ᠭᠡᠷ ᠪᠠᠢ᠌ᠰᠢᠩ᠎ᠤᠨ ᠠᠮᠤᠷ ᠲᠦᠪᠰᠢᠨ᠎ᠤ 《ᠠᠮᠢ ᠨᠠᠰᠤᠨ᠎ᠤ ᠬᠡᠷᠡᠮ》᠎ᠢ ᠶᠠᠭ᠋ᠠᠬᠢᠭᠰᠠᠨ ᠴᠦ᠍ ᠬᠦᠳᠡᠯᠭᠡᠵᠦ ᠪᠣᠯᠬᠤ ᠦᠭᠡᠢ!
2024-06-05

     ᠰᠢᠨ᠎ᠡ ᠭᠡᠷ ᠵᠶ᠋ᠠᠨ  ᠵᠠᠰᠠᠵᠤ ᠴᠢᠮᠡᠭᠯᠡᠭᠡᠳ ᠨᠢᠭᠡ ᠵᠢᠯ ᠪᠣᠯᠣᠮᠠᠭᠴᠠ ᠲᠤᠤᠷ᠎ᠠ ᠲᠠᠪᠬᠤᠷᠯᠢᠭ᠎ᠤᠨ  ᠵᠡᠷᠭᠡᠯᠳᠦᠭᠡ ᠠᠢ᠌ᠯ᠎ᠤᠨ᠎ᠬᠢᠨ ᠲᠠᠭ᠋ᠠᠭ᠋ᠠᠴᠠ ᠬᠡᠷᠡᠮ᠎ᠢ ᠨᠤᠷᠠᠭ᠋ᠠᠵᠤ᠂ ᠥᠪᠡᠷ᠎ᠤᠨ᠎ᠬᠢᠨ ᠬᠡᠷ ᠪᠠᠶ᠋ᠢᠰᠢᠩ᠎ᠳᠤ ᠪᠠᠭ᠎ᠠ ᠪᠤᠰᠤ ᠬᠤᠬᠢᠷᠠᠯ ᠤᠴᠠᠷᠠᠭᠤᠯᠪᠠ ᠭᠡᠵᠤ  ᠱᠠᠩᠬᠠᠢ ᠵᠢᠨ ᠫᠦ᠋ ᠳ᠋ᠦᠩ᠎ᠤᠨ ᠨᠢᠭᠡᠨ ᠰᠠᠭᠤᠭ᠋ᠠᠯᠢ ᠠᠷᠠᠳ᠎ᠤᠨ ᠲᠤᠭᠤᠷᠢᠭ᠎ᠤᠨ ᠶᠧ ᠠᠪᠠᠬᠠᠢ  ᠬᠡᠯᠡᠪᠡ᠃

     ᠲᠡᠷᠡ ᠲᠤᠬᠠᠶ ᠵᠢᠨ ᠭᠠᠵᠠᠷ᠎ᠤᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠰᠠᠯᠠᠭ᠎ᠠ ᠮᠥᠴᠢᠷ᠎ᠲᠤ ᠪᠠᠶ᠋ᠢᠳᠠᠯ᠎ᠢ ᠲᠤᠰᠬᠠᠵᠤ᠂ ᠬᠠᠤᠯᠢ ᠬᠡᠷᠡᠭᠵᠢᠭᠦᠯᠬᠦ ᠠᠵᠢᠯᠲᠠᠨ᠎ᠲᠠᠢ ᠬᠠᠮᠳᠦ ᠵᠡᠷᠭᠡᠯᠡᠳᠡᠭᠡ ᠠᠶ᠋ᠢᠯ᠎ᠤᠨ᠎ᠬᠢᠨ ᠵᠣᠴᠢᠨ᠎ᠤ ᠲᠢᠩᠬᠢᠮ ᠪᠣᠯᠤᠨ ᠤᠨᠲᠠᠬᠤ ᠥᠷᠥᠭᠡ ᠵᠢᠨ ᠬᠤᠭᠤᠷᠣᠨᠳᠣᠬᠢ ᠬᠡᠷᠡᠮ᠎ᠢ ᠨᠢᠭᠡ ᠮᠸᠲᠷ ᠭᠠᠷᠤᠢ ᠥᠷᠭᠡᠨ ᠨᠤᠷᠠᠭ᠋ᠠᠵᠤ ᠤᠯᠠᠭ᠋ᠠᠨ ᠲᠣᠭᠤᠰᠬ᠎ᠠ᠎ᠨᠢ ᠭᠠᠷᠴᠦ ᠪᠠᠢ᠌ᠬᠤ ᠵᠢ ᠬᠠᠷᠠᠵᠠᠢ᠃

     ᠲᠠᠭ᠋ᠠᠭ᠋ᠠᠴᠠ ᠬᠡᠷᠡᠮ᠎ᠨᠢ ᠪᠠᠷᠢᠯᠭ᠎ᠠ ᠵᠢᠨ 《ᠠᠮᠢ ᠨᠠᠰᠤᠨ᠎ᠤ ᠬᠡᠷᠡᠮ》 ᠬᠡᠮᠡᠭᠳᠡᠵᠦ᠂  ᠠᠰᠠᠷ᠎ᠤᠨ ᠳᠠᠪᠬᠤᠷᠭ᠎ᠠ ᠵᠢᠨ ᠬᠦᠨᠳᠦ ᠵᠢᠨ ᠬᠡᠮᠵᠢᠶ᠎ᠡ ᠵᠢ ᠲᠤᠯᠭ᠋ᠠᠭᠤᠷᠯᠠᠵᠤ ᠪᠠᠶ᠋ᠢᠭ᠎ᠠ ᠬᠡᠷᠡᠮ᠎ᠢ ᠵᠢᠭ᠋ᠠᠵᠤ ᠪᠠᠶ᠋ᠢᠨ᠎ᠠ᠂ ᠪᠠᠷᠢᠯᠭ᠎ᠠ ᠵᠢᠨ ᠨᠢᠷᠤᠭᠤ ᠲᠤᠯᠭ᠋ᠠᠭᠤᠷᠢ ᠪᠤᠯᠵᠤ ᠪᠠᠶ᠋ᠢᠨ᠎ᠠ᠂ ᠪᠠᠰᠠ ᠴᠤ᠌ ᠭᠡᠷ ᠳᠣᠲᠣᠷᠠᠬᠢ ᠠᠮᠤᠷ ᠲᠦᠪᠰᠢᠨ᠎ᠢ ᠲᠣᠭᠲᠠᠭ᠋ᠠᠬᠤ ᠴᠢᠬᠤᠯᠠ ᠬᠡᠰᠡᠭ ᠮᠥᠨ᠂  ᠲᠠᠭ᠋ᠠᠭ᠋ᠠᠴᠠ ᠬᠡᠷᠡᠮ᠎ᠳᠤ ᠠᠰᠠᠭᠤᠳᠠᠯ ᠭᠠᠷᠪᠠᠯ ᠶᠡᠷᠦ᠎ᠨᠢ ᠪᠦᠬᠦᠯᠢ ᠠᠰᠠᠷ᠎ᠤᠨ ᠰᠠᠭᠤᠭ᠋ᠠᠯᠢ ᠠᠷᠠᠳ᠎ᠤᠨ ᠠᠮᠤᠷ ᠲᠦᠪᠰᠢᠨ᠎ᠢ ᠰᠦᠷᠳᠡᠭᠦᠯᠵᠦ ᠪᠠᠶ᠋ᠢᠳᠠᠭ᠃ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ᠂ ᠬᠡᠳᠦᠢ᠌ᠪᠡᠷ  ᠲᠠᠭ᠋ᠠᠭ᠋ᠠᠴᠠ ᠬᠡᠷᠡᠮ᠎ᠨᠢ ᠥᠮᠴᠢᠲᠡᠨ᠎ᠤ ᠭᠡᠷ᠎ᠲᠤ ᠪᠠᠢ᠌ᠭ᠎ᠠ ᠪᠣᠯᠪᠠᠴᠤ᠂ ᠮᠥᠨ ᠯᠡ ᠬᠠᠮᠲᠤ ᠵᠢᠨ ᠭᠠᠵᠠᠷ ᠪᠣᠯᠤᠨ᠎ᠠ᠂ ᠥᠮᠴᠢᠲᠡᠨ ᠬᠡᠷᠡᠮ᠎ᠤᠨ ᠬᠡᠷᠡᠭᠯᠡᠯᠲᠡ ᠵᠢᠨ ᠦᠨᠳᠦᠰᠦᠨ ᠴᠢᠳᠠᠮᠵᠢ ᠵᠢ ᠡᠪᠳᠡᠵᠦ ᠪᠣᠯᠬᠤ ᠦᠭᠡᠢ᠃

     ᠬᠡᠪᠡᠴᠤ ᠣᠢ᠍ᠢ᠍ᠯᠠᠲᠣᠯᠭᠡ ᠵᠢᠨ ᠳᠣᠮᠲᠠ ᠬᠦᠮᠦᠰ ᠬᠣᠪᠢᠨᠴᠢᠷ ᠰᠠᠨᠠᠭ᠋ᠠᠨ᠎ᠠᠴᠠ ᠪᠤᠯᠵᠤ  ᠲᠠᠭ᠋ᠠᠭ᠋ᠠᠴᠠ ᠬᠡᠷᠡᠮ᠎ᠢ ᠣᠢ᠍ᠭᠡᠷᠠᠴᠢᠯᠠᠨ ᠂ ᠴᠢᠨᠠᠬᠰᠢᠯᠠᠪᠡᠯ  ᠲᠠᠭ᠋ᠠᠭ᠋ᠠᠴᠠ ᠬᠡᠷᠡᠮ᠎ᠢ ᠨᠤᠷᠠᠭ᠋ᠠᠭᠰᠠᠨ᠎ᠠᠴᠠ  ᠪᠤᠯᠣᠬᠰᠠᠨ ᠬᠡᠷᠡᠭ ᠪᠤᠶᠤ ᠵᠢᠭᠤᠷᠠᠯᠲᠣᠭ᠋ᠠᠨ᠎ᠨᠢ ᠴᠦᠬᠡᠨ ᠪᠤᠰᠤ ᠪᠠᠢ᠍ᠢ᠍ᠲᠠᠭ᠃

     ᠵᠡᠷᠭᠡᠯᠳᠦᠭᠡ ᠠᠢ᠌ᠯ᠎ᠤᠨ᠎ᠬᠢᠨ ᠲᠤᠷ᠎ᠠ᠎ᠪᠠᠷ ᠵᠶ᠋ᠠᠨ  ᠲᠠᠭ᠋ᠠᠭ᠋ᠠᠴᠠ ᠬᠡᠷᠡᠮ᠎ᠢ ᠨᠤᠷᠠᠭ᠋ᠠᠵᠦ ᠢᠯᠡᠴᠢᠯᠡᠭᠳᠡᠭᠰᠡᠨ᠎ᠤ ᠲᠠᠷᠠᠭ᠎ᠠ ᠬᠡᠪ᠎ᠤᠨ ᠪᠠᠢ᠌ᠳᠠᠯ᠎ᠢ ᠰᠡᠷᠭᠦᠭᠡᠪᠡ

     ᠪᠡᠭᠡᠵᠢᠩ ᠬᠤᠲᠠ ᠵᠢᠨ ᠪᠠᠷᠠᠭᠤᠨ ᠬᠤᠲᠠ ᠲᠣᠭᠤᠷᠢᠭ᠎ᠤᠨ ᠲᠤᠤ ᠷᠠᠨ ᠲᠢᠩ ᠵᠡᠭᠡᠯᠢ ᠭᠤᠳᠤᠮᠵᠢ ᠵᠢᠨ ᠨᠢᠭᠡᠨ ᠰᠠᠭᠤᠭ᠋ᠠᠯᠢ ᠠᠷᠠᠳ᠎ᠤᠨ ᠲᠣᠭᠤᠷᠢᠭ᠎ᠤᠨ ᠭᠡᠷ ᠪᠠᠶ᠋ᠢᠰᠢᠩ 20 ᠳ᠋ᠤᠭ᠋ᠠᠷ ᠵᠠᠭᠤᠨ᠎ᠤ ᠨᠠᠶᠠᠭ᠋ᠠᠳ ᠣᠨ᠎ᠤ ᠦᠶ᠎ᠡ᠎ᠪᠠᠷ ᠪᠠᠢ᠌ᠭᠤᠯᠤᠭᠳᠠᠵᠠᠢ᠂ ᠱᠧᠨ ᠠᠪᠠᠭ᠍ᠠᠶ ᠪᠣᠯ  ᠡᠨᠡᠬᠦ  ᠰᠠᠭᠤᠭ᠋ᠠᠯᠢ ᠠᠷᠠᠳ᠎ᠤᠨ ᠲᠣᠭᠤᠷᠢᠭ᠎ᠤᠨ 5 ᠳ᠋ᠤᠭ᠋ᠠᠷ ᠳᠠᠪᠬᠤᠷᠯᠢᠭ᠎ᠤᠨ ᠰᠠᠭᠤᠭ᠋ᠠᠯᠢ ᠡᠷᠦᠬᠡ ᠪᠣᠯᠤᠨ᠎ᠠ᠃  ᠱᠧᠨ ᠠᠪᠠᠬᠠᠢ ᠵᠢᠨ ᠲᠠᠨᠢᠯᠴᠠᠭᠤᠯᠤᠭᠰᠠᠨ ᠵᠶ᠋ᠠᠷ᠂  ᠰᠠᠭᠤᠭ᠋ᠠᠯᠢ ᠠᠷᠠᠳ᠎ᠤᠨ ᠲᠣᠭᠤᠷᠢᠭ᠎ᠲᠤ ᠠᠳᠠᠯ ᠠᠬᠤᠢ ᠵᠢᠨ ᠺᠣᠮᠫᠠᠨᠢ ᠪᠠᠶ᠋ᠢᠬᠤ ᠦᠭᠡᠢ᠂ ᠭᠡᠷ ᠪᠠᠶ᠋ᠢᠰᠢᠩ᠎ᠤᠨ ᠪᠦᠬᠦᠯᠢ ᠴᠣᠭᠴᠠ ᠵᠢᠨ ᠪᠦᠲᠦᠴᠡ ᠵᠢ ᠤᠯᠤᠰ᠎ᠲᠤ ᠥᠮᠴᠢᠯᠡᠵᠦ᠂ ᠭᠡᠷ ᠪᠠᠶ᠋ᠢᠰᠢᠩ᠎ᠤᠨ ᠬᠠᠮᠢᠶᠠᠷᠤᠯᠲᠠ ᠵᠢᠨ ᠭᠠᠵᠠᠷ᠎ᠤᠨ  ᠭᠡᠷ ᠪᠠᠶ᠋ᠢᠰᠢᠩ᠎ᠤᠨ  ᠤᠬᠠᠭᠤᠯᠭ᠎ᠠ ᠵᠢᠨ  ᠺᠣᠮᠫᠠᠨᠢ᠎ᠠᠴᠠ ᠣᠷᠣᠯᠠᠨ ᠬᠠᠮᠢᠶᠠᠷᠴᠦ ᠪᠠᠢ᠌ᠨ᠎ᠠ᠃

    2023 ᠣᠨ᠎ᠤ 3 ᠳ᠋ᠤᠭ᠋ᠠᠷ ᠰᠠᠷ᠎ᠠ᠎ᠳᠤ ᠰᠢᠨ᠎ᠡ  ᠵᠡᠷᠭᠡᠯᠡᠳᠡᠭᠡ ᠠᠶ᠋ᠢᠯ ᠨᠡᠭᠦᠵᠦ ᠢᠷᠡᠭᠰᠡᠨ ᠪᠥᠭᠡᠳ ᠰᠢᠨ᠎ᠡ᠎ᠪᠠᠷ ᠵᠠᠰᠠᠵᠦ ᠴᠢᠮᠡᠭᠯᠡᠪᠡ᠃  ᠲᠠᠭ᠋ᠠᠭ᠋ᠠᠴᠠ ᠬᠡᠷᠡᠮ ᠦᠭᠡᠷᠡᠴᠢᠯᠡᠭᠳᠡᠭᠰᠡᠨ᠎ᠠᠴᠠ ᠱᠧᠨ ᠠᠪᠠᠭ᠍ᠠᠶ ᠪᠣᠯᠤᠨ ᠭᠡᠷ᠎ᠤᠨ ᠬᠥᠮᠦᠰ᠎ᠨᠢ ᠠᠰᠠᠭᠤᠳᠠᠯ᠎ᠤᠨ ᠬᠦᠨᠳᠦ ᠨᠣᠴᠢᠲᠠᠶ ᠪᠠᠢ᠌ᠬᠤ ᠵᠢ ᠮᠡᠳᠡᠵᠡᠢ᠂ ᠰᠠᠭᠤᠭ᠋ᠠᠯᠢ ᠠᠷᠠᠳ᠎ᠤᠨ ᠲᠣᠭᠤᠷᠢᠭ᠎ᠲᠤ ᠪᠠᠰᠠ ᠠᠳᠠᠯ ᠠᠬᠤᠶ ᠵᠢᠨ ᠺᠣᠮᠫᠠᠨᠢ ᠪᠠᠶ᠋ᠢᠬᠤ ᠥᠬᠡᠶ ᠪᠣᠯᠬᠤᠷ ᠰᠢᠭᠤᠳ 12345 ᠤᠲᠠᠰᠤᠨ᠎ᠳᠤ ᠠᠰᠠᠭᠤᠳᠠᠯ᠎ᠢ ᠲᠤᠰᠬᠠᠪᠠ᠃

     ᠳᠠᠷᠠᠭ᠎ᠠ ᠡᠳᠦᠷ᠂ ᠨᠡᠶ᠋ᠢᠭᠡᠮ ᠲᠣᠭᠤᠷᠢᠭ᠎ᠤᠨ ᠠᠵᠢᠯᠲᠠᠳ ᠲᠤᠬᠠᠢ ᠵᠢᠨ ᠲᠠᠯᠠᠪᠠᠢ᠎ᠳᠤ ᠬᠦᠷᠴᠦ ᠪᠠᠶ᠋ᠢᠳᠠᠯ᠎ᠢ ᠣᠶ᠋ᠢᠯᠠᠭ᠋ᠠᠪᠠ᠃  ᠥᠮᠴᠢᠲᠡᠨ ᠥᠪᠡᠷ᠎ᠤᠨ ᠬᠢᠳᠡᠯ᠎ᠨᠢ ᠶᠠᠮᠠᠷ ᠵᠣᠬᠢᠰ ᠥᠬᠡᠶ ᠪᠢᠰᠢ᠂ ᠬᠡᠷᠡᠮ᠎ᠢ ᠥᠭᠡᠷᠡᠴᠢᠯᠡᠨ ᠰᠢᠨᠡᠳᠬᠡᠬᠦ᠎ᠨᠢ ᠲᠣᠮᠣ ᠠᠰᠠᠷ᠎ᠤᠨ ᠪᠦᠲᠦᠴᠡ᠎ᠳᠤ ᠨᠥᠯᠥᠭᠡ ᠥᠬᠡᠶ ᠭᠡᠬᠦ ᠦᠵᠡᠯᠳᠡ᠎ᠪᠠᠨ ᠪᠠᠷᠢᠮᠲᠠᠯᠠᠪᠠ᠃ ᠨᠡᠶ᠋ᠢᠭᠡᠮ ᠲᠤᠭᠤᠷᠢᠭ᠎ᠤᠨ ᠠᠵᠢᠯᠲᠠᠨ ᠵᠥᠪᠬᠡᠨ ᠲᠤᠰᠬᠠᠶ ᠮᠡᠷᠭᠡᠵᠢᠯ᠎ᠤᠨ ᠰᠠᠯᠠᠭ᠎ᠠ ᠮᠥᠴᠢᠷ᠎ᠢ ᠤᠷᠢᠵᠤ ᠲᠤᠬᠠᠶ ᠵᠢᠨ ᠲᠠᠯᠠᠪᠠᠢ᠎ᠳᠤ ᠬᠢᠨᠠᠨ ᠲᠤᠭᠳᠠᠭ᠋ᠠᠬᠤ᠎ᠪᠠᠷ ᠪᠤᠯᠵᠠᠢ᠃ ᠳᠠᠷᠠᠭ᠎ᠠ ᠡᠳᠦᠷ᠎ᠨᠢ ᠪᠡᠭᠡᠵᠢᠩ ᠬᠣᠲᠠ ᠵᠢᠨ ᠪᠠᠷᠠᠭᠤᠨ ᠬᠤᠳᠠ ᠲᠣᠭᠣᠷᠢᠭ᠎ᠤᠨ ᠣᠷᠣᠨ ᠰᠠᠭᠤᠴᠠ ᠪᠣᠯᠤᠨ ᠬᠣᠲᠠ ᠵᠢᠨ ᠪᠦᠲᠦᠭᠡᠨ ᠪᠠᠶ᠋ᠢᠭᠤᠯᠤᠯᠲᠠ ᠵᠢᠨ ᠵᠥᠪᠯᠡᠯ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ᠎ᠤᠨ ᠠᠵᠢᠯᠲᠠᠨ᠂  ᠭᠡᠷ ᠪᠠᠶ᠋ᠢᠰᠢᠩ᠎ᠤᠨ  ᠤᠬᠠᠭᠤᠯᠭ᠎ᠠ ᠵᠢᠨ ᠺᠣᠮᠫᠠᠨᠢ ᠪᠣᠯᠤᠨ ᠵᠡᠭᠡᠯᠢ ᠭᠤᠳᠤᠮᠵᠢ ᠨᠡᠶ᠋ᠢᠭᠡᠮ ᠲᠣᠭᠣᠷᠢᠭ᠎ᠤᠨ 10 ᠭᠠᠷᠤᠢ ᠠᠵᠢᠯᠲᠠᠨ ᠲᠤᠬᠠᠢ ᠵᠢᠨ ᠲᠠᠯᠠᠪᠠᠢ᠎ᠳᠤ ᠢᠷᠡᠵᠦ᠂ ᠬᠠᠶ᠋ᠢᠨ ᠪᠠᠶ᠋ᠢᠴᠠᠭ᠋ᠠᠭᠰᠠᠨ ᠵᠶ᠋ᠠᠷ᠂ ᠲᠣᠰ ᠡᠷᠦᠬᠡ ᠵᠢᠨ ᠵᠠᠰᠠᠯ ᠴᠢᠮᠡᠭᠯᠡᠯ᠎ᠨᠢ ᠲᠣᠭᠲᠠᠭ᠋ᠠᠯ᠎ᠠᠴᠠ ᠵᠥᠷᠢᠴᠡᠨ  ᠲᠠᠭ᠋ᠠᠭ᠋ᠠᠴᠠ ᠬᠡᠷᠡᠮ᠎ᠢ ᠨᠤᠷᠠᠭ᠋ᠠᠬᠤ ᠦᠢ᠍ᠯᠡ ᠠᠵᠢᠯᠯᠠᠭ᠎ᠠ ᠦᠨᠡᠨ ᠬᠦ᠌ ᠣᠷᠣᠰᠢᠵᠤ ᠪᠠᠢ᠌ᠨ᠎ᠠ ᠭᠡᠵᠤ ᠲᠤᠭᠳᠠᠭ᠋ᠠᠵᠤ᠂ ᠲᠡᠭᠦᠨ᠎ᠢ ᠵᠠᠷᠯᠢᠭᠳᠠᠨ ᠠᠵᠢᠯ ᠵᠣᠭᠰᠣᠭ᠋ᠠᠵᠤ ᠴᠡᠭᠴᠡᠯᠡᠨ ᠰᠠᠶ᠋ᠢᠵᠢᠷᠠᠭᠤᠯᠪᠠ᠃ ᠡᠭᠦᠨ᠎ᠠᠴᠠ ᠬᠤᠢ᠌ᠰᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠨᠢᠭᠡᠴᠢ ᠵᠢᠨ ᠠᠵᠢᠯᠲᠠᠳ  ᠣᠯᠠᠨ ᠤᠳᠠᠭ᠎ᠠ ᠲᠤᠬᠠᠶ ᠵᠢᠨ ᠲᠠᠯᠠᠪᠠᠢ᠎ᠳᠤ ᠢᠷᠡᠵᠦ ᠰᠢᠮᠳᠠᠭᠤᠯᠤᠨ ᠪᠠᠶ᠋ᠢᠴᠠᠭ᠋ᠠᠪᠠ᠃

ᠵᠠᠷ ᠮᠡᠳᠡᠭᠡ ᠵᠢ ᠬᠦᠩᠭᠡᠨ ᠬᠠᠭᠤᠳᠠᠮ ᠵᠶ᠋ᠠᠷ ᠢᠳᠡᠭᠡᠵᠦ ᠲᠤᠷ᠎ᠠ᠎ᠪᠠᠷ ᠵᠶ᠋ᠠᠨ ᠨᠤᠷᠠᠭ᠋ᠠᠵᠤ ᠦᠭᠡᠷᠡᠴᠢᠯᠡᠪᠡᠯ ᠬᠠᠷᠢᠭᠤᠴᠠᠯᠭ᠎ᠠ ᠡᠭᠦᠷᠭᠡᠯᠡᠨ᠎ᠡ

     ᠡᠨᠡ ᠵᠢᠯ᠎ᠤᠨ 3 ᠳ᠋ᠤᠭ᠋ᠠᠷ ᠰᠠᠷ᠎ᠠ᠎ᠳᠤ᠂  ᠪᠡᠭᠡᠵᠢᠩ ᠬᠣᠲᠠ ᠵᠢᠨ ᠢᠷᠭᠡᠨ  ᠼᠤᠤ  ᠠᠪᠠᠬᠠᠢ ᠣᠷᠣᠨ ᠰᠠᠭᠤᠴᠠ᠎ᠪᠠᠨ ᠵᠠᠰᠠᠵᠤ ᠴᠢᠮᠡᠭᠯᠡᠪᠡ᠃ ᠬᠤᠳᠠᠯᠳᠤᠨ ᠠᠪᠤᠭᠰᠠᠨ ᠭᠡᠷ ᠪᠠᠶ᠋ᠢᠰᠢᠩ᠎ᠨᠢ 40 ᠭᠠᠷᠤᠢ ᠵᠢᠯ᠎ᠤᠨ ᠡᠮᠦᠨ᠎ᠡ ᠪᠠᠶ᠋ᠢᠭᠤᠯᠤᠭᠰᠠᠨ ᠬᠠᠭᠤᠴᠢᠨ ᠭᠡᠷ ᠪᠠᠶ᠋ᠢᠰᠢᠩ ᠪᠣᠯᠬᠤᠷ ᠼᠤᠤ ᠠᠪᠠᠭ᠍ᠠᠶ ᠭᠡᠷ ᠪᠠᠶ᠋ᠢᠰᠢᠩ᠎ᠤᠨ ᠪᠦᠲᠦᠴᠡ᠎ᠳᠤ ᠮᠠᠰᠢ ᠣᠯᠠᠨ ᠬᠠᠨᠤᠮᠵᠢ ᠦᠭᠡᠢ  ᠤᠴᠢᠷ᠎ᠠᠴᠠ  ᠲᠠᠭ᠋ᠠᠭ᠋ᠠᠴᠠ ᠬᠡᠷᠡᠮ᠎ᠢ ᠪᠠᠯᠪᠠᠴᠢᠵᠦ ᠂ ᠭᠡᠷ᠎ᠤᠨ ᠳᠣᠲᠣᠷᠠᠬᠢ ᠣᠷᠣᠨ ᠵᠠᠢ ᠵᠢ ᠨᠡᠮᠡᠭᠳᠡᠭᠦᠯᠬᠦ ᠭᠡᠪᠡ᠃

     ᠵᠠᠰᠠᠯ ᠴᠢᠮᠡᠭᠯᠡᠯ᠎ᠤᠨ ᠺᠤᠮᠫᠠᠨᠢ᠎ᠠᠴᠠ  ᠡᠳᠡᠭᠡᠷ ᠪᠣᠯ ᠪᠦᠷ  ᠲᠠᠭ᠋ᠠᠭ᠋ᠠᠴᠠ ᠬᠡᠷᠡᠮ ᠨᠤᠷᠠᠭ᠋ᠠᠵᠦ ᠪᠠᠯᠪᠠᠴᠢᠵᠤ ᠪᠤᠯᠬᠤ ᠦᠭᠡᠢ ᠭᠡᠵᠦ ᠰᠠᠨᠠᠭᠤᠯᠵᠠᠢ᠃ ᠲᠡᠭᠡᠭᠡᠳ ᠲᠡᠷᠡ ᠰᠦᠯᠵᠢᠶᠡᠨ ᠲᠡᠭᠡᠷ᠎ᠡ 《ᠬᠥᠬᠡ ᠳᠡᠰ᠎ᠤᠨ ᠵᠢᠷᠤᠭ ᠲᠥᠯᠦᠪᠯᠡᠭᠡᠨ᠎ᠤ ᠬᠦᠷᠢᠶᠡᠯᠡᠩ》 ᠭᠡᠳᠡᠭ ᠤᠬᠠᠭᠤᠯᠭ᠎ᠠ ᠵᠢᠨ ᠪᠢᠴᠢᠭᠡᠰᠦ ᠵᠢ ᠤᠯᠵᠦ᠂ ᠪᠦᠷᠢᠨ ᠪᠦᠲᠦᠨ ᠬᠢᠷᠢ ᠭᠡᠮ᠎ᠲᠠᠢ ᠪᠥᠭᠡᠳ ᠼᠤᠤ ᠠᠪᠠᠬᠠᠢ ᠵᠢᠨ ᠳᠤᠷᠠᠳᠤᠭᠰᠠᠨ ᠬᠡᠳᠦᠨ ᠭᠠᠵᠠᠷ᠎ᠢ ᠪᠦᠷ ᠨᠤᠷᠠᠭ᠋ᠠᠵᠤ ᠪᠣᠯᠤᠨ᠎ᠠ ᠭᠡᠵᠦ ᠠᠮᠠᠯᠳᠠᠵᠠᠢ᠃

     ᠡᠨᠡ ᠬᠦ᠌ ᠺᠤᠮᠫᠠᠨᠢ ᠵᠢᠨ ᠬᠠᠭᠤᠷᠮᠠᠭ ᠤᠬᠠᠭᠤᠯᠭ᠎ᠠ ᠵᠢ ᠢᠳᠡᠭᠡᠵᠦ᠂ ᠼᠤᠤ ᠠᠪᠠᠬᠠᠢ ᠲᠡᠷᠡ ᠳᠣᠣᠷ᠎ᠠ᠎ᠨᠢ ᠭᠡᠷ᠎ᠡ ᠲᠣᠭᠲᠠᠵᠠᠢ᠃ ᠵᠢᠷᠤᠭ ᠲᠥᠯᠥᠪᠯᠡᠭᠡᠨ᠎ᠤ ᠭᠠᠵᠠᠷ ᠬᠦᠮᠦᠨ ᠲᠣᠮᠢᠯᠠᠨ ᠠᠵᠢᠯ ᠡᠬᠢᠯᠡᠭᠦᠯᠪᠡ᠃ ᠭᠡᠪᠡᠴᠦ ᠵᠡᠷᠭᠡᠯᠡᠳᠡᠭᠡ ᠠᠶ᠋ᠢᠯ᠎ᠨᠢ ᠬᠤᠯᠪᠣᠭᠳᠠᠯ ᠪᠦᠬᠦᠢ ᠨᠢᠭᠡᠴᠢ᠎ᠳᠤ ᠢᠯᠡᠴᠢᠯᠡᠨ ᠮᠡᠳᠡᠭᠦᠯᠦᠭᠰᠡᠨ ᠪᠠᠶ᠋ᠢᠨ᠎ᠠ᠃

    《ᠲᠤᠬᠠᠶ ᠵᠢᠨ ᠭᠠᠵᠠᠷ᠎ᠤᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠵᠥᠪᠯᠡᠯ᠎ᠤᠨ ᠬᠠᠤᠯᠢ ᠬᠡᠷᠡᠭᠵᠢᠭᠦᠯᠬᠦ ᠠᠩᠭᠢ ᠬᠡᠷ᠎ᠲᠤᠨᠢ ᠬᠦᠷᠴᠦ ᠪᠠᠶ᠋ᠢᠴᠠᠭ᠋ᠠᠨ ᠦᠵᠡᠭᠰᠡᠨ᠎ᠤ ᠳᠠᠷᠠᠭ᠎ᠠ᠂  ᠲᠠᠭ᠋ᠠᠭ᠋ᠠᠴᠠ ᠬᠡᠷᠡᠮ᠎ᠢ ᠨᠤᠷᠠᠭ᠋ᠠᠵᠤ ᠪᠣᠯᠬᠤ ᠥᠬᠡᠶ᠂ ᠵᠠᠷᠯᠢᠭᠳᠠᠨ ᠴᠡᠭᠴᠡᠯᠡᠨ ᠰᠠᠶ᠋ᠢᠵᠢᠷᠠᠭᠤᠯᠬᠤ ᠮᠡᠳᠡᠭᠳᠡᠯ᠎ᠤᠨ ᠬᠠᠭᠤᠳᠠᠰᠤ ᠭᠠᠷᠭ᠋ᠠᠵᠤ᠂ ᠤᠤᠯ ᠪᠠᠶ᠋ᠢᠳᠠᠯ᠎ᠢ ᠰᠡᠷᠭᠦᠭᠡᠬᠦ ᠵᠢ ᠱᠠᠭ᠋ᠠᠷᠳᠠᠪᠠ》 ᠃ ᠼᠤᠤ ᠠᠪᠠᠬᠠᠢ ᠥᠪᠡᠷ᠎ᠢ᠎ᠪᠠᠨ 《ᠬᠥᠬᠡ ᠳᠡᠰ᠎ᠤᠨ ᠵᠢᠷᠤᠭ ᠲᠥᠯᠥᠪᠯᠡᠭᠡ ᠵᠢᠨ ᠬᠦᠷᠢᠶᠡᠯᠡᠩ》᠎ᠲᠤ ᠮᠡᠬᠡᠯᠡᠭᠳᠡᠭᠰᠡᠨ ᠵᠶ᠋ᠡᠨ ᠮᠡᠳᠡᠵᠦ᠂ ᠲᠤᠬᠠᠢ ᠵᠢᠨ ᠭᠠᠵᠠᠷ᠎ᠤᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠳᠠ ᠵᠢᠨ ᠵᠥᠪᠯᠡᠯ᠎ᠤᠨ ᠱᠠᠭ᠋ᠠᠷᠳᠠᠯᠭ᠎ᠠ ᠶᠣᠰᠣᠭ᠋ᠠᠷ ᠴᠡᠭᠴᠡᠯᠡᠨ ᠰᠠᠢ᠍ᠵᠢᠷᠠᠭᠤᠯᠤᠭᠰᠠᠨ ᠪᠥᠭᠡᠳ ᠰᠢᠯᠭ᠋ᠠᠨ ᠠᠪᠤᠭᠰᠠᠨ᠎ᠤ ᠳᠠᠷᠠᠭ᠎ᠠ᠂ ᠡᠨᠡ ᠬᠦ᠌ ᠵᠢᠷᠤᠭ ᠲᠥᠯᠦᠪᠯᠡᠭᠡᠨ᠎ᠤ ᠬᠦᠷᠢᠶᠡᠯᠡᠩ᠎ᠢ ᠵᠠᠭ᠋ᠠᠯᠳᠤᠬᠤ᠎ᠪᠠᠷ ᠲᠣᠭᠲᠠᠪᠠ᠃

     ᠬᠥᠬᠡ ᠳᠡᠰ᠎ᠤᠨ ᠵᠢᠷᠤᠭ ᠲᠥᠯᠦᠪᠯᠡᠭᠡᠨ᠎ᠤ ᠬᠦᠷᠢᠶᠡᠯᠡᠩ᠎ᠤᠨ ᠲᠡᠰ᠎ᠲᠤ ᠬᠦᠷᠦᠭᠰᠡᠨ ᠺᠤᠮᠫᠠᠨᠢ᠎ᠨᠢ ᠵᠤᠬᠢᠬᠤ ᠬᠡᠮᠵᠢᠶᠠᠨ᠎ᠤ ᠮᠡᠷᠭᠡᠵᠢᠯ᠎ᠤᠨ ᠬᠢᠷᠢ ᠲᠦᠪᠰᠢᠨ ᠪᠠ ᠬᠠᠮᠢᠶ᠎ᠠ ᠪᠦᠬᠦᠢ ᠮᠠᠲᠸᠷᠢᠶᠠᠯ ᠪᠠᠢ᠌ᠬᠤ ᠬᠡᠷᠡᠭᠳᠡᠢ ᠂ ᠭᠡᠪᠡᠴᠦ  ᠲᠠᠭ᠋ᠠᠭ᠋ᠠᠴᠠ ᠬᠡᠷᠡᠮ᠎ᠢ ᠨᠤᠷᠠᠭ᠋ᠠᠵᠦ ᠪᠤᠯᠬᠤ ᠦᠭᠡᠢ᠃ 《ᠨᠢᠭᠡ ᠲᠠᠯ᠎ᠠ᠎ᠪᠠᠷ᠂ ᠡᠩ᠎ᠤᠨ ᠣᠷᠣᠨ ᠰᠠᠭᠤᠴᠠ᠎ᠳᠤ ᠠᠪᠴᠤ ᠬᠡᠯᠡᠪᠡᠯ᠂ ᠥᠭᠡᠷᠡᠴᠢᠯᠡᠬᠦ ᠬᠡᠷᠡᠭᠴᠡᠭᠡ᠎ᠨᠢ ᠦᠨᠡᠨ᠎ᠳᠡᠭᠡᠨ ᠲᠡᠢ᠌ᠮᠦ  ᠶᠡᠬᠡ ᠪᠢᠰᠢ᠂ ᠬᠡᠷᠪᠡ ᠬᠥᠬᠡ ᠳᠡᠰ᠎ᠤᠨ ᠵᠢᠷᠤᠭ ᠲᠥᠯᠦᠪᠯᠡᠭᠡᠨ᠎ᠤ ᠬᠦᠷᠢᠶᠡᠯᠡᠩ᠎ᠢ ᠤᠷᠢᠵᠤ ᠵᠢᠷᠤᠭ ᠲᠥᠯᠥᠪᠯᠡᠭᠡ ᠬᠢᠯᠭᠡᠪᠡᠯ ᠦᠪᠡᠷ᠎ᠤᠨ ᠦᠷᠳᠡᠭ ᠦᠨᠳᠦᠷ; ᠨᠥᠭᠦᠭᠡ ᠲᠠᠯ᠎ᠠ᠎ᠪᠠᠷ᠂ ᠬᠥᠬᠡ ᠳᠡᠰ᠎ᠤᠨ ᠵᠢᠷᠤᠭ ᠲᠥᠯᠦᠪᠯᠡᠭᠡᠨ᠎ᠤ ᠬᠦᠷᠢᠶᠡᠯᠡᠩ ᠭᠡᠬᠦ ᠨᠡᠷᠡᠲᠦ ᠲᠡᠮᠳᠡᠭ᠎ᠨᠢ  ᠡᠩ᠎ᠤᠨ ᠬᠥᠮᠦᠨ᠎ᠳᠤ ᠨᠢᠭᠡ ᠵᠦᠢ᠍ᠯ᠎ᠤᠨ ᠰᠣᠬᠣᠷ ᠪᠠᠯᠠᠢ᠎ᠪᠠᠷ ᠢᠲᠡᠭᠡᠬᠦ ᠰᠡᠳᠭᠢᠯᠭᠡ᠎ᠲᠠᠢ ᠪᠣᠯᠭ᠋ᠠᠵᠤ ᠮᠡᠳᠡᠨ᠎ᠡ᠂ ᠭᠡᠪᠡᠴᠦ ᠪᠣᠢ ᠪᠦᠬᠦᠢ ᠬᠥᠬᠡ ᠳᠡᠰ᠎ᠤᠨ ᠵᠢᠷᠤᠭ ᠲᠥᠯᠦᠪᠯᠡᠭᠡᠨ᠎ᠤ ᠬᠦᠷᠢᠶᠡᠯᠡᠩ᠎ᠳᠤ ᠴᠥᠮ  ᠲᠠᠭ᠋ᠠᠭ᠋ᠠᠴᠠ ᠬᠡᠷᠡᠮ᠎ᠢ  ᠨᠤᠷᠠᠭ᠋ᠠᠵᠦ ᠥᠭᠡᠷᠡᠴᠢᠯᠡᠬᠦ ᠬᠢᠷᠢ ᠭᠡᠮ ᠪᠠᠢ᠌ᠬᠤ ᠪᠢᠰᠢ᠃ ᠬᠡᠷᠪᠡ ᠦᠨᠡᠨ ᠬᠦ᠌ ᠬᠥᠬᠡ ᠲᠠᠰ᠎ᠤᠨ ᠵᠢᠷᠤᠭ ᠲᠥᠯᠥᠪᠯᠡᠭᠡᠨ᠎ᠤ ᠬᠦᠷᠢᠶᠡᠯᠡᠩ᠎ᠢ ᠰᠣᠩᠭᠤᠵᠤ ᠡᠶ᠋ᠢᠮᠦ ᠥᠭᠡᠷᠡᠴᠢᠯᠡᠯᠲᠡ ᠬᠢᠬᠦ᠎ᠳᠤ ᠡᠷᠬᠡᠪᠰᠢ ᠠᠯᠢᠪᠠ ᠭᠡᠷᠡᠴᠢ ᠲᠡᠮᠳᠡᠭ᠎ᠢ ᠦᠯᠡᠳᠡᠭᠡᠵᠦ᠂  ᠠᠰᠠᠭᠤᠳᠠᠯ ᠭᠠᠷᠪᠠᠯ ᠵᠢᠷᠤᠵᠤ ᠲᠥᠯᠥᠪᠯᠡᠬᠦ ᠪᠠᠶ᠋ᠢᠭᠤᠯᠤᠮᠵᠢ᠎ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ》 ᠃

     ᠦᠢ᠍ᠯᠡᠳᠦᠯᠭᠡ ᠳᠤᠮᠳᠠ᠂ ᠥᠮᠴᠢᠲᠡᠨ  ᠰᠠᠨᠠᠭ᠋ᠠᠴᠢᠯᠠᠭ᠎ᠠ᠎ᠠᠴᠠ᠎ᠪᠠᠨ ᠬᠡᠷ ᠪᠠᠶ᠋ᠢᠰᠢᠩ᠎ᠤᠨ ᠬᠡᠷᠡᠭᠯᠡᠭᠡᠨ᠎ᠤ ᠲᠠᠯᠠᠪᠠᠶ ᠵᠢ ᠥᠷᠭᠡᠳᠬᠡᠵᠦ᠂ ᠬᠡᠷ ᠪᠠᠶ᠋ᠢᠰᠢᠩ᠎ᠤᠨ ᠪᠦᠲᠦᠴᠡ ᠵᠢ ᠬᠤᠪᠢᠷᠠᠭᠤᠯᠬᠤ  ᠲᠠᠭ᠋ᠠᠭ᠋ᠠᠴᠠ ᠬᠡᠷᠡᠮ᠎ᠢ ᠨᠤᠷᠠᠭ᠋ᠠᠨ ᠥᠭᠡᠷᠡᠴᠢᠯᠡᠬᠦ᠎ᠠᠴᠠ ᠭᠠᠳᠠᠨ᠎ᠠ ᠪᠠᠰᠠ ᠴᠥᠭᠡᠨ ᠪᠤᠰᠤ ᠥᠮᠴᠢᠲᠡᠨ ᠰᠠᠨᠠᠭ᠋ᠠᠴᠢᠯᠠᠭ᠎ᠠ ᠥᠬᠡᠶ᠎ᠪᠠᠷ  ᠲᠠᠭ᠋ᠠᠭ᠋ᠠᠴᠠ ᠬᠡᠷᠡᠮ᠎ᠢ ᠦᠭᠡᠷᠡᠴᠢᠯᠡᠭᠰᠡᠨ ᠬᠡᠷ ᠪᠠᠶ᠋ᠢᠰᠢᠩ᠎ᠤᠨ ᠡᠵᠡᠨ ᠪᠣᠯᠵᠠᠶ᠃

     ᠡᠨᠡ ᠵᠢᠯ᠎ᠤᠨ 4 ᠳ᠋ᠤᠭᠡᠷ ᠰᠠᠷ᠎ᠠ᠎ᠠᠴᠠ ᠡᠬᠢᠯᠡᠨ  ᠭᠡᠷ ᠲᠤᠳᠤᠷᠠᠬᠢ ᠵᠠᠰᠠᠯ ᠴᠢᠮᠡᠭᠯᠡᠯ ᠵᠶ᠋ᠡᠨ ᠡᠬᠢᠯᠡᠭᠦᠯᠦᠭᠰᠡᠨ ᠵᠢᠶᠠᠩᠰᠦ ᠵᠢᠨ ᠨᠠᠨᠵᠢᠩ᠎ᠤᠨ ᠰᠠᠭᠤᠭ᠋ᠠᠯᠢ ᠠᠷᠠᠳ ᠭᠦᠸᠧ ᠠᠪᠠᠭ᠍ᠠᠶ ᠄ 《ᠤᠤᠯ᠎ᠤᠨ ᠥᠮᠴᠢᠲᠡᠨ  ᠲᠠᠭ᠋ᠠᠭ᠋ᠠᠴᠠ ᠬᠡᠷᠡᠮ᠎ᠢ ᠪᠠᠯᠪᠠᠴᠢᠵᠤ ᠦᠩᠭᠡᠷᠡᠵᠡᠢ᠃ ᠲᠠᠭ᠋ᠠᠭ᠋ᠠᠴᠠ ᠬᠡᠷᠡᠮ᠎ᠤᠨ ᠠᠰᠠᠭᠤᠳᠠᠯ ᠶᠡᠬᠡ᠂ ᠡᠷᠬᠡᠪᠡᠰᠢ ᠴᠢᠬᠤᠯᠠᠴᠢᠯᠠᠬᠤ ᠬᠡᠷᠡᠭᠳᠡᠢ ᠭᠡᠳᠡᠭ  ᠵᠠᠰᠠᠵᠤ ᠴᠢᠮᠡᠭᠯᠡᠬᠦ ᠠᠵᠢᠯᠳᠠᠨ᠎ᠤ ᠮᠡᠳᠡᠭᠡ ᠵᠢ ᠣᠯᠪᠠ᠃ ᠭᠦᠸᠧ ᠠᠪᠠᠬᠠᠢ ᠲᠡᠷᠡ ᠳᠣᠣᠷ᠎ᠠ᠎ᠨᠢ ᠲᠤᠬᠠᠢ ᠵᠢᠨ ᠭᠠᠵᠠᠷ᠎ᠤᠨ ᠭᠡᠷ ᠪᠠᠢ᠌ᠰᠢᠩ᠎ᠤᠨ ᠬᠠᠮᠢᠶᠠᠷᠤᠯᠲᠠ ᠵᠢᠨ ᠲᠣᠪᠴᠢᠶ᠎ᠠ᠎ᠲᠠᠢ ᠬᠠᠷᠢᠯᠴᠠᠵᠤ ᠬᠣᠯᠪᠣᠭᠳᠠᠯ ᠪᠦᠬᠦᠢ ᠪᠠᠢ᠌ᠳᠠᠯ ᠎ᠢ ᠲᠤᠳᠤᠷᠬᠠᠢ᠌ᠯᠠᠪᠠ᠃ ᠭᠡᠷ ᠪᠠᠶ᠋ᠢᠰᠢᠩ᠎ᠤᠨ ᠬᠠᠮᠢᠶᠠᠷᠣᠯᠳᠠ ᠵᠢᠨ ᠲᠣᠪᠴᠢᠶ᠎ᠠ ᠲᠡᠷᠡ ᠲᠠᠷᠣᠢ᠎ᠲᠤᠨᠢ ᠣᠣᠯ᠎ᠤᠨ ᠪᠠᠶ᠋ᠢᠳᠠᠯ᠎ᠢ ᠰᠡᠷᠭᠦᠬᠡᠬᠦ᠎ᠪᠠᠷ ᠱᠠᠭ᠋ᠠᠷᠳᠠᠵᠠᠢ᠂ ᠰᠡᠭᠦᠯᠡᠷ᠎ᠨᠢ ᠵᠠᠰᠠᠨ ᠴᠢᠮᠡᠭᠯᠡᠬᠦ ᠺᠣᠮᠫᠠᠨᠢ ᠵᠢᠨ ᠪᠠᠷᠤᠭᠴᠠᠭ᠋ᠠᠯᠠᠭᠰᠠᠨ ᠵᠶ᠋ᠠᠷ ᠬᠢᠷᠢ ᠴᠢᠳᠠᠮᠵᠢ᠎ᠲᠠᠢ ᠵᠢᠷᠤᠭ ᠲᠦᠯᠦᠪᠯᠡᠭᠡᠨ᠎ᠤ ᠬᠦᠷᠢᠶᠡᠯᠡᠩ᠎ᠢ ᠡᠷᠢᠵᠦ ᠲᠠᠬᠢᠨ ᠪᠠᠬᠢᠯᠡᠬᠦ ᠵᠠᠷᠣᠳᠠᠯ  ᠲᠦᠮᠨ ᠭᠠᠷᠣᠢ ᠲᠦᠬᠦᠷᠢᠭ᠎ᠠᠴᠠ ᠬᠡᠳᠦᠷᠡᠨ᠎ᠡ᠃

    《ᠠᠷᠠᠯᠵᠢᠶᠠᠯᠠᠬᠤ ᠦᠶ᠎ᠡ᠎ᠳᠤ ᠤᠤᠯ᠎ᠤᠨ ᠥᠮᠴᠢᠲᠡᠨ  ᠡᠨᠡ ᠪᠠᠶ᠋ᠢᠳᠠᠯ᠎ᠢ ᠳᠤᠷᠠᠳᠤᠭᠰᠠᠨ ᠦᠭᠡᠢ᠂ ᠡᠰᠡ ᠲᠡᠭᠡᠪᠡᠯ ᠪᠢᠳᠡ ᠯᠠᠪᠲᠠᠢ ᠬᠤᠳᠠᠯᠳᠤᠨ ᠠᠪᠬᠤ ᠦᠭᠡᠢ ᠶᠤᠮ᠃ ᠪᠢᠳᠡ ᠣᠯᠵᠤ ᠮᠡᠳᠡᠭᠰᠡᠨ᠎ᠤ ᠳᠠᠷᠠᠭ᠎ᠠ ᠲᠡᠭᠦᠨ᠎ᠲᠠᠢ ᠬᠠᠷᠢᠴᠠᠵᠤ ᠪᠠᠢ᠌ᠨ᠎ᠠ᠂ ᠡᠨᠡ ᠶᠠᠪᠤᠳᠠᠯ᠎ᠤᠨ ᠲᠥᠯᠥᠪᠦᠷᠢ ᠵᠢ ᠡᠭᠦᠷᠭᠡᠭᠦᠯᠦᠨ᠎ᠡ》᠂ ᠤᠲᠤᠬᠠᠨ᠎ᠳᠤ ᠲᠡᠷᠡ ᠨᠢᠬᠡᠨᠲᠡ ᠲᠤᠰᠬᠠᠢ ᠮᠡᠷᠬᠡᠵᠢᠯ᠎ᠤᠨ ᠵᠠᠰᠠᠨ ᠴᠢᠮᠡᠭᠯᠡᠬᠦ  ᠺᠤᠮᠫᠠᠨᠢ ᠵᠢ ᠡᠷᠢᠵᠦ  ᠤᠤᠯ ᠬᠡᠪ᠎ᠲᠤᠨᠢ ᠪᠤᠴᠠᠭ᠋ᠠᠵᠤ᠂ ᠵᠠᠰᠠᠨ ᠴᠢᠮᠡᠭᠯᠡᠯ ᠲᠠᠭᠤᠰᠤᠭᠰᠠᠨ᠎ᠤ ᠲᠠᠷᠠᠭ᠎ᠠ ᠵᠠᠭ᠋ᠠᠯᠲᠤᠵᠤ ᠤᠤᠯ ᠦᠮᠴᠢᠯᠡᠭᠴᠢ᠎ᠠᠴᠠ ᠲᠦᠯᠦᠭᠦᠯᠭᠦ᠎ᠪᠠᠷ ᠪᠡᠯᠡᠳᠬᠡᠵᠦ ᠪᠠᠶ᠋ᠢᠨ᠎ᠠ ᠭᠡᠵᠤ ᠭᠦᠸᠸ ᠠᠪᠠᠬᠠᠢ ᠬᠡᠯᠡᠪᠡ᠃

     ᠬᠤᠸᠠᠳᠦ᠋ᠩ  ᠤᠯᠤᠰ ᠲᠥᠷᠥ ᠬᠠᠤᠯᠢ ᠴᠠᠭ᠋ᠠᠵᠠ ᠵᠢᠨ ᠶᠡᠭᠡ ᠰᠤᠷᠭ᠋ᠠᠭᠤᠯᠢ ᠵᠢᠨ ᠭᠡᠷ ᠪᠠᠶ᠋ᠢᠰᠢᠩ ᠭᠠᠵᠠᠷ ᠬᠥᠷᠥᠩᠭᠡ ᠵᠢᠨ ᠲᠥᠷᠥ ᠵᠢᠨ ᠪᠣᠳᠣᠯᠭ᠎ᠠ ᠬᠠᠤᠯᠢ ᠴᠠᠭ᠋ᠠᠵᠠ ᠵᠢᠨ ᠰᠤᠳᠤᠯᠭ᠋ᠠᠨ᠎ᠤ ᠭᠠᠵᠠᠷ᠎ᠤᠨ ᠳᠠᠷᠤᠭ᠎ᠠ ᠶᠠᠩ ᠴᠢᠨ ᠹᠠ ᠢᠯᠡᠷᠬᠡᠶ᠋ᠢᠯᠡᠭᠰᠡᠨ᠎ᠨᠢ᠂  ᠲᠠᠭ᠋ᠠᠭ᠋ᠠᠴᠠ ᠬᠡᠷᠡᠮ᠎ᠢ ᠲᠤᠷ᠎ᠠ᠎ᠪᠠᠷ ᠵᠶ᠋ᠠᠨ ᠨᠤᠷᠠᠭ᠋ᠠᠪᠠᠯ ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠂ ᠵᠠᠰᠠᠭ ᠵᠠᠬᠢᠷᠭ᠋ᠠᠨ᠎ᠤ ᠬᠠᠷᠢᠭᠤᠴᠠᠯᠭ᠎ᠠ ᠴᠢᠨᠠᠭᠰᠢᠯᠠᠪᠠᠯ ᠡᠷᠡᠭᠦᠦ ᠵᠢᠨ ᠬᠠᠷᠢᠭᠤᠴᠠᠯᠭ᠎ᠠ᠎ᠳᠤ ᠲᠤᠯᠭ᠋ᠠᠷᠠᠵᠤ ᠮᠡᠳᠡᠨ᠎ᠡ᠃ ᠪᠠᠷᠢᠯᠭ᠎ᠠ ᠵᠢᠨ ᠬᠠᠤᠯᠢ᠂ ᠢᠷᠭᠡᠨ᠎ᠤ ᠬᠠᠤᠯᠢ ᠵᠢᠨ ᠪᠢᠴᠢᠭ᠂ 《ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠳᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠴᠥᠮ  ᠲᠠᠭ᠋ᠠᠭ᠋ᠠᠴᠠ ᠬᠡᠷᠡᠮ᠎ᠢ ᠳᠤᠷ᠎ᠠ᠎ᠪᠠᠷ ᠵᠶ᠋ᠠᠨ ᠨᠤᠷᠠᠭ᠋ᠠᠨ ᠥᠭᠡᠷᠡᠴᠢᠯᠡᠬᠦ ᠠᠵᠢᠯᠯᠠᠭ᠎ᠠ ᠵᠢᠨ ᠲᠤᠬᠠᠢ ᠲᠤᠳᠤᠷᠬᠠᠢ ᠲᠣᠭᠲᠠᠭ᠋ᠠᠯ᠎ᠲᠠᠢ᠃ ᠵᠢᠱ᠌ᠢᠶᠡᠯᠡᠪᠡᠯ᠂ ᠪᠠᠷᠢᠯᠭ᠎ᠠ ᠵᠢᠨ ᠬᠠᠤᠯᠢ ᠵᠢᠨ ᠳᠠᠯᠠᠳᠤᠭ᠋ᠠᠷ ᠵᠦᠢ᠍ᠯ᠎ᠳᠤ᠂ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠪᠠᠷᠢᠯᠭ᠎ᠠ ᠵᠢᠨ ᠭᠣᠣᠯ ᠴᠣᠭᠴᠠ ᠪᠤᠶᠤ ᠳᠠᠭ᠋ᠠᠭ᠋ᠠᠴᠠ ᠪᠦᠲᠦᠴᠡ᠎ᠲᠠᠢ ᠬᠣᠯᠪᠣᠭᠳᠠᠬᠤ ᠵᠠᠰᠠᠨ ᠴᠢᠮᠡᠭᠯᠡᠬᠦ ᠪᠠᠷᠢᠯᠭ᠎ᠠ ᠵᠢ ᠳᠤᠷ᠎ᠠ᠎ᠪᠠᠷ ᠵᠶ᠋ᠠᠨ ᠦᠭᠡᠷᠡᠴᠢᠯᠡᠨ ᠨᠤᠷᠠᠭ᠋ᠠᠭᠰᠠᠨ ᠪᠠᠢ᠌ᠪᠠᠯ᠂ ᠵᠠᠷᠯᠢᠭᠳᠠᠵᠤ ᠪᠠᠢ᠌ᠭ᠋ᠠᠳ ᠵᠠᠯᠠᠷᠠᠭᠤᠯᠵᠤ᠂ ᠵᠣᠭᠣᠰ ᠵᠶ᠋ᠠᠷ ᠲᠣᠷᠭ᠋ᠠᠨ᠎ᠠ; ᠬᠣᠬᠢᠷᠠᠯ ᠤᠴᠠᠷᠠᠭᠤᠯᠤᠭᠰᠠᠨ ᠪᠠᠢ᠌ᠪᠠᠯ᠂ ᠲᠥᠯᠥᠪᠦᠷᠢ ᠵᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ; ᠶᠠᠯ᠎ᠠ ᠪᠣᠯᠵᠤ ᠪᠦᠷᠢᠯᠳᠦᠭᠰᠡᠨ ᠪᠠᠢ᠌ᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠡᠭᠦᠨ᠎ᠤ ᠬᠠᠮᠲᠤ ᠡᠷᠡᠭᠦᠦ ᠵᠢᠨ ᠬᠠᠤᠯᠢ ᠵᠢ ᠦᠨᠳᠦᠰᠦᠯᠡᠪᠡᠯ᠂  ᠲᠠᠭ᠋ᠠᠭ᠋ᠠᠴᠠ ᠬᠡᠷᠡᠮ᠎ᠢ ᠳᠤᠷ᠎ᠠ᠎ᠪᠠᠷ ᠵᠶ᠋ᠠᠨ ᠨᠤᠷᠠᠭ᠋ᠠᠬᠤ᠎ᠠᠴᠠ ᠪᠣᠯᠵᠤ ᠪᠠᠷᠢᠯᠭ᠎ᠠ ᠵᠢᠨ ᠠᠮᠤᠷ ᠲᠦᠪᠰᠢᠨ᠎ᠳᠤ ᠬᠤᠣᠷ ᠬᠥᠨᠥᠭᠡᠯ ᠤᠴᠠᠷᠠᠭᠤᠯᠬᠤ ᠂  ᠡᠳ᠋ ᠬᠥᠷᠥᠩᠭᠡ ᠵᠢᠨ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ ᠪᠠᠢ᠌ᠪᠠᠯ᠂  ᠠᠶᠤᠯᠲᠠᠢ ᠠᠷᠭ᠎ᠠ᠎ᠪᠠᠷ ᠤᠯᠠᠨ ᠨᠡᠶ᠋ᠢᠲᠡ ᠵᠢᠨ ᠠᠮᠤᠷ ᠲᠦᠪᠰᠢᠨ᠎ᠳᠤ ᠬᠤᠣᠷ ᠬᠥᠨᠥᠭᠡᠯ ᠤᠴᠠᠷᠠᠭᠤᠯᠤᠭᠰᠠᠨ ᠶᠠᠯ᠎ᠠ ᠪᠤᠯᠤᠨ᠎ᠠ ᠭᠡᠵᠡᠢ᠃

     ᠴᠢᠩᠭ᠎ᠠ ᠰᠢᠢ᠍ᠳᠭᠡᠯ᠎ᠤᠨ ᠲᠤᠭᠳᠠᠭ᠋ᠠᠯ᠎ᠢ  ᠨᠠᠷᠢᠯᠢᠭᠵᠢᠭᠤᠯᠤᠨ  ᠭᠤᠣᠯ ᠴᠣᠭᠴᠠ ᠵᠢᠨ ᠬᠠᠷᠢᠭᠤᠴᠠᠯᠭ᠎ᠠ ᠵᠢ  ᠡᠷᠬᠡᠪᠰᠢ ᠨᠠᠶ᠋ᠢᠳᠠᠪᠤᠷᠢᠵᠢᠭᠤᠯᠬᠤ ᠬᠡᠷᠡᠭᠲᠡᠢ

     ᠠᠩᠬᠠᠷᠤᠭᠤᠰᠢᠲᠠᠶ᠎ᠨᠢ ᠂  ᠲᠠᠭ᠋ᠠᠭ᠋ᠠᠴᠠ ᠬᠡᠷᠡᠮ᠎ᠢ ᠨᠤᠷᠠᠭ᠋ᠠᠭᠰᠠᠨ᠎ᠠᠴᠠ ᠪᠣᠯᠵᠤ ᠡᠨᠳᠡᠯ ᠪᠤᠶᠤ ᠵᠢᠭᠤᠷᠠᠯᠳᠤᠭ᠋ᠠᠨ ᠡᠭᠦᠰᠦᠭᠰᠡᠨ ᠬᠡᠷᠡᠭ᠎ᠨᠢ ᠴᠥᠬᠡᠨ ᠪᠢᠰᠢ᠂ ᠵᠠᠷᠢᠮ᠎ᠨᠢ ᠨᠡᠩ ᠴᠦ᠍ ᠭᠤᠨᠢᠭᠲᠤ ᠵᠦᠴᠦᠭᠡ ᠪᠣᠯᠵᠤ ᠪᠠᠢ᠌ᠨ᠎ᠠ᠃

    2021 ᠣᠨ᠎ᠳᠤ ᠵᠧᠵᠢᠶᠠᠩ ᠮᠣᠵᠢ ᠵᠢᠨ ᠬᠠᠩᠵᠧᠦ ᠬᠣᠲᠠ ᠵᠢᠨ ᠰᠢᠶᠤᠤ ᠱᠠᠨ ᠭᠤᠸᠠ ᠯᠢ ᠪᠠᠯᠭ᠋ᠠᠰᠤᠨ᠎ᠤ ᠨᠢᠭᠡᠨ ᠠᠰᠠᠷ᠎ᠤᠨ ᠨᠢᠭᠡᠳᠦᠭᠡᠷ ᠳᠠᠪᠬᠤᠷᠯᠢᠭ᠎ᠤᠨ ᠥᠮᠴᠢᠲᠡᠨ ᠬᠦᠨᠳᠦ ᠵᠢ ᠲᠠᠭ᠋ᠠᠭ᠋ᠠᠬᠤ ᠬᠡᠷᠡᠮ᠎ᠢ ᠨᠤᠷᠠᠭ᠋ᠠᠭᠰᠠᠨ᠎ᠠᠴᠠ ᠪᠦᠬᠦᠯᠢ ᠠᠰᠠᠷ᠎ᠨᠢ 《ᠠᠶᠤᠯ᠎ᠲᠠᠢ ᠭᠡᠷ》 ᠪᠣᠯᠵᠠᠢ᠃ ᠡᠴᠦᠰ᠎ᠲᠤ᠂  ᠠᠶᠤᠯᠲᠠᠢ ᠠᠷᠭ᠎ᠠ᠎ᠪᠠᠷ ᠤᠯᠠᠨ ᠨᠡᠶ᠋ᠢᠲᠡ ᠵᠢᠨ ᠠᠮᠤᠷ ᠲᠦᠪᠰᠢᠨ᠎ᠳᠤ ᠬᠤᠣᠷ ᠬᠥᠨᠥᠭᠡᠯ ᠤᠴᠠᠷᠠᠭᠤᠯᠤᠭᠰᠠᠨ ᠶᠠᠯ᠎ᠠ ᠬᠢᠭᠰᠡᠨ ᠵᠶ᠋ᠠᠷ ᠰᠡᠵᠢᠭᠯᠡᠭᠳᠡᠭᠰᠡᠨ ᠲᠤᠰ ᠡᠷᠦᠬᠡ ᠵᠢᠨ ᠥᠮᠴᠢᠲᠡᠨ᠂ ᠪᠠᠷᠢᠯᠭ᠎ᠠ ᠵᠢᠨ ᠠᠵᠢᠯ᠎ᠢ ᠳᠠᠭ᠋ᠠᠭ᠋ᠠᠴᠢᠯᠠᠭᠴᠢ᠎ᠨᠢ ᠡᠷᠡᠭᠦᠦ ᠵᠢᠨ ᠬᠡᠷᠡᠭ᠎ᠤᠨ ᠠᠯᠪᠠᠳᠠᠯᠭ᠎ᠠ ᠵᠢᠨ ᠠᠷᠭ᠎ᠠ ᠬᠡᠮᠵᠢᠶ᠎ᠡ᠎ᠪᠠᠷ ᠰᠢᠢ᠍ᠳᠭᠡᠭᠳᠡᠵᠡᠢ᠃

    2023 ᠣᠨ᠎ᠤ 5 ᠳ᠋ᠤᠭ᠋ᠠᠷ ᠰᠠᠷ᠎ᠠ᠎ᠳᠤ᠂ ᠬᠠᠷᠠᠮᠥ᠋ᠷᠡᠨ ᠮᠤᠵᠢ ᠵᠢᠨ ᠬᠠᠷᠪᠢᠨ ᠬᠤᠲᠠ ᠵᠢᠨ  ᠰᠥᠩ ᠪᠧᠢ ᠲᠣᠭᠤᠷᠢᠭ᠎ᠤᠨ ᠨᠢᠭᠡᠨ ᠰᠠᠭᠤᠭ᠋ᠠᠯᠢ ᠠᠷᠠᠳ᠎ᠤᠨ ᠲᠣᠭᠤᠷᠢᠭ᠎ᠤᠨ B ᠠᠰᠠᠷ᠎ᠤᠨ ᠵᠠᠷᠢᠮ ᠬᠥᠮᠦᠨ  ᠲᠠᠭ᠋ᠠᠭ᠋ᠠᠴᠠ ᠬᠡᠷᠡᠮ᠎ᠢ ᠨᠤᠷᠠᠭ᠋ᠠᠵᠤ᠂ ᠰᠠᠭᠤᠭ᠋ᠠᠯᠢ ᠠᠷᠠᠳ᠎ᠤᠨ ᠲᠣᠭᠤᠷᠢᠭ᠎ᠤᠨ ᠪᠥᠬᠦ ᠰᠠᠭᠤᠭ᠋ᠠᠯᠢ ᠠᠷᠠᠳ᠎ᠤᠨ ᠠᠰᠠᠷ᠎ᠤᠨ ᠳᠣᠲᠣᠷ᠎ᠠ 240 ᠭᠠᠷᠤᠶ ᠡᠷᠦᠬᠡ ᠥᠮᠴᠢᠲᠡᠨ᠎ᠤ ᠠᠮᠢᠳᠤᠷᠠᠯ ᠯᠤᠲᠤ ᠶᠡᠭᠡ ᠨᠥᠯᠥᠭᠡ᠎ᠳᠤ ᠤᠴᠠᠷᠠᠪᠠ᠃ ᠲᠤᠰ ᠵᠢᠯ᠎ᠤᠨ 6 ᠳ᠋ᠤᠭ᠋ᠠᠷ ᠰᠠᠷ᠎ᠠ᠎ᠳᠤ ᠬᠠᠷᠪᠢᠨ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠰᠥᠩ ᠪᠧᠢ ᠬᠤᠪᠢᠶᠠᠷᠢ ᠲᠣᠪᠴᠢᠶ᠎ᠠ᠎ᠨᠢ ᠠᠶᠦᠯᠳᠠᠢ ᠠᠷᠭ᠎ᠠ᠎ᠪᠠᠷ ᠣᠯᠠᠨ ᠨᠡᠢ᠌ᠳᠡ ᠵᠢᠨ ᠠᠮᠦᠷ ᠲᠦᠪᠰᠢᠨ᠎ᠳᠤ ᠬᠣᠣᠷ ᠬᠥᠨᠥᠭᠡᠯ ᠤᠴᠠᠷᠠᠭᠤᠯᠤᠭᠰᠠᠨ ᠶᠠᠯ᠎ᠠ᠎ᠳᠤ ᠬᠣᠯᠪᠣᠭᠳᠠᠭᠰᠠᠨ ᠲᠦᠷᠢᠶᠡᠰᠦᠯᠡᠭᠴᠢ ᠵᠠᠩ ᠣᠪᠣᠭᠲᠤ᠂  ᠮᠠ  ᠣᠪᠣᠭᠲᠤ ᠂ ᠪᠠᠷᠢᠯᠭ᠎ᠠ ᠵᠢᠨ ᠠᠵᠢᠯᠲᠠᠨ ᠴᠠᠩ ᠣᠪᠣᠭᠲᠤ᠂ ᠯᠢᠦ ᠣᠪᠣᠭᠲᠤ  ᠵᠢᠴᠢ ᠠᠳᠠᠯ ᠠᠬᠤᠢ ᠵᠢᠨ ᠺᠣᠮᠫᠠᠨᠢ ᠵᠢᠨ ᠳᠠᠭ᠋ᠠᠭ᠋ᠠᠮᠠᠯ ᠵᠠᠩ ᠣᠪᠣᠭᠲᠤ 5 ᠬᠥᠮᠦᠨ᠎ᠳᠤ ᠡᠷᠡᠭᠦᠦ ᠵᠢᠨ ᠬᠡᠷᠡᠭ᠎ᠤᠨ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠠᠪᠴᠠᠢ᠃ ᠬᠡᠷᠡᠭ᠎ᠲᠤ ᠬᠤᠯᠪᠣᠭᠳᠠᠭᠰᠠᠨ ᠭᠡᠷ ᠪᠠᠶ᠋ᠢᠰᠢᠩ᠎ᠤᠨ ᠥᠮᠴᠢᠯᠡᠭᠴᠢ ᠵᠦ᠍ ᠣᠪᠣᠭᠲᠤ ᠂ ᠠᠳᠠᠯ ᠠᠬᠤᠢ ᠵᠢᠨ ᠺᠣᠮᠫᠠᠨᠢ ᠵᠢ ᠳᠡᠭᠡᠳᠦ ᠬᠢᠵᠠᠭ᠋ᠠᠷ ᠵᠶ᠋ᠠᠷ ᠬᠦᠨᠳᠦ᠎ᠪᠠᠷ ᠰᠢᠢ᠍ᠳᠭᠡᠪᠡ᠃

     ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠨᠢ ᠠᠯᠢ ᠡᠷᠲᠡ ᠨᠢᠭᠡᠨᠲᠡ  ᠲᠠᠭ᠋ᠠᠭ᠋ᠠᠴᠠ ᠬᠡᠷᠡᠮ᠎ᠢ ᠲᠤᠷ᠎ᠠ᠎ᠪᠠᠷ ᠵᠶ᠋ᠠᠨ ᠨᠤᠷᠠᠭ᠋ᠠᠬᠤ ᠵᠢ ᠴᠠᠭ᠋ᠠᠵᠠᠯᠠᠭᠰᠠᠨ᠎ᠠᠴᠠ ᠭᠠᠳᠠᠨ᠎ᠠ᠂ ᠣᠶ᠋ᠢᠷ᠎ᠠ ᠵᠢᠨ ᠵᠢᠯ᠎ᠤᠳ᠎ᠲᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠡᠯ᠎ᠡ ᠭᠠᠵᠠᠷ᠎ᠤᠨ᠎ᠬᠢᠨ ᠪᠠᠰᠠ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠢ ᠵᠠᠯᠭ᠋ᠠᠭ᠎ᠠ᠎ᠪᠠᠷ ᠨᠡᠶ᠋ᠢᠲᠡᠯᠡᠵᠦ᠂ ᠦᠢ᠍ᠯᠡᠳᠦᠯᠭᠡ ᠵᠢᠨ ᠳᠤᠮᠳᠠ  ᠲᠠᠭ᠋ᠠᠭ᠋ᠠᠴᠠ  ᠬᠡᠷᠡᠮ᠎ᠢ ᠡᠪᠳᠡᠬᠦ ᠵᠡᠷᠭᠡ ᠠᠰᠠᠭᠤᠳᠠᠯ᠎ᠤᠨ ᠲᠤᠬᠠᠶ ᠲᠦᠷᠢᠮ ᠲᠤᠭᠳᠠᠭ᠋ᠠᠯ᠎ᠢ ᠤᠯᠠᠮ ᠨᠢᠭᠡ ᠠᠯᠬᠤᠮ   ᠨᠠᠷᠢᠯᠢᠭᠵᠢᠭᠤᠯᠪᠠ᠃

    2023 ᠣᠨ᠎ᠤ 6 ᠳ᠋ᠤᠭ᠋ᠠᠷ ᠰᠠᠷ᠎ᠠ᠎ᠳᠤ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ 《ᠬᠤᠲᠠ ᠵᠢᠨ ᠬᠡᠷ ᠪᠠᠶ᠋ᠢᠰᠢᠩ᠎ᠤᠨ ᠬᠡᠷ ᠳᠣᠲᠣᠷᠠᠬᠢ ᠵᠠᠰᠠᠯ ᠴᠢᠮᠡᠭᠯᠡᠯ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠮᠡᠳᠡᠭᠳᠡᠯ》᠎ᠢ ᠨᠡᠶ᠋ᠢᠲᠡᠯᠡᠵᠦ᠂ ᠵᠠᠰᠠᠨ ᠴᠢᠮᠡᠭᠯᠡᠬᠦ ᠠᠵᠢᠯᠯᠠᠭ᠎ᠠ ᠵᠢᠨ ᠡᠯ᠎ᠡ ᠭᠤᠭᠴᠤᠭ᠎ᠠ᠎ᠳᠤ ᠴᠢᠭᠯᠡᠭᠦᠯᠦᠨ᠂ ᠵᠠᠰᠠᠨ ᠴᠢᠮᠡᠭᠯᠡᠬᠦ ᠠᠵᠢᠯᠯᠠᠭ᠎ᠠ ᠵᠢᠨ ᠳᠤᠮᠳᠠ ᠡᠯ᠎ᠡ ᠲᠠᠯ᠎ᠠ ᠪᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠎ᠲᠤ ᠬᠤᠯᠪᠣᠭᠳᠠᠬᠤ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠲᠣᠳᠣᠷᠬᠠᠶ᠋ᠢᠯᠠᠵᠤ᠂ ᠵᠠᠰᠠᠨ ᠴᠢᠮᠡᠭᠯᠡᠬᠦ ᠠᠵᠢᠯᠯᠠᠭ᠎ᠠ ᠵᠢ ᠵᠢᠷᠤᠮᠵᠢᠭᠤᠯᠤᠨ᠂ ᠬᠠᠮᠢᠶ᠎ᠠ ᠪᠥᠬᠦᠶ ᠬᠥᠮᠦᠰ ᠪᠠ ᠬᠠᠷᠢᠭᠤᠴᠠᠯᠭ᠋ᠠᠲᠤ ᠭᠤᠤᠯ ᠴᠣᠭᠴᠠ ᠵᠢᠨ ᠬᠡᠷ ᠪᠠᠶ᠋ᠢᠰᠢᠩ᠎ᠤᠨ ᠵᠠᠰᠠᠯ ᠴᠢᠮᠡᠭᠯᠡᠯ᠎ᠤᠨ ᠬᠠᠤᠯᠢ ᠴᠠᠭ᠋ᠠᠵᠠ ᠵᠢᠨ ᠦᠵᠡᠯ ᠤᠬᠠᠮᠰᠠᠷ ᠪᠠ ᠠᠮᠤᠷ ᠲᠦᠪᠰᠢᠨ᠎ᠤ ᠦᠵᠡᠯ ᠤᠬᠠᠮᠰᠠᠷ᠎ᠢ ᠳᠡᠭᠡᠭᠰᠢᠯᠡᠭᠦᠯᠵᠦ᠂ ᠵᠠᠰᠠᠨ ᠴᠢᠮᠡᠭᠯᠡᠬᠦ ᠶᠠᠰᠤ ᠴᠢᠨᠠᠷ᠎ᠤᠨ ᠠᠮᠤᠷ ᠲᠦᠪᠰᠢᠨ ᠪᠠ ᠣᠷᠣᠨ ᠰᠠᠭᠤᠴᠠ ᠵᠢᠨ ᠠᠮᠤᠷ ᠲᠦᠪᠰᠢᠨ᠎ᠢ ᠦᠨᠡᠨ ᠬᠦ᠌ ᠪᠠᠳᠤᠯᠠᠪᠠ᠃

     ᠡᠭᠦᠨ᠎ᠠᠴᠠ ᠡᠮᠦᠨ᠎ᠡ᠂ ᠪᠡᠭᠡᠵᠢᠩ᠂ ᠠᠨᠾᠦ᠋ᠢ ᠮᠤᠵᠢ ᠵᠢᠨ ᠹᠦ᠋ ᠶᠠᠩ ᠬᠤᠲᠠ ᠵᠡᠷᠭᠡ ᠭᠠᠵᠠᠷ᠎ᠤᠨ᠎ᠬᠢᠨ ᠨᠢᠭᠡᠨᠲᠡ ᠬᠠᠮᠢᠶ᠎ᠠ ᠪᠦᠬᠦᠢ ᠮᠡᠳᠡᠭᠳᠡᠯ ᠨᠡᠶ᠋ᠢᠲᠡᠯᠡᠵᠦ᠂ ᠭᠡᠷ ᠪᠠᠶ᠋ᠢᠰᠢᠩ᠎ᠤᠨ ᠳᠣᠲᠣᠷᠠᠬᠢ ᠵᠠᠰᠠᠯ ᠴᠢᠮᠡᠭᠯᠡᠯ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠬᠠᠮᠢᠶ᠎ᠠ ᠪᠦᠬᠦᠢ ᠭᠤᠣᠯ ᠴᠣᠭᠴᠠ ᠵᠢᠨ ᠬᠠᠷᠢᠭᠤᠴᠠᠯᠭ᠎ᠠ ᠵᠢ ᠲᠣᠳᠣᠷᠬᠠᠶ᠋ᠢᠯᠠᠵᠤ᠂ ᠬᠢᠨᠠᠨ ᠬᠠᠮᠢᠶᠠᠷᠬᠤ ᠲᠣᠭᠲᠠᠴᠠ ᠪᠠᠶ᠋ᠢᠭᠤᠯᠤᠯ᠎ᠤᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠤᠯᠠᠨ ᠨᠡᠶ᠋ᠢᠲᠡ ᠵᠢᠨ ᠠᠮᠤᠷ ᠲᠦᠪᠰᠢᠨ ᠪᠠ ᠤᠯᠠᠨ ᠨᠡᠶ᠋ᠢᠲᠡ ᠵᠢᠨ ᠠᠰᠢᠭ ᠲᠤᠰᠠ ᠵᠢ ᠪᠠᠲᠤᠯᠠᠪᠠ᠃ ᠵᠢᠱ᠌ᠢᠶᠡᠯᠡᠪᠡᠯ᠂ ᠪᠡᠭᠡᠵᠢᠩ 2023 ᠣᠨ᠎ᠤ 5 ᠳ᠋ᠤᠭ᠋ᠠᠷ ᠰᠠᠷ᠎ᠠ ᠵᠢᠨ ᠰᠡᠭᠦᠯᠴᠢ᠎ᠳᠤ 《ᠣᠷᠣᠨ ᠰᠠᠭᠤᠴᠠ ᠵᠢᠨ  ᠲᠠᠭ᠋ᠠᠭ᠋ᠠᠴᠠ ᠪᠦᠲᠦᠴᠡ ᠵᠢ ᠨᠤᠷᠠᠭ᠋ᠠᠵᠤ ᠦᠭᠡᠷᠡᠴᠢᠯᠡᠬᠦ ᠬᠠᠮᠢᠶᠠᠷᠤᠯᠲᠠ ᠵᠢ ᠴᠢᠩᠭ᠋ᠠᠳᠬᠠᠬᠤ ᠲᠤᠬᠠᠶ ᠪᠠᠴᠢᠮ ᠮᠡᠳᠡᠭᠳᠡᠯ》᠎ᠢ ᠨᠡᠶ᠋ᠢᠲᠡᠯᠡᠵᠦ᠂ ᠪᠥᠬᠦ ᠬᠤᠲᠠ ᠵᠢᠨ ᠬᠡᠷ ᠪᠠᠶ᠋ᠢᠰᠢᠩ᠎ᠤᠨ ᠪᠠᠷᠢᠯᠭ᠎ᠠ᠎ᠳᠤ ᠪᠠᠷᠢᠯᠭ᠎ᠠ ᠵᠢᠨ ᠭᠤᠤᠯ ᠴᠣᠭᠴᠠ ᠪᠠ  ᠲᠠᠭ᠋ᠠᠭ᠋ᠠᠴᠠ ᠪᠦᠲᠦᠴᠡ ᠵᠢ ᠳᠤᠷ᠎ᠠ᠎ᠪᠠᠷ ᠵᠶ᠋ᠠᠨ ᠬᠤᠪᠢᠷᠠᠭᠤᠯᠬᠤ ᠦᠢ᠍ᠯᠡ ᠠᠵᠢᠯᠯᠠᠭ᠎ᠠ ᠭᠠᠷᠬᠤ ᠵᠢ ᠴᠢᠩᠭ᠎ᠠ ᠴᠠᠭ᠋ᠠᠵᠠᠯᠠᠬᠤ ᠵᠢ ᠲᠣᠳᠣᠷᠬᠠᠶ ᠲᠣᠭᠲᠠᠭ᠋ᠠᠵᠠᠶ᠃ ᠭᠡᠷ ᠪᠠᠶ᠋ᠢᠰᠢᠩ᠎ᠤᠨ ᠥᠮᠴᠢᠯᠡᠭᠴᠢ᠂ ᠬᠡᠷᠡᠭᠯᠡᠭᠴᠢ ᠭᠡᠷ ᠪᠠᠶ᠋ᠢᠰᠢᠩ ᠬᠡᠷᠡᠭᠯᠡᠬᠦ ᠶᠠᠪᠤᠴᠠ᠎ᠳᠠᠬᠢ ᠪᠠᠶ᠋ᠢᠴᠠᠭ᠋ᠠᠯᠲᠠ᠂ ᠲᠣᠭᠣᠷᠢᠨ ᠪᠠᠶ᠋ᠢᠴᠠᠭ᠋ᠠᠯᠲᠠ᠎ᠪᠠᠨ ᠴᠢᠩᠭ᠋ᠠᠳᠬᠠᠵᠤ᠂ ᠣᠷᠣᠨ ᠰᠠᠭᠤᠴᠠ᠎ᠳᠤ ᠬᠤᠪᠢᠷᠠᠯᠲᠠ ᠭᠠᠷᠤᠭᠰᠠᠨ ᠪᠠᠷᠢᠯᠭ᠎ᠠ ᠵᠢᠨ ᠭᠣᠤᠯ ᠴᠣᠭᠴᠠ ᠪᠠ  ᠲᠠᠭ᠋ᠠᠭ᠋ᠠᠴᠠ ᠪᠦᠲᠦᠴᠡ ᠵᠢᠨ ᠦᠢ᠍ᠯᠡ ᠠᠵᠢᠯᠯᠠᠭ᠎ᠠ᠎ᠲᠠᠢ ᠪᠠᠶ᠋ᠢᠬᠤ ᠵᠢ ᠣᠯᠵᠤ ᠮᠡᠳᠡᠪᠡᠯ ᠴᠠᠭ ᠲᠤᠬᠠᠶ᠎ᠳᠤᠨᠢ ᠢᠳᠬᠠᠨ ᠬᠤᠷᠢᠭᠯᠠᠨ᠎ᠠ᠂ ᠢᠳᠬᠠᠭ᠋ᠠᠳ ᠬᠦᠴᠦᠨ ᠦᠭᠡᠶ  ᠪᠤᠶᠤ ᠨᠢᠭᠡᠨᠲᠡ ᠤᠷᠰᠢᠭ ᠲᠠᠲᠠᠭᠰᠠᠨ ᠪᠠᠶ᠋ᠢᠪᠠᠯ᠂ ᠴᠠᠭ ᠲᠤᠬᠠᠶ᠎ᠳᠤᠨᠢ ᠥᠮᠴᠢᠲᠡᠨ᠎ᠤ ᠵᠥᠪᠯᠡᠯ ᠪᠤᠶᠤ ᠰᠠᠭᠤᠭ᠋ᠠᠯᠢ ᠠᠷᠠᠳ᠎ᠤᠨ ᠵᠥᠪᠯᠡᠯ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠵᠡᠷᠭᠡ᠎ᠳᠤ ᠮᠡᠳᠡᠭᠦᠯᠬᠦ ᠬᠡᠷᠡᠭᠲᠡᠶ᠃

     ᠳᠤᠷ᠎ᠠ᠎ᠪᠠᠷ ᠵᠶ᠋ᠠᠨ ᠦᠭᠡᠷᠡᠴᠢᠯᠡᠵᠦ ᠨᠤᠷᠠᠭ᠋ᠠᠬᠤ ᠠᠵᠢᠯᠯᠠᠭ᠎ᠠ ᠵᠢ ᠬᠡᠷᠬᠢᠨ ᠵᠠᠰᠠᠬᠤ ᠪᠤᠢ? 《ᠭᠡᠷ ᠪᠠᠶ᠋ᠢᠰᠢᠩ᠎ᠤᠨ ᠥᠮᠴᠢᠯᠡᠭᠴᠢ᠂ ᠬᠡᠷᠡᠭᠯᠡᠭᠴᠢ᠂ ᠵᠠᠰᠠᠵᠤ ᠴᠢᠮᠡᠭᠯᠡᠬᠦ ᠠᠵᠤ ᠠᠬᠤᠶ᠋ᠢᠯᠠᠯ ᠪᠠ ᠵᠢᠷᠤᠵᠤ ᠲᠥᠯᠥᠪᠯᠡᠬᠦ ᠨᠢᠭᠡᠴᠢ ᠵᠢᠨ ᠬᠠᠷᠢᠭᠤᠴᠠᠯᠭ᠎ᠠ ᠵᠢ ᠲᠣᠳᠣᠷᠬᠠᠶ᠋ᠢᠯᠠᠵᠤ᠂ ᠴᠢᠩᠭ᠋ᠠᠷᠠᠭᠤᠯᠵᠤ᠂ ᠨᠠᠶ᠋ᠢᠳᠠᠪᠤᠷᠢᠵᠢᠭᠤᠯᠬᠤ》 ᠬᠡᠷᠡᠭᠲᠡᠢ᠂ ᠬᠡᠷ ᠪᠠᠶ᠋ᠢᠰᠢᠩ᠎ᠤᠨ ᠥᠮᠴᠢᠯᠡᠭᠴᠢ᠂ ᠬᠡᠷᠡᠭᠯᠡᠭᠴᠢ ᠵᠢᠨ ᠵᠠᠰᠠᠵᠤ ᠴᠢᠮᠡᠭᠯᠡᠬᠦ ᠠᠵᠢᠯᠯᠠᠭ᠎ᠠ ᠥᠷᠨᠢᠭᠦᠯᠬᠦ᠎ᠳᠡᠭᠡᠨ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠶᠠᠪᠤᠭᠳᠠᠭᠤᠯᠵᠤ᠂ ᠬᠠᠮᠢᠶ᠎ᠠ ᠪᠥᠬᠦᠶ ᠬᠠᠤᠯᠢ ᠴᠠᠭ᠋ᠠᠵᠠ ᠵᠢᠨ ᠲᠣᠭᠲᠠᠭ᠋ᠠᠯ᠎ᠢ ᠴᠢᠩᠭ᠎ᠠ ᠵᠢᠷᠤᠮᠯᠠᠬᠤ ᠵᠢᠨ ᠬᠠᠮᠲᠤ ᠵᠠᠰᠠᠨ ᠴᠢᠮᠡᠭᠯᠡᠬᠦ ᠠᠵᠤ ᠠᠬᠤᠶ᠋ᠢᠯᠠᠯ᠎ᠯᠤᠭ᠎ᠠ ᠵᠠᠰᠠᠨ ᠴᠢᠮᠡᠭᠯᠡᠬᠦ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠬᠡᠯᠡᠯᠴᠡᠭᠡᠷ ᠲᠣᠭᠲᠠᠵᠤ᠂ ᠪᠠᠷᠢᠯᠭ᠎ᠠ ᠵᠢᠨ ᠭᠤᠤᠯ ᠴᠣᠭᠴᠠ ᠪᠠ  ᠲᠠᠭ᠋ᠠᠭ᠋ᠠᠴᠠ ᠪᠦᠲᠦᠴᠡ ᠵᠢ ᠨᠥᠯᠥᠭᠡᠯᠡᠬᠦ ᠦᠢ᠍ᠯᠡ ᠠᠵᠢᠯᠯᠠᠭ᠎ᠠ ᠵᠢ ᠡᠷᠡᠰ ᠬᠤᠷᠢᠭᠯᠠᠵᠤ ᠂  ᠲᠠᠭ᠋ᠠᠭ᠋ᠠᠴᠠ ᠬᠡᠷᠡᠮ᠎ᠢ  ᠦᠭᠡᠷᠡᠴᠢᠯᠡᠵᠦ ᠨᠤᠷᠠᠭ᠋ᠠᠬᠤ᠎ᠠᠴᠠ ᠪᠤᠯᠤᠭᠰᠠᠨ ᠪᠠᠷᠢᠯᠭ᠎ᠠ ᠵᠢ ᠰᠡᠷᠭᠦᠭᠡᠬᠦ ᠵᠡᠷᠭᠡ ᠬᠠᠮᠢᠶ᠎ᠠ ᠪᠥᠬᠦᠶ ᠵᠠᠷᠤᠳᠠᠯ᠎ᠢ  ᠬᠡᠷ ᠪᠠᠶ᠋ᠢᠰᠢᠩ᠎ᠤᠨ ᠥᠮᠴᠢᠯᠡᠭᠴᠢ ᠪᠤᠶᠤ ᠭᠡᠷ ᠪᠠᠢ᠌ᠰᠢᠩ ᠬᠡᠷᠡᠭᠯᠡᠭᠴᠢ ᠂  ᠵᠠᠰᠠᠨ ᠴᠢᠮᠡᠭᠯᠡᠬᠦ ᠠᠵᠤ ᠠᠬᠤᠶ᠋ᠢᠯᠠᠯ᠎ᠠᠴᠠ ᠡᠭᠦᠷᠭᠡᠯᠡᠬᠦ ᠬᠡᠷᠡᠭᠲᠡᠶ; ᠵᠠᠰᠠᠨ ᠴᠢᠮᠡᠭᠯᠡᠬᠦ ᠠᠵᠤ ᠠᠬᠤᠶ᠋ᠢᠯᠠᠯ᠎ᠤᠳ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ ᠵᠢᠨ ᠠᠯᠪᠠᠳᠠᠯᠭ᠎ᠠ ᠵᠢᠨ ᠴᠢᠨᠠᠷᠲᠠᠶ ᠪᠠᠷᠢᠮᠵᠢᠶ᠎ᠠ ᠪᠠ ᠪᠤᠰᠤᠳ ᠮᠡᠷᠭᠡᠵᠢᠯ᠎ᠤᠨ ᠪᠠᠷᠢᠮᠵᠢᠶ᠎ᠠ ᠵᠢ ᠴᠢᠩᠭ᠎ᠠ ᠵᠢᠷᠤᠮᠯᠠᠨ ᠠᠵᠢᠯᠯᠠᠵᠤ᠂ ᠬᠥᠮᠦᠨ ᠪᠠ ᠬᠡᠷ ᠪᠠᠶ᠋ᠢᠰᠢᠩ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠶ᠃ ᠪᠠᠷᠢᠯᠭ᠎ᠠ ᠵᠢᠨ ᠠᠵᠢᠯ᠎ᠤᠨ ᠭᠤᠣᠯ ᠴᠣᠭᠴᠠ ᠪᠣᠯᠣᠨ  ᠲᠠᠭ᠋ᠠᠭ᠋ᠠᠴᠠ ᠬᠡᠷᠡᠮ᠎ᠢ ᠳᠤᠷ᠎ᠠ᠎ᠪᠠᠷ ᠵᠶ᠋ᠠᠨ ᠬᠤᠪᠢᠷᠠᠭᠤᠯᠤᠭᠰᠠᠨ ᠵᠡᠷᠭᠡ ᠦᠢ᠍ᠯᠡ ᠠᠵᠢᠯᠯᠠᠭ᠎ᠠ ᠣᠷᠣᠰᠢᠵᠤ ᠪᠠᠶ᠋ᠢᠪᠠᠯ᠂ ᠬᠢᠨᠠᠨ ᠬᠠᠮᠢᠶᠠᠷᠤᠯᠳᠠ ᠵᠢᠨ ᠰᠠᠯᠠᠭ᠎ᠠ ᠮᠥᠴᠢᠷ᠎ᠠᠴᠠ ᠪᠠᠶ᠋ᠢᠳᠠᠯ᠎ᠢ᠎ᠨᠢ ᠦᠵᠡᠵᠦ  ᠵᠣᠭᠤᠰ ᠵᠶ᠋ᠠᠷ ᠲᠣᠷᠭ᠋ᠠᠬᠤ᠂ ᠠᠵᠢᠯ᠎ᠢ᠎ᠨᠢ ᠵᠣᠭᠰᠣᠭ᠋ᠠᠨ ᠴᠡᠭᠴᠡᠯᠡᠬᠦ᠂ ᠬᠢᠷᠢ ᠬᠡᠮ᠎ᠤᠨ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠦᠭᠡᠢ ᠪᠣᠯᠭ᠋ᠠᠬᠤ ᠵᠡᠷᠭᠡ ᠰᠢᠢ᠍ᠳᠬᠡᠯ ᠥᠭᠬᠦ ᠵᠢᠨ ᠬᠠᠮᠲᠤ᠂ ᠠᠵᠤ ᠠᠬᠤᠶ᠋ᠢᠯᠠᠯ᠎ᠤᠨ ᠢᠲᠡᠭᠡᠮᠵᠢ ᠵᠢᠨ ᠳᠠᠩᠰᠠ ᠡᠪᠬᠡᠮᠡᠯ᠎ᠳᠤ ᠲᠡᠮᠳᠡᠭᠯᠡᠨ ᠤᠷᠤᠭᠤᠯᠵᠤ ᠂  ᠬᠠᠷᠢᠭᠤᠴᠠᠯᠭ᠎ᠠ᠎ᠲᠠᠢ ᠬᠠᠮᠢᠶ᠎ᠠ ᠪᠦᠬᠦᠢ ᠠᠵᠢᠯ ᠡᠷᠬᠢᠯᠡᠭᠰᠡᠳ᠎ᠢ ᠬᠠᠤᠯᠢ ᠶᠣᠰᠣᠭ᠋ᠠᠷ ᠰᠢᠢ᠍ᠳᠬᠡᠨ᠎ᠡ; ᠵᠢᠷᠤᠵᠤ ᠲᠥᠯᠥᠪᠯᠡᠬᠦ ᠨᠢᠭᠡᠴᠢ ᠵᠢᠨ ᠭᠠᠷᠭ᠋ᠠᠭᠰᠠᠨ ᠵᠢᠷᠤᠭ ᠲᠥᠯᠥᠪᠯᠡᠭᠡ ᠵᠢᠨ ᠪᠢᠴᠢᠭ ᠵᠡᠷᠭᠡ᠎ᠳᠤ ᠨᠤᠷᠠᠭ᠋ᠠᠬᠤ ᠪᠠᠯᠪᠠᠴᠢᠬᠤ᠂  ᠲᠠᠭ᠋ᠠᠭ᠋ᠠᠴᠠ ᠬᠡᠷᠡᠮ᠎ᠢ ᠨᠤᠷᠭ᠋ᠠᠵᠤ ᠦᠭᠡᠷᠡᠴᠢᠯᠡᠬᠦ ᠠᠭᠤᠯᠭ᠎ᠠ ᠪᠠᠶ᠋ᠢᠪᠠᠯ᠂ ᠬᠢᠨᠠᠨ ᠬᠠᠮᠢᠶᠠᠷᠤᠯᠳᠠ ᠵᠢᠨ ᠪᠠᠶ᠋ᠢᠭᠤᠯᠤᠮᠵᠢ  ᠪᠠᠶ᠋ᠢᠳᠠᠯ᠎ᠢ  ᠦᠵᠡᠵᠦ  ᠵᠣᠭᠤᠰ ᠵᠶ᠋ᠠᠷ ᠲᠣᠷᠭ᠋ᠠᠬᠤ᠂ ᠠᠵᠢᠯ᠎ᠢ᠎ᠨᠢ ᠵᠣᠭᠰᠣᠭ᠋ᠠᠨ ᠴᠡᠭᠴᠡᠯᠡᠬᠦ᠂ ᠬᠢᠷᠢ ᠬᠡᠮ᠎ᠤᠨ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠦᠭᠡᠢ ᠪᠣᠯᠭ᠋ᠠᠬᠤ ᠵᠡᠷᠭᠡ ᠰᠢᠢ᠍ᠳᠬᠡᠯ ᠥᠭᠴᠦ᠂ ᠬᠠᠤᠯᠢ ᠶᠣᠰᠣᠭ᠋ᠠᠷ ᠬᠠᠷᠢᠭᠤᠴᠠᠯᠭ᠎ᠠ᠎ᠲᠠᠢ ᠠᠵᠢᠯ ᠡᠷᠬᠢᠯᠡᠭᠰᠡᠳ᠎ᠢ ᠵᠠᠯᠬᠠᠭ᠋ᠠᠨ ᠰᠢᠢ᠍ᠳᠬᠡᠬᠦ ᠬᠡᠷᠡᠭᠲᠡᠢ᠃

 

ᠢᠷᠡᠯᠲᠡ᠄ ᠳᠤᠮᠳᠠᠳᠤ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢᠨ ᠰᠣᠨᠢᠨ