ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ︵ᠵᠥᠪᠯᠡᠯ︶᠂ ᠣᠷᠣᠨ ᠰᠠᠭᠤᠴᠠ ᠶᠢᠨ | ᠪᠠᠲᠤᠯᠠᠭ᠎ᠠ ᠶᠢᠨ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶ᠎ᠠ᠂ ᠮᠠᠨᠵᠤᠤᠷ᠂ ᠡᠷᠢᠶᠡᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠄ | ᠪᠦᠬᠦ ᠣᠷᠣᠨ ᠤ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠷᠭᠡᠳᠬᠡᠨ | ᠠᠬᠢᠭᠤᠯᠵᠤ᠂ 2015 ᠣᠨ ᠤ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ ᠮᠠᠨ ᠤ ᠲᠢᠩᠬᠢᠮ 2015 ᠣᠨ ᠤ | 7 ᠳ᠋ᠤᠭᠠᠷ ᠰᠠᠷ᠎ᠠ ᠶᠢᠨ ᠳᠤᠮᠳᠠᠴᠢ ᠠᠴᠠ ᠡᠬᠢᠯᠡᠨ᠂ ᠪᠦᠬᠦ ᠣᠷᠣᠨ ᠤ ᠬᠤᠲᠠ ᠶᠢᠨ ᠳᠥᠭᠦᠮ ᠪᠦᠳᠦᠴᠡᠳᠦ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠬᠦ ᠪᠠ | ᠣᠯᠠᠨ ᠨᠡᠶᠢᠲᠡ ᠶᠢᠨ ᠲᠦᠷᠢᠶᠡᠰᠦᠨ ᠪᠠᠶᠢᠰᠢᠩ ᠳᠤ ᠲᠤᠰᠬᠠᠶ ᠵᠦᠢᠯ ᠤᠨ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠬᠦ ᠪᠠᠷ ᠲᠣᠭᠲᠠᠪᠠ᠂ ᠡᠳᠦᠭᠡ ᠬᠤᠯᠪᠣᠭᠳᠠᠯ | ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠪᠡ᠄ | ᠨᠢᠭᠡ᠂ ᠲᠣᠭᠤᠷᠢᠨ ᠪᠠᠶᠢᠴᠠᠭᠠᠬᠤ ᠭᠤᠤᠯ ᠠᠭᠤᠯᠭ᠎ᠠ | ︵ᠨᠢᠭᠡ︶ 2015 ᠣᠨ ᠤ ᠬᠠᠷᠠᠯᠲᠠ ᠡᠭᠦᠷᠭᠡ ᠶᠢᠨ ᠠᠬᠢᠴᠠ ᠶᠢᠨ ᠪᠠᠶᠢᠳᠠᠯ | 2015 ᠣᠨ ᠤ ᠬᠠᠷᠠᠯᠲᠠ ᠡᠭᠦᠷᠭᠡ ᠳᠤ ᠵᠢᠭᠰᠠᠭᠠᠨ ᠣᠷᠣᠭᠤᠯᠤᠭᠰᠠᠨ ᠲᠥᠷᠥᠯ ᠵᠦᠢᠯ ᠤᠨ ᠠᠵᠢᠯ ᠡᠬᠢᠯᠡᠭᠦᠯᠦᠭᠰᠡᠨ᠂ ᠦᠨᠳᠦᠰᠦᠨ ᠳᠡᠭᠡᠨ ᠪᠠᠶᠢᠭᠤᠯᠵᠤ | ᠳᠠᠭᠤᠰᠬᠠᠭᠰᠠᠨ ᠪᠠᠶᠢᠳᠠᠯ ᠢ ᠪᠠᠭᠲᠠᠭᠠᠨ᠎ᠠ᠃ | ︵ᠬᠤᠶᠠᠷ︶ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠶᠢ ᠵᠤᠭᠤᠰᠵᠢᠭᠤᠯᠥᠨ ᠲᠥᠪᠬᠢᠨᠡᠭᠦᠯᠬᠦ ᠠᠵᠢᠯ ᠤᠨ ᠪᠠᠶᠢᠳᠠᠯ᠃ ᠡᠭᠦᠨ ᠳᠤ | ᠳᠥᠭᠦᠮ ᠪᠦᠳᠦᠴᠡᠳᠦ ᠣᠷᠣᠨ ᠰᠠᠭᠤᠴᠠᠳᠤ ᠲᠣᠭᠤᠷᠢᠭ ᠢ ᠥᠭᠡᠷᠡᠴᠢᠯᠡᠵᠦ ᠵᠤᠭᠤᠰᠵᠢᠭᠤᠯᠥᠨ ᠲᠥᠪᠬᠢᠨᠡᠭᠦᠯᠬᠦ ᠬᠠᠷᠠᠯᠲᠠ ᠶᠢᠨ ᠬᠠᠷᠢᠴᠠᠯ᠂ ᠭᠤᠣᠯ ᠠᠷᠭ᠎ᠠ ᠮᠠᠶ᠋ᠢᠭ᠂ | ᠠᠵᠢᠯ ᠢ ᠠᠬᠢᠭᠤᠯᠬᠤ ᠳᠤ ᠲᠣᠭᠲᠠᠭᠠᠵᠤ ᠨᠡᠶᠢᠲᠡᠯᠡᠭᠰᠡᠨ ᠲᠥᠷᠥ ᠶᠢᠨ ᠪᠣᠳᠣᠯᠭ᠎ᠠ᠂ ᠠᠪᠤᠭᠰᠠᠨ ᠠᠷᠭ᠎ᠠ ᠬᠡᠮᠵᠢᠶ᠎ᠡ ᠵᠢᠴᠢ ᠠᠬᠢᠴᠠ ᠶᠢᠨ ᠪᠠᠶᠢᠳᠠᠯ ᠪᠠᠭᠲᠠᠨ᠎ᠠ᠃ | ︵ᠭᠤᠷᠪᠠ︶ ᠨᠡᠶᠢᠲᠡ ᠶᠢᠨ ᠲᠦᠷᠢᠶᠡᠰᠦᠨ ᠪᠠᠶᠢᠰᠢᠩ ᠤᠨ ᠬᠤᠪᠢᠶᠠᠷᠢᠯᠠᠵᠤ ᠣᠷᠣᠵᠤ ᠰᠠᠭᠤᠭᠰᠠᠨ ᠪᠠᠶᠢᠳᠠᠯ᠃ ᠡᠭᠦᠨ ᠳᠤ 2012 ᠣᠨ ᠤ ᠡᠴᠦᠰ ᠠᠴᠠ | ᠡᠮᠦᠨ᠎ᠡ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ︵ᠬᠢᠮᠳᠠ ᠲᠦᠷᠢᠶᠡᠰᠦᠨ ᠣᠷᠣᠨ ᠰᠠᠭᠤᠴᠠ | ᠪᠠᠭᠲᠠᠨ᠎ᠠ︶ ᠶᠢᠨ ᠬᠤᠪᠢᠶᠠᠷᠢᠯᠠᠨ ᠣᠷᠣᠵᠤ ᠰᠠᠭᠤᠬᠤ ᠪᠠ ᠬᠠᠷᠠᠯᠲᠠ ᠶᠢᠨ ᠬᠠᠷᠢᠴᠠᠯ ᠢ ᠪᠡᠶᠡᠯᠡᠭᠦᠯᠦᠭᠰᠡᠨ ᠪᠠᠶᠢᠳᠠᠯ ᠪᠠᠭᠲᠠᠨ᠎ᠠ᠃ | ︵ᠳᠥᠷᠪᠡ︶ 2014 ᠣᠨ ᠤ ᠬᠤᠲᠠ ᠪᠠᠯᠭᠠᠰᠤᠨ ᠤ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠳᠤ ᠮᠥᠷᠳᠡᠵᠦ ᠬᠢᠨᠠᠨ | ᠪᠣᠳᠣᠯᠲᠠ ᠬᠢᠭᠡᠳ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠃ | ︵ᠲᠠᠪᠤ︶ ᠮᠡᠳᠡᠭᠡ ᠵᠠᠩᠭᠢ ᠶᠢ ᠢᠯᠡ ᠪᠣᠯᠭᠠᠭᠰᠠᠨ ᠪᠠᠶᠢᠳᠠᠯ᠃ ᠡᠭᠦᠨ ᠳᠤ ᠨᠢᠭᠡᠨᠲᠡ ᠠᠵᠢᠯ ᠡᠬᠢᠯᠡᠭᠦᠯᠦᠭᠰᠡᠨ ᠲᠥᠷᠥᠯ ᠵᠦᠢᠯ᠂ ᠪᠠᠷᠢᠯᠭ᠎ᠠ ᠶᠢᠨ ᠲᠤᠬᠠᠶ ᠶᠢᠨ | ᠭᠠᠵᠠᠷ ᠲᠤ ᠪᠥᠲᠥᠭᠡᠨ ᠪᠠᠶᠢᠭᠤᠯᠤᠯᠲᠠ ᠶᠢᠨ ᠮᠡᠳᠡᠭᠡ ᠵᠠᠩᠭᠢ ᠶᠢ ᠢᠯᠡ ᠪᠣᠯᠭᠠᠭᠰᠠᠨ ᠪᠠᠶᠢᠳᠠᠯ ᠪᠠᠭᠲᠠᠨ᠎ᠠ︔ ᠪᠠᠷᠢᠯᠭ᠎ᠠ ᠳᠠᠭᠤᠰᠤᠭᠰᠠᠨ ᠲᠥᠷᠥᠯ ᠵᠦᠢᠯ ᠤᠨ | ᠪᠠᠷᠢᠯᠭ᠎ᠠ ᠶᠢᠨ ᠢᠯᠡ ᠪᠠᠶᠢᠷᠢ ᠳᠤ ᠥᠨᠢᠳᠡ ᠶᠢᠨ ᠴᠢᠨᠠᠷᠲᠠᠶ ᠲᠡᠮᠳᠡᠭ ᠫᠠᠶᠢᠰᠠ ᠪᠠᠶᠢᠭᠤᠯᠤᠭᠰᠠᠨ ᠪᠠᠶᠢᠳᠠᠯ᠃ | ᠬᠤᠶᠠᠷ᠂ ᠲᠤᠭᠤᠷᠢᠨ ᠪᠠᠶᠢᠴᠠᠭᠠᠬᠤ ᠵᠣᠬᠢᠶᠠᠨ ᠪᠠᠶᠢᠭᠤᠯᠤᠯᠲᠠ ᠵᠢᠴᠢ ᠠᠵᠢᠯ ᠤᠨ ᠬᠤᠪᠢᠶᠠᠷᠢ | ᠲᠣᠰ ᠤᠳᠠᠭᠠᠨ ᠤ ᠲᠣᠭᠤᠷᠢᠨ ᠪᠠᠶᠢᠴᠠᠭᠠᠬᠤ ᠠᠵᠢᠯ ᠳᠤ ᠵᠡᠭᠦᠨ ᠪᠠᠷᠠᠭᠤᠨ ᠬᠡᠰᠡᠭ ᠤᠨ ᠭᠠᠵᠠᠷ ᠣᠷᠣᠨ ᠢ ᠬᠠᠷᠢᠯᠴᠠᠨ ᠪᠠᠶᠢᠴᠠᠯᠭᠠᠵᠦ᠂ ᠤᠷᠢᠳ ᠢᠶᠠᠷ | ᠪᠠᠷᠠᠭᠤᠨ ᠬᠡᠰᠡᠭ ᠤᠨ ᠭᠠᠵᠠᠷ ᠣᠷᠣᠨ᠂ ᠳᠠᠷᠠᠭ᠎ᠠ ᠨᠢ ᠵᠡᠭᠦᠨ ᠬᠡᠰᠡᠭ ᠤᠨ ᠭᠠᠵᠠᠷ ᠣᠷᠣᠨ ᠢ ᠲᠣᠭᠤᠷᠢᠨ ᠪᠠᠶᠢᠴᠠᠭᠠᠵᠤ᠂ 2015 ᠣᠨ ᠤ ᠬᠠᠷᠠᠯᠲᠠ ᠡᠭᠦᠷᠭᠡ ᠳᠤ | ᠵᠢᠭᠰᠠᠭᠠᠭᠰᠠᠨ ᠪᠣᠶ ᠪᠥᠬᠦᠶ ᠵᠦᠢᠯᠡᠰ ᠲᠤ ᠨᠡᠶᠢᠳᠡᠮ ᠤᠨ ᠪᠠᠶᠢᠴᠠᠭᠠᠯᠲᠠ ᠬᠢᠨ᠎ᠠ᠃ | ᠲᠣᠭᠤᠷᠢᠨ ᠪᠠᠶᠢᠴᠠᠭᠠᠬᠤ ᠲᠤ ᠣᠷᠣᠯᠴᠠᠭᠰᠠᠳ᠄ ᠡᠯ᠎ᠡ ᠠᠶᠢᠮᠠᠭ ᠬᠤᠳᠠ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠨ ᠰᠠᠯᠠᠭ᠎ᠠ ᠲᠠᠰᠤᠭ ᠤᠨ ᠭᠤᠣᠯ ᠬᠠᠷᠢᠭᠤᠴᠠᠯᠭᠠᠲᠠᠨ ᠪᠣᠯᠤᠨ ᠪᠠᠶᠢᠳᠠᠯ ᠢ ᠰᠠᠶᠢᠨ ᠮᠡᠳᠡᠬᠦ ᠲᠤᠬᠠᠶᠢᠯᠠᠭᠰᠠᠨ ᠠᠵᠢᠯ ᠤᠨ ᠭᠤᠣᠯᠯᠠᠭᠴᠢ ᠨᠢᠭᠡ ᠨᠡᠷᠡᠰ ︵ | ᠮᠠᠨᠵᠤᠤᠷ᠂ ᠡᠷᠢᠶᠡᠨ ᠬᠤᠳᠠ ᠲᠤᠰ ᠪᠦᠷᠢ ᠨᠢᠭᠡ ᠬᠥᠮᠦᠨ ᠲᠣᠮᠢᠯᠠᠨ ᠣᠷᠣᠯᠴᠠᠭᠤᠯᠤᠨ᠎ᠠ︶᠂ ᠨᠡᠶᠢᠳᠡ ᠠᠷᠪᠠᠨ ᠬᠤᠶᠠᠷ ᠳᠤᠭᠤᠶᠢᠯᠠᠩ ᠬᠤᠪᠢᠶᠠᠵᠤ᠂ ᠳᠤᠭᠤᠶᠢᠯᠠᠩ | ᠪᠦᠷᠢ ᠨᠢᠭᠡ ᠠᠶᠢᠮᠠᠭ ᠬᠤᠳᠠ ᠶᠢ ᠬᠠᠶᠢᠭᠤᠴᠠᠨᠠ᠃ | ᠲᠣᠭᠤᠷᠢᠨ ᠪᠠᠶᠢᠴᠠᠭᠠᠬᠤ ᠶᠢ ᠬᠤᠶᠠᠷ ᠪᠦᠯᠦᠭ ᠬᠤᠪᠢᠶᠠᠨ ᠶᠠᠪᠤᠭᠳᠠᠭᠤᠯᠵᠤ᠂ ᠨᠢᠭᠡᠳᠦᠭᠡᠷ ᠪᠦᠯᠦᠭ ᠤᠨ ᠲᠣᠭᠤᠷᠢᠨ ᠪᠠᠶᠢᠴᠠᠭᠠᠬᠤ ᠠᠶᠢᠮᠠᠭ ᠬᠤᠳᠠ ᠨᠢ᠄ | ᠬᠥᠬᠡᠬᠤᠲᠠ᠂ ᠪᠤᠭᠤᠲᠤ ᠬᠤᠳᠠ᠂ ᠤᠯᠠᠭᠠᠨᠴᠠᠪ ᠬᠤᠳᠠ᠂ ᠤᠷᠳᠤᠰ ᠬᠤᠳᠠ᠂ ᠪᠠᠶᠠᠨᠨᠠᠭᠤᠷ ᠬᠤᠳᠠ᠂ ᠦᠬᠠᠢ ᠬᠤᠳᠠ᠂ ᠠᠯᠠᠱᠠ ᠠᠶᠢᠮᠠᠭ ᠪᠠᠭᠲᠠᠨ᠎ᠠ︔ | ᠬᠤᠶᠠᠳᠤᠭᠠᠷ ᠪᠦᠯᠦᠭ ᠤᠨ ᠲᠣᠭᠤᠷᠢᠨ ᠪᠠᠶᠢᠴᠠᠭᠠᠬᠤ ᠠᠶᠢᠮᠠᠭ ᠬᠤᠲᠠ ᠨᠢ᠄ ᠬᠥᠯᠥᠨ ᠪᠤᠶᠢᠷ ᠬᠤᠲᠠ ︵ᠮᠠᠨᠵᠤᠤᠷ ᠬᠤᠲᠠ ᠪᠠᠭᠲᠠᠨ᠎ᠠ︶᠂ ᠬᠢᠩᠭᠠᠨ ᠠᠶᠢᠮᠠᠭ᠂ | ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠰᠢᠯᠢ ᠶᠢᠨ ᠭᠤᠤᠯ ᠠᠶᠢᠮᠠᠭ ︵ᠡᠷᠢᠶᠡᠨ ᠬᠤᠲᠠ ᠪᠠᠭᠲᠠᠨ᠎ᠠ︶᠃ | ᠭᠤᠷᠪᠠ᠂ ᠪᠠᠶᠢᠴᠠᠭᠠᠯᠳᠠ ᠶᠢᠨ ᠴᠠᠭ ᠬᠤᠭᠤᠴᠠᠭ᠎ᠠ | ᠲᠣᠭᠤᠷᠢᠨ ᠪᠠᠶᠢᠴᠠᠭᠠᠯᠲᠠ ᠶᠢ 7 ᠳ᠋ᠤᠭᠠᠷ ᠰᠠᠷ᠎ᠠ ᠶᠢᠨ ᠳᠤᠮᠳᠠᠴᠢ ᠪᠠᠷ ᠡᠬᠢᠯᠡᠭᠦᠯᠵᠦ᠂ ᠪᠣᠳᠠᠲᠠᠶ ᠴᠠᠭ᠂ ᠪᠣᠯᠪᠠᠰᠤᠷᠠᠭᠤᠯᠬᠤ ᠭᠠᠵᠠᠷ ᠵᠢᠴᠢ ᠳᠤᠭᠤᠶᠢᠯᠠᠩ | ᠬᠤᠪᠢᠶᠠᠬᠤ ᠶᠢ ᠠᠰ ᠲᠤᠨᠢ ᠮᠡᠳᠡᠭᠳᠡᠨ᠎ᠡ᠃ ᠡᠯ᠎ᠡ ᠠᠶᠢᠮᠠᠭ ᠬᠤᠲᠠ 7 ᠳ᠋ᠤᠭᠠᠷ ᠰᠠᠷ᠎ᠠ ᠶᠢᠨ 6 ᠤ ᠡᠳᠦᠷ ᠠᠴᠠ ᠡᠮᠦᠨ᠎ᠡ ᠲᠣᠭᠤᠷᠢᠨ ᠪᠠᠶᠢᠴᠠᠭᠠᠯᠲᠠ ᠳᠤ ᠰᠣᠩᠭᠤᠨ | ᠲᠣᠮᠢᠯᠠᠭᠰᠠᠨ ᠬᠥᠮᠦᠰ ᠤᠨ ᠨᠡᠷᠡᠰ ᠢ ᠮᠠᠨ ᠤ ᠲᠢᠩᠬᠢᠮ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠭᠠᠵᠠᠷ ᠲᠤ ᠮᠡᠳᠡᠭᠦᠯᠬᠦ ᠬᠡᠷᠡᠭᠲᠡᠶ᠃ | ᠬᠠᠷᠢᠯᠴᠠᠬᠤ ᠬᠥᠮᠦᠨ᠄ ᠯᠢ ᠯᠢᠶᠠᠩ | ᠤᠲᠠᠰᠤ᠄ 0471 - 6945521 | ᠹᠠᠺᠰ᠄ 0471 - 6920027 | ᠢᠮᠧᠯ᠄ nmgfwb 123 @ 163 . com | ᠳᠥᠷᠪᠡ᠂ ᠲᠣᠭᠤᠷᠢᠨ ᠪᠠᠶᠢᠴᠠᠭᠠᠬᠤ ᠳᠤ ᠪᠠᠶᠢᠴᠠᠭᠠᠨ ᠦᠵᠡᠬᠦ ᠭᠤᠣᠯᠳᠠᠯᠭ᠎ᠠ ᠲᠠᠢ ᠮᠠᠲ᠋ᠧᠷᠢᠶᠠᠯ | ᠡᠯ᠎ᠡ ᠭᠠᠵᠠᠷ ᠤᠨ ᠬᠢᠨ ᠲᠣᠰ ᠤᠳᠠᠭᠠᠨ ᠤ ᠲᠣᠭᠤᠷᠢᠨ ᠪᠠᠶᠢᠴᠠᠭᠠᠬᠤ ᠠᠵᠢᠯ ᠢ ᠢᠳᠡᠪᠬᠢᠲᠡᠶ ᠳᠡᠮᠵᠢᠨ ᠬᠠᠮᠵᠢᠯᠴᠠᠬᠤ ᠬᠡᠷᠡᠭᠲᠡᠶ᠃ ᠪᠠᠶᠢᠴᠠᠭᠠᠭᠳᠠᠵᠤ ᠪᠠᠶᠢᠭ᠎ᠠ | ᠭᠠᠵᠠᠷ ᠣᠷᠣᠨ ᠨᠤᠭᠤᠳ 2015 ᠣᠨ ᠤ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢᠨ ᠵᠠᠳᠠᠯᠤᠯᠳᠠ ᠶᠢᠨ | ᠬᠦᠰᠦᠨᠦᠭᠲᠦ ᠪᠣᠯᠤᠨ ᠲᠥᠷᠥᠯ ᠵᠦᠢᠯ ᠤᠨ ᠨᠠᠷᠢᠨ ᠬᠠᠭᠤᠳᠠᠰᠤ ︵ᠬᠤᠰᠢᠭᠤ᠂ ᠰᠢᠶᠠᠨ ᠢᠶᠠᠷ ᠨᠢᠭᠡᠴᠢ ᠪᠣᠯᠭᠠᠨ᠎ᠠ︶᠂ ᠲᠥᠷᠥᠯ ᠵᠦᠢᠯ ᠤᠨ ᠬᠠᠮᠢᠶ᠎ᠠ ᠪᠦᠬᠦᠢ ᠭᠠᠷᠳᠠᠮ | ︵ᠬᠤᠳᠠᠯᠳᠤᠨ ᠠᠪᠬᠤ ᠭᠡᠷ᠎ᠡ ᠪᠤᠶᠤ ᠵᠥᠪᠳᠡᠯᠴᠡᠬᠡᠷ᠂ ᠲᠠᠲᠠᠪᠤᠷᠢᠯᠠᠬᠤ ᠨᠥᠬᠦᠪᠥᠷᠢᠯᠡᠬᠦ ᠲᠥᠪᠬᠢᠨᠡᠭᠦᠯᠬᠦ ᠵᠥᠪᠯᠡᠯᠴᠡᠭᠡᠷ ᠪᠠᠭᠲᠠᠨ᠎ᠠ︶ ᠵᠢᠴᠢ ᠪᠤᠰᠤᠳ ᠬᠠᠩᠭᠠᠬᠤ | ᠴᠢᠬᠤᠯᠠ ᠲᠠᠢ ᠮᠠᠲ᠋ᠧᠷᠢᠶᠠᠯ ᠢ ᠴᠠᠭ ᠲᠤᠬᠠᠶ ᠳᠤᠨᠢ ᠬᠠᠩᠭᠠᠬᠤ ᠬᠡᠷᠡᠭᠲᠡᠶ᠃ ᠬᠤᠰᠢᠭᠤ᠂ ᠰᠢᠶᠠᠨ ︵ᠬᠤᠲᠠ᠂ ᠲᠣᠭᠤᠷᠢᠭ︶ ᠢᠶᠠᠷ ᠨᠢᠭᠡᠴᠡ ᠪᠣᠯᠭᠠᠨ ᠳᠥᠭᠦᠮ | ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠪᠠ ᠣᠯᠠᠨ ᠨᠡᠶᠢᠲᠡ ᠶᠢᠨ ᠲᠦᠷᠢᠶᠡᠰᠦᠯᠡᠯ ᠤᠨ ᠪᠠᠶᠢᠰᠢᠩ ᠤᠨ ᠪᠤᠶ ᠪᠦᠬᠦᠢ ᠲᠥᠷᠥᠯ | ᠵᠦᠢᠯ ᠤᠨ ᠲᠣᠭᠤᠷᠢᠨ ᠪᠠᠶᠢᠴᠠᠭᠠᠬᠤ ᠬᠦᠰᠦᠨᠦᠭᠲᠦ ᠶᠢ ᠤᠷᠢᠳᠴᠢᠯᠠᠨ ᠲᠠᠭᠯᠠᠨ᠎ᠠ᠃ | ᠳᠠᠭᠠᠯᠳᠤᠭᠤᠯᠤᠯ᠄ | 1᠂ ︽2015ᠤᠨ ᠤ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠪᠠ ᠣᠯᠠᠨ ᠨᠡᠶᠢᠲᠡ ᠶᠢᠨ ᠲᠦᠷᠢᠶᠡᠰᠦᠨ ᠪᠠᠶᠢᠰᠢᠩ ᠤᠨ ᠲᠦᠷᠦᠯ | ᠵᠦᠢᠯ ᠤᠨ ᠲᠤᠭᠤᠷᠢᠨ ᠪᠠᠶᠢᠴᠠᠭᠠᠬᠤ ᠬᠦᠰᠦᠨᠦᠭᠳᠦ︾ | 2᠂ ︽ᠲᠣᠭᠤᠷᠢᠨ ᠪᠠᠶᠢᠴᠠᠭᠠᠬᠤ ᠠᠵᠢᠯᠲᠠᠨ ᠤ ᠨᠡᠷ᠎ᠡ ᠮᠡᠳᠡᠭᠦᠯᠬᠦ ᠬᠦᠰᠦᠨᠦᠭᠲᠦ︾ | | 2015 ᠣᠨ ᠤ 6 ᠳ᠋ᠤᠭᠠᠷ ᠰᠠᠷ᠎ᠠ ᠶᠢᠨ 29 ᠤ ᠡᠳᠦᠷ |