ᠤᠯᠤᠰ ᠤᠨ ᠪᠠᠶᠠᠷ᠂ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠠᠮᠠᠷᠠᠯᠲᠠ ᠬᠦᠷᠴᠦ ᠢᠷᠡᠬᠦ ᠪᠠᠷ᠂ ᠦᠷᠭᠡᠨ ᠤᠯᠠᠨ ᠬᠡᠷᠡᠭᠯᠡᠭᠴᠢᠳ ᠢ ᠠᠮᠤᠷ ᠲᠦᠪᠰᠢᠨ᠂ | ᠡᠩᠬᠡ ᠠᠮᠤᠭᠤᠯᠠᠩᠳᠤ ︽ᠬᠤᠤᠰ ᠪᠠᠶᠠᠷ︾ ᠢᠶᠠᠨ ᠲᠡᠮᠲᠡᠭᠯᠡᠬᠦᠯᠬᠦ ᠶᠢᠨ ᠲᠦᠯᠦᠭᠡ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠡᠷᠡᠭᠯᠡᠭᠴᠢᠳ ᠤᠨ | ᠨᠡᠶᠢᠭᠡᠮᠯᠢᠭ ᠠᠴᠠ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ︽ᠬᠤᠤᠰ ᠪᠠᠶᠠᠷ︾ ᠤᠨ ᠬᠤᠭᠤᠴᠠᠭᠠᠨ ᠤ ᠬᠡᠷᠡᠭᠯᠡᠭᠡ ᠳᠡᠭᠡᠨ ᠲᠤᠤᠷᠠᠬᠢ ᠵᠦᠢᠯ ᠢ | ᠠᠩᠬᠠᠷᠬᠤ ᠪᠤᠯᠪᠠ ᠤᠤ ᠭᠡᠵᠦ ᠰᠡᠷᠡᠮᠵᠢ ᠦᠭᠴᠦ ᠪᠠᠶᠢᠨ᠎ᠠ᠃ | ᠪᠠᠶᠠᠷ ᠤᠨ ᠡᠲᠦᠷ ᠤᠨ ᠬᠤᠭᠤᠴᠠᠭᠠᠨ ᠳᠤ ᠬᠡᠵᠢᠭ ᠤᠨ ᠪᠠᠶᠢᠲᠠᠯ ᠤᠨ ᠰᠡᠷᠭᠡᠶᠢᠯᠡᠯᠲᠡ ᠡᠵᠡᠮᠲᠡᠯ ᠢᠶᠠᠨ ᠠᠩᠬᠠᠷᠬᠤ ᠬᠡᠷᠡᠭᠲᠡᠢ᠃ ᠭᠠᠲᠠᠬᠰᠢ ᠭᠠᠷᠴᠤ ᠬᠡᠷᠡᠭᠯᠡᠭᠡᠨ | ᠬᠢᠬᠦ ᠳᠡᠭᠡᠨ᠂ ᠬᠤᠪᠢ ᠬᠦᠮᠦᠨ ᠤ ᠬᠠᠮᠠᠭᠠᠯᠠᠯᠲᠠ ᠪᠠᠨ ᠰᠠᠶᠢᠳᠤᠷ ᠬᠢᠬᠦ ᠬᠡᠷᠡᠭᠲᠡᠢ᠂ ᠬᠦᠮᠦᠨ ᠬᠠᠷ᠎ᠠ ᠤᠯᠠᠨ ᠭᠠᠵᠠᠷ ᠲᠤ ᠠᠮᠠᠪᠴᠢ ᠪᠠᠨ ᠵᠠᠪᠠᠯ ᠵᠡᠬᠦᠵᠦ᠂ ᠬᠤᠪᠢ | ᠬᠦᠮᠦᠨ ᠤ ᠡᠷᠡᠬᠦᠯ ᠬᠠᠮᠠᠭᠠᠯᠠᠯ ᠢᠶᠠᠨ ᠠᠩᠬᠠᠷᠴᠤ᠂ ᠭᠠᠷ ᠢᠶᠠᠨ ᠢᠯᠡᠬᠦᠭᠡᠬᠡᠨ ᠤᠬᠢᠶᠠᠵᠤ᠂ ᠬᠡᠵᠢᠭ ᠤᠨ ᠪᠠᠶᠢᠲᠠᠯ ᠤᠨ ᠰᠡᠷᠭᠡᠶᠢᠯᠡᠯᠲᠡ ᠡᠵᠡᠮᠲᠡᠯ ᠤᠨ ᠱᠠᠭᠠᠷᠲᠠᠯᠭ᠎ᠠ ᠪᠠᠷ | ᠬᠡᠷᠡᠭᠯᠡᠭᠡᠨ ᠤ ᠲᠠᠯᠠᠪᠤᠷ ᠤᠨ ᠡᠷᠡᠬᠦᠯ ᠤᠨ ᠺᠤᠳ᠋ ᠰᠢᠯᠭᠠᠬᠤ᠂ ᠪᠡᠶ᠎ᠡ ᠶᠢᠨ ᠲᠤᠯᠠᠭᠠᠨ ᠢ ᠬᠡᠮᠵᠢᠬᠦ ᠵᠡᠷᠭᠡ ᠠᠵᠢᠯ ᠳᠤ ᠬᠠᠮᠵᠢᠯᠴᠠᠨ᠂ ᠬᠡᠷᠡᠭᠯᠡᠭᠡᠨ ᠤ ᠠᠮᠤᠷ ᠲᠦᠪᠰᠢᠨ ᠢ | ᠪᠠᠲᠤᠯᠠᠭ᠎ᠠ ᠲᠠᠢ ᠪᠠᠶᠢᠯᠭᠠᠬᠤ ᠬᠡᠷᠡᠭᠲᠡᠢ᠂ ᠬᠡᠷᠪᠡ ᠪᠡᠶ᠎ᠡ ᠬᠠᠯᠠᠭᠤᠷᠠᠬᠤ ᠪᠤᠶᠤ ᠡᠰᠡᠬᠦᠯ᠎ᠡ ᠬᠠᠯᠠᠭᠤᠷᠠᠭᠠᠳ ᠪᠠᠭᠤᠷᠠᠬᠤ ᠦᠭᠡᠢ ᠪᠠᠶᠢᠲᠠᠯ ᠭᠠᠷᠪᠠᠯ ᠲᠠᠷᠤᠢ ᠲᠤᠤᠷ᠎ᠠ ᠪᠠᠨ | ᠡᠮᠨᠡᠬᠦᠯᠬᠦ ᠬᠡᠷᠡᠭᠲᠡᠢ᠃ | ᠵᠢᠭᠤᠯᠴᠢᠯᠠᠯ ᠤᠨ ᠬᠡᠷᠡᠭᠯᠡᠭᠡᠨ ᠢᠶᠠᠨ ᠵᠦᠢ ᠵᠤᠬᠢᠰᠲᠠᠢ ᠲᠤᠬᠢᠷᠠᠭᠤᠯᠤᠨ᠎ᠠ᠃ ᠬᠡᠷᠪᠡ ᠪᠦᠯᠬᠦᠮ ᠢᠶᠠᠷ ᠵᠤᠭᠠᠴᠠᠬᠤ ᠰᠤᠩᠭᠤᠯᠲᠠ ᠬᠢᠪᠡᠯ ᠬᠢᠷᠢ ᠬᠡᠮ ᠤᠨ | ᠭᠡᠷᠡᠴᠢᠯᠡᠯ ᠲᠠᠢ ᠵᠢᠭᠤᠯᠴᠢᠯᠠᠬᠴᠢᠳ ᠤᠨ ᠬᠤᠷᠢᠶ᠎ᠠ ᠶᠢ ᠰᠤᠩᠭᠤᠨ᠎ᠠ᠃ ᠬᠠᠮᠤᠭ ᠤᠨ ᠰᠠᠶᠢᠨ ᠨᠢ ᠬᠡᠪᠴᠢᠶ᠎ᠡ ᠪᠠᠷ ᠶᠡᠭᠡ᠂ ᠢᠲᠡᠭᠡᠮᠵᠢ ᠦᠨᠲᠦᠷ ᠵᠢᠭᠤᠯᠴᠢᠯᠠᠬᠴᠢᠳ ᠤᠨ | ᠬᠤᠷᠢᠶ᠎ᠠ ᠶᠢ ᠰᠤᠩᠭᠤᠪᠠᠯ ᠰᠠᠶᠢᠨ︔ ᠵᠢᠭᠤᠯᠴᠢᠯᠡᠯ ᠤᠨ ᠪᠦᠲᠣᠭᠡᠭᠳᠡᠬᠦᠨ ᠤ ᠦᠨ᠎ᠡ ᠬᠠᠩᠰᠢ ᠨᠢ ᠲᠤᠬᠢᠮᠵᠢᠲᠠᠢ ᠵᠢᠭᠤᠯᠴᠢᠯᠠᠬᠴᠢᠳ ᠤᠨ ᠬᠤᠷᠢᠶ᠎ᠠ ᠶᠢ ᠰᠤᠩᠭᠤᠨ᠎ᠠ︔ | ᠲᠤᠤᠷ᠎ᠠ ᠬᠠᠩᠰᠢ ᠲᠠᠢ ᠵᠢᠭᠤᠯᠴᠢᠯᠠᠯ ᠤᠨ ᠤᠨᠠᠭᠤᠯᠢ ᠠᠴᠠ ᠰᠡᠷᠭᠡᠶᠢᠯᠡᠬᠦ ᠬᠡᠷᠡᠭᠲᠡᠢ︔ ᠵᠢᠭᠤᠯᠴᠢᠯᠠᠬᠴᠢᠳ ᠤᠨ ᠬᠤᠷᠢᠶ᠎ᠠ ᠯᠤᠭ᠎ᠠ ᠵᠢᠩᠭᠢᠨᠢ ᠭᠡᠷ᠎ᠡ ᠲᠤᠭᠲᠠᠵᠤ᠂ | ᠪᠦᠯᠬᠦᠮ ᠢᠶᠠᠷ ᠵᠤᠭᠠᠴᠠᠬᠤ ᠵᠠᠷᠤᠲᠠᠯ ᠳᠤ ᠠᠬᠤᠭᠤᠯᠤᠬᠰᠠᠨ ᠦᠵᠡᠮᠵᠢ ᠶᠢᠨ ᠴᠢᠭ ᠤᠨ ᠲᠦᠷᠦᠯ ᠵᠦᠢᠯ ᠢ ᠲᠤᠲᠤᠷᠬᠠᠶᠢᠯᠠᠵᠤ᠂ ᠭᠡᠷ᠎ᠡ ᠠᠴᠠ ᠵᠦᠷᠢᠴᠡᠭᠰᠡᠨ᠂ | ᠬᠠᠷᠢᠭᠤᠴᠠᠯᠭ᠎ᠠ ᠬᠡᠯᠲᠦᠷᠢᠬᠦᠯᠬᠦ ᠵᠢᠴᠢ ᠮᠦᠩᠭᠦ ᠪᠤᠴᠠᠭᠠᠬᠤ ᠵᠤᠷᠪᠤᠰ ᠢ ᠲᠤᠲᠤᠷᠬᠠᠶᠢᠯᠠᠬᠤ ᠮᠦᠷᠲᠡᠭᠡᠨ ᠬᠠᠮᠢᠶ᠎ᠠ ᠪᠦᠬᠦᠢ ᠪᠠᠷᠢᠮᠲᠠ ᠪᠠᠨ ᠦᠯᠡᠲᠡᠭᠡᠵᠦ ᠬᠠᠲᠠᠭᠠᠯᠠᠨ᠎ᠠ᠃ | ᠴᠢᠲᠠᠬᠤ ᠳᠠᠭᠠᠨ ᠪᠠᠩᠬᠢ ᠶᠢᠨ ᠺᠠᠷᠲ ᠪᠡ ᠭᠠᠷ ᠤᠲᠠᠰᠤ ᠪᠠᠷ ᠲᠣᠭᠠᠴᠠᠭ᠎ᠠ ᠬᠢᠬᠦ ᠠᠷᠭ᠎ᠠ ᠶᠢ ᠬᠡᠷᠡᠭᠯᠡᠵᠦ᠂ ᠬᠤᠪᠢ ᠪᠡᠶ᠎ᠡ ᠪᠠ ᠡᠳ᠋ ᠬᠦᠷᠦᠩᠭᠡ ᠶᠢᠨ ᠢᠶᠠᠨ ᠠᠮᠤᠷ | ᠲᠦᠪᠰᠢᠨ ᠢ ᠪᠠᠳᠤᠯᠠᠬᠤ ᠬᠡᠷᠡᠭᠲᠡᠢ᠃ | ᠢᠲᠡᠭᠡᠨ ᠤᠮᠲᠠᠭᠠᠨ ᠤ ᠬᠡᠷᠡᠭᠯᠡᠭᠡ ᠳᠤ ᠪᠤᠯᠪᠠᠰᠤᠨ᠂ ᠠᠷᠪᠢᠯᠠᠵᠤ ᠭᠠᠮᠨᠠᠬᠤ ᠶᠢ ᠠᠩᠬᠠᠷᠬᠤ ᠬᠡᠷᠡᠭᠲᠡᠢ᠃ ᠬᠡᠷᠡᠭᠯᠡᠭᠴᠢᠳ ᠬᠤᠭᠤᠯᠠᠨ ᠰᠢᠷᠡᠭᠡᠨ ᠳᠠᠬᠢ ᠪᠤᠯᠪᠠᠰᠤᠨ | ᠂ ᠠᠷᠪᠢᠴᠢ ᠭᠠᠮᠲᠠᠢ ᠪᠠᠶᠢᠬᠤ ᠶᠢ ᠢᠲᠢᠪᠬᠢᠲᠡᠢ ᠰᠠᠨᠠᠭᠠᠴᠢᠯᠠᠵᠤ᠂ ᠬᠡᠮᠵᠢᠶᠡᠨ ᠠᠴᠠ ᠬᠡᠲᠦᠷᠡᠬᠦᠦ ᠵᠠᠬᠢᠶᠠᠯᠭ᠎ᠠ ᠬᠢᠬᠦ ᠦᠭᠡᠢ᠂ ᠱᠠᠯᠢᠵᠤ ᠪᠦᠷᠢᠯᠭᠡᠬᠦ ᠠᠴᠠ | ᠤᠬᠠᠮᠰᠠᠷ ᠠᠴᠠ ᠪᠠᠨ ᠲᠡᠪᠴᠢᠨ᠎ᠡ᠃ ᠬᠤᠭᠤᠯᠠ ᠪᠤᠲᠠᠭ᠎ᠠ ᠪᠠᠨ ᠬᠦᠮᠦᠨ ᠤ ᠲᠤᠭ᠎ᠠ ᠪᠠᠷ ᠢᠶᠠᠨ ᠬᠡᠮᠵᠢᠶ᠎ᠡ ᠲᠠᠢ ᠵᠠᠬᠢᠶᠠᠯᠠᠨ᠂ ᠬᠤᠪᠢᠲᠠᠵᠤ ᠬᠤᠭᠤᠯᠠᠯᠠᠬᠤ᠂ ᠵᠢᠵᠢᠭ | ᠬᠤᠪᠢ ᠨᠤᠭᠤᠭ᠎ᠠ ᠵᠠᠭᠤᠰᠢ ᠵᠠᠬᠢᠶᠠᠯᠠᠨ ᠠᠪᠬᠤ ᠶᠢ ᠰᠠᠨᠠᠭᠠᠴᠢᠯᠠᠵᠤ᠂ ᠪᠤᠯᠪᠠᠰᠤᠨ᠂ ᠠᠷᠪᠢᠴᠢ ᠭᠠᠮᠴᠢ᠂ ᠪᠤᠬᠢᠷᠲᠤᠯ ᠦᠭᠡᠢ ᠬᠡᠷᠡᠭᠯᠡᠭᠡᠨ ᠤ ᠲᠠᠳᠬᠠᠯ ᠢ ᠪᠤᠢ ᠪᠤᠯᠭᠠᠨ᠎ᠠ | ᠃ ᠱᠠᠯᠢᠨ ᠪᠦᠷᠢᠯᠭᠡᠬᠦ ᠶᠢ ᠡᠷᠡᠰ ᠲᠡᠪᠴᠢᠨ᠂ ︽ᠪᠤᠯᠪᠠᠰᠤᠨ ᠢᠶᠠᠷ ᠬᠡᠷᠡᠭᠯᠡᠬᠦ᠂ ᠠᠷᠪᠢᠴᠢ ᠭᠠᠮᠲᠠᠢ ᠢᠲᠡᠵᠦ ᠤᠤᠭᠤᠬᠤ︾ ᠰᠢᠨ᠎ᠡ ᠰᠣᠷᠳᠠᠯ ᠢ ᠪᠤᠢ ᠪᠤᠯᠭᠠᠨ᠎ᠠ᠃ | ᠬᠡᠷᠡᠭᠯᠡᠭᠴᠢᠳ ᠬᠡᠷᠡᠭᠯᠡᠭᠡ ᠬᠢᠬᠦ ᠳᠡᠭᠡᠨ ᠵᠢᠩᠬᠢᠨᠢ ᠪᠠᠷᠢᠮᠲᠠ ᠲᠡᠮᠲᠡᠭ ᠬᠢᠯᠭᠡᠵᠦ ᠠᠪᠬᠤ ᠪᠦᠭᠡᠳ ᠪᠠᠷᠢᠮᠲᠠ ᠲᠡᠮᠲᠡᠭ ᠢᠶᠠᠨ ᠰᠠᠶᠢᠲᠤᠷ ᠬᠠᠲᠠᠭᠠᠯᠠᠰᠤᠭᠠᠢ᠂ ᠬᠡᠷᠪᠡ | ᠬᠡᠷᠡᠭᠯᠡᠭᠡᠨ ᠤ ᠵᠢᠭᠤᠷᠭᠠᠨ ᠭᠠᠷᠬᠤ ᠪᠤᠶᠤ ᠬᠠᠤᠯᠢ ᠶᠤᠰᠤᠨ ᠤ ᠡᠷᠬᠡ ᠠᠰᠢᠭ ᠴᠢᠨᠢ ᠬᠤᠬᠢᠷᠠᠯ ᠳᠤ ᠤᠴᠠᠷᠠᠪᠠᠯ᠂ ᠴᠠᠭ ᠲᠤᠬᠠᠢ ᠳᠤᠨᠢ 12315 ᠨᠤᠮᠧᠷ ᠢᠶᠠᠷ | ᠤᠲᠠᠰᠤᠳᠤᠬᠤ ᠪᠤᠶᠤ ᠲᠤᠰ ᠭᠠᠵᠠᠷ ᠤᠨ ᠬᠢᠨ ᠤ ᠵᠠᠬ᠎ᠠ ᠲᠡᠯᠭᠡᠬᠦᠷ ᠤᠨ ᠬᠢᠨᠠᠨ ᠬᠠᠮᠢᠶᠠᠷᠬᠤ ᠰᠠᠯᠠᠭ᠎ᠠ ᠮᠦᠴᠢᠷ ᠪᠤᠶᠤ ᠡᠰᠡᠬᠦᠯ᠎ᠡ ᠬᠡᠷᠡᠭᠯᠡᠭᠴᠢᠳ ᠤᠨ ᠨᠡᠶᠢᠭᠡᠮᠯᠢᠭ ᠲᠤ | ᠬᠦᠷᠴᠦ ᠵᠠᠭᠠᠯᠳᠤᠯᠭ᠎ᠠ ᠬᠢᠵᠦ ᠪᠤᠯᠤᠨ᠎ᠠ ᠭᠡᠵᠦ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠡᠷᠡᠭᠯᠡᠭᠴᠢᠳ ᠤᠨ ᠨᠡᠶᠢᠭᠡᠮᠯᠢᠭ ᠠᠴᠠ ᠠᠩᠬᠠᠷᠤᠭᠤᠯᠵᠤ ᠪᠤᠢ᠃ | | ︵ᠬᠦᠬᠡᠬᠤᠲᠠ ᠶᠢᠨ ᠡᠲᠦᠷ ᠤᠨ ᠰᠤᠨᠢᠨ ᠤ ᠰᠤᠷᠪᠤᠯᠵᠢᠯᠠᠭᠴᠢ ᠴᠢ ᠰᠢᠶᠤᠤ ᠶᠠᠨ︶ | http://mongol.people.com.cn/15825899.html | |