ᠮᠠᠨ ᠤ ᠬᠤᠲᠠ ᠶᠢᠨ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠬᠠᠮᠢᠶᠠᠷᠤᠯᠲᠠ ᠦᠢᠯᠡᠴᠢᠯᠡᠭᠡ ᠰᠢᠨᠵᠢᠯᠡᠬᠦ ᠤᠬᠠᠭᠠᠨᠴᠢᠯᠠᠯᠲᠠ ᠵᠢᠷᠤᠮᠵᠢᠯᠲᠠ ᠮᠡᠳᠡᠭᠡ ᠵᠠᠩᠭᠢᠵᠢᠯᠲᠠ ᠳᠠᠰᠢ ᠠᠬᠢᠪᠠ
ᠨᠡᠶᠢᠲᠡᠯᠡᠭᠰᠡᠨ ᠴᠠᠭ᠄
2020/12/12
ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦ ᠯᠢ ᠰᠢᠶᠠ︶      ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠤᠶᠢᠯᠠᠭᠠᠭᠰᠠᠨ ᠢᠶᠠᠷ᠂ ᠬᠥᠬᠡᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ᠨᠢ ᠦᠢᠯᠡᠴᠢᠯᠡᠭᠡᠨ ᠤ ᠠᠵᠤ ᠠᠬᠤᠶᠢᠯᠠᠯ ᠪᠠ ᠠᠵᠢᠯᠲᠠᠨ ᠠᠵᠢᠯᠴᠢᠨ ᠢᠶᠠᠷ ᠠᠵᠢᠯ ᠤᠨ ᠤᠳᠤᠷᠢᠳᠦᠮᠵᠢ ᠪᠣᠯᠭᠠᠵᠤ᠂ ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠬᠦ᠂ ᠦᠢᠯᠡᠴᠢᠯᠡᠭᠡᠨ ᠤ ᠠᠷᠭ᠎ᠠ ᠵᠠᠮ ᠢ ᠲᠡᠭᠦᠯᠳᠡᠷᠵᠢᠭᠦᠯᠬᠦ᠂ ᠦᠢᠯᠡᠴᠢᠯᠡᠭᠡᠨ ᠤ ᠲᠣᠭᠲᠠᠴᠠ ᠶᠢ ᠪᠦᠷᠢᠨᠰᠢᠭᠦᠯᠬᠦ᠂ ᠲᠤᠬᠠᠶᠢᠯᠠᠭᠰᠠᠨ ᠠᠵᠢᠯ ᠤᠨ ᠨᠥᠬᠦᠴᠡᠯ ᠪᠤᠯᠤᠮᠵᠢ ᠶᠢ ᠳᠥᠭᠦᠮᠴᠢᠯᠡᠬᠦ ᠠᠴᠠ ᠭᠠᠷᠳᠠᠵᠤ᠂ ᠣᠯᠠᠨ ᠠᠷᠭ᠎ᠠ ᠬᠡᠮᠵᠢᠶ᠎ᠡ ᠠᠪᠴᠤ᠂ ︽ᠢᠨᠲ᠋ᠧᠷ ᠰᠦᠯᠵᠢᠶ᠎ᠡ +︾ ᠮᠡᠷᠭᠡᠵᠢᠯ ᠢ ᠭᠦᠢᠴᠡᠳ ᠠᠰᠢᠭᠯᠠᠵᠤ᠂ ᠠᠷᠠᠳ ᠲᠤ ᠦᠢᠯᠡᠴᠢᠯᠡᠬᠦ᠂ ᠠᠷᠠᠳ ᠲᠤ ᠳᠥᠭᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠶᠡᠬᠡᠪᠡᠷ ᠥᠷᠨᠢᠭᠦᠯᠵᠦ᠂ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠣᠯᠠᠨ ᠡᠰᠢᠵᠢᠭᠰᠡᠨ᠂ ᠭᠦᠢᠴᠡᠳᠭᠡᠬᠦ ᠵᠠᠭᠪᠤᠷ ᠢ ᠳᠥᠭᠦᠮ ᠲᠦᠲᠡᠴᠢᠯᠡᠭᠰᠡᠨ᠂ ᠦᠢᠯᠡᠴᠢᠯᠡᠭᠡᠨ ᠤ ᠠᠷᠭ᠎ᠠ ᠵᠠᠮ ᠢ ᠰᠦᠯᠵᠢᠶᠡᠵᠢᠭᠦᠯᠦᠭᠰᠡᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠰᠲ᠋ᠧᠮ ᠢ ᠴᠢᠷᠮᠠᠶᠢᠨ ᠪᠤᠶ ᠪᠤᠯᠭᠠᠵᠦ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ ᠶᠢᠨ ᠬᠠᠮᠢᠶᠠᠷᠤᠯᠲᠠ ᠦᠢᠯᠡᠴᠢᠯᠡᠭᠡ  ᠶᠢ ᠰᠢᠨᠵᠢᠯᠡᠬᠦ ᠤᠬᠠᠭᠠᠨᠴᠢᠯᠠᠬᠤ᠂ ᠵᠢᠷᠤᠮᠵᠢᠭᠤᠯᠬᠤ᠂ ᠮᠡᠳᠡᠭᠡ ᠵᠠᠩᠭᠢᠵᠢᠭᠤᠯᠬᠤ ᠲᠡᠰᠢ ᠠᠬᠢᠭᠤᠯᠵᠦ ᠪᠠᠶᠢᠨ᠎ᠠ᠃      ᠲᠤᠬᠠᠶᠢᠯᠠᠭᠰᠠᠨ ᠠᠵᠢᠯ ᠤᠨ ᠮᠠᠲ᠋ᠧᠷᠢᠶᠠᠯ ᠢ ︽ᠬᠠᠮᠲᠤᠪᠠᠷ ᠭᠥᠷᠳᠡᠬᠦ ᠠᠯᠪᠠᠨ ᠬᠡᠷ︾ ᠬᠠᠷᠭᠤᠭᠤᠯᠤᠨ ᠪᠠᠶᠢᠴᠠᠭᠠᠨ᠎ᠠ᠃ ᠠᠷᠠᠳ ᠤᠨ ᠪᠠᠩᠬᠢ᠂ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠭᠠᠶᠢᠯᠢ ᠶᠢᠨ ᠶᠠᠪᠤᠳᠠᠯ᠂ ᠦᠮᠴᠢᠯᠡᠬᠦ ᠡᠷᠬᠡ ᠪᠣᠯᠤᠨ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠰᠠᠯᠠᠭ᠎ᠠ ᠮᠥᠴᠢᠷ ᠲᠠᠢ ᠮᠡᠳᠡᠭᠡ ᠵᠠᠩᠭᠢ ᠶᠢ ᠬᠠᠮᠳᠤᠪᠠᠷ ᠡᠳ᠋ᠯᠡᠬᠦ ᠲᠣᠭᠲᠠᠴᠠ ᠪᠠᠶᠢᠭᠤᠯᠵᠤ᠂ ᠲᠤᠰᠬᠠᠶ ᠱᠤᠭᠤᠮ ᠢᠶᠠᠷ ᠰᠢᠭᠤᠳ ᠬᠤᠯᠪᠣᠯᠳᠤᠵᠤ ᠲᠤᠭ᠎ᠠ ᠪᠠᠷᠢᠮᠲᠠ ᠶᠢ ᠵᠠᠯᠭᠠᠯᠳᠤᠭᠤᠯᠤᠨ ᠰᠣᠯᠢᠯᠴᠠᠬᠤ ᠠᠵᠢᠯ ᠢ ᠪᠡᠶᠡᠯᠡᠭᠦᠯᠵᠦ᠂ ︽ᠦᠨᠡᠨᠴᠢ ᠢᠲᠡᠭᠡᠮᠵᠢᠲᠡᠶ ᠪᠠᠷ ᠭᠤᠶᠤᠴᠢᠯᠠᠨ ᠮᠡᠳᠡᠭᠦᠯᠬᠦ + ᠡᠷᠬᠡ ᠣᠯᠭᠤᠵᠤ ᠬᠢᠨᠠᠨ ᠪᠠᠶᠢᠴᠠᠭᠠᠬᠤ︾ ᠲᠤᠬᠠᠶᠢᠯᠠᠭᠰᠠᠨ ᠠᠵᠢᠯ ᠤᠨ ᠵᠠᠭᠪᠤᠷ ᠢ ᠬᠡᠷᠡᠭᠯᠡᠨ᠂ ᠲᠤᠬᠠᠶᠢᠯᠠᠭᠰᠠᠨ ᠠᠵᠢᠯ ᠤᠨ ᠭᠤᠶᠤᠴᠢᠯᠠᠭᠴᠢ ᠶᠢᠨ ᠡᠷᠦᠬᠡ ᠠᠮᠠ ᠶᠢᠨ ᠳᠠᠩᠰᠠ᠂ ᠮᠡᠳᠡᠭᠡ ᠵᠠᠩᠭᠢ᠂ ᠣᠷᠤᠭ ᠬᠤᠷᠢᠮ᠂ ᠭᠡᠷ ᠪᠠᠶᠢᠰᠢᠩ ᠬᠤᠳᠠᠯᠳᠤᠨ ᠠᠪᠤᠭᠰᠠᠨ ᠭᠡᠷᠡᠴᠢ ᠪᠠᠷᠢᠮᠲᠠ᠂ ᠭᠡᠷ ᠪᠠᠶᠢᠰᠢᠩ ᠤᠨ ᠡᠷᠬᠡ ᠶᠢᠨ ᠬᠠᠷᠢᠶᠠᠯᠠᠯ ᠵᠢᠴᠢ ᠪᠤᠰᠤᠳ ᠵᠥᠢᠯ ᠤᠨ ᠪᠠᠶᠢᠳᠠᠯ ᠢ ᠴᠠᠭ ᠲᠤᠬᠠᠶ ᠳᠤᠨᠢ ᠬᠢᠨᠠᠨ ᠰᠢᠯᠭᠠᠵᠤ᠂ ᠲᠤᠬᠠᠶᠢᠯᠠᠭᠰᠠᠨ ᠠᠵᠢᠯ ᠤᠨ ᠴᠢᠬᠤᠯᠠ ᠨᠥᠬᠦᠴᠡᠯ ᠢ ᠭᠠᠷᠭᠠᠨ ᠠᠪᠬᠤ ᠭᠠᠳᠠᠭᠠᠳᠤ ᠬᠤᠯᠪᠣᠭ᠎ᠠ ᠶᠢᠨ ᠮᠡᠳᠡᠭᠡ ᠵᠠᠩᠭᠢ ᠶᠢ ᠬᠠᠷᠭᠤᠭᠤᠯᠤᠨ ᠰᠢᠯᠭᠠᠬᠤ ᠳᠤ ︽ᠪᠦᠬᠦᠨ ᠢ ᠬᠠᠮᠤᠷᠬᠤ︾ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠪᠡ᠃ ᠣᠳᠣᠬᠠᠨ ᠳᠤ᠂ ᠡᠯ᠎ᠡ ᠲᠥᠷᠥᠯ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠠᠷᠭ᠎ᠠ ᠵᠠᠮ ᠢᠶᠠᠷ ᠨᠢᠭᠡᠨᠲᠡ 50 ᠭᠠᠷᠤᠶ ᠲᠦᠮᠡᠨ ᠵᠤᠷᠪᠤᠰ ᠬᠠᠮᠢᠶ᠎ᠠ ᠪᠥᠬᠦᠶ ᠲᠤᠭ᠎ᠠ ᠪᠠᠷᠢᠮᠲᠠ ᠶᠢ ᠪᠠᠶᠢᠴᠠᠭᠠᠨ ᠯᠠᠪᠯᠠᠵᠤ ᠬᠢᠨᠠᠨ ᠰᠢᠯᠭᠠᠭᠠᠳ᠂ ᠲᠣᠭᠲᠠᠭᠠᠯ ᠳᠤ ᠨᠡᠶᠢᠴᠡᠭᠰᠡᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ ᠶᠢ ᠬᠠᠤᠯᠢ ᠶᠣᠰᠣᠭᠠᠷ ᠭᠠᠷᠭᠠᠨ ᠠᠪᠬᠤ ᠠᠩᠬᠠᠳᠠᠭᠴᠢ ᠪᠤᠭᠤᠮᠲᠠ ᠶᠢ ᠪᠦᠲᠦᠮᠵᠢᠲᠡᠶ ᠴᠣᠭᠴᠠᠯᠠᠪᠠ᠃      ᠱᠠᠲᠤ ᠦᠶ᠎ᠡ ᠶᠢᠨ ᠴᠢᠨᠠᠷᠲᠠᠶ ᠲᠥᠷᠥ ᠶᠢᠨ ᠪᠣᠳᠣᠯᠭ᠎ᠠ ᠶᠢᠨ ︽ᠲᠣᠬᠢᠷᠠᠭᠤᠯᠤᠯᠲᠠ ᠶᠢᠨ ᠠᠯᠪᠠᠨ ᠬᠡᠷ︾᠃ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠶ ᠳᠡᠭᠡᠳᠤ ᠱᠠᠲᠤᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠠᠵᠤ ᠠᠬᠤᠶᠢᠯᠠᠯ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ ᠶᠢᠨ ᠬᠠᠮᠤᠭ ᠤᠨ ᠶᠡᠭᠡ ᠲᠤᠰᠢᠶᠠᠨ ᠬᠠᠳᠠᠭᠠᠯᠠᠭᠤᠯᠬᠤ ᠬᠠᠷᠢᠴᠠᠯ ᠢ 1 ᠵᠠᠭᠤᠨ ᠤ ᠨᠢᠭᠡᠴᠢ ᠪᠠᠭᠤᠷᠠᠭᠤᠯᠪᠠ᠂ ᠲᠤᠬᠠᠶᠢᠯᠠᠪᠠᠯ ᠠᠵᠤ ᠠᠬᠤᠶᠢᠯᠠᠯ  ᠤᠨ ᠲᠤᠰᠢᠶᠠᠨ ᠬᠠᠳᠠᠭᠠᠯᠠᠭᠤᠯᠬᠤ ᠬᠠᠷᠢᠴᠠᠯ ᠢ 5 — 12% ᠤᠨ ᠬᠤᠭᠤᠷᠣᠨᠳᠣ ᠳᠤᠷ᠎ᠠ ᠪᠠᠷ ᠰᠣᠩᠭᠤᠵᠤ ᠪᠣᠯᠤᠨ᠎ᠠ᠃ ᠦᠢᠯᠡᠳᠪᠦᠷᠢᠯᠡᠯ ᠡᠵᠡᠩᠨᠡᠯᠲᠡ ᠨᠢ ᠬᠦᠴᠢᠷᠳᠡᠯ ᠲᠠᠢ ᠠᠵᠤ ᠠᠬᠤᠶᠢᠯᠠᠯ ᠤᠨ ᠲᠤᠰᠢᠶᠠᠨ ᠬᠠᠳᠠᠭᠠᠯᠠᠭᠤᠯᠬᠤ ᠬᠠᠷᠢᠴᠠᠯ ᠢ ᠪᠠᠭᠤᠷᠠᠭᠤᠯᠬᠤ ᠠᠴᠠ ᠭᠠᠳᠠᠨ᠎ᠠ᠂ ᠪᠠᠰᠠ ᠬᠠᠤᠯᠢ ᠶᠣᠰᠣᠭᠠᠷ ᠬᠤᠶᠢᠰᠢᠯᠠᠭᠤᠯᠤᠨ ᠲᠤᠰᠢᠶᠠᠬᠤ ᠪᠠᠷ ᠭᠤᠶᠤᠴᠢᠯᠠᠵᠤ ᠪᠣᠯᠤᠨ᠎ᠠ᠂ ᠠᠵᠤ ᠠᠬᠤᠶᠢᠯᠠᠯ ᠤᠨ ᠦᠷ᠎ᠡ ᠠᠰᠢᠭ ᠰᠠᠶᠢᠵᠢᠷᠠᠭᠰᠠᠨ ᠤ ᠳᠠᠷᠠᠭ᠎ᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ ᠶᠢᠨ ᠲᠤᠰᠢᠶᠠᠨ ᠬᠠᠳᠠᠭᠠᠯᠠᠭᠤᠯᠬᠤ ᠬᠠᠷᠢᠴᠠᠯ ᠢ ᠳᠡᠭᠡᠭᠰᠢᠯᠡᠭᠦᠯᠬᠦ ᠪᠤᠶᠤ ᠲᠤᠰᠢᠶᠠᠨ ᠬᠠᠳᠠᠭᠠᠯᠠᠭᠤᠯᠬᠤ ᠶᠢ ᠰᠡᠷᠭᠦᠭᠡᠵᠦ ᠪᠤᠯᠬᠤ ᠪᠦᠭᠡᠳ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ ᠶᠢ ᠨᠥᠬᠦᠪᠥᠷᠢᠯᠡᠨ ᠲᠤᠰᠢᠶᠠᠵᠦ ᠪᠤᠯᠤᠨ᠎ᠠ︔      ᠠᠵᠤ ᠠᠬᠤᠶᠢᠯᠠᠯ ᠤᠨ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠦᠩᠭᠦ ᠶᠢᠨ ᠨᠢᠭᠡᠴᠡ ᠶᠢᠨ ᠲᠠᠩᠰᠠᠨ ᠡᠷᠦᠬᠡ ᠪᠠᠶᠢᠭᠤᠯᠬᠤ ᠦᠶ᠎ᠡ ᠳᠤ ᠲᠤᠬᠠᠶ ᠶᠢᠨ ᠡᠳᠦᠷ ᠳᠤᠨᠢ ᠬᠢᠨᠠᠨ ᠵᠥᠪᠰᠢᠶᠡᠷᠡᠬᠦ ᠶᠢ ᠪᠡᠶᠡᠯᠡᠭᠦᠯᠵᠦ᠂ ᠪᠣᠶ ᠪᠥᠬᠦᠶ ᠨᠢᠭᠡᠴᠡ ᠶᠢᠨ ᠲᠤᠬᠠᠶᠢᠯᠠᠭᠰᠠᠨ ᠠᠵᠢᠯ ᠢ ᠴᠥᠮ ︽ᠠᠪᠤᠨ ᠲᠤᠤᠷ᠎ᠠ ᠨᠢ ᠭᠦᠢᠴᠡᠳᠭᠡᠨ᠎ᠡ︾᠃ ᠣᠨᠳᠣᠤ ᠭᠠᠵᠠᠷ ᠤᠨ ᠠᠵᠢᠯᠲᠠᠨ ᠠᠵᠢᠯᠴᠢᠨ ᠤ ᠵᠢᠭᠡᠯᠡᠯᠭᠡ ᠶᠢ ︽ᠳᠡᠮᠵᠢᠪᠡ︾᠃ ᠭᠠᠳᠠᠷ ᠣᠷᠣᠨ ᠤ ᠠᠵᠤ ᠠᠬᠤᠶᠢᠯᠠᠯ ᠠᠴᠠ ᠬᠦᠬᠡᠬᠤᠲᠡ ᠶᠢᠨ ᠬᠡᠪᠴᠢᠶᠡᠨ ᠳᠤ ᠲᠣᠮᠢᠯᠠᠨ ᠰᠠᠭᠤᠯᠭᠠᠵᠤ ᠡᠵᠡᠩᠨᠡᠭᠦᠯᠦᠭᠰᠡᠨ ᠵᠢᠴᠢ ᠣᠨᠳᠣᠣ ᠭᠠᠵᠠᠷ ᠲᠤ ᠲᠤᠰᠢᠶᠠᠨ ᠬᠠᠳᠠᠭᠠᠯᠠᠭᠤᠯᠤᠭᠰᠠᠨ ᠠᠵᠢᠯᠲᠠᠨ ᠠᠵᠢᠯᠴᠢᠨ ᠳᠤ ᠴᠢᠭᠯᠡᠭᠦᠯᠦᠨ᠂ ᠣᠨᠳᠣᠤ ᠭᠠᠵᠠᠷ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠶᠡᠬᠡᠪᠡᠷ ᠥᠷᠨᠢᠭᠦᠯᠵᠦ᠂ ᠣᠨᠳᠣᠤ ᠭᠠᠵᠠᠷ ᠲᠤ ᠲᠤᠰᠢᠶᠠᠨ ᠬᠠᠳᠠᠭᠠᠯᠠᠭᠤᠯᠤᠭᠰᠠᠨ ᠠᠵᠢᠯᠲᠠᠨ ᠠᠵᠢᠯᠴᠢᠨ ᠬᠦᠬᠡᠬᠤᠲᠡ  ᠳᠤ ᠬᠡᠷ ᠪᠠᠶᠢᠰᠢᠩ ᠬᠤᠳᠠᠯᠳᠤᠨ ᠠᠪᠬᠤ ᠬᠡᠷᠡᠭᠯᠡᠭᠡ ᠶᠢ ᠳᠡᠮᠵᠢᠪᠡ᠃      ᠬᠤᠪᠢ ᠬᠥᠮᠦᠨ ᠤ ᠲᠤᠬᠠᠶᠢᠯᠠᠭᠰᠠᠨ ᠠᠵᠢᠯ ᠢ ︽ᠠᠯᠠᠭᠠᠨ ᠳᠡᠭᠡᠷ᠎ᠡ ᠨᠢ ᠭᠦᠢᠴᠡᠳᠬᠡᠨ᠎ᠡ︾᠃ ᠬᠢᠵᠢᠭ ᠢ ᠰᠡᠷᠭᠡᠶᠢᠯᠡᠨ ᠬᠤᠷᠢᠭᠯᠠᠬᠤ ᠬᠡᠷᠡᠭᠴᠡᠭᠡ ᠪᠣᠯᠤᠨ ᠠᠵᠢᠯᠲᠠᠨ ᠠᠵᠢᠯᠴᠢᠨ ᠤ ᠲᠤᠬᠠᠶᠢᠯᠠᠭᠰᠠᠨ ᠠᠵᠢᠯ ᠤᠨ ᠬᠡᠷᠡᠭᠴᠡᠭᠡ ᠶᠢᠨ ᠬᠤᠭᠤᠷᠣᠨᠳᠣᠬᠢ ᠵᠥᠷᠢᠴᠡᠯ ᠢ ᠠᠷᠭᠠᠴᠠᠬᠤ ᠶᠢᠨ ᠲᠤᠯᠠᠳᠠ᠂ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ ᠶᠢᠨ ᠦᠢᠯᠡᠴᠢᠯᠡᠭᠡ ᠪᠠ ᠲᠤᠰᠢᠶᠠᠨ ᠬᠠᠳᠠᠭᠠᠯᠠᠭᠤᠯᠬᠤ ᠨᠢᠭᠡᠴᠡ ᠶᠢᠨ ᠠᠵᠢᠯᠲᠠᠨ ᠠᠵᠢᠯᠴᠢᠨ ᠤ ᠬᠦᠰᠡᠯ ᠡᠷᠡᠮᠡᠯᠵᠡᠯ ᠤᠨ ᠬᠡᠮᠵᠢᠭᠳᠡᠯ ᠤᠨ ᠵᠤᠬᠢᠴᠠᠯᠳᠤᠯ ᠢ ᠳᠡᠭᠡᠭᠰᠢᠯᠡᠭᠦᠯᠵᠦ᠂ ︽ᠬᠥᠬᠡᠬᠤᠲᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ︾ ᠶᠢᠨ ᠭᠠᠷ ᠤᠲᠠᠰᠤᠨ ᠤ ᠬᠡᠷᠡᠭᠯᠡᠭᠴᠢ ᠶᠢᠨ ︽ᠸᠢᠴᠠᠲ ᠣᠯᠠᠨ ᠨᠡᠶᠢᠲᠡ ᠶᠢᠨ ᠲᠠᠪᠴᠠᠩ︾ ︽ᠰᠦᠯᠵᠢᠶᠡᠨ ᠳᠡᠭᠡᠷ᠎ᠡ ᠠᠵᠢᠯ ᠭᠠᠷ ᠭᠦᠢᠴᠡᠳᠭᠡᠯ ᠤᠨ ᠶᠡᠭᠡ ᠲᠢᠩᠬᠢᠮ︾ ᠤᠨ ᠲᠤᠬᠠᠶᠢᠯᠠᠭᠰᠠᠨ ᠠᠵᠢᠯ ᠢ ᠵᠠᠯᠭᠠᠭᠠᠪᠠᠷ ᠰᠦᠯᠵᠢᠶᠡᠨ ᠳᠤ ᠣᠷᠣᠭᠤᠯᠤᠨ ᠠᠵᠢᠯᠯᠠᠭᠤᠯᠪᠠ᠃      ᠪᠦᠬᠦ ᠶᠠᠪᠤᠴᠠ ᠳᠤ ᠡᠯᠧᠺᠳ᠋ᠷᠤᠨᠴᠢᠯᠡᠭᠰᠡᠨ᠂ ᠰᠦᠯᠵᠢᠶᠡᠵᠢᠭᠰᠡᠨ ᠴᠢᠳᠠᠮᠵᠢ ᠶᠢ ᠪᠡᠶᠡᠯᠡᠭᠦᠯᠵᠦ᠂ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠢ ︽ᠮᠠᠲ᠋ᠧᠷᠢᠶᠠᠯ ᠦᠭᠡᠢ᠂ ᠭᠦᠶᠦᠯᠲᠡ ᠦᠭᠡᠢ︾ ᠪᠤᠯᠭᠠᠵᠦ᠂ ᠬᠦᠯᠢᠶᠡᠨ ᠠᠪᠴᠤ ᠰᠢᠢᠳᠪᠤᠷᠢᠯᠡᠬᠦ ᠶᠠᠪᠤᠴᠠ ᠶᠢ ︽ᠮᠠᠰᠢᠨ ᠬᠢᠨᠠᠵᠦ᠂ ᠬᠥᠮᠦᠨ ᠬᠠᠷᠭᠤᠭᠤᠯᠬᠤ︾ ᠪᠤᠯᠭᠠᠵᠦ᠂ ᠭᠠᠷᠭᠠᠨ ᠠᠪᠬᠤ ᠵᠣᠭᠤᠰ ᠢ ︽ᠬᠦᠯᠢᠶᠡᠯᠲᠡ ᠦᠭᠡᠢ᠂ ᠲᠤᠤᠷ᠎ᠠ ᠪᠠᠨ ᠲᠠᠩᠰᠠᠨ ᠳᠤ ᠣᠷᠣᠬᠤ︾ ᠪᠤᠯᠭᠠᠵᠦ᠂ ᠲᠤᠰᠢᠶᠠᠨ ᠬᠠᠳᠠᠭᠠᠯᠠᠭᠤᠯᠵᠤ ᠪᠠᠶᠢᠭ᠎ᠠ ᠠᠵᠢᠯᠲᠠᠨ ᠠᠵᠢᠯᠴᠢᠨ ᠴᠠᠭ ᠲᠤᠬᠠᠶ ᠳᠤᠨᠢ ᠭᠠᠵᠠᠷ ᠣᠷᠣᠨ ᠳᠠᠭᠠᠨ ᠳᠠᠷᠦ᠋ᠢᠬᠠᠨ ᠭᠦᠢᠴᠡᠳᠭᠡᠬᠦ ᠪᠤᠯᠭᠠᠵᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃        http://mongol.people.com.cn/15828546.html
ᠢᠷᠡᠯᠲᠡ᠄ ᠠᠷᠠᠳ ᠤᠨ ᠰᠦᠯᠵᠢᠶ᠎ᠡ