᠎ᠳᠤ᠎ᠪᠠᠨ ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡᠨ᠎ᠤ ᠴᠡᠨᠡᠭ᠎ᠤᠨ ᠲᠤᠰ ᠪᠡᠶ᠎ᠡ ᠵᠢᠨ ᠶᠠᠰᠤ ᠴᠢᠨᠠᠷ᠎ᠨᠢ ᠬᠢᠷᠢ ᠲᠡᠩᠴᠡᠬᠦ ᠦᠭᠡᠢ᠎ᠠᠴᠠ ᠪᠣᠯᠤᠭᠰᠠᠨ ᠶᠤᠮ᠃
ᠴᠡᠨᠡᠭ᠎ᠤᠨ ᠲᠤᠰ ᠪᠡᠶ᠎ᠡ ᠵᠢᠨ ᠶᠠᠰᠦ ᠴᠢᠨᠠᠷ᠎ᠨᠢ ᠬᠢᠷᠢ ᠲᠡᠩᠴᠡᠬᠦ ᠦᠭᠡᠢ᠎ᠠᠴᠠ ᠭᠠᠳᠠᠨ᠎ᠠ᠂ ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡᠨ᠎ᠤ ᠭᠠᠯ᠎ᠤᠨ ᠠᠶᠤᠯ ᠡᠭᠦᠰᠬᠦ ᠪᠠᠰᠠ ᠨᠢᠭᠡ ᠴᠢᠬᠤᠯᠠ ᠰᠢᠯᠳᠠᠭ᠋ᠠᠨ᠎ᠨᠢ ᠳᠠᠷᠤᠢ ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡᠨ᠎ᠤ ᠴᠡᠨᠡᠭᠯᠡᠭᠦᠷ ᠪᠣᠯᠣᠨ᠎ᠠ᠃ ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡᠨ᠎ᠤ ᠠᠮᠦᠷ ᠲᠦᠪᠰᠢᠨ᠎ᠳᠤ ᠬᠤᠯᠪᠤᠭᠳᠠᠬᠤ ᠴᠡᠨᠡᠭᠯᠡᠭᠦᠷ᠎ᠤᠨ ᠬᠢᠷᠢ ᠲᠡᠩᠴᠡᠬᠦ ᠦᠭᠡᠶ ᠨᠣᠷᠮ᠎ᠠ᠎ᠨᠢ ᠬᠠᠷᠢᠨ ᠮᠠᠰᠢ ᠥᠨᠳᠥᠷ ᠶᠤᠮ᠃
ᠤᠯᠤᠰ᠎ᠤᠨ ᠬᠥᠩᠭᠡᠨ ᠬᠡᠯᠪᠡᠷᠢ ᠵᠢᠨ ᠴᠠᠬᠢᠯᠭ᠋ᠠᠨ ᠬᠥᠳᠡᠯᠭᠡᠭᠦᠷᠲᠦ ᠲᠡᠷᠭᠡ ᠵᠢᠴᠢ ᠴᠡᠨᠡᠭ᠎ᠤᠨ ᠦᠢ᠍ᠯᠡᠳᠬᠦᠨ᠎ᠤ ᠶᠠᠰᠤ ᠴᠢᠨᠠᠷ᠎ᠢ ᠰᠢᠯᠭ᠋ᠠᠨ ᠪᠠᠢ᠌ᠴᠠᠭ᠋ᠠᠬᠤ ᠲᠥᠪ᠎ᠤᠨ ᠮᠡᠷᠭᠡᠵᠢᠯ᠎ᠤᠨ ᠶᠡᠷᠦᠩᠬᠡᠢ ᠬᠢᠨᠠᠭᠴᠢ ᠶᠧ ᠵᠧᠨ ᠲᠤᠤ᠄ 2018 ᠣᠨ᠎ᠳᠤ ᠴᠡᠨᠡᠭᠯᠡᠭᠦᠷ᠎ᠤᠨ ᠶᠠᠰᠤ ᠴᠢᠨᠠᠷ᠎ᠢ ᠲᠡᠭᠡᠭᠰᠢᠯᠡᠭᠦᠯᠬᠦ ᠵᠢᠨ ᠲᠥᠯᠥᠭᠡ᠂ ᠤᠯᠤᠰ᠎ᠠᠴᠠ ᠲᠠᠨᠢᠯᠴᠠᠭᠤᠯᠬᠤ ᠴᠢᠨᠠᠷᠲᠠᠢ ᠪᠠᠷᠢᠮᠵᠢᠶ᠎ᠠ ᠵᠢ ᠲᠣᠭᠲᠠᠭ᠋ᠠᠵᠠᠢ᠂ ᠭᠡᠪᠡᠴᠦ ᠣᠳᠣ ᠪᠣᠯᠲᠠᠯ᠎ᠠ ᠤᠯᠠᠩᠬᠢ ᠲᠤᠭ᠋ᠠᠨ᠎ᠤ ᠠᠵᠤ ᠠᠬᠤᠢ᠍ᠯᠠᠯ ᠴᠥᠮ ᠡᠨᠡ ᠬᠦ᠌ ᠪᠠᠷᠢᠮᠵᠢᠶ᠎ᠠ ᠵᠢ ᠬᠡᠷᠡᠭᠯᠡᠬᠦ ᠦᠭᠡᠢ ᠪᠠᠢ᠌ᠨ᠎ᠠ ᠃ ᠭᠣᠣᠯ ᠰᠢᠯᠲᠠᠭ᠋ᠠᠨ᠎ᠨᠢ ᠡᠨᠡᠬᠦ ᠪᠠᠷᠢᠮᠵᠢᠶ᠎ᠠ᠎ᠨᠢ ᠨᠡᠯᠢᠶᠡᠳ ᠥᠨᠳᠥᠷ᠂ ᠪᠠᠷᠢᠮᠵᠢᠶ᠎ᠠ᠎ᠳᠤ ᠬᠡᠲᠦᠷᠬᠡᠶ ᠴᠡᠨᠡᠭᠯᠡᠬᠦ ᠵᠢ ᠬᠠᠮᠠᠭ᠋ᠠᠯᠠᠬᠤ᠂ ᠳᠤᠯᠠᠭ᠋ᠠᠨ ᠭᠡᠳᠦᠷᠡᠬᠦ ᠵᠢ ᠬᠠᠮᠠᠭ᠋ᠠᠯᠠᠬᠤ᠂ ᠬᠠᠯᠠᠯᠳᠠ ᠵᠢᠨ ᠬᠢᠵᠠᠭ᠋ᠠᠷᠯᠠᠯ ᠵᠡᠷᠭᠡ ᠵᠢ ᠱᠠᠭ᠋ᠠᠷᠳᠠᠨ᠎ᠠ᠃
ᠠᠯᠪᠠᠳᠠᠯᠭ᠎ᠠ ᠵᠢᠨ ᠴᠢᠨᠠᠷᠲᠠᠢ ᠪᠢᠰᠢ ᠪᠣᠯᠬᠣᠷ ᠴᠥᠭᠡᠨ ᠪᠤᠰᠤ ᠠᠵᠤ ᠠᠬᠤᠢ᠌ᠯᠠᠯ ᠡᠨᠡᠬᠦ ᠪᠠᠷᠢᠮᠵᠢᠶ᠎ᠠ ᠵᠢ ᠰᠣᠩᠭᠣᠯᠲᠠ ᠵᠢᠨ ᠴᠢᠨᠠᠷᠲᠠᠢ ᠬᠠᠶᠠᠵᠠᠢ ᠃ ᠡᠭᠦᠨ᠎ᠤ ᠬᠠᠮᠲᠤ ᠬᠠᠭ᠋ᠠᠰ ᠲᠣᠭ᠋ᠠᠨ᠎ᠠᠴᠠ ᠬᠡᠲᠦᠷᠡᠭᠰᠡᠨ ᠠᠵᠤ ᠠᠬᠤᠶ᠋ᠢᠯᠠᠯ᠎ᠤᠨ ᠬᠡᠪᠴᠢᠶ᠎ᠡ᠎ᠨᠢ ᠨᠡᠯᠢᠶᠡᠳ ᠪᠠᠭ᠎ᠠ ᠂ ᠮᠡᠷᠭᠡᠵᠢᠯ᠎ᠤᠨ ᠪᠣᠳᠠᠲᠤ ᠬᠦᠴᠦᠨ ᠪᠠ ᠵᠠᠬ᠎ᠠ ᠳᠡᠯᠭᠡᠭᠦᠷ᠎ᠤᠨ ᠪᠠᠶ᠋ᠢᠷᠢ ᠲᠣᠭᠲᠠᠭ᠋ᠠᠯᠲᠠ᠎ᠨᠢ ᠦᠢ᠍ᠯᠡᠳᠬᠦᠨ᠎ᠤ ᠳᠣᠣᠷ᠎ᠠ ᠥᠪᠡᠷ᠎ᠤᠨ ᠥᠷᠲᠡᠭ᠎ᠤᠨ ᠣᠨᠴᠠᠯᠢᠭ᠎ᠢ ᠲᠣᠭᠲᠠᠭ᠋ᠠᠪᠠ᠃
ᠨᠢᠭᠡ ᠪᠦᠯᠦᠭ ᠴᠠᠬᠢᠯᠭ᠋ᠠᠨ ᠴᠡᠨᠡᠭᠯᠡᠭᠦᠷ᠎ᠤᠨ ᠴᠠᠬᠢᠯᠭ᠋ᠠᠨ ᠬᠡᠯᠬᠢᠶᠡᠨ᠎ᠤ ᠬᠠᠪᠳᠠᠰᠤ᠂ ᠪᠦᠲᠦᠴᠡ᠎ᠨᠢ ᠳᠥᠭᠦᠮ᠂ ᠲᠣᠨᠤᠭ ᠲᠥᠬᠦᠭᠡᠷᠦᠮᠵᠢ᠎ᠨᠢ ᠬᠠᠷᠢᠴᠠᠩᠭᠤᠢ ᠴᠥᠭᠡᠨ᠂ ᠬᠡᠪᠴᠢᠶ᠎ᠡ᠎ᠨᠢ ᠨᠡᠯᠢᠶᠡᠳ ᠪᠠᠭ᠎ᠠ᠂ ᠳᠤᠯᠠᠭ᠋ᠠᠨ᠎ᠤ ᠡᠵᠡᠮᠳᠡᠭᠦᠷ ᠦᠭᠡᠢ ᠂ ᠨᠡᠩ ᠴᠤ᠌ ᠬᠡᠳᠦᠷᠬᠡᠢ ᠴᠠᠬᠢᠯᠭ᠋ᠠᠨ ᠴᠡᠨᠡᠭᠯᠡᠬᠦ ᠪᠠ ᠬᠡᠳᠦ ᠳᠤᠯᠠᠭ᠋ᠠᠨ᠎ᠢ ᠬᠠᠮᠠᠭ᠋ᠠᠯᠠᠬᠤ ᠪᠣᠳᠣᠯᠭ᠎ᠠ ᠵᠢᠨ ᠴᠢᠫ᠎ᠤᠨ ᠵᠢᠷᠤᠭ ᠲᠥᠯᠥᠪᠯᠡᠭᠡ ᠳᠤᠲᠠᠭᠳᠠᠵᠤ᠂ ᠥᠪᠡᠷ᠎ᠤᠨ ᠥᠷᠲᠡᠭ ᠲᠤᠤᠷ᠎ᠠ᠂ ᠦᠢ᠍ᠯᠡᠳᠪᠦᠷᠢ᠎ᠠᠴᠠ ᠭᠠᠷᠬᠤ ᠦᠨᠡᠨ᠎ᠢ 20 ᠲᠥᠭᠦᠷᠢᠭ ᠬᠦᠷᠬᠦ ᠦᠭᠡᠢ᠃ ᠡᠩ᠎ᠤᠨ ᠪᠠᠢ᠍ᠳᠠᠯ᠎ᠳᠤ ᠠᠪᠴᠤ ᠬᠡᠯᠡᠪᠡᠯ᠂ ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡᠨ᠎ᠤ ᠴᠠᠬᠢᠯᠭ᠋ᠠᠨ ᠴᠡᠨᠡᠭᠯᠡᠭᠦᠷ᠎ᠨᠢ 3 ᠵᠢᠯ ᠣᠷᠴᠢᠮ ᠪᠤᠯᠪᠠᠯ ᠰᠣᠯᠢᠬᠤ ᠬᠡᠷᠡᠭᠲᠡᠢ᠂ ᠬᠠᠷᠢᠨ ᠨᠡᠯᠢᠶᠡᠳ ᠨᠢᠭᠡ ᠬᠡᠰᠡᠭ ᠬᠡᠷᠡᠭᠯᠡᠭᠴᠢᠳ ᠳᠠᠬᠢᠨᠲᠠ ᠴᠠᠬᠢᠯᠭ᠋ᠠᠨ ᠴᠡᠨᠡᠭᠯᠡᠭᠦᠷ ᠬᠤᠳᠠᠯᠳᠤᠨ ᠠᠪᠬᠤ᠎ᠳᠤ ᠬᠠᠷᠢᠨ ᠳᠥᠭᠥᠮ ᠪᠤᠶᠤ ᠦᠨᠡᠨ᠎ᠢ ᠬᠢᠮᠳᠠ ᠵᠢ ᠪᠤᠳᠤᠯᠬᠢᠯᠠᠵᠦ᠂ ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡ ᠪᠣᠷᠣᠯᠠᠭᠤᠯᠬᠤ ᠳᠡᠯᠭᠡᠭᠦᠷ᠂ ᠰᠡᠯᠪᠢᠨ ᠵᠠᠰᠠᠬᠤ ᠳᠡᠯᠭᠡᠭᠦᠷ᠎ᠠᠴᠠ ᠬᠤᠳᠠᠯᠳᠤᠨ ᠠᠪᠬᠤ ᠪᠤᠶᠤ ᠰᠦᠯᠵᠢᠶᠡᠨ ᠲᠡᠭᠡᠷ᠎ᠡ᠎ᠠᠴᠠ ᠬᠤᠳᠠᠯᠳᠤᠨ ᠠᠪᠳᠠᠭ᠃
ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡᠨ᠎ᠤ ᠰᠡᠯᠪᠢᠭ ᠲᠣᠨᠣᠭ᠎ᠤᠨ ᠶᠠᠰᠤ ᠴᠢᠨᠠᠷ᠎ᠨᠢ ᠰᠠᠶ᠋ᠢᠨ ᠮᠠᠭᠤ ᠠᠳᠠᠯᠢ ᠪᠤᠰᠤ ᠪᠣᠯᠬᠣᠷ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢ 《ᠠᠰᠠᠷ᠎ᠲᠤ ᠤᠷᠤᠭᠤᠯᠬᠤ》 ᠦᠢ᠍ᠯᠡ ᠠᠵᠢᠯᠯᠠᠭ᠎ᠠ᠎ᠨᠢ ᠨᠡᠩ ᠶᠡᠬᠡ ᠠᠶᠤᠯ ᠲᠦᠭᠰᠢᠭᠦᠷᠢ ᠪᠠ ᠬᠣᠤᠷ ᠬᠥᠨᠥᠭᠡᠯ᠎ᠲᠠᠢ ᠪᠠᠶ᠋ᠢᠳᠠᠭ᠃
ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡ ᠵᠢ 《ᠠᠰᠠᠷ᠎ᠲᠤ ᠤᠷᠤᠭᠤᠯᠬᠤ》 ᠵᠢ ᠶᠠᠭ᠋ᠠᠬᠢᠭ᠋ᠠᠳ ᠬᠣᠷᠢᠭᠯᠠᠵᠤ ᠲᠡᠢ᠌ᠯᠬᠦ ᠦᠭᠡᠢ ᠪᠣᠢ?
ᠬᠡᠳᠦᠶ᠋ᠢᠪᠡᠷ ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡ ᠵᠢ 《ᠠᠰᠠᠷ᠎ᠲᠤ ᠤᠷᠤᠭᠤᠯᠬᠤ》᠎ᠨᠢ ᠨᠡᠯᠢᠶᠡᠳ ᠶᠡᠬᠡ ᠠᠮᠤᠷ ᠲᠦᠪᠰᠢᠨ᠎ᠤ ᠳᠠᠯᠳᠠ ᠭᠡᠮ ᠤᠷᠤᠰᠢᠵᠦ ᠪᠠᠢ᠌ᠭ᠎ᠠ ᠪᠤᠯᠪᠠᠴᠦ ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡ ᠵᠢ 《ᠠᠰᠠᠷ᠎ᠲᠤ ᠤᠷᠤᠭᠤᠯᠬᠤ》 ᠦᠵᠡᠭᠳᠡᠯ᠎ᠢ ᠬᠤᠷᠢᠭᠯᠠᠵᠤ ᠲᠡᠢ᠌ᠯᠬᠦ ᠦᠭᠡᠢ ᠪᠠᠢ᠌ᠨ᠎ᠠ ᠃ ᠪᠠᠶ᠋ᠢᠴᠠᠭ᠋ᠠᠯᠲᠠ ᠵᠶ᠋ᠠᠷ᠂ ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡ ᠵᠢ 《ᠠᠰᠠᠷ᠎ᠲᠤ ᠤᠷᠤᠭᠤᠯᠵᠤ》 ᠪᠠᠢ᠌ᠭ᠎ᠠ ᠠᠰᠠᠭᠤᠳᠠᠯ᠎ᠤᠨ ᠰᠢᠯᠲᠠᠭ᠋ᠠᠨ᠎ᠨᠢ ᠣᠯᠠᠨ ᠵᠦᠢ᠍ᠯ ᠪᠠᠶ᠋ᠢᠳᠠᠭ᠃
ᠰᠠᠭᠤᠭ᠋ᠠᠯᠢ ᠠᠷᠠᠳ᠎ᠤᠨ ᠲᠣᠭᠤᠷᠢᠭ᠎ᠲᠤ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡᠨ᠎ᠤ ᠲᠡᠷᠭᠡᠨ ᠵᠣᠭᠰᠣᠭ᠋ᠠᠯ ᠵᠢᠴᠢ ᠴᠠᠬᠢᠯᠭ᠋ᠠᠨ ᠴᠡᠨᠡᠭᠯᠡᠬᠦ ᠪᠠᠭ᠋ᠠᠨ᠎ᠠ ᠪᠠᠶ᠋ᠢᠬᠤ ᠥᠬᠡᠶ᠂ ᠰᠠᠭᠤᠭ᠋ᠠᠯᠢ ᠠᠷᠠᠳ ᠲᠡᠷᠭᠡ ᠵᠣᠭᠰᠣᠭ᠋ᠠᠬᠤ ᠭᠠᠵᠠᠷ ᠥᠬᠡᠶ᠂ ᠴᠠᠬᠢᠯᠭ᠋ᠠᠨ ᠴᠡᠨᠡᠭᠯᠡᠬᠦ ᠭᠠᠵᠠᠷ ᠥᠬᠡᠶ;
ᠰᠠᠭᠤᠭ᠋ᠠᠯᠢ ᠠᠷᠠᠳ᠎ᠤᠨ ᠲᠣᠭᠤᠷᠢᠭ᠎ᠨᠢ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡᠨ᠎ᠤ ᠲᠡᠷᠭᠡ ᠵᠣᠭᠰᠣᠭ᠋ᠠᠬᠤ ᠰᠠᠷᠠᠪᠴᠢ ᠪᠠ ᠴᠠᠬᠢᠯᠭ᠋ᠠᠨ ᠴᠡᠨᠡᠭᠯᠡᠬᠦ ᠪᠠᠭ᠋ᠠᠨ᠎ᠠ ᠤᠭᠰᠠᠷᠠᠬᠤ ᠶᠠᠪᠤᠴᠠ᠎ᠳᠤ᠂ ᠵᠠᠷᠢᠮ ᠰᠠᠭᠤᠭ᠋ᠠᠯᠢ ᠠᠷᠠᠳ ᠡᠰᠡᠷᠭᠦᠴᠡᠵᠦ᠂ ᠬᠠᠷᠰᠢ ᠰᠠᠭ᠋ᠠᠳ᠎ᠲᠤ ᠤᠴᠠᠷᠠᠭᠤᠯᠳᠠᠭ ;
ᠰᠠᠭᠤᠭ᠋ᠠᠯᠢ ᠠᠷᠠᠳ᠎ᠤᠨ ᠲᠣᠭᠤᠷᠢᠭ᠎ᠨᠢ ᠲᠡᠷᠭᠡ ᠵᠣᠭᠰᠣᠬᠤ ᠰᠠᠷᠠᠪᠴᠢ ᠵᠢᠴᠢ ᠴᠠᠬᠢᠯᠭ᠋ᠠᠨ ᠴᠡᠨᠡᠭᠯᠡᠬᠦ ᠪᠠᠭ᠋ᠠᠨ᠎ᠠ ᠪᠠᠢ᠌ᠨ᠎ᠠ᠂ ᠭᠡᠪᠡᠴᠦ ᠲᠡᠷᠭᠡ ᠵᠣᠭᠰᠣᠭ᠋ᠠᠬᠤ ᠵᠠᠷᠤᠳᠠᠯ ᠪᠠ ᠴᠠᠬᠢᠯᠭ᠋ᠠᠨ ᠴᠡᠨᠡᠭᠯᠡᠬᠦ ᠵᠠᠷᠤᠳᠠᠯ ᠥᠨᠳᠥᠷ ᠪᠣᠯᠬᠤᠷ ᠰᠠᠭᠤᠭ᠋ᠠᠯᠢ ᠠᠷᠠᠳ ᠬᠡᠷᠡᠭᠯᠡᠬᠦ ᠳᠤᠷ᠎ᠠ ᠦᠭᠡᠢ ᠃
ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢ 《ᠠᠰᠠᠷ᠎ᠲᠤ ᠤᠷᠤᠭᠤᠯᠬᠤ》 ᠵᠢ ᠴᠠᠭ᠋ᠠᠵᠠᠯᠠᠵᠤ ᠴᠡᠭᠴᠡᠯᠡᠨ ᠵᠠᠰᠠᠬᠤ ᠶᠠᠪᠤᠴᠠ᠎ᠳᠤ ᠦᠨᠡᠨ ᠬᠦ᠌ ᠮᠠᠰᠢ ᠣᠯᠠᠨ ᠬᠦᠴᠢᠷᠳᠡᠯ ᠣᠷᠣᠰᠢᠵᠤ ᠪᠠᠶ᠋ᠢᠨ᠎ᠠ᠂ ᠭᠡᠪᠡᠴᠦ ᠠᠷᠠᠳ ᠣᠯᠠᠨ᠎ᠤ ᠠᠮᠢ ᠨᠠᠰᠤ ᠪᠠ ᠡᠳ᠋ ᠬᠥᠷᠥᠩᠭᠡ ᠵᠢᠨ ᠠᠮᠤᠷ ᠲᠦᠪᠰᠢᠨ᠎ᠤ ᠬᠤᠷᠢᠭ᠎ᠠ ᠱᠤᠭᠤᠮ᠎ᠢ ᠬᠠᠮᠠᠭ᠋ᠠᠯᠠᠬᠤ ᠵᠢᠨ ᠲᠥᠯᠥᠭᠡ᠂ ᠣᠯᠠᠨ ᠰᠠᠯᠠᠭ᠎ᠠ ᠮᠥᠴᠢᠷ ᠬᠠᠮᠵᠢᠯᠴᠠᠨ ᠠᠰᠠᠭᠤᠳᠠᠯ᠎ᠢ ᠰᠢᠢ᠍ᠳᠪᠦᠷᠢᠯᠡᠬᠦ ᠪᠤᠯ ᠨᠢᠭᠡᠨᠲᠡ ᠠᠯᠭᠤᠷᠯᠠᠵᠤ ᠪᠣᠯᠤᠰᠢ ᠥᠬᠡᠶ ᠶᠠᠪᠤᠳᠠᠯ ᠪᠣᠯᠵᠠᠶ᠃
ᠴᠠᠬᠢᠯᠭ᠋ᠠᠨ ᠬᠦᠳᠡᠯᠭᠡᠬᠦᠷᠲᠦ ᠳᠤᠭᠤᠢ ᠲᠡᠷᠭᠡᠨ᠎ᠳᠤ ᠴᠠᠬᠢᠯᠭ᠋ᠠᠨ ᠴᠡᠨᠡᠭᠯᠡᠬᠦ᠎ᠳᠤ ᠳᠥᠭᠦᠮ᠂ ᠰᠠᠭᠤᠭ᠋ᠠᠯᠢ ᠠᠷᠠᠳ᠎ᠢ ᠰᠠᠨᠠᠭ᠎ᠠ ᠠᠮᠤᠷ ᠪᠠᠢ᠌ᠯᠭ᠋ᠠᠬᠤ ᠪᠣᠯ ᠵᠠᠩᠭᠢᠯᠠᠭ᠎ᠠ ᠪᠣᠯᠣᠨ᠎ᠠ
ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡᠨ᠎ᠳᠤ ᠴᠠᠬᠢᠯᠭ᠋ᠠᠨ ᠴᠡᠨᠡᠭᠯᠡᠬᠦ᠎ᠨᠢ ᠰᠠᠭᠤᠭ᠋ᠠᠯᠢ ᠠᠷᠠᠳ᠎ᠲᠤ ᠠᠪᠴᠤ ᠬᠡᠯᠡᠪᠡᠯ ᠵᠠᠢ᠌ᠯᠠᠰᠢ ᠦᠭᠡᠢ ᠬᠡᠷᠡᠭᠴᠡᠭᠡ ᠮᠥᠨ᠂ ᠬᠡᠷᠬᠢᠨ ᠰᠠᠭᠤᠭ᠋ᠠᠯᠢ ᠠᠷᠠᠳ᠎ᠢ ᠴᠠᠬᠢᠯᠭ᠋ᠠᠨ ᠴᠡᠨᠡᠭᠯᠡᠬᠦ᠎ᠳᠤ ᠲᠥᠬᠦᠮ ᠪᠠ ᠰᠠᠨᠠᠭ᠎ᠠ ᠠᠮᠤᠷ ᠪᠠᠶ᠋ᠢᠯᠭ᠋ᠠᠬᠤ ᠪᠣᠯ ᠠᠰᠠᠭᠤᠳᠠᠯ᠎ᠢ ᠰᠢᠢ᠍ᠳᠪᠦᠷᠢᠯᠡᠬᠦ ᠵᠢᠨ ᠵᠠᠩᠭᠢᠯᠠᠭ᠎ᠠ ᠮᠥᠨ᠃
ᠪᠤᠤ ᠳ᠋ᠢᠩ ᠬᠣᠲᠠ ᠵᠢᠨ ᠴᠢᠩ ᠶᠤᠸᠠᠨ ᠲᠣᠭᠣᠷᠢᠭ᠎ᠤᠨ ᠶᠠᠩ ᠭᠤᠸᠠᠩ ᠣᠯᠠᠨ ᠤᠯᠤᠰ᠎ᠤᠨ A ᠲᠣᠭᠣᠷᠢᠭ᠂ ᠰᠠᠭᠤᠭ᠋ᠠᠯᠢ ᠲᠣᠭᠣᠷᠢᠭ᠎ᠤᠨ ᠪᠣᠳᠠᠲᠤ ᠪᠠᠢ᠌ᠳᠠᠯ ᠪᠣᠯᠤᠨ ᠰᠠᠭᠤᠭ᠋ᠠᠯᠢ ᠠᠷᠠᠳ᠎ᠤᠨ ᠡᠯ᠎ᠡ ᠵᠦᠢ᠍ᠯ᠎ᠤᠨ ᠰᠠᠨᠠᠭ᠋ᠠᠰᠢᠷᠠᠵᠤ ᠪᠠᠢ᠌ᠭ᠎ᠠ ᠠᠰᠠᠭᠤᠳᠠᠯ᠎ᠲᠠᠢ ᠤᠶᠠᠯᠳᠤᠭᠤᠯᠤᠨ᠂ ᠲᠡᠷᠭᠡᠨ ᠰᠠᠷᠠᠪᠴᠢ ᠵᠢᠨ ᠪᠠᠭᠲᠠᠭ᠋ᠠᠮᠵᠢ ᠵᠢᠨ ᠲᠠᠯᠠᠪᠠᠢ ᠵᠢ ᠦᠷᠭᠡᠳᠭᠡᠵᠦ᠂ ᠴᠠᠬᠢᠯᠭ᠋ᠠᠨ ᠴᠡᠨᠡᠭᠯᠡᠬᠦ ᠪᠠᠭ᠋ᠠᠨ᠎ᠠ ᠵᠢᠨ ᠲᠣᠭ᠎ᠠ ᠵᠢ ᠨᠡᠮᠡᠭᠳᠡᠭᠦᠯᠦᠨ᠂ ᠬᠠᠮᠠᠭ᠋ᠠᠯᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠰᠠᠭᠤᠭ᠋ᠠᠯᠢ ᠠᠷᠠᠳ᠎ᠤᠨ ᠠᠩᠬᠠᠷᠴᠤ ᠪᠠᠢ᠌ᠭ᠎ᠠ ᠴᠠᠬᠢᠯᠭ᠋ᠠᠨ ᠴᠡᠨᠡᠭᠯᠡᠬᠦ ᠦᠨ᠎ᠡ ᠬᠠᠩᠰᠢ ᠵᠢ ᠢᠯᠡ᠎ᠪᠠᠷ ᠨᠡᠢ᠌ᠳᠡᠯᠡᠪᠡ᠃ ᠡᠭᠦᠨ᠎ᠤ ᠬᠠᠮᠲᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠷᠭ᠎ᠠ ᠪᠠᠷᠢᠯ᠎ᠢ ᠬᠡᠷᠡᠭᠯᠡᠨ᠂ ᠴᠠᠬᠢᠯᠭ᠋ᠠᠨ ᠱᠠᠲᠤ᠎ᠳᠤ ᠤᠷᠤᠭᠤᠯᠬᠤ ᠴᠠᠬᠢᠯᠭ᠋ᠠᠨ ᠬᠥᠳᠡᠯᠭᠡᠭᠦᠷᠲᠦ ᠲᠡᠷᠭᠡ ᠵᠢ ᠢᠳᠬᠠᠨ ᠬᠤᠷᠢᠭᠯᠠᠪᠠ᠃ ᠠᠷᠠᠳ᠎ᠲᠤ ᠲᠥᠬᠦᠮ ᠦᠵᠡᠭᠦᠯᠬᠦ ᠪᠠ ᠬᠥᠲᠥᠯᠦᠨ ᠵᠢᠯᠣᠭᠤᠳᠬᠤ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠰᠠᠭᠤᠭ᠋ᠠᠯᠢ ᠠᠷᠠᠳ᠎ᠤᠨ ᠲᠣᠭᠤᠷᠢᠭ᠎ᠤᠨ 2500 ᠭᠠᠷᠤᠶ ᠡᠷᠦᠬᠡ ᠰᠠᠭᠤᠭ᠋ᠠᠯᠢ ᠠᠷᠠᠳ᠎ᠤᠨ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠤᠰᠤᠭ᠋ᠠᠬᠤ ᠪᠠ ᠴᠠᠬᠢᠯᠭ᠋ᠠᠨ ᠴᠡᠨᠡᠭᠯᠡᠬᠦ ᠬᠡᠷᠡᠭᠴᠡᠭᠡ ᠵᠢ ᠭᠦᠢ᠍ᠴᠡᠳ ᠬᠠᠩᠭ᠋ᠠᠭᠰᠠᠨ ᠵᠶ᠋ᠠᠷ ᠪᠠᠷᠠᠬᠤ ᠥᠬᠡᠶ᠂ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢ 《ᠠᠰᠠᠷ᠎ᠲᠤ ᠤᠷᠤᠭᠤᠯᠬᠤ》 ᠠᠰᠠᠭᠤᠳᠠᠯ᠎ᠢ ᠦᠨᠳᠦᠰᠦᠨ᠎ᠳᠡᠭᠡᠨ ᠰᠢᠢ᠍ᠳᠪᠦᠷᠢᠯᠡᠪᠡ᠃
ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡ ᠵᠢ 《ᠠᠰᠠᠷ᠎ᠲᠤ ᠤᠷᠤᠭᠤᠯᠬᠤ》᠎ᠠᠴᠠ ᠪᠣᠯᠤᠭᠰᠠᠨ ᠠᠮᠤᠷ ᠲᠦᠪᠰᠢᠨ᠎ᠤ ᠠᠰᠠᠭᠤᠳᠠᠯ᠎ᠨᠢ ᠲᠦᠭ ᠲᠦᠮᠡᠨ ᠡᠷᠦᠬᠡ᠎ᠳᠤ ᠬᠣᠯᠪᠣᠭᠳᠠᠨ᠎ᠠ᠃
ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡ ᠵᠢ 《ᠠᠰᠠᠷ᠎ᠲᠤ ᠤᠷᠤᠭᠤᠯᠬᠤ》᠎ᠠᠴᠠ ᠪᠣᠯᠤᠭᠰᠠᠨ ᠠᠮᠤᠷ ᠲᠦᠪᠰᠢᠨ᠎ᠤ ᠬᠡᠮ ᠰᠣᠭᠤᠭ᠎ᠢ ᠠᠷᠢᠯᠭ᠋ᠠᠬᠤ ᠵᠢᠨ ᠲᠥᠯᠥᠭᠡ᠂ 4 ᠳ᠋ᠤᠭᠡᠷ ᠰᠠᠷ᠎ᠠ ᠵᠢᠨ 14᠎ᠤ ᠡᠳᠦᠷ᠂ ᠾᠧᠪᠸᠢ ᠮᠤᠵᠢ 《ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢ 《ᠠᠰᠠᠷ᠎ᠲᠤ ᠤᠷᠤᠭᠤᠯᠬᠤ》 ᠵᠢ ᠰᠡᠷᠭᠡᠶ᠋ᠢᠯᠡᠬᠦ ᠠᠵᠢᠯ᠎ᠤᠨ ᠲᠥᠰᠦᠯ》᠎ᠢ ᠳᠠᠷᠤᠮᠠᠯᠯᠠᠨ ᠲᠠᠷᠬᠠᠭ᠋ᠠᠵᠠᠢ᠂ 2024 ᠣᠨ᠎ᠤ 4 ᠳ᠋ᠤᠭᠡᠷ ᠰᠠᠷ᠎ᠠ ᠵᠢᠨ 16᠎ᠤ ᠡᠳᠦᠷ᠎ᠠᠴᠠ 4 ᠳ᠋ᠤᠭᠡᠷ ᠰᠠᠷ᠎ᠠ ᠵᠢᠨ 30᠎ᠤ ᠡᠳᠦᠷ ᠪᠣᠯᠲᠠᠯ᠎ᠠ ᠢᠳᠬᠠᠨ ᠬᠤᠷᠢᠭᠯᠠᠵᠤ ᠵᠢᠭᠰᠠᠭ᠋ᠠᠨ ᠪᠠᠶ᠋ᠢᠴᠠᠭ᠋ᠠᠬᠤ ᠱᠠᠲᠤ ᠂ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ 11 ᠳ᠋ᠤᠭᠡᠷ ᠰᠠᠷ᠎ᠠ ᠵᠢᠨ 30᠎ᠤ ᠡᠳᠦᠷ ᠪᠣᠯᠲᠠᠯ᠎ᠠ ᠴᠡᠭᠴᠡᠯᠡᠨ ᠵᠠᠰᠠᠬᠤ ᠵᠢ ᠠᠬᠢᠭᠤᠯᠬᠤ ᠱᠠᠲᠤ ᠂ 12 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠬᠤᠶ᠋ᠢᠰᠢ ᠣᠷᠳᠣ ᠬᠤᠭᠤᠴᠠᠭ᠋ᠠᠨ᠎ᠤ ᠪᠦᠲᠦᠮᠵᠢᠲᠡᠶ ᠬᠠᠮᠢᠶᠠᠷᠤᠯᠲᠠ ᠵᠢᠨ ᠱᠠᠲᠤ ᠪᠣᠯᠤᠨ᠎ᠠ ᠭᠡᠵᠦ ᠲᠣᠳᠣᠷᠬᠠᠶ ᠳᠤᠷᠠᠳᠤᠨ ᠭᠠᠷᠭ᠋ᠠᠪᠠ᠃ ᠡᠨᠡ ᠠᠵᠢᠯ᠎ᠢ ᠾᠧᠪᠸᠢ ᠵᠢᠨ ᠪᠦᠬᠦ ᠮᠤᠵᠢ ᠵᠢᠨ ᠬᠡᠪᠴᠢᠶᠡᠨ᠎ᠳᠤ ᠥᠷᠨᠢᠭᠦᠯᠵᠦ᠂ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢ 《ᠠᠰᠠᠷ᠎ᠲᠤ ᠤᠷᠤᠭᠤᠯᠬᠤ》 ᠠᠰᠠᠭᠤᠳᠠᠯ᠎ᠢ ᠦᠨᠳᠦᠰᠦᠨ᠎ᠠᠴᠠ᠎ᠨᠢ ᠵᠠᠰᠠᠬᠤ ᠪᠣᠯᠤᠨ᠎ᠠ᠃
ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠲᠣᠰ ᠭᠠᠷᠠᠭ᠎ᠲᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶᠡᠨ᠎ᠳᠠᠬᠢ ᠠᠶᠤᠯᠭᠦᠶ ᠦᠢ᠍ᠯᠡᠳᠪᠦᠷᠢᠯᠡᠯ᠎ᠤᠨ ᠲᠤᠰᠬᠠᠶ ᠴᠡᠭᠴᠡᠯᠡᠨ ᠵᠠᠰᠠᠯᠲᠠ ᠵᠢᠨ ᠠᠵᠢᠯ᠎ᠢ ᠡᠬᠢᠯᠡᠭᠦᠯᠦᠨ᠎ᠡ᠂ ᠡᠯ᠎ᠡ ᠭᠠᠵᠠᠷ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ᠎ᠬᠢᠨ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡᠨ᠎ᠤ ᠠᠮᠤᠷ ᠲᠦᠪᠰᠢᠨ᠎ᠤ ᠬᠡᠮ ᠰᠣᠭᠤᠭ᠎ᠢ ᠪᠥᠬᠦ ᠬᠡᠯᠬᠢᠶ᠎ᠡ᠎ᠪᠠᠷ ᠴᠡᠭᠴᠡᠯᠡᠨ ᠵᠠᠰᠠᠬᠤ ᠵᠢ ᠭᠦᠨᠵᠡᠭᠡᠶ ᠥᠷᠨᠢᠭᠦᠯᠵᠦ᠂ ᠪᠠᠷᠢᠮᠵᠢᠶ᠎ᠠ ᠵᠢᠨ ᠰᠢᠰᠲ᠋ᠧᠮ᠎ᠢ ᠪᠦᠷᠢᠨᠰᠢᠬᠦᠯᠤᠨ᠂ ᠭᠡᠷᠡᠴᠢᠯᠡᠭᠡ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠴᠠᠬᠢᠯᠭ᠋ᠠᠨ ᠴᠡᠨᠡᠭᠯᠡᠬᠦ ᠵᠠᠷᠤᠳᠠᠯ᠎ᠢ ᠵᠢᠷᠤᠮᠵᠢᠭᠤᠯᠤᠨ᠂ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠤᠨ ᠶᠠᠰᠤ ᠴᠢᠨᠠᠷ᠎ᠤᠨ ᠬᠠᠮᠢᠶᠠᠷᠤᠯᠲᠠ ᠡᠵᠡᠮᠳᠡᠯ᠎ᠢ ᠴᠢᠩᠳᠠᠯᠠᠵᠤ᠂ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡᠨ᠎ᠤ ᠡᠯ᠎ᠡ ᠭᠤᠭᠴᠤᠭ᠎ᠠ ᠵᠢᠨ ᠠᠮᠤᠷ ᠲᠦᠪᠰᠢᠨ᠎ᠤ ᠬᠢᠷᠢ ᠲᠦᠪᠰᠢᠨ᠎ᠢ ᠪᠥᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠶ ᠭᠡᠵᠦ ᠱᠠᠭ᠋ᠠᠷᠳᠠᠪᠠ᠃
ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡ ᠵᠢ 《ᠠᠰᠠᠷ᠎ᠲᠤ ᠤᠷᠤᠭᠤᠯᠬᠤ》 ᠬᠦᠴᠢᠷ ᠠᠰᠠᠭᠤᠳᠠᠯ᠎ᠢ ᠣᠯᠠᠨ ᠲᠠᠯ᠎ᠠ᠎ᠪᠠᠷ ᠵᠡᠷᠭᠡ᠎ᠪᠠᠷ ᠵᠠᠰᠠᠬᠤ ᠬᠡᠷᠡᠭᠲᠡᠢ᠃
ᠡᠩ ᠲᠡᠷᠢᠭᠦᠨ᠎ᠳᠤ᠂ ᠴᠡᠨᠡᠭ᠎ᠤᠨ ᠦᠢ᠍ᠯᠡᠳᠪᠦᠷᠢᠯᠡᠯ᠎ᠤᠨ ᠠᠯᠪᠠᠳᠠᠯᠭ᠎ᠠ ᠵᠢᠨ ᠴᠢᠨᠠᠷᠲᠠᠢ ᠪᠠᠷᠢᠮᠵᠢᠶ᠎ᠠ ᠵᠢ ᠰᠡᠳᠦᠪ ᠲᠤᠭᠳᠠᠭ᠋ᠠᠨ ᠲᠦᠷᠭᠡᠨ ᠨᠡᠶ᠋ᠢᠲᠡᠯᠡᠵᠦ᠂ ᠲᠡᠳᠡᠭᠡᠷ ᠶᠠᠰᠤ ᠴᠢᠨᠠᠷ᠎ᠤᠨ ᠠᠮᠤᠷ ᠲᠦᠪᠰᠢᠨ᠎ᠢ ᠴᠢᠬᠤᠯᠠᠴᠢᠯᠠᠬᠤ ᠦᠭᠡᠢ ᠠᠵᠤ ᠠᠬᠤᠶ᠋ᠢᠯᠠᠯ᠎ᠳᠤ ᠵᠠᠪᠰᠢᠶᠠᠨ ᠦᠭᠴᠦ ᠪᠤᠯᠬᠤ ᠦᠭᠡᠢ᠃
ᠳᠠᠷᠠᠭ᠋ᠠᠯᠠᠪᠠᠯ᠂ ᠬᠡᠷᠡᠭᠯᠡᠭᠴᠢᠳ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢᠨ ᠬᠡᠷᠡᠭᠯᠡᠬᠦ ᠠᠷᠭ᠎ᠠ ᠵᠢ ᠴᠢᠩᠭ᠎ᠠ ᠵᠢᠷᠤᠮᠯᠠᠵᠤ᠂ ᠲᠣᠭᠲᠠᠭ᠋ᠠᠯ᠎ᠠᠴᠠ ᠵᠥᠷᠢᠴᠡᠨ ᠥᠭᠡᠷᠡᠴᠢᠯᠡᠨ ᠤᠭᠰᠠᠷᠠᠵᠤ ᠪᠣᠯᠬᠤ ᠥᠬᠡᠶ᠂ 《ᠠᠰᠠᠷ᠎ᠲᠤ ᠤᠷᠤᠭᠤᠯᠵᠤ 》 ᠴᠠᠬᠢᠯᠭ᠋ᠠᠨ ᠴᠡᠨᠡᠭᠯᠡᠵᠦ ᠪᠤᠯᠬᠤ ᠦᠭᠡᠢ᠂ ᠲᠣᠭᠲᠠᠮᠠᠯ ᠬᠤᠭᠤᠴᠠᠭ᠎ᠠ᠎ᠲᠠᠢ᠎ᠪᠠᠷ ᠪᠠᠶ᠋ᠢᠴᠠᠭ᠋ᠠᠨ ᠰᠢᠯᠭ᠋ᠠᠬᠤ ᠬᠡᠷᠡᠭᠲᠡᠶ᠃
ᠡᠭᠦᠨ᠎ᠠᠴᠠ ᠭᠠᠳᠠᠨ᠎ᠠ᠂ ᠰᠠᠭᠤᠭ᠋ᠠᠯᠢ ᠠᠷᠠᠳ᠎ᠤᠨ ᠲᠣᠭᠤᠷᠢᠭ ᠴᠤ᠌ ᠬᠠᠲᠠᠭᠤ ᠲᠥᠬᠦᠭᠡᠷᠦᠮᠵᠢ᠎ᠪᠠᠨ ᠲᠡᠭᠦᠯᠳᠡᠷᠵᠢᠭᠦᠯᠵᠦ᠂ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡᠨ ᠵᠤᠭᠰᠤᠭ᠋ᠠᠯ᠎ᠤᠨ ᠲᠠᠯᠠᠪᠠᠢ ᠵᠢ ᠨᠡᠮᠡᠭᠳᠡᠭᠦᠯᠵᠦ᠂ ᠴᠠᠬᠢᠯᠭ᠋ᠠᠨ ᠴᠡᠨᠡᠭᠯᠡᠬᠦ ᠬᠤᠯᠠᠭ᠋ᠠᠢ᠌ᠴᠢ ᠵᠢ ᠰᠡᠷᠭᠡᠢ᠌ᠯᠡᠬᠦ ᠪᠡᠯᠡᠳᠬᠡᠮᠵᠢ ᠲᠣᠬᠢᠷᠠᠭᠤᠯᠵᠤ᠂ ᠬᠠᠤᠯᠢ ᠶᠣᠰᠣᠭ᠋ᠠᠷ ᠵᠦᠶ ᠵᠣᠬᠢᠰᠲᠠᠶ ᠰᠦᠢ᠍ᠳᠬᠡᠯ ᠬᠤᠷᠢᠶᠠᠬᠤ ᠵᠡᠷᠭᠡ ᠠᠷᠭ᠎ᠠ ᠮᠠᠶᠢᠭ ᠵᠶ᠋ᠠᠷ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢ ᠠᠰᠠᠷ᠎ᠲᠤ ᠤᠷᠤᠭᠤᠯᠬᠤ ᠵᠢ ᠬᠤᠷᠢᠭᠯᠠᠨ᠎ᠠ᠃
ᠶᠡᠷᠦᠩᠬᠡᠶ᠋ᠢᠯᠡᠪᠡᠯ᠂ ᠭᠠᠭᠴᠠ ᠬᠦ᠌ ᠤᠯᠠᠨ ᠲᠠᠯ᠎ᠠ ᠵᠢᠨ᠎ᠬᠢᠨ ᠬᠠᠮᠵᠢᠯᠴᠠᠨ ᠴᠢᠷᠮᠠᠢ᠌ᠪᠠᠯ ᠰᠠᠶᠢ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢ 《ᠠᠰᠠᠷ᠎ᠲᠤ ᠤᠷᠤᠭᠤᠯᠬᠤ》 ᠵᠢᠨ ᠠᠷᠬᠠᠭ ᠭᠡᠮ᠎ᠢ ᠦᠨᠳᠦᠰᠦᠨ᠎ᠠᠴᠠ᠎ᠨᠢ ᠵᠠᠰᠠᠵᠤ᠂ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠰᠠᠬᠢᠵᠤ ᠴᠢᠳᠠᠨ᠎ᠠ᠃