ᠦᠪᠡᠷᠳᠡᠭᠡᠨ ᠵᠠᠰᠠᠬᠤ ᠤᠷᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠬᠠᠮᠢᠶ᠎ᠠ ᠪᠥᠬᠦᠢ ᠰᠠᠯᠠᠭ᠎ᠠ ᠮᠦᠴᠢᠷ ᠯᠦᠭᠡ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠴᠠᠯᠢᠩ ᠤᠨ ᠪᠠᠲᠤᠯᠠᠭ᠎ᠠ ᠶᠢᠨ ᠮᠥᠩᠭᠦ ᠶᠢᠨ ᠪᠠᠩᠬᠢ ᠶᠢᠨ ᠪᠠᠲᠤᠯᠠᠯᠲᠠ ᠶᠢᠨ ᠪᠢᠴᠢᠭ ᠪᠠ ᠪᠠᠲᠤᠯᠠᠭ᠎ᠠ ᠶᠢᠨ ᠳᠠᠭᠠᠳᠬᠠᠯ ᠤᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠣᠭᠲᠠᠭᠠᠨ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2020/12/20
     ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠳᠤᠮᠳᠠᠳᠤ ᠤᠯᠤᠰ ᠤᠨ ᠪᠠᠩᠬᠢ ᠶᠢᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠴᠠᠯᠢᠩ ᠤᠨ ᠪᠠᠲᠤᠯᠠᠭ᠎ᠠ ᠶᠢᠨ ᠮᠥᠩᠭᠦ ᠶᠢᠨ ᠪᠠᠩᠬᠢ ᠶᠢᠨ  ᠪᠠᠲᠤᠯᠠᠯᠲᠠ ᠶᠢᠨ ᠪᠢᠴᠢᠭ ᠪᠠ ᠪᠠᠲᠤᠯᠠᠭ᠎ᠠ ᠶᠢᠨ ᠳᠠᠭᠠᠳᠬᠠᠯ ᠤᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠣᠭᠲᠠᠭᠠᠨ ᠳᠠᠷᠤᠮᠠᠯᠯᠠᠨ ᠲᠠᠷᠬᠠᠭᠠᠪᠠ᠃      ︽ᠠᠷᠭ᠎ᠠ︾ ᠳᠤ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠪᠠᠩᠬᠢ ᠶᠢᠨ ᠪᠠᠲᠤᠯᠠᠯᠲᠠ ᠶᠢᠨ ᠪᠢᠴᠢᠭ ᠢ  ᠭᠦᠢᠴᠡᠳᠭᠡᠬᠦ ᠪᠠ ᠳᠠᠭᠠᠳᠬᠠᠯ ᠤᠨ ᠪᠠᠲᠤᠯᠠᠭ᠎ᠠ ᠶᠢᠨ ᠮᠥᠩᠭᠦ ᠶᠢ ᠣᠷᠣᠯᠠᠭᠤᠯᠬᠤ ᠶᠠᠪᠤᠴᠠ ᠶᠢ ᠪᠠᠲᠤᠯᠠᠬᠤ ᠪᠠ ᠡᠯ᠎ᠡ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠶᠢ ᠲᠣᠭᠲᠠᠭᠠᠵᠤ᠂ ᠲᠣᠰ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠳᠠᠭᠠᠭᠠᠴᠢᠯᠠᠨ ᠪᠠᠶᠢᠭᠤᠯᠤᠭᠰᠠᠨ ᠦᠨᠡᠨ ᠨᠡᠷ᠎ᠡ ᠶᠢᠨ ᠲᠦᠷᠢᠮ ᠤᠨ ᠮᠡᠳᠡᠭᠡ ᠵᠠᠩᠭᠢ ᠶᠢᠨ ᠲᠠᠪᠴᠠᠩ ᠳᠤ ᠬᠡᠷᠡᠭᠵᠢᠭᠦᠯᠦᠨ ᠬᠠᠮᠢᠶᠠᠷᠬᠤ ᠪᠣᠶ ᠪᠥᠬᠦᠶ ᠢᠨᠵᠧᠨᠧᠷᠢᠩ ᠢ ᠨᠢᠭᠡ ᠬᠤᠪᠢ ᠳᠠᠭᠠᠭᠠᠯᠲᠠ ᠶᠢᠨ ᠵᠠᠬᠢᠳᠠᠯ ᠢᠶᠠᠷ ᠪᠥᠷᠬᠦᠭᠦᠯᠬᠦ ᠶᠢ ᠲᠣᠳᠣᠷᠬᠠᠶᠢᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠠᠵᠢᠯᠴᠢᠨ ᠤ ᠦᠨᠡᠨ ᠨᠡᠷ᠎ᠡ ᠶᠢᠨ ᠲᠦᠷᠢᠮ ᠤᠨ ᠲᠠᠪᠴᠠᠩ ᠢᠶᠠᠷ ᠳᠠᠮᠵᠢᠭᠤᠯᠤᠨ ᠳᠠᠭᠠᠳᠬᠠᠯ ᠤᠨ ᠬᠠᠭᠤᠳᠠᠰᠤ ᠶᠢᠨ ᠲᠠᠪᠴᠠᠩ ᠤᠨ ᠦᠨᠡᠨ ᠪᠠᠶᠢᠳᠠᠯ ᠢ ᠰᠢᠯᠭᠠᠬᠤ ᠪᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠪᠠᠲᠤᠯᠠᠨ᠎ᠠ᠃      ᠠᠵᠤ ᠠᠬᠤᠶᠢᠯᠠᠯ ᠤᠨ ᠴᠠᠯᠢᠩ ᠤᠨ ᠪᠠᠲᠤᠯᠠᠭ᠎ᠠ ᠶᠢᠨ ᠮᠥᠩᠭᠦ ᠶᠢᠨ ᠪᠠᠩᠬᠢ ᠶᠢᠨ ᠪᠠᠳᠤᠯᠠᠭ᠎ᠠ ᠪᠠ ᠳᠠᠭᠠᠳᠬᠠᠯ ᠤᠨ ᠨᠡᠶᠢᠭᠡᠮ ᠤᠨ ᠢᠲᠡᠭᠡᠮᠵᠢ᠂ ᠪᠠᠷᠢᠯᠭ᠎ᠠ ᠶᠢᠨ ᠳᠠᠭᠠᠭᠠᠯᠲᠠ᠂ ᠳᠠᠭᠠᠳᠬᠠᠯ ᠵᠡᠷᠭᠡ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠶᠡᠷᠦᠩᠬᠡᠶᠢᠯᠡᠨ ᠪᠠᠳᠠᠷᠠᠭᠤᠯᠬᠤ ᠶᠢ ᠪᠠᠲᠤᠯᠠᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠤᠨ ᠡᠭᠦᠷᠭᠡ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠵᠤ ᠠᠬᠤᠶᠢᠯᠠᠯ ᠤᠨ ᠠᠵᠢᠯ  ᠦᠢᠯᠡᠳᠪᠦᠷᠢᠯᠡᠯ ᠢᠶᠠᠨ ᠰᠡᠷᠭᠦᠭᠡᠬᠦ ᠳᠤ ᠬᠦᠴᠦᠨ ᠨᠡᠮᠡᠷᠢᠯᠡᠵᠦ᠂ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠪᠠᠯᠠ ᠮᠥᠩᠭᠦ ᠶᠢᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠤᠨ᠂ ᠪᠠᠷᠢᠯᠭ᠎ᠠ ᠶᠢᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠪᠠ᠃
ᠢᠷᠡᠯᠲᠡ᠄ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ